| | | 3 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠠᠶ ᠯᠢ ᠬᠤᠸᠠ ᠳᠡᠳ᠋ | ᠲᠡᠷᠢᠭᠦᠯᠡᠭᠴᠢ ᠲᠦᠩᠯᠢᠶᠣᠤ ᠳᠤ ᠬᠦᠷᠴᠦ ᠰᠣᠶᠣᠯ ᠵᠢᠭᠤᠯᠴᠢᠯᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ | ᠠᠶ ᠯᠢ ᠬᠤᠸᠠ ᠵᠡᠷᠭᠡ ᠬᠥᠮᠦᠰ ᠲᠦᠩᠯᠢᠶᠣᠤ ᠬᠤᠲᠠ ᠶᠢᠨ ᠮᠦᠽᠧᠶ᠂ ᠦᠯᠢᠭᠡᠷ ᠤᠷᠠᠯᠢᠭ ᠤᠨ ᠣᠷᠳᠣᠨ᠂ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠶᠢᠨ ᠲᠠᠬᠢᠮᠳᠠᠭᠤ ᠠᠮᠤᠷᠯᠢᠩᠭᠤᠢ ᠭᠡᠭᠡᠨ ᠰᠣᠳᠣ ᠬᠠᠲᠤᠨ ᠤ | ᠬᠦᠷᠢᠶᠡᠯᠡᠩ ᠤᠨ ᠰᠣᠶᠣᠯ ᠵᠢᠭᠤᠯᠴᠢᠯᠠᠯ ᠤᠨ ᠲᠣᠭᠤᠷᠢᠭ᠂ ᠬᠠᠮ ᠤᠨ ᠮᠠᠩᠬᠠᠨ ᠤ ᠪᠠᠯᠠᠷ ᠡᠷᠲᠡᠨ ᠤ ᠰᠠᠭᠤᠷᠢᠰᠢᠯ ᠤᠨ | ᠪᠠᠭᠤᠷᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ︽ᠨᠢᠭᠡ ᠪᠦᠰᠡ ᠨᠢᠭᠡ ᠵᠠᠮ︾ ᠤᠨ ᠣᠪᠣᠭᠠᠨ | ᠳᠡᠭᠡᠷᠡᠬᠢ ᠠᠭᠤᠯᠵᠠᠯᠲᠠ ᠰᠣᠶᠣᠯ ᠵᠢᠭᠤᠯᠴᠢᠯᠠᠯ ᠤᠨ ᠭᠤᠣᠯ ᠰᠡᠳᠦᠪᠲᠦ ᠵᠢᠵᠢᠭ ᠪᠠᠯᠭᠠᠰᠤ᠂ ᠬᠤᠶᠢᠲᠤ ᠭᠠᠨᠵᠤᠭ᠎ᠠ | ᠶᠢᠨ ᠬᠤᠪᠢ ᠶᠢᠨ ᠮᠠᠰᠢᠨ ᠤ ᠠᠶᠠᠯᠠᠬᠤ ᠬᠡᠭᠡᠷ᠎ᠡ ᠪᠠᠭᠤᠳᠠᠯᠯᠠᠬᠤ ᠭᠠᠵᠠᠷ᠂ ᠬᠦᠷᠢᠶ᠎ᠡ ᠬᠤᠰᠢᠭᠤ ᠶᠢᠨ ᠠᠨᠳᠠᠶ ᠮᠦᠽᠧᠶ | ᠪᠠ ᠭᠤᠷᠪᠠᠨ ᠶᠡᠭᠡ ᠰᠦᠮ᠎ᠡ ᠶᠢᠨ ᠵᠢᠭᠤᠯᠴᠢᠯᠠᠯ ᠤᠨ ᠣᠷᠣᠨ ᠳᠤ ᠬᠦᠷᠴᠦ᠂ ᠲᠤᠬᠠᠶ ᠶᠢᠨ ᠭᠠᠵᠠᠷ ᠤᠨ ᠰᠣᠶᠣᠯ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠡᠢ᠃ ᠪᠠᠶᠢᠴᠠᠭᠠᠨ | ᠰᠤᠳᠤᠯᠤᠯᠲᠠ ᠶᠢᠨ ᠬᠤᠭᠤᠴᠠᠭᠠᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠤᠯᠠᠭᠠᠨᠮᠥ᠋ᠴᠢᠷ᠂ | ᠬᠦᠷᠢᠶ᠎ᠡ ᠬᠤᠰᠢᠭᠤ ᠶᠢᠨ ᠬᠦᠷᠢᠶ᠎ᠡ ᠪᠠᠯᠭᠠᠰᠤ ᠶᠢᠨ ᠬᠠᠷᠠᠴᠤᠤᠯ ᠤᠨ ᠤᠷᠠᠯᠢᠭ ᠤᠨ ᠪᠦᠯᠬᠦᠮ ᠳᠤ ᠭᠦᠨᠵᠡᠭᠡᠶᠢᠷᠡᠨ᠂ | ᠦᠨᠳᠦᠰᠦᠨ ᠱᠠᠲᠤᠨ ᠤ ᠤᠳᠬ᠎ᠠ ᠤᠷᠠᠯᠢᠭ ᠤᠨ ᠠᠵᠢᠯᠲᠠᠳ ᠢ ᠲᠣᠬᠤᠨᠢᠭᠤᠯᠪᠠ᠃ | | | | | ᠠᠶ ᠯᠢ ᠬᠤᠸᠠ ᠳᠡᠳ᠋ ᠲᠡᠷᠢᠭᠦᠯᠡᠭᠴᠢ ᠴᠢᠬᠤᠯᠠᠴᠢᠯᠠᠭᠰᠠᠨ ᠨᠢ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ | ᠬᠤᠷᠴᠢᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ | ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠦᠨᠳᠦᠰᠦᠲᠡᠨ ᠤ ᠰᠣᠶᠣᠯ ᠤᠨ ᠰᠢᠯᠢᠳᠡᠭ ᠤᠯᠠᠮᠵᠢᠯᠠᠯ ᠢ | ᠪᠠᠳᠠᠷᠠᠭᠤᠯᠬᠤ ᠬᠡᠷᠡᠭᠲᠡᠢ᠃ ᠬᠠᠮ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠤᠨ ᠲᠤᠭᠤᠷᠢᠨ ᠳᠤ᠂ | ᠵᠢᠭᠤᠯᠴᠢᠯᠠᠯ ᠤᠨ ᠴᠣᠭᠴᠠ ᠪᠠ ᠰᠣᠶᠣᠯ ᠤᠨ ᠰᠦᠭ ᠰᠦᠨᠡᠰᠦ ᠶᠢ ᠣᠷᠭᠠᠨᠢᠭ ᠢᠶᠠᠷ ᠨᠢᠭᠡᠳᠬᠡᠵᠦ᠂ ᠦᠨᠳᠦᠰᠦᠲᠡᠨ ᠤ | ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠢ ᠳᠣᠪᠣᠶᠢᠯᠭᠠᠵᠤ᠂ ᠢᠵᠢᠯᠢᠰᠢᠬᠦ ᠴᠢᠨᠠᠷ ᠲᠠᠢ | ᠥᠷᠢᠰᠥᠯᠳᠦᠭᠡᠨ ᠠᠴᠠ ᠵᠠᠶᠢᠯᠠᠰᠬᠢᠵᠤ᠂ ᠭᠤᠣᠯᠯᠠᠬᠤ ᠥᠷᠢᠰᠥᠯᠳᠦᠬᠦ ᠬᠦᠴᠦᠨ ᠲᠠᠢ ᠲᠠᠲᠠᠬᠤ ᠬᠦᠴᠦᠨ ᠲᠠᠢ | ᠵᠢᠭᠤᠯᠴᠢᠯᠠᠯ ᠤᠨ ᠲᠡᠮᠳᠡᠭᠲᠦ᠂ ᠵᠠᠮ ᠱᠤᠭᠤᠮ ᠪᠠ ᠦᠢᠯᠡᠳᠬᠦᠨ ᠢ ᠡᠭᠦᠳᠴᠦ᠂ ᠰᠣᠶᠣᠯ ᠵᠢᠭᠤᠯᠴᠢᠯᠠᠯ ᠢ ᠰᠢᠨ᠎ᠡ ᠶᠢ | ᠡᠭᠦᠳᠦᠨ ᠬᠥᠭᠵᠢᠭᠦᠯᠬᠦ ᠲᠠᠢ ᠠᠭᠤᠰᠤᠯᠴᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠤᠯᠠᠭᠠᠨᠮᠥ᠋ᠴᠢᠷ ᠲᠤ ᠪᠠᠶᠢᠴᠠᠭᠠᠨ ᠰᠤᠳᠤᠯᠤᠯᠲᠠ | ᠬᠢᠬᠦ ᠳᠡᠭᠡᠨ᠂ ᠠᠶ ᠯᠢ ᠬᠤᠸᠠ ᠳᠡᠳ᠋ ᠲᠡᠷᠢᠭᠦᠯᠡᠭᠴᠢ ᠤᠯᠠᠭᠠᠨᠮᠥ᠋ᠴᠢᠷ ᠤᠨ ᠤᠷᠠᠯᠢᠭᠴᠢᠳ ᠲᠠᠢ ᠭᠦᠨᠵᠡᠭᠡᠶ | ᠰᠣᠯᠢᠯᠴᠠᠭ᠎ᠠ ᠬᠢᠵᠦ᠂ ᠲᠡᠳᠡᠨ ᠤ ᠪᠣᠯᠪᠠᠰᠤᠷᠠᠯ᠂ ᠲᠣᠭᠯᠠᠯᠲᠠ᠂ ᠵᠣᠬᠢᠶᠠᠨ ᠪᠦᠲᠦᠭᠡᠯᠲᠡ ᠪᠠ ᠠᠮᠢᠳᠤᠷᠠᠯ ᠤᠨ | ᠪᠠᠶᠢᠳᠠᠯ ᠢ ᠨᠢ ᠨᠠᠷᠢᠨ ᠣᠶᠢᠯᠠᠭᠠᠵᠤ᠂ ᠲᠡᠳᠡᠨ ᠢ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠰᠢᠯᠢᠳᠡᠭ | ᠤᠯᠠᠮᠵᠢᠯᠠᠯ ᠢᠶᠠᠨ ᠪᠠᠳᠠᠷᠠᠭᠤᠯᠵᠤ᠂ ᠠᠷᠠᠳ ᠤᠨ ᠰᠡᠳᠬᠢᠯ ᠢ ᠬᠤᠯᠪᠣᠭᠰᠠᠨ᠂ ᠤᠯᠠᠮᠵᠢᠯᠠᠭᠤᠰᠢᠲᠠᠢ᠂ | ᠦᠯᠡᠳᠡᠭᠳᠡᠭᠦᠰᠢᠲᠡᠢ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠨ ᠳᠡᠯᠭᠡᠷᠡᠭᠦᠯᠵᠦ᠂ ᠥᠨᠢ ᠡᠭᠦᠷᠢᠳᠡ | ᠲᠠᠯ᠎ᠠ ᠨᠤᠲᠤᠭ ᠤᠨ ︽ᠬᠤᠪᠢᠰᠬᠠᠯ ᠤᠨ ᠤᠳᠬ᠎ᠠ ᠤᠷᠠᠯᠢᠭ ᠤᠨ ᠬᠦᠡᠭᠬᠡᠨ ᠮᠣᠷᠢᠲᠤ ᠴᠡᠷᠢᠭ︾ ᠪᠣᠯᠬᠤ ᠬᠡᠷᠡᠭᠲᠡᠢ | ᠭᠡᠵᠦ ᠵᠣᠷᠢᠭᠵᠢᠭᠤᠯᠪᠠ᠃ | |