ᠠᠯᠠᠱᠠ ᠠᠶᠢᠮᠠᠭ ᠤᠨ ᠨᠢᠭᠡᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠦᠢ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠦᠷᠦᠭᠦᠦ ᠪᠦᠯᠦᠭ ᠤᠨ ᠰᠠᠭᠤᠷᠢᠨ ᠭᠠᠵᠠᠷ ᠢᠶᠠᠷ ᠦᠨᠡᠮᠰᠢᠭᠳᠡᠪᠡ
ᠨᠡᠶᠢᠲᠡᠯᠡᠭᠰᠡᠨ ᠴᠠᠭ᠄
2018/3/14
      ᠦᠢᠷ᠎ᠠ ᠶᠢᠨ ᠡᠳᠦᠷ᠂ ︽ᠥᠪᠡᠷᠲᠡᠭᠡᠨ ᠵᠠᠰᠠᠬᠤ ᠣᠷᠣᠨ ᠤ ᠦᠢ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠦᠷᠦᠭᠦᠦ ᠪᠦᠯᠦᠭ ᠤᠨ ᠰᠠᠭᠤᠷᠢᠨ ᠭᠠᠵᠠᠷ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠯᠠᠱᠠ ᠠᠶᠢᠮᠠᠭ ᠤᠨ ᠴᠠᠭᠠᠨ ᠭᠤᠶᠣᠣ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠥᠪᠡᠷᠲᠡᠭᠡᠨ ᠵᠠᠰᠠᠬᠤ ᠣᠷᠣᠨ ᠤ ᠦᠢ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠦᠷᠦᠭᠦᠦ ᠪᠦᠯᠦᠭ ᠤᠨ ᠰᠠᠭᠤᠷᠢᠨ ᠭᠠᠵᠠᠷ ᠢᠶᠠᠷ ᠦᠨᠡᠮᠰᠢᠪᠡ᠃      ᠲᠦᠷᠦᠭᠦᠦ ᠪᠦᠯᠦᠭ ᠲᠤ ᠦᠨᠡᠮᠰᠢᠭᠰᠡᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠣᠰ ᠡᠭᠦᠳᠦᠯᠲᠡ ᠶᠢᠨ ᠵᠢᠱᠢᠶ᠎ᠡ ᠦᠵᠡᠭᠦᠯᠬᠦ 10 ᠰᠠᠭᠤᠷᠢᠨ ᠭᠠᠵᠠᠷ ᠢ ᠪᠣᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠠᠩᠬ᠎ᠠ ᠬᠢᠨᠠᠬᠤ᠂ ᠬᠠᠷᠢᠭᠤ ᠮᠠᠷᠭᠤᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠬᠠᠮᠤᠭ ᠡᠴᠦᠰ ᠲᠤ ᠲᠤᠰ ᠤᠳᠠᠭᠠᠨ ᠤ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠡᠷᠡᠰ ᠢ ᠲᠣᠭᠲᠠᠭᠠᠭᠰᠠᠨ ᠶᠤᠮ᠃ ᠡᠨᠡ ᠤᠳᠠᠭᠠᠨ ᠤ ᠦᠨᠡᠮᠰᠢᠭᠰᠡᠨ ᠬᠤᠣᠰ ᠡᠭᠦᠳᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ ᠨᠡᠩ ᠶᠡᠭᠡ ᠬᠡᠪᠴᠢᠶ᠎ᠡ᠂ ᠨᠡᠩ ᠳᠡᠭᠡᠳᠦ ᠳᠡᠰ ᠳᠠᠪᠬᠤᠷᠭ᠎ᠠ᠂ ᠨᠡᠩ ᠭᠦᠨ ᠬᠡᠮᠵᠢᠶᠡᠨ ᠠᠴᠠ ᠦᠢ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠬᠤᠣᠰ ᠡᠭᠦᠳᠦᠯᠲᠡ ᠶᠢᠨ ᠪᠠᠶᠢᠭᠤᠯᠤᠯ ᠲᠣᠭᠲᠠᠴᠠ ᠶᠢ ᠰᠢᠨᠡᠴᠢᠯᠡᠬᠦ᠂ ᠬᠤᠣᠰ ᠡᠭᠦᠳᠦᠯᠲᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠬᠦ᠂ ᠬᠤᠣᠰ ᠡᠭᠦᠳᠦᠯᠲᠡ ᠶᠢᠨ ᠳᠦᠷᠦ ᠶᠢᠨ ᠪᠣᠳᠣᠯᠭ᠎ᠠ ᠶᠢᠨ ᠪᠣᠳᠠᠲᠠᠶᠢᠵᠢᠭᠤᠯᠤᠯᠲᠠ ᠶᠢ ᠠᠬᠢᠭᠤᠯᠬᠤ᠂ ᠬᠤᠣᠰ ᠡᠭᠦᠳᠦᠯᠲᠡ ᠶᠢᠨ ᠲᠤᠯᠭᠠᠭᠤᠷᠢᠯᠠᠯ ᠲᠠᠪᠴᠠᠩ ᠳᠤ ᠳᠡᠮᠵᠢᠯᠭᠡ ᠦᠵᠡᠭᠦᠯᠬᠦ᠂ ᠬᠤᠣᠰ ᠡᠭᠦᠳᠦᠯᠲᠡ ᠶᠢᠨ ᠬᠥᠭᠵᠢᠯᠲᠡ ᠶᠢᠨ ᠠᠮᠢ ᠠᠬᠤᠢ ᠶᠢ ᠪᠦᠲᠦᠭᠡᠨ ᠪᠠᠶᠢᠭᠤᠯᠬᠤ᠂ ᠬᠤᠣᠰ ᠡᠭᠦᠳᠦᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠳᠤ ᠬᠦᠴᠦ ᠲᠠᠯᠪᠢᠵᠤ᠂ ᠮᠠᠨ ᠤ ᠣᠷᠣᠨ ᠤ ᠪᠣᠳᠠᠲᠤ ᠪᠠᠶᠢᠳᠠᠯ ᠪᠠ ᠠᠳᠠᠯᠢ ᠪᠤᠰᠤ ᠣᠷᠣᠨ ᠪᠦᠰᠡ ᠶᠢᠨ ᠣᠨᠴᠠᠯᠢᠭ ᠲᠤ ᠲᠣᠬᠢᠷᠠᠬᠤ ᠬᠤᠣᠰ ᠡᠭᠦᠳᠦᠯᠲᠡ ᠶᠢᠨ ᠬᠡᠪ ᠵᠠᠭᠪᠤᠷ ᠪᠣᠯᠣᠨ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠤ᠂ ᠬᠤᠣᠰ ᠡᠭᠦᠳᠦᠯᠲᠡ ᠶᠢᠨ ᠥᠷᠨᠢᠨ ᠬᠥᠭᠵᠢᠬᠦ ᠳᠤ ᠠᠰᠢᠭᠲᠠᠶ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ᠂ ᠲᠦᠷᠢᠮ ᠤᠨ ᠣᠷᠴᠢᠨ ᠨᠥᠬᠦᠴᠡᠯ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ ᠤᠨ ᠬᠥᠭᠵᠢᠯᠲᠡ ᠶᠢ ᠠᠬᠢᠭᠤᠯᠤᠨ᠂ ᠰᠢᠨ᠎ᠡ ᠬᠥᠳᠡᠯᠭᠡᠭᠦᠷ ᠬᠦᠴᠦᠨ ᠢ ᠪᠤᠶᠢᠵᠢᠭᠤᠯᠤᠨ ᠬᠥᠭᠵᠢᠭᠦᠯᠬᠦ ᠳᠤ ᠲᠦᠰᠢᠭ ᠲᠤᠯᠭᠠᠭᠤᠷᠢ ᠣᠯᠭᠤᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号