| 3 ᠳ᠋ᠤᠭᠠᠷ ᠰᠠᠷ᠎ᠠ ᠶᠢᠨ 11 ᠤ ᠡᠳᠤᠷ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠭᠤᠷᠪᠠᠳᠤᠭᠠᠷ ᠪᠦᠬᠦᠳᠠ ᠬᠤᠷᠠᠯ ᠬᠢᠵᠠᠢ᠃ | ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ 11 ᠤ ᠡᠳᠦᠷ ᠤᠨ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ | ᠲᠠᠩᠬᠢᠮ ᠳᠤ ᠭᠤᠷᠪᠠᠳᠤᠭᠠᠷ ᠪᠦᠬᠦᠳᠠ ᠬᠤᠷᠠᠯ ᠬᠢᠵᠦ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ︾ ᠢ ᠪᠠᠳᠤᠯᠠᠨ᠂ ᠬᠤᠷᠢᠶᠠᠨ ᠳᠠᠷᠤᠭ᠎ᠠ ᠵᠠᠩ ᠳ᠋ᠧ ᠵᠢᠶᠠᠩ | ᠤᠨ ᠠᠷᠪᠡᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠠ ᠶᠢ ᠰᠤᠨᠤᠰᠪᠠ᠃ | ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ | ᠵᠧᠩ ᠨᠠᠷ ᠬᠤᠷᠠᠯ ᠳᠤ ᠤᠷᠤᠯᠴᠠᠵᠠᠢ᠃ | ᠬᠤᠷᠠᠯ ᠳᠤ ᠤᠷᠤᠯᠴᠠᠬᠤ ᠶᠤᠰᠤᠳᠠᠢ ᠳᠦᠯᠦᠬᠡᠯᠡᠭᠴᠢ 2980 ᠬᠦᠮᠦᠨ᠂ 2964 ᠬᠦᠮᠦᠨ ᠤᠷᠤᠯᠴᠠᠵᠦ᠂ | 16 ᠬᠦᠮᠦᠨ ᠤᠷᠤᠯᠴᠠᠬᠰᠠᠨ ᠦᠭᠡᠢ᠂ ᠤᠷᠤᠯᠴᠠᠬᠰᠠᠨ ᠬᠦᠮᠦᠨ ᠤ ᠲᠤᠭ᠎ᠠ ᠬᠠᠤᠯᠢ ᠳᠤ ᠲᠤᠭᠳᠠᠭᠠᠭᠰᠠᠨ ᠬᠦᠮᠦᠨ ᠤ | ᠲᠤᠭ᠎ᠠ ᠳᠤ ᠨᠡᠶᠢᠴᠡᠨ᠎ᠠ᠃ | ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠭᠴᠢ | ᠲᠡᠷᠢᠬᠦᠯᠡᠭᠴᠢ ᠸᠠᠩ ᠴᠧᠨ ᠬᠤᠷᠠᠯ ᠢ ᠡᠷᠬᠢᠯᠡᠪᠡ᠃ | ᠬᠤᠷᠠᠯ ᠳᠤ ᠤᠷᠤᠯᠴᠠᠬᠰᠠᠨ ᠳᠦᠯᠦᠬᠡᠯᠡᠭᠴᠢ ᠡᠩ ᠳᠡᠷᠢᠬᠦᠨ ᠳᠤ 35 ᠳᠦᠯᠦᠬᠡᠯᠡᠭᠴᠢ ᠪᠠᠷ ᠪᠦᠷᠢᠯᠳᠦᠭᠰᠡᠨ | ᠶᠡᠷᠦᠩᠬᠡᠢ ᠪᠢᠯᠧᠲ ᠬᠢᠨᠠᠬᠴᠢ᠂ ᠪᠢᠯᠧᠲ ᠬᠢᠨᠠᠬᠴᠢ ᠶᠢᠨ ᠨᠡᠷᠡᠰ ᠢ ᠪᠠᠳᠤᠯᠠᠪᠠ᠃ ᠸᠠᠩ ᠱᠤᠤ ᠹᠧᠩ᠂ ᠶᠠᠩ ᠶᠠᠨ ᠢ | ᠶᠡᠷᠦᠩᠬᠡᠢ ᠪᠢᠯᠧᠲ ᠬᠢᠨᠠᠬᠴᠢ ᠪᠠᠷ ᠳᠤᠬᠳᠠᠭᠠᠵᠠᠢ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠰᠠᠨᠠᠯ ᠵᠦᠪᠯᠡᠯᠬᠡ ᠶᠢ ᠪᠠᠳᠤᠯᠠᠬᠤ ᠠᠷᠭ᠎ᠠ ᠶᠢᠨ ᠳᠤᠬᠳᠠᠭᠠᠯ ᠶᠤᠰᠤᠭᠠᠷ᠂ | ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠳᠦᠰᠦᠯ ᠤᠨ ᠡᠬᠡ ᠨᠤᠤᠷᠠᠭ ᠢ ᠪᠠᠳᠤᠯᠠᠬᠤ ᠳᠤ ᠨᠡᠷ᠎ᠡ ᠳᠡᠮᠳᠡᠭᠯᠡᠬᠦ | ᠦᠬᠡᠢ ᠪᠠᠷ ᠪᠢᠯᠧᠲ ᠦᠭᠭᠦ ᠠᠷᠭ᠎ᠠ ᠶᠢ ᠬᠡᠷᠡᠭᠯᠡᠵᠤ᠂ ᠪᠦᠬᠦ ᠳᠦᠯᠦᠬᠡᠯᠡᠭᠴᠢ ᠶᠢᠨ ᠭᠤᠷᠪᠠᠨ ᠤ ᠬᠤᠶᠠᠷ ᠬᠤᠪᠢ ᠠᠴᠠ | ᠳᠡᠬᠡᠭᠰᠢᠬᠢ ᠨᠢ ᠵᠦᠪᠰᠢᠶᠡᠷᠡᠯ ᠤᠨ ᠪᠢᠯᠧᠲ ᠦᠭᠪᠡᠯ ᠪᠠᠳᠤᠯᠠᠬᠳᠠᠬᠤ ᠪᠤᠯᠤᠨ᠎ᠠ᠃ 40 ᠮᠢᠨᠦ᠋ᠲ ᠤᠷᠴᠢᠮ ᠤᠨ | ᠪᠢᠯᠧᠲ ᠳᠠᠷᠬᠠᠭᠠᠬᠤ᠂ ᠪᠢᠯᠧᠲ ᠵᠢᠷᠤᠬᠤ᠂ ᠪᠢᠯᠧᠲ ᠦᠭᠭᠦ᠂ ᠪᠢᠯᠧᠲ ᠪᠦᠷᠢᠳᠬᠡᠬᠦᠯᠬᠦ ᠪᠠᠷ ᠲᠠᠮᠵᠢᠨ 15 ᠴᠠᠭ | 51 ᠮᠢᠨᠦ᠋ᠲ ᠲᠤ ᠠᠵᠢᠯᠳᠠᠳ ᠠᠴᠠ ᠪᠢᠯᠧᠲ ᠪᠦᠷᠢᠳᠬᠡᠬᠦᠯᠦᠭᠰᠡᠨ ᠦᠷ᠎ᠡ ᠳ᠋ᠦᠩ ᠢ ᠨᠡᠶᠢᠳᠡᠯᠡᠵᠡᠢ᠄ | ᠵᠦᠪᠰᠢᠶᠡᠷᠡᠭᠰᠡᠨ ᠪᠢᠯᠧᠲ 2958᠂ ᠡᠰᠡᠷᠬᠦᠴᠡᠭᠰᠡᠨ ᠪᠢᠯᠧᠲ 2᠂ ᠡᠷᠬᠡ ᠪᠠᠨ ᠬᠠᠶᠠᠬᠰᠠᠨ ᠪᠢᠯᠧᠲ 3᠃ | ᠸᠠᠩ ᠴᠧᠨ᠄ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ | ᠵᠠᠰᠠᠪᠤᠷᠢ ᠤᠷᠤᠭᠤᠯᠬᠤ ᠳᠦᠰᠦᠯ︾ ᠪᠠᠳᠤᠯᠠᠬᠳᠠᠵᠠᠢ ᠬᠡᠵᠤ ᠵᠠᠷᠯᠠᠪᠠ᠃ ᠳᠡᠷᠡ ᠭᠱᠠᠨ᠎ᠠ ᠬᠤᠷᠠᠯ ᠤᠨ ᠳᠠᠯᠠᠪᠠᠢ ᠳᠤ | ᠬᠠᠯᠠᠭᠤᠨ ᠠᠯᠠᠭ᠎ᠠ ᠳᠠᠰᠢᠯᠳᠠ ᠶᠢᠨ ᠳᠠᠭᠤᠨ ᠨᠢᠵᠢᠬᠢᠨᠡᠪᠡ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠳᠡᠷᠢᠬᠦᠯᠡᠭᠴᠢᠳ ᠤᠨ ᠪᠦᠯᠬᠦᠮ 11 ᠤ ᠡᠳᠤᠷ ᠠᠯᠪᠠᠨ ᠵᠠᠷᠯᠠᠯ ᠨᠡᠶᠢᠳᠡᠯᠡᠵᠥ᠂ | ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠳᠦᠰᠦᠯ ᠢ ᠵᠠᠷᠯᠠᠨ ᠨᠡᠶᠢᠳᠡᠯᠡᠵᠥ ᠬᠡᠷᠡᠭᠵᠢᠬᠦᠯᠦᠨ᠎ᠡ ᠬᠡᠵᠠᠢ᠃ | ᠠᠷᠪᠠᠠ ᠬᠤᠶᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠠ ᠤ ᠨᠠᠶᠢᠲᠠᠯᠭ᠎ᠠ ᠪᠠᠷ ᠵᠠᠩ ᠳ᠋ᠧ ᠵᠢᠶᠠᠩ ᠶᠡᠭᠡ ᠬᠤᠷᠠᠯ ᠳᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠠᠵᠢᠯ ᠤᠨ ᠮᠡᠲᠡᠭᠦᠯᠦᠯᠲᠡ | ᠬᠢᠪᠠ᠃ ᠲᠡᠷᠡ ᠬᠡᠯᠡᠭᠰᠡᠨ ᠨᠢ᠂ ᠦᠩᠭᠡᠷᠡᠭᠰᠡᠡ ᠲᠠᠪᠤᠨ ᠵᠢᠯ ᠪᠤᠯ ᠮᠠᠠ ᠤ ᠨᠠᠮ ᠪᠤᠯᠤᠨ ᠤᠯᠤᠰ ᠤᠨ ᠬᠦᠭᠵᠢᠯᠲᠠ | ᠶᠢᠨ ᠠᠬᠢᠴᠠ ᠳᠠᠬᠢ ᠲᠦᠢᠯ ᠤᠨ ᠶᠡᠷᠦ ᠪᠤᠰᠤ ᠶᠢᠨ ᠲᠠᠪᠤᠠ ᠵᠢᠯ ᠮᠦᠠ᠃ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠠ ᠨᠠᠮ ᠤᠨ ᠲᠦᠪ ᠬᠤᠷᠢᠶᠠᠠ ᠤ ᠡᠷᠡᠰ ᠴᠢᠩᠭ᠎ᠠ ᠤᠲᠤᠷᠢᠲᠤᠯᠭ᠎ᠠ ᠲᠤᠤᠷ᠎ᠠ᠂ ᠠᠷᠪᠠᠠ ᠬᠤᠶᠠᠲᠤᠭᠠᠷ | ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠪᠠ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ | ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ | ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠠ | ᠲᠤᠤᠱᠯᠠᠭᠤᠯᠵᠦ᠂ ᠨᠠᠮ ᠤᠨ ᠤᠲᠤᠷᠢᠲᠤᠯᠭ᠎ᠠ᠂ ᠠᠷᠠᠳ ᠲᠦᠮᠡᠡ ᠡᠷᠭᠡ ᠮᠡᠲᠡᠵᠦ ᠡᠵᠡᠡ ᠰᠠᠭᠤᠬᠤ᠂ ᠬᠠᠤᠯᠢ ᠪᠠᠷ | ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠤᠶᠠᠯᠲᠤᠭᠤᠯᠬᠤ ᠶᠢ ᠡᠷᠡᠰ ᠪᠠᠷᠢᠮᠲᠠᠯᠠᠵᠦ᠂ ᠶᠡᠷᠦᠩᠭᠡᠢ ᠱᠦᠵᠢ ᠰᠢ ᠶᠢᠨ | ᠫᠢᠩ ᠤᠨ ᠡᠷᠭᠡ ᠰᠦᠷ ᠪᠤᠯᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ | ᠤᠲᠤᠷᠢᠲᠤᠯᠭ᠎ᠠ ᠶᠢ ᠡᠷᠡᠰ ᠬᠠᠮᠠᠭᠠᠯᠠᠵᠦ᠂ ᠦᠨᠲᠦᠰᠦᠨ ᠬᠠᠤᠯᠢ ᠬᠠᠤᠯᠢ ᠴᠠᠭᠠᠵᠠ ᠠᠴᠠ ᠤᠯᠭᠤᠭᠰᠠᠠ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠡ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠰᠢᠨ᠎ᠠ ᠪᠠᠶᠢᠲᠠᠯ ᠢ ᠪᠦᠬᠦ ᠲᠠᠯ᠎ᠠ ᠪᠠᠷ ᠡᠬᠦᠳᠴᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠤᠨ ᠤᠨᠤᠯ ᠪᠤᠯᠤᠨ ᠦᠢᠯᠡᠲᠦᠯᠭᠡ ᠶᠢᠨ ᠰᠢᠨ᠎ᠠ ᠶᠢ ᠡᠬᠦᠳᠬᠦ ᠳᠤ ᠴᠢᠬᠤᠯᠠ ᠶᠡᠭᠡ ᠠᠮᠵᠢᠯᠲᠠ ᠤᠯᠵᠦ᠂ | ᠨᠡᠶᠢᠭᠡᠮ ᠵᠢᠷᠤᠮ ᠤᠨ ᠠᠷᠠᠳᠴᠢᠯᠠᠭᠰᠠᠠ ᠬᠠᠤᠯᠢᠵᠢᠯ ᠤᠨ ᠪᠠᠶᠢᠭᠤᠯᠤᠯᠲᠠ ᠳᠤ ᠴᠢᠬᠤᠯᠠ ᠶᠡᠭᠡ ᠠᠯᠬᠤᠮ ᠢ | ᠠᠯᠬᠤᠭᠰᠠᠠ ᠪᠠᠶᠢᠨ᠎ᠠ ᠭᠡᠪᠡ᠃ | | 3 ᠳ᠋ᠤᠭᠠᠷ ᠰᠠᠷ᠎ᠠ ᠶᠢᠨ 11 ᠤ ᠡᠳᠤᠷ᠂ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠭᠤᠷᠪᠠᠳᠤᠭᠠᠷ ᠪᠦᠬᠦᠳᠠ ᠬᠤᠷᠠᠯ ᠬᠢᠵᠠᠢ᠃ ᠠᠷᠪᠠᠠ ᠬᠤᠶᠠᠲᠤᠭᠠᠷ ᠬᠤᠭᠤᠴᠠᠭᠠᠠ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠨᠠᠶᠢᠲᠠᠯᠭ᠎ᠠ ᠪᠠᠷ | ᠵᠠᠩ ᠳ᠋ᠧ ᠵᠢᠶᠠᠩ ᠶᠡᠭᠡ ᠬᠤᠷᠠᠯ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ ᠃ | ᠵᠠᠩ ᠳ᠋ᠧ ᠵᠢᠶᠠᠩ ᠦᠩᠭᠡᠷᠡᠭᠰᠡᠡ ᠲᠠᠪᠤᠠ ᠵᠢᠯ ᠤᠨ ᠭᠤᠤᠯ ᠠᠵᠢᠯ ᠢ 7 ᠲᠠᠯ᠎ᠠ ᠪᠠᠷ ᠡᠷᠬᠢᠴᠡᠭᠦᠯᠵᠠᠢ᠃ | ᠨᠢᠭᠡ ᠳᠤ᠂ ᠭᠤᠤᠯᠲᠠᠯᠭ᠎ᠠ ᠲᠠᠢ ᠬᠦᠷᠢᠶᠠᠠ ᠳᠠᠬᠢ ᠬᠠᠤᠯᠢ ᠲᠤᠭᠲᠠᠭᠠᠯᠲᠠ ᠶᠢ ᠬᠦᠴᠦᠯᠡᠡ ᠴᠢᠩᠭᠠᠳᠬᠠᠵᠦ᠂ | ᠦᠨᠲᠦᠰᠦᠨ ᠬᠠᠤᠯᠢ ᠪᠠᠷ ᠭᠤᠤᠯ ᠪᠤᠯᠭᠠᠭᠰᠠᠠ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢ | ᠴᠠᠭᠠᠵᠠ ᠶᠢᠨ ᠰᠢᠰᠲ᠋ᠧᠮᠵᠢ ᠶᠢ ᠪᠦᠷᠢᠨᠰᠢᠭᠦᠯᠵᠡᠢ᠃ ᠬᠤᠶᠠᠷ ᠲᠤ᠂ ᠬᠠᠤᠯᠢ ᠲᠤᠭᠲᠠᠭᠠᠯᠲᠠ ᠶᠢᠨ ᠵᠢᠯᠤᠭᠤᠳᠬᠤ ᠪᠠ | ᠠᠬᠢᠭᠤᠯᠬᠤ ᠦᠢᠯᠡᠲᠦᠯ ᠢ ᠬᠦᠴᠦᠯᠡᠨ ᠠᠬᠢᠭᠤᠯᠵᠦ᠂ ᠴᠢᠬᠤᠯᠠ ᠶᠡᠭᠡ ᠦᠭᠡᠷᠡᠴᠢᠯᠡᠯᠲᠡ ᠶᠢᠨ ᠬᠠᠤᠯᠢ ᠴᠠᠭᠠᠵᠠ ᠶᠢᠨ | ᠦᠨᠲᠦᠰᠦᠯᠡᠯ ᠲᠠᠢ ᠪᠠᠶᠢᠬᠤ᠂ ᠤᠷᠤᠭᠰᠢᠲᠠᠢ ᠭᠡᠷᠡᠭᠵᠢᠭᠦᠯᠦᠭᠲᠡᠬᠦ ᠶᠢ ᠦᠨᠡᠨᠬᠦ ᠪᠠᠲᠤᠯᠠᠪᠠ᠃ ᠭᠤᠷᠪᠡ ᠳᠤ᠂ ᠬᠢᠨᠡᠯᠳᠡ | ᠲᠠᠯᠪᠢᠬᠤ ᠠᠵᠢᠯ ᠤᠨ ᠲᠤᠭᠳᠠᠴᠡ ᠶᠢ ᠬᠦᠴᠦᠯᠡᠨ ᠪᠦᠷᠢᠨᠰᠢᠭᠦᠯᠵᠦ᠂ ᠦᠨᠳᠤᠰᠤᠨ ᠬᠠᠤᠯᠢ ᠪᠡ ᠬᠠᠤᠯᠢ | ᠴᠠᠭᠠᠵᠠ ᠶᠢᠨ ᠭᠡᠷᠡᠭᠵᠢᠭᠦᠯᠦᠯᠳᠠ ᠪᠠ ︽ᠵᠠᠰᠠᠭ ᠤᠨ ᠤᠷᠳᠤᠨ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ︾ ᠶᠢᠨ | ᠠᠵᠢᠯ ᠳᠤ ᠬᠢᠨᠠᠯᠳᠡ ᠲᠠᠯᠪᠢᠬᠤ ᠪᠠᠨ ᠴᠢᠩᠭᠠᠳᠬᠠᠪᠠ᠃ ᠲᠦᠷᠪᠡ ᠳᠤ᠂ ᠲᠦᠯᠦᠭᠡᠯᠡᠭᠴᠢᠳ ᠤᠨ ᠠᠵᠢᠯ ᠢ ᠬᠦᠴᠦᠯᠡᠨ | ᠭᠦᠨᠵᠡᠭᠡᠶᠢᠷᠡᠭᠦᠯᠤᠠ ᠦᠷᠭᠡᠳᠭᠡᠵᠤ᠂ ᠲᠦᠯᠦᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠪᠠ᠃ ᠲᠠᠪᠤ ᠳᠤ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠦᠷᠢᠨᠰᠢᠭᠦᠯᠦᠨ ᠭᠦᠭᠵᠢᠭᠦᠯᠬᠦ ᠶᠢ | ᠬᠦᠴᠦᠯᠡᠨ ᠠᠬᠢᠭᠤᠯᠵᠤ᠂ ᠤᠯᠤᠰ ᠤᠨ ᠲᠦᠷᠦ ᠶᠢᠨ ᠡᠷᠭᠡ ᠶᠢᠨ ᠪᠠᠶᠢᠭᠤᠯᠤᠯᠳᠡ ᠪᠡ ᠨᠠᠮ ᠤᠨ ᠤᠷᠳᠤ | ᠬᠤᠭᠤᠴᠠᠭ᠎ᠠ ᠪᠠᠷ ᠲᠦᠷᠦ ᠪᠠᠷᠢᠬᠤ ᠰᠠᠭᠤᠷᠢ ᠶᠢ ᠪᠠᠳᠤᠳᠬᠠᠪᠠ᠃ ᠵᠢᠷᠭᠤᠭ᠎ᠠ ᠳᠤ᠂ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠬᠦᠴᠦᠯᠡᠨ ᠴᠢᠩᠭᠠᠳᠬᠠᠵᠤ᠂ ᠲᠤᠮᠳᠠᠳᠤ ᠤᠯᠤᠰ ᠤᠨ | ᠤᠨᠴᠠᠯᠢᠭ ᠲᠠᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠳᠤ ᠦᠢᠯᠡᠴᠢᠯᠡᠪᠠ᠃ ᠲᠤᠯᠤᠭ᠎ᠠ ᠳᠤ᠂ ᠪᠦᠭᠦ ᠤᠯᠤᠰ | ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠨᠠᠮ ᠤᠨ | ᠪᠠᠶᠢᠭᠤᠯᠤᠯᠳᠡ ᠶᠢ ᠬᠦᠴᠦᠯᠡᠨ ᠠᠬᠢᠭᠤᠯᠵᠤ᠂ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠦ | ᠴᠢᠳᠠᠪᠦᠷᠢ ᠪᠡ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠪᠠ᠃ | ᠵᠠᠩ ᠳ᠋ᠧ ᠵᠢᠶᠠᠩ ᠵᠢᠭᠠᠭᠰᠠᠨ ᠨᠢ᠂ ᠠᠷᠪᠡᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠤᠯᠤᠭᠰᠠᠨ ᠠᠮᠵᠢᠯᠳᠠ ᠶᠢᠨ | ᠦᠨᠳᠤᠰᠤ ᠨᠢ ᠰᠢ ᠶᠢᠨ ᠫᠢᠩ ᠨᠦᠭᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠭᠠᠨ ᠵᠢᠯᠤᠭᠤᠳᠤᠯᠭ᠎ᠠ ᠳᠤ ᠪᠤᠢ᠂ ᠪᠦᠭᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠪᠠᠶᠢᠩᠭᠤ ᠶᠢᠨ ᠬᠤᠷᠢᠶᠠᠨ | ᠤ ᠪᠦᠷᠢᠯᠳᠦᠭᠦᠨ᠂ ᠡᠯ᠎ᠡ ᠲᠤᠰᠬᠠᠢ ᠵᠦᠪᠯᠡᠯ ᠤᠨ ᠪᠦᠷᠢᠯᠳᠦᠭᠦᠨ ᠪᠡ ᠪᠦᠭᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠵᠢᠯᠳᠡᠳ ᠤᠨ ᠯᠠᠪᠳᠠᠭᠤᠨ ᠪᠠᠳᠤᠳᠠᠢ ᠠᠵᠢᠯᠯᠠᠬᠰᠠᠨ | ᠤ ᠦᠷ᠎ᠠ ᠳ᠋ᠦᠩ ᠪᠤᠯᠤᠨ᠎ᠡ᠂ ᠲᠦᠷᠦ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠲᠡᠭᠡᠳᠤ ᠰᠢᠭᠦᠭᠦ ᠬᠤᠷᠢᠶ᠎ᠡ᠂ | ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠪᠡ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠲᠠᠢ ᠨᠢᠬᠳᠡ ᠬᠠᠮᠵᠢᠯᠴᠠᠬᠰᠡᠨ ᠤ ᠦᠷ᠎ᠠ ᠳ᠋ᠦᠩ ᠪᠤᠯᠤᠨ᠎ᠡ᠂ ᠪᠦᠭᠦ ᠤᠯᠤᠰ | ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠤ ᠪᠦᠷᠢᠨ ᠢᠳᠡᠭᠡᠭᠰᠡᠨ ᠪᠡ ᠶᠡᠬᠡᠪᠡᠷ ᠲᠡᠮᠵᠢᠭᠰᠡᠨ ᠤ ᠦᠷ᠎ᠠ | ᠳ᠋ᠦᠩ ᠪᠤᠯᠤᠨ᠎ᠡ ᠭᠡᠵᠠᠢ᠃ | ᠵᠠᠩ ᠳ᠋ᠧ ᠵᠢᠶᠠᠩ 5 ᠲᠠᠯ᠎ᠠ ᠪᠠᠷ ᠲᠠᠪᠤᠨ ᠵᠢᠯ ᠤᠨ ᠠᠵᠢᠯ ᠤᠨ ᠭᠤᠤᠯ ᠳᠦᠷᠦᠭᠳᠡᠯ ᠢᠶᠠᠨ ᠳ᠋ᠦᠩᠨᠡᠪᠡ᠃ | ᠨᠢᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠤᠯ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠭᠤᠯᠤᠯ ᠤᠨ ᠮᠦᠨ ᠴᠢᠨᠠᠷ ᠤᠨ ᠱᠠᠭᠠᠷᠳᠠᠯᠭ᠎ᠠ ᠪᠠ ᠬᠠᠮᠤᠭ ᠤᠨ ᠶᠡᠭᠡ ᠳᠠᠪᠠᠭᠤᠯᠢᠭ ᠮᠦᠨ᠂ | ᠡᠷᠬᠡᠪᠰᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠦᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ᠨᠠᠮ ᠤᠨ ᠵᠢᠯᠤᠭᠤᠳᠬᠤ ᠦᠵᠡᠯ | ᠰᠠᠨᠠᠭ᠎ᠠ ᠪᠤᠯ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠠᠨ ᠪᠦᠷᠢᠨᠰᠢᠭᠦᠯᠬᠦ ᠶᠢᠨ | ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠮᠦᠨ᠂ ᠡᠷᠬᠡᠪᠰᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠬᠤ ᠬᠡᠷᠡᠭᠲᠡᠢ᠃ ᠭᠤᠷᠪᠠ ᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠪᠤᠯ ᠳᠤᠮᠳᠠᠳᠤ ᠤᠯᠤᠰ ᠤᠨ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠴᠢᠬᠤᠯᠠ ᠠᠷᠭ᠎ᠠ ᠵᠠᠮ | ᠪᠠ ᠬᠠᠮᠤᠭ ᠤᠨ ᠳᠡᠭᠡᠲᠦ ᠪᠡᠶᠡᠯᠡᠭᠳᠡᠬᠦ ᠬᠡᠯᠪᠡᠷᠢ ᠮᠦᠨ᠂ ᠡᠷᠬᠡᠪᠰᠢ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠬᠦ ᠶᠢ ᠤᠯᠤᠰ ᠤᠨ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠳᠤᠮᠳᠠ ᠦᠨᠡᠨᠬᠦ | ᠨᠠᠶᠢᠳᠠᠪᠤᠷᠢᠵᠢᠭᠤᠯᠬᠤ ᠬᠡᠷᠡᠭᠲᠡᠢ᠃ ᠳᠦᠷᠪᠡ ᠳᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠤᠯ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠮᠦᠨ ᠴᠢᠨᠠᠷ ᠤᠨ ᠱᠠᠭᠠᠷᠳᠠᠯᠭ᠎ᠠ ᠪᠠ ᠴᠢᠬᠤᠯᠠ | ᠪᠠᠲᠤᠯᠠᠭ᠎ᠠ ᠮᠦᠨ᠂ ᠡᠷᠬᠡᠪᠰᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ | ᠬᠤᠷᠢᠶ᠎ᠠ ᠶᠢᠨ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠳᠤᠮᠳᠠᠬᠢ ᠴᠢᠬᠤᠯᠠ ᠦᠢᠯᠡᠳᠦᠯ | ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠠᠪᠤ ᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠪᠤᠯ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠴᠢᠬᠤᠯᠠ | ᠪᠦᠷᠢᠯᠳᠦᠬᠦᠨ ᠬᠡᠰᠡᠭ ᠮᠦᠨ᠂ ᠡᠷᠬᠡᠪᠰᠢ ᠠᠷᠠᠳ ᠤᠨ ᠶᠡᠭᠡ ᠬᠤᠷᠠᠯ ᠤᠨ ᠪᠠᠶᠢᠭᠤᠯᠤᠯ ᠢ ᠭᠤᠶᠢᠪᠢᠰᠢ ᠦᠭᠡᠢ | ᠪᠠᠷᠢᠮᠲᠠᠯᠠᠵᠤ᠂ ᠴᠠᠭ ᠦᠶ᠎ᠡ ᠶᠢ ᠲᠠᠭᠠᠨ ᠪᠦᠬᠦ ᠳᠠᠯ᠎ᠠ ᠪᠠᠷ ᠤᠷᠤᠭᠰᠢᠯᠠᠭᠤᠯᠵᠤ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠤᠯ ᠢ ᠪᠦᠷᠢᠨᠰᠢᠭᠦᠯᠬᠦ ᠬᠡᠷᠡᠭᠲᠡᠢ᠃ | ᠵᠠᠩ ᠳ᠋ᠧ ᠵᠢᠶᠡᠩ ᠵᠢᠭᠠᠭᠰᠠᠨ ᠨᠢ᠂ 2018 ᠣᠨ ᠪᠤᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠠᠯᠳᠠ ᠶᠢᠨ ᠵᠢᠯ ᠪᠤᠯᠤᠨ᠎ᠠ᠂ | ᠪᠠᠰᠠᠴᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠡ ᠶᠢᠨ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠦ ᠠᠩᠬᠠᠨ ᠤ ᠵᠢᠯ ᠪᠤᠯᠤᠨ᠎ᠠ᠃ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠶᠠᠠ ᠲᠠᠷᠤᠭ᠎ᠠ ᠶᠢᠨ ᠬᠤᠷᠠᠯ ᠠᠴᠠ | 2018 ᠣᠨ ᠤ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠭᠤᠤᠯᠳᠠᠯᠭ᠎ᠠ ᠪᠤᠯᠤᠨ ᠬᠠᠤᠯᠢ ᠲᠤᠭᠳᠠᠭᠠᠬᠤ᠂ ᠬᠢᠨᠠᠯᠳᠠ | ᠲᠠᠯᠪᠢᠬᠤ ᠠᠵᠢᠯ ᠤᠨ ᠲᠦᠯᠤᠪᠯᠡᠭᠡ ᠶᠢ ᠵᠠᠷᠴᠢᠮ ᠳᠡᠭᠡᠷ᠎ᠠ ᠪᠠᠨ ᠪᠠᠳᠤᠯᠠᠵᠤ᠂ ᠬᠤᠶᠢᠰᠢᠳᠠ ᠶᠢᠨ ᠨᠢᠭᠡ ᠵᠢᠯ ᠤᠨ ᠠᠵᠢᠯ | ᠢ ᠠᠩᠬ᠎ᠠ ᠠᠯᠬᠤᠮ ᠲᠤᠬᠢᠷᠠᠭᠤᠯᠪᠠ᠃ ᠨᠢᠭᠡ ᠳᠤ᠂ ᠬᠠᠤᠯᠢ ᠲᠤᠭᠳᠠᠭᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ | ᠬᠤᠶᠠᠷ ᠲᠤ᠂ ᠬᠢᠨᠠᠯᠳᠠ ᠲᠠᠯᠪᠢᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠭᠤᠷᠪᠠ ᠳᠤ᠂ ᠲᠦᠯᠤᠭᠡᠯᠡᠭᠴᠢᠳ | ᠤᠨ ᠠᠵᠢᠯ ᠢ ᠦᠷᠭᠦᠯᠵᠢᠯᠡᠨ ᠴᠢᠩᠭᠠᠳᠬᠠᠨ᠎ᠠ ᠬᠡᠪᠠ᠃ | ᠵᠠᠩ ᠳ᠋ᠧ ᠵᠢᠶᠡᠩ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠡᠭ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠠᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠭᠦ ᠤᠬᠠᠭᠠᠨᠴᠢ ᠵᠢᠭᠠᠨ ᠵᠢᠯᠤᠭᠤᠳᠤᠮᠵᠢ ᠳᠤᠤᠷ᠎ᠠ᠂ | ᠪᠦᠭᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠳᠦᠮᠡᠨ ᠤ ᠶᠡᠭᠡ ᠲᠡᠮᠵᠢᠯᠭᠡ ᠳᠤᠤᠷ᠎ᠠ᠂ ᠰᠢᠨ᠎ᠠ ᠨᠢᠬᠡ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠡᠭᠭᠤ ᠶᠢᠨ ᠬᠤᠷᠢᠶ᠎ᠠ ᠯᠠᠪᠳᠠᠢ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠦᠨᠳᠦ ᠨᠠᠶᠢᠳᠠᠯᠭ᠎ᠠ ᠶᠢ | ᠬᠦᠰᠡᠷᠳᠡᠭᠦᠯᠬᠦ ᠦᠭᠡᠢ᠂ ᠰᠢᠨ᠎ᠠ ᠴᠠᠭ ᠦᠶ᠎ᠡ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ | ᠤᠨ ᠰᠢᠨ᠎ᠠ ᠬᠠᠭᠤᠳᠠᠰᠤ ᠶᠢ ᠪᠢᠴᠢᠭᠯᠡᠨ᠎ᠡ ᠭᠡᠳᠡᠭ ᠢ ᠪᠢᠳᠠ ᠪᠠᠳᠤ ᠢᠳᠡᠭᠡᠵᠤ ᠪᠠᠶᠢᠨ᠎ᠠ ᠬᠡᠵᠠᠢ᠃ | ᠶᠡᠭᠡ ᠬᠤᠷᠠᠯ ᠤᠨ ᠭᠦᠢᠴᠡᠳᠭᠡᠭᠦ ᠲᠡᠷᠢᠭᠦᠯᠡᠭᠴᠢ ᠯᠢᠤ ᠵᠢᠶᠠ ᠢ᠂ ᠯᠢᠤ ᠼᠢ ᠭᠦᠢ᠂ ᠵᠠᠩ ᠴᠢᠩ ᠸᠧᠢ᠂ | ᠬᠤ᠋ ᠾᠧ ᠫᠢᠡᠭ᠂ ᠳ᠋ᠤᠸᠠᠨ ᠴᠦᠨ ᠬᠤᠸᠠ᠂ ᠾᠧ ᠢ ᠴᠸᠡᠭ ᠲᠡᠷᠢᠭᠦᠯᠡᠭᠴᠢ ᠶᠢᠨ ᠲᠠᠶᠢᠰᠠᠨ ᠤ ᠭᠦᠢᠴᠡᠳᠭᠡᠭᠦ | ᠲᠡᠷᠢᠭᠦᠯᠡᠭᠴᠢ ᠶᠢᠨ ᠰᠠᠭᠤᠳᠠᠯ ᠳᠤ ᠰᠠᠭᠠᠳᠠᠪᠠ᠃ |