2017 ᠣᠨ ᠳᠤ ᠬᠥᠯᠥᠨ ᠪᠤᠶᠢᠷ ᠬᠤᠲᠠ ᠶᠢᠨ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠤᠨ ᠡᠳ᠋ ᠬᠦᠷᠦᠩᠭᠡ ᠨᠢ ᠵᠤᠵᠠᠭᠠᠳᠪᠠ
ᠨᠡᠶᠢᠲᠡᠯᠡᠭᠰᠡᠨ ᠴᠠᠭ᠄
2018/3/13
 ᠬᠥᠯᠥᠨ ᠪᠤᠶᠢᠷ ᠤᠨ ᠪᠠᠶᠢᠴᠠᠭᠠᠬᠤ ᠠᠩᠬᠢ ᠶᠢᠨ 2017 ᠣᠨ ᠤ 4 ᠤᠯᠠᠷᠢᠯ ᠳᠤ 170 ᠡᠷᠦᠬᠡ  ᠦᠢᠯᠡᠴᠢᠯᠡᠭᠡᠨ ᠤ ᠦᠢᠯᠡᠰ ᠤᠨ ᠪᠦᠲᠦᠮᠵᠢᠲᠡᠶ ᠵᠢᠵᠢᠭ ᠪᠢᠴᠢᠯ ᠠᠵᠤ ᠠᠬᠤᠶᠢᠯᠠᠯ ᠢ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠨᠠᠢᠮᠠᠨ ᠬᠤᠪᠢ ᠶᠢᠨ ᠠᠵᠤ ᠠᠬᠤᠶᠢᠯᠠᠯ ᠭᠠᠶᠢᠯᠢ ᠲᠠᠲᠠᠪᠤᠷᠢ ᠶᠢᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠬᠦᠷᠲᠡᠵᠡᠢ︔ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠦᠷᠲᠡᠭᠰᠡᠨ ᠠᠵᠤ ᠠᠬᠤᠶᠢᠯᠠᠯ ᠤᠨ ᠡᠵᠡᠯᠡᠬᠦ ᠬᠤᠪᠢ ᠶᠢᠨ ᠵᠢᠩ 15.3% ᠳᠤ ᠬᠦᠷᠪᠡ︔ 2017 ᠣᠨ ᠳᠤ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 5.5 ᠳ᠋ᠦᠩᠰᠢᠭᠤᠷ ᠲᠥᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.0% ᠨᠡᠮᠡᠭᠳᠡᠵᠦ᠂ ᠳᠡᠭᠡᠷ᠎ᠡ ᠵᠢᠯ ᠤᠨ ᠨᠡᠮᠡᠭᠳᠡᠯ ᠤᠨ ᠬᠤᠷᠳᠤᠴᠠ ᠶᠢᠨ 3.24 ᠳᠠᠬᠢᠨ ᠪᠣᠯᠵᠠᠢ︔ ᠶᠡᠷᠦᠩᠬᠡᠶᠢᠯᠡᠭᠰᠡᠨ ᠡᠵᠡᠩᠨᠡᠯᠲᠡ ᠶᠢᠨ ᠪᠠᠶᠢᠳᠠᠯ ᠨᠢ ᠲᠣᠭᠲᠠᠭᠤᠨ ᠪᠥᠭᠡᠳ ᠰᠠᠶᠢᠵᠢᠷᠠᠬᠤ ᠬᠠᠨᠳᠤᠰᠢ  ᠲᠠᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ 91.8% ᠪᠣᠯᠣᠨ᠎ᠠ  ᠃            ᠬᠥᠯᠥᠨ ᠪᠤᠶᠢᠷ ᠬᠤᠳᠠ  ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠠᠵᠤ ᠠᠬᠤᠶᠢᠯᠠᠯ ᠤᠨ ᠣᠷᠣᠯᠭ᠎ᠠ ᠨᠡᠮᠡᠭᠳᠡᠨ᠂ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠵᠢᠯ ᠳᠠᠷᠠᠭᠠᠯᠠᠨ ᠨᠡᠮᠡᠭᠳᠡᠵᠦ᠂ ᠠᠵᠤ ᠠᠬᠤᠶᠢᠯᠠᠯ ᠤᠨ ᠳᠤᠮᠳᠠᠴᠢ ᠪᠠᠷ ᠠᠵᠢᠯᠯᠠᠵᠤ ᠪᠠᠶᠢᠭ᠎ᠠ ᠬᠥᠮᠦᠰ ᠣᠯᠠᠰᠢᠷᠠᠵᠤ᠂ ᠴᠠᠯᠢᠩ ᠬᠥᠯᠥᠰᠥ ᠤᠯᠠᠮ ᠨᠢᠭᠡ ᠠᠯᠬᠤᠮ ᠨᠡᠮᠡᠭᠳᠡᠨ᠂ ᠡᠳ᠋ ᠬᠦᠷᠦᠩᠭᠡ  ᠨᠢ ᠵᠤᠵᠠᠭᠠᠷᠠᠭᠰᠠᠨ ᠪᠠᠶᠢᠨ᠎ᠠ᠃ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ ᠪᠤᠢ᠄ ᠨᠢᠭᠡ ᠳᠤ᠂ ᠠᠵᠤ ᠠᠬᠤᠶᠢᠯᠠᠯ ᠤᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠵᠢᠯ ᠳᠠᠷᠠᠭᠠᠯᠠᠨ ᠨᠡᠮᠡᠭᠳᠡᠵᠦ᠂ ᠥᠷᠢ ᠥᠭᠴᠡᠭᠡ  ᠨᠢ ᠪᠠᠭᠠᠰᠪᠠ᠃ 2017 ᠣᠨ ᠳᠤ ᠠᠵᠤ ᠠᠬᠤᠶᠢᠯᠠᠯ ᠤᠨ ᠲᠣᠭᠲᠠᠮᠠᠯ ᠬᠦ᠋ᠷᠦᠩᠭᠡ ᠶᠢᠨ ᠤᠤᠯ ᠦᠨ᠎ᠡ ᠬᠠᠩᠰᠢ ᠨᠢ 6.0 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠦ᠂ ᠳᠡᠭᠡᠷ᠎ᠡ ᠵᠢᠯ ᠤᠨ ᠨᠡᠮᠡᠭᠳᠡᠯ ᠤᠨ  ᠬᠤᠷᠳᠤᠴᠠ ᠶᠢᠨ 5.9% ᠲᠠᠢ ᠬᠠᠷᠢᠴᠠᠭᠤᠯᠪᠠᠯ ᠪᠠᠭ᠎ᠠ ᠠᠯᠭᠤᠷ ᠪᠣᠯᠣᠭᠰᠠᠨ ᠪᠣᠯᠪᠠᠴᠤ ᠨᠡᠮᠡᠭᠳᠡᠬᠦ ᠬᠠᠨᠳᠤᠰᠢ ᠨᠢ ᠬᠤᠪᠢᠷᠠᠭᠰᠠᠨ ᠦᠭᠡᠢ ᠪᠠᠶᠢᠳᠠᠭ︔ ᠥᠷᠢ ᠥᠭᠴᠡᠭᠡ ᠨᠢ14.29 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.48% ᠪᠠᠭᠤᠷᠠᠭᠰᠠᠨ ᠪᠠᠶᠢᠨ᠎ᠠ᠃ ᠬᠤᠶᠠᠷ ᠲᠤ ᠠᠵᠤ ᠠᠬᠤᠶᠢᠯᠠᠯ ᠤᠨ ᠬᠡᠪᠴᠢᠶ᠎ᠡ ᠨᠢ ᠪᠤᠵᠠᠭᠠᠶᠢᠷᠠᠪᠠ᠃ 2017 ᠣᠨ ᠳᠤ ᠠᠵᠤ ᠠᠬᠤᠶᠢᠯᠠᠯ ᠤᠨ ᠠᠵᠢᠯᠯᠠᠭᠴᠢᠳ 2803 ᠬᠥᠮᠦᠨ ᠪᠣᠯᠵᠤ᠂ ᠠᠵᠤ ᠠᠬᠤᠶᠢᠯᠠᠯ ᠪᠦᠷᠢ ᠳᠤᠮᠳᠠᠴᠢ ᠪᠠᠷ 16 ᠬᠥᠮᠦᠨ ᠠᠵᠢᠯᠯᠠᠵᠤ᠂ ᠠᠳᠠᠯᠢ ᠬᠤᠭᠤᠴᠠᠭᠠᠨ ᠤ ᠬᠢ ᠠᠴᠠ 11.9% ᠨᠡᠮᠡᠭᠳᠡᠪᠡ᠃ ᠭᠤᠷᠪᠠ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠳ ᠤ ᠴᠠᠯᠢᠩ ᠬᠥᠯᠥᠰᠥ ᠨᠡᠮᠡᠭᠳᠡᠪᠡ᠃ 2017 ᠣᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ  ᠳᠠᠭᠠᠨ ᠥᠭᠬᠦ ᠶᠣᠰᠣᠲᠠᠶ ᠴᠠᠯᠢᠩ ᠬᠥᠯᠥᠰᠥ 9983.3 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ15.49% ᠨᠡᠮᠡᠭᠳᠡᠪᠡ︔ ᠠᠵᠤ ᠠᠬᠤᠶᠢᠯᠠᠯ ᠤᠨ ᠬᠥᠮᠦᠨ ᠪᠦᠷᠢ ᠶᠢᠨ ᠳᠤᠮᠳᠠᠴᠢ ᠴᠠᠯᠢᠩ ᠬᠥᠯᠥᠰᠥ ᠨᠢ ᠰᠠᠷ᠎ᠠ ᠳᠤ 2968 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ10.37% ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号