2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2018/3/1
      2 ᠳ᠋ᠤᠭᠠᠷ ᠰᠠᠷ᠎ᠠ ᠶᠢᠨ 28᠎ ᠤ ᠡᠳᠦᠷ᠂ 3 ᠡᠳᠦᠷ ᠶᠠᠪᠤᠭᠳᠠᠭᠰᠠᠨ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠮᠵᠢᠯᠲᠠ ᠲᠠᠢ ᠥᠨᠳᠥᠷᠯᠡᠪᠡ᠃ ᠬᠠᠮᠤᠭ ᠡᠴᠦᠰ ᠲᠤ ᠤᠷᠤᠯᠳᠤᠭᠠᠨ ᠤ ᠰᠢᠯᠢᠳᠡᠭ ᠱᠠᠩᠨᠠᠯ᠂ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ᠂ ᠤᠷᠤᠯᠳᠤᠭᠠᠨ ᠳᠤ ᠣᠷᠣᠯᠴᠠᠭᠰᠠᠨ ᠳᠤᠷᠠᠰᠬᠠᠯ ᠤᠨ ᠱᠠᠩᠨᠠᠯ ᠪᠣᠯᠤᠨ ᠰᠠᠶᠢᠨ ᠵᠣᠬᠢᠶᠠᠨ ᠪᠠᠶᠢᠭᠤᠯᠤᠭᠰᠠᠨ ᠱᠠᠩᠨᠠᠯ ᠢ ᠰᠣᠩᠭᠤᠨ ᠭᠠᠷᠭᠠᠪᠡ᠃      ᠬᠠᠶᠢᠯᠠᠷ ᠲᠣᠭᠤᠷᠢᠭ᠂ ᠥᠪᠥᠷ ᠮᠣᠩᠭᠤᠯ ᠤᠨ ᠬᠤᠰᠢᠭᠤᠴᠢ ᠪᠡᠶ᠎ᠡ ᠶᠢᠨ ᠲᠠᠮᠢᠷ ᠤᠨ ᠨᠡᠶᠢᠭᠡᠮᠯᠢᠭ᠂ ᠬᠥᠬᠡᠬᠤᠲᠠ᠂ ᠵᠠᠯᠠᠨ ᠠᠶᠢᠯ ᠬᠤᠳᠠ᠂ ᠰᠢᠯᠢ ᠶᠢᠨ ᠭᠤᠣᠯ ᠠᠶᠢᠮᠠᠭ᠂ ᠭᠡᠭᠡᠨ ᠭᠤᠣᠯ ᠬᠤᠳᠠ᠂ ᠮᠠᠨᠵᠤᠤᠷ ᠬᠤᠳᠠ᠂ ᠣᠷᠳᠣᠰ ᠬᠤᠲᠠ ᠤᠷᠤᠯᠳᠤᠭᠠᠨ ᠤ ᠰᠢᠯᠢᠳᠡᠭ ᠱᠠᠩᠨᠠᠯ ᠢ ᠬᠦᠷᠲᠡᠪᠡ︔ ᠬᠥᠬᠡᠬᠤᠲᠠ᠂ ᠪᠤᠭᠤᠲᠤ ᠬᠤᠳᠠ᠂ ᠬᠢᠩᠭᠠᠨ ᠠᠶᠢᠮᠠᠭ ᠵᠡᠷᠭᠡ 28 ᠲᠥᠯᠥᠭᠡᠯᠡᠭᠴᠢ ᠶᠢᠨ ᠪᠦᠯᠬᠦᠮ ᠤᠷᠤᠯᠳᠤᠭᠠᠨ ᠳᠤ ᠣᠷᠤᠯᠴᠠᠭᠰᠠᠨ ᠳᠤᠷᠠᠰᠬᠠᠯ ᠤᠨ ᠱᠠᠩᠨᠠᠯ ᠬᠦᠷᠲᠡᠪᠡ︔ ᠬᠥᠬᠡᠬᠤᠲᠠ᠂ ᠪᠤᠭᠤᠲᠤ ᠬᠤᠳᠠ᠂ ᠬᠥᠯᠥᠨ ᠪᠤᠶᠢᠷ ᠬᠤᠳᠠ ᠵᠡᠷᠭᠡ 16 ᠲᠥᠯᠥᠭᠡᠯᠡᠭᠴᠢ ᠶᠢᠨ ᠪᠦᠯᠬᠦᠮ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠬᠦᠷᠲᠡᠪᠡ︔ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠰᠠᠶᠢᠨ ᠵᠣᠬᠢᠶᠠᠨ ᠪᠠᠶᠢᠭᠤᠯᠤᠭᠰᠠᠨ ᠱᠠᠩᠨᠠᠯ ᠬᠦᠷᠲᠡᠪᠡ᠃      ᠥᠪᠥᠷ ᠮᠣᠩᠭᠤᠯ ᠤᠨ ᠬᠤᠰᠢᠭᠤᠴᠢ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠥᠯᠥᠭᠡᠯᠡᠭᠴᠢ ᠶᠢᠨ ᠪᠦᠯᠬᠦᠮ 5 ᠠᠯᠲᠠᠨ ᠮᠧᠳᠠᠯ ᠭᠠᠷᠳᠠᠵᠤ᠂ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠎ ᠳᠤ ᠠᠯᠲᠠᠠ ᠮᠧᠳᠠᠯ ᠣᠯᠤᠭᠰᠠᠨ ᠲᠤᠭ᠎ᠠ ᠪᠠᠷ ᠬᠠᠮᠤᠭ ᠤᠨ ᠠᠷᠪᠢᠨ ᠲᠥᠯᠥᠭᠡᠯᠡᠭᠴᠢ ᠶᠢᠨ ᠪᠦᠯᠬᠦᠮ ᠪᠣᠯᠪᠠ᠃ ᠤᠷᠤᠯᠳᠤᠭᠠᠨ ᠠᠴᠠ ᠡᠮᠦᠨ᠎ᠡ᠂ ᠥᠪᠥᠷ ᠮᠣᠩᠭᠤᠯ ᠤᠨ ᠬᠤᠰᠢᠭᠤᠴᠢ ᠪᠡᠶ᠎ᠡ ᠶᠢᠨ ᠲᠠᠮᠢᠷ ᠤᠨ ᠨᠡᠶᠢᠭᠡᠮᠯᠢᠭ ᠬᠤᠶᠠᠷ ᠤᠳᠠᠭ᠎ᠠ ᠲᠥᠪᠯᠡᠷᠡᠨ ᠪᠣᠯᠪᠠᠰᠤᠷᠠᠭᠤᠯᠵᠤ᠂ 50 ᠲᠠᠮᠢᠷᠴᠢᠨ ᠢ ᠰᠣᠩᠭᠤᠨ ᠴᠠᠰᠤᠨ ᠳᠠᠬᠢ ᠲᠣᠭᠲᠠᠭᠰᠠᠨ ᠴᠢᠭᠯᠡᠯ ᠵᠡᠷᠭᠡ 6 ᠵᠦᠢᠯ ᠤᠨ ᠤᠷᠤᠯᠳᠤᠭᠠᠨ ᠳᠤ ᠣᠷᠤᠯᠴᠠᠭᠤᠯᠵᠤ᠂ ᠡᠴᠦᠰ ᠲᠡᠭᠡᠨ ᠴᠠᠰᠤᠨ ᠳᠠᠬᠢ ᠬᠥᠯ ᠪᠥᠮᠪᠦᠭᠡ᠂ ᠴᠠᠰᠤᠨ ᠳᠠᠬᠢ ᠲᠣᠭᠲᠠᠭᠰᠠᠨ ᠴᠢᠭᠯᠡᠯ᠂ ᠡᠷᠡᠭᠲᠡᠶ ᠶᠢᠨ ᠴᠠᠰᠤᠨ ᠪᠠᠶᠢᠯᠳᠤᠭᠠᠨ᠂ ᠡᠮᠡᠭᠲᠡᠶ ᠶᠢᠨ ᠴᠠᠰᠤᠨ ᠪᠠᠶᠢᠯᠳᠤᠭᠠᠨ᠂ ᠥᠨᠳᠥᠷ ᠠᠭᠤᠯᠠ ᠶᠢᠨ ᠴᠡᠨᠡᠯᠡᠯᠳᠡ ᠵᠡᠷᠭᠡ 5 ᠵᠦᠢᠯ ᠳᠤ ᠮᠠᠩᠯᠠᠶᠢᠯᠠᠵᠤ᠂ ᠥᠨᠳᠥᠷ ᠠᠭᠤᠯᠠ ᠶᠢᠨ ᠴᠡᠨᠡᠯᠡᠯᠳᠡ᠂ ᠬᠡᠭᠡᠷ᠎ᠡ ᠶᠢᠨ ᠴᠡᠨᠡᠯᠡᠯᠳᠡ᠂ ᠲᠦᠷᠭᠡᠨ ᠲᠡᠰᠢᠯᠲᠡ ᠶᠢᠨ ᠪᠤᠤᠬᠢᠶ᠎ᠠ ᠤᠷᠤᠯᠳᠤᠭᠠᠨ ᠳᠤ 3 ᠬᠦᠷᠡᠯ ᠮᠧᠳᠠᠯ ᠭᠠᠷᠳᠠᠭᠰᠠᠨ ᠰᠠᠶᠢᠨ ᠬᠢᠷᠢ ᠪᠦᠲᠦᠮᠵᠢ ᠣᠯᠣᠭᠰᠠᠨ ᠪᠠᠶᠢᠨ᠎ᠠ᠃      ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠮᠠᠨ ᠤ ᠣᠷᠣᠨ ᠤ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ ᠴᠢᠨᠠᠷᠲᠠᠶ ᠲᠤᠰᠬᠠᠶ ᠪᠡᠶ᠎ᠡ ᠶᠢᠨ ᠲᠠᠮᠢᠷ ᠤᠨ ᠴᠤᠭᠯᠠᠭᠠᠨ ᠮᠦᠨ᠂ 2020 ᠣᠨ ᠳᠤ ᠪᠣᠯᠬᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠎ ᠳᠤ ᠪᠡᠯᠡᠳᠬᠡᠬᠦ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠡᠮᠦᠨ᠎ᠡ ᠬᠠᠷᠠᠭᠤᠯ ᠤᠨ ᠪᠠᠶᠢᠯᠳᠤᠭᠠᠨ ᠪᠣᠯᠣᠨ᠎ᠠ᠃ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠰᠡᠨ ᠨᠢ ᠨᠡᠩ ᠤᠯᠠᠨ ᠬᠦᠮᠦᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ ᠳᠠᠶᠢᠴᠢᠯᠠᠨ᠂ ᠮᠥᠰᠥ ᠴᠠᠰᠤᠨ ᠤ ᠰᠣᠶᠣᠯ ᠢ ᠪᠡᠶᠡᠴᠢᠯᠡᠨ ᠣᠶᠢᠯᠠᠭᠠᠭᠤᠯᠵᠤ᠂ ᠴᠠᠰᠤ ᠮᠦᠰᠦᠨ ᠤ ᠪᠠᠶᠠᠷ ᠴᠡᠩᠭᠡᠯ ᠢ ᠡᠳ᠋ᠯᠡᠭᠦᠯᠦᠨ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠣᠯᠤᠨ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号