ᠡᠳ᠋ ᠤᠨ ᠵᠠᠰᠠᠭ ᠤᠨ ᠶᠠᠮᠤᠨ ᠤ ︽ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾᠎ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018-03-10
      ᠣᠷᠴᠢᠮᠬᠠᠨ᠂ ᠲᠥᠷᠥ ᠶᠢᠨ ᠶᠠᠪᠤᠳᠠᠯ ᠤᠨ ᠬᠤᠷᠢᠶ᠎ᠠ ︽ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠰᠢᠯᠵᠢᠭᠦᠯᠦᠨ ᠬᠤᠪᠢᠶᠠᠵᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠳᠥᠭᠦᠮᠴᠢᠯᠡᠨ᠎ᠡ︶᠎ ᠢ ᠨᠡᠶᠢᠲᠡᠯᠡᠪᠡ᠃ ᠡᠳ᠋ ᠤᠨ ᠵᠠᠰᠠᠭ ᠤᠨ ᠶᠠᠮᠤᠨ ︽ᠲᠥᠰᠦᠯ︾᠎ ᠳᠠᠬᠢ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃       ᠨᠢᠭᠡ᠂ ᠠᠰᠠᠭᠤᠯᠲᠠ᠄ ︽ᠲᠥᠰᠦᠯ︾᠎ ᠢ ᠳᠠᠷᠤᠮᠠᠯᠯᠠᠨ ᠨᠡᠶᠢᠲᠡᠯᠡᠭᠰᠡᠨ ᠠᠬᠤᠢ ᠪᠠᠶᠢᠳᠠᠯ ᠤᠨ ᠲᠤᠬᠠᠢ ᠲᠤᠪᠴᠢ ᠲᠠᠨᠢᠯᠴᠠᠭᠤᠯᠤᠨ᠎ᠠ ᠤᠤ︖       ᠬᠠᠷᠢᠭᠤᠯᠲᠠ᠄ ᠮᠠᠨ ᠤ ᠤᠯᠤᠰ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠢᠭᠡᠳᠦᠯᠲᠡᠶ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠰᠢ᠂ ᠡᠯ᠎ᠡ ᠵᠦᠢᠯ ᠤᠨ ᠠᠵᠢᠯ ᠮᠡᠳᠡᠭᠳᠡᠬᠦ᠋ᠢᠴᠡ ᠠᠮᠵᠢᠯᠲᠠ ᠪᠦᠲᠦᠮᠵᠢ ᠣᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ᠂ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ ᠪᠠᠶᠢᠯᠭᠠᠬᠤ ᠶᠡᠭᠡ ᠲᠠᠯ᠎ᠠ ᠶᠢ ᠬᠠᠮᠠᠭᠠᠯᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠡᠷᠬᠡ ᠠᠰᠢᠭ ᠢ ᠪᠠᠲᠤᠯᠠᠬᠤ ᠴᠢᠬᠤᠯᠠ ᠦᠢᠯᠡᠳᠦᠯ ᠢᠶᠠᠨ ᠪᠠᠳᠠᠷᠠᠭᠤᠯᠵᠠᠶ᠃ ᠡᠭᠦᠨ ᠤ ᠬᠠᠮᠲᠤ ᠪᠠᠰᠠ᠂ ᠤᠯᠠᠨ ᠲᠠᠯ᠎ᠠ ᠶᠢᠨ ᠬᠦᠴᠦᠨ ᠵᠦᠢᠯ ᠳᠤ ᠨᠥᠯᠥᠭᠡᠯᠡᠭᠳᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡ ᠪᠦᠯᠦᠭ ᠰᠠᠭᠤᠷᠢ ᠮᠥᠩᠭᠦ ᠶᠢᠨ ᠳᠤᠲᠠᠭᠤᠳᠠᠯ ᠪᠦᠷᠢᠯᠳᠦᠵᠡᠢ᠃ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠬᠥᠮᠦᠨ ᠠᠮᠠ ᠶᠢᠨ ᠨᠠᠰᠤᠵᠢᠯᠲᠠ ᠶᠢᠨ ᠲᠦᠷᠭᠡᠳᠬᠦ ᠶᠢ ᠳᠠᠭᠠᠯᠳᠤᠨ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠣᠯᠭᠤᠬᠤ ᠳᠠᠷᠤᠯᠲᠠ ᠲᠠᠰᠤᠷᠠᠯᠳᠠ ᠦᠭᠡᠢ ᠴᠢᠩᠭᠠᠷᠠᠵᠤ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠶᠳᠪᠦᠷᠢᠯᠡᠬᠦ ᠬᠡᠷᠡᠭᠲᠡᠶ ᠪᠤᠯᠵᠠᠢ᠃       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠦᠷᠬᠦᠯᠵᠢᠯᠡᠬᠦᠶᠢᠴᠡ ᠴᠢᠨᠠᠷ ᠢ ᠬᠦᠴᠦᠨ ᠲᠠᠢ ᠨᠡᠮᠡᠭᠳᠡᠭᠦᠯᠬᠦ ᠶᠢᠨ ᠲᠦᠯᠦᠭᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠠᠴᠠ ︽ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠳᠤᠷᠠᠳᠪᠠ︾᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠱᠠᠭᠠᠷᠳᠠᠯᠭ᠎ᠠ ᠳᠤᠷᠠᠳᠴᠠᠶ᠃ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠦᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠪᠠ ︽ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠥᠭᠡᠷᠡᠴᠢᠯᠡᠬᠦ ᠪᠠ ᠲᠡᠭᠦᠯᠳᠡᠷᠵᠢᠭᠦᠯᠬᠦ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾᠎ ᠲᠤ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠲᠤᠬᠠᠶ ᠪᠣᠳᠠᠲᠠᠶ ᠲᠣᠭᠲᠠᠭᠠᠯ ᠭᠠᠷᠭᠠᠭᠰᠠᠨ ᠪᠠᠶᠢᠨ᠎ᠠ᠃       ᠬᠤᠶᠠᠷ᠂ ᠠᠰᠠᠭᠤᠯᠲᠠ᠄ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖       ᠬᠠᠷᠢᠭᠤᠯᠲᠠ᠄ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠦᠯᠦᠪᠵᠢᠭᠦᠯᠦᠨ ᠪᠤᠳᠤᠯᠬᠢᠯᠠᠭᠰᠠᠨ ᠰᠠᠭᠤᠷᠢᠨ ᠳᠡᠭᠡᠷ᠎ᠡ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠦᠷᠬᠦᠯᠵᠢᠯᠡᠭᠦᠶᠢᠴᠡ ᠴᠢᠨᠠᠷ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠨᠢᠭᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠬᠦ ᠠᠷᠠᠳ ᠢᠶᠠᠷ ᠤᠯᠬᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠢᠶᠠᠷ ᠢᠶᠠᠨ ᠬᠠᠮᠲᠤ ᠪᠠᠷ ᠬᠦᠷᠲᠡᠬᠦ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠭᠦᠢᠴᠡᠳ ᠢᠯᠡᠷᠡᠭᠦᠯᠬᠦ ᠳᠤ ᠠᠰᠢᠭᠲᠠᠢ᠃ ᠬᠤᠶᠠᠷ ᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠦᠶ᠎ᠡ ᠶᠢᠨ ᠬᠤᠭᠤᠷᠣᠨᠳᠣ ᠭᠤᠣᠯᠴᠢ ᠪᠠᠶᠢᠬᠤ᠂ ᠰᠦᠢᠳᠬᠡᠯ ᠲᠤᠰᠢᠶᠠᠬᠤ ᠤᠨ ᠤ ᠬᠤᠭᠤᠴᠠᠭ᠎ᠠ ᠲᠠᠢ ᠠᠳᠠᠯᠢ ᠪᠠᠷ ᠦᠵᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠴᠠ ᠪᠦᠷᠢᠯᠳᠦᠭᠰᠡᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠠᠴᠠ ᠵᠠᠶᠢᠯᠠᠰᠬᠢᠵᠤ᠂ ᠭᠠᠶᠢᠯᠢ ᠲᠠᠲᠠᠪᠤᠷᠢ ᠶᠢ ᠨᠡᠮᠡᠭᠳᠡᠭᠦᠯᠬᠦ᠂ ᠠᠵᠢᠯ ᠳᠤ ᠪᠠᠶᠢᠭ᠎ᠠ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠰᠦᠢᠳᠬᠡᠯ ᠲᠤᠰᠢᠶᠠᠬᠤ ᠨᠤᠷᠮ᠎ᠠ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠤᠶᠢᠴᠢ ᠦᠶ᠎ᠡ ᠳᠡᠭᠡᠨ ᠰᠢᠯᠵᠢᠭᠦᠯᠦᠨ ᠦᠭᠬᠦ ᠶᠢ ᠪᠡᠶᠡᠯᠡᠭᠦᠯᠬᠦ ᠳᠤ ᠠᠰᠢᠭᠲᠠᠢ᠃ ᠭᠤᠷᠪᠠ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ᠂ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢ ᠤᠯᠠᠨ ᠡᠰᠢᠵᠢᠭᠦᠯᠦᠨ ᠡᠵᠡᠮᠰᠢᠬᠦ ᠶᠢ ᠪᠡᠶᠡᠯᠡᠭᠦᠯᠬᠦ᠂ ᠺᠤᠮᠫᠠᠨᠢ ᠶᠢ ᠵᠠᠰᠠᠬᠤ ᠪᠦᠲᠦᠴᠡ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠬᠤ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠬᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭᠠᠶᠢᠷᠠᠭᠤᠯᠬᠤ ᠶᠢ ᠠᠬᠢᠭᠤᠯᠬᠤ᠂ ᠬᠥᠭᠵᠢᠯᠲᠡ ᠶᠢᠨ ᠦᠷ᠎ᠡ ᠪᠦᠲᠦᠮᠵᠢ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠨᠡᠩ ᠢᠯᠡᠭᠦᠦ ᠬᠡᠷᠡᠭᠯᠡᠬᠦ ᠶᠢ ᠲᠦᠯᠬᠢᠨ ᠠᠬᠢᠭᠤᠯᠬᠤ ᠳᠤ ᠠᠰᠢᠭᠲᠠᠢ᠃       ᠭᠤᠷᠪᠠ᠂ ᠠᠰᠠᠭᠤᠯᠲᠠ᠄ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠭᠤᠣᠯ ᠵᠠᠷᠴᠢᠮ ᠨᠢ ᠶᠠᠭᠤ ᠪᠤᠢ︖       ᠬᠠᠷᠢᠭᠤᠯᠲᠠ᠄ ᠬᠤᠪᠢᠶᠠᠷᠢᠯᠠᠨ ᠰᠢᠯᠵᠢᠭᠦᠯᠬᠦ ᠠᠵᠢᠯ ᠨᠢ ᠳᠣᠣᠷᠠᠬᠢ ᠵᠠᠷᠴᠢᠮ ᠤᠳ ᠢ ᠪᠠᠷᠢᠮᠲᠠᠯᠠᠬᠤ ᠬᠡᠷᠡᠭᠲᠡᠶ᠄ ᠨᠢᠭᠡ ᠳᠤ ᠬᠠᠷᠠᠯᠲᠠ ᠶᠢᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠠᠷᠠᠯᠲᠠ ᠯᠤᠭ᠎ᠠ ᠨᠢᠭᠲᠠ ᠤᠶᠠᠯᠳᠤᠭᠤᠯᠬᠤ ᠬᠡᠷᠡᠭᠲᠡᠶ᠃ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠬᠦ ᠪᠠᠷ ᠳᠠᠮᠵᠢᠭᠤᠯᠤᠨ᠂ ᠰᠦᠢᠳᠬᠡᠯ ᠲᠤᠰᠢᠶᠠᠬᠤ ᠤᠨ ᠤ ᠬᠤᠭᠤᠴᠠᠭ᠎ᠠ ᠲᠠᠢ ᠠᠳᠠᠯᠢ ᠪᠠᠷ ᠦᠵᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠪᠤᠯᠵᠤ ᠪᠦᠷᠢᠯᠳᠦᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠨᠦᠬᠦᠪᠦᠷᠢᠯᠡᠵᠦ᠂ ᠨᠡᠩ ᠲᠥᠪ ᠭᠤᠣᠯᠴᠢ ᠨᠡᠩ ᠦᠷᠭᠦᠯᠵᠢᠯᠡᠬᠦ᠋ᠢᠴᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠬᠤᠶᠠᠷ ᠲᠤ ᠰᠢᠰᠲ᠋ᠧᠮ ᠤᠨ ᠲᠥᠯᠥᠪᠵᠢᠭᠦᠯᠭᠡ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠠᠯᠲᠠ ᠯᠤᠭ᠎ᠠ ᠨᠢᠭᠲᠠ ᠤᠶᠠᠯᠳᠤᠭᠤᠯᠬᠤ ᠬᠡᠷᠡᠭᠲᠡᠶ᠃ ᠤᠯᠤᠰ ᠤᠨ ᠥᠮᠴᠢᠯᠡᠯ ᠤᠨ ᠬᠡᠰᠡᠭ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠬᠠᠷᠠᠯᠲᠠ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠤᠨ ᠪᠤᠢ ᠪᠣᠯᠤᠭᠰᠠᠨ ᠰᠢᠯᠲᠠᠭᠠᠨ᠂ ᠤᠯᠤᠰ ᠤᠨ ᠥᠮᠴᠢᠯᠡᠯ ᠤᠨ ᠭᠦᠷᠦᠩᠭᠡ ᠶᠢᠨ ᠣᠳᠣᠬᠢ ᠪᠠᠶᠢᠳᠠᠯ ᠪᠠ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠪᠤᠳᠤᠯᠬᠢᠯᠠᠵᠤ᠂ ᠬᠤᠪᠢᠶᠠᠷᠢᠯᠠᠨ ᠰᠢᠯᠵᠢᠭᠦᠯᠬᠦ ᠬᠦᠷᠢᠶ᠎ᠡ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠬᠤᠪᠢᠶᠠᠷᠢᠯᠠᠨ ᠰᠢᠯᠵᠢᠭᠦᠯᠬᠦ ᠬᠠᠷᠢᠴᠠᠯ ᠢ ᠵᠦᠢ ᠵᠣᠬᠢᠰᠲᠠᠶ ᠪᠠᠷ ᠲᠣᠭᠲᠠᠭᠠᠬᠤ ᠬᠡᠷᠡᠭᠲᠡᠶ᠃ ᠭᠤᠷᠪᠠ ᠳᠤ ᠠᠯᠤᠰ ᠢ ᠪᠠᠷᠠᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠨᠥᠬᠦᠪᠥᠷᠢᠯᠡᠬᠦ ᠬᠠᠷᠠᠯᠲᠠ ᠯᠤᠭ᠎ᠠ ᠤᠶᠠᠯᠳᠤᠭᠤᠯᠬᠤ ᠬᠡᠷᠡᠭᠲᠡᠶ᠃ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠦᠷᠦᠩᠭᠡ ᠶᠢ ᠬᠤᠪᠢᠶᠠᠷᠢᠯᠠᠨ ᠰᠢᠯᠵᠢᠭᠦᠯᠬᠦ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠦᠬᠦᠪᠦᠷᠢᠯᠡᠬᠦ ᠶᠢ ᠤᠶᠠᠯᠳᠤᠭᠤᠯᠤᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠦᠷᠪᠡ ᠳᠤ ᠪᠡᠶ᠎ᠡ ᠪᠠᠨ ᠳᠠᠭᠠᠭᠠᠨ ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠯᠠᠨ ᠠᠷᠭ᠎ᠠ ᠵᠠᠮ ᠢᠶᠠᠷ ᠴᠤᠭᠯᠠᠭᠤᠯᠬᠤ ᠲᠦᠷᠦ ᠶᠢᠨ ᠪᠤᠳᠤᠯᠭ᠎ᠠ ᠶᠢᠨ ᠬᠠᠷᠠᠯᠲᠠ ᠯᠤᠭ᠎ᠠ ᠤᠶᠠᠯᠳᠤᠭᠤᠯᠬᠤ ᠬᠡᠷᠡᠭᠲᠡᠶ᠃ ᠬᠤᠪᠢᠶᠠᠷᠢᠯᠡᠨ ᠰᠢᠯᠵᠢᠭᠦᠯᠬᠦ ᠤᠯᠤᠰ ᠤᠨ ᠥᠮᠴᠢᠯᠡᠯ ᠤᠨ ᠬᠦᠷᠦᠩᠭᠡ ᠨᠢ ᠣᠨᠴᠠᠭᠠᠶ ᠬᠡᠷᠡᠭᠴᠡᠭᠡ ᠪᠠ ᠲᠦᠷᠦ ᠶᠢᠨ ᠪᠤᠳᠤᠯᠭ᠎ᠠ ᠶᠢᠨ ᠬᠠᠷᠠᠯᠲᠠ ᠲᠠᠢ ᠪᠠᠶᠢᠵᠤ᠂ ᠡᠵᠡᠩᠨᠡᠯᠲᠡ ᠶᠢᠨ ᠠᠰᠢᠭ ᠤᠷᠤᠯᠭ᠎ᠠ ᠶᠢᠨ ᠲᠤᠰᠬᠠᠶ ᠵᠦᠢᠯ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠨᠥᠬᠦᠪᠥᠷᠢᠯᠡᠬᠦ ᠳᠤ ᠬᠡᠷᠡᠭᠯᠡᠨ᠎ᠡ᠃       ᠳᠥᠷᠪᠡ᠂ ᠠᠰᠠᠭᠤᠯᠲᠠ᠄ ︽ᠲᠥᠰᠦᠯ︾᠎ ᠢ ᠬᠡᠷᠡᠭᠵᠢᠭᠦᠯᠬᠦ ᠨᠢ᠂ ᠤᠯᠤᠰ ᠤᠨ ᠥᠮᠴᠢᠯᠡᠯ ᠤᠨ ᠬᠦᠷᠦᠩᠭᠡ ᠶᠢ ᠶᠡᠭᠡ ᠬᠡᠮᠵᠢᠶ᠎ᠡ ᠪᠠᠷ ᠮᠥᠩᠭᠦ ᠪᠣᠯᠭᠠᠨ ᠬᠤᠪᠢᠷᠠᠭᠤᠯᠬᠤ ᠪᠠᠷ ᠳᠠᠮᠵᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦᠨ ᠤ ᠳᠤᠲᠠᠭᠤᠳᠠᠯ ᠢ ᠨᠥᠬᠦᠪᠥᠷᠢᠯᠡᠬᠦ ᠳᠤ ᠬᠡᠷᠡᠭᠯᠡᠨ᠎ᠡ ᠭᠡᠳᠡᠭ ᠢ ᠬᠠᠷᠠᠭᠤᠯᠵᠤ ᠪᠠᠶᠢᠬᠤ ᠤᠤ︖       ᠬᠠᠷᠢᠭᠤᠯᠲᠠ᠄ ᠡᠨᠡ ᠬᠦ ᠣᠶᠢᠯᠠᠭᠠᠯᠲᠠ ᠨᠢ ᠪᠤᠷᠤᠭᠤ ᠶᠤᠮ᠃ ᠬᠡᠰᠡᠭ ᠪᠦᠯᠦᠭ ᠤᠯᠤᠰ ᠤᠨ ᠥᠮᠴᠢᠯᠡᠯ ᠤᠨ ᠬᠦᠷᠦᠩᠭᠡ ᠶᠢ ᠬᠤᠪᠢᠶᠠᠷᠢᠯᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠪᠣᠳᠠᠲᠠᠶᠢᠵᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠭᠠᠷᠭᠠᠭᠰᠠᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠲᠣᠭᠲᠠᠭᠠᠯ ᠮᠦᠨ᠃ ᠬᠤᠪᠢᠶᠠᠷᠢᠯᠠᠨ ᠰᠢᠯᠵᠢᠭᠦᠯᠬᠦ ᠶᠢ ᠬᠡᠷᠡᠭᠵᠢᠭᠦᠯᠬᠦ ᠶᠢᠨ ᠠᠴᠢ ᠬᠤᠯᠪᠣᠭᠳᠠᠯ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠬᠠᠮᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠤ ᠬᠠᠮᠲᠤ ᠪᠠᠷ ᠡᠳ᠋ᠯᠡᠭᠦᠯᠵᠦ᠂ ᠥᠭᠡᠷᠡᠴᠢᠯᠡᠯᠲᠡ ᠶᠢ ᠠᠬᠢᠭᠤᠯᠬᠤ ᠪᠠ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠦᠷᠢᠮ ᠢ ᠪᠦᠷᠢᠨᠰᠢᠭᠦᠯᠬᠦ ᠳᠤ ᠪᠠᠶᠢᠨ᠎ᠠ᠃ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠥᠮᠴᠢᠯᠡᠯ ᠤᠨ ᠬᠥᠷᠥᠩᠭᠡ ᠶᠢᠨ ᠲᠤᠬᠠᠢ᠂ ︽ᠲᠥᠰᠦᠯ︾᠎ ᠳᠤ ᠲᠣᠳᠣᠷᠬᠠᠢ ᠵᠢᠭᠠᠵᠤ ᠭᠠᠷᠭᠠᠭᠰᠠᠨ ᠨᠢ᠂ ᠤᠯᠤᠰ ᠤᠨ ᠥᠮᠴᠢᠯᠡᠯ ᠤᠨ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦᠨ ᠤ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠥᠷᠢᠯᠡᠬᠦ ᠶᠢ ᠤᠶᠠᠯᠳᠤᠭᠤᠯᠤᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠪᠡ᠃ ᠤᠯᠤᠰ ᠤᠨ ᠥᠮᠴᠢᠯᠡᠯ ᠤᠨ ᠬᠥᠷᠥᠩᠭᠡ ᠶᠢ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ᠂ ᠨᠢᠭᠡ ᠳᠤ ᠤᠯᠤᠰ ᠤᠨ ᠥᠮᠴᠢᠯᠡᠯ ᠤᠨ ᠬᠦᠷᠦᠩᠭᠡ ᠶᠢᠨ ᠠᠰᠢᠭ ᠣᠷᠣᠯᠭ᠎ᠠ ᠶᠢᠨ ᠭᠤᠣᠯ ᠢᠷᠡᠯᠲᠡ ᠨᠢ ᠰᠲ᠋ᠣᠺ ᠤᠨ ᠡᠷᠬᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠮᠦᠨ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠪᠡᠶᠡᠴᠢ ᠴᠣᠭᠴᠠ ᠠᠴᠠ ᠡᠵᠡᠮᠰᠢᠨ᠎ᠡ᠃ ᠬᠤᠶᠢᠰᠢᠳᠠ᠂ ᠡᠯ᠎ᠡ ᠳᠠᠭᠠᠭᠠᠴᠢᠯᠠᠨ ᠬᠢᠬᠦ ᠪᠡᠶᠡᠴᠢ ᠴᠣᠭᠴᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ ᠶᠢᠨ ᠬᠡᠷᠡᠭᠴᠡᠭᠡ ᠪᠠ ᠤᠯᠤᠰ ᠤᠨ ᠥᠮᠴᠢᠯᠡᠯ ᠤᠨ ᠬᠦᠷᠦᠩᠭᠡ ᠶᠢᠨ ᠠᠰᠢᠭ ᠣᠷᠣᠯᠭ᠎ᠠ ᠶᠢᠨ ᠪᠠᠶᠢᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠴᠠᠭ ᠲᠤᠬᠠᠢ ᠳᠤᠨᠢ ᠲᠣᠬᠢᠷᠠᠭᠤᠯᠤᠨ ᠬᠤᠷᠢᠶᠠᠨ ᠠᠪᠬᠤ ᠶᠢ ᠬᠡᠷᠡᠭᠵᠢᠭᠦᠯᠦᠨ᠎ᠡ᠃ ᠣᠳᠣᠬᠠᠨ ᠳᠤ᠂ ᠮᠠᠨ ᠤ ᠤᠯᠤᠰ ᠤᠨ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠡᠷᠦᠩᠬᠡᠶ ᠳᠡᠭᠡᠨ ᠨᠡᠯᠢᠶᠡᠳ ᠶᠡᠭᠡ ᠬᠡᠪᠴᠢᠶᠡᠨ ᠤ ᠦᠯᠡᠳᠡᠪᠦᠷᠢ ᠲᠠᠢ ᠪᠠᠶᠢᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠨᠢ ᠨᠡᠯᠢᠶᠡᠳ ᠶᠡᠭᠡ ᠬᠡᠮᠵᠢᠶ᠎ᠡ ᠪᠠᠷ ᠬᠠᠳᠠᠭᠠᠯᠠᠭᠳᠠᠵᠤ ᠪᠣᠢ᠂ ᠣᠬᠤᠷᠬᠠᠨ ᠬᠤᠭᠤᠴᠠᠭᠠᠨ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠥᠮᠴᠢᠯᠡᠯ ᠤᠨ ᠬᠦᠷᠦᠩᠭᠡ ᠳᠤ ᠠᠰᠢᠭ ᠣᠯᠵᠠᠪᠤᠷᠢ ᠣᠯᠬᠤ ᠪᠠ ᠬᠤᠷᠢᠶᠠᠨ ᠠᠪᠬᠤ ᠶᠢ ᠬᠡᠷᠡᠭᠵᠢᠭᠦᠯᠬᠦ ᠦᠭᠡᠢ᠂ ᠳᠠᠭᠠᠭᠠᠴᠢᠯᠠᠨ ᠬᠢᠬᠦ ᠪᠡᠶᠡᠴᠢ ᠴᠣᠭᠴᠠ ᠨᠢ ᠤᠯᠤᠰ ᠤᠨ ᠥᠮᠴᠢᠯᠡᠯ ᠤᠨ ᠬᠦᠷᠦᠩᠭᠡ ᠶᠢ ᠪᠡᠯᠡᠨ ᠮᠦᠩᠭᠦ ᠪᠣᠯᠭᠠᠬᠤ ᠳᠤ ᠬᠦᠷᠦᠭᠦᠯᠬᠦ ᠦᠬᠡᠢ᠃ ᠬᠤᠶᠠᠷ ᠲᠤ ︽ᠲᠥᠰᠦᠯ︾᠎ ᠳᠤ ᠳᠤᠷᠠᠳᠤᠭᠰᠠᠨ ᠨᠢ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠪᠡᠶᠡᠴᠢ ᠴᠣᠭᠴᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠤᠯᠤᠰ ᠤᠨ ᠥᠮᠴᠢᠯᠡᠯ ᠤᠨ ᠬᠦᠷᠦᠩᠭᠡ ᠶᠢᠨ ᠠᠵᠢᠯᠯᠠᠭᠠᠨ ᠢᠶᠠᠷ ᠳᠠᠮᠵᠢᠭᠤᠯᠤᠨ ᠠᠰᠢᠭ ᠬᠦᠷᠲᠡᠵᠦ ᠪᠣᠯᠤᠨ᠎ᠠ ᠭᠡᠪᠡ᠃ ᠤᠯᠤᠰ ᠤᠨ ᠥᠮᠴᠢᠯᠡᠯ ᠤᠨ ᠬᠦᠷᠦᠩᠭᠡ ᠶᠢᠨ ᠠᠵᠢᠯᠯᠠᠭᠠᠨ ᠨᠢ ᠭᠤᠣᠯᠳᠠᠭᠤ ᠤᠯᠤᠰ ᠤᠨ ᠥᠮᠴᠢᠯᠡᠯ ᠤᠨ ᠬᠦᠷᠦᠩᠭᠡ ᠶᠢᠨ ᠪᠦᠲᠦᠴᠡ ᠶᠢ ᠲᠣᠬᠢᠷᠠᠭᠤᠯᠬᠤ ᠪᠠ ᠡᠮᠬᠢ ᠵᠢᠷᠤᠮ ᠲᠠᠢ ᠪᠠᠷ ᠣᠷᠤᠭᠤᠯᠵᠤ ᠭᠠᠷᠭᠠᠬᠤ ᠶᠠᠪᠤᠳᠠᠯ ᠮᠦᠨ᠂ ᠬᠠᠷᠠᠯᠲᠠ ᠨᠢ ᠤᠯᠤᠰ ᠤᠨ ᠥᠮᠴᠢᠯᠡᠯ ᠤᠨ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠡᠶᠡᠯᠡᠭᠦᠯᠦᠨ᠂ ᠨᠡᠩ ᠤᠯᠠᠨ ᠠᠰᠢᠭ ᠣᠷᠣᠯᠭ᠎ᠠ ᠣᠯᠵᠤ᠂ ᠤᠯᠤᠰ ᠤᠨ ᠥᠮᠴᠢᠯᠡᠯ ᠤᠨ ᠬᠦᠷᠦᠩᠭᠡ ᠶᠢ ᠪᠡᠯᠡᠨ ᠵᠣᠭᠤᠰ ᠪᠣᠯᠭᠠᠭᠰᠠᠨ ᠳᠦᠭᠦᠮ ᠬᠢᠯᠪᠠᠷ ᠶᠠᠪᠤᠳᠠᠯ ᠪᠢᠰᠢ᠃ ᠭᠤᠷᠪᠠ ᠳᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠪᠡᠶᠡᠴᠢ ᠴᠣᠭᠴᠠ ᠨᠢ 3 ᠵᠢᠯ ᠠᠴᠠ ᠳᠡᠭᠡᠭᠰᠢᠬᠢ ᠪᠣᠷᠣᠯᠠᠭᠤᠯᠬᠤ ᠶᠢ ᠴᠠᠭᠠᠵᠠᠯᠠᠭᠰᠠᠨ ᠬᠤᠭᠤᠴᠠᠭᠠᠨ ᠤ ᠡᠭᠦᠷᠭᠡ ᠶᠢ ᠭᠦᠢᠴᠡᠳᠬᠡᠬᠦ ᠪᠥᠭᠡᠳ ᠤᠤᠯ ᠤᠨ ᠡᠵᠡᠮᠰᠢᠵᠦ ᠪᠠᠶᠢᠭ᠎ᠠ ᠬᠤᠪᠢ ᠶᠢᠨ ᠪᠡᠶᠡᠴᠢ ᠴᠣᠭᠴᠠ ᠶᠢᠨ ᠪᠤᠰᠤᠳ ᠪᠣᠷᠣᠯᠠᠭᠤᠯᠬᠤ ᠶᠢ ᠴᠠᠭᠠᠵᠠᠯᠠᠬᠤ ᠬᠤᠭᠤᠴᠠᠭᠠᠨ ᠤ ᠡᠭᠦᠷᠭᠡ ᠶᠢ ᠵᠠᠯᠭᠠᠮᠵᠢᠯᠠᠬᠤ ᠬᠡᠷᠡᠭᠲᠡᠢ᠃ ᠡᠨᠡᠬᠦ ᠪᠣᠷᠣᠯᠠᠭᠤᠯᠬᠤ ᠶᠢ ᠴᠠᠭᠠᠵᠠᠯᠠᠬᠤ ᠬᠤᠭᠤᠴᠠᠭᠠᠨ ᠳᠤ᠂ ᠬᠡᠷᠪᠡ ᠬᠤᠪᠢᠶᠠᠷᠢᠯᠠᠨ ᠰᠢᠯᠵᠢᠭᠦᠯᠬᠦ ᠳᠤ ᠬᠤᠯᠪᠣᠭᠳᠠᠬᠤ ᠬᠠᠮᠢᠶ᠎ᠠ ᠪᠦᠬᠦᠢ ᠠᠵᠤ ᠠᠬᠤᠶᠢᠯᠠᠯ ᠨᠢ ᠵᠠᠬ᠎ᠠ ᠳᠡᠯᠭᠡᠭᠦᠷ ᠲᠤ ᠣᠷᠣᠬᠤ ᠳᠤ ᠬᠦᠷᠪᠡᠯ᠂ ᠤᠤᠯ ᠤᠨ ᠬᠤᠪᠢ ᠡᠵᠡᠮᠰᠢᠵᠦ ᠪᠠᠶᠢᠭ᠎ᠠ ᠪᠡᠶᠡᠴᠢ ᠴᠣᠭᠴᠠ ᠶᠢᠨ ᠪᠣᠷᠣᠯᠠᠭᠤᠯᠬᠤ ᠶᠢ ᠴᠠᠭᠠᠵᠠᠯᠠᠬᠤ ᠬᠤᠭᠤᠴᠠᠭᠠᠨ ᠤ ᠡᠭᠦᠷᠭᠡ ᠶᠢ ᠵᠠᠯᠭᠠᠮᠵᠢᠯᠠᠬᠤ ᠬᠡᠷᠡᠭᠲᠡᠢ᠃ ᠡᠶᠢᠮᠦ ᠠᠴᠠ᠂ ᠳᠡᠭᠡᠷ᠎ᠡ ᠳᠤᠷᠠᠳᠤᠭᠰᠠᠨ ᠬᠤᠭᠤᠴᠠᠭᠠᠨ ᠳᠣᠲᠣᠷ᠎ᠠ ᠳᠠᠭᠠᠭᠠᠴᠢᠯᠠᠨ ᠬᠢᠬᠦ ᠪᠡᠶᠡᠴᠢ ᠴᠣᠭᠴᠠ ᠴᠤ ᠤᠯᠤᠰ ᠤᠨ ᠥᠮᠴᠢᠯᠡᠯ ᠤᠨ ᠬᠦᠷᠦᠩᠭᠡ ᠶᠢ ᠪᠡᠯᠡᠨ ᠵᠣᠭᠤᠰ ᠪᠣᠯᠭᠠᠨ ᠬᠤᠪᠢᠷᠠᠭᠤᠯᠬᠤ ᠦᠭᠡᠢ᠃ ᠶᠡᠷᠦᠩᠬᠡᠶᠢᠯᠡᠭᠡᠳ ᠬᠡᠯᠡᠪᠡᠯ᠂ ᠬᠤᠪᠢᠶᠠᠷᠢᠯᠠᠨ ᠰᠢᠯᠵᠢᠭᠦᠯᠬᠦ ᠨᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠨᠥᠬᠦᠪᠥᠷᠢᠯᠡᠬᠦ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠬᠤ ᠳᠤ ᠪᠠᠶᠢᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠳᠠᠭᠠᠯᠳᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠢᠶᠠᠷ ᠢᠶᠠᠨ ᠬᠠᠮᠲᠤ ᠪᠠᠷ ᠡᠳ᠋ᠯᠡᠬᠦ ᠶᠢ ᠨᠡᠩ ᠰᠠᠶᠢᠲᠤᠷ ᠢᠯᠡᠷᠡᠭᠦᠯᠵᠦ᠂ ᠠᠷᠠᠳ ᠤᠨ ᠠᠮᠢᠳᠤᠷᠠᠯ ᠢ ᠨᠡᠩ ᠰᠠᠶᠢᠨ ᠪᠠᠲᠤᠯᠠᠵᠤ ᠰᠠᠶᠢᠵᠢᠷᠠᠭᠤᠯᠬᠤ ᠪᠣᠯᠣᠨ᠎ᠠ᠃ ︽ᠲᠥᠰᠦᠯ︾᠎ ᠢ ᠬᠡᠷᠡᠭᠵᠢᠭᠦᠯᠬᠦ ᠶᠠᠪᠤᠴᠠ ᠳᠤᠮᠳᠠ᠂ ᠤᠯᠤᠰ ᠤᠨ ᠥᠮᠴᠢᠯᠡᠯ ᠤᠨ ᠬᠦᠷᠦᠩᠭᠡ ᠶᠢ ᠶᠡᠭᠡ ᠬᠡᠮᠵᠢᠶ᠎ᠡ ᠪᠠᠷ ᠪᠡᠯᠡᠨ ᠵᠣᠭᠤᠰ ᠪᠣᠯᠭᠠᠬᠤ ᠶᠠᠪᠤᠳᠠᠯ ᠡᠭᠦᠰᠬᠦ ᠦᠭᠡᠢ ᠪᠦᠭᠡᠳ ᠡᠭᠦᠰᠬᠦ ᠶᠢ ᠵᠥᠪᠰᠢᠶᠡᠷᠡᠬᠦ ᠦᠭᠡᠢ᠃       ᠲᠠᠪᠤ᠂ ︽ᠲᠥᠰᠦᠯ︾᠎ ᠨᠢ ᠬᠤᠪᠢᠶᠠᠷᠢᠯᠠᠨ ᠰᠢᠯᠵᠢᠭᠦᠯᠬᠦ ᠬᠦᠷᠢᠶ᠎ᠡ ᠬᠡᠪᠴᠢᠶ᠎ᠡ᠂ ᠬᠤᠪᠢᠶᠠᠷᠢᠯᠠᠨ ᠰᠢᠯᠵᠢᠭᠦᠯᠬᠦ ᠡᠲᠡᠭᠡᠳ ᠪᠠ ᠬᠤᠪᠢᠶᠠᠷᠢᠯᠠᠨ ᠰᠢᠯᠵᠢᠭᠦᠯᠬᠦ ᠬᠠᠷᠢᠴᠠᠯ ᠳᠤ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖       ᠬᠠᠷᠢᠭᠤᠯᠲᠠ᠄ ︽ᠲᠥᠰᠦᠯ︾᠎ ᠳᠤ ᠲᠣᠳᠣᠷᠬᠠᠶᠢᠯᠠᠭᠰᠠᠨ ᠨᠢ᠂ ᠲᠥᠪ ᠤᠨ ᠪᠠ ᠣᠷᠣᠨ ᠨᠤᠲᠤᠭ ᠤᠨ ᠤᠯᠤᠰ ᠤᠨ ᠥᠮᠴᠢᠯᠡᠯ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠤᠪᠢᠶᠠᠷᠢᠯᠠᠨ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠤᠭᠤᠯᠤᠨ᠎ᠠ ᠭᠡᠪᠡ᠃ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠠᠵᠤ ᠠᠬᠤᠶᠢᠯᠠᠯ᠂ ᠰᠣᠶᠣᠯ ᠤᠨ ᠠᠵᠤ ᠠᠬᠤᠶᠢᠯᠠᠯ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃       ᠬᠤᠪᠢᠶᠠᠷᠢᠯᠠᠨ ᠰᠢᠯᠵᠢᠭᠦᠯᠬᠦ ᠡᠲᠡᠭᠡᠳ ᠤᠨ ᠲᠠᠯ᠎ᠠ ᠪᠠᠷ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢ ᠳᠠᠪᠬᠤᠷᠳᠠᠭᠤᠯᠤᠨ ᠬᠤᠪᠢᠶᠠᠷᠢᠯᠠᠨ ᠰᠢᠯᠵᠢᠭᠦᠯᠬᠦ ᠠᠴᠠ ᠵᠠᠶᠢᠯᠠᠰᠭᠢᠬᠦ ᠶᠢᠨ ᠲᠤᠰᠠᠳᠠ᠂ ︽ ᠲᠥᠰᠦᠯ︾᠎ ᠳᠤ ᠲᠣᠭᠲᠠᠭᠠᠭᠰᠠᠨ ᠨᠢ᠂ ᠲᠥᠪ ᠤᠨ ᠪᠠ ᠣᠷᠣᠨ ᠨᠤᠲᠤᠭ ᠤᠨ ᠠᠵᠤ ᠠᠬᠤᠶᠢᠯᠠᠯ ᠤᠨ ᠪᠦᠯᠦᠭᠯᠡᠯ ᠨᠢ ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠨᠢᠭᠡᠨᠲᠡ ᠪᠡᠶᠡᠯᠡᠭᠦᠯᠦᠭᠰᠡᠨ ᠪᠣᠯ ᠠᠵᠤ ᠠᠬᠤᠶᠢᠯᠠᠯ ᠤᠨ ᠪᠦᠯᠦᠭᠯᠡᠯ ᠤᠨ ᠰᠲ᠋ᠣᠺ ᠤᠨ ᠡᠷᠬᠡ ᠶᠢ ᠰᠢᠭᠤᠳ ᠬᠤᠪᠢᠶᠠᠷᠢᠯᠠᠨ ᠰᠢᠯᠵᠢᠭᠦᠯᠦᠨ᠎ᠡ ᠭᠡᠪᠡ᠃ ᠣᠳᠣᠬᠢ ᠱᠠᠲᠤᠨ ᠤ ᠬᠡᠰᠡᠭ ᠪᠦᠯᠦᠭ ᠠᠵᠤ ᠠᠬᠤᠶᠢᠯᠠᠯ ᠤᠨ ᠪᠦᠯᠦᠭᠯᠡᠯ ᠨᠢ ᠠᠷᠠᠳ ᠨᠡᠶᠢᠲᠡ ᠶᠢᠨ ᠦᠮᠴᠢᠯᠡᠯᠲᠦ ᠠᠵᠤ ᠠᠬᠤᠶᠢᠯᠠᠯ ᠪᠠᠶᠢᠵᠤ᠂ ᠰᠲ᠋ᠣᠺ ᠤᠨ ᠡᠷᠬᠡ ᠶᠢ ᠬᠤᠪᠢᠶᠠᠷᠢᠯᠠᠨ ᠰᠢᠯᠵᠢᠭᠦᠯᠬᠦ ᠨᠥᠬᠦᠴᠡᠯ ᠬᠠᠷᠠᠬᠠᠨ ᠪᠦᠷᠢᠯᠳᠦᠭᠡᠳᠦᠶ ᠪᠠᠶᠢᠬᠤ ᠶᠢ ᠪᠣᠳᠤᠯᠬᠢᠯᠠᠨ᠂ ︽ ᠲᠥᠰᠦᠯ︾᠎ ᠳᠤ ᠳᠤᠷᠠᠳᠤᠭᠰᠠᠨ ᠨᠢ᠂ ᠲᠥᠪ ᠤᠨ ᠪᠠ ᠣᠷᠣᠨ ᠨᠤᠲᠤᠭ ᠤᠨ ᠠᠵᠤ ᠠᠬᠤᠶᠢᠯᠠᠯ ᠤᠨ ᠪᠦᠯᠦᠭᠯᠡᠯ ᠨᠢ ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠪᠡᠶᠡᠯᠡᠭᠦᠯᠦᠭᠡᠳᠦᠢ ᠪᠣᠯ᠂ ᠥᠭᠡᠷᠡᠴᠢᠯᠡᠯᠲᠡ ᠶᠢᠨ ᠠᠬᠢᠴᠠ ᠶᠢ ᠴᠢᠩᠭ᠎ᠠ ᠠᠳᠬᠤᠵᠤ᠂ ᠪᠠᠶᠢᠭᠤᠯᠤᠯ ᠢᠶᠠᠨ ᠥᠭᠡᠷᠡᠴᠢᠯᠡᠭᠰᠡᠨ ᠤ ᠳᠠᠷᠠᠭ᠎ᠠ ᠠᠵᠤ ᠠᠬᠤᠶᠢᠯᠠᠯ ᠤᠨ ᠪᠦᠯᠦᠭᠯᠡᠯ ᠤᠨ ᠰᠲ᠋ᠣᠺ ᠤᠨ ᠡᠷᠬᠡ ᠪᠠᠨ ᠱᠠᠭᠠᠷᠳᠠᠯᠭ᠎ᠠ ᠶᠣᠰᠣᠭᠠᠷ ᠬᠤᠪᠢᠶᠠᠷᠢᠯᠠᠨ ᠰᠢᠯᠵᠢᠭᠦᠯᠬᠦ ᠬᠡᠷᠡᠭᠲᠡᠢ︔ ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠪᠡᠶᠡᠯᠡᠭᠦᠯᠦᠭᠡᠳᠦᠢ ᠠᠵᠤ ᠠᠬᠤᠶᠢᠯᠠᠯ ᠤᠨ ᠪᠦᠯᠦᠭᠯᠡᠯ ᠳᠤ ᠬᠠᠷᠢᠶᠠᠯᠠᠭᠳᠠᠬᠤ ᠨᠢᠭᠡᠳᠦᠭᠡᠷ ᠳᠡᠰ ᠪᠥᠬᠦᠢ ᠳᠠᠭᠠᠭᠤᠯ ᠺᠣᠮᠫᠠᠨᠢ ᠶᠢᠨ ᠰᠲ᠋ᠣᠺ ᠤᠨ ᠡᠷᠬᠡ ᠶᠢ ᠬᠠᠶᠢᠨ ᠰᠦᠪᠡᠭᠴᠢᠯᠡᠵᠦ ᠬᠤᠪᠢᠶᠠᠷᠢᠯᠠᠨ ᠰᠢᠯᠵᠢᠭᠦᠯᠬᠦ ᠬᠡᠷᠡᠭᠲᠡᠢ ᠭᠡᠪᠡ᠃       ᠬᠤᠪᠢᠶᠠᠷᠢᠯᠠᠨ ᠰᠢᠯᠵᠢᠭᠦᠯᠬᠦ ᠬᠠᠷᠢᠴᠠᠯ ᠤᠨ ᠲᠠᠯ᠎ᠠ ᠪᠠᠷ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠬᠡᠮᠵᠢᠨ ᠪᠤᠳᠤᠬᠤ ᠪᠠᠶᠢᠳᠠᠯ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠶᠠᠭ ᠰᠠᠶᠢᠬᠠᠨ ᠳᠥᠯᠭᠢᠨ ᠠᠬᠢᠭᠤᠯᠬᠤ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠶᠡᠷᠦᠩᠬᠡᠶᠢᠯᠡᠭᠡᠳ᠂ ︽ᠲᠥᠰᠦᠯ︾᠎ ᠨᠢ ᠬᠤᠪᠢᠶᠠᠷᠢᠯᠠᠨ ᠰᠢᠯᠵᠢᠭᠦᠯᠬᠦ ᠬᠠᠷᠢᠴᠠᠯ ᠢ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢᠨ 10%᠎ ᠪᠠᠷ ᠲᠣᠭᠲᠠᠭᠠᠪᠠ᠃ ᠬᠤᠶᠢᠰᠢᠳᠠ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠵᠢᠴᠢ ᠥᠷᠭᠦᠯᠵᠢᠯᠡᠬᠦᠶᠢᠴᠡ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠤᠯᠠᠮ ᠨᠢᠭᠡ ᠠᠯᠬᠤᠮ ᠬᠤᠪᠢᠶᠠᠷᠢᠯᠠᠨ ᠰᠢᠯᠵᠢᠭᠦᠯᠬᠦ ᠴᠢᠬᠤᠯᠠᠲᠠᠶ ᠪᠣᠯᠪᠠᠯ᠂ ᠳᠠᠬᠢᠨ ᠰᠣᠳᠤᠯᠬᠤ ᠪᠣᠯᠣᠨ᠎ᠠ᠃       ᠵᠢᠷᠭᠤᠭ᠎ᠠ᠂ ᠠᠰᠠᠭᠤᠭᠰᠠᠨ ᠨᠢ᠄ ︽ᠲᠥᠰᠦᠯ︾᠎ ᠳᠠᠬᠢ ᠳᠠᠭᠠᠭᠠᠴᠢᠯᠠᠨ ᠬᠢᠬᠦ ᠭᠤᠣᠯ ᠴᠣᠭᠴᠠ ᠶᠢ ᠬᠡᠷᠬᠢᠨ ᠣᠶᠢᠯᠠᠭᠠᠬᠤ ᠪᠤᠢ︖ ᠳᠠᠭᠠᠭᠠᠴᠢᠯᠠᠨ ᠬᠢᠬᠦ ᠭᠤᠣᠯ ᠴᠣᠭᠴᠠ ᠶᠢ ᠤᠯᠤᠰ ᠤᠨ ᠦᠮᠴᠢᠯᠡᠯᠲᠦ ᠰᠲ᠋ᠣᠺ ᠤᠨ ᠡᠷᠬᠡᠨ ᠳᠤ ᠬᠡᠷᠬᠢᠨ ᠣᠷᠣᠭᠤᠯᠬᠤ ᠪᠤᠢ︖       ᠬᠠᠷᠢᠭᠤᠯᠤᠭᠰᠠᠨ ᠨᠢ᠄ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠨᠡᠶᠢᠭᠡᠮᠯᠢᠭ ᠨᠢ ᠪᠦᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠮᠢᠶᠠᠷᠴᠤ ᠡᠵᠡᠩᠨᠡᠬᠦ ᠶᠢ ᠬᠠᠷᠢᠭᠤᠴᠠᠵᠤ᠂ ᠰᠠᠭᠤᠷᠢ ᠮᠥᠩᠭᠦ ᠶᠢᠨ ᠡᠵᠡᠩᠨᠡᠯᠲᠡ ᠶᠢᠨ ᠪᠠᠶᠢᠳᠠᠯ ᠨᠢ ᠰᠠᠶᠢᠨ᠂ ᠠᠰᠢᠭ ᠬᠥᠷᠳᠡᠬᠦ ᠬᠢᠷᠢ ᠬᠡᠮᠵᠢᠶ᠎ᠡ ᠨᠢ ᠨᠡᠯᠢᠶᠡᠳ ᠥᠨᠳᠥᠷ ᠪᠠᠶᠢᠵᠤ᠂ ᠬᠡᠷᠡᠭᠵᠢᠭᠦᠯᠬᠦ ᠶᠠᠪᠤᠴᠠ ᠳᠤ ᠬᠥᠷᠥᠩᠭᠡ ᠶᠢᠨ ᠬᠠᠮᠢᠶᠠᠷᠤᠯᠲᠠ ᠶᠢᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠳᠡᠭᠡᠷ᠎ᠡ ᠳᠤᠷᠠᠳᠤᠭᠰᠠᠨ ᠪᠠᠶᠢᠳᠠᠯ ᠳᠤ ᠦᠨᠳᠦᠰᠦᠯᠡᠨ᠂ ︽ᠲᠥᠰᠦᠯ︾᠎ ᠳᠤ ᠳᠤᠷᠠᠳᠤᠭᠰᠠᠨ ᠨᠢ᠂ ᠬᠤᠪᠢᠶᠠᠷᠢᠯᠠᠨ ᠰᠢᠯᠵᠢᠭᠦᠯᠦᠭᠰᠡᠨ ᠲᠥᠪ ᠤᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠶᠢ᠂ ᠲᠦᠷᠦ ᠶᠢᠨ ᠶᠠᠪᠤᠳᠠᠯ ᠤᠨ ᠬᠤᠷᠢᠶᠠᠨ ᠠᠴᠠ   ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ ᠨᠠᠶᠢᠳᠠᠵᠤ ᠲᠥᠪᠯᠡᠷᠡᠭᠦᠯᠦᠨ ᠡᠵᠡᠮᠰᠢᠬᠦ ᠶᠢ ᠬᠠᠷᠢᠭᠤᠴᠠᠵᠤ᠂ ᠠᠰ ᠢᠶᠠᠷ ᠢᠶᠠᠨ ᠲᠣᠭᠠᠴᠠᠭ᠎ᠠ ᠬᠢᠵᠦ᠂ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠶᠢ ᠬᠦᠯᠢᠶᠡᠨ᠎ᠡ᠃ ᠡᠭᠦᠨ ᠤ ᠵᠡᠷᠭᠡᠴᠡᠭᠡᠪᠡᠷ᠂  ᠂ ᠰᠠᠯᠭᠠᠵᠤ ᠰᠢᠯᠵᠢᠭᠦᠯᠦᠭᠰᠡᠨ ᠣᠷᠣᠨ ᠨᠣᠲᠤᠭ ᠤᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠶᠢᠭᠤᠯᠤᠯ ᠲᠠᠢ ᠵᠣᠬᠢᠴᠠᠭᠤᠯᠤᠨ᠂ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠭᠰᠠᠨ ᠤᠯᠤᠰ ᠤᠨ   ᠦᠮᠴᠢᠯᠠᠯᠲᠦ ᠲᠤᠰᠠᠭᠠᠷ ᠪᠡᠯᠡ ᠶᠢᠨ ᠺᠣᠮᠫᠠᠨᠢ ᠲᠥᠪᠯᠡᠷᠡᠭᠦᠯᠦᠨ ᠡᠵᠡᠮᠰᠢᠵᠦ᠂ ᠬᠠᠮᠢᠶᠠᠷᠬᠤ ᠪᠠ ᠡᠵᠡᠩᠨᠡᠨ᠎ᠡ︔   ᠮᠦᠨ ᠴᠣ᠋ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠎ ᠶᠢ ᠲᠤᠰ ᠮᠤᠵᠢ ︵ᠣᠷᠣᠨ᠂ ᠬᠤᠳᠠ︶᠎ ᠶᠢᠨ ᠤᠯᠤᠰ ᠤᠨ ᠦᠮᠴᠢᠯᠡᠯᠲᠦ ᠬᠦᠷᠦᠩᠭᠡ ᠶᠢᠨ ᠪᠡᠯᠡ ᠣᠷᠣᠭᠤᠯᠵᠤ ᠡᠵᠡᠩᠨᠡᠬᠦ ᠴᠢᠳᠠᠪᠬᠢ ᠲᠠᠢ ᠺᠣᠮᠫᠠᠨᠢ ᠳᠤ ᠨᠠᠶᠢᠳᠠᠵᠤ ᠲᠤᠰᠬᠠᠶ ᠳᠠᠩᠰᠠ ᠪᠠᠷ ᠬᠠᠮᠢᠶᠠᠷᠴᠤ ᠪᠣᠯᠣᠨ᠎ᠠ᠃       ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠨᠢ ᠡᠳ᠋ ᠤᠨ ᠶᠠᠪᠤᠳᠠᠯ ᠤᠨ ᠪᠡᠯᠡ ᠣᠷᠣᠭᠤᠯᠤᠭᠴᠢ ᠪᠣᠯᠤᠭᠰᠠᠨ ᠤ ᠬᠤᠪᠢ ᠳᠤ᠂ ᠬᠤᠪᠢᠶᠠᠷᠢᠯᠠᠨ ᠣᠷᠣᠭᠤᠯᠤᠭᠰᠠᠨ ᠤᠯᠤᠰ ᠤᠨ   ᠦᠮᠴᠢᠯᠠᠯᠲᠦ ᠰᠲ᠋ᠣᠺ ᠤᠨ ᠡᠷᠬᠡ ᠳᠤ ᠠᠰᠢᠭ ᠤᠯᠬᠤ ᠡᠷᠬᠡ ᠪᠣᠯᠣᠨ ᠰᠢᠶᠳᠪᠦᠷᠢᠯᠡᠬᠦ ᠡᠷᠬᠡ ᠶᠢ ᠡᠳ᠋ᠯᠡᠵᠦ᠂ ᠠᠵᠤ ᠠᠬᠤᠶᠢᠯᠠᠯ ᠤᠨ ᠡᠳᠦᠷ ᠲᠤᠳᠤᠮ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠳᠤ ᠭᠠᠷ ᠳᠦᠷᠦᠬᠦ ᠦᠭᠡᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠶᠢᠨ ᠠᠰᠢᠭ ᠣᠷᠣᠯᠭ᠎ᠠ ᠨᠢ ᠭᠤᠣᠯᠳᠠᠭᠤ ᠰᠲ᠋ᠣᠺ ᠤᠨ ᠡᠷᠬᠡ ᠶᠢᠨ ᠠᠰᠢᠭ ᠣᠷᠣᠯᠭ᠎ᠠ ᠬᠤᠪᠢᠶᠠᠬᠤ ᠠᠴᠠ ᠢᠷᠡᠯᠲᠡ ᠲᠠᠢ᠃ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠳᠤ᠂ ᠲᠣᠭᠲᠠᠭᠠᠯ ᠶᠣᠰᠣᠭᠠᠷ ᠵᠣᠬᠢᠴᠠᠩᠭᠤᠶ ᠪᠣᠷᠣᠯᠠᠭᠤᠯᠬᠤ ᠶᠢ ᠴᠠᠭᠠᠵᠠᠯᠠᠭᠰᠠᠨ ᠬᠤᠭᠤᠴᠠᠭᠠᠨ ᠤ ᠡᠭᠦᠷᠭᠡ ᠶᠢ ᠭᠦᠢᠴᠡᠳᠬᠡᠬᠦ ᠬᠡᠷᠡᠭᠲᠡᠶ᠃ ᠤᠯᠤᠰ ᠠᠴᠠ ᠲᠣᠭᠲᠠᠭᠠᠭᠰᠠᠨ ᠤᠯᠤᠰ ᠤᠨ ᠦᠮᠴᠢᠯᠠᠯᠲᠦ ᠣᠨᠴᠠᠭᠠᠶ ᠰᠲ᠋ᠣᠺ ᠡᠵᠡᠮᠰᠢᠯ ᠤᠨ ᠬᠠᠷᠢᠴᠠᠯ ᠪᠤᠶᠤ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠢ ᠠᠵᠤ ᠠᠬᠤᠶᠢᠯᠠᠯ ᠢ ᠭᠠᠷᠭᠠᠪᠠᠯ᠂ ᠳᠠᠭᠠᠭᠠᠴᠢᠯᠠᠨ ᠬᠢᠬᠦ ᠭᠤᠣᠯ ᠴᠣᠭᠴᠠ ᠨᠢ ᠵᠥᠪᠰᠢᠶᠡᠷᠡᠭᠦᠯᠬᠦ ᠪᠠᠷ ᠳᠠᠮᠵᠢᠭᠠᠳ ᠤᠯᠤᠰ ᠤᠨ ᠦᠮᠴᠢᠯᠠᠯᠲᠦ ᠬᠦᠷᠦᠩᠭᠡ ᠶᠢᠨ ᠠᠵᠢᠯᠯᠠᠭᠠᠨ ᠢᠶᠠᠷ ᠠᠰᠢᠭ ᠣᠷᠣᠯᠭ᠎ᠠ ᠣᠯᠵᠤ ᠪᠣᠯᠤᠨ᠎ᠠ᠃       ᠲᠤᠯᠤᠭ᠎ᠠ᠂ ᠠᠰᠠᠭᠤᠯᠲᠠ᠄ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠡᠯᠲᠦ ᠬᠡᠰᠡᠭ ᠬᠦᠷᠦᠩᠭᠡ ᠪᠠᠷ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠳᠤ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠬᠤᠪᠢᠷᠠᠯᠲᠠ ᠳᠤ ᠬᠤᠯᠪᠣᠭᠳᠠᠨ᠎ᠠ ᠤᠤ︖ ᠬᠦᠷᠦᠩᠭᠡ ᠶᠢᠨ ᠵᠠᠬ᠎ᠠ ᠳᠡᠯᠭᠡᠭᠦᠷ ᠲᠤ ᠶᠠᠮᠠᠷ ᠨᠥᠯᠥᠭᠡ ᠦᠵᠡᠭᠦᠯᠬᠦ ᠪᠤᠢ︖       ᠬᠠᠷᠢᠭᠤᠯᠲᠠ᠄ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠠᠯᠲᠦ ᠬᠡᠰᠡᠭ ᠬᠦᠷᠦᠩᠭᠡ ᠪᠠᠷ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠬᠦ ᠳᠤ᠂ ᠬᠤᠪᠢᠶᠠᠷᠢᠯᠠᠨ ᠰᠢᠯᠵᠢᠭᠦᠯᠬᠦ ᠭᠤᠣᠯ ᠡᠲᠡᠭᠡᠳ ᠨᠢ ᠲᠥᠪ ᠤᠨ ᠪᠠ ᠣᠷᠣᠨ ᠨᠤᠲᠤᠭ ᠤᠨ ᠠᠵᠤ ᠠᠬᠤᠶᠢᠯᠠᠯ ᠤᠨ ᠪᠦᠯᠦᠭᠯᠡᠯ ᠤᠨ ᠰᠲ᠋ᠣᠺ ᠤᠨ ᠡᠷᠬᠡ ᠪᠠᠶᠢᠵᠤ᠂ ᠡᠩ ᠤᠨ ᠪᠠᠶᠢᠳᠠᠯ ᠳᠣᠣᠷ᠎ᠠ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠯᠤᠭ᠎ᠠ ᠬᠤᠯᠪᠣᠭᠳᠠᠬᠤ ᠦᠭᠡᠢ᠃ ᠪᠠᠭ᠎ᠠ ᠬᠡᠮᠵᠢᠶᠡᠨ ᠳᠤ ᠬᠤᠯᠪᠣᠭᠳᠠᠭᠰᠠᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯ᠂   ᠬᠤᠪᠢᠶᠠᠷᠢᠯᠠᠨ ᠰᠢᠯᠵᠢᠭᠦᠯᠬᠦ ᠨᠢ ᠤᠤᠯ ᠤᠨ ᠤᠯᠤᠰ ᠤᠨ ᠦᠮᠴᠢᠯᠠᠯᠲᠦ ᠬᠤᠪᠢ ᠣᠷᠣᠭᠤᠯᠤᠭᠴᠢ ᠨᠢ ᠲᠡᠭᠦᠨ ᠤ 10%᠎ ᠶᠢᠨ ᠰᠲ᠋ᠣᠺ ᠤᠨ ᠡᠷᠬᠡ ᠶᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠰᠢᠯᠵᠢᠭᠦᠯᠦᠭᠰᠡᠨ ᠪᠠᠶᠢᠵᠤ᠂ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠶᠢᠨ ᠤᠯᠠᠨ ᠡᠰᠢᠵᠢᠭᠦᠯᠦᠨ ᠡᠵᠡᠮᠰᠢᠬᠦ ᠳᠤ ᠬᠠᠷᠢᠶᠠᠯᠠᠭᠳᠠᠨ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠶᠢᠨ ᠰᠢᠨᠵᠢ ᠴᠢᠨᠠᠷ ᠪᠣᠯᠣᠨ ᠶᠡᠷᠦᠩᠬᠡᠶ ᠬᠡᠮᠵᠢᠶ᠎ᠡ ᠶᠢ ᠬᠤᠪᠢᠷᠠᠭᠤᠯᠬᠤ ᠦᠭᠡᠢ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠨᠢ ᠡᠳ᠋ ᠤᠨ ᠶᠠᠪᠤᠳᠠᠯ ᠤᠨ ᠤᠷᠳᠤ ᠬᠤᠭᠤᠴᠠᠭᠠᠨ ᠤ ᠪᠡᠯᠡ ᠣᠷᠣᠭᠤᠯᠤᠭᠴᠢ ᠪᠣᠯᠤᠭᠰᠠᠨ ᠤ ᠬᠤᠪᠢ ᠳᠤ᠂ ᠰᠲ᠋ᠣᠺ ᠤᠨ ᠡᠷᠬᠡ ᠶᠢᠨ ᠠᠰᠢᠭ ᠬᠤᠪᠢᠶᠠᠬᠤ ᠪᠠᠷ ᠭᠤᠣᠯ ᠪᠣᠯᠭᠠᠨ᠎ᠠ᠃ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠬᠤᠯᠪᠣᠭᠳᠠᠬᠤ ᠬᠤᠪᠢᠶᠠᠷᠢᠯᠠᠨ ᠰᠢᠯᠵᠢᠭᠦᠯᠬᠦ ᠨᠢ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠠᠷᠭ᠎ᠠ ᠮᠠᠶ᠋ᠢᠭ ᠢ ᠬᠤᠯᠪᠣᠭᠳᠠᠬᠤ ᠦᠭᠡᠢ ᠶᠤᠮ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠠᠪᠬᠤ ᠭᠤᠣᠯ ᠴᠣᠭᠴᠠ ᠨᠢ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠤᠯᠤᠰ ᠤᠨ   ᠦᠮᠴᠢᠯᠠᠯᠲᠦ ᠬᠤᠪᠢ ᠣᠷᠣᠭᠤᠯᠤᠭᠴᠢ ᠶᠢᠨ ᠨᠢᠭᠡ ᠪᠣᠯᠣᠭᠰᠠᠨ ᠤ ᠬᠤᠪᠢ ᠳᠤ᠂ ᠭᠦᠢᠴᠡᠳᠬᠡᠬᠦ ᠲᠥᠰᠦᠯ ᠳᠠᠬᠢ ᠬᠤᠯᠪᠣᠭᠳᠠᠯ ᠪᠦᠬᠦᠢ ᠪᠣᠷᠣᠯᠠᠭᠤᠯᠬᠤ ᠶᠢ ᠴᠠᠭᠠᠵᠠᠯᠠᠬᠤ ᠬᠤᠭᠤᠴᠠᠭᠠᠨ ᠤ ᠡᠭᠦᠷᠭᠡ ᠶᠢ ᠡᠭᠦᠷᠭᠡᠯᠡᠬᠦ ᠠᠴᠠ ᠭᠠᠳᠠᠨ᠎ᠠ᠂ ᠤᠯᠤᠰ ᠤᠨ ᠦᠮᠴᠢᠯᠠᠯᠲᠦ ᠰᠲ᠋ᠣᠺ ᠤᠨ ᠡᠷᠬᠡ ᠶᠢ ᠬᠤᠪᠢᠷᠠᠭᠤᠯᠬᠤ ᠵᠡᠷᠭᠡ ᠵᠦᠢᠯᠡᠰ ᠨᠢ ᠤᠯᠤᠰ ᠤᠨ ᠦᠮᠴᠢᠯᠡᠯᠲᠦ ᠰᠲ᠋ᠣᠺ ᠤᠨ ᠡᠷᠬᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠦᠷᠢᠮ ᠤᠨ ᠲᠣᠭᠲᠠᠭᠠᠯ ᠶᠣᠰᠣᠭᠠᠷ ᠭᠦᠢᠴᠡᠳᠬᠡᠬᠦ ᠴᠢᠬᠤᠯᠠᠲᠠᠢ᠃ ᠡᠭᠦᠨ ᠤ ᠵᠡᠷᠭᠡᠴᠡᠭᠡᠪᠡᠷ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠠᠪᠬᠤ ᠭᠤᠣᠯ ᠴᠣᠭᠴᠠ ᠨᠢ ᠰᠲ᠋ᠣᠺ ᠡᠵᠡᠮᠰᠢᠬᠦ ᠳᠤ ᠣᠷᠣᠯᠴᠠᠬᠤ ᠨᠢ᠂ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠭᠦᠷᠤᠩᠭᠡ ᠶᠢᠨ ᠵᠠᠬ᠎ᠠ ᠳᠡᠯᠭᠡᠭᠦᠷ ᠲᠤ ᠵᠥᠪ ᠲᠠᠯ᠎ᠠ ᠶᠢᠨ ᠢᠳᠡᠪᠬᠢᠲᠡᠶ ᠨᠥᠯᠥᠭᠡ ᠭᠠᠷᠭᠠᠬᠤ ᠪᠣᠯᠤᠨ᠎ᠠ᠃       ᠨᠠᠢᠮᠠ᠂ ᠠᠰᠠᠭᠤᠯᠲᠠ᠄ ᠬᠤᠪᠢᠶᠠᠷᠢᠯᠠᠨ ᠰᠢᠯᠵᠢᠭᠦᠯᠬᠦ ᠠᠵᠢᠯ ᠢ ᠬᠡᠷᠬᠢᠨ ᠲᠥᠯᠬᠢᠨ ᠠᠬᠢᠭᠤᠯᠬᠤ ᠪᠤᠢ︖       ᠬᠠᠷᠢᠭᠤᠯᠲᠠ᠄ ᠬᠤᠪᠢᠶᠠᠷᠢᠯᠠᠨ ᠰᠢᠯᠵᠢᠭᠦᠯᠬᠦ ᠠᠵᠢᠯ ᠎ ᠤᠨ ᠬᠤᠯᠪᠣᠭᠳᠠᠬᠤ ᠬᠡᠪᠴᠢᠶ᠎ᠡ ᠨᠢ ᠥᠷᠭᠡᠨ ᠪᠠᠶᠢᠬᠤ ᠶᠢ ᠪᠣᠳᠣᠯᠬᠢᠯᠠᠨ᠂ ︽ᠲᠥᠰᠦᠯ︾᠎ ᠳᠤ ᠳᠤᠷᠠᠳᠤᠭᠰᠠᠨ ᠨᠢ᠂ ᠲᠤᠷᠰᠢᠯᠲᠠ ᠶᠢᠨ ᠴᠢᠭ᠋ ᠤᠷᠢᠳᠠᠪᠡᠷ ᠬᠡᠷᠡᠭᠵᠢᠭᠦᠯᠦᠨ᠂ ᠱᠠᠳᠤ ᠬᠤᠪᠢᠶᠠᠨ ᠵᠣᠬᠢᠶᠠᠨ ᠪᠠᠶᠢᠭᠤᠯᠵᠤ᠂ ᠯᠠᠪᠳᠠᠭᠤᠨ ᠲᠣᠭᠲᠠᠭᠤᠨ ᠢᠶᠠᠷ ᠲᠦᠯᠬᠢᠨ ᠠᠬᠢᠭᠤᠯᠬᠤ ᠵᠠᠷᠴᠢᠮ ᠢᠶᠠᠷ ᠬᠤᠪᠢᠶᠠᠷᠢᠯᠠᠨ ᠰᠢᠯᠵᠢᠭᠦᠯᠬᠦ ᠠᠵᠢᠯ ᠢ ᠪᠡᠶᠡᠯᠡᠭᠦᠯᠦᠨ᠎ᠡ᠃ ᠨᠢᠭᠡᠳᠦᠭᠡᠷ ᠠᠯᠬᠤᠮ ᠳᠤ᠂ 2017 ᠣᠨ ᠳᠤ ᠲᠥᠪ ᠤᠨ ᠬᠡᠰᠡᠭ ᠠᠵᠤ ᠠᠬᠤᠶᠢᠯᠠᠯ ᠪᠣᠯᠣᠨ ᠬᠡᠰᠡᠭ ᠮᠤᠵᠢ ᠣᠷᠣᠨ ᠢ ᠰᠤᠩᠭᠤᠨ ᠲᠤᠷᠰᠢᠯᠲᠠ ᠬᠢᠵᠡᠶ᠃ ᠲᠥᠪ ᠤᠨ ᠠᠵᠤ ᠠᠬᠤᠶᠢᠯᠠᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠲᠥᠪ ᠤᠨ ᠬᠠᠮᠢᠶᠠᠷᠤᠯᠲᠠ ᠶᠢᠨ 3᠎ ᠠᠴᠠ 5   ᠠᠵᠤ ᠠᠬᠤᠶᠢᠯᠠᠯ ᠪᠠ ᠲᠥᠪ ᠤᠨ ᠮᠥᠩᠭᠦᠨ ᠭᠦᠢᠯᠭᠡᠭᠡᠨ ᠤ 2 ᠪᠠᠶᠢᠭᠤᠯᠤᠮᠵᠢ ᠪᠠᠭᠲᠠᠨ᠎ᠠ᠃ ᠲᠤᠷᠰᠢᠯᠲᠠ ᠶᠢᠨ ᠴᠢᠭ᠋ ᠤᠨ ᠮᠤᠵᠢ ᠶᠢᠨ ᠰᠠᠯᠭᠠᠨ ᠰᠢᠯᠵᠢᠭᠦᠯᠬᠦ ᠠᠵᠢᠯ ᠢ ᠬᠤᠯᠪᠣᠭᠳᠠᠯ ᠪᠦᠬᠦᠢ ᠮᠤᠵᠢ ︵ᠣᠷᠣᠨ᠂ ᠬᠤᠳᠠ︶᠎ ᠶᠢᠨ ᠠᠷᠠᠳ ᠤᠨ ᠵᠠᠰᠠᠭ ᠤᠨ ᠣᠷᠳᠣᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠶᠠᠳᠤᠭᠠᠷ ᠠᠯᠬᠤᠮ ᠳᠤ᠂ ᠲᠤᠷᠰᠢᠯᠲᠠ ᠶᠢᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ 2018 ᠣᠨ ᠵᠢᠴᠢ ᠲᠡᠭᠦᠨ ᠤ ᠳᠠᠷᠠᠭ᠎ᠠ᠂ ᠪᠦᠯᠦᠭ ᠬᠤᠪᠢᠶᠠᠨ ᠬᠤᠪᠢᠶᠠᠷᠢᠯᠠᠨ ᠰᠢᠯᠵᠢᠭᠦᠯᠵᠦ᠂ ᠬᠤᠪᠢᠶᠠᠷᠢᠯᠠᠨ ᠰᠢᠯᠵᠢᠭᠦᠯᠬᠦ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ ᠭᠡᠵᠡᠢ᠃       ᠶᠢᠰᠦ᠂ ᠠᠰᠠᠭᠤᠯᠲᠠ᠄ ︽ᠲᠥᠰᠦᠯ︾᠎ ᠳᠤ ᠶᠠᠮᠠᠷ ᠶᠠᠮᠠᠷ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠᠶᠢᠳᠠᠭ ᠪᠤᠢ︖       ᠬᠠᠷᠢᠭᠤᠯᠲᠠ᠄ ᠨᠢᠭᠡ ᠳᠤ ᠬᠤᠪᠢᠶᠠᠷᠢᠯᠠᠨ ᠰᠢᠯᠵᠢᠭᠦᠯᠬᠦ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠬᠤᠪᠢᠶᠠᠷᠢᠯᠠᠨ ᠰᠢᠯᠵᠢᠭᠦᠯᠦᠭᠰᠡᠨ ᠬᠡᠪᠴᠢᠶᠡᠨ ᠳᠠᠬᠢ ᠠᠵᠤ ᠠᠬᠤᠶᠢᠯᠠᠯ ᠨᠢ ᠴᠢᠬᠤᠯᠠ ᠶᠡᠭᠡ ᠳᠠᠪᠲᠠᠨ ᠪᠦᠯᠦᠭᠯᠡᠬᠦ ᠶᠢ ᠬᠡᠷᠡᠭᠵᠢᠭᠦᠯᠦᠨ᠂ ᠳᠦᠷᠢᠮ ᠢ ᠥᠭᠡᠷᠡᠴᠢᠯᠡᠨ ᠵᠠᠬ᠎ᠠ ᠳᠡᠯᠭᠡᠭᠦᠷ ᠲᠤ ᠭᠠᠷᠬᠤ ᠪᠤᠶᠤ ᠥᠭᠡᠷᠡᠴᠢᠯᠡᠨ ᠪᠠᠶᠢᠭᠤᠯᠵᠤ ᠤᠯᠤᠰ ᠤᠨ ᠦᠮᠴᠢᠯᠡᠯᠲᠦ ᠬᠥᠷᠦᠩᠭᠡ ᠶᠢᠨ ᠪᠡᠯᠡ ᠣᠷᠣᠭᠤᠯᠤᠯᠲᠠ ᠡᠵᠡᠩᠨᠡᠯᠲᠡ ᠶᠢᠨ ᠺᠣᠮᠫᠠᠨᠢ ᠵᠡᠷᠭᠡ ᠤᠯᠤᠰ ᠤᠨ ᠦᠮᠴᠢᠯᠡᠯᠲᠦ ᠰᠲ᠋ᠣᠺ ᠤᠨ ᠡᠷᠬᠡ ᠶᠢᠨ ᠬᠤᠪᠢᠷᠠᠯᠲᠠ ᠯᠤᠭ᠎ᠠ ᠬᠤᠯᠪᠣᠭᠳᠠᠭᠰᠠᠨ ᠥᠭᠡᠷᠡᠴᠢᠯᠡᠯᠲᠡ ᠶᠢᠨ ᠵᠦᠢᠯᠡᠰ ᠪᠣᠯᠭᠠᠨ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠰᠦᠯ ᠢ ᠤᠯᠤᠰ ᠤᠨ ᠥᠮᠴᠢᠯᠡᠯ ᠤᠨ ᠪᠠᠯᠠ ᠬᠥᠷᠥᠩᠭᠡ ᠠᠴᠠ ᠬᠤᠪᠢᠶᠠᠷᠢᠯᠠᠨ ᠰᠢᠯᠵᠢᠭᠦᠯᠬᠦ ᠲᠥᠰᠦᠯ ᠲᠠᠢ ᠨᠢᠭᠡᠳᠦᠯᠲᠡᠶ ᠲᠥᠯᠥᠪᠯᠡᠨ ᠪᠣᠳᠣᠯᠬᠢᠯᠠᠨ᠎ᠠ᠃ ᠬᠤᠶᠠᠷ ᠲᠤ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠦᠮᠴᠢᠯᠡᠯᠲᠦ ᠰᠲ᠋ᠣᠺ ᠤᠨ ᠡᠷᠬᠡ ᠳᠤ ᠵᠦᠢ ᠵᠣᠬᠢᠰᠲᠠᠶ ᠠᠰᠢᠭ ᠬᠤᠪᠢᠶᠠᠷᠢᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠶᠢᠨ ᠡᠵᠡᠮᠰᠢᠵᠦ ᠪᠠᠶᠢᠭ᠎ᠠ ᠰᠲ᠋ᠣᠺ ᠤᠨ ᠡᠷᠬᠡ ᠶᠢᠨ ᠠᠰᠢᠭ ᠣᠷᠣᠯᠭ᠎ᠠ ᠪᠠ ᠬᠦᠷᠦᠩᠭᠡ ᠶᠢᠨ ᠠᠵᠢᠯᠯᠠᠭᠠᠨ ᠤ ᠠᠰᠢᠭ ᠣᠷᠣᠯᠭ᠎ᠠ ᠶᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤᠳᠠᠯ ᠢ ᠨᠥᠬᠦᠪᠥᠷᠢᠯᠡᠬᠦ ᠳᠤ ᠲᠤᠰᠬᠠᠶᠢᠯᠠᠨ ᠬᠡᠷᠡᠭᠯᠡᠵᠦ᠂ ᠤᠯᠤᠰ ᠤᠨ ᠦᠮᠴᠢᠯᠡᠯᠲᠦ ᠬᠥᠷᠥᠩᠭᠡ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠬᠤ ᠦᠭᠡᠢ᠃ ᠭᠤᠷᠪᠠ ᠳᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠳᠠᠭᠠᠭᠠᠴᠢᠯᠠᠨ ᠬᠢᠬᠦ ᠭᠤᠣᠯ ᠴᠣᠭᠴᠠ ᠶᠢᠨ ᠡᠵᠡᠮᠰᠢᠵᠦ ᠪᠠᠶᠢᠭ᠎ᠠ ᠤᠯᠤᠰ ᠤᠨ ᠦᠮᠴᠢᠯᠡᠯᠲᠦ ᠬᠦᠷᠦᠩᠭᠡ ᠶᠢᠨ ᠠᠰᠢᠭ ᠣᠯᠵᠠᠪᠤᠷᠢ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠬᠡᠷᠡᠭᠴᠡᠭᠡ ᠪᠣᠯᠣᠨ ᠤᠯᠤᠰ ᠤᠨ ᠥᠮᠴᠢᠯᠡᠯ ᠤᠨ ᠠᠰᠢᠭ ᠣᠷᠣᠯᠭ᠎ᠠ ᠶᠢᠨ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ ᠪᠠᠶᠢᠭᠠᠳ᠂ ᠴᠠᠭ ᠲᠣᠬᠠᠢ ᠳᠤᠨᠢ ᠲᠣᠬᠢᠷᠠᠭᠤᠯᠤᠨ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠃ ᠲᠦᠷᠪᠡ ᠳᠤ ᠲᠦᠷᠦ ᠶᠢᠨ ᠪᠤᠳᠤᠯᠭ᠎ᠠ ᠶᠢ ᠨᠢᠭᠡᠳᠦᠯᠭᠡᠵᠢᠭᠦᠯᠬᠦ ᠶᠢᠨ ᠲᠥᠯᠥᠭᠡ᠂ ᠳᠠᠪᠬᠤᠷᠳᠠᠭᠤᠯᠤᠨ ᠬᠤᠪᠢᠶᠠᠷᠢᠯᠠᠨ ᠰᠢᠯᠵᠢᠭᠦᠯᠬᠦ ᠠᠴᠠ ᠵᠠᠶᠢᠯᠠᠰᠬᠢᠨ᠂ ︽ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠦᠮᠴᠢᠯᠠᠯᠲᠦ ᠬᠤᠪᠢ ᠶᠢᠨ ᠡᠷᠬᠡ ᠶᠢ ᠰᠢᠯᠵᠢᠭᠦᠯᠦᠨ ︵ᠬᠠᠰᠤᠬᠤ︶   ᠠᠪᠴᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠴᠤᠭᠯᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠵᠣᠭᠰᠣᠭᠠᠨ᠎ᠠ᠃       ᠠᠷᠪᠠ᠂ ᠠᠰᠠᠭᠤᠭᠰᠠᠨ ᠨᠢ᠄ ︽ᠲᠥᠰᠦᠯ︾᠎ ᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖       ᠬᠠᠷᠢᠭᠤᠯᠤᠭᠰᠠᠨ ᠨᠢ᠄ ︽ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠨᠢ ᠬᠤᠪᠢᠶᠠᠷᠢᠯᠠᠨ ᠰᠢᠯᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ   ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ  ᠤᠳ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠢᠵᠢ ᠪᠦᠷᠢᠳᠦᠭᠦᠯᠦᠨ ᠲᠦᠷᠢᠮ ᠲᠣᠭᠲᠠᠭᠠᠯ ᠠᠷᠭ᠎ᠠ  ᠶᠢ ᠨᠡᠶᠢᠲᠡᠯᠡᠵᠦ᠂ ᠳᠡᠮᠵᠢᠯᠭᠡ ᠪᠤᠯᠤᠨ ᠵᠢᠯᠣᠭᠤᠳᠣᠯᠭ᠎ᠠ ᠪᠠᠨ ᠴᠢᠩᠭᠠᠳᠬᠠᠨ᠂ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ   ᠪᠣᠯᠣᠨ ᠪᠠᠶᠢᠭᠤᠯᠤᠮᠵᠢ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠬᠡᠷᠡᠭᠵᠢᠭᠦᠯᠦᠨ᠎ᠡ᠃ ᠡᠯ᠎ᠡ ᠮᠤᠵᠢ ︵ᠣᠷᠣᠨ᠂ ᠬᠤᠳᠠ︶᠎ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠬᠤᠪᠢᠶᠠᠷᠢᠯᠠᠨ ᠰᠢᠯᠵᠢᠭᠦᠯᠬᠦ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠪᠣᠳᠠᠲᠠᠶ ᠨᠠᠶᠢᠳᠠᠪᠤᠷᠢᠵᠢᠭᠤᠯᠬᠤ ᠲᠥᠰᠦᠯ ᠢᠶᠠᠨ ᠱᠠᠯᠠᠪᠳᠠᠨ ᠲᠣᠭᠲᠠᠭᠠᠵᠤ᠂ ᠬᠤᠪᠢᠶᠠᠷᠢᠯᠠᠨ ᠰᠢᠯᠵᠢᠭᠦᠯᠬᠦ ᠬᠠᠷᠠᠯᠲᠠᠲᠤ ᠡᠭᠦᠷᠭᠡ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号