ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ 2018 ᠣᠨ ᠤ ᠨᠢᠭᠡᠳᠦᠭᠡᠷ ᠤᠯᠠᠷᠢᠯ ᠳᠤ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠳᠤ ᠪᠠᠶᠢᠩᠭᠤ ᠶᠢᠨ ᠴᠢᠨᠠᠷᠲᠠᠶ ᠰᠤᠭᠤᠴᠢᠨ ᠪᠠᠶᠢᠴᠠᠭᠠᠯᠲᠠ ᠥᠷᠨᠢᠭᠦᠯᠪᠡ᠃ ᠡᠳᠦᠭᠡ ᠬᠤᠯᠪᠣᠭᠳᠠᠯ ᠪᠦᠬᠦᠢ | ᠪᠠᠶᠢᠳᠠᠯ ᠢ ᠳᠣᠣᠷᠠᠬᠢ ᠮᠡᠲᠦ ᠨᠡᠪᠲᠡᠷᠡᠭᠦᠯᠪᠡ᠄ | ᠨᠢᠭᠡ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ | 3 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ 2018 ᠣᠨ ᠤ ᠨᠢᠭᠡᠳᠦᠭᠡᠷ ᠤᠯᠠᠷᠢᠯ ᠳᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠰᠤᠭᠤᠴᠢᠨ ᠪᠠᠶᠢᠴᠠᠭᠠᠭᠰᠠᠨ ᠰᠦᠯᠵᠢᠶᠡᠨ | ᠥᠷᠲᠡᠭᠡ ︵ᠰᠦᠯᠵᠢᠶᠡᠨ ᠥᠷᠲᠡᠭᠡ ᠶᠢᠨ ᠶᠡᠷᠦᠩᠬᠡᠶ ᠲᠤᠭ᠎ᠠ ᠨᠢ 644︶ ᠨᠡᠶᠢᠲᠡ 200 ᠪᠠᠶᠢᠵᠤ᠂ ᠰᠦᠯᠵᠢᠶᠡᠨ | ᠥᠷᠲᠡᠭᠡ ᠶᠢᠨ ᠶᠡᠷᠦᠩᠬᠡᠶ ᠲᠣᠭᠠᠨ ᠤ 31% ᠶᠢ ᠡᠵᠡᠯᠡᠪᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ | ᠬᠢᠨᠠᠨ ᠪᠠᠶᠢᠴᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠶᠢ | 194 ᠬᠤᠪᠢ ᠪᠠᠭᠤᠯᠭᠠᠵᠤ᠂ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ᠬᠠᠮᠤᠭ | ᠡᠴᠦᠰ ᠲᠤ 195 ᠰᠦᠯᠵᠢᠶᠡᠨ ᠥᠷᠲᠡᠭᠡ ᠶᠢ ᠬᠢᠷᠢ ᠲᠡᠩᠴᠡᠭᠰᠡᠨ ᠢᠶᠠᠷ ᠬᠢᠨᠠᠨ ᠲᠣᠭᠲᠠᠭᠠᠵᠤ᠂ 1 ᠰᠦᠯᠵᠢᠶᠡᠨ | ᠥᠷᠲᠡᠭᠡ ᠶᠢ ᠦᠨᠢᠳᠡ ᠵᠣᠭᠰᠣᠭᠠᠬᠤ ᠪᠠᠷ ᠲᠣᠭᠲᠠᠭᠠᠭᠰᠠᠨ ᠪᠥᠭᠡᠳ ᠬᠤᠯᠪᠣᠭᠳᠠᠯ ᠪᠦᠬᠦᠢ ᠭᠠᠷᠳᠠᠮ ᠢ ᠨᠢ | ᠭᠦᠢᠴᠡᠳᠬᠡᠯᠭᠡᠵᠦ᠂ 4 ᠰᠦᠯᠵᠢᠶᠡᠨ ᠥᠷᠲᠡᠭᠡ ᠶᠢ ᠴᠡᠭᠴᠡᠯᠡᠨ ᠰᠠᠶᠢᠵᠢᠷᠠᠭᠤᠯᠤᠭᠰᠠᠨ ᠨᠢ ᠲᠦᠢᠯᠪᠤᠷᠢᠲᠠᠶ ᠪᠢᠰᠢ | ᠪᠣᠯᠬᠤᠷ᠂ ᠦᠯᠦ ᠬᠢᠷᠢ ᠲᠡᠩᠴᠡᠬᠦ ᠰᠦᠯᠵᠢᠶᠡᠨ ᠥᠷᠲᠡᠭᠡ ᠪᠠᠷ ᠲᠠᠰᠤᠯᠵᠤ᠂ ᠤᠯᠠᠮ ᠨᠢᠭᠡ ᠠᠯᠬᠤᠮ ᠴᠡᠭᠴᠡᠯᠡᠨ | ᠰᠠᠶᠢᠵᠢᠷᠠᠭᠤᠯᠬᠤ ᠪᠠᠷ ᠪᠣᠯᠪᠠ᠃ 2018 ᠣᠨ ᠤ ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ | ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠤᠷᠤᠭᠤ ᠶᠢ ᠡᠷᠢᠬᠦ︾ ᠰᠦᠯᠵᠢᠶᠡᠨ ᠠᠨᠳᠠ ᠨᠠᠷ ᠤᠨ 182 | ᠵᠦᠢᠯ ᠤᠨ ᠰᠠᠨᠠᠭᠤᠯᠭ᠎ᠠ ᠵᠥᠪᠯᠡᠯᠭᠡ ᠶᠢ ᠰᠢᠯᠵᠢᠭᠦᠯᠦᠨ ᠭᠦᠢᠴᠡᠳᠬᠡᠵᠦ᠂ ᠪᠥᠬᠦᠳᠡ ᠶᠢ ᠨᠢ ᠬᠤᠭᠤᠴᠠᠭ᠎ᠠ ᠶᠣᠰᠣᠭᠠᠷ | ᠭᠦᠢᠴᠡᠳᠬᠡᠨ ᠳᠠᠭᠤᠰᠬᠠᠵᠤ᠂ ᠪᠡᠶᠡᠯᠡᠭᠦᠯᠦᠭᠰᠡᠨ ᠨᠣᠷᠮ᠎ᠠ ᠨᠢ 100% ᠳᠤ ᠬᠦᠷᠪᠡ᠃ | ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ | ᠨᠢᠭᠡ ᠳᠤ ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ︽ᠲᠦᠷᠪᠡᠨ ᠪᠣᠯᠬᠤ ᠦᠭᠡᠢ︾ ᠠᠰᠠᠭᠤᠳᠠᠯ ᠢ ᠲᠠᠰᠤ ᠬᠤᠷᠢᠭᠯᠠᠭᠰᠠᠨ ᠦᠭᠡᠢ᠂ ᠮᠡᠳᠡᠭᠡ ᠵᠠᠩᠭᠢ ᠶᠢᠨ | ᠰᠢᠨᠡᠴᠢᠯᠡᠯᠲᠡ ᠨᠢ ᠬᠤᠴᠣᠷᠤᠩᠭᠤᠶ᠂ ᠬᠤᠭᠤᠰᠣᠨ ᠲᠤᠰᠬᠠᠢ ᠪᠤᠯᠤᠩ᠂ ᠴᠥᠷᠬᠡᠯᠡᠬᠦ ᠨᠢ ᠠᠯᠳᠠᠭ᠎ᠠ ᠲᠠᠢ ᠵᠡᠷᠭᠡ | ᠪᠠᠶᠢᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠬᠤᠶᠠᠷ ᠲᠤ ᠬᠡᠰᠡᠭ ᠪᠦᠯᠦᠭ ᠰᠦᠯᠵᠢᠶᠡᠨ ᠥᠷᠲᠡᠭᠡ ᠶᠢ ᠨᠡᠬᠡᠬᠡᠬᠦ | ᠪᠠ ᠵᠣᠭᠰᠤᠭᠠᠬᠤ ᠳᠠᠭᠠᠨ ᠪᠦᠬᠦ ᠤᠯᠤᠰ ᠤᠨ ᠵᠠᠰᠠᠭ ᠤᠨ ᠣᠷᠳᠣᠨ ᠤ ᠰᠥᠯᠵᠢᠶᠡᠨ ᠥᠷᠲᠡᠭᠡᠨ ᠤ ᠮᠡᠳᠡᠭᠡ | ᠵᠠᠩᠭᠢ ᠶᠢᠨ ᠮᠡᠳᠡᠭᠦᠯᠦᠨ ᠬᠦᠷᠭᠡᠬᠦ ᠰᠢᠰᠲ᠋ᠧᠮ ᠳᠤ ᠱᠠᠭᠠᠷᠳᠠᠯᠭ᠎ᠠ ᠶᠣᠰᠣᠭᠠᠷ ᠮᠡᠳᠡᠭᠦᠯᠦᠨ ᠳᠠᠩᠰᠠᠯᠠᠭᠤᠯᠬᠤ | ᠭᠠᠷᠳᠠᠮ ᠢᠶᠠᠨ ᠭᠦᠢᠴᠡᠳᠬᠡᠭᠰᠡᠨ ᠦᠭᠡᠢ ᠠᠴᠠ ᠨᠢᠭᠡᠨᠲᠡ ᠵᠣᠭᠰᠣᠭᠠᠭᠰᠠᠨ ᠰᠦᠯᠵᠢᠶᠡᠨ ᠥᠷᠲᠡᠭᠡ ᠮᠥᠨ ᠯᠡ ᠪᠥᠬᠦ | ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠰᠢᠰᠲ᠋ᠧᠮ ᠳᠤ ᠬᠠᠳᠠᠭᠠᠯᠠᠭᠳᠠᠭᠰᠠᠭᠠᠷ ᠪᠠᠶᠢᠵᠤ᠂ | ᠣᠨᠴᠠ ᠵᠠᠷᠢᠮ ᠰᠦᠯᠵᠢᠶᠡᠨ ᠥᠷᠲᠡᠭᠡ ᠨᠢ ᠰᠢᠰᠲ᠋ᠧᠮ ᠤᠨ ᠬᠢᠨᠠᠯᠲᠠ ᠬᠠᠮᠢᠶᠠᠷᠤᠯᠲᠠ ᠠᠴᠠ ᠰᠠᠯᠤᠩᠬᠢᠷᠠᠭᠰᠠᠨ ᠪᠠᠶᠢᠨ᠎ᠠ᠃ | ᠭᠤᠷᠪᠠ ᠳᠤ ᠬᠡᠰᠡᠭ ᠪᠦᠯᠦᠭ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ ᠳ᠋ᠠᠶᠢᠲ᠋ᠠ ᠬᠥᠮᠥᠷᠭᠡ ᠬᠡᠯᠪᠡᠷᠢ ᠶᠢᠨ | ᠲᠤᠰᠬᠠᠶ ᠪᠤᠯᠤᠩ ᠤᠨ ᠠᠭᠤᠯᠭ᠎ᠠ ᠶᠢᠨ ᠰᠢᠨᠡᠴᠢᠯᠡᠯᠲᠡ ᠳᠠᠬᠢ ᠬᠢᠨᠠᠨ ᠪᠠᠶᠢᠴᠠᠭᠠᠯᠲᠠ ᠶᠢᠨ ᠱᠠᠭᠠᠷᠳᠠᠯᠭ᠎ᠠ ᠳᠤ ᠬᠦᠷᠬᠦ | ᠦᠭᠡᠢ ᠪᠠᠶᠢᠵᠤ᠂ ᠬᠡᠰᠡᠭ ᠪᠦᠯᠦᠭ ᠲᠤᠰᠬᠠᠢ ᠪᠤᠯᠤᠩ ᠨᠢ ᠠᠰᠠᠭᠤᠳᠠᠯ ᠭᠠᠷᠪᠠᠯ ᠴᠠᠭ ᠲᠤᠬᠠᠶ ᠳᠤᠨᠢ ᠡᠵᠡᠮᠳᠡᠨ | ᠰᠢᠢᠳᠪᠦᠷᠢᠯᠡᠵᠦ ᠳᠡᠶᠢᠯᠬᠦ ᠦᠭᠡᠢ ᠪᠠᠶᠢᠨ᠎ᠠ᠃ ᠲᠦᠷᠪᠡ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠶ᠎ᠠ | ᠪᠦᠬᠦᠢ ᠨᠢᠭᠡᠴᠡ ᠶᠢᠨ ᠰᠦᠯᠵᠢᠶᠡᠨ ᠦᠷᠲᠡᠭᠡ ᠶᠢ ᠡᠷᠴᠢᠮᠵᠢᠭᠦᠯᠦᠨ ᠨᠡᠶᠢᠯᠡᠭᠦᠯᠬᠦ ᠠᠵᠢᠯ ᠤᠨ ᠠᠬᠢᠴᠠ ᠤᠳᠠᠭᠠᠨ | ᠪᠠᠶᠢᠨ᠎ᠠ᠃ | ᠭᠤᠷᠪᠠ᠂ ᠳᠠᠷᠠᠭ᠎ᠠ ᠠᠯᠬᠤᠮ ᠤᠨ ᠠᠵᠢᠯ ᠤᠨ ᠱᠠᠭᠠᠷᠳᠠᠯᠭ᠎ᠠ | ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠬᠥᠭᠵᠢᠯᠲᠡ ᠶᠢᠨ ᠵᠢᠭᠠᠯᠲᠠ︾ ᠶᠢᠨ ᠡᠯ᠎ᠡ | ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠢᠳᠡᠪᠬᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠨᠢᠭᠡ ᠳᠤ ᠰᠢᠮᠳᠠᠭᠤᠯᠤᠨ ᠪᠠᠶᠢᠴᠠᠭᠠᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠦᠯᠵᠢᠶᠡᠨ ᠥᠷᠲᠡᠭᠡ ᠶᠢᠨ ᠨᠡᠷ᠎ᠡ ᠬᠠᠶ᠋ᠢᠭ ᠢ | ᠵᠢᠷᠤᠮᠵᠢᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ | ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠡᠷᠴᠢᠮᠵᠢᠭᠦᠯᠬᠦ ᠠᠵᠢᠯ ᠢ ᠦᠨᠡᠨ ᠬᠦ ᠴᠢᠩᠭᠠᠳᠬᠠᠵᠤ᠂ | ᠠᠵᠢᠯ ᠤᠨ ᠠᠭᠤᠯᠭ᠎ᠠ ᠪᠠᠨ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠲᠣᠳᠤᠷᠬᠠᠶᠢᠯᠠᠵᠤ᠂ ︽ᠰᠢᠶᠠᠨ ᠤ | ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ | ᠵᠠᠷᠴᠢᠮ ᠳᠡᠭᠡᠷ᠎ᠡ ᠪᠠᠨ ᠨᠢᠭᠡ ᠨᠢᠭᠡᠴᠡ ᠨᠢᠭᠡᠯᠡ ᠰᠦᠯᠵᠢᠶ᠎ᠡ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠪᠦᠬᠦ ᠣᠷᠣᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠬᠠᠷᠢᠶ᠎ᠠ ᠪᠦᠬᠦᠢ ᠨᠢᠭᠡᠴᠡ ᠶᠢᠨ | ᠰᠦᠯᠵᠢᠶᠡᠨ ᠦᠷᠲᠡᠭᠡ ᠶᠢ ᠨᠡᠶᠢᠯᠡᠭᠦᠯᠬᠦ ᠠᠵᠢᠯ ᠢ ᠱᠠᠯᠠᠪᠳᠠᠨ ᠠᠬᠢᠭᠤᠯᠬᠤ ᠬᠡᠷᠡᠭᠲᠡᠶ᠃ ᠭᠤᠷᠪᠠ ᠳᠤ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠳᠠ ᠶᠢᠨ ᠬᠠᠷᠢᠯᠴᠠᠨ ᠰᠣᠯᠢᠯᠴᠠᠬᠤ ᠲᠠᠪᠴᠠᠩ ᠤᠨ ᠪᠠᠶᠢᠭᠤᠯᠤᠯᠲᠠ ᠶᠢᠨ ᠠᠵᠢᠯ ᠢ | ᠳᠠᠷᠤᠶ ᠲᠦᠷᠭᠡᠨ ᠡᠬᠢᠯᠡᠭᠦᠯᠵᠦ᠂ ᠵᠠᠰᠠᠭ ᠪᠣᠯᠣᠨ ᠠᠷᠠᠳ ᠤᠨ ᠬᠠᠷᠢᠯᠴᠠᠨ ᠦᠢᠯᠡᠳᠦᠯᠴᠡᠬᠦ ᠠᠷᠭ᠎ᠠ ᠵᠠᠮ ᠢ ᠪᠠᠶᠢᠭᠤᠯᠤᠨ | ᠪᠥᠷᠢᠨᠰᠢᠭᠦᠯᠵᠦ᠂ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠳᠦᠷᠪᠡ ᠳᠤ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ | ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠷᠠᠭᠤᠯᠤᠨ᠂ ᠦᠯᠦ ᠬᠢᠷᠢ ᠲᠡᠩᠴᠡᠬᠦ | ᠰᠦᠯᠵᠢᠶᠡᠨ ᠥᠷᠲᠡᠭᠡ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ | ᠳᠠᠷᠤᠯᠲᠠ ᠶᠢ ᠪᠦᠲᠦᠮᠵᠢᠲᠡᠶ ᠳᠠᠮᠵᠢᠭᠤᠯᠤᠨ᠂ ᠨᠡᠶᠢᠯᠡᠮᠡᠯ ᠬᠦᠴᠦᠨ ᠢ ᠴᠢᠷᠮᠠᠶᠢᠨ ᠪᠤᠢ ᠪᠣᠯᠭᠠᠵᠤ ᠠᠵᠢᠯ ᠤᠨ | ᠥᠷᠨᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠶ᠃ | ᠦᠯᠦ ᠬᠢᠷᠢ ᠲᠡᠩᠴᠡᠬᠦ ᠰᠦᠯᠵᠢᠶᠡᠨ ᠥᠷᠲᠡᠭᠡ ᠨᠦᠭᠦᠳ ᠱᠠᠯᠠᠪᠬᠠᠨ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠤᠭᠰᠠᠨ ᠪᠠ ᠬᠠᠷᠢᠭᠤᠴᠠᠯᠭ᠎ᠠ ᠲᠤᠯᠭᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠨᠢᠭᠡᠴᠡ ᠨᠦᠭᠦᠳ | ᠰᠦᠯᠵᠢᠶᠡᠨ ᠠᠭᠤᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠦᠯᠵᠢᠶᠡᠨ ᠥᠷᠲᠡᠭᠡ ᠶᠢ ᠬᠠᠮᠢᠶᠠᠷᠬᠤ ᠬᠥᠮᠦᠨ ᠲᠠᠢ ᠪᠦᠭᠡᠳ ᠰᠠᠶᠢᠬᠠᠨ | ᠬᠠᠮᠢᠶᠠᠷᠬᠤ ᠶᠢ ᠪᠠᠲᠤᠯᠠᠵᠤ᠂ ᠰᠦᠯᠵᠢᠶᠡᠨ ᠥᠷᠲᠡᠭᠡ ᠶᠢᠨ ᠬᠠᠮᠢᠶᠠᠷᠤᠯᠲᠠ ᠶᠢᠨ ᠬᠢᠷᠢ ᠲᠥᠪᠰᠢᠨ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ | ᠳᠠᠭᠠᠯᠳᠤᠭᠤᠯᠤᠯ᠄ 2018 ᠣᠨ ᠤ ᠨᠢᠭᠡᠳᠦᠭᠡᠷ ᠤᠯᠠᠷᠢᠯ ᠤᠨ ᠰᠤᠭᠤᠴᠢᠨ ᠪᠠᠶᠢᠴᠠᠭᠠᠯᠲᠠ ᠳᠤ | ᠢᠯᠡᠷᠡᠭᠦᠯᠦᠭᠰᠡᠨ ᠦᠯᠦ ᠬᠢᠷᠢ ᠲᠡᠩᠴᠡᠬᠦ ᠰᠦᠯᠵᠢᠶᠡᠨ ᠥᠷᠲᠡᠭᠡ ᠶᠢᠨ ᠨᠡᠷᠡᠰ | 2018 ᠣᠨ ᠤ 3 ᠳ᠋ᠤᠭᠠᠷ ᠰᠠᠷ᠎ᠠ ᠶᠢᠨ 16 ᠤ ᠡᠳᠦᠷ | | ᠳᠠᠭᠠᠯᠳᠤᠭᠤᠯᠤᠯ᠄ | 2018 ᠣᠨ ᠤ ᠨᠢᠭᠡᠳᠦᠭᠡᠷ ᠤᠯᠠᠷᠢᠯ ᠤᠨ ᠰᠤᠭᠤᠴᠢᠨ ᠪᠠᠶᠢᠴᠠᠭᠠᠯᠲᠠ ᠳᠤ | ᠢᠯᠡᠷᠡᠭᠦᠯᠦᠭᠰᠡᠨ ᠦᠯᠦ ᠬᠢᠷᠢ ᠲᠡᠩᠴᠡᠬᠦ ᠰᠦᠯᠵᠢᠶᠡᠨ ᠥᠷᠲᠡᠭᠡ ᠶᠢᠨ ᠨᠡᠷᠡᠰ᠄ | ᠬᠥᠬᠡᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ | ᠤᠯᠠᠭᠠᠨᠬᠠᠳᠠ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ | ᠤᠯᠠᠭᠠᠨᠬᠠᠳᠠ ᠬᠤᠲᠠ ᠶᠢᠨ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠰᠦᠯᠵᠢᠶ᠎ᠡ | ᠠᠯᠠᠱᠠ ᠠᠶᠢᠮᠠᠭ ᠤᠨ ᠰᠦᠯᠵᠢᠶᠡᠨ ᠳᠡᠭᠡᠷᠡᠬᠢ ᠳᠣᠲᠣᠭᠠᠳᠤ ᠶᠢ ᠬᠠᠮᠠᠭᠠᠯᠠᠬᠤ |