2017 ᠣᠨ ᠳᠤ ᠬᠥᠯᠥᠨ ᠪᠤᠶᠢᠷ ᠬᠤᠲᠠ ᠶᠢᠨ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠤᠨ ᠡᠳ᠋ ᠬᠦᠷᠦᠩᠭᠡ ᠨᠢ ᠵᠤᠵᠠᠭᠠᠳᠪᠠ
ᠨᠡᠶᠢᠲᠡᠯᠡᠭᠰᠡᠨ ᠴᠠᠭ᠄
2018/3/13
 ᠬᠥᠯᠥᠨ ᠪᠤᠶᠢᠷ ᠤᠨ ᠪᠠᠶᠢᠴᠠᠭᠠᠬᠤ ᠠᠩᠬᠢ ᠶᠢᠨ 2017 ᠣᠨ ᠤ 4 ᠤᠯᠠᠷᠢᠯ ᠳᠤ 170 ᠡᠷᠦᠬᠡ  ᠦᠢᠯᠡᠴᠢᠯᠡᠭᠡᠨ ᠤ ᠦᠢᠯᠡᠰ ᠤᠨ ᠪᠦᠲᠦᠮᠵᠢᠲᠡᠶ ᠵᠢᠵᠢᠭ ᠪᠢᠴᠢᠯ ᠠᠵᠤ ᠠᠬᠤᠶᠢᠯᠠᠯ ᠢ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠨᠠᠢᠮᠠᠨ ᠬᠤᠪᠢ ᠶᠢᠨ ᠠᠵᠤ ᠠᠬᠤᠶᠢᠯᠠᠯ ᠭᠠᠶᠢᠯᠢ ᠲᠠᠲᠠᠪᠤᠷᠢ ᠶᠢᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠬᠦᠷᠲᠡᠵᠡᠢ︔ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠦᠷᠲᠡᠭᠰᠡᠨ ᠠᠵᠤ ᠠᠬᠤᠶᠢᠯᠠᠯ ᠤᠨ ᠡᠵᠡᠯᠡᠬᠦ ᠬᠤᠪᠢ ᠶᠢᠨ ᠵᠢᠩ 15.3%᠎ ᠳᠤ ᠬᠦᠷᠪᠡ︔ 2017 ᠣᠨ ᠳᠤ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 5.5 ᠳ᠋ᠦᠩᠰᠢᠭᠤᠷ ᠲᠥᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.0% ᠨᠡᠮᠡᠭᠳᠡᠵᠦ᠂ ᠳᠡᠭᠡᠷ᠎ᠡ ᠵᠢᠯ ᠤᠨ ᠨᠡᠮᠡᠭᠳᠡᠯ ᠤᠨ ᠬᠤᠷᠳᠤᠴᠠ ᠶᠢᠨ 3.24 ᠳᠠᠬᠢᠨ ᠪᠣᠯᠵᠠᠢ︔ ᠶᠡᠷᠦᠩᠬᠡᠶᠢᠯᠡᠭᠰᠡᠨ ᠡᠵᠡᠩᠨᠡᠯᠲᠡ ᠶᠢᠨ ᠪᠠᠶᠢᠳᠠᠯ ᠨᠢ ᠲᠣᠭᠲᠠᠭᠤᠨ ᠪᠥᠭᠡᠳ ᠰᠠᠶᠢᠵᠢᠷᠠᠬᠤ ᠬᠠᠨᠳᠤᠰᠢ ᠎ ᠲᠠᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ 91.8% ᠪᠣᠯᠣᠨ᠎ᠠ  ᠃            ᠬᠥᠯᠥᠨ ᠪᠤᠶᠢᠷ ᠬᠤᠳᠠ  ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠠᠵᠤ ᠠᠬᠤᠶᠢᠯᠠᠯ ᠤᠨ ᠣᠷᠣᠯᠭ᠎ᠠ ᠨᠡᠮᠡᠭᠳᠡᠨ᠂ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠵᠢᠯ ᠳᠠᠷᠠᠭᠠᠯᠠᠨ ᠨᠡᠮᠡᠭᠳᠡᠵᠦ᠂ ᠠᠵᠤ ᠠᠬᠤᠶᠢᠯᠠᠯ ᠤᠨ ᠳᠤᠮᠳᠠᠴᠢ ᠪᠠᠷ ᠠᠵᠢᠯᠯᠠᠵᠤ ᠪᠠᠶᠢᠭ᠎ᠠ ᠬᠥᠮᠦᠰ ᠣᠯᠠᠰᠢᠷᠠᠵᠤ᠂ ᠴᠠᠯᠢᠩ ᠬᠥᠯᠥᠰᠥ ᠤᠯᠠᠮ ᠨᠢᠭᠡ ᠠᠯᠬᠤᠮ ᠨᠡᠮᠡᠭᠳᠡᠨ᠂ ᠡᠳ᠋ ᠬᠦᠷᠦᠩᠭᠡ ᠎ ᠨᠢ ᠵᠤᠵᠠᠭᠠᠷᠠᠭᠰᠠᠨ ᠪᠠᠶᠢᠨ᠎ᠠ᠃ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ ᠪᠤᠢ᠄ ᠨᠢᠭᠡ ᠳᠤ᠂ ᠠᠵᠤ ᠠᠬᠤᠶᠢᠯᠠᠯ ᠤᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠵᠢᠯ ᠳᠠᠷᠠᠭᠠᠯᠠᠨ ᠨᠡᠮᠡᠭᠳᠡᠵᠦ᠂ ᠥᠷᠢ ᠥᠭᠴᠡᠭᠡ ᠎ ᠨᠢ ᠪᠠᠭᠠᠰᠪᠠ᠃ 2017 ᠣᠨ ᠳᠤ ᠠᠵᠤ ᠠᠬᠤᠶᠢᠯᠠᠯ ᠤᠨ ᠲᠣᠭᠲᠠᠮᠠᠯ ᠬᠦ᠋ᠷᠦᠩᠭᠡ ᠶᠢᠨ ᠤᠤᠯ ᠦᠨ᠎ᠡ ᠬᠠᠩᠰᠢ ᠨᠢ 6.0 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠦ᠂ ᠳᠡᠭᠡᠷ᠎ᠡ ᠵᠢᠯ ᠤᠨ ᠨᠡᠮᠡᠭᠳᠡᠯ ᠤᠨ  ᠬᠤᠷᠳᠤᠴᠠ ᠶᠢᠨ 5.9%᠎ ᠲᠠᠢ ᠬᠠᠷᠢᠴᠠᠭᠤᠯᠪᠠᠯ ᠪᠠᠭ᠎ᠠ ᠠᠯᠭᠤᠷ ᠪᠣᠯᠣᠭᠰᠠᠨ ᠪᠣᠯᠪᠠᠴᠤ ᠨᠡᠮᠡᠭᠳᠡᠬᠦ ᠬᠠᠨᠳᠤᠰᠢ ᠨᠢ ᠬᠤᠪᠢᠷᠠᠭᠰᠠᠨ ᠦᠭᠡᠢ ᠪᠠᠶᠢᠳᠠᠭ︔ ᠥᠷᠢ ᠥᠭᠴᠡᠭᠡ ᠨᠢ14.29 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.48% ᠪᠠᠭᠤᠷᠠᠭᠰᠠᠨ ᠪᠠᠶᠢᠨ᠎ᠠ᠃ ᠬᠤᠶᠠᠷ ᠲᠤ ᠠᠵᠤ ᠠᠬᠤᠶᠢᠯᠠᠯ ᠤᠨ ᠬᠡᠪᠴᠢᠶ᠎ᠡ ᠨᠢ ᠪᠤᠵᠠᠭᠠᠶᠢᠷᠠᠪᠠ᠃ 2017 ᠣᠨ ᠳᠤ ᠠᠵᠤ ᠠᠬᠤᠶᠢᠯᠠᠯ ᠤᠨ ᠠᠵᠢᠯᠯᠠᠭᠴᠢᠳ 2803 ᠬᠥᠮᠦᠨ ᠪᠣᠯᠵᠤ᠂ ᠠᠵᠤ ᠠᠬᠤᠶᠢᠯᠠᠯ ᠪᠦᠷᠢ ᠳᠤᠮᠳᠠᠴᠢ ᠪᠠᠷ 16 ᠬᠥᠮᠦᠨ ᠠᠵᠢᠯᠯᠠᠵᠤ᠂ ᠠᠳᠠᠯᠢ ᠬᠤᠭᠤᠴᠠᠭᠠᠨ ᠤ ᠬᠢ ᠠᠴᠠ 11.9% ᠨᠡᠮᠡᠭᠳᠡᠪᠡ᠃ ᠭᠤᠷᠪᠠ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠳ ᠤ ᠴᠠᠯᠢᠩ ᠬᠥᠯᠥᠰᠥ ᠨᠡᠮᠡᠭᠳᠡᠪᠡ᠃ 2017 ᠣᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠎ ᠳᠠᠭᠠᠨ ᠥᠭᠬᠦ ᠶᠣᠰᠣᠲᠠᠶ ᠴᠠᠯᠢᠩ ᠬᠥᠯᠥᠰᠥ 9983.3 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ15.49% ᠨᠡᠮᠡᠭᠳᠡᠪᠡ︔ ᠠᠵᠤ ᠠᠬᠤᠶᠢᠯᠠᠯ ᠤᠨ ᠬᠥᠮᠦᠨ ᠪᠦᠷᠢ ᠶᠢᠨ ᠳᠤᠮᠳᠠᠴᠢ ᠴᠠᠯᠢᠩ ᠬᠥᠯᠥᠰᠥ ᠨᠢ ᠰᠠᠷ᠎ᠠ ᠳᠤ 2968 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ10.37% ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号