ᠨᠢᠭᠡ ᠪᠦᠯᠦᠭ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠳᠤ ᠲᠣᠬᠢᠷᠠᠭᠤᠯᠤᠯᠲᠠ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2018/3/16
                     ᠦᠪᠦᠷ ᠵᠠᠰᠠᠭ ᠲᠠᠷᠬᠠᠭᠠᠭᠰᠠᠨ ﹇2017﹈ 140 ᠳ᠋ᠤᠭᠡᠷ ᠲᠤᠭᠠᠳᠤ                          2017 ᠣᠨ ᠤ 11 ᠳ᠋ᠤᠭᠡᠷ ᠰᠠᠷ᠎ᠠ ᠶᠢᠨ 15᠎ ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠳᠡᠰ ᠱᠠᠲᠤ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ 13 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ ︵ᠳᠠᠭᠠᠯᠳᠤᠭᠤᠯᠤᠯ ᠢ ᠦᠵᠡ︶᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠵᠢᠯ ᠢ ᠬᠢᠨᠠᠮᠠᠭᠠᠢ ᠪᠠᠷ ᠰᠠᠶᠢᠲᠤᠷ ᠬᠢᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠢᠯ ᠤᠨ ᠰᠢᠨᠵᠢᠯᠡᠬᠦ ᠤᠬᠠᠭᠠᠨᠵᠢᠭᠤᠯᠬᠤ᠂ ᠵᠢᠷᠤᠮᠵᠢᠭᠤᠯᠬᠤ᠂ ᠬᠠᠤᠯᠢᠵᠢᠭᠤᠯᠬᠤ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠳᠠᠭᠠᠯᠳᠤᠭᠤᠯᠤᠯ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ                     ᠵᠠᠰᠠᠭ ᠤᠨ ᠣᠷᠳᠣᠨ ᠠᠴᠠ ᠲᠣᠬᠢᠷᠠᠭᠤᠯᠤᠯᠲᠠ ᠬᠢᠬᠦ ᠪᠠᠷ ᠲᠣᠭᠲᠠᠭᠰᠠᠨ                     ᠵᠠᠰᠠᠭ ᠵᠠᠬᠢᠷᠭᠠᠨ ᠤ ᠵᠥᠪᠰᠢᠶᠡᠷᠡᠯ ᠤᠨ ᠲᠦᠷᠦᠯ ᠵᠦᠢᠯ ᠤᠨ ᠭᠠᠷᠴᠠᠭᠬᠦᠰᠦᠨᠦᠭᠲᠦ 1ᠬᠦᠰᠦᠨᠦᠭᠲᠦ 2ᠬᠦᠰᠦᠨᠦᠭᠲᠦ 3ᠬᠦᠰᠦᠨᠦᠭᠲᠦ 4ᠬᠦᠰᠦᠨᠦᠭᠲᠦ 5ᠬᠦᠰᠦᠨᠦᠭᠲᠦ 6
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ