ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠪᠡᠬᠡᠵᠢᠩ ᠳᠤ ᠬᠤᠷᠠᠯᠳᠤᠪᠠ  ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠠᠴᠠ ᠡᠷᠬᠢᠯᠡᠵᠦ  ᠲᠦᠪ ᠬᠤᠷᠢᠶᠠᠨ ᠤ ᠶᠠᠷᠤᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/3/1
     ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ 2018 ᠤᠨ ᠤ 2 ᠳ᠋ᠤᠭᠠᠷ ᠰᠠᠷ᠎ᠠ ᠶᠢᠨ 26᠎ ᠤ ᠡᠳᠤᠷ ᠠᠴᠠ 28᠎ ᠤ ᠡᠳᠤᠷ ᠪᠤᠯᠳᠠᠯ᠎ᠠ ᠪᠡᠬᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃
     ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ 2018 ᠤᠨ ᠤ 2 ᠳ᠋ᠤᠭᠠᠷ ᠰᠠᠷ᠎ᠠ ᠶᠢᠨ 26᠎ ᠤ ᠡᠳᠤᠷ ᠠᠴᠠ 28᠎ ᠤ ᠡᠳᠤᠷ ᠪᠤᠯᠳᠠᠯ᠎ᠠ ᠪᠡᠬᠡᠵᠢᠩ ᠳᠤ ᠬᠤᠷᠠᠯᠳᠤᠪᠠ᠃ ᠪᠦᠬᠦᠳᠠ ᠬᠤᠷᠠᠯ ᠢ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠠᠴᠠ ᠡᠷᠬᠢᠯᠠᠪᠠ      ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠬᠦᠯᠬᠦ ᠲᠦᠷᠤ ᠶᠢᠨ ᠪᠠᠶᠢᠭᠤᠯᠤᠮᠵᠢ ᠶᠢᠨ ᠤᠳᠤᠷᠢᠳᠬᠤ ᠬᠦᠮᠤᠰ ᠤᠨ ᠵᠢᠱᠢᠭᠳᠡᠭᠴᠢ ᠎ ᠶᠢᠨ ᠰᠠᠨᠠᠭᠤᠯᠭ᠎ᠠ ᠶᠢᠨ ᠨᠡᠷᠡᠰ ᠪᠤᠯᠤᠨ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠲᠡᠪᠰᠢᠬᠦᠯᠬᠦ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠤᠳᠤᠷᠢᠳᠬᠤ ᠬᠦᠮᠤᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠦᠪᠯᠡᠵᠤ ᠪᠠᠳᠤᠯᠠᠵᠤ᠂ ︽ᠨᠠᠮ ᠪᠤᠯᠤᠨ ᠲᠦᠷᠤ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠲᠤᠭᠳᠠᠭᠠᠯ︾ ᠪᠤᠯᠤᠨ ︽ᠨᠠᠮ ᠪᠤᠯᠤᠨ ᠲᠦᠷᠤ ᠎ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠲᠦᠰᠤᠯ︾᠎ ᠢ ᠬᠢᠨᠠᠨ ᠵᠦᠪᠯᠡᠵᠤ ᠪᠠᠳᠤᠯᠠᠵᠤ᠂ ︽ᠨᠠᠮ ᠪᠤᠯᠤᠨ ᠲᠦᠷᠤ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠲᠦᠰᠤᠯ︾᠎ ᠤᠨ ᠬᠡᠰᠡᠭ ᠠᠭᠤᠯᠭ᠎ᠠ ᠶᠢ ᠬᠠᠤᠯᠢ ᠶᠢᠨ ᠲᠤᠭᠳᠠᠭᠠᠯ ᠶᠤᠰᠤᠭᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠬᠦᠯᠵᠤ ᠬᠢᠨᠠᠨ ᠵᠦᠪᠯᠡᠬᠦᠯᠬᠦ ᠪᠠᠷ ᠵᠦᠪᠰᠢᠶᠡᠷᠡᠪᠠ᠃      ᠪᠦᠭᠦᠳᠠ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠲᠠᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠡᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠭᠲᠠᠷᠡᠨ ᠪᠦᠯᠬᠦᠮᠳᠡᠵᠤ᠂ ᠦᠵᠡᠯ ᠰᠠᠨᠠᠭ᠎ᠠ ᠪᠠᠨ ᠨᠢᠭᠡᠳᠬᠡᠵᠤ᠂ ᠠᠵᠢᠯᠯᠠᠭ᠎ᠠ ᠪᠠᠨ ᠨᠢᠭᠡᠳᠬᠡᠵᠤ᠂ ᠵᠤᠷᠢᠬᠳᠠᠢ ᠪᠠᠷ ᠦᠭᠡᠷᠡᠴᠢᠯᠡᠯᠲᠠ ᠬᠢᠵᠤ᠂ ᠨᠠᠮ ᠪᠠ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠡᠬᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠰᠢᠰᠲ᠋ᠧᠮ ᠪᠦᠷᠢᠨ ᠲᠦᠬᠦᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠦᠨᠳᠦᠷ ᠪᠦᠲᠦᠮᠵᠢᠲᠠᠢ ᠨᠠᠮ ᠪᠠ ᠲᠦᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠤ ᠢᠯᠠᠯᠳᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠲᠦᠷᠬᠡᠨ ᠠᠬᠢᠭᠤᠯᠬᠤ᠂ ᠲᠤᠮᠳᠠᠳᠤ ᠶᠢᠨ ᠦᠨᠳᠦᠰᠦᠲᠠᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠤᠮᠳᠠᠳᠤ ᠶᠢᠨ ᠵᠠᠭᠦᠳᠤ ᠶᠢ ᠲᠡᠷᠭᠡᠯᠰᠢᠬᠦᠯᠬᠦ ᠶᠢᠨ ᠲᠦᠯᠦᠭᠡ ᠲᠡᠮᠡᠴᠡᠵᠡᠭᠡᠶ᠎ᠠ ᠬᠡᠵᠤ ᠤᠷᠢᠶᠠᠯᠠᠪᠠ᠃      ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 28᠎ ᠤ ᠡᠳᠦᠷ ᠤᠨ ᠴᠠᠬᠢᠯᠭᠠᠨ ᠮᠡᠳᠡᠭᠡ      ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠬᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠠᠯᠪᠠᠨ ᠮᠡᠳᠡᠭᠡ      ︵2018 ᠤᠨ ᠤ 2 ᠳ᠋ᠤᠭᠠᠷ ᠰᠠᠷ᠎ᠠ ᠶᠢᠨ 28᠎ ᠤ ᠡᠳᠤᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠬᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ ᠪᠠᠳᠤᠯᠠᠪᠠ︶      ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ 2018 ᠤᠨ ᠤ 2 ᠳ᠋ᠤᠭᠠᠷ ᠰᠠᠷ᠎ᠠ ᠶᠢᠨ 26᠎ ᠤ ᠡᠳᠤᠷ ᠠᠴᠠ 28᠎ ᠤ ᠡᠳᠤᠷ ᠪᠤᠯᠳᠠᠯ᠎ᠠ ᠪᠡᠬᠡᠵᠢᠩ ᠳᠤ ᠬᠤᠷᠠᠯᠳᠤᠪᠠ᠃      ᠡᠨᠡ ᠤᠳᠠᠭ᠎ᠠ ᠶᠢᠨ ᠪᠦᠬᠦᠳᠠ ᠬᠤᠷᠠᠯ ᠳᠤ᠂ ᠲᠦᠪ ᠬᠤᠷᠢᠶᠠᠨ ᠤ ᠬᠡᠰᠢᠬᠦᠨ 202 ᠬᠦᠮᠤᠨ᠂ ᠤᠷᠤᠯᠠᠬᠴᠢ ᠬᠡᠰᠢᠬᠦᠨ 171 ᠬᠦᠮᠤᠨ ᠤᠷᠤᠯᠴᠠᠪᠠ᠃ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠲᠡᠳ᠋ ᠱᠦᠵᠢ ᠪᠤᠯᠤᠨ ᠬᠤᠯᠪᠤᠬᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠪᠠ᠃      ᠪᠦᠬᠦᠳᠠ ᠬᠤᠷᠠᠯ ᠢ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠠᠴᠠ ᠡᠷᠬᠢᠯᠠᠪᠠ᠃ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃      ᠪᠦᠬᠦᠳᠠ ᠬᠤᠷᠠᠯ ᠨᠢ ᠰᠢ ᠶᠢᠨ ᠫᠢᠩ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠭᠡᠯ ᠢ ᠰᠤᠨᠤᠰᠴᠤ ᠶᠠᠷᠢᠯᠴᠠᠪᠠ᠃ ᠪᠦᠬᠦᠳᠠ ᠬᠤᠷᠠᠯ ᠠᠴᠠ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠢᠨ ᠨᠠᠮ ᠤᠨ ᠳᠤᠳᠤᠭᠠᠳᠤ ᠭᠠᠳᠠᠭᠠᠳᠤ ᠶᠢᠨ ᠰᠠᠨᠠᠯ ᠢ ᠦᠷᠬᠡᠨ ᠢᠶᠠᠷ ᠬᠤᠷᠢᠶᠠᠵᠤ᠂ ᠲᠠᠬᠢᠨ ᠲᠠᠪᠳᠠᠨ ᠶᠠᠷᠢᠯᠴᠠᠵᠤ ᠵᠦᠪᠳᠡᠯᠴᠡᠭᠰᠡᠨ ᠰᠠᠭᠤᠷᠢᠨ ᠳᠤ ᠲᠤᠷᠠᠳᠤᠬᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠬᠦᠯᠬᠦ ᠲᠦᠷᠤ ᠶᠢᠨ ᠪᠠᠶᠢᠭᠤᠯᠤᠮᠵᠢ ᠶᠢᠨ ᠤᠳᠤᠷᠢᠳᠬᠤ ᠬᠦᠮᠤᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠪᠤᠯᠤᠨ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠲᠡᠪᠰᠢᠬᠦᠯᠬᠦ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠤᠳᠤᠷᠢᠳᠬᠤ ᠬᠦᠮᠤᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠦᠪᠯᠡᠵᠤ ᠪᠠᠳᠤᠯᠠᠵᠤ᠂ ᠡᠨᠡ ᠬᠤᠶᠠᠷ ᠰᠠᠨᠠᠭᠤᠯᠭ᠎ᠠ ᠶᠢᠨ ᠨᠡᠷᠡᠰ ᠢ ᠲᠤᠰ ᠲᠤᠰ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠯᠤᠨ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠎ ᠤᠨ ᠲᠡᠷᠢᠬᠦᠯᠡᠭᠴᠢᠳ ᠤᠨ ᠪᠦᠯᠬᠦᠮ ᠳᠤ ᠲᠡᠪᠰᠢᠬᠦᠯᠬᠦ ᠪᠠᠷ ᠲᠤᠭᠳᠠᠪᠠ᠃ ᠪᠦᠬᠦᠳᠠ ᠬᠤᠷᠠᠯ ᠠᠴᠠ ︽ᠨᠠᠮ ᠪᠤᠯᠤᠨ ᠲᠦᠷᠤ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠲᠤᠭᠳᠠᠭᠠᠯ︾ ᠪᠤᠯᠤᠨ ︽ᠨᠠᠮ ᠪᠤᠯᠤᠨ ᠲᠦᠷᠤ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠲᠦᠰᠤᠯ︾᠎ ᠢ ᠬᠢᠨᠠᠨ ᠵᠦᠪᠯᠡᠵᠤ ᠪᠠᠳᠤᠯᠠᠵᠤ᠂ ︽ᠨᠠᠮ ᠪᠤᠯᠤᠨ ᠲᠦᠷᠤ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠲᠦᠰᠤᠯ︾᠎ ᠤᠨ ᠬᠡᠰᠡᠭ ᠠᠭᠤᠯᠭ᠎ᠠ ᠶᠢ ᠬᠠᠤᠯᠢ ᠶᠢᠨ ᠲᠤᠭᠳᠠᠭᠠᠯ ᠶᠤᠰᠤᠭᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠬᠦᠯᠵᠤ ᠬᠢᠨᠠᠨ ᠵᠦᠪᠯᠡᠬᠦᠯᠬᠦ ᠪᠠᠷ ᠵᠦᠪᠰᠢᠶᠡᠷᠡᠪᠠ᠃      ᠪᠦᠬᠦᠳᠠ ᠬᠤᠷᠠᠯ ᠠᠴᠠ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠠᠩᠬᠠᠳᠤᠭᠠᠷ ᠪᠦᠬᠦᠳᠠ ᠬᠤᠷᠠᠯ ᠠᠴᠠ ᠨᠠᠰᠢᠬᠢ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠠᠵᠢᠯ ᠢ ᠬᠦᠢᠴᠡᠳ ᠨᠤᠳᠠᠯᠠᠪᠠ᠃ ᠨᠠᠷᠢᠨ ᠪᠤᠳᠤᠯᠢᠶᠠᠨᠳᠠᠢ ᠬᠤᠪᠢᠷᠠᠯᠳᠠ ᠶᠡᠬᠡᠳᠠᠢ ᠲᠡᠯᠡᠬᠡᠢ ᠶᠢᠨ ᠪᠠᠶᠢᠳᠠᠯ᠂ ᠬᠠᠳᠠᠭᠤ ᠪᠡᠷᠬᠡ ᠨᠦᠰᠠᠷ ᠬᠦᠨᠳᠤ ᠤᠯᠤᠰ ᠎ ᠤᠨ ᠳᠤᠳᠤᠭᠠᠳᠤ ᠶᠢᠨ ᠦᠬᠡᠷᠡᠴᠢᠯᠠᠯᠳᠠ ᠬᠦᠭᠵᠢᠯᠳᠠ ᠲᠤᠭᠳᠠᠭᠤᠨ ᠤ ᠡᠬᠦᠷᠬᠡ ᠶᠢᠨ ᠡᠮᠦᠨ᠎ᠡ᠂ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠢᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠤᠯᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ᠂ ᠬᠤᠶᠠᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠎ ᠤᠨ ᠠᠭᠤᠤ ᠶᠡᠭᠡ ᠲᠤᠬ ᠢ ᠦᠨᠳᠤᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠦ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠤᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠭᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠵᠤᠷᠢᠬᠳᠠᠢ ᠪᠠᠷ ᠰᠢᠨ᠎ᠠ ᠶᠢ ᠡᠬᠦᠳᠴᠤ᠂ ᠯᠠᠪᠳᠠᠭᠤᠨ ᠪᠠᠳᠤᠳᠠᠢ ᠠᠵᠢᠯᠯᠠᠵᠤ᠂ ︽ᠲᠠᠪᠤ ᠶᠢ ᠨᠢᠬᠡ ᠴᠤᠬᠴᠠᠵᠢᠭᠤᠯᠬᠤ︾ ᠶᠠᠷᠤᠩᠬᠡᠢ ᠪᠠᠶᠢᠷᠢᠰᠢᠭᠤᠯᠤᠯᠲᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠪᠦᠬᠦ ᠨᠠᠮ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠤᠨ ᠲᠠᠭᠠᠭᠤᠯᠵᠤ᠂ ᠢᠲᠡᠭᠡᠯ ᠢᠶᠠᠨ ᠪᠠᠳᠤᠳᠬᠠᠵᠤ᠂ ᠰᠡᠳᠬᠢᠯ ᠢᠶᠠᠨ ᠬᠠᠮᠳᠤᠳᠬᠠᠵᠤ ᠬᠦᠴᠤᠨ ᠢᠶᠠᠨ ᠨᠢᠬᠳᠠᠷᠠᠭᠤᠯᠵᠤ᠂ ᠦᠷᠯᠤᠬᠡ ᠦᠳᠡᠰᠢ ᠶᠢ ᠲᠡᠮᠡᠴᠡᠨ᠂ ᠦᠨᠡᠨᠬᠦ ᠠᠳᠬᠤᠵᠤ ᠪᠤᠳᠠᠳᠠᠢ ᠬᠢᠵᠤ᠂ ᠦᠬᠡᠷᠡᠴᠢᠯᠠᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠢ ᠶᠢᠨ ᠲᠤᠭᠳᠠᠭᠤᠨ ᠡᠷᠡᠬᠦᠯ ᠬᠦᠭᠵᠢᠯᠳᠠ ᠶᠢ ᠪᠠᠳᠤᠯᠠᠬᠤ ᠪᠠᠷ ᠬᠦᠴᠤᠯᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠪᠠᠷ ᠬᠦᠴᠤᠯᠠᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠬᠦᠴᠤ ᠪᠠᠷ ᠢᠶᠠᠨ ᠰᠠᠶᠢᠲᠤᠷ ᠬᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠠᠵᠢᠯ ᠎ ᠤᠨ ᠰᠤᠷᠳᠠᠯ ᠢᠶᠠᠨ ᠦᠨᠡᠨᠬᠦ ᠰᠠᠶᠢᠵᠢᠷᠠᠭᠤᠯᠬᠤ ᠪᠠᠷ ᠬᠦᠴᠤᠯᠠᠵᠤ᠂ ᠨᠡᠶᠢᠭᠡᠮ ᠵᠢᠷᠤᠮ ᠤᠨ ᠠᠵᠤ ᠠᠬᠤᠢ ᠶᠢᠨ ᠪᠦᠳᠤᠬᠡᠨ ᠪᠠᠶᠢᠭᠤᠯᠤᠯᠲᠠ᠂ ᠤᠯᠤᠰ ᠲᠦᠷᠤ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠤᠯᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠤ ᠢᠯᠠᠯᠳᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠵᠠᠮ ᠢ ᠡᠬᠢᠯᠡᠬᠦᠯᠬᠦ ᠳᠤ ᠰᠢᠨ᠎ᠠ ᠠᠯᠬᠤᠮ ᠢ ᠠᠯᠬᠤᠵᠤ᠂ ᠨᠠᠮ ᠪᠤᠯᠤᠨ ᠤᠯᠤᠰ ᠤᠨ ᠡᠯ᠎ᠠ ᠵᠦᠢᠯ ᠤᠨ ᠠᠵᠢᠯ ᠦᠢᠯᠡᠰ ᠰᠢᠨ᠎ᠠ ᠠᠮᠵᠢᠯᠳᠠ ᠤᠯᠬᠤ ᠶᠢ ᠠᠬᠢᠭᠤᠯᠪᠠ ᠬᠡᠵᠤ ᠰᠠᠨᠠᠯ ᠨᠢᠭᠡᠲᠡᠢ ᠦᠵᠡᠪᠡ᠃      ᠪᠦᠬᠦᠳᠡ ᠬᠤᠷᠡᠯ ᠠᠴᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠪᠤᠯᠤᠨ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠡᠯ ᠢ ᠰᠠᠶᠢᠲᠤᠷ ᠬᠤᠷᠡᠯᠳᠤᠭᠤᠯᠬᠤ ᠨᠢ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠶᠢᠨ ᠲᠦᠯᠥᠬᠡ ᠲᠡᠮᠡᠴᠡᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ ᠭᠡᠵᠦ ᠦᠵᠡᠪᠡ᠃      ᠪᠦᠬᠦᠳᠡ ᠬᠤᠷᠡᠯ ᠠᠴᠠ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠤᠯ ᠤᠯᠤᠰ ᠤᠨ ᠵᠠᠰᠠᠯᠳᠠ ᠶᠢᠨ ᠰᠢᠰᠲ᠋ᠧᠮᠵᠢ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠬᠦᠨᠵᠡᠬᠡᠢ ᠬᠤᠪᠢᠰᠤᠯᠳᠠ ᠮᠥᠨ᠃ ᠨᠠᠮ ᠪᠤᠯᠤᠨ ᠲᠦᠷᠦ ᠶᠢᠨ ᠪᠠᠶᠢᠭᠤᠯᠤᠮᠵᠢ ᠎ ᠶᠢᠨ ᠡᠬᠦᠷᠬᠡ ᠴᠢᠳᠠᠪᠬᠢ ᠶᠢᠨ ᠰᠢᠰᠲ᠋ᠧᠮᠵᠢ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠳᠤ ᠪᠠᠶᠢᠭᠤᠯᠤᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ ᠤ ᠨᠠᠮ ᠤᠨ ᠲᠦᠷᠦ ᠶᠢ ᠵᠠᠰᠠᠵᠥ ᠵᠠᠰᠠᠭ ᠢ ᠡᠷᠬᠢᠯᠡᠬᠦ ᠴᠢᠬᠤᠯᠠ ᠪᠠᠳᠤᠯᠠᠭ᠎ᠠ ᠮᠥᠨ᠃ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠮᠠᠨ ᠤ ᠨᠠᠮ ᠤᠨ ᠤᠳᠤᠷᠢᠳᠤᠯᠭ᠎ᠠ ᠲᠤᠤᠷ᠎ᠠ᠂ ᠮᠠᠨ ᠤ ᠤᠯᠤᠰ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠤᠭᠳᠠᠭᠠᠵᠥ᠂ ᠮᠠᠨ ᠤ ᠤᠯᠤᠰ ᠤᠨ ᠤᠨᠴᠠᠯᠢᠭ ᠲᠠᠢ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠪᠠ᠃ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠪᠤᠯᠤᠨ ᠦᠭᠡᠷᠡᠴᠢᠯᠡᠯᠳᠡ ᠨᠡᠬᠡᠬᠡᠯᠳᠡ ᠶᠢᠨ ᠶᠠᠪᠤᠴᠠ ᠳᠤ᠂ ᠮᠠᠨ ᠤ ᠨᠠᠮ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠵᠥ᠂ ᠡᠯ᠎ᠡ ᠲᠠᠯ᠎ᠠ ᠶᠢᠨ ᠪᠠᠶᠢᠭᠤᠯᠤᠮᠵᠢ ᠶᠢᠨ ᠡᠬᠦᠷᠬᠡ ᠴᠢᠳᠠᠪᠬᠢ ᠲᠠᠰᠤᠷᠠᠯᠳᠡ ᠦᠭᠡᠢ ᠰᠢᠯᠢᠳᠡᠭᠵᠢᠵᠥ᠂ ᠠᠯᠬᠤᠮ ᠠᠯᠬᠤᠮ ᠢᠶᠠᠷ ᠵᠢᠷᠤᠮᠵᠢᠭᠰᠠᠠ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠲᠡᠬᠦᠯᠳᠡᠷᠵᠢᠬᠦᠯᠤᠨ ᠬᠦᠭᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠡᠨᠡᠬᠦ ᠶᠡᠷᠤᠩᠬᠡᠢ ᠬᠠᠷᠠᠯᠳᠠ ᠶᠢᠨ ᠲᠤᠭᠤᠷᠢᠨ ᠳᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠥ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠥ᠂ ᠭᠤᠤᠯᠳᠠᠯᠭ᠎ᠠ ᠲᠠᠢ ᠬᠦᠷᠢᠶ᠎ᠡ ᠶᠢ ᠳᠤᠪᠤᠶᠢᠯᠭᠠᠵᠤ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠷᠢᠮ ᠴᠢᠬᠤᠯᠠ ᠬᠦᠷᠢᠶ᠎ᠡ ᠪᠤᠯᠤᠨ ᠵᠠᠩᠬᠢᠯᠠᠭ᠎ᠠ ᠶᠢᠨ ᠭᠤᠭᠴᠤᠭ᠎ᠠ ᠳᠤ ᠴᠢᠬᠤᠯᠠ ᠶᠡᠭᠡ ᠠᠬᠢᠴᠠ ᠲᠠᠢ ᠪᠤᠯᠵᠥ᠂ ᠨᠠᠮ ᠪᠤᠯᠤᠨ ᠤᠯᠤᠰ ᠤᠨ ᠠᠵᠢᠯ ᠦᠢᠯᠡᠰ ᠲᠡᠤᠬᠡᠳᠤ ᠴᠢᠨᠠᠷᠳᠠᠢ ᠠᠮᠵᠢᠯᠳᠠ ᠤᠯᠬᠤ᠂ ᠲᠡᠤᠬᠡᠳᠤ ᠴᠢᠨᠠᠷᠳᠠᠢ ᠬᠤᠪᠢᠰᠤᠯᠳᠠ ᠭᠠᠷᠬᠤ ᠳᠤ ᠬᠦᠴᠦᠳᠤ ᠪᠠᠳᠤᠯᠠᠭ᠎ᠠ ᠬᠠᠩᠭᠠᠵᠠᠢ ᠬᠡᠵᠥ ᠲᠤᠷᠠᠳᠪᠠ᠃      ᠪᠦᠬᠦᠳᠡ ᠬᠤᠷᠡᠯ ᠠᠴᠠ᠂ ᠰᠢᠨ᠎ᠡ ᠴᠠᠭ ᠦᠶ᠎ᠡ ᠰᠢᠨ᠎ᠡ ᠡᠬᠦᠷᠬᠡ ᠠᠴᠠ ᠲᠤᠷᠠᠳᠤᠭᠰᠠᠠ ᠰᠢᠨ᠎ᠡ ᠱᠠᠭᠠᠷᠳᠠᠯᠭ᠎ᠠ ᠎ ᠶᠢᠨ ᠡᠮᠤᠨ᠎ᠡ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠡᠬᠦᠷᠬᠡ ᠴᠢᠳᠠᠪᠬᠢ ᠶᠢᠨ ᠲᠤᠬᠢᠷᠠᠭᠤᠯᠤᠯᠳᠠ ᠨᠢ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠲᠠ ᠶᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠬᠤ ᠱᠠᠭᠠᠷᠳᠠᠯᠭ᠎ᠠ ᠲᠠᠢ ᠪᠦᠷᠢᠨ ᠵᠤᠬᠢᠴᠠᠬᠤ ᠦᠭᠡᠢ ᠪᠤᠯᠵᠥ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠪᠡᠶᠡᠯᠡᠬᠦᠯᠬᠦ ᠱᠠᠭᠠᠷᠳᠠᠯᠭ᠎ᠠ ᠲᠠᠢ ᠪᠦᠷᠢᠨ ᠵᠤᠬᠢᠴᠠᠬᠤ ᠦᠭᠡᠢ ᠪᠤᠯᠪᠠ᠃ ᠪᠦᠬᠦ ᠨᠠᠮ ᠢᠶᠠᠷ ᠢᠶᠠᠨ ᠡᠷᠬᠡᠪᠰᠢ ᠦᠵᠡᠯ ᠰᠠᠨᠠᠭ᠎ᠠ ᠪᠠᠨ ᠨᠢᠬᠡᠳᠬᠡᠵᠥ᠂ ᠢᠳᠡᠬᠡᠯ ᠢᠶᠠᠨ ᠪᠠᠳᠤᠳᠬᠠᠵᠥ᠂ ᠠᠵᠠ ᠲᠤᠬᠢᠶᠠᠯ ᠢ ᠠᠮᠵᠢᠵᠥ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠴᠠ ᠲᠤᠮᠳᠠ᠂ ᠵᠤᠷᠢᠭ ᠰᠢᠭᠤᠳᠴᠦ ᠪᠠᠶᠢᠭᠠᠳ ᠨᠠᠮ ᠪᠤᠯᠤᠨ ᠲᠦᠷᠦ ᠶᠢᠨ ᠪᠠᠶᠢᠭᠤᠯᠤᠮᠵᠢ ᠎ ᠶᠢᠨ ᠡᠬᠦᠷᠬᠡ ᠴᠢᠳᠠᠪᠬᠢ ᠶᠢᠨ ᠰᠢᠰᠲ᠋ᠧᠮᠵᠢ ᠶᠢᠨ ᠲᠤᠮᠳᠠ ᠤᠷᠤᠰᠢᠵᠥ ᠪᠠᠶᠢᠭ᠎ᠠ ᠬᠠᠷᠰᠢ ᠰᠠᠭᠠᠳ ᠪᠤᠯᠤᠨ ᠬᠡᠮ ᠰᠤᠭᠤᠭ ᠢ ᠰᠢᠢᠳᠪᠤᠷᠢᠯᠡᠵᠥ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠲᠦᠷᠬᠡᠳᠬᠡᠨ ᠠᠬᠢᠭᠤᠯᠵᠥ᠂ ᠮᠠᠨ ᠤ ᠤᠯᠤᠰ ᠤᠨ ᠨᠡᠶᠢᠭᠡᠮ ᠵᠢᠷᠤᠮᠳᠤ ᠪᠠᠶᠢᠭᠤᠯᠤᠯ ᠤᠨ ᠲᠠᠪᠠᠭᠤᠯᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠪᠦᠬᠦᠳᠡ ᠬᠤᠷᠡᠯ ᠠᠴᠠ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠵᠢᠯᠤᠭᠤᠳᠬᠤ ᠦᠵᠡᠯ ᠰᠠᠨᠠᠭ᠎ᠠ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠥ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠥᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠦᠭᠵᠢᠯᠳᠡ ᠶᠢᠨ ᠱᠠᠭᠠᠷᠳᠠᠯᠭ᠎ᠠ ᠳᠤ ᠵᠤᠬᠢᠴᠠᠵᠥ᠂ ᠲᠤᠭᠳᠠᠭᠤᠨ ᠤ ᠲᠤᠮᠳᠠ ᠤᠷᠤᠭᠰᠢᠯᠠᠨ ᠲᠡᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠵᠥ᠂ ᠵᠦᠪ ᠦᠭᠡᠷᠡᠴᠢᠯᠡᠯᠳᠡ ᠶᠢᠨ ᠴᠢᠭᠯᠡᠯ ᠢ ᠪᠠᠷᠢᠮᠳᠠᠯᠠᠵᠥ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠥ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠵᠥ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ ᠵᠢᠯᠤᠭᠤᠳᠤᠭᠤᠯᠵᠥ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠪᠠᠷ ᠤᠳᠤᠷᠢᠳᠤᠮᠵᠢ ᠪᠤᠯᠭᠠᠵᠥ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢ ᠰᠢᠯᠢᠳᠡᠭᠵᠢᠬᠦᠯᠬᠦ ᠬᠠᠮᠵᠢᠯᠴᠠᠭᠤᠯᠬᠤ ᠦᠨᠳᠤᠷ ᠪᠦᠳᠦᠮᠵᠢᠳᠡᠢ ᠪᠤᠯᠭᠠᠬᠤ ᠪᠠᠷ ᠬᠦᠴᠦᠯᠠᠬᠦ ᠴᠢᠭ᠋ ᠪᠤᠯᠭᠠᠵᠥ᠂ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠳᠤ ᠦᠭᠡᠷᠡᠴᠢᠯᠡᠯᠳᠡ ᠬᠢᠵᠥ᠂ ᠡᠬᠦᠷᠬᠡ ᠴᠢᠳᠠᠪᠬᠢ ᠶᠢᠨ ᠲᠤᠬᠢᠷᠠᠭᠤᠯᠤᠯᠳᠠ ᠶᠢ ᠰᠢᠯᠢᠳᠡᠭᠵᠢᠬᠦᠯᠵᠥ᠂ ᠡᠬᠦᠷᠬᠡ ᠴᠢᠳᠠᠪᠤᠷᠢ ᠶᠢ ᠬᠤᠪᠢᠷᠠᠭᠤᠯᠬᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠰᠤᠷᠳᠠᠯ ᠢ ᠬᠤᠪᠢᠷᠠᠭᠤᠯᠬᠤ ᠶᠢ ᠭᠦᠨᠵᠡᠭᠡᠶᠢᠷᠡᠭᠦᠯᠵᠦ᠂ ᠦᠷ᠎ᠡ ᠠᠰᠢᠬ ᠦᠢᠯᠡᠳᠤᠯ ᠴᠢᠳᠠᠪᠤᠷᠢ ᠶᠢ ᠲᠡᠭᠡᠭᠰᠢᠯᠡᠭᠦᠯᠵᠤ᠂ ᠴᠢᠨᠡᠬᠡᠯᠢᠭ ᠨᠡᠶᠢᠭᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠭᠰᠠᠠ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠬᠦᠴᠦᠳᠠᠢ ᠲᠦᠷᠢᠮ ᠤᠨ ᠪᠠᠳᠤᠯᠠᠭ᠎ᠠ ᠬᠠᠩᠭᠠᠬᠤ ᠶᠠᠪᠤᠳᠠᠯ ᠪᠤᠯᠤᠨ᠎ᠠ᠃ ᠨᠠᠮ ᠪᠤᠯᠤᠨ ᠲᠦᠷᠦ ᠶᠢᠨ ᠪᠠᠶᠢᠭᠤᠯᠤᠮᠵᠢ ᠎ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠳᠤ᠂ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ᠂ ᠰᠢᠯᠢᠳᠡᠭᠵᠢᠬᠦᠯᠬᠦ ᠬᠠᠮᠵᠢᠯᠴᠠᠬᠤ ᠦᠨᠳᠤᠷ ᠪᠦᠳᠦᠮᠵᠢᠳᠡᠢ ᠪᠤᠯᠭᠠᠬᠤ ᠶᠢ ᠪᠠᠷᠢᠮᠳᠠᠯᠠᠬᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠬᠤ ᠵᠠᠷᠴᠢᠮ ᠢ ᠲᠤᠤᠱᠯᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠪᠦᠭᠦᠳᠡ ᠬᠤᠷᠠᠯ ᠠᠴᠠ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠠᠯᠲᠠ ᠪᠤᠯ ᠰᠢᠰᠲ᠋ᠧᠮ ᠪᠦᠷᠢᠨ ᠲᠦᠬᠦᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠦᠨᠳᠦᠷ ᠪᠦᠲᠦᠮᠵᠢᠲᠡᠢ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢᠨ ᠰᠢᠰᠲ᠋ᠧᠮᠵᠢ ᠶᠢ ᠪᠠᠶᠢᠭᠤᠯᠵᠤ᠂ ᠪᠦᠬᠦ ᠲᠠᠯ᠎ᠠ ᠶᠢ ᠬᠠᠮᠤᠷᠤᠬᠰᠠᠨ᠂ ᠡᠯ᠎ᠡ ᠲᠠᠯ᠎ᠠ ᠶᠢ ᠵᠤᠬᠢᠴᠠᠭᠤᠯᠤᠬᠰᠠᠨ ᠨᠠᠮ ᠤᠨ ᠤᠳᠤᠷᠢᠳᠤᠯᠭ᠎ᠠ ᠶᠢᠨ ᠰᠢᠰᠲ᠋ᠧᠮᠵᠢ᠂ ᠡᠭᠦᠷᠭᠡ ᠬᠠᠷᠢᠭᠤᠴᠠᠯᠭ᠎ᠠ ᠲᠤᠳᠤᠷᠬᠠᠢ᠂ ᠬᠠᠤᠯᠢ ᠶᠤᠰᠤᠭᠠᠷ ᠵᠠᠰᠠᠬ ᠶᠠᠪᠤᠭᠤᠯᠤᠭᠰᠠᠠ ᠵᠠᠰᠠᠬ ᠤᠨ ᠤᠷᠳᠤᠨ ᠤ ᠵᠠᠰᠠᠯᠲᠠ ᠶᠢᠨ ᠰᠢᠰᠲ᠋ᠧᠮᠵᠢ᠂ ᠳᠤᠮᠳᠠᠳᠤ ᠤᠯᠤᠰ ᠤᠨ ᠤᠨᠴᠠᠯᠢᠬ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠵᠡᠪᠰᠡᠭᠲᠤ ᠬᠦᠴᠦᠨ ᠤ ᠰᠢᠰᠲ᠋ᠧᠮᠵᠢ᠂ ᠦᠷᠭᠡᠨ ᠢᠶᠠᠷ ᠬᠠᠷᠢᠯᠴᠠᠭᠰᠠᠠ᠂ ᠤᠯᠠᠨ ᠲᠦᠮᠡᠨ ᠳᠤ ᠦᠢᠯᠡᠴᠢᠯᠡᠭᠰᠡᠨ ᠤᠯᠠᠨ ᠲᠦᠮᠡᠨ ᠤ ᠪᠦᠯᠬᠦᠮ ᠤᠨ ᠠᠵᠢᠯ ᠤᠨ ᠰᠢᠰᠲ᠋ᠧᠮᠵᠢ ᠶᠢ ᠪᠦᠷᠢᠯᠳᠦᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠬ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠵᠡᠷᠭᠡ ᠨᠠᠮ ᠤᠨ ᠨᠢᠭᠡᠳᠦᠯᠲᠡᠢ ᠤᠳᠤᠷᠢᠳᠤᠯᠭ᠎ᠠ ᠳᠤᠤᠷ᠎ᠠ ᠠᠵᠢᠯᠯᠠᠭ᠎ᠠ ᠪᠠᠨ ᠵᠤᠬᠢᠴᠠᠭᠤᠯᠵᠤ᠂ ᠬᠠᠮᠳᠤᠷᠠᠯ ᠤᠨ ᠬᠦᠴᠦᠨ ᠢᠶᠠᠨ ᠴᠢᠩᠭᠠᠳᠬᠠᠬᠤ ᠶᠢ ᠠᠬᠢᠭᠤᠯᠵᠤ᠂ ᠤᠯᠤᠰ ᠤᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠪᠤᠯᠤᠨ᠎ᠠ᠃ ᠲᠤᠬᠠᠶᠢᠯᠠᠪᠠᠯ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢᠯᠡᠵᠦ᠂ ᠳᠤᠪᠤᠶᠢᠮ᠎ᠠ ᠵᠦᠷᠢᠴᠡᠯ ᠳᠤ ᠴᠢᠭᠯᠡᠭᠦᠯᠤᠨ᠂ ᠭᠤᠤᠯᠳᠠᠯᠭ᠎ᠠ ᠶᠢ ᠠᠳᠬᠤᠵᠤ᠂ ᠲᠤᠲᠠᠭᠤᠳᠠᠯ ᠢ ᠨᠦᠬᠦᠪᠦᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠲᠠᠯ᠎ᠠ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠢᠯᠠᠯᠲᠠ ᠶᠢ ᠤᠯᠬᠤ ᠳᠤ ᠪᠠᠲᠤᠯᠠᠭ᠎ᠠ ᠬᠠᠩᠭᠠᠨ᠎ᠠ︔ ᠲᠡᠷᠡᠴᠢᠯᠡᠨ ᠪᠠᠰᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠠᠯᠪᠢᠵᠤ᠂ ᠠᠯᠤᠰ ᠢᠷᠡᠭᠡᠳᠦᠢ ᠲᠠᠢ ᠬᠤᠯᠪᠤᠬᠳᠠᠬᠤ ᠪᠠᠶᠢᠭᠤᠯᠤᠮᠵᠢ ᠲᠤᠬᠲᠠᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠰᠠᠭᠤᠷᠢ ᠲᠠᠯᠪᠢᠵᠤ᠂ ᠲᠤᠯᠭᠠᠭᠤᠷᠢ ᠪᠤᠰᠬᠠᠵᠤ᠂ ᠪᠦᠲᠦᠴᠡ ᠶᠢ ᠨᠢ ᠲᠤᠬᠲᠠᠭᠠᠵᠤ᠂ ᠨᠡᠩ ᠲᠡᠭᠦᠯᠳᠡᠷᠵᠢᠭᠰᠡᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠦᠷᠢᠯᠳᠦᠬᠦᠯᠬᠦ ᠳᠤ ᠠᠰᠢᠬᠲᠠᠢ ᠨᠦᠬᠦᠴᠡᠯ ᠢ ᠪᠦᠷᠢᠯᠳᠦᠭᠦᠯᠵᠦ ᠦᠭᠭᠦᠨ᠎ᠡ ᠭᠡᠵᠦ ᠳᠤᠷᠠᠳᠪᠠ᠃      ᠪᠦᠭᠦᠳᠡ ᠬᠤᠷᠠᠯ ᠠᠴᠠ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠡᠷᠢᠭᠦᠨ ᠴᠢᠬᠤᠯᠠ ᠡᠭᠦᠷᠭᠡ ᠪᠤᠯ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠳᠦᠷᠢᠮ ᠢ ᠲᠡᠭᠦᠯᠳᠡᠷᠵᠢᠭᠦᠯᠵᠦ᠂ ᠨᠠᠮ ᠤᠨ ᠡᠯ᠎ᠡ ᠬᠦᠷᠢᠶ᠎ᠡ ᠡᠯ᠎ᠡ ᠲᠠᠯ᠎ᠡ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠦᠷᠬᠦᠭᠦᠯᠬᠦ ᠶᠢ ᠪᠠᠲᠤᠯᠠᠵᠤ᠂ ᠨᠠᠮ ᠤᠨ ᠤᠳᠤᠷᠢᠳᠤᠯᠭ᠎ᠠ ᠶᠢᠨ ᠨᠡᠩ ᠪᠠᠲᠤ ᠬᠦᠴᠦᠲᠡᠢ ᠪᠠᠶᠢᠬᠤ ᠶᠢ ᠪᠠᠲᠤᠯᠠᠬᠤ ᠶᠠᠪᠤᠳᠠᠯ ᠪᠤᠯᠤᠨ᠎ᠠ᠃ ᠨᠠᠮ ᠠᠴᠠ ᠴᠢᠬᠤᠯᠠ ᠶᠡᠭᠡ ᠠᠵᠢᠯ ᠢ ᠤᠳᠤᠷᠢᠳᠬᠤ ᠪᠠᠶᠢᠭᠤᠯᠤᠮᠵᠢ ᠲᠤᠬᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠠᠳᠠᠯᠢ ᠱᠠᠲᠤᠨ ᠤ ᠵᠤᠬᠢᠶᠠᠨ ᠪᠠᠶᠢᠭᠤᠯᠤᠯᠲᠠ ᠳᠠᠬᠢ ᠤᠳᠤᠷᠢᠳᠬᠤ ᠪᠠᠶᠢᠷᠢ ᠰᠠᠭᠤᠷᠢ ᠶᠢ ᠴᠢᠩᠭᠠᠳᠬᠠᠵᠤ᠂ ᠨᠠᠮ ᠤᠨ ᠡᠭᠦᠷᠭᠡ ᠴᠢᠳᠠᠪᠬᠢ ᠶᠢᠨ ᠰᠠᠯᠠᠭ᠎ᠠ ᠮᠦᠴᠢᠷ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠠᠮ ᠵᠠᠰᠠᠭ ᠤᠨ ᠪᠠᠶᠢᠭᠤᠯᠤᠮᠵᠢ ᠶᠢ ᠨᠢᠭᠡᠳᠦᠯᠲᠡᠢ ᠲᠦᠯᠦᠪᠵᠢᠭᠦᠯᠦᠨ ᠳᠤᠬᠢᠷᠠᠭᠤᠯᠵᠤ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠪᠠ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃      ᠪᠦᠭᠦᠳᠡ ᠬᠤᠷᠠᠯ ᠠᠴᠠ᠂ ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢ ᠬᠤᠪᠢᠷᠠᠭᠤᠯᠵᠤ᠂ ᠵᠠᠰᠠᠬ ᠤᠨ ᠤᠷᠳᠤᠨ ᠤ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠪᠠ ᠡᠷᠬᠡ ᠲᠤᠰᠢᠶᠠᠯ ᠤᠨ ᠳᠤᠬᠢᠷᠠᠭᠤᠯᠤᠯᠲᠠ ᠶᠢ ᠰᠢᠯᠢᠳᠡᠭᠵᠢᠭᠦᠯᠬᠦ ᠪᠤᠯ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠡᠭᠦᠷᠭᠡ ᠪᠤᠯᠤᠨ᠎ᠠ᠃ ᠡᠬᠢ ᠪᠠᠶᠠᠯᠢᠬ ᠢ ᠳᠤᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠳᠠᠷᠠᠭᠤᠯᠬᠤ᠂ ᠵᠠᠰᠠᠬ ᠤᠨ ᠤᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠤᠬᠲᠠᠴᠠ ᠶᠢᠨ ᠭᠡᠮ ᠰᠤᠭᠤᠭ ᠢ ᠡᠷᠡᠰ ᠲᠡᠪᠴᠢᠵᠤ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢᠨ ᠲᠤᠭᠤᠷᠢᠨ ᠳᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠵᠤ᠂ ᠵᠠᠰᠠᠬ ᠤᠨ ᠤᠷᠳᠤᠨ ᠤ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢ ᠳᠤᠬᠢᠷᠠᠭᠤᠯᠤᠨ ᠰᠢᠯᠢᠳᠡᠭᠵᠢᠭᠦᠯᠵᠦ᠂ ᠬᠤᠷᠸ᠎ᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠡᠬᠦᠷᠬᠡ ᠴᠢᠳᠠᠪᠬᠢ ᠶᠢ ᠵᠤᠬᠢᠰᠲᠡᠢ ᠳᠤᠬᠢᠷᠠᠭᠤᠯᠤᠨ᠂ ᠵᠠᠰᠠᠬ ᠢ ᠴᠤᠮᠬᠠᠳᠬᠠᠵᠦ ᠡᠷᠬᠡ ᠶᠢ ᠲᠠᠯᠪᠢᠬᠤ ᠶᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠤᠷᠴᠢᠨ ᠲᠤᠭᠤᠷᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠦᠭᠡᠷᠡᠴᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠬ ᠶᠠᠪᠤᠭᠤᠯᠬᠤ ᠦᠷ᠎ᠡ ᠠᠰᠢᠬ ᠢ ᠳᠡᠭᠡᠭᠰᠢᠯᠡᠭᠦᠯᠵᠦ᠂ ᠵᠠᠰᠠᠬ ᠤᠨ ᠤᠷᠳᠤᠨ ᠤ ᠦᠢᠯᠡᠳᠦᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠠ ᠦᠢᠯᠡᠴᠢᠯᠡᠭᠡᠨ ᠤ ᠮᠠᠶ᠋ᠢᠬ ᠤᠨ ᠵᠠᠰᠠᠬ ᠤᠨ ᠤᠷᠳᠤᠨ ᠢ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃      ᠪᠦᠭᠦᠳᠡ ᠬᠤᠷᠠᠯ ᠠᠴᠠ᠂ ᠨᠠᠮ ᠵᠠᠰᠠᠬ ᠴᠡᠷᠢᠭ ᠤᠯᠠᠨ ᠲᠦᠮᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠵᠢᠭᠦᠯᠬᠦ ᠪᠤᠯ ᠨᠠᠮ ᠤᠨ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢ ᠰᠢᠯᠢᠳᠡᠭᠵᠢᠭᠦᠯᠬᠦ ᠬᠠᠮᠵᠢᠯᠴᠠᠭᠤᠯᠬᠤ ᠦᠨᠳᠦᠷ ᠪᠦᠲᠦᠮᠵᠢᠲᠡᠢ ᠪᠠᠶᠢᠯᠭᠠᠬᠤ ᠶᠢ ᠪᠡᠶᠡᠯᠡᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ᠃ ᠬᠤᠯᠪᠤᠬᠳᠠᠯ ᠪᠦᠬᠦᠢ ᠪᠠᠶᠢᠭᠤᠯᠤᠮᠵᠢ ᠶᠢ ᠨᠢᠭᠡᠳᠦᠯᠲᠡᠢ ᠲᠦᠯᠦᠪᠵᠢᠭᠦᠯᠦᠨ ᠳᠤᠬᠢᠷᠠᠭᠤᠯᠬᠤ ᠪᠦᠭᠡᠳ ᠤᠶᠢᠷᠠᠯᠴᠠᠭ᠎ᠠ ᠡᠬᠦᠷᠬᠡ ᠴᠢᠳᠠᠪᠬᠢ ᠶᠢ ᠨᠢᠭᠡᠲᠦᠯᠲᠡᠢ ᠲᠦᠯᠦᠪᠵᠢᠭᠦᠯᠦᠨ ᠳᠦᠬᠦᠷᠵᠢᠭᠦᠯᠵᠦ᠂ ᠨᠠᠮ ᠤᠨ ᠰᠠᠯᠠᠭ᠎ᠠ ᠮᠦᠴᠢᠷ᠂ ᠲᠦᠷᠦ ᠶᠢᠨ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠡ ᠶᠢᠨ ᠡᠬᠦᠷᠬᠡ ᠬᠠᠷᠢᠭᠤᠴᠠᠯᠭ᠎ᠠ ᠶᠢ ᠵᠤᠬᠢᠴᠠᠭᠤᠯᠤᠨ ᠰᠢᠯᠢᠳᠡᠭᠵᠢᠭᠦᠯᠵᠦ᠂ ᠨᠠᠮ ᠵᠠᠰᠠᠬ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠦᠭᠡᠷᠡᠴᠢᠯᠡᠯᠲᠡ ᠶᠢ ᠠᠬᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠲᠡ ᠶᠢ ᠲᠦᠷᠭᠡᠨ ᠠᠬᠢᠭᠤᠯᠵᠤ᠂ ᠴᠡᠷᠢᠭ ᠠᠩᠬᠢ ᠪᠠ ᠤᠷᠤᠨ ᠨᠤᠲᠤᠬ ᠠᠯᠤᠰᠯᠠᠬᠰᠠᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠤᠳᠤᠷᠢᠳᠬᠤ ᠬᠦᠴᠦᠨ ᠢ ᠴᠢᠩᠭᠠᠳᠬᠠᠵᠤ᠂ ᠵᠠᠰᠠᠬ ᠤᠨ ᠤᠷᠳᠤᠨ ᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠦᠭᠵᠢᠬᠡᠵᠦ᠂ ᠠᠷᠠᠳ ᠤᠨ ᠴᠡᠷᠢᠭ ᠠᠩᠬᠢ ᠶᠢᠨ ᠳᠠᠶᠢᠴᠢᠨ ᠬᠦᠴᠦᠨ ᠢ ᠨᠡᠮᠡᠭᠳᠡᠭᠦᠯᠵᠦ᠂ ᠡᠯ᠎ᠡ ᠲᠦᠷᠦᠯ ᠤᠨ ᠪᠠᠶᠢᠭᠤᠯᠤᠮᠵᠢ ᠶᠢ ᠤᠷᠭᠠᠨᠢᠬ ᠢᠶᠠᠷ ᠵᠤᠯᠭᠠᠯᠴᠠᠭᠤᠯᠤᠨ᠂ ᠬᠠᠷᠢᠯᠴᠠᠨ ᠵᠤᠬᠢᠴᠠᠭᠤᠯᠬᠤ ᠬᠡᠷᠡᠭᠲᠡᠢ ᠭᠡᠵᠦ ᠳᠤᠷᠠᠳᠪᠠ᠃      ᠪᠦᠬᠦᠳᠡ ᠬᠤᠷᠠᠯ ᠠᠴᠠ᠂ ᠮᠠᠨ ᠤ ᠤᠯᠤᠰ ᠰᠢᠬ ᠡᠶᠢᠮᠦ ᠶᠡᠭᠡ ᠤᠯᠤᠰ ᠢ ᠰᠠᠶᠢᠲᠤᠷ ᠵᠠᠰᠠᠬᠤ ᠳᠤ᠂ ᠲᠦᠪ ᠎ ᠤᠨ ᠪᠠ ᠤᠷᠤᠨ ᠨᠤᠲᠤᠭ ᠤᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠦᠭᠤᠤᠬᠠᠠᠵᠤ᠂ ᠲᠦᠪ ᠤᠨ ᠪᠠ ᠤᠷᠤᠨ ᠨᠤᠲᠤᠭ ᠤᠨ ᠢᠳᠡᠪᠬᠢᠵᠢᠯ ᠢ ᠨᠡᠩ ᠰᠠᠶᠢᠨ ᠢᠶᠠᠷ ᠪᠠᠲᠠᠷᠠᠭᠤᠯᠬᠤ ᠬᠡᠷᠡᠭᠲᠠᠢ᠃ ᠤᠷᠤᠨ ᠨᠤᠲᠤᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠡᠬᠦᠷᠬᠡ ᠴᠢᠳᠠᠪᠬᠢ ᠶᠢᠨ ᠲᠤᠬᠢᠷᠠᠭᠤᠯᠤᠯᠲᠠ ᠶᠢ ᠨᠢᠭᠡᠳᠦᠯᠲᠠᠢ ᠲᠦᠯᠦᠪᠵᠢᠭᠦᠯᠤᠨ ᠰᠢᠯᠢᠳᠡᠭᠵᠢᠬᠦᠯᠵᠤ᠂ ᠲᠦᠪ ᠠᠴᠠ ᠤᠷᠤᠨ ᠨᠤᠲᠤᠭ ᠬᠦᠷᠳᠡᠯᠡᠬᠢ ᠠᠵᠢᠯᠯᠠᠭᠠᠨ ᠢᠯᠭᠤᠮ ᠤᠷᠤᠭᠰᠢᠲᠠᠢ᠂ ᠠᠮᠢᠵᠢᠷᠠᠯ ᠤᠨ ᠬᠦᠴᠦᠨ ᠪᠢᠯᠬᠠᠮ᠎ᠡ᠂ ᠵᠠᠷᠯᠢᠭ ᠴᠠᠭᠠᠵᠠ ᠶᠢ ᠲᠠᠭᠠᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠲᠦᠪ ᠤᠨ ᠬᠤᠷᠸ᠎ᠡ ᠬᠡᠷᠡᠭ ᠶᠠᠪᠤᠳᠠᠯ ᠳᠠᠬᠢ ᠬᠠᠮᠢᠶᠠᠷᠤᠯᠲᠠ ᠶᠢ ᠴᠢᠩᠭᠠᠳᠬᠠᠨ᠂ ᠤᠷᠤᠨ ᠨᠤᠲᠤᠭ ᠤᠨ ᠬᠢᠨ ᠨᠠᠮ ᠤᠨ ᠲᠦᠪ ᠬᠤᠷᠢᠶᠠᠨ ᠤ ᠵᠠᠷᠯᠢᠭ ᠴᠠᠭᠠᠵᠠ ᠶᠢ ᠲᠠᠭᠠᠬᠤ ᠤᠷᠢᠳᠠᠯ ᠲᠤᠤᠷ᠎ᠡ ᠲᠤᠰ ᠭᠠᠵᠠᠷ ᠤᠷᠤᠨ ᠤ ᠬᠡᠷᠡᠭ ᠶᠠᠪᠤᠳᠠᠯ ᠢ ᠰᠠᠶᠢᠲᠤᠷ ᠬᠠᠮᠢᠶᠠᠷᠴᠤ᠂ ᠮᠤᠵᠢ ᠶᠢᠨ ᠱᠠᠳᠤ ᠵᠢᠴᠢ ᠲᠡᠬᠦᠨ ᠠᠴᠠ ᠲᠤᠷᠤᠬᠰᠢᠬᠢ ᠱᠠᠳᠤᠨ ᠤ ᠪᠠᠶᠢᠭᠤᠯᠤᠮᠵᠢ ᠳᠤ ᠨᠡᠩ ᠤᠯᠠᠨ ᠡᠵᠡᠨ ᠮᠡᠳᠡᠬᠦ ᠡᠷᠭᠡ ᠤᠯᠭᠤᠵᠤ᠂ ᠡᠯ᠎ᠡ ᠲᠡᠰ ᠲᠠᠪᠬᠤᠷᠭ᠎ᠠ ᠶᠢᠨ ᠪᠠᠶᠢᠭᠤᠯᠤᠮᠵᠢ ᠵᠢᠴᠢ ᠡᠬᠦᠷᠭᠡ ᠴᠢᠳᠠᠪᠬᠢ ᠶᠢ ᠵᠤᠬᠢᠰᠲᠠᠢ ᠪᠠᠶᠢᠷᠢᠯᠠᠭᠤᠯᠬᠤ ᠪᠠ ᠲᠤᠬᠢᠷᠠᠭᠤᠯᠵᠤ᠂ ᠤᠷᠤᠨ ᠨᠤᠲᠤᠭ ᠤᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠡᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠪᠢᠴᠢ ᠪᠦᠭᠡᠳ ᠦᠨᠳᠦᠷ ᠪᠦᠲᠦᠮᠵᠢᠲᠠᠢ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠭᠡᠷᠡᠭᠳᠠᠢ ᠭᠡᠵᠦ ᠲᠤᠷᠠᠳᠴᠠᠢ᠃      ᠪᠦᠬᠦᠳᠠ ᠬᠤᠷᠠᠯ ᠠᠴᠠ᠂ ᠪᠠᠶᠢᠭᠤᠯᠤᠮᠵᠢ ᠶᠢᠨ ᠤᠷᠤᠨ ᠲᠤᠭ᠎ᠠ ᠶᠢ ᠬᠠᠤᠯᠢᠵᠢᠭᠤᠯᠤᠨ ᠲᠦᠷᠢᠮᠵᠢᠭᠦᠯᠬᠦ ᠪᠤᠯ ᠨᠠᠮ ᠪᠠ ᠲᠦᠷᠤ ᠶᠢᠨ ᠪᠠᠶᠢᠭᠤᠯᠤᠮᠵᠢ ᠶᠢᠨ ᠦᠭᠡᠷᠡᠴᠢᠯᠡᠯᠲᠠ ᠶᠢᠨ ᠴᠢᠬᠤᠯᠠ ᠪᠠᠲᠤᠯᠠᠭ᠎ᠠ ᠪᠤᠯᠤᠨ᠎ᠠ᠃ ᠨᠠᠮ ᠪᠠ ᠲᠦᠷᠦ ᠶᠢᠨ ᠪᠠᠶᠢᠭᠤᠯᠤᠮᠵᠢ ᠶᠢᠨ ᠬᠠᠤᠯᠢ ᠲᠦᠷᠢᠮ ᠢ ᠲᠡᠬᠦᠯᠳᠡᠷᠵᠢᠭᠦᠯᠵᠤ᠂ ᠬᠠᠤᠯᠢ ᠶᠤᠰᠤᠭᠠᠷ ᠡᠯ᠎ᠡ ᠵᠦᠢᠯ ᠤᠨ ᠵᠤᠬᠢᠶᠠᠨ ᠪᠠᠶᠢᠭᠤᠯᠤᠯᠲᠠ ᠪᠠᠶᠢᠭᠤᠯᠤᠮᠵᠢ ᠶᠢ ᠬᠠᠮᠢᠶᠠᠷᠴᠤ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠲᠡᠰ ᠲᠠᠷᠠᠭᠠᠯᠠᠯ᠂ ᠬᠠᠷᠢᠭᠤᠴᠠᠯᠭ᠎ᠠ ᠶᠢ ᠬᠠᠤᠯᠢᠵᠢᠭᠤᠯᠤᠨ ᠲᠦᠷᠢᠮᠵᠢᠭᠦᠯᠬᠦ ᠶᠢ ᠲᠦᠷᠬᠡᠨ ᠠᠬᠢᠭᠤᠯᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠡ ᠪᠠᠷ ᠬᠡᠷᠡᠭᠵᠢᠬᠦᠯᠵᠤ᠂ ᠡᠭᠦᠷᠭᠡ ᠲᠤᠰᠢᠶᠠᠯ ᠢᠶᠠᠨ ᠬᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠤᠨ ᠬᠢᠵᠠᠭᠠᠷᠯᠠᠵᠤ ᠂ ᠡᠷᠭᠡ ᠶᠢ ᠢᠯᠡ ᠪᠠᠷ ᠬᠡᠷᠡᠭᠵᠢᠬᠦᠯᠵᠤ᠂ ᠤᠷᠤᠨ ᠲᠤᠭ᠎ᠠ ᠶᠢᠨ ᠬᠠᠮᠢᠶᠠᠷᠤᠯᠲᠠ ᠶᠢᠨ ᠬᠠᠳᠠᠭᠤ ᠬᠢᠵᠠᠭᠠᠷᠯᠠᠯ ᠢ ᠴᠢᠩᠭᠠᠳᠬᠠᠨ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠪᠦᠭᠦᠳᠠ ᠬᠤᠷᠠᠯ ᠠᠴᠠ᠂ ᠨᠠᠮ ᠪᠠ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠪᠤᠯ ᠨᠢᠭᠡᠨ ᠰᠢᠰᠲ᠋ᠧᠮᠲᠦ ᠢᠨᠵᠧᠨᠧᠷᠢᠩ ᠮᠦᠨ᠂ ᠡᠯ᠎ᠡ ᠱᠠᠲᠤᠨ ᠤ ᠨᠠᠮ ᠤᠨ ᠬᠤᠷᠢᠶ᠎ᠡ ᠪᠠ ᠵᠠᠰᠠᠭ ᠤᠨ ᠤᠷᠳᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠨᠠᠮ ᠪᠠ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠰᠢᠢᠳᠪᠤᠷᠢᠲᠤ ᠪᠤᠳᠤᠯᠭ᠎ᠠ ᠲᠠᠢ ᠨᠢᠭᠡᠳᠭᠡᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠳᠤᠳᠬᠠᠵᠤ᠂ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠨᠨ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠭᠦᠢ ᠨᠢᠭᠡᠳᠦᠯᠲᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠭᠡᠷᠡᠴᠢᠯᠡᠯᠲᠠ ᠬᠦᠭᠵᠢᠯᠲᠠ ᠲᠤᠭᠲᠠᠭᠤᠨ ᠤ ᠬᠠᠷᠢᠴᠠᠭ᠎ᠠ ᠶᠢ ᠰᠠᠶᠢᠲᠤᠷ ᠡᠵᠡᠮᠳᠡᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠠᠤᠯᠢ ᠲᠦᠷᠢᠮ ᠶᠤᠰᠤᠭᠠᠷ ᠦᠭᠡᠷᠡᠴᠢᠯᠡᠯᠲᠠ ᠶᠢ ᠪᠠᠲᠤᠯᠠᠵᠤ᠂ ᠦᠭᠡᠷᠡᠴᠢᠯᠡᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠤᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠵᠤ᠂ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠵᠡᠷᠭᠡ ᠡᠯ᠎ᠡ ᠲᠠᠯ᠎ᠡ ᠶᠢᠨ ᠪᠠᠶᠢᠭᠤᠯᠤᠮᠵᠢ ᠶᠢᠨ ᠦᠭᠡᠷᠡᠴᠢᠯᠡᠯᠲᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠦᠭᠡᠷᠡᠴᠢᠯᠡᠯᠲᠠ ᠶᠢᠨ ᠬᠠᠷᠢᠯᠴᠡᠨ ᠠᠬᠢᠭᠤᠯᠵᠤ᠂ ᠬᠠᠮᠵᠢᠨ ᠬᠠᠪᠰᠤᠷᠤᠯᠴᠠᠵᠤ ᠬᠠᠷᠢᠯᠴᠠᠨ ᠳᠤᠪᠤᠶᠢᠯᠭᠠᠵᠤ᠂ ᠶᠡᠷᠦᠩᠭᠡᠢ ᠴᠤᠭᠴᠠ ᠶᠢᠨ ᠨᠦᠯᠦᠭᠡᠯᠡᠯ ᠢ ᠪᠤᠢ ᠪᠤᠯᠭᠠᠬᠤ ᠭᠡᠷᠡᠭᠳᠠᠢ ᠬᠡᠵᠤ ᠴᠢᠬᠤᠯᠠᠴᠢᠯᠠᠪᠠ᠃      ᠪᠦᠭᠦᠳᠠ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠲᠠᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠲᠠᠷᠡᠨ ᠪᠦᠯᠬᠦᠮᠳᠡᠵᠤ᠂ ᠦᠵᠡᠯ ᠰᠠᠨᠠᠭ᠎ᠠ ᠪᠠᠨ ᠨᠢᠭᠡᠳᠬᠡᠵᠤ᠂ ᠠᠵᠢᠯᠯᠠᠭ᠎ᠠ ᠪᠠᠨ ᠨᠢᠭᠡᠳᠬᠡᠵᠤ᠂ ᠵᠤᠷᠢᠬᠳᠠᠢ ᠪᠠᠷ ᠦᠭᠡᠷᠡᠴᠢᠯᠡᠯᠲᠠ ᠬᠢᠵᠤ᠂ ᠨᠠᠮ ᠪᠠ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠡᠬᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠰᠢᠰᠲ᠋ᠧᠮ ᠪᠦᠷᠢᠨ ᠲᠦᠬᠦᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠦᠨᠳᠦᠷ ᠪᠦᠲᠦᠮᠵᠢᠲᠠᠢ ᠨᠠᠮ ᠪᠠ ᠲᠦᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠤ ᠢᠯᠠᠯᠳᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠲᠦᠷᠬᠡᠨ ᠠᠬᠢᠭᠤᠯᠬᠤ᠂ ᠲᠤᠮᠳᠠᠳᠤ ᠶᠢᠨ ᠦᠨᠳᠦᠰᠦᠲᠠᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠤᠮᠳᠠᠳᠤ ᠶᠢᠨ ᠵᠠᠭᠦᠳᠤ ᠶᠢ ᠲᠡᠷᠭᠡᠯᠰᠢᠬᠦᠯᠬᠦ ᠶᠢᠨ ᠲᠦᠯᠦᠭᠡ ᠲᠡᠮᠡᠴᠡᠵᠡᠭᠡᠶ᠎ᠠ ᠬᠡᠵᠤ ᠤᠷᠢᠶᠠᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号