ᠥᠪᠥᠷ ᠮᠣᠩᠭᠤᠯ᠄ ᠨᠥᠬᠦᠴᠡᠯ ᠳᠤ ᠲᠣᠬᠢᠷᠠᠭᠰᠠᠳ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ ᠤᠨ ᠬᠦᠨᠳᠦ ᠡᠪᠡᠳᠴᠢᠨ ᠤ ᠠᠪᠤᠷᠠᠨ ᠲᠤᠰᠠᠯᠠᠯᠲᠠ ᠶᠢ  ᠭᠤᠶᠤᠴᠢᠯᠠᠵᠤ ᠪᠣᠯᠤᠨ᠎ᠠ
ᠨᠡᠶᠢᠲᠡᠯᠡᠭᠰᠡᠨ ᠴᠠᠭ᠄
2018/3/2
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠠᠴᠠ ᠤᠶᠢᠯᠠᠭᠠᠭᠰᠠᠨ ᠢᠶᠠᠷ᠂  ᠲᠤᠰ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠤᠨ ᠦᠷᠨᠢᠭᠦᠯᠦᠭᠰᠡᠨ ︽ᠪᠥᠬᠦ ᠣᠷᠣᠨ ᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ ᠤᠨ ᠬᠦᠨᠳᠦ ᠶᠡᠭᠡ ᠡᠪᠡᠳᠴᠢᠨ ᠡᠮᠭᠡᠭ ᠢ ᠨᠢᠭᠦᠯᠡᠰᠦᠩᠭᠦᠶ ᠠᠪᠤᠷᠠᠨ ᠲᠤᠰᠠᠯᠠᠬᠤ ︿ᠨᠣᠮᠣᠬᠠᠨ ᠱᠠᠷ﹀ ᠲᠤᠰᠬᠠᠶ ᠰᠠᠭᠤᠷᠢ ᠮᠥᠩᠭᠦ︾᠎ ᠶᠢᠨ ᠲᠥᠷᠥᠯ ᠵᠦᠢᠯ ᠤᠨ 2018 ᠣᠨ ᠤ ᠠᠪᠤᠷᠠᠨ ᠲᠤᠰᠠᠯᠠᠬᠤ ᠠᠵᠢᠯ ᠵᠢᠩᠬᠢᠨᠢ ᠪᠠᠷ ᠡᠬᠢᠯᠡᠭᠰᠡᠨ ᠪᠠᠶᠢᠨ᠎ᠠ᠃    ᠣᠶᠢᠯᠠᠭᠠᠭᠰᠠᠨ ᠢᠶᠠᠷ᠂  ︽ᠪᠥᠬᠦ ᠣᠷᠣᠨ ᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ ᠤᠨ ᠬᠦᠨᠳᠦ ᠶᠡᠭᠡ ᠡᠪᠡᠳᠴᠢᠨ ᠡᠮᠭᠡᠭ ᠢ ᠨᠢᠭᠦᠯᠡᠰᠦᠩᠭᠦᠶ ᠠᠪᠤᠷᠠᠨ ᠲᠤᠰᠠᠯᠠᠬᠤ ︿ᠨᠣᠮᠣᠬᠠᠨ ᠱᠠᠷ﹀ ᠲᠤᠰᠬᠠᠶ ᠰᠠᠭᠤᠷᠢ ᠮᠥᠩᠭᠦ︾᠎ ᠎ ᠶᠢᠨ ᠲᠥᠷᠥᠯ ᠵᠦᠢᠯ ᠤᠨ ᠠᠪᠤᠷᠠᠨ ᠲᠤᠰᠠᠯᠠᠭᠰᠠᠳ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠠᠩᠰᠠ ᠪᠦᠬᠦᠢ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ 0 ~ 18 ᠪᠦᠬᠦᠯᠢ ᠨᠠᠰᠤᠲᠠᠢ  ᠲᠥᠷᠥᠯᠬᠢ ᠵᠢᠷᠦᠬᠡᠨ ᠡᠪᠡᠳᠴᠢᠨ᠂ ᠴᠢᠰᠤ ᠴᠠᠶᠢᠬᠤ ᠡᠪᠡᠳᠴᠢᠨ᠂ ᠪᠥᠭᠡᠷᠡᠨ ᠡᠪᠡᠳᠴᠢᠨ᠂  ᠬᠤᠣᠷᠲᠤ ᠪᠡᠲᠡᠬᠢ ᠣᠯᠣᠭᠰᠠᠨ ᠬᠡᠦᠭᠡᠳ ᠤᠳ ᠪᠣᠯᠣᠨ᠎ᠠ᠃ ᠲᠥᠷᠥᠯ ᠵᠦᠢᠯ ᠨᠢ ᠡᠪᠡᠳᠴᠢᠲᠡᠨ ᠤ  ᠡᠮᠨᠡᠭᠦᠯᠦᠭᠰᠡᠨ ᠰᠦᠢᠳᠬᠡᠯ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ᠂ ᠡᠮᠨᠡᠭᠦᠯᠦᠭᠰᠡᠨ ᠵᠠᠷᠤᠳᠠᠯ ᠳᠤ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠬᠡᠰᠡᠭ ᠨᠢ 5 ᠲᠦᠮᠡᠨ ᠲᠥᠭᠦᠷᠢᠭ ᠤᠨ ᠲᠤᠲᠤᠷ᠎ᠠ ᠪᠠᠶᠢᠪᠠᠯ 1 ᠲᠦᠮᠡᠨ ᠲᠥᠭᠦᠷᠢᠭ ᠢᠶᠠᠷ ᠲᠤᠰᠠᠯᠠᠨ᠎ᠠ︔ 5 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠤᠨ  ᠲᠤᠲᠤᠷ᠎ᠠ ᠪᠠᠶᠢᠪᠠᠯ 2 ᠲᠦᠮᠡᠨ ᠲᠥᠭᠦᠷᠢᠭ ᠢᠶᠠᠷ ᠲᠤᠰᠠᠯᠠᠨ᠎ᠠ  ᠃ 10 ᠲᠦᠮᠡᠨ ᠲᠥᠭᠦᠷᠢᠭ ᠠᠴᠠ 15 ᠲᠦᠮᠡᠨ ᠲᠥᠭᠦᠷᠢᠭ ᠤᠨ ᠲᠤᠲᠤᠷ᠎ᠠ ᠪᠠᠶᠢᠪᠠᠯ 3 ᠲᠦᠮᠡᠨ ᠲᠥᠭᠦᠷᠢᠭ ᠢᠶᠠᠷ ᠲᠤᠰᠠᠯᠠᠨ᠎ᠠ︔ 15 ᠲᠦᠮᠡᠨ ᠲᠥᠭᠦᠷᠢᠭ ᠠᠴᠠ 20 ᠲᠦᠮᠡᠨ ᠲᠥᠭᠦᠷᠢᠭ ᠤᠨ ᠲᠤᠲᠤᠷ᠎ᠠ ᠪᠠᠶᠢᠪᠠᠯ 4 ᠲᠦᠮᠡᠨ ᠲᠥᠭᠦᠷᠢᠭ ᠢᠶᠠᠷ ᠲᠤᠰᠠᠯᠠᠨ᠎ᠠ︔ 20 ᠲᠦᠮᠡᠨ ᠲᠥᠭᠦᠷᠢᠭ ᠠᠴᠠ 25 ᠲᠦᠮᠡᠨ ᠲᠥᠭᠦᠷᠢᠭ ᠤᠨ ᠲᠤᠲᠤᠷ᠎ᠠ ᠪᠠᠶᠢᠪᠠᠯ 5 ᠲᠦᠮᠡᠨ ᠲᠥᠭᠦᠷᠢᠭ ᠢᠶᠠᠷ ᠲᠤᠰᠠᠯᠠᠨ᠎ᠠ︔ 25 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 6 ᠲᠦᠮᠡᠨ ᠲᠥᠭᠦᠷᠢᠭ ᠢᠶᠠᠷ ᠲᠤᠰᠠᠯᠠᠨ᠎ᠠ᠃    ᠲᠠᠨᠢᠯᠴᠠᠭᠤᠯᠤᠭᠰᠠᠨ ᠢᠶᠠᠷ᠂ ︽ᠪᠥᠬᠦ ᠣᠷᠣᠨ ᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ ᠤᠨ ᠬᠦᠨᠳᠦ ᠶᠡᠭᠡ ᠡᠪᠡᠳᠴᠢᠨ ᠡᠮᠭᠡᠭ ᠢ ᠨᠢᠭᠦᠯᠡᠰᠦᠩᠭᠦᠶ ᠠᠪᠤᠷᠠᠨ ᠲᠤᠰᠠᠯᠠᠬᠤ ︿ᠨᠣᠮᠣᠬᠠᠨ ᠱᠠᠷ﹀ ᠲᠤᠰᠬᠠᠶ ᠰᠠᠭᠤᠷᠢ ᠮᠥᠩᠭᠦ︾᠎ ᠎ ᠶᠢᠨ ᠲᠥᠷᠥᠯ ᠵᠦᠢᠯ ᠢ ᠭᠤᠶᠤᠴᠢᠯᠠᠬᠤ ᠳᠤ᠂ ᠡᠷᠬᠡᠪᠰᠢ ᠭᠡᠷ ᠪᠦᠯᠢ ᠶᠢᠨ ᠪᠦᠷᠢᠯᠳᠦᠬᠦᠨ ᠵᠢᠴᠢ ᠬᠤᠪᠢ ᠬᠥᠮᠦᠨ ᠤ ᠪᠡᠶ᠎ᠡ ᠶᠢᠨ ᠭᠡᠷᠡᠴᠢ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ᠂  ᠡᠮᠴᠢᠯᠡᠭᠡᠨ ᠤ ᠣᠨᠣᠰᠢᠯᠠᠭᠰᠠᠨ ᠭᠡᠷᠡᠴᠢ᠂ ᠡᠮᠨᠡᠭᠦᠯᠦᠭᠰᠡᠨ ᠫᠢᠶᠣᠣ ᠪᠠᠷᠢᠮᠲᠠ ᠶᠢᠨ ᠬᠠᠭᠤᠯᠪᠤᠷᠢ᠂ ᠭᠡᠷᠡᠯ ᠵᠢᠷᠤᠭ ᠵᠡᠷᠭᠡ ᠪᠢᠴᠢᠭ ᠮᠠᠲ᠋ᠧᠷᠢᠶᠠᠯ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠳᠤ ᠲᠤᠰᠠᠯᠠᠭᠤᠯᠬᠤ ᠪᠠᠷ ᠭᠤᠶᠤᠴᠢᠯᠠᠨ᠎ᠠ᠂ ᠲᠦᠷᠦᠯ ᠵᠦᠢᠯ ᠤᠨ ᠯᠠᠪᠯᠠᠯᠭ᠎ᠠ ᠥᠭᠬᠦ ᠰᠢᠭᠤᠳ ᠤᠲᠠᠰᠤ 0471- 4698430᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号