ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠠᠴᠠ ᠰᠢᠨ᠎ᠡ ᠨᠢᠬᠡ ᠬᠤᠭᠤᠴᠠᠭᠠᠨ ᠤ ᠲᠦᠷᠦ ᠶᠢᠨ ᠤᠳᠤᠷᠢᠳᠬᠤ ᠬᠦᠮᠥᠰ ᠢ ᠰᠤᠩᠭᠤᠨ ᠭᠠᠷᠭᠠᠪᠠ
ᠨᠡᠶᠢᠲᠡᠯᠡᠭᠰᠡᠨ ᠴᠠᠭ᠄
2018/3/19
      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠠᠴᠠ ᠰᠢᠨ᠎ᠡ ᠨᠢᠬᠡ ᠬᠤᠭᠤᠴᠠᠭᠠᠨ ᠤ ᠲᠦᠷᠦ ᠶᠢᠨ ᠤᠳᠤᠷᠢᠳᠬᠤ ᠬᠦᠮᠥᠰ ᠢ ᠰᠤᠩᠭᠤᠨ ᠭᠠᠷᠭᠠᠪᠠ       ᠰᠢ ᠶᠢᠨ ᠫᠢᠩ ᠪᠦᠷᠢᠨ ᠪᠢᠯᠧᠲ ᠢᠶᠠᠷ ᠤᠯᠤᠰ ᠤᠨ ᠲᠡᠷᠢᠬᠦᠯᠡᠭᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠪᠠᠷ ᠰᠤᠩᠭᠤᠭᠳᠠᠪᠠ       ᠯᠢ ᠵᠠᠨ ᠱᠦ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠪᠠᠷ ᠰᠤᠩᠭᠤᠭᠳᠠᠪᠠ       ᠸᠠᠩ ᠴᠢ ᠱᠠᠨ ᠤᠯᠤᠰ ᠤᠨ ᠲᠡᠳ᠋ ᠲᠡᠷᠢᠬᠦᠯᠡᠭᠴᠢ ᠪᠠᠷ ᠰᠤᠩᠭᠤᠭᠳᠠᠪᠠ       ᠰᠢᠨ᠎ᠡ ᠪᠠᠷ ᠰᠤᠩᠭᠤᠭᠳᠠᠭᠰᠠᠠ ᠲᠦᠷᠦ ᠶᠢᠨ ᠤᠳᠤᠷᠢᠳᠬᠤ ᠬᠦᠮᠥᠰ ᠦᠨᠳᠦᠰᠦᠨ ᠬᠠᠤᠯᠢ ᠳᠤ ᠲᠠᠩᠭᠠᠷᠢᠬᠯᠠᠪᠠ         ᠬᠤᠷᠡᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠢ ᠵᠦᠪᠰᠢᠶᠡᠷᠡᠵᠡᠢ      ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 17  ᠎ ᠤ ᠡᠳᠦᠷ ᠤᠨ ᠴᠠᠬᠢᠯᠭᠠᠨ ᠮᠡᠳᠡᠭᠡ  ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠠᠴᠠ 17  ᠎ ᠤ ᠡᠳᠦᠷ ᠤᠨ ᠦᠳᠡ ᠶᠢᠨ ᠡᠮᠤᠨ᠎ᠡ ᠰᠢ ᠶᠢᠨ ᠫᠢᠩ ᠢ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠪᠠ᠃      ᠡᠨᠡᠬᠦ ᠰᠤᠩᠭᠤᠭᠤᠯᠢ ᠶᠢᠨ ᠦᠷ᠎ᠡ ᠳ᠋ᠦᠩ ᠢ ᠨᠡᠶᠢᠳᠡᠯᠡᠬᠦ ᠦᠶ᠎ᠡ ᠳᠤ᠂ ᠪᠦᠬᠦ ᠲᠠᠯᠠᠪᠠᠢ ᠳᠤ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠤᠳᠠᠳᠠᠯ᠎ᠠ ᠦᠷᠭᠦᠯᠵᠢᠯᠡᠵᠡᠢ᠃      ᠬᠤᠷᠡᠯ ᠠᠴᠠ ᠪᠠᠰᠠ ᠯᠢ ᠵᠠᠨ ᠱᠦ ᠶᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠎ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠪᠠᠷ ᠰᠤᠩᠭᠤᠵᠥ᠂ ᠸᠠᠩ ᠴᠢ ᠱᠠᠨ ᠢ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠳ᠋ ᠲᠡᠷᠢᠬᠦᠯᠡᠭᠴᠢ ᠪᠠᠷ ᠰᠤᠩᠭᠤᠪᠠ᠃      ᠦᠳᠡ ᠶᠢᠨ ᠡᠮᠤᠨᠡᠬᠢ 9 ᠴᠠᠭ ᠲᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠎ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠤᠨ ᠲᠠᠪᠤᠳᠤᠭᠠᠷ ᠪᠦᠬᠦᠳᠡ ᠬᠤᠷᠡᠯ ᠠᠷᠠᠳ ᠎ ᠤᠨ ᠶᠡᠭᠡ ᠬᠤᠷᠡᠯ ᠤᠨ ᠲᠠᠩᠬᠢᠮ ᠳᠤ ᠶᠠᠪᠤᠭᠳᠠᠵᠠᠢ᠃      ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠬᠤᠷᠡᠯ ᠳᠤ ᠤᠷᠤᠯᠴᠠᠪᠠ᠃      ᠬᠤᠷᠠᠯ ᠳᠤ ᠤᠷᠤᠯᠴᠠᠬᠤ ᠶᠤᠰᠤᠳᠠᠢ ᠲᠦᠯᠦᠭᠡᠯᠡᠭᠴᠢ 2980 ᠬᠦᠮᠦᠨ᠂ 2970 ᠬᠦᠮᠦᠨ ᠤᠷᠤᠯᠴᠠᠵᠤ᠂ 10 ᠬᠦᠮᠦᠨ ᠤᠷᠤᠯᠴᠠᠭᠰᠠᠨ ᠦᠬᠡᠢ᠂ ᠬᠤᠷᠠᠯ ᠳᠤ ᠤᠷᠤᠯᠴᠠᠭᠰᠠᠨ ᠬᠦᠮᠦᠨ ᠤ ᠲᠤᠭ᠎ᠠ ᠬᠠᠤᠯᠢ ᠳᠤ ᠲᠤᠭᠳᠠᠭᠠᠭᠰᠠᠨ ᠬᠦᠮᠦᠨ ᠤ ᠲᠤᠭ᠎ᠠ ᠲᠠᠢ ᠨᠡᠶᠢᠴᠡᠵᠡᠢ᠃      ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠧᠨ ᠰᠢ ᠬᠤᠷᠠᠯ ᠢ ᠡᠷᠬᠢᠯᠡᠪᠠ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠳ᠋ᠦᠩ ᠮᠢᠩ᠂ ᠰᠢᠤᠢ ᠴᠢ ᠯᠢᠶᠠᠩ᠂ ᠵᠠᠩ ᠰᠢᠤᠸᠠᠨ᠂ ᠯᠸᠤ ᠴᠢᠨ ᠵᠢᠶᠠᠨ᠂ ᠯᠦᠸᠧ ᠬᠤᠢ ᠨᠢᠩ᠂ ᠵᠢᠶᠠᠩ ᠴᠤᠤ ᠯᠢᠶᠠᠩ ᠲᠡᠷᠢᠭᠦᠯᠡᠭᠴᠢᠳ ᠤᠨ ᠲᠠᠶᠢᠰᠠᠠ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠳᠠᠵᠠᠢ᠃      ᠬᠤᠷᠠᠯ ᠠᠴᠠ ᠡᠩ ᠲᠡᠷᠢᠭᠦᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠤᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠤᠭᠳᠠᠭᠠᠯ ᠢ ᠪᠠᠲᠤᠯᠠᠵᠤ᠂ ᠡᠨᠡᠬᠦ ᠲᠦᠰᠦᠯ ᠢ ᠵᠦᠪᠰᠢᠶᠡᠷᠡᠪᠡ᠃ ᠶᠡᠭᠡ ᠬᠤᠷᠠᠯ ᠠᠴᠠ ᠱᠠᠭᠠᠷᠳᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶ᠎ᠠ ᠨᠢ ᠨᠠᠮ ᠤᠨ ᠲᠦᠪ ᠬᠤᠷᠢᠶᠠᠨ ᠤ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠪᠠᠷᠢᠮᠳᠠᠯᠠᠵᠤ᠂ ᠨᠢᠮᠪᠠᠢ ᠵᠤᠬᠢᠶᠠᠨ ᠪᠠᠶᠢᠭᠤᠯᠵᠤ᠂ ᠨᠠᠷᠢᠯᠢᠬ ᠪᠠᠶᠢᠷᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠲᠠᠢ ᠭᠡᠪᠠ᠃      ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠤᠩᠭᠤᠭᠤᠯᠢ ᠬᠢᠬᠦ ᠪᠤᠯᠤᠨ ᠲᠤᠰᠢᠶᠠᠯ ᠳᠤ ᠲᠤᠮᠢᠯᠠᠬᠤ ᠪᠠᠷ ᠲᠤᠭᠳᠠᠬᠤ ᠠᠷᠭ᠎ᠠ ᠶᠢ ᠪᠠᠲᠤᠯᠠᠵᠠᠢ᠃      9 ᠴᠠᠭ 23 ᠮᠢᠨᠦ᠋ᠲ ᠲᠤ ᠰᠤᠩᠭᠤᠭᠤᠯᠢ ᠵᠢᠩᠭᠢᠨᠢ ᠪᠠᠷ ᠡᠬᠢᠯᠡᠪᠡ᠃ ᠪᠢᠯᠧᠲ ᠬᠢᠨᠠᠭᠴᠢᠳ ᠡᠩ ᠲᠡᠷᠢᠭᠦᠨ ᠎ ᠳᠤ ᠬᠤᠷᠠᠯ ᠤᠨ ᠲᠠᠯᠠᠪᠠᠢ ᠳᠠᠬᠢ 28 ᠡᠯᠧᠺᠲᠷᠣᠨ ᠪᠢᠯᠧᠲ ᠤᠨ ᠬᠠᠶᠢᠷᠴᠠᠭ᠂ ᠡᠯᠧᠺᠲᠷᠣᠨ ᠰᠤᠩᠭᠤᠭᠤᠯᠢ ᠶᠢᠨ ᠰᠢᠰᠲ᠋ᠧᠮ ᠢ ᠪᠠᠶᠢᠴᠠᠭᠠᠪᠠ᠃ ᠵᠠᠯᠭᠠᠭᠠᠳ ᠠᠵᠢᠯᠳᠠᠳ ᠰᠤᠩᠭᠤᠭᠤᠯᠢ ᠶᠢᠨ ᠪᠢᠯᠧᠲ ᠢ ᠲᠦᠭᠡᠭᠡᠵᠤ ᠡᠬᠢᠯᠡᠵᠠᠢ᠃ 4 ᠠᠳᠠᠯᠢ ᠪᠤᠰᠤ ᠦᠩᠭᠡᠳᠠᠢ ᠰᠤᠩᠭᠤᠭᠤᠯᠢ ᠶᠢᠨ ᠪᠢᠯᠧᠲ ᠢ ᠲᠦᠯᠦᠭᠡᠯᠡᠭᠴᠢ ᠨᠢᠭᠡᠪᠦᠷᠢ ᠳᠤ ᠬᠤᠪᠢᠶᠠᠵᠤ ᠦᠭᠪᠡ᠃ ᠰᠤᠩᠭᠤᠭᠤᠯᠢ ᠶᠢᠨ ᠪᠢᠯᠧᠲ ᠢ ᠬᠢᠲᠠᠳ ᠬᠡᠯᠡ ᠪᠤᠯᠤᠨ 7 ᠴᠦᠬᠡᠨ ᠲᠤᠭᠠᠳᠤ ᠦᠨᠳᠦᠰᠦᠳᠡᠨ ᠤ ᠬᠡᠯᠡ ᠪᠠᠷ ᠳᠠᠷᠤᠮᠠᠯᠯᠠᠨ ᠵᠤᠬᠢᠶᠠᠵᠠᠢ᠃      ᠳᠠᠷᠠᠭ᠎ᠠ ᠨᠢ ᠲᠦᠯᠦᠭᠡᠯᠡᠭᠴᠢᠳ ᠪᠢᠯᠧᠲ ᠢ ᠲᠠᠭᠯᠠᠵᠤ ᠡᠬᠢᠯᠡᠪᠡ᠃ ᠬᠤᠷᠠᠯ ᠤᠨ ᠠᠷᠤ ᠲᠤᠭᠤᠷᠢᠭ ᠲᠤ ᠨᠢᠭᠤᠴᠠ ᠪᠠᠷ ᠪᠢᠯᠧᠲ ᠲᠠᠭᠯᠠᠬᠤ ᠭᠠᠵᠠᠷ ᠲᠤᠬᠢᠷᠠᠭᠤᠯᠵᠠᠢ᠃      ᠰᠤᠩᠭᠤᠭᠤᠯᠢ ᠬᠢᠬᠦ ᠪᠤᠯᠤᠨ ᠲᠤᠰᠢᠶᠠᠯ ᠳᠤ ᠲᠤᠮᠢᠯᠠᠬᠤ ᠪᠠᠷ ᠲᠤᠭᠳᠠᠬᠤ ᠠᠷᠭ᠎ᠠ ᠶᠢ ᠦᠨᠳᠤᠰᠤᠯᠠᠵᠤ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ᠂ ᠲᠡᠳ᠋ ᠬᠤᠷᠢᠶᠠᠨ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠳ᠋ ᠲᠡᠷᠢᠬᠦᠯᠡᠭᠴᠢ ᠶᠢ ᠲᠡᠩᠴᠡᠬᠦᠤ ᠲᠤᠭ᠎ᠠ ᠪᠠᠷ ᠰᠤᠩᠭᠤᠪᠠ᠃      9 ᠴᠠᠬ 41 ᠮᠢᠨᠦ᠋ᠲ ᠲᠤ᠂ ᠶᠠᠷᠤᠩᠬᠡᠢ ᠪᠢᠯᠧᠲ ᠬᠢᠨᠠᠬᠴᠢ᠂ ᠪᠢᠯᠧᠲ ᠬᠢᠨᠠᠬᠴᠢᠳ ᠶᠠᠭᠤᠨ ᠤ ᠤᠷᠢᠳ ᠪᠢᠯᠧᠲ  ᠥᠭᠪᠡ᠃ ᠲᠠᠷᠠᠭ᠎ᠠ ᠨᠢ ᠲᠦᠯᠤᠭᠡᠯᠡᠭᠴᠢᠳ ᠪᠢᠯᠧᠲ ᠥᠭᠴᠦ ᠡᠬᠢᠯᠠᠪᠠ᠃ ᠪᠢᠯᠧᠲ ᠥᠭᠴᠦ ᠲᠡᠭᠤᠰᠤᠭᠰᠠᠨ ᠤ ᠲᠠᠷᠠᠭ᠎ᠠ᠂ ᠶᠠᠷᠤᠩᠬᠡᠢ ᠪᠢᠯᠧᠲ ᠬᠢᠨᠠᠬᠴᠢ ᠰᠤᠩᠭᠤᠭᠤᠯᠢ ᠶᠢᠨ ᠪᠢᠯᠧᠲ ᠢ ᠲᠠᠷᠬᠠᠭᠠᠬᠰᠠᠨ ᠪᠠ ᠬᠤᠷᠢᠶᠠᠬᠰᠠᠨ ᠪᠠᠶᠢᠳᠠᠯ ᠢ ᠮᠡᠳᠡᠬᠦᠯᠵᠤ᠂ ᠰᠤᠩᠭᠤᠭᠤᠯᠢ ᠬᠦᠴᠤᠨ ᠲᠠᠢ ᠪᠤᠯᠤᠬᠰᠠᠨ ᠢ ᠨᠡᠶᠢᠳᠠᠯᠠᠪᠠ᠃      ᠠᠵᠢᠯᠳᠠᠤᠨ ᠪᠢᠯᠧᠲ ᠢ ᠪᠦᠷᠢᠳᠬᠡᠭᠰᠡᠨ ᠦᠷ᠎ᠡ ᠳ᠋ᠦᠩ ᠢ ᠤᠡᠭᠰᠢᠨ ᠨᠡᠶᠢᠳᠠᠯᠠᠪᠠ᠃      ᠪᠢᠯᠧᠲ ᠢ ᠪᠦᠷᠢᠳᠬᠡᠭᠰᠡᠨ ᠦᠷ᠎ᠠ ᠳ᠋ᠦᠩ ᠳᠤ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠶᠢᠨ ᠰᠤᠩᠭᠤᠭᠤᠯᠢ ᠳᠤ ᠰᠢ ᠶᠢᠨ ᠫᠢᠩ ᠨᠡᠶᠢᠳᠡ 2970 ᠵᠦᠪᠰᠢᠶᠡᠷᠡᠯ ᠎ ᠤᠨ ᠪᠦᠷᠢᠨ ᠪᠢᠯᠧᠲ ᠣᠯᠵᠤ᠂ ᠪᠦᠬᠦ ᠲᠠᠯᠠᠪᠠᠢ ᠳᠤ ᠬᠠᠯᠠᠭᠤᠨ ᠠᠯᠠᠭ᠎ᠠ ᠲᠠᠰᠢᠯᠳᠠ ᠨᠢᠵᠢᠭᠢᠨᠡᠪᠡ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠷᠢᠨ ᠪᠢᠯᠧᠲ ᠢᠶᠠᠷ ᠤᠯᠤᠰ ᠤᠨ ᠲᠡᠷᠢᠬᠦᠯᠡᠭᠴᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠪᠠᠷ ᠰᠤᠩᠭᠤᠭᠳᠠᠪᠠ᠃      ᠬᠤᠷᠠᠯ ᠤᠨ ᠡᠷᠬᠢᠯᠡᠭᠴᠢ ᠠᠴᠠ ᠨᠡᠶᠢᠳᠡᠯᠡᠭᠰᠡᠨ ᠨᠢ᠄      ᠰᠢ ᠶᠢᠨ ᠫᠢᠩ ᠨᠦᠬᠦᠷ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠬᠦᠯᠡᠭᠴᠢ ᠪᠠᠷ ᠰᠤᠩᠭᠤᠬᠳᠠᠪᠠ᠃      ᠰᠢ ᠶᠢᠨ ᠫᠢᠩ ᠪᠤᠰᠴᠤ ᠵᠤᠬᠰᠤᠨ ᠲᠦᠯᠤᠬᠡᠯᠡᠭᠴᠢᠳ ᠤᠨ ᠵᠦᠭ ᠮᠡᠬᠦ᠋ᠢᠨ ᠶᠤᠰᠤᠯᠠᠪᠠ᠃ ᠪᠦᠬᠦ ᠲᠦᠯᠤᠬᠡᠯᠡᠭᠴᠢᠳ ᠪᠤᠰᠤᠨ ᠵᠤᠬᠰᠤᠵᠤ᠂ ᠬᠠᠯᠠᠭᠤᠨ ᠠᠯᠠᠭ᠎ᠠ ᠲᠠᠰᠢᠯᠳᠠ ᠪᠠᠷ ᠰᠢ ᠶᠢᠨ ᠫᠢᠩ ᠳᠤ ᠪᠠᠶᠠᠷ ᠬᠦᠷᠬᠡᠵᠠᠢ᠃ ᠲᠡᠷᠬᠡᠳᠡ ᠨᠢ ᠵᠤᠬᠰᠤᠵᠤ ᠪᠠᠶᠢᠬᠰᠠᠨ ᠯᠢ ᠺᠧ ᠴᠢᠶᠠᠩ᠂ ᠵᠠᠩ ᠳ᠋ᠧ ᠵᠢᠶᠠᠩ ᠲᠤᠰ ᠲᠤᠰ ᠰᠢ ᠶᠢᠨ ᠫᠢᠩ ᠲᠠᠢ ᠭᠠᠷ ᠠᠳᠬᠤᠵᠤ᠂ ᠲᠡᠬᠦᠨ ᠳᠤ ᠪᠠᠶᠠᠷ ᠬᠦᠷᠬᠡᠪᠡ᠃ ᠬᠤᠷᠠᠯ ᠤᠨ ᠡᠷᠬᠢᠯᠡᠭᠴᠢ ᠠᠴᠠ ᠰᠢ ᠶᠢᠨ ᠫᠢᠩ ᠨᠦᠬᠦᠷ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠨ ᠤᠯᠤᠰ  ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠪᠠᠷ ᠰᠤᠩᠭᠤᠬᠳᠠᠬᠰᠠᠨ ᠢ ᠨᠡᠶᠢᠳᠡᠯᠡᠬᠦ ᠳᠤ᠂ ᠬᠤᠷᠠᠯ  ᠤᠨ ᠲᠠᠯᠠᠪᠠᠢ ᠳᠤ ᠲᠠᠬᠢᠨᠳᠠ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠨᠢᠵᠢᠬᠢᠨᠡᠵᠤ᠂ ᠰᠢ ᠶᠢᠨ ᠫᠢᠩ ᠲᠠᠬᠢᠨ ᠪᠤᠰᠴᠤ ᠵᠤᠬᠰᠤᠨ ᠲᠦᠯᠤᠬᠡᠯᠡᠭᠴᠢᠳ ᠤᠨ ᠵᠦᠭ ᠮᠡᠬᠦ᠋ᠢᠨ ᠶᠤᠰᠤᠯᠠᠪᠠ᠃      ᠳᠠᠷᠠᠭ᠎ᠠ ᠨᠢ ᠬᠤᠷᠠᠯ ᠤᠨ ᠡᠷᠬᠢᠯᠡᠭᠴᠢ ᠠᠴᠠ ᠵᠠᠯᠭᠠᠪᠡᠷ ᠨᠡᠶᠢᠳᠡᠯᠡᠭᠰᠡᠨ ᠨᠢ᠄      ᠯᠢ ᠵᠠᠨ ᠱᠦ ᠨᠦᠬᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠤᠩᠭᠤᠬᠳᠠᠪᠠ᠃      ᠸᠠᠩ ᠴᠢ ᠱᠠᠨ ᠨᠦᠬᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ ᠰᠤᠩᠭᠤᠬᠳᠠᠪᠠ᠃      ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩᠺ · ᠢᠮᠢᠩᠪᠠᠭ᠋ᠠᠢ᠂ ᠸᠠᠨ ᠡᠸ᠋ ᠰᠢᠶᠠᠩ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠡᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ ᠸᠧᠢ ᠬᠤᠸᠠ ᠨᠥᠬᠦᠷ ᠠᠷᠪᠠᠨ ᠭᠤᠷᠪᠠᠳᠤᠭᠠᠷ ᠬᠤᠭᠤᠴᠠᠭᠠᠨ ᠎ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠪᠠᠷ ᠰᠤᠩᠭᠤᠬᠳᠠᠪᠠ᠃      ᠶᠠᠩ ᠵᠧᠨ ᠦ᠋ ᠨᠦᠬᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠤᠩᠭᠤᠬᠳᠠᠪᠠ᠃      ᠰᠤᠩᠭᠤᠭᠤᠯᠢ ᠪᠤᠯᠭᠠᠨ ᠤ ᠦᠷ᠎ᠡ ᠳ᠋ᠦᠩ ᠢ ᠨᠡᠶᠢᠲᠡᠯᠡᠬᠦ ᠦᠶᠡᠰ ᠠᠬᠤᠢ ᠲᠠᠯᠠᠪᠠᠢ ᠳᠤ ᠴᠦᠮ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠪᠡ᠃ ᠠᠯᠠᠭ᠎ᠠ ᠲᠠᠰᠢᠯᠲᠠ ᠶᠢᠨ ᠳᠤᠮᠳᠠ᠂ ᠰᠢᠨ᠎ᠡ ᠪᠠᠷ ᠰᠤᠩᠭᠤᠬᠳᠠᠬᠰᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠯᠢ ᠵᠠᠨ ᠱᠦ ᠪᠤᠰᠴᠦ ᠵᠤᠬᠰᠤᠨ᠂ ᠲᠦᠯᠦᠭᠡᠯᠡᠭᠴᠢᠳ ᠤᠨ ᠵᠦᠭ ᠮᠡᠬᠦ᠋ᠢᠨ ᠶᠤᠰᠤᠯᠠᠪᠠ᠃ ᠳᠠᠷᠠᠭ᠎ᠠ ᠨᠢ᠂ ᠲᠡᠷᠡ ᠰᠢ ᠶᠢᠨ ᠫᠢᠩ ᠤᠨ ᠲᠡᠷᠭᠡᠳᠡ ᠬᠦᠷᠴᠤ᠂ ᠬᠤᠶᠠᠭᠤᠯᠠ ᠲᠤᠲᠤᠨᠤᠰᠤᠬ ᠢᠶᠠᠷ ᠭᠠᠷ ᠠᠳᠬᠤᠯᠴᠠᠨ᠂ ᠰᠢ ᠶᠢᠨ ᠫᠢᠩ ᠲᠡᠭᠦᠨ ᠳᠤ ᠪᠠᠶᠠᠷ ᠬᠦᠷᠭᠡᠪᠡ᠃ ᠯᠢ ᠵᠠᠨ ᠱᠦ ᠲᠠᠬᠢᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠎ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠠᠩ ᠳ᠋ᠧ ᠵᠢᠶᠠᠩ ᠲᠠᠢ ᠭᠠᠷ ᠠᠳᠬᠤᠵᠤ᠂ ᠬᠠᠷᠢᠯᠴᠠᠨ ᠮᠡᠨᠳᠦᠴᠢᠯᠡᠪᠡ᠃ ᠵᠠᠩ ᠳ᠋ᠧ ᠵᠢᠶᠠᠩ ᠪᠠᠰᠠ ᠰᠢ ᠶᠢᠨ ᠫᠢᠩ ᠲᠠᠢ ᠭᠠᠷ ᠠᠳᠬᠤᠵᠤ᠂ ᠲᠠᠯᠠᠷᠬᠠᠯ ᠢᠶᠠᠨ ᠢᠯᠡᠳᠬᠡᠨ᠂ ᠬᠦᠨᠳᠦᠳᠬᠡᠯ ᠳᠡᠪᠰᠢᠭᠦᠯᠪᠡ᠃      ᠠᠯᠠᠭ᠎ᠠ ᠲᠠᠰᠢᠯᠲᠠ ᠶᠢᠨ ᠳᠤᠮᠳᠠ᠂ ᠰᠢᠨ᠎ᠠ ᠪᠠᠷ ᠰᠤᠩᠭᠤᠬᠳᠠᠬᠰᠠᠨ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠲᠦᠯᠦᠭᠡᠯᠡᠭᠴᠢᠳ ᠤᠨ ᠵᠦᠭ ᠮᠡᠬᠦ᠋ᠢᠨ ᠶᠤᠰᠤᠯᠠᠪᠠ᠃ ᠰᠢ ᠶᠢᠨ ᠫᠢᠩ ᠲᠡᠭᠦᠨ ᠲᠠᠢ ᠳᠤᠲᠤᠨᠤᠰᠤᠭ ᠢᠶᠠᠷ ᠭᠠᠷ ᠠᠳᠬᠤᠵᠤ᠂ ᠪᠠᠶᠠᠷ ᠬᠦᠷᠭᠡᠪᠡ᠃      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠦᠨᠳᠦᠰᠦᠨ ᠬᠠᠤᠯᠢ ᠳᠤ ᠲᠠᠩᠭᠠᠷᠢᠬᠯᠠᠬᠤ ᠲᠤᠬᠠᠢ ᠵᠤᠬᠢᠶᠠᠨ ᠪᠠᠶᠢᠭᠤᠯᠤᠯᠲᠠ ᠶᠢᠨ ᠠᠷᠭ᠎ᠠ ᠶᠢ ᠦᠨᠳᠦᠰᠦᠯᠡᠨ᠂ ᠪᠦᠬᠦᠳᠡ ᠬᠤᠷᠠᠯ ᠤᠨ ᠡᠯ᠎ᠠ ᠵᠦᠪᠯᠡᠬᠦ ᠵᠦᠢᠯ ᠶᠠᠪᠤᠭᠳᠠᠵᠤ ᠪᠠᠷᠠᠭᠰᠠᠨ ᠤ ᠳᠠᠷᠠᠭ᠎ᠠ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠨᠳᠦᠰᠦᠨ ᠬᠠᠤᠯᠢ ᠳᠤ ᠲᠠᠩᠭᠠᠷᠢᠬᠯᠠᠬᠤ ᠶᠤᠰᠤᠯᠠᠯ ᠶᠠᠪᠤᠬᠳᠠᠯ᠎ᠠ᠃      10 ᠴᠠᠭ 49 ᠮᠢᠨᠦ᠋ᠲ ᠲᠤ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠬᠦᠭᠵᠢᠮ ᠤᠨ ᠪᠦᠯᠬᠦᠮ ᠤᠨ ᠪᠦᠷᠢᠶᠡᠴᠢᠤᠨ ᠲᠤᠬᠠᠢ ᠶᠢᠨ ᠲᠠᠯᠠᠪᠠᠢ ᠳᠤ ᠲᠠᠩᠭᠠᠷᠢᠬᠯᠠᠬᠤ ᠶᠤᠰᠤᠯᠠᠯ ᠤᠨ ᠬᠦᠭᠵᠢᠮ ᠢ ᠬᠦᠭᠵᠢᠮᠳᠡᠪᠡ᠃       ᠬᠠᠭᠤᠷᠠᠢ ᠳᠠᠯᠠᠢ ᠠᠭᠠᠷ ᠭᠤᠷᠪᠠᠨ ᠵᠠᠮ ᠤᠨ ᠴᠡᠷᠢᠭ ᠤᠨ 12 ᠶᠤᠰᠤᠯᠠᠯ ᠤᠨ ᠴᠡᠷᠢᠭ᠂ ᠬᠤᠶᠠᠷ ᠭᠠᠷᠯᠠᠨ ᠬᠤᠷᠠᠯ ᠤᠨ ᠲᠠᠯᠠᠪᠠᠢ ᠶᠢᠨ ᠠᠷᠤ ᠲᠠᠯ᠎ᠠ ᠠᠴᠠ ᠲᠦᠪ ᠠᠯᠬᠤᠮ ᠢᠶᠠᠷ ᠲᠡᠷᠢᠭᠦᠯᠡᠭᠴᠢ ᠶᠢᠨ ᠲᠠᠶᠢᠰᠠ ᠶᠢᠨ ᠡᠮᠦᠨ᠎ᠠ ᠢᠷᠡᠵᠦ ᠵᠤᠭᠰᠤᠪᠠ᠃      ᠪᠦᠬᠦᠳᠡᠭᠡᠷ ᠢᠶᠠᠨ ᠪᠤᠰᠴᠤ ᠵᠤᠭᠰᠤᠪᠠ᠃ ᠲᠡᠷᠢᠭᠦᠯᠡᠭᠴᠢ ᠶᠢᠨ ᠲᠠᠶᠢᠰᠡᠨ ᠳᠡᠭᠡᠷ᠎ᠠ᠂ 3 ᠶᠤᠰᠤᠯᠠᠯ ᠤᠨ ᠴᠡᠷᠢᠭ ᠲᠦᠪ ᠠᠯᠬᠤᠮ ᠢᠶᠠᠷ ᠠᠯᠬᠤᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠎ ᠶᠢ ᠬᠠᠮᠠᠭᠠᠯᠠᠨ ᠲᠠᠯᠠᠪᠠᠢ ᠳᠤ ᠤᠷᠤᠵᠤ᠂ ᠦᠨᠳᠦᠰᠦᠨ ᠬᠠᠤᠯᠢ ᠶᠢᠨ ᠪᠢᠴᠢᠭ ᠢ ᠲᠠᠩᠭᠠᠷᠢᠬᠯᠠᠬᠤ ᠲᠠᠶᠢᠰᠡᠨ ᠳᠡᠭᠡᠷ᠎ᠠ ᠲᠠᠯᠪᠢᠪᠠ᠃      ᠴᠡᠷᠢᠭ ᠤᠨ ᠬᠦᠭᠵᠢᠮ ᠤᠨ ᠪᠦᠯᠬᠦᠮ ᠤᠨ ᠬᠦᠭᠵᠢᠮ ᠤᠨ ᠬᠠᠪᠰᠤᠷᠭᠠᠯᠲᠠ ᠳᠤᠤᠷ᠎ᠠ᠂ ᠪᠦᠬᠦ ᠲᠠᠯᠠᠪᠠᠢ ᠪᠠᠷ ᠎ ᠢᠶᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠲᠡ ᠳᠠᠭᠤᠤ ᠶᠢ ᠬᠠᠨᠭ᠍ᠭᠢᠨᠠᠲᠠᠯ᠎ᠠ ᠲᠠᠭᠤᠯᠠᠪᠠ᠃      ᠳᠠᠷᠠᠭ᠎ᠠ ᠨᠢ᠂ ᠠᠵᠢᠯᠲᠡᠨ ᠠᠴᠠ᠄ ᠤᠳᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠠᠩᠭᠠᠷᠢᠬᠯᠠᠨ᠎ᠠ ᠭᠡᠵᠦ ᠲᠤᠩᠬᠠᠭᠯᠠᠪᠠ᠃      ᠲᠠᠶᠢᠰᠠᠨ ᠳᠤ ᠭᠠᠷᠬᠤ ᠪᠦᠷᠢᠶᠠᠨ ᠲᠠᠭᠤᠨ ᠲᠤᠮᠳᠠ᠂ ᠰᠢᠨ᠎ᠡ ᠪᠠᠷ ᠰᠤᠩᠭᠤᠬᠳᠡᠬᠰᠨᠨ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠤ ᠰᠠᠭᠤᠳᠠᠯ ᠠᠴᠠ ᠪᠤᠰᠴᠤ ᠢᠳᠡᠷᠡᠭᠦᠨ ᠠᠯᠬᠤᠭ᠎ᠠ ᠪᠠᠷ ᠲᠠᠩᠭᠠᠷᠢᠬᠯᠠᠬᠤ ᠲᠠᠶᠢᠰᠠᠨ ᠤ ᠡᠮᠤᠨ᠎ᠡ ᠤᠴᠢᠵᠤ ᠵᠤᠬᠰᠤᠪᠠ᠃      ᠲᠡᠷᠢᠭᠦᠯᠡᠭᠴᠢ ᠶᠢᠨ ᠲᠠᠶᠢᠰᠠᠨ ᠤ ᠠᠷᠤ ᠬᠦᠰᠢᠭᠡ ᠶᠢᠨ ᠲᠦᠪ ᠲᠤᠮᠲᠠ᠂ ᠤᠯᠤᠰ ᠤᠨ ᠰᠦᠯᠲᠠ ᠦᠨᠳᠦᠷ ᠲᠤ ᠡᠯᠭᠦᠭᠳᠡᠨ ᠭᠢᠯᠪᠠᠭ᠎ᠠ ᠰᠠᠴᠤᠷᠠᠭᠤᠯᠤᠨ᠎ᠡ᠃ ᠲᠤᠬᠠᠢ ᠶᠢᠨ ᠲᠠᠯᠠᠪᠠᠢ ᠶᠢᠨ 3000 ᠰᠢᠬᠠᠮ ᠪᠦᠬᠦ ᠤᠯᠤᠰ ᠤᠨ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠮᠲᠤᠪᠡᠷ ᠡᠨᠡᠭᠦ ᠠᠷᠢᠭᠤᠨ ᠲᠠᠷᠬᠠᠨ ᠴᠠᠭ ᠮᠦᠴᠡ ᠎ ᠶᠢ ᠭᠡᠷᠡᠴᠢᠯᠡᠪᠠ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠰᠢ ᠶᠢᠨ ᠫᠢᠩ ᠦᠨᠳᠤᠰᠤᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃      ᠰᠢ ᠶᠢᠨ ᠫᠢᠩ ᠵᠡᠬᠦᠨ ᠭᠠᠷ ᠢᠶᠠᠨ ᠦᠨᠳᠦᠰᠦᠨ ᠬᠠᠤᠯᠢ ᠶᠢᠨ ᠪᠢᠴᠢᠭ ᠲᠡᠭᠡᠷ᠎ᠡ ᠲᠠᠯᠪᠢᠵᠤ᠂ ᠪᠠᠷᠠᠭᠤᠨ ᠭᠠᠷ ᠢᠶᠠᠨ ᠨᠢᠳᠤᠷᠭᠠᠯᠡᠨ ᠡᠷᠬᠦᠵᠤ᠂ ᠲᠦᠪ ᠶᠡᠬᠡᠮᠰᠦᠭ ᠢᠶᠠᠷ ᠲᠠᠩᠭᠠᠷᠢᠬᠯᠡᠪᠠ᠃ ︽ᠪᠢ ᠲᠠᠩᠭᠠᠷᠢᠬᠯᠠᠶ᠎ᠠ᠄ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠡᠷᠭᠡ ᠰᠦᠷ ᠢ ᠬᠠᠮᠠᠭᠠᠯᠠᠵᠤ᠂ ᠬᠠᠤᠯᠢ ᠳᠤ ᠲᠤᠬᠲᠠᠭᠠᠬᠰᠡᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠡᠭᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠵᠤ᠂ ᠡᠬᠦᠷᠭᠡ ᠲᠤᠰᠢᠶᠠᠯ ᠢᠶᠠᠨ ᠰᠢᠳᠤᠷᠭᠤ ᠪᠠᠷ ᠬᠦᠢᠴᠡᠳᠭᠡᠵᠤ᠂ ᠠᠷᠢᠭᠤᠨ ᠴᠢᠭᠡᠴᠢ ᠪᠠᠷ ᠨᠡᠶᠢᠳᠡ ᠶᠢᠨ ᠲᠦᠯᠦᠭᠡ ᠵᠢᠳᠬᠦᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠤ᠂ ᠪᠠᠶᠠᠨ ᠬᠦᠴᠦᠷᠭᠡᠭ ᠠᠷᠠᠳᠴᠢᠯᠠᠬᠰᠡᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠲᠤ ᠰᠠᠶᠢᠬᠠᠨ ᠨᠡᠶᠢᠭᠡᠮ ᠵᠢᠷᠤᠮ ᠤᠨ ᠤᠳᠤᠬᠢᠴᠢᠯᠠᠬᠰᠨᠨ ᠬᠦᠴᠦᠷᠭᠡᠭ ᠤᠯᠤᠰ ᠢ ᠪᠦᠳᠦᠬᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠨ᠎ᠡ︕︾      ᠴᠢᠩᠭ᠎ᠠ ᠬᠦᠴᠦᠲᠠᠢ ᠲᠠᠩᠭᠠᠷᠢᠬᠯᠠᠬᠤ ᠲᠠᠭᠤᠨ ᠠᠷᠠᠳ ᠤᠨ ᠶᠡᠭᠡ ᠬᠤᠷᠠᠯ ᠤᠨ ᠲᠠᠩᠭᠢᠮ ᠳᠤ ᠲᠠᠭᠤᠷᠢᠰᠤᠪᠠ᠃     ᠲᠠᠩᠭᠠᠷᠢᠬᠯᠠᠵᠤ ᠲᠠᠭᠤᠰᠤᠬᠰᠡᠨ ᠤ ᠲᠠᠷᠠᠭ᠎ᠠ᠂ ᠰᠢ ᠶᠢᠨ ᠫᠢᠩ ᠪᠦᠬᠦ ᠲᠠᠯᠠᠪᠠᠢ ᠵᠦᠭ ᠮᠡᠬᠦ᠋ᠢᠨ ᠶᠤᠰᠤᠯᠡᠪᠠ᠃ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠠᠰᠢᠯᠲᠠ ᠶᠢᠨ ᠲᠠᠭᠤᠨ ᠤᠳᠠᠳᠠᠯ᠎ᠠ ᠨᠢᠵᠢᠬᠢᠨᠡᠵᠠᠢ᠃      ᠲᠠᠷᠠᠭ᠎ᠠ ᠨᠢ᠂ ᠰᠢᠨ᠎ᠡ ᠪᠠᠷ ᠰᠤᠩᠭᠤᠬᠳᠡᠬᠰᠡᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠯᠢ ᠵᠠᠨ ᠱᠤ᠋᠂ ᠰᠢᠨ᠎ᠡ ᠪᠠᠷ ᠰᠤᠩᠭᠤᠬᠳᠡᠬᠰᠡᠨ ᠤᠯᠤᠰ ᠤᠨ ᠲᠡᠳ᠋ ᠲᠡᠷᠢᠭᠦᠯᠡᠭᠴᠢ ᠸᠠᠩ ᠴᠢ ᠱᠠᠨ ᠲᠤᠰᠪᠤᠷᠢ ᠦᠨᠳᠦᠰᠦᠨ ᠬᠠᠤᠯᠢ ᠳᠤ ᠲᠠᠩᠭᠠᠷᠢᠬᠯᠡᠵᠤ᠂ ᠰᠢᠨ᠎ᠡ ᠪᠠᠷ ᠰᠤᠩᠭᠤᠬᠳᠠᠬᠰᠨᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠬᠤᠷᠢᠶᠠᠨ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠬᠠᠮᠲᠤ ᠳᠠᠭᠠᠨ ᠦᠨᠳᠦᠰᠦᠨ ᠬᠠᠤᠯᠢ ᠳᠤ ᠲᠠᠩᠭᠠᠷᠢᠬᠯᠠᠪᠠ᠃
   
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠰᠢ ᠶᠢᠨ ᠫᠢᠩ ᠪᠢᠯᠧᠲ ᠥᠭᠬᠦ ᠪᠠᠷ ᠪᠡᠯᠡᠳᠬᠡᠵᠦ ᠪᠠᠶᠢᠭ᠎ᠠ ᠨᠢ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠰᠢ ᠶᠢᠨ ᠫᠢᠩ ᠲᠠᠩᠭᠠᠷᠢᠬᠯᠠᠬᠤ ᠲᠠᠶᠢᠰᠠᠨ ᠤ ᠡᠮᠤᠨ᠎ᠡ ᠪᠠᠶᠢᠭ᠎ᠠ ᠨᠢ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠰᠢ ᠶᠢᠨ ᠫᠢᠩ ᠦᠨᠳᠤᠰᠤᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠰᠢ ᠶᠢᠨ ᠫᠢᠩ ᠰᠢᠨ᠎ᠡ ᠪᠠᠷ ᠰᠤᠩᠭᠤᠬᠳᠡᠬᠰᠡᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠯᠢ ᠵᠠᠨ ᠱᠤ᠋ ᠲᠠᠢ ᠭᠠᠷ ᠠᠳᠬᠤᠵᠤ ᠪᠠᠶᠢᠭ᠎ᠠ ᠨᠢ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠰᠢ ᠶᠢᠨ ᠫᠢᠩ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠵᠠᠩ ᠳ᠋ᠧ ᠵᠢᠶᠠᠩ ᠲᠠᠢ ᠭᠠᠷ ᠠᠳᠬᠤᠵᠤ ᠪᠠᠶᠢᠭ᠎ᠠ ᠨᠢ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠷᠢᠬᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠰᠢ ᠶᠢᠨ ᠫᠢᠩ ᠰᠢᠨ᠎ᠡ ᠪᠠᠷ ᠰᠤᠩᠭᠤᠬᠳᠡᠬᠰᠡᠨ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠲᠠᠢ ᠭᠠᠷ ᠠᠳᠬᠤᠵᠤ ᠪᠠᠶᠢᠭ᠎ᠠ ᠨᠢ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠯᠢ ᠵᠠᠨ ᠱᠦ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠪᠠᠷ ᠰᠤᠩᠭᠤᠭᠳᠠᠪᠠ᠃ ᠵᠢᠷᠤᠭ ᠪᠤᠯ ᠯᠢ ᠵᠠᠨ ᠱᠦ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠎ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠵᠠᠩ ᠳ᠋ᠧ ᠵᠢᠶᠠᠩ ᠲᠠᠢ ᠭᠠᠷ ᠠᠳᠬᠤᠵᠤ ᠪᠠᠶᠢᠭ᠎ᠠ ᠨᠢ᠃
      3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠯᠢ ᠵᠠᠨ ᠱᠦ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠪᠠᠷ ᠰᠤᠩᠭᠤᠭᠳᠠᠪᠠ᠃ ᠵᠢᠷᠤᠭ ᠪᠤᠯ ᠯᠢ ᠵᠠᠨ ᠱᠦ ᠦᠨᠳᠤᠰᠤᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃
     3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠸᠠᠩ ᠴᠢ ᠱᠠᠨ ᠤᠯᠤᠰ ᠤᠨ ᠲᠡᠳ᠋ ᠲᠡᠷᠢᠬᠦᠯᠡᠭᠴᠢ ᠪᠠᠷ ᠰᠤᠩᠭᠤᠭᠳᠠᠪᠠ᠃ ᠵᠢᠷᠤᠭ ᠪᠤᠯ ᠸᠠᠩ ᠴᠢ ᠱᠠᠨ ᠦᠨᠳᠤᠰᠤᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃
      3 ᠳ᠋ᠤᠭᠠᠷ ᠰᠠᠷ᠎ᠠ ᠶᠢᠨ 17᠎ ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠬᠤᠷᠠᠯᠳᠤᠭᠤᠯᠵᠠᠢ᠃ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠡ᠋ᠶᠢᠯᠢᠭᠧᠩᠺ · ᠢᠮᠢᠩᠪᠠᠭ᠋ᠠᠢ᠂ ᠸᠠᠨ ᠡᠸ᠋ ᠰᠢᠶᠠᠩ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠡᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠦ᠋ ᠸᠧᠢ ᠬᠤᠸᠠ ᠨᠥᠬᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠪᠠᠷ ᠰᠤᠩᠭᠤᠬᠳᠠᠪᠠ᠃ ᠶᠠᠩ ᠵᠧᠨ ᠦ᠋ ᠨᠦᠬᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠤᠩᠭᠤᠬᠳᠠᠪᠠ᠃ ᠵᠢᠷᠤᠭ ᠪᠤᠯ ᠰᠢᠨ᠎ᠡ ᠪᠠᠷ ᠰᠣᠩᠭᠤᠭᠳᠠᠭᠰᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠦᠨᠳᠤᠰᠤᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号