ᠤᠯᠠᠭᠠᠨᠴᠠᠪ ᠬᠤᠲᠠ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠬᠦ ᠪᠠᠶᠢᠷᠢᠨ ᠳᠤ ᠲᠠᠯᠪᠢᠵᠤ ᠪᠤᠢ
ᠨᠡᠶᠢᠲᠡᠯᠡᠭᠰᠡᠨ ᠴᠠᠭ᠄
2018/3/20
    ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠲᠦᠷᠦ ᠶᠢᠨ ᠪᠤᠳᠤᠯᠭ᠎ᠠ ᠶᠢ ᠪᠠᠲᠤ ᠡᠵᠡᠮᠳᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠳᠦᠷᠢᠮ︾᠎ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠬᠠᠮᠲᠤ ᠳᠤᠨᠢ ᠬᠡᠷᠡᠭᠵᠢᠭᠦᠯᠵᠦ ᠪᠠᠶᠢᠭᠠᠳ ᠦᠨᠳᠦᠰᠦᠲᠡᠨ ᠤ ᠰᠤᠷᠭᠠᠨ ᠬᠥᠮᠦᠵᠢᠯ ᠢ ᠲᠦᠷᠭᠡᠨ ᠠᠬᠢᠭᠤᠯᠵᠠᠢ᠃ ᠨᠢᠭᠡ ᠳᠤ ᠪᠠᠲᠤᠯᠠᠭ᠎ᠠ ᠪᠠᠨ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ᠂ ᠵᠠᠷᠤᠳᠠᠯ ᠤᠨ ᠣᠷᠣᠭᠤᠯᠤᠯᠲᠠ᠂ ᠪᠠᠭᠰᠢ ᠤᠷᠢᠨ ᠡᠯᠰᠡᠬᠦ᠂ ᠮᠡᠷᠭᠡᠵᠢᠯ ᠤᠨ ᠴᠣᠯᠠ ᠲᠣᠭᠲᠠᠭᠠᠬᠤ᠂ ᠬᠥᠬᠢᠭᠦᠯᠦᠨ ᠱᠠᠩᠨᠠᠬᠤ ᠵᠡᠷᠭᠡ ᠲᠠᠯ᠎ᠠ ᠪᠠᠷ ᠦᠨᠡᠨ ᠬᠦ ᠦᠨᠳᠦᠰᠦᠲᠡᠨ ᠤ ᠰᠤᠷᠭᠠᠨ ᠬᠥᠮᠦᠵᠢᠯ ᠲᠡᠰᠢ ᠬᠡᠯᠪᠠᠶᠢᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠬᠦᠴᠦᠲᠡᠶ ᠳᠡᠮᠵᠢᠯᠭᠡ ᠪᠣᠯᠤᠨ ᠨᠥᠬᠦᠴᠡᠯ ᠤᠨ ᠪᠠᠲᠤᠯᠠᠭ᠎ᠠ ᠣᠯᠭᠤᠪᠠ᠃ ᠬᠤᠶᠠᠷ ᠲᠤ ᠦᠨᠳᠦᠰᠦᠲᠡᠨ ᠤ ᠵᠠᠯᠭᠠᠮᠵᠢ ᠺᠠᠳ᠋ᠷᠴᠤᠳ ᠢ ᠢᠳᠡᠪᠬᠢᠲᠡᠶ ᠬᠥᠮᠥᠵᠢᠭᠦᠯᠪᠡ᠃ ᠵᠢᠯ ᠪᠦᠷᠢ ᠨᠢᠭᠡ ᠪᠦᠯᠦᠭ ᠦᠨᠳᠦᠰᠦᠲᠡᠨ ᠤ ᠰᠤᠷᠭᠠᠨ ᠬᠥᠮᠦᠵᠢᠯ ᠤᠨ ᠨᠥᠭᠡᠴᠡ ᠺᠠᠳ᠋ᠷ ᠢ ᠰᠤᠩᠭᠤᠨ  ᠦᠨᠳᠦᠰᠦᠲᠡᠨ ᠤ ᠰᠤᠷᠭᠠᠨ ᠬᠥᠮᠦᠵᠢᠯ ᠤᠨ ᠲᠡᠷᠢᠭᠦᠨ ᠤ ᠠᠶᠢᠮᠠᠭ ᠬᠤᠳᠠ ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠵᠢᠭᠠᠨ ᠰᠤᠷᠭᠠᠬᠤ ᠴᠢᠳᠠᠪᠤᠷᠢ ᠪᠣᠯᠣᠨ ᠶᠡᠷᠦᠩᠬᠡᠶ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ᠃ ᠭᠤᠷᠪᠠ ᠳᠤ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠪᠡ᠃ ᠬᠡᠪᠴᠢᠶ᠎ᠡ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠳᠠᠯ ᠢᠶᠠᠷ ᠭᠤᠣᠯᠳᠠᠯᠭ᠎ᠠ ᠪᠣᠯᠭᠠᠵᠤ᠂ ᠠᠯᠢ ᠣᠯᠠᠨ ᠳᠦᠬᠦᠷ ᠠᠷᠭ᠎ᠠ ᠬᠡᠮᠵᠢᠶ᠎ᠡ ᠠᠪᠴᠤ᠂ ᠲᠤᠶᠢᠯ ᠤᠨ ᠣᠨᠣᠪᠴᠢᠲᠠᠢ ᠪᠠᠷ ᠬᠦᠴᠦᠯᠡᠵᠦ᠂ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠯᠡᠨ᠂ ᠶᠠᠰᠤ ᠴᠢᠨᠠᠷ ᠢᠶᠠᠷ ᠬᠥᠭᠵᠢᠯᠲᠡ ᠶᠢ ᠠᠬᠢᠭᠤᠯᠵᠤ᠂ ᠶᠠᠰᠤ ᠴᠢᠨᠠᠷ ᠢᠶᠠᠷ ᠬᠡᠪᠴᠢᠶ᠎ᠡ ᠶᠢ ᠥᠷᠭᠡᠳᠬᠡᠪᠡ᠃ ᠳᠥᠷᠪᠡ ᠳᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠦᠨᠳᠦᠰᠦᠲᠡᠨ ᠤ ᠰᠤᠷᠭᠠᠨ ᠬᠥᠮᠥᠵᠢᠯ ᠳᠤ ᠠᠭᠤᠰᠬᠠᠨ ᠣᠷᠣᠭᠤᠯᠵᠤ᠂ ᠦᠨᠳᠦᠰᠦᠲᠡᠨ ᠤ ᠤᠷᠠᠯᠢᠭ ᠪᠣᠯᠣᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠣᠩᠭᠤᠵᠤ ᠰᠤᠷᠬᠤ ᠬᠢᠴᠢᠶᠡᠯ ᠡᠷᠬᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ  ᠬᠡᠯᠡ ᠶᠢ ᠰᠣᠨᠣᠰᠴᠤ ᠪᠢᠴᠢᠬᠦ ᠤᠷᠤᠯᠳᠤᠭᠠᠨ᠂ ᠮᠣᠩᠭᠤᠯ ᠤᠷᠠᠨ ᠪᠢᠴᠢᠯᠭᠡ ᠶᠢᠨ ᠤᠷᠤᠯᠳᠤᠭᠠᠨ᠂ ᠮᠣᠩᠭᠤᠯ ᠰᠢᠲᠠᠷ᠎ᠠ ᠶᠢᠨ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠦᠷᠨᠢᠭᠦᠯᠵᠦ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号