ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠭ᠎ᠠ ᠶᠢᠨ ᠠᠵᠢᠯ ᠶᠠᠪᠤᠳᠠᠯ ᠵᠢᠴᠢ ︽ᠬᠤᠶᠠᠷ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/2/9
     2018 ᠤᠨ ᠤ 2 ᠳ᠋ᠤᠭᠠᠷ ᠰᠠᠷ᠎ᠠ ᠶᠢᠨ 5 ᠤ ᠡᠳᠦᠷ᠂ ᠪᠥᠬᠦ ᠣᠷᠣᠨ ᠤ ᠪᠠᠶᠢᠭᠤᠯᠭ᠎ᠠ ᠶᠢᠨ ᠠᠵᠢᠯ ᠶᠠᠪᠤᠳᠠᠯ ᠵᠢᠴᠢ ︽ᠬᠤᠶᠠᠷ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠤᠨ ᠬᠠᠮᠢᠶᠠᠷᠤᠯᠲᠠ ᠶᠢ ᠠᠷᠭ᠎ᠠ︾ ᠪᠠ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠲᠡᠷᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠠᠵᠢᠯ ᠵᠢᠴᠢ 2018 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠭᠰᠠᠨ ᠨᠢ᠂ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠤᠨ ᠬᠠᠮᠢᠶᠠᠷᠤᠯᠲᠠ ᠶᠢ ᠠᠷᠭ᠎ᠠ︾ ᠪᠠ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠲᠡᠷᠭᠡ ᠶᠢᠨ ᠬᠠᠮᠢᠶᠠᠷᠤᠯᠲᠠ ᠶᠢᠨ ᠠᠷᠭ᠎ᠠ︾ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ︽ᠲᠣᠭᠲᠠᠭᠠᠭᠰᠠᠨ ᠭᠤᠷᠪᠠᠨ ᠰᠠᠬᠢᠯᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠳᠦᠷᠢᠮ ᠤᠨ ᠦᠷ᠎ᠡ ᠪᠦᠲᠦᠮᠵᠢ ᠪᠤᠯᠤᠨ᠎ᠠ᠃ ︽ᠬᠤᠶᠠᠷ ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠨᠠᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠦᠷ᠎ᠡ ᠪᠦᠲᠦᠮᠵᠢ ᠶᠢ ᠪᠠᠲᠤᠳᠬᠠᠨ ᠦᠷᠭᠡᠳᠬᠡᠵᠦ᠂ ᠠᠯᠪᠠᠨ ᠪᠠᠶᠢᠭᠤᠯᠭ᠎ᠠ ᠶᠢᠨ ᠠᠵᠢᠯ ᠶᠠᠪᠤᠳᠠᠯ ᠢ ᠬᠠᠤᠯᠢᠵᠢᠭᠤᠯᠬᠤ ᠪᠠ ᠵᠢᠷᠤᠮᠵᠢᠭᠤᠯᠬᠤ ᠠᠬᠢᠴᠠ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ︽ᠬᠤᠶᠠᠷ ᠠᠷᠭ᠎ᠠ︾ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢ ᠪᠦᠬᠦ ᠣᠷᠣᠨ ᠤ ᠪᠠᠶᠢᠭᠤᠯᠭ᠎ᠠ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠪᠠᠷ᠂ ᠮᠠᠨ ᠤ ᠣᠷᠣᠨ ᠤ  ᠬᠤᠯᠪᠣᠭᠳᠠᠯ ᠪᠦᠬᠦᠢ ᠪᠦᠷᠢᠨ ᠲᠦᠭᠦᠷ ᠬᠡᠷᠡᠭᠵᠢᠭᠦᠯᠬᠦ ᠠᠷᠭ᠎ᠠ ᠵᠢᠴᠢ ᠬᠤᠯᠪᠣᠭᠳᠠᠯ ᠪᠦᠬᠦᠢ ᠲᠣᠭᠲᠠᠭᠠᠯ ᠢ ᠲᠦᠷᠭᠡᠬᠡᠨ ᠲᠤᠭᠲᠠᠭᠠᠨ ᠪᠦᠷᠢᠨᠰᠢᠭᠦᠯᠵᠦ᠂ ᠪᠠᠶᠢᠭᠤᠯᠭ᠎ᠠ ᠶᠢᠨ ᠶᠠᠪᠤᠳᠠᠯ ᠤᠨ ᠡᠭᠦᠷᠭᠡ ᠬᠠᠷᠢᠭᠤᠴᠠᠯᠭ᠎ᠠ ᠪᠠᠨ ᠲᠡᠭᠦᠰ ᠭᠦᠢᠴᠡᠳᠬᠡᠬᠦ ᠰᠠᠭᠤᠷᠢ ᠶᠢ ᠪᠠᠬᠢᠵᠢᠭᠦᠯᠵᠦ᠂ ᠪᠠᠶᠢᠭᠤᠯᠭ᠎ᠠ ᠶᠢᠨ ᠠᠵᠢᠯ ᠶᠠᠪᠤᠳᠠᠯ ᠤᠨ ᠪᠠᠲᠤᠯᠠᠭ᠎ᠠ ᠶᠢᠨ ᠡᠭᠦᠷᠭᠡ ᠴᠢᠳᠠᠪᠤᠷᠢ ᠶᠢ ᠨᠡᠩ ᠰᠠᠶᠢᠲᠤᠷ ᠪᠠᠳᠠᠷᠠᠭᠤᠯᠵᠤ᠂ ᠪᠦᠬᠦ ᠣᠷᠣᠨ ᠤ ᠠᠯᠪᠠᠨ ᠬᠡᠷᠡᠭᠯᠡᠭᠡᠨ ᠤ ᠭᠡᠷ᠂ ᠠᠯᠪᠠᠨ ᠬᠡᠷᠡᠭᠯᠡᠭᠡᠨ ᠤ ᠲᠡᠷᠭᠡ ᠶᠢ ᠲᠥᠪᠯᠡᠷᠡᠩᠭᠦᠶ ᠨᠢᠭᠡᠳᠦᠯᠲᠡᠶ ᠬᠠᠮᠢᠶᠠᠷᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠣᠬᠢᠴᠠᠭᠤᠯᠭ᠎ᠠ ᠨᠢ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠥᠭᠡᠳ ᠬᠠᠮᠵᠢᠯᠴᠠᠬᠤ ᠪᠠᠶᠢᠭᠤᠯᠭ᠎ᠠ ᠶᠢᠨ ᠠᠵᠢᠯ ᠶᠠᠪᠤᠳᠠᠯ ᠤᠨ ᠰᠠᠶᠢᠨ ᠲᠣᠭᠲᠠᠴᠠ ᠶᠢ ᠪᠤᠢ ᠪᠤᠯᠭᠠᠬᠤ ᠬᠡᠷᠡᠭᠲᠡᠢ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠪᠦᠬᠦ ᠣᠷᠣᠨ ᠤ ᠪᠠᠶᠢᠭᠤᠯᠭ᠎ᠠ ᠶᠢᠨ ᠠᠵᠢᠯ ᠶᠠᠪᠤᠳᠠᠯ ᠤᠨ ᠠᠵᠢᠯ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠤᠶᠠᠯᠳᠤᠯ ᠤᠨ ᠴᠡᠭ᠂ ᠭᠠᠷᠳᠠᠬᠤ ᠴᠡᠭ ᠪᠠ ᠬᠦᠴᠦᠯᠡᠬᠦ ᠴᠡᠭ ᠢ ᠤᠨᠤᠪᠴᠢᠲᠠᠢ ᠤᠯᠵᠤ᠂ ᠯᠢ ᠵᠢᠶ ᠾᠧᠩ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠠᠶᠢᠭᠤᠯᠤᠯᠭ᠎ᠠ ᠶᠢᠨ ᠠᠵᠢᠯ ᠶᠠᠪᠤᠳᠠᠯ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠢᠵᠦ᠂ ᠪᠠᠶᠢᠭᠤᠯᠭ᠎ᠠ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠮᠠᠨ ᠤ ᠣᠷᠣᠨ ᠤ ᠪᠠᠶᠢᠭᠤᠯᠭ᠎ᠠ ᠶᠢᠨ ᠠᠵᠢᠯ ᠶᠠᠪᠤᠳᠠᠯ ᠤᠨ ᠠᠵᠢᠯ ᠢ ᠤᠯᠠᠮ ᠨᠢᠭᠡ ᠠᠯᠬᠤᠮ ᠬᠥᠭᠵᠢᠭᠦᠯᠬᠦ ᠬᠡᠷᠡᠭᠲᠡᠶ ᠭᠡᠪᠡ᠃      ᠲᠦᠷᠦ ᠶᠢᠨ ᠪᠠᠶᠢᠭᠤᠯᠭ᠎ᠠ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠷᠠᠯ ᠳᠤ ᠤᠷᠤᠯᠴᠠᠨ ᠵᠢᠭᠠᠨ ᠵᠢᠯᠤᠭᠤᠳᠤᠭᠰᠠᠨ ᠪᠠ ᠡᠯ᠎ᠡ ᠠᠶᠢᠮᠠᠭ ᠬᠤᠳᠠ ᠶᠢᠨ ᠪᠠᠶᠢᠭᠤᠯᠭ᠎ᠠ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠡᠶᠢᠲᠡ 300 ᠭᠠᠷᠤᠶ ᠬᠥᠮᠦᠨ ᠬᠤᠷᠠᠯ ᠳᠤ ᠣᠷᠣᠯᠴᠠᠵᠠᠶ᠃ ᠬᠤᠷᠠᠯ ᠨᠢ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠠᠷᠪᠢᠴᠢ ᠬᠡᠯᠪᠡᠷᠢ ᠶᠢᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠢᠭᠡᠴᠡ ᠶᠢ ᠰᠠᠶᠢᠰᠢᠶᠠᠨ ᠬᠥᠬᠢᠭᠦᠯᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号