ᠬᠦᠬᠡᠬᠤᠲᠠ ᠲᠠᠷᠢᠶᠠᠯᠠᠩ ᠤᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠵᠡᠷᠭᠡ ᠳᠡᠰ ᠳᠡᠪᠰᠢᠭᠦᠯᠬᠦ ᠶᠢ ᠳᠥᠯᠭᠢᠨ ᠠᠬᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2018/3/1
      ᠡᠨᠡ ᠵᠢᠯ ᠬᠥᠬᠡᠬᠤᠲᠠ ᠲᠠᠷᠢᠶᠠᠯᠠᠩ ᠤᠨ ᠰᠠᠭᠤᠷᠢ ᠪᠡᠯᠡᠳᠭᠡᠮᠵᠢ ᠶᠢᠨ ᠪᠦᠳᠦᠭᠡᠠ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠦᠭᠵᠢᠬᠦᠯᠦᠯᠲᠡ ᠥᠭᠡᠷᠡᠴᠢᠯᠡᠯᠲᠡ᠂ ᠨᠤᠲᠤᠭ ᠳᠡᠪᠢᠰᠬᠡᠷ᠂ ᠡᠳ᠋ ᠤᠨ ᠵᠠᠰᠠᠭ᠂ ᠤᠰᠤᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠲᠠᠢ ᠨᠢᠭᠲᠠ ᠬᠠᠮᠵᠢᠯᠴᠠᠵᠤ᠂ ᠤᠰᠤᠨ ᠴᠠᠬᠢᠯᠭᠠᠨ ᠰᠤᠪᠠᠭ ᠵᠠᠮ ᠰᠢᠭᠤᠢ ᠢᠵᠢ ᠪᠦᠷᠢᠳᠦᠭᠰᠡᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠤᠯᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠪᠠᠶᠢᠨ᠎ᠠ᠃ ᠡᠭᠦᠨ ᠤ ᠬᠠᠮᠲᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠪᠠ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠪᠥᠬᠦ ᠬᠤᠲᠠ ᠶᠢᠨ 840 ᠬᠢᠨᠠᠨ ᠬᠡᠮᠵᠢᠬᠦ ᠴᠢᠬ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠪᠣᠯᠤᠨ ᠬᠥᠷᠥᠰᠥ ᠶᠢ ᠰᠢᠨᠵᠢᠵᠦ ᠨᠠᠶᠢᠷᠠᠯᠭ᠎ᠠ ᠪᠤᠷᠳᠤᠭᠤᠷ ᠣᠷᠣᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠪᠥᠬᠦ ᠬᠤᠲᠠ ᠶᠢᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠬᠡᠷᠡᠭᠯᠡᠬᠦ ᠲᠠᠷᠢᠶᠠᠨ ᠭᠠᠵᠠᠷ ᠤᠨ ᠲᠠᠯᠠᠪᠠᠶ ᠶᠢ 60%᠎ ᠠᠴᠠ ᠳᠡᠭᠡᠭᠰᠢ ᠳᠤ ᠬᠦᠷᠦᠬᠦᠯᠵᠤ᠂ ᠬᠥᠷᠥᠰᠥ ᠶᠢ ᠰᠢᠨᠵᠢᠵᠦ ᠨᠠᠶᠢᠷᠠᠯᠭ᠎ᠠ ᠪᠤᠷᠳᠤᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠤᠷᠮ᠎ᠠ ᠶᠢ 2 ᠵᠠᠭᠤᠨ ᠤ ᠴᠡᠭ ᠳᠡᠭᠡᠭᠰᠢᠯᠡᠭᠦᠯᠵᠤ᠂ 82%᠎ ᠳᠤ ᠬᠦᠷᠦᠬᠦᠯᠦᠨ᠎ᠡ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠤ ᠴᠢᠬᠤᠯᠠ ᠬᠠᠮᠠᠭᠠᠯᠠᠯᠲᠠ ᠶᠢᠨ ᠣᠷᠣᠨ ᠢ 320 ᠲᠦᠮᠡᠨ ᠮᠤ᠋ ᠵᠠᠭᠠᠭᠯᠠᠨ ᠲᠤᠭᠲᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠰᠠᠭᠠᠯᠢ ᠶᠢᠨ ᠦᠨᠢᠶ᠎ᠡ ᠶᠢ ᠪᠠᠷᠢᠮᠵᠢᠶᠠᠵᠢᠭᠤᠯᠤᠨ ᠮᠠᠯᠵᠢᠬᠤ ᠲᠠᠯᠠᠪᠠᠢ 20᠂ ᠢᠳᠡᠰᠢᠨ ᠬᠤᠨᠢᠨ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠲᠠᠯᠠᠪᠠᠢ 10᠎ ᠶᠢ ᠦᠭᠡᠷᠡᠴᠢᠯᠡᠬᠦ ᠪᠠ ᠲᠡᠰ ᠳᠡᠪᠰᠢᠬᠦᠯᠦᠨ᠎ᠡ᠃ ᠬᠥᠳᠡᠭᠡ ᠲᠣᠰᠬᠤᠨ ᠤ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠵᠡᠷᠭᠡ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号