ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ ᠨᠠᠮ ᠎ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠪᠠ
ᠨᠡᠶᠢᠲᠡᠯᠡᠭᠰᠡᠨ ᠴᠠᠭ᠄
2018/3/2
      3 ᠳ᠋ᠤᠭᠠᠷ ᠰᠠᠷ᠎ᠠ ᠶᠢᠨ 1᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠰᠢᠨ᠎ᠠ ᠨᠢᠭᠡ ᠬᠤᠭᠤᠴᠠᠭᠠᠨ ᠤ ᠲᠦᠪ ᠤᠨ ᠤᠳᠤᠷᠢᠳᠬᠤ ᠬᠠᠮᠳᠤ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠨ᠂ ᠰᠢᠷᠭᠠᠭᠤ ᠴᠢᠷᠮᠠᠶᠢᠨ ᠠᠵᠢᠯᠯᠠᠵᠤ᠂ ᠶᠡᠭᠡ ᠪᠠᠶᠢᠳᠠᠯ ᠢ ᠠᠵᠢᠬᠯᠠᠨ᠂ ᠶᠡᠭᠡ ᠲᠠᠯ᠎ᠠ ᠶᠢ ᠰᠦᠪᠡᠭᠴᠢᠯᠡᠵᠤ᠂ ᠰᠢᠨ᠎ᠠ ᠪᠠᠶᠢᠳᠠᠯ ᠢ ᠨᠡᠭᠡᠭᠡᠨ᠂ ᠰᠢᠨ᠎ᠠ ᠬᠠᠭᠤᠳᠠᠰᠦ ᠶᠢ ᠪᠢᠴᠢᠭᠯᠡᠵᠤ᠂ ᠨᠠᠮ ᠪᠤᠯᠤᠨ ᠤᠯᠤᠰ ᠤᠨ ᠡᠯ᠎ᠠ ᠵᠦᠢᠯ ᠤᠨ ᠦᠢᠯᠡᠰ ᠰᠢᠨ᠎ᠠ ᠠᠬᠢᠴᠠ ᠲᠠᠢ ᠪᠣᠯᠵᠣ ᠰᠢᠨ᠎ᠠ ᠦᠷ᠎ᠠ ᠪᠦᠳᠦᠮᠵᠢ ᠤᠯᠬᠤ ᠶᠢ ᠠᠬᠢᠭᠤᠯᠪᠠ᠃ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ ᠨᠠᠮ ᠤᠨ ᠲᠦᠪ ᠬᠤᠷᠢᠶ᠎ᠠ ᠶᠢᠨ ᠦᠭᠡᠷᠡᠴᠢᠯᠡᠯᠳᠡ ᠬᠦᠭᠵᠢᠯᠳᠡ ᠲᠤᠬᠳᠠᠭᠤᠨ᠂ ᠲᠤᠳᠤᠭᠠᠳᠦ ᠶᠠᠪᠤᠳᠠᠯ ᠭᠠᠳᠠᠭᠠᠳᠦ ᠬᠠᠷᠢᠯᠴᠠᠭ᠎ᠠ ᠤᠯᠤᠰ ᠤᠨ ᠪᠠᠳᠤᠯᠠᠨ ᠬᠠᠮᠠᠭᠠᠯᠠᠯᠳᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠣᠭᠰᠠᠨ ᠰᠢᠨ᠎ᠠ ᠠᠮᠵᠢᠯᠳᠡ ᠶᠢ ᠭᠦᠢᠴᠡᠳ ᠲᠠᠨᠢᠵᠤ᠂ ︽ᠲᠦᠷᠪᠡᠨ ᠤᠬᠠᠮᠰᠠᠷ︾᠎ ᠢᠶᠠᠨ ᠪᠠᠳᠤ ᠪᠠᠬᠢ ᠪᠤᠢ ᠪᠤᠯᠭᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ᠲᠤᠭ ᠢᠶᠠᠨ ᠦᠨᠳᠦᠷ ᠮᠠᠨᠳᠤᠭᠤᠯᠬᠤ᠂ ᠭᠤᠤᠯᠯᠠᠬᠴᠢ ᠪᠠᠨ ᠴᠢᠩᠭ᠎ᠠ ᠲᠠᠭᠠᠬᠤ᠂ ᠪᠦᠯᠬᠦᠮᠳᠡᠨ ᠲᠡᠮᠡᠴᠡᠭᠦ᠂ ᠡᠷᠡᠮᠡᠬᠡᠶᠢᠯᠡᠨ ᠲᠠᠪᠰᠢᠬᠤ ᠬᠦᠴᠦᠷᠭᠡᠭ ᠶᠡᠭᠡ ᠬᠦᠴᠦᠨ ᠴᠢᠳᠠᠯ ᠢ ᠴᠢᠨᠠᠬᠰᠢᠳᠠ ᠨᠢᠬᠳᠠᠷᠠᠭᠤᠯᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ ᠶᠢᠨ ᠲᠦᠯᠦᠭᠡ ᠴᠦᠬᠦᠷᠡᠯ ᠦᠭᠡᠢ ᠲᠡᠮᠡᠴᠡᠭᠦ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠤᠳᠠᠭ᠎ᠠ ᠨᠠᠮ ᠪᠤᠯᠤᠨ ᠣᠯᠣᠰ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠨᠢ ᠨᠠᠮ ᠤᠨ ᠲᠥᠪ ᠬᠤᠷᠢᠶ᠎ᠠ ᠨᠠᠮ ᠪᠤᠯᠤᠨ ᠤᠯᠤᠰ ᠤᠨ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠪᠡ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠳᠤᠷᠠᠳᠤᠭᠰᠠᠨ ᠴᠢᠬᠤᠯᠠ ᠰᠢᠢᠳᠪᠦᠷᠢᠳᠦ ᠪᠤᠳᠤᠯᠭ᠎ᠠ ᠪᠤᠯᠤᠨ᠎ᠠ᠂ ᠦᠭᠡᠷᠡᠴᠢᠯᠡᠯᠳᠡ ᠶᠢᠨ ᠭᠤᠤᠯ ᠰᠢᠵᠢᠮ ᠲᠤᠪᠤᠶᠢᠮ᠎ᠠ᠂ ᠴᠢᠭᠯᠡᠯ ᠲᠤᠳᠤᠷᠬᠠᠢ᠂ ᠬᠠᠷᠠᠯᠳᠠ ᠲᠤᠳᠤ᠂ ᠵᠢᠷᠤᠭ ᠲᠦᠯᠦᠪᠯᠡᠭᠡ ᠰᠢᠨᠵᠢᠯᠡᠭᠦ ᠤᠬᠠᠭᠠᠨᠴᠢ᠂ ᠦᠭᠡᠷᠡᠴᠢᠯᠡᠯᠳᠡ ᠶᠢᠨ ᠬᠡᠪᠴᠢᠶ᠎ᠠ ᠦᠷᠭᠡᠨ᠂ ᠡᠷᠴᠢᠮ ᠨᠢ ᠴᠢᠩᠭ᠎ᠠ ᠲᠠᠯ᠎ᠠ ᠪᠠᠷ ᠤᠷᠢᠳ ᠡᠮᠦᠨ᠎ᠠ ᠪᠠᠶᠢᠭ᠎ᠠ ᠦᠭᠡᠢ ᠶᠤᠮ᠂ ᠳᠡᠷᠡ ᠨᠢ ᠨᠠᠮ ᠪᠤᠯᠤᠨ ᠤᠯᠤᠰ ᠤᠨ ᠲᠡᠤᠭᠡᠨ ᠬᠦᠭᠵᠢᠯᠳᠡ ᠶᠢᠨ ᠠᠬᠢᠴᠠ ᠳᠣᠮᠳᠠ ᠴᠢᠬᠤᠯᠠ ᠬᠦᠰᠢᠶ᠎ᠠ ᠲᠤᠷᠠᠰᠬᠠᠯ ᠤᠨ ᠠᠴᠢ ᠬᠤᠯᠪᠤᠬᠳᠠᠯ ᠲᠠᠢ ᠶᠤᠮ᠃ ᠪᠢᠳᠡ ᠨᠠᠮ ᠪᠤᠯᠤᠨ ᠣᠯᠣᠰ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠶᠢᠨ ᠴᠢᠬᠤᠯᠠ ᠴᠢᠨᠠᠷ ᠪᠠᠴᠢᠮ ᠲᠤᠯᠭᠠᠮ᠎ᠠ ᠴᠢᠨᠠᠷ ᠢ ᠬᠦᠨᠵᠡᠭᠡᠢ ᠲᠠᠨᠢᠵᠤ᠂ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠨᠡᠶᠢᠳᠡᠪᠦᠷᠢᠵᠢᠭᠤᠯᠬᠤ ᠶᠢ ᠠᠳᠬᠤᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠤ᠂ ᠨᠠᠮ ᠤᠨ ᠲᠦᠪ ᠬᠤᠷᠢᠶ᠎ᠠ ᠶᠢᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠪᠦᠬᠦ ᠤᠷᠤᠨ ᠤ ᠨᠠᠮ ᠵᠠᠰᠠᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠠᠵᠢᠯ ᠢ ᠲᠦᠷᠭᠡᠨ ᠰᠤᠳᠤᠯᠤᠨ ᠲᠥᠯᠥᠪᠵᠢᠭᠦᠯᠦᠨ ᠪᠠᠶᠢᠷᠢᠯᠠᠭᠤᠯᠵᠦ᠂ ᠡᠯ᠎ᠠ ᠵᠦᠢᠯ ᠤᠨ ᠦᠭᠡᠷᠡᠴᠢᠯᠡᠯᠳᠡ ᠶᠢ ᠲᠦᠷᠭᠡᠨ ᠪᠦᠭᠡᠳ ᠯᠠᠪᠳᠠᠭᠤᠨ ᠢᠶᠠᠷ ᠠᠬᠢᠭᠤᠯᠵᠤ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠡᠷᠡᠰ ᠰᠠᠶᠢᠳᠤᠷ ᠠᠳᠬᠤᠬᠤ ᠬᠡᠷᠡᠭᠳᠡᠢ ᠬᠡᠪᠠ᠃      ᠬᠤᠷᠠᠯ ᠠᠴᠠ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠨᠠᠮ ᠤᠨ ᠲᠤᠳᠤᠭᠠᠳᠦ ᠭᠠᠳᠠᠭᠠᠳᠤ ᠶᠢᠨ ᠰᠨᠠᠠᠯ ᠢ ᠦᠷᠭᠡᠨ ᠢᠶᠠᠷ ᠬᠤᠷᠢᠶᠠᠵᠤ᠂ ᠲᠠᠬᠢᠨ ᠲᠠᠪᠳᠠᠨ ᠵᠦᠪᠳᠡᠨ ᠶᠠᠷᠢᠯᠴᠠᠭᠰᠠᠨ ᠤ ᠰᠠᠭᠤᠷᠢᠨ ᠲᠡᠭᠡᠷ᠎ᠠ ᠲᠤᠷᠠᠳᠤᠬᠰᠠᠨ ᠰᠢᠨ᠎ᠠ ᠨᠢᠭᠡ ᠬᠤᠭᠤᠴᠠᠭᠠᠨ ᠤ ᠣᠯᠣᠰ ᠤᠨ ᠪᠠᠶᠢᠭᠤᠯᠤᠮᠵᠢ ᠪᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠬᠦᠮᠦᠰ ᠤᠨ ᠵᠢᠱᠢᠭᠳᠡᠭᠰᠡᠳ ᠤᠨ ᠰᠨᠠᠭᠤᠯᠭ᠎ᠠ ᠶᠢᠨ ᠲᠤᠬᠢᠷᠠᠭᠤᠯᠤᠯᠳᠠ ᠶᠢ ᠡᠷᠡᠰ ᠬᠦᠷᠢᠶᠡᠯᠡᠵᠤ᠂ ᠮᠠᠨ ᠤ ᠤᠷᠤᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠬᠡᠰᠢᠭᠦᠨ ᠢ ᠵᠣᠬᠢᠶᠠᠨ ᠪᠠᠶᠢᠭᠤᠯᠣᠨ ᠠᠷᠠᠳᠴᠢᠯᠡᠯ ᠤᠨ ᠡᠷᠭᠡ ᠪᠠᠨ ᠵᠦᠪ ᠤᠨᠤᠪᠴᠢᠳᠠᠢ ᠬᠡᠷᠡᠭᠵᠢᠭᠦᠯᠬᠦ ᠶᠢ ᠬᠦᠳᠦᠯᠦᠨ ᠵᠢᠯᠣᠭᠤᠳᠴᠣ᠂ ᠪᠤᠰᠤᠳ ᠲᠦᠯᠦᠭᠡᠯᠡᠭᠴᠢ ᠬᠡᠰᠢᠭᠦᠨ ᠲᠠᠢ ᠬᠠᠮᠳᠤ ᠪᠠᠷ ᠪᠦᠬᠦ ᠤᠯᠤᠰ ᠤᠨ ︽ᠬᠤᠶᠠᠷ ᠬᠤᠷᠠᠯ︾᠎ ᠤᠨ ᠡᠯ᠎ᠠ ᠵᠦᠢᠯ ᠤᠨ ᠰᠤᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠳᠡ ᠲᠠᠢ ᠪᠡᠶᠡᠯᠡᠭᠦᠯᠭᠦ ᠬᠡᠷᠡᠭᠳᠡᠢ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号