ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠰᠢᠰᠲ᠋ᠧᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/3/21
     3 ᠳ᠋ᠤᠭᠠᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠰᠢᠰᠲ᠋ᠧᠮ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠎ ᠨᠢ 2017 ᠣᠨ ᠤ ᠪᠦᠬᠦ ᠣᠷᠣᠨ ᠤ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ 2018 ᠣᠨ ᠤ ᠭᠤᠣᠯᠳᠠᠯᠭ᠎ᠠ ᠲᠠᠢ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2017 ᠣᠨ ᠳᠤ᠂ ᠪᠦᠬᠦ ᠣᠷᠣᠨ ᠤ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠲᠥᠪᠰᠢᠨ ᠲᠦᠷᠭᠡᠨ ᠳᠡᠭᠡᠭᠰᠢᠯᠡᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯᠯᠠᠭᠠᠨ ᠤ ᠶᠠᠰᠤ ᠴᠢᠨᠠᠷ ᠣᠶᠢᠷ᠎ᠠ ᠶᠢᠨ ᠭᠤᠷᠪᠠᠨ ᠵᠢᠯ ᠳᠠᠬᠢ ᠬᠠᠮᠤᠭ ᠤᠨ ᠰᠠᠶᠢᠨ ᠬᠢᠷᠢ ᠬᠡᠮᠵᠢᠶ᠎ᠡ ᠣᠯᠵᠤ᠂ ᠠᠰᠢᠭ ᠣᠷᠣᠯᠭ᠎ᠠ ᠦᠷᠭᠦᠯᠵᠢᠯᠡᠨ ᠨᠡᠮᠡᠭᠳᠡᠵᠦ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠠᠵᠤ ᠠᠬᠤᠶᠢᠯᠠᠯ ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠨ᠂ ᠤᠯᠤᠰ ᠤᠨ ᠦᠮᠴᠢᠯᠡᠯᠲᠦ ᠠᠵᠤ ᠠᠬᠤᠶ ᠦᠷᠭᠦᠯᠵᠢᠯᠡᠨ ᠬᠥᠭᠵᠢᠵᠦ᠂ ᠨᠠᠮ ᠤᠨ ᠪᠠᠶᠢᠭᠤᠯᠤᠯᠲᠠ ᠤᠯᠠᠮ ᠨᠢᠭᠡ ᠠᠯᠬᠤᠮ ᠴᠢᠩᠭᠠᠷᠠᠭᠰᠠᠨ ᠰᠠᠶᠢᠨ ᠰᠠᠶᠢᠬᠠᠨ ᠪᠠᠶᠢᠳᠠᠯ ᠢᠯᠡᠷᠡᠵᠡᠶ᠃ 2018 ᠣᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠯᠤᠰ ᠤᠨ ᠦᠮᠴᠢᠯᠡᠯᠲᠦ ᠠᠵᠤ ᠠᠬᠤᠶ ᠶᠢᠨ  ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠶᠠᠰᠤ ᠴᠢᠨᠠᠷ ᠢ  ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ  ᠠᠯᠬᠤᠴᠠ ᠶᠢ ᠲᠥᠷᠭᠡᠳᠬᠡᠬᠦ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂  ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ  ᠴᠢᠩᠭᠠᠳᠬᠠᠬᠤ ᠵᠡᠷᠭᠡ ᠠᠵᠢᠯ ᠢ ᠬᠦᠴᠦ ᠲᠠᠯᠪᠢᠨ ᠰᠠᠶᠢᠲᠤᠷ ᠠᠳᠬᠤᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠪᠠᠶᠢᠳᠠᠯ ᠪᠣᠯᠣᠨ ᠲᠡᠮᠡᠴᠡᠯ ᠤᠨ ᠳᠦᠷᠰᠦ ᠳᠦᠷᠬᠦ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠬᠤ ᠪᠣᠯᠣᠨ᠎ᠠ᠃      ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠬᠤᠤ ᠵᠤᠤ ᠳ᠋ᠦᠨ ᠢ ᠤᠷᠢᠵᠤ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠬᠠᠢ ᠰᠢᠨ᠎ᠡ ᠱᠠᠭᠠᠷᠳᠠᠯᠭ᠎ᠠ ᠶᠢ ᠰᠤᠷᠤᠯᠴᠠᠨ ᠣᠶᠢᠯᠠᠭᠠᠵᠤ    ᠳᠦᠷᠢᠮ ᠲᠣᠭᠲᠠᠭᠠᠯ ᠪᠠ ᠰᠠᠬᠢᠯᠭ᠎ᠠ ᠪᠠᠲᠤ ᠶᠢ ᠵᠢᠷᠤᠮᠯᠠᠭᠰᠠᠨ ᠰᠢᠨ᠎ᠡ ᠴᠠᠭ ᠦᠶ᠎ᠡ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠣᠶ᠎ᠠ︾ ᠭᠡᠰᠡᠨ ᠰᠡᠳᠦᠪ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠲᠠᠶᠢᠯᠦᠮᠵᠢ ᠬᠢᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号