ᠠᠶ ᠯᠢ ᠬᠤᠸᠠ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠳᠣᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠵᠢᠴᠢ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠬᠦ ᠶᠣᠰᠣᠯᠠᠯ ᠳᠤ ᠣᠷᠣᠯᠴᠠᠪᠡ
ᠨᠡᠶᠢᠲᠡᠯᠡᠭᠰᠡᠨ ᠴᠠᠭ᠄
2018/3/1
     2 ᠳ᠋ᠤᠭᠠᠷ ᠰᠠᠷ᠎ᠠ ᠶᠢᠨ 26᠎ ᠤ ᠡᠳᠦᠷ ᠠᠴᠠ 27᠎ ᠤ ᠡᠳᠦᠷ ᠪᠣᠯᠲᠠᠯ᠎ᠠ᠂ ᠳᠡᠳ᠋ ᠲᠡᠷᠢᠭᠦᠯᠡᠭᠴᠢ ᠠᠶ ᠯᠢ ᠬᠤᠸᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠳᠠᠭᠠᠭᠤᠯᠤᠨ ᠬᠥᠯᠥᠨ ᠪᠤᠶᠢᠷ ᠬᠤᠲᠠ ᠳᠤ ᠬᠦᠷᠴᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠳᠣᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠪᠠ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠵᠡᠶ᠃ ᠡᠨᠡᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠬᠦ ᠶᠣᠰᠣᠯᠠᠯ ᠳᠤ ᠣᠷᠣᠯᠴᠠᠵᠠᠶ᠃      ᠳᠡᠳ᠋ ᠲᠡᠷᠢᠭᠦᠯᠡᠭᠴᠢ ᠠᠶ ᠯᠢ ᠬᠤᠸᠠ ᠨᠠᠷ ᠬᠠᠶᠢᠯᠠᠷ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ᠂ ᠡᠪᠦᠯ ᠤᠨ ᠤᠯᠠᠷᠢᠯ ᠤᠨ ᠳᠠᠭᠠᠭᠠᠨ ᠡᠷᠬᠢᠯᠡᠬᠦ ᠬᠤᠶᠠᠷ ᠵᠦᠢᠯ ᠪᠣᠯᠤᠨ ᠬᠡᠭᠡᠷ᠎ᠡ ᠶᠢᠨ ᠴᠠᠰᠤᠨ ᠳᠤ ᠭᠤᠯᠭᠤᠬᠤ ᠤᠷᠤᠯᠳᠤᠭᠠᠨ ᠤ ᠶᠠᠭᠰᠢ ᠳᠠᠬᠢ ᠹᠧᠩ ᠬᠤᠸᠠᠩ ᠱᠠᠨ ᠭᠤᠯᠭᠤᠯᠲᠠ ᠶᠢᠨ ᠲᠠᠯᠠᠪᠠᠢ ᠪᠣᠯᠤᠨ ᠴᠠᠰᠤᠨ ᠳᠤ ᠭᠤᠯᠭᠤᠬᠤ ᠴᠢᠯᠥᠭᠡᠲᠦ ᠤᠷᠤᠯᠳᠤᠭᠠᠨ ᠪᠠ ᠳᠠᠩ ᠤᠷᠤᠯᠳᠤᠭᠠᠨ ᠳᠠᠭᠠᠭᠠᠨ ᠡᠷᠬᠢᠯᠡᠬᠦ ᠵᠠᠯᠠᠨ ᠠᠶᠢᠯ ᠬᠤᠳᠠ ᠶᠢᠨ ᠶᠢᠨ ᠯᠦᠩ ᠱᠠᠨ ᠠᠭᠤᠯᠠᠨ ᠳᠠᠬᠢ ᠭᠤᠯᠭᠤᠯᠲᠠ ᠶᠢᠨ ᠲᠠᠯᠠᠪᠠᠢ ᠶᠢᠨ ᠲᠤᠬᠠᠶ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠲᠡᠷᠡ ᠴᠢᠬᠤᠯᠠᠴᠢᠯᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠥᠯᠥᠨ ᠪᠤᠶᠢᠷ ᠬᠤᠲᠠ ᠳᠤ ᠡᠷᠬᠢᠯᠡᠬᠦ ᠶᠠᠪᠤᠳᠠᠯ ᠪᠣᠯ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠣᠷᠣᠨ ᠳᠤ ᠲᠣᠰᠢᠶᠠᠭᠰᠠᠨ ᠴᠢᠬᠤᠯᠠ ᠮᠥᠷᠲᠡᠭᠡᠨ ᠢᠷᠠᠭᠤ ᠠᠯᠳᠠᠷᠲᠠᠶ ᠡᠭᠦᠷᠭᠡ ᠮᠥᠨ᠂ ᠪᠠᠰᠠ ᠴᠤ ᠮᠠᠨ ᠤ ᠣᠷᠣᠨ ᠳᠤ ᠢᠲᠡᠭᠡᠵᠦ ᠪᠠᠶᠢᠭ᠎ᠠ ᠪᠠ ᠮᠠᠨ ᠤ ᠣᠷᠣᠨ ᠢ ᠬᠠᠯᠠᠮᠵᠢᠯᠠᠨ ᠳᠡᠮᠵᠢᠵᠦ ᠪᠠᠶᠢᠭ᠎ᠠ ᠶᠠᠪᠤᠳᠠᠯ ᠮᠥᠨ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠯᠥᠨ ᠪᠤᠶᠢᠷ ᠬᠤᠳᠠ ᠵᠢᠴᠢ ᠬᠤᠯᠪᠣᠭᠳᠠᠯ ᠪᠦᠬᠦᠢ ᠲᠤᠭᠤᠷᠢᠭ ︵ᠬᠤᠲᠠ︶᠎ ᠤᠨ ᠵᠠᠰᠠᠭ ᠤᠨ ᠣᠷᠳᠣᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠭᠵᠢᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠦᠭᠦᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠠ ᠰᠤᠷᠤᠯᠴᠠᠵᠤ᠂ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠦᠨᠡᠨᠴᠢ ᠪᠦᠯᠬᠦᠮᠳᠡᠨ᠂ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠨᠢᠭᠡᠳᠦᠯᠲᠡᠶ ᠲᠥᠯᠥᠪᠯᠡᠵᠤ ᠠᠷᠭ᠎ᠠ ᠤᠬᠠᠭᠠᠨ ᠰᠦᠪᠡᠭᠴᠢᠯᠡᠨ ᠲᠦᠯᠬᠢᠨ ᠠᠬᠢᠭᠤᠯᠵᠤ᠂ ᠢᠯᠠᠩᠭᠤᠶ᠎ᠠ ᠭᠤᠤᠯ ᠲᠠᠯᠠᠪᠤᠷ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠭᠰᠡᠨ ᠬᠠᠶᠢᠯᠠᠷ ᠲᠣᠭᠤᠷᠢᠭ ᠵᠢᠴᠢ ᠬᠠᠮᠢᠶ᠎ᠠ ᠪᠦᠬᠦᠢ ᠤᠷᠤᠯᠳᠤᠭᠠᠨ ᠳᠤ ᠪᠡᠯᠡᠳᠬᠡᠬᠦ ᠶᠠᠭᠰᠢ ᠬᠤᠳᠠ ᠪᠠ ᠵᠠᠯᠠᠨ ᠠᠶᠢᠯ ᠬᠤᠳᠠ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠤᠢ ᠪᠣᠯᠭᠠᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠬᠢᠨᠠᠮᠠᠭᠠᠶ ᠰᠤᠷᠤᠯᠴᠠᠨ ᠲᠡᠭᠦᠨ ᠢᠶᠠᠷ ᠯᠠᠪᠯᠠᠯᠲᠠ ᠪᠣᠯᠭᠠᠵᠤ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠰᠢᠰᠲ᠋ᠧᠮ ᠲᠠᠢ ᠲᠥᠯᠥᠪᠯᠡᠵᠦ᠂ ᠪᠠᠷᠢᠯᠭ᠎ᠠ ᠶᠢᠨ ᠬᠠᠮᠢᠶᠠᠷᠤᠯᠲᠠ ᠪᠠᠨ ᠴᠢᠩᠭᠠᠷᠠᠭᠤᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠵᠤ᠂ ᠠᠬᠢᠴᠠ ᠪᠠᠨ ᠲᠦᠷᠭᠡᠳᠬᠡᠵᠤ᠂ ᠲᠠᠯᠠᠪᠠᠶ ᠣᠷᠳᠣᠨ ᠤ ᠪᠦᠲᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠬᠢᠵᠤ᠂ ᠲᠡᠭᠦᠨ ᠢ ᠵᠢᠱᠢᠶ᠎ᠡ ᠦᠵᠡᠭᠦᠯᠬᠦ ᠠᠴᠢ ᠬᠤᠯᠪᠣᠭᠳᠠᠯ ᠪᠦᠬᠦᠢ ᠪᠡᠯᠭᠡ ᠲᠡᠮᠳᠡᠭ ᠤᠨ ᠴᠢᠨᠠᠷᠲᠠᠶ ᠪᠠᠷᠢᠯᠭ᠎ᠠ ᠪᠣᠯᠭᠠᠨ ᠪᠠᠶᠢᠭᠤᠯᠬᠤ ᠬᠡᠷᠡᠭᠲᠡᠢ︔ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠣᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠎ ᠤ ᠵᠣᠬᠢᠶᠠᠨ ᠪᠠᠶᠢᠭᠤᠯᠬᠤ ᠵᠥᠪᠯᠡᠯ ᠢ ᠱᠠᠯᠠᠪᠬᠠᠨ ᠪᠠᠶᠢᠭᠤᠯᠵᠤ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠲᠥᠰᠦᠯ ᠢᠶᠠᠨ ᠨᠠᠷᠢᠯᠢᠬᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠣᠯᠭᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠤᠨ ᠦᠢᠯᠡᠴᠢᠯᠡᠵᠦ᠂ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号