ᠶᠡᠷᠦᠩᠭᠡᠢ ᠰᠠᠶᠢᠳ ᠯᠢ ᠺᠧ ᠴᠢᠶᠠᠩ ᠬᠤᠶᠠᠷ ᠬᠤᠷᠡᠯ ᠢ ᠰᠤᠷᠪᠤᠯᠵᠢᠯᠠᠭᠰᠠᠠ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠭᠰᠠᠠ ᠪᠦᠭᠡᠳ ᠲᠡᠳᠡᠨ ᠤ ᠲᠤᠷᠠᠳᠤᠭᠰᠠᠠ ᠠᠰᠠᠭᠤᠯᠳᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/3/21
      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ 20᠎ ᠤ ᠡᠳᠦᠷ ᠤᠨ ᠦᠳᠡ ᠶᠢᠨ ᠡᠮᠤᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ ᠰᠤᠷᠪᠤᠯᠵᠢᠯᠠᠭᠴᠢᠳ ᠤᠨ ᠬᠤᠷᠡᠯ ᠬᠢᠵᠥ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ ᠶᠡᠭᠡ ᠬᠤᠷᠡᠯ ᠤᠨ ᠦᠬᠦᠯᠡᠭᠴᠢ ᠵᠠᠩ ᠶᠧ ᠰᠦᠢ ᠶᠢᠨ ᠤᠷᠢᠯᠭ᠎ᠠ ᠪᠠᠷ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠭᠰᠠᠠ ᠪᠦᠭᠡᠳ ᠰᠤᠷᠪᠤᠯᠵᠢᠯᠠᠭᠴᠢ ᠶᠢᠨ ᠲᠤᠷᠠᠳᠤᠭᠰᠠᠠ ᠠᠰᠠᠭᠤᠯᠳᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠬᠠᠨ ᠵᠧᠩ᠂ ᠰᠦᠨ ᠴᠦᠨ ᠯᠠᠨ᠂ ᠬᠤ᠋ ᠴᠦᠨ ᠬᠤᠸᠠ᠂ ᠯᠢᠦ ᠡᡁᠧ ᠤᠷᠤᠯᠴᠠᠪᠠ᠃      ᠶᠡᠷᠤᠩᠬᠡᠢ ᠰᠠᠶᠢᠳ ᠯᠢ ᠺᠧ ᠴᠢᠶᠠᠩ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠤ ᠲᠡᠳ᠋ ᠶᠡᠷᠤᠩᠬᠡᠢ ᠰᠠᠶᠢᠳ ᠨᠡᠷ ᠢ ᠲᠠᠨᠢᠯᠴᠠᠭᠤᠯᠤᠭᠰᠠᠠ ᠪᠦᠭᠡᠳ ᠤᠯᠠᠨ ᠳᠤ ᠲᠠᠯᠠᠷᠬᠠᠵᠥ ᠪᠠᠶᠢᠬᠤ ᠪᠠᠨ ᠢᠯᠡᠳᠬᠡᠵᠥ᠂ ᠤᠯᠠᠨ ᠢᠶᠠᠷ ᠢᠶᠠᠨ ᠠᠰᠠᠭᠤᠯᠳᠡ ᠲᠤᠷᠠᠳᠤᠭᠠᠷᠠᠢ ᠬᠡᠵᠤ ᠬᠦᠰᠡᠪᠡ᠃
     3 ᠳ᠋ᠤᠭᠠᠷ ᠰᠠᠷ᠎ᠠ ᠶᠢᠨ 20᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠪᠡᠭᠡᠵᠢᠩ ᠤᠨ ᠠᠷᠠᠳ ᠤᠨ ᠶᠡᠭᠡ ᠬᠤᠷᠡᠯ ᠤᠨ ᠲᠠᠩᠬᠢᠮ ᠳᠤ ᠰᠤᠷᠪᠤᠯᠵᠢᠯᠠᠭᠴᠢᠳ ᠤᠨ ᠬᠤᠷᠡᠯ ᠬᠢᠵᠥ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ ᠶᠡᠭᠡ ᠬᠤᠷᠡᠯ ᠤᠨ ᠦᠬᠦᠯᠡᠭᠴᠢ ᠵᠠᠩ ᠶᠧ ᠰᠦᠢ ᠶᠢᠨ ᠤᠷᠢᠯᠭ᠎ᠠ ᠪᠠᠷ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠭᠰᠠᠠ ᠪᠦᠭᠡᠳ ᠰᠤᠷᠪᠤᠯᠵᠢᠯᠠᠭᠴᠢ ᠶᠢᠨ ᠲᠤᠷᠠᠳᠤᠭᠰᠠᠠ ᠠᠰᠠᠭᠤᠯᠳᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠬᠠᠨ ᠵᠧᠩ᠂ ᠰᠦᠨ ᠴᠦᠨ ᠯᠠᠨ᠂ ᠬᠤ᠋ ᠴᠦᠨ ᠬᠤᠸᠠ᠂ ᠯᠢᠦ ᠡᡁᠧ ᠤᠷᠤᠯᠴᠠᠪᠠ᠃ ᠵᠢᠷᠤᠭ ᠪᠤᠯ ᠯᠢ ᠺᠧ ᠴᠢᠶᠠᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ ᠪᠠᠶᠢᠭ᠎ᠠ ᠨᠢ᠃      ᠫᠧᠩᠪᠦ᠋ᠸᠧ ᠰᠤᠨᠢᠨ ᠮᠡᠳᠡᠭᠡᠨ ᠤ ᠬᠤᠷᠢᠶ᠎ᠠ ᠶᠢᠨ ᠰᠤᠷᠪᠤᠯᠵᠢᠯᠠᠭᠴᠢ᠄ ᠡᠨᠡ ᠵᠢᠯ ᠪᠤᠯ ᠳᠤᠮᠳᠠᠳᠤ ᠤᠯᠤᠰ ᠤᠨ ᠦᠭᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠪᠤᠯᠤᠨ᠎ᠠ᠃ ᠦᠩᠭᠡᠷᠡᠭᠰᠡᠨ 40 ᠵᠢᠯ ᠤᠨ ᠲᠤᠷᠰᠢ᠂ ᠳᠤᠮᠳᠠᠳᠤ ᠤᠯᠤᠰ ᠠᠵᠤ ᠠᠬᠤᠢ ᠶᠢᠨ ᠬᠦᠭᠵᠢᠯᠳᠡ ᠶᠢᠨ ᠯᠤᠳᠤ ᠶᠡᠭᠡ ᠠᠮᠵᠢᠯᠳᠠ ᠶᠢ ᠤᠯᠵᠤ᠂ ᠭᠡᠳᠦᠨ ᠳ᠋ᠦᠩᠰᠢᠭᠤᠷ ᠬᠦᠮᠦᠨ ᠢ ᠠᠮᠵᠢᠯᠳᠠ ᠲᠠᠢ ᠪᠠᠷ ᠶᠠᠳᠠᠭᠤ ᠠᠴᠠ ᠠᠩᠭᠢᠵᠢᠷᠠᠭᠤᠯᠪᠠ᠃ ᠳᠤᠮᠳᠠᠳᠤ ᠤᠯᠤᠰ ᠰᠢᠨ᠎ᠠ ᠴᠠᠭ ᠦᠶ᠎ᠠ ᠳᠤ ᠤᠷᠤᠭᠰᠠᠨ ᠤ ᠳᠠᠷᠠᠭ᠎ᠠ᠂ ᠲᠤᠯᠭᠠᠷᠠᠬᠤ ᠠᠰᠠᠭᠤᠳᠠᠯ ᠨᠢ ᠨᠡᠩ ᠪᠤᠳᠤᠯᠢᠶᠠᠨᠳᠠᠢ ᠪᠤᠯᠤᠨ᠎ᠠ᠂ ᠪᠢᠳᠡᠨ ᠤ ᠦᠵᠡᠬᠦ ᠪᠠᠷ ᠳᠤᠮᠳᠠᠳᠤ ᠤᠯᠤᠰ ᠤᠨ ᠦᠭᠡᠷᠡᠴᠢᠯᠡᠯᠳᠡ ᠨᠡᠬᠡᠬᠡᠯᠳᠡ ᠶᠢᠨ ᠵᠠᠭᠪᠤᠷ ᠲᠤ ᠴᠤ ᠪᠠᠰᠠ ᠬᠤᠪᠢᠷᠠᠯᠳᠠ ᠭᠠᠷᠴᠤ ᠮᠡᠳᠡᠨ᠎ᠠ᠂ ᠡᠨᠡ ᠨᠢ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠪᠠᠲᠤᠯᠠᠭᠰᠠᠨ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠦᠯ ᠵᠢᠴᠢ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠤᠭᠰᠠᠨ ᠵᠡᠷᠭᠡ ᠪᠠᠷ ᠢᠯᠡᠷᠡᠵᠤ ᠪᠠᠶᠢᠨ᠎ᠠ᠃ ᠳᠤᠮᠳᠠᠳᠤ ᠤᠯᠤᠰ ᠤᠨᠴᠠᠭᠠᠶᠢᠯᠠᠨ ᠭᠠᠳᠠᠭᠠᠳᠤ ᠶᠢᠨ ᠪᠡᠯᠡ ᠶᠢ ᠳᠠᠳᠠᠬᠤ ᠪᠤᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠲᠠᠯ᠎ᠠ ᠪᠠᠷ᠂ ᠬᠡᠷᠡᠭᠵᠢᠭᠦᠯᠬᠦ ᠭᠡᠵᠤ ᠪᠠᠶᠢᠭ᠎ᠠ ᠦᠭᠡᠷᠡᠴᠢᠯᠡᠯᠳᠡ ᠨᠡᠬᠡᠬᠡᠯᠳᠡ ᠶᠢᠨ ᠵᠠᠭᠪᠤᠷ ᠨᠢ ᠦᠩᠭᠡᠷᠡᠭᠰᠡᠨ 40 ᠵᠢᠯ ᠤᠨ ᠬᠢ ᠯᠦᠭᠡ ᠶᠠᠮᠠᠷᠬᠠᠨ ᠠᠳᠠᠯᠢ ᠪᠤᠰᠤ ᠪᠠᠶᠢᠳᠠᠭ ᠪᠤᠢ︖      ᠯᠢ ᠺᠧ ᠴᠢᠶᠠᠩ᠄ ᠳᠤᠮᠳᠠᠳᠤ ᠤᠯᠤᠰ ᠤᠨ 40 ᠵᠢᠯ ᠤᠨ ᠲᠤᠷᠰᠢᠬᠢ ᠬᠦᠮᠦᠰ ᠤᠨ ᠬᠠᠷᠠᠭᠠᠨ ᠳᠤ ᠭᠠᠶᠢᠬᠠᠭᠳᠠᠭᠰᠠᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠮᠵᠢᠯᠳᠠ ᠪᠦᠲᠦᠮᠵᠢ ᠨᠢ ᠨᠡᠬᠡᠬᠡᠯᠳᠡ ᠬᠢᠭᠰᠡᠨ ᠯᠦᠭᠡ ᠰᠠᠯᠤᠰᠢ ᠦᠭᠡᠢ ᠬᠠᠷᠢᠴᠠᠭ᠎ᠠ ᠲᠠᠢ ᠶᠤᠮ᠃ ᠨᠡᠬᠡᠬᠡᠯᠳᠡ ᠨᠢ ᠦᠭᠡᠷᠡᠴᠢᠯᠡᠯᠳᠡ ᠶᠢ ᠠᠬᠢᠭᠤᠯᠵᠤ᠂ ᠬᠦᠭᠵᠢᠯᠳᠡ ᠶᠢ ᠠᠬᠢᠭᠤᠯᠵᠠᠢ᠃ ᠳᠤᠮᠳᠠᠳᠤ ᠤᠯᠤᠰ ᠤᠨ ᠠᠷᠠᠳ ᠲᠦᠮᠡᠨ ᠨᠡᠬᠡᠬᠡᠯᠳᠡ ᠬᠢᠭᠰᠡᠨ ᠠᠴᠠ ᠠᠰᠢᠭ ᠬᠦᠷᠳᠡᠯ᠎ᠠ ᠭᠡᠮᠡᠨ ᠬᠡᠯᠡᠵᠤ ᠪᠤᠯᠤᠨ᠎ᠠ᠃ ᠨᠢᠳᠤᠨᠤᠨ ᠵᠢᠯ ᠤᠨ ᠡᠬᠢᠨ ᠢᠶᠠᠷ᠂ ᠲᠡᠷᠢᠭᠦᠯᠡᠭᠴᠢ ᠰᠢ ᠶᠢᠨ ᠫᠢᠩ ᠳ᠋ᠠᠦ᠋ᠰ ᠤᠨ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠳᠤ ᠶᠠᠷᠢᠶ᠎ᠠ ᠲᠠᠯᠪᠢᠬᠤ ᠳᠠᠭᠠᠨ᠂ ᠳᠤᠮᠳᠠᠳᠤ ᠤᠯᠤᠰ ᠦᠷᠭᠦᠯᠵᠢᠯᠡᠨ ᠴᠢᠯᠦᠭᠡᠳᠦ ᠠᠷᠠᠯᠵᠢᠶ᠎ᠠ ᠶᠢ ᠬᠠᠮᠠᠭᠠᠯᠠᠨ᠎ᠠ᠂ ᠨᠡᠬᠡᠬᠡᠯᠳᠡ ᠬᠢᠬᠦ ᠪᠤᠯ ᠳᠤᠮᠳᠠᠳᠤ ᠤᠯᠤᠰ ᠤᠨ ᠦᠨᠳᠦᠰᠦᠨ ᠤᠯᠤᠰ ᠤᠨ ᠪᠤᠳᠤᠯᠭ᠎ᠠ ᠪᠤᠯᠤᠨ᠎ᠠ ᠭᠡᠵᠤ ᠳᠤᠳᠤᠷᠬᠠᠢ ᠢᠯᠡᠷᠭᠡᠶᠢᠯᠡᠭᠰᠡᠨ ᠪᠠᠶᠢᠨ᠎ᠠ᠃ ᠬᠡᠷᠪᠡ ᠳᠤᠮᠳᠠᠳᠤ ᠤᠯᠤᠰ ᠤᠨ ᠨᠡᠬᠡᠬᠡᠯᠳᠡ ᠳᠤ ᠰᠢᠨ᠎ᠠ ᠬᠤᠪᠢᠷᠠᠯᠳᠠ ᠭᠠᠷᠤᠯ᠎ᠠ ᠬᠡᠪᠡᠯ᠂ ᠡᠨᠡ ᠨᠢ ᠳᠠᠷᠤᠢ ᠡᠭᠦᠳᠡ ᠪᠠᠨ ᠤᠯᠠᠮ ᠠᠴᠠ ᠶᠡᠭᠡ ᠨᠡᠬᠡᠬᠡᠬᠦ ᠶᠠᠪᠤᠳᠠᠯ ᠪᠤᠯᠤᠨ᠎ᠠ᠃ ᠳᠤᠮᠳᠠᠳᠤ ᠤᠯᠤᠰ ᠤᠨ ᠠᠵᠤ ᠠᠬᠤᠢ ᠨᠢᠭᠡᠨᠳᠡ ᠳᠡᠯᠡᠬᠡᠢ ᠶᠢᠨ ᠠᠵᠤ ᠠᠬᠤᠢ ᠳᠤ ᠭᠦᠨᠵᠡᠭᠡᠢ ᠠᠭᠤᠰᠤᠯᠴᠠᠪᠠ᠂ ᠡᠭᠦᠳᠡ ᠪᠠᠨ ᠬᠠᠭᠠᠪᠠᠯ ᠪᠢᠳᠡ ᠦᠪᠡᠷ ᠤᠨ ᠵᠠᠮ ᠢᠶᠠᠨ ᠲᠦᠭᠵᠢᠭᠰᠡᠨ ᠶᠠᠪᠤᠳᠠᠯ ᠪᠤᠯᠤᠨ᠎ᠠ ᠬᠡᠵᠤ ᠬᠡᠯᠡᠵᠤ ᠪᠤᠯᠤᠨ᠎ᠠ᠃      ᠰᠢᠨ᠎ᠠ ᠬᠤᠪᠢᠷᠠᠯᠲᠠ ᠨᠢ ᠨᠡᠭᠡᠬᠡᠯᠲᠡ ᠶᠢ ᠤᠯᠠᠮ ᠴᠢᠨᠠᠭᠰᠢᠲᠠ ᠦᠷᠭᠡᠳᠭᠡᠭᠰᠡᠨ ᠢ ᠬᠠᠷᠠᠭᠤᠯᠵᠤ᠂ ᠪᠢᠳᠡ ᠨᠡᠭᠡᠬᠡᠯᠲᠡ ᠶᠢᠨ ᠲᠠᠯ᠎ᠠ ᠪᠠᠷ ᠪᠠᠰᠠ ᠨᠡᠯᠢᠶᠡᠳ ᠶᠡᠭᠡ ᠤᠷᠤᠨ ᠵᠠᠢ ᠪᠤᠯᠤᠨ ᠳᠠᠯᠳᠠ ᠬᠦᠴᠦᠨ ᠲᠠᠢ ᠪᠠᠶᠢᠨ᠎ᠠ᠃ ᠵᠢᠱᠢᠶᠡᠯᠡᠪᠡᠯ᠂ ᠡᠳ᠋ ᠪᠠᠷᠠᠭ᠎ᠠ ᠶᠢᠨ ᠠᠷᠠᠯᠵᠢᠶ᠎ᠠ᠂ ᠪᠢᠳᠡᠨ ᠤ ᠲᠠᠸᠠᠷ ᠤᠨ ᠭᠠᠳᠠᠭᠠᠳᠤ ᠠᠴᠠ ᠤᠷᠤᠭᠤᠯᠬᠤ ᠭᠠᠶᠢᠯᠢ ᠶᠢᠨ ᠨᠤᠷᠮ᠎ᠠ ᠶᠢᠨ ᠬᠢᠷᠢ ᠲᠦᠪᠰᠢᠨ ᠳᠡᠯᠡᠬᠡᠢ ᠳᠡᠭᠡᠷ᠎ᠠ ᠳᠤᠮᠳᠡ ᠳᠡᠰ ᠤᠨ ᠬᠢᠷᠢ ᠲᠦᠪᠰᠢᠨ ᠳᠤ ᠤᠷᠤᠰᠢᠵᠤ᠂ ᠪᠢᠳᠡ ᠲᠤᠷᠠᠲᠠᠶ᠎ᠠ ᠨᠡᠩ ᠨᠡᠭᠡᠬᠡᠯᠳᠡᠲᠦ ᠪᠠᠶᠢᠳᠠᠯ ᠢᠶᠠᠷ ᠲᠠᠸᠠᠷ ᠤᠨ ᠭᠠᠳᠠᠭᠠᠳᠤ ᠠᠴᠠ ᠤᠷᠤᠭᠤᠯᠬᠤ ᠶᠡᠷᠦᠩᠬᠡᠢ ᠭᠠᠶᠢᠯᠢ ᠶᠢᠨ ᠨᠤᠷᠮ᠎ᠠ ᠶᠢᠨ ᠬᠢᠷᠢ ᠲᠦᠪᠰᠢᠨ ᠢ ᠤᠯᠠᠮ ᠴᠢᠨᠠᠭᠰᠢᠲᠠ ᠳᠤᠷᠤᠭᠰᠢᠯᠠᠭᠤᠯᠤᠨ᠎ᠠ᠃ ᠵᠠᠷᠢᠮ ᠵᠠᠬ᠎ᠠ ᠳᠡᠯᠭᠡᠭᠦᠷ ᠳᠡᠭᠡᠷ᠎ᠠ ᠪᠤᠷᠤᠯᠠᠭᠤᠯᠭ᠎ᠠ ᠰᠠᠶᠢᠲᠠᠢ ᠪᠠᠷᠠᠭ᠎ᠠ ᠲᠠᠸᠠᠷ᠂ ᠡᠮ ᠤᠨ ᠵᠦᠢᠯ ᠢ ᠪᠠᠭᠲᠠᠭᠠᠭᠰᠠᠨ  ᠤᠨᠴᠠᠭᠠᠶᠢᠯᠠᠨ ᠤᠯᠠᠨ ᠲᠦᠮᠡᠨ᠂ ᠡᠪᠡᠳᠴᠢᠲᠡᠳ ᠲᠤ ᠪᠠᠴᠢᠮ ᠬᠡᠷᠡᠭᠴᠡᠭᠡ ᠲᠠᠢ ᠦᠮᠡᠨ ᠢ ᠡᠰᠡᠷᠭᠦᠴᠡᠬᠦ ᠡᠮ ᠤᠨ ᠵᠦᠢᠯ ᠳᠤ᠂ ᠪᠢᠳᠡ ᠭᠠᠳᠠᠭᠠᠳᠤ ᠠᠴᠠ ᠤᠷᠤᠭᠤᠯᠬᠤ ᠭᠠᠶᠢᠯᠢ ᠶᠢᠨ ᠨᠤᠷᠮ᠎ᠠ ᠶᠢ ᠨᠡᠯᠢᠶᠡᠳ ᠶᠡᠭᠡ ᠬᠡᠮᠵᠢᠶ᠎ᠠ ᠪᠠᠷ ᠳᠤᠷᠤᠭᠰᠢᠯᠠᠭᠤᠯᠵᠤ᠂ ᠦᠮᠡᠨ ᠢ ᠡᠰᠡᠷᠭᠦᠴᠡᠬᠦ ᠡᠮ ᠤᠨ ᠵᠦᠢᠯ ᠳᠤ ᠭᠠᠶᠢᠯᠢ ᠶᠢᠨ ᠨᠤᠷᠮ᠎ᠠ ᠶᠢ ᠦᠭᠡᠶᠢᠰᠭᠡᠬᠦ ᠪᠠᠷ ᠬᠦᠴᠦᠯᠡᠨ ᠴᠢᠷᠮᠠᠶᠢᠨ᠎ᠠ᠃ ᠦᠢᠯᠡᠴᠢᠯᠡᠭᠡᠨ ᠤ ᠠᠷᠠᠯᠵᠢᠶ᠎ᠠ ᠪᠠᠷ ᠠᠪᠴᠤ ᠬᠡᠯᠡᠪᠡᠯ᠂ ᠪᠢᠳᠡᠨ ᠳᠤ ᠤᠳᠤ ᠰᠦᠷᠭᠡᠦ ᠵᠦᠷᠢᠶ᠎ᠠ ᠤᠷᠤᠰᠢᠵᠤ᠂ ᠦᠢᠯᠡᠴᠢᠯᠡᠭᠡᠨ ᠤ ᠦᠢᠯᠡᠰ ᠢ ᠤᠯᠠᠮ ᠨᠢᠭᠡ ᠠᠯᠬᠤᠮ ᠨᠡᠭᠡᠭᠡᠪᠡᠯ ᠯᠠᠪᠲᠠᠢ ᠵᠠᠷᠢᠮ ᠦᠷᠡᠭᠳᠡᠯ ᠢ ᠭᠠᠷᠭᠠᠬᠤ ᠪᠤᠯᠤᠨ᠎ᠠ᠂ ᠭᠡᠪᠡᠴᠦ ᠡᠨᠡ ᠨᠢ ᠪᠢᠳᠡᠨ ᠤ ᠠᠵᠤ ᠦᠢᠯᠡᠰ ᠤᠨ ᠦᠷᠢᠰᠦᠯᠳᠦᠬᠦ ᠬᠦᠴᠦᠨ ᠤ ᠳᠡᠭᠡᠭᠰᠢᠯᠡᠯᠲᠡ ᠶᠢ ᠠᠬᠢᠭᠤᠯᠬᠤ ᠪᠤᠯᠤᠨ᠎ᠠ᠃ ᠲᠠᠷᠠᠭᠠᠴᠢ ᠶᠢᠨ ᠠᠯᠬᠤᠮ ᠳᠤ ᠭᠤᠤᠯᠳᠠᠭᠤ ᠦᠢᠯᠡᠴᠢᠯᠡᠭᠡᠨ ᠤ ᠦᠢᠯᠡᠰ ᠤᠨ ᠤᠷᠤᠬᠤ ᠵᠦᠪᠰᠢᠶᠡᠷᠡᠯ ᠢ ᠠᠭᠤᠵᠢᠭᠤ ᠲᠠᠯᠪᠢᠨ᠎ᠠ᠂ ᠵᠢᠱᠢᠶᠡᠯᠡᠪᠡᠯ ᠨᠠᠰᠤᠲᠠᠨ ᠤ ᠠᠰᠠᠷᠠᠮᠵᠢ᠂ ᠡᠮ ᠡᠮᠨᠡᠯᠭᠡ᠂ ᠰᠤᠷᠭᠠᠨ ᠬᠦᠮᠦᠵᠢᠯ᠂ ᠮᠦᠡᠭᠭᠦᠨ ᠭᠦᠢᠯᠭᠡᠭᠡ ᠵᠡᠷᠭᠡ ᠬᠦᠷᠢᠶ᠎ᠠ ᠬᠡᠪᠴᠢᠶᠡᠨ ᠳᠤ᠂ ᠪᠢᠳᠡ ᠤᠷᠤᠬᠤ ᠵᠦᠪᠰᠢᠶᠡᠷᠡᠯ ᠢ ᠠᠭᠤᠵᠢᠭᠤ ᠲᠠᠯᠪᠢᠬᠤ ᠡᠷᠴᠢᠮ ᠢ ᠴᠢᠩᠭᠠᠳᠬᠠᠵᠤ᠂ ᠵᠠᠷᠢᠮ ᠬᠦᠷᠢᠶ᠎ᠠ ᠬᠡᠪᠴᠢᠶᠡᠨ ᠳᠤ ᠢᠳᠡᠭ ᠢᠳᠡᠭ ᠢᠶᠠᠷ ᠠᠭᠤᠵᠢᠭᠤ ᠲᠠᠯᠪᠢᠵᠦ ᠲᠡᠷᠡᠴᠢᠯᠡᠨ ᠬᠤᠪᠢ ᠶᠢᠨ ᠬᠠᠷᠢᠴᠡᠯ ᠤᠨ ᠬᠢᠵᠠᠭᠠᠷᠯᠠᠯ ᠢ ᠦᠭᠡᠶᠢᠰᠭᠡᠨ᠎ᠡ᠃ ᠪᠢᠳᠡ ᠪᠠᠰᠠ ᠦᠢᠯᠡᠳᠬᠦ ᠦᠢᠯᠡᠰ ᠢ ᠪᠦᠬᠦ ᠲᠠᠯ᠎ᠠ ᠪᠠᠷ ᠴᠢᠯᠦᠬᠡᠳᠡᠢ ᠲᠠᠯᠪᠢᠵᠤ᠂ ᠡᠨᠡ ᠲᠡᠯ᠎ᠠ ᠪᠠᠷ ᠮᠡᠷᠭᠡᠵᠢᠯ ᠢ ᠠᠯᠪᠠᠳᠠᠨ ᠰᠢᠯᠵᠢᠭᠦᠯᠬᠦ ᠶᠢ ᠵᠦᠪᠰᠢᠶᠡᠷᠡᠬᠦ ᠦᠭᠡᠢ᠂ ᠪᠢᠳᠡ ᠮᠡᠳᠡᠯᠭᠡ ᠶᠢᠨ ᠦᠮᠴᠢᠯᠠᠯ ᠤᠨ ᠡᠷᠬᠡ ᠶᠢ ᠬᠠᠮᠠᠭᠠᠯᠠᠨ᠎ᠠ᠃      ᠪᠢᠳᠠ ᠭᠠᠳᠠᠭᠠᠳᠤ ᠠᠷᠠᠯᠵᠢᠶᠠᠴᠢᠨ ᠤ ᠪᠡᠯᠡ ᠤᠷᠤᠭᠤᠯᠤᠯᠳᠠ ᠶᠢᠨ ᠨᠠᠵᠠᠭᠠᠢ ᠲᠠᠯ᠎ᠠ ᠶᠢᠨ ᠨᠠᠷᠢᠨ ᠲᠠᠩᠰᠡᠠ ᠳᠤ ᠴᠢᠨᠠᠬᠰᠢᠳᠠ ᠲᠤᠬᠢᠷᠠᠭᠤᠯᠤᠯᠳᠠ ᠬᠢᠵᠤ ᠪᠠᠭᠠᠰᠬᠠᠨ᠎ᠠ᠃ ᠡᠨᠡ ᠵᠢᠯ ᠪᠠ ᠬᠤᠶᠢᠰᠢᠳᠠ ᠶᠢᠨ ᠬᠡᠳᠤᠨ ᠵᠢᠯ ᠳᠤ ᠤᠷᠤᠬᠤ ᠶᠢ ᠵᠦᠪᠰᠢᠶᠡᠷᠡᠬᠦ ᠶᠢ ᠢᠳᠡᠭ ᠢᠳᠡᠭ ᠢᠶᠠᠷ ᠦᠷᠬᠡᠳᠬᠡᠨ᠎ᠠ᠃ ᠲᠡᠬᠡᠬᠦ ᠮᠦᠷᠳᠡᠬᠡᠨ ᠪᠢᠳᠠ ᠪᠠᠰᠠ ᠭᠠᠳᠠᠭᠠᠳᠤ ᠠᠷᠠᠯᠵᠢᠶᠠᠴᠢᠨ ᠤ ᠪᠡᠯᠡ ᠤᠷᠤᠭᠤᠯᠤᠯᠳᠠ ᠳᠤ ᠬᠤᠯᠪᠤᠬᠳᠠᠬᠤ ᠭᠤᠷᠪᠠᠨ ᠬᠠᠤᠯᠢ ᠴᠠᠭᠠᠵᠠ ᠶᠢ ᠨᠡᠶᠢᠯᠡᠬᠦᠯᠵᠤ᠂ ᠰᠠᠭᠤᠷᠢ ᠴᠢᠨᠠᠷᠳᠠᠢ ᠬᠠᠤᠯᠢ ᠴᠠᠭᠠᠵᠠ ᠪᠤᠯᠭᠠᠵᠤ᠂ ᠭᠠᠳᠠᠭᠠᠳᠤ ᠠᠷᠠᠯᠵᠢᠶᠠᠴᠢᠨ ᠤ ᠤᠷᠤᠬᠤ ᠶᠢ ᠵᠦᠪᠰᠢᠶᠡᠷᠡᠬᠦ ᠠᠴᠠ ᠡᠮᠤᠨᠡᠬᠢ ᠢᠷᠬᠡᠨ ᠤ ᠬᠠᠷᠠᠭᠠᠯᠵᠠᠯ ᠤᠨ ᠠᠮᠠᠯᠠᠯᠳᠠ ᠪᠠᠨ ᠪᠡᠶᠡᠯᠡᠬᠦᠯᠤᠨ᠎ᠠ᠃ ᠲᠠᠨ ᠤ ᠲᠤᠷᠠᠳᠤᠬᠰᠠᠨ ᠦᠨᠳᠤᠰᠤᠨ ᠬᠠᠤᠯᠢ ᠳᠤ ᠵᠠᠰᠠᠪᠤᠷᠢ ᠤᠷᠤᠭᠤᠯᠬᠤ᠂ ᠪᠠᠶᠢᠭᠤᠯᠤᠮᠵᠢ ᠳᠤ ᠦᠬᠡᠷᠡᠴᠢᠯᠠᠯᠳᠠ ᠬᠢᠬᠦ ᠪᠤᠯᠤᠨ ᠨᠡᠬᠡᠬᠡᠯᠳᠠ ᠶᠢᠨ ᠬᠠᠷᠢᠴᠠᠭ᠎ᠠ ᠶᠢᠨ ᠲᠤᠬᠠᠢ ᠡᠨᠡ ᠤᠳᠠᠭ᠎ᠠ ᠶᠢᠨ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠠᠴᠠ ᠦᠨᠳᠤᠰᠤᠨ ᠬᠠᠤᠯᠢ ᠳᠤ ᠵᠠᠰᠠᠪᠤᠷᠢ ᠤᠷᠤᠭᠤᠯᠬᠤ ᠲᠦᠰᠤᠯ ᠪᠤᠯᠤᠨ ᠵᠠᠰᠠᠬ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠠᠯᠳᠠ ᠶᠢᠨ ᠲᠦᠰᠤᠯ ᠢ ᠵᠦᠪᠰᠢᠶᠡᠷᠡᠵᠤ᠂ ᠪᠢᠳᠠ ᠦᠨᠳᠤᠰᠤᠨ ᠬᠠᠤᠯᠢ ᠶᠢ ᠵᠢᠷᠤᠮᠯᠠᠵᠤ᠂ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠠᠬᠢᠭᠤᠯᠤᠨ᠎ᠠ᠂ ᠡᠨᠡ ᠨᠢ ᠮᠠᠨ ᠤ ᠭᠠᠳᠠᠭᠠᠳᠤ ᠲᠠᠢ ᠴᠢᠯᠤᠬᠡᠳᠠᠢ ᠶᠠᠪᠤᠯᠴᠠᠬᠤ ᠦᠨᠳᠤᠰᠤᠨ ᠤᠯᠤᠰ ᠤᠨ ᠪᠤᠳᠤᠯᠭ᠎ᠠ ᠶᠢ ᠪᠠᠷᠢᠮᠳᠠᠯᠠᠬᠤ ᠳᠤ ᠨᠡᠩ ᠠᠰᠢᠬᠳᠠᠢ ᠶᠤᠮ᠃      ᠬᠡᠰᠡᠭ ᠵᠠᠭᠤᠴᠢᠯᠠᠭᠤᠷ ᠤᠨ ᠬᠢᠨ ᠳᠤᠮᠳᠠᠳᠤ ᠤᠯᠤᠰ ᠤᠨ ᠨᠡᠬᠡᠬᠡᠯᠳᠠ ᠶᠢᠨ ᠲᠤᠬᠠᠢ ᠡᠶᠢᠮᠦ ᠲᠡᠶᠢᠮᠦ ᠶᠠᠷᠢᠶ᠎ᠠ ᠬᠡᠯᠡᠯᠴᠡᠭᠡ ᠲᠠᠢ ᠪᠠᠶᠢᠬᠤ ᠶᠢ ᠪᠢ ᠰᠤᠨᠢᠨ ᠲᠡᠭᠡᠷ᠎ᠠ ᠠᠴᠠ ᠤᠯᠵᠤ ᠬᠠᠷᠠᠪᠠ᠂ ᠡᠨᠡ ᠲᠠᠯ᠎ᠠ ᠪᠠᠷ ᠪᠢ ᠢᠯᠡᠬᠦᠤ ᠬᠡᠳᠤᠨ ᠦᠬᠡ ᠶᠠᠷᠢᠶ᠎ᠠ᠃ ᠮᠠᠨ ᠤ ᠴᠢᠷᠮᠠᠶᠢᠯᠭ᠎ᠠ ᠶᠢᠨ ᠴᠢᠭᠯᠡᠯ ᠪᠤᠯ 13 ᠳ᠋ᠦᠩᠰᠢᠭᠤᠷ ᠬᠦᠮᠤᠨ ᠠᠮᠠ ᠲᠠᠢ ᠵᠠᠬ᠎ᠠ ᠲᠡᠯᠬᠡᠬᠦᠷ ᠢ ᠲᠤᠮᠳᠠᠳᠤ ᠭᠠᠳᠠᠭᠠᠳᠤ ᠶᠢᠨ ᠠᠵᠤ ᠠᠬᠤᠶᠢᠯᠠᠯ᠂ ᠡᠯ᠎ᠠ ᠵᠦᠢᠯ ᠤᠨ ᠦᠮᠴᠢᠯᠠᠯ ᠤᠨ ᠠᠵᠤ ᠠᠬᠤᠶᠢᠯᠠᠯ ᠪᠦᠬᠦᠨ ᠡᠷᠬᠡ ᠲᠡᠭᠰᠢ ᠪᠠᠷ ᠦᠷᠢᠰᠤᠯᠳᠤᠬᠦ ᠵᠠᠬ᠎ᠠ ᠲᠡᠯᠬᠡᠬᠦᠷ ᠪᠤᠯᠭᠠᠵᠤ᠂ ᠳᠤᠮᠳᠠᠳᠤ ᠤᠯᠤᠰ ᠤᠨ ᠭᠡᠷᠡᠭᠯᠡᠭᠴᠢᠳ ᠢ ᠨᠡᠩ ᠤᠯᠠᠨ ᠰᠤᠩᠭᠤᠯᠳᠠ ᠲᠠᠢ ᠪᠤᠯᠭᠠᠵᠤ᠂ ᠳᠤᠮᠳᠠᠳᠤ ᠤᠯᠤᠰ ᠤᠨ ᠦᠢᠯᠡᠳᠭᠦᠨ ᠪᠤᠯᠤᠨ ᠦᠢᠯᠡᠴᠢᠯᠡᠭᠡ ᠶᠢ ᠲᠡᠰ ᠲᠡᠪᠰᠢᠬᠦᠯᠵᠤ᠂ ᠠᠵᠤ ᠠᠬᠤᠢ ᠶᠢ ᠦᠨᠳᠤᠷ ᠶᠠᠰᠤ ᠴᠢᠨᠠᠷ ᠲᠠᠢ ᠴᠢᠭᠯᠡᠯ ᠲᠡᠰᠢ ᠬᠦᠭᠵᠢᠬᠦᠯᠬᠦ ᠶᠢ ᠠᠬᠢᠭᠤᠯᠬᠤ ᠪᠤᠯᠤᠨ᠎ᠠ᠃      ᠶᠠᠷᠢᠶᠠᠨ ᠦᠭᠡᠢ᠂ ᠳᠤᠮᠳᠠᠳᠤ ᠤᠯᠤᠰ ᠤᠨ ᠨᠡᠭᠡᠭᠡᠯᠲᠡ ᠪᠤᠯ ᠠᠭᠠᠵᠢᠮ ᠢᠶᠠᠷ ᠠᠬᠢᠬᠤ ᠶᠠᠪᠤᠴᠠ ᠮᠦᠨ᠂ ᠲᠤᠬᠠᠢ ᠶᠢᠨ ᠦᠶᠡᠰ ᠠᠪᠤᠨ ᠦᠵᠡᠬᠦ ᠳᠤ ᠶᠠᠯᠢᠮ ᠦᠭᠡᠢ ᠵᠠᠷᠢᠮ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠬᠡᠳᠦᠨ ᠵᠢᠯ ᠤᠨ ᠳᠠᠷᠠᠭ᠎ᠠ ᠡᠷᠬᠢᠵᠦ ᠦᠵᠡᠬᠦ ᠳᠤ᠂ ᠦᠷ᠎ᠡ ᠪᠦᠲᠦᠮᠵᠢ ᠨᠢ ᠬᠦᠮᠦᠰ ᠢ ᠰᠤᠴᠢᠭᠠᠮ᠎ᠠ ᠪᠢᠯᠡ᠃ ᠵᠢᠱᠢᠶᠡᠯᠡᠪᠡᠯ 5 ᠵᠢᠯ ᠤᠨ ᠡᠮᠦᠨ᠎ᠡ ᠪᠢᠳᠠ ᠬᠤᠪᠢ ᠶᠢᠨ ᠶᠠᠪᠤᠳᠠᠯ ᠢᠶᠠᠷ ᠬᠢᠯᠢ ᠠᠴᠠ ᠭᠠᠷᠬᠤ ᠫᠠᠰᠫᠤᠷᠲ ᠢ ᠭᠦᠢᠴᠡᠳᠬᠡᠬᠦ ᠪᠠ ᠬᠢᠯᠢ ᠠᠴᠠ ᠭᠠᠷᠬᠤ ᠭᠠᠷ ᠭᠦᠢᠴᠡᠳᠬᠡᠯ ᠢ ᠳᠦᠭᠦᠮᠴᠢᠯᠡᠪᠡ᠂ ᠡᠬᠦᠨ ᠤ ᠳ᠋ᠦᠡᠭ ᠳᠤ ᠬᠢᠯᠢ ᠠᠴᠠ ᠭᠠᠷᠬᠤ ᠬᠦᠮᠦᠨ ᠤᠳᠠᠭ᠎ᠠ ᠲᠤᠬᠠᠢ ᠶᠢᠨ ᠵᠢᠯ ᠤᠨ 7000 ᠭᠠᠷᠤᠢ ᠲᠦᠮᠡ ᠠᠴᠠ ᠨᠢᠳᠤᠨᠤᠨ ᠤ 1 ᠳ᠋ᠦᠩᠰᠢᠭᠤᠷ 3 ᠮᠢᠩᠭ᠎ᠠ ᠭᠠᠷᠤᠢ ᠲᠦᠮᠡ ᠪᠤᠯᠵᠦ ᠨᠡᠮᠡᠭᠳᠡᠭᠰᠡᠨ ᠪᠦᠬᠡᠳ ᠲᠡᠳᠡᠨᠡᠷ ᠤᠨ ᠤᠯᠠᠩᠬᠢ ᠨᠢ ᠴᠦᠮ ᠵᠤᠭᠠᠴᠠᠬᠤ ᠪᠠ ᠬᠡᠷᠡᠭᠯᠡᠭᠡ ᠬᠢᠬᠦ ᠪᠠᠷ ᠶᠠᠪᠤᠬᠰᠠᠨ ᠪᠠᠶᠢᠨ᠎ᠠ᠃ ᠡᠬᠦᠨ ᠠᠴᠠ ᠳᠤᠮᠳᠠᠳᠤ ᠤᠯᠤᠰ ᠤᠨ ᠨᠡᠭᠡᠭᠡᠯᠲᠡ ᠶᠢ ᠦᠵᠡᠬᠦ ᠳᠤ᠂ ᠨᠠᠷᠢᠯᠢᠬ ᠵᠦᠢᠯᠡᠰ᠂ ᠬᠦᠷᠢᠶ᠎ᠠ ᠬᠡᠪᠴᠢᠶ᠎ᠠ ᠶᠢ ᠦᠵᠡᠬᠦ ᠪᠠᠷ ᠦᠯᠦ ᠪᠠᠷᠠᠨ᠂ ᠨᠡᠩ ᠴᠤ ᠠᠯᠤᠰ ᠬᠡᠳᠦ᠂ ᠪᠦᠬᠦ ᠲᠠᠯ᠎ᠠ ᠶᠢ ᠦᠵᠡᠬᠦ ᠬᠡᠷᠡᠭᠲᠡᠢ ᠶᠤᠮ᠃ ᠶᠠᠷᠢᠶᠠᠨ ᠦᠭᠡᠢ᠂ ᠨᠡᠭᠡᠭᠡᠯᠲᠡ ᠪᠤᠯ ᠬᠤᠤᠰ ᠴᠢᠭᠯᠡᠯ ᠤᠨ᠂ ᠦᠪᠡᠷ ᠵᠠᠭᠤᠷ᠎ᠠ ᠶᠢᠨ ᠶᠤᠮ᠂ ᠡᠬᠡᠬᠡ ᠯᠡ ᠬᠤᠤᠰ ᠬᠦᠮᠦᠨ ᠤ ᠤᠩᠭᠤᠴᠠ ᠰᠡᠯᠢᠬᠦ ᠲᠠᠢ ᠠᠳᠠᠯᠢᠬᠠᠨ᠂ ᠭᠠᠭᠴᠠ ᠬᠦᠮᠦᠨ ᠤ ᠬᠦᠴᠦᠯᠡᠬᠦ ᠳᠤ ᠲᠦᠰᠢᠭᠯᠡᠪᠡᠯ᠂ ᠤᠩᠭᠤᠴᠠ ᠨᠢ ᠤᠷᠤᠨ ᠳᠠᠭᠠᠨ ᠡᠷᠬᠢᠯᠳᠦᠬᠦ ᠪᠤᠯᠤᠨ᠎ᠠ᠃ ᠬᠠᠷᠢᠨ ᠬᠤᠶᠠᠷ ᠬᠦᠮᠦᠨ ᠢᠵᠢᠯ ᠴᠢᠭᠯᠡᠯ ᠵᠦᠭ ᠬᠦᠴᠦᠯᠡᠪᠡᠯ ᠰᠠᠶ᠋ᠢ ᠤᠷᠤᠬᠰᠢᠯᠠᠵᠤ ᠳᠡᠶᠢᠯᠦᠨ᠎ᠡ᠃      ᠳᠤᠮᠳᠠᠳᠤ ᠤᠯᠤᠰ ᠤᠨ ᠡᠳᠦᠷ ᠤᠨ ᠰᠤᠨᠢᠨ ᠤ ᠬᠤᠷᠢᠶᠠᠨ ᠤ ᠰᠤᠷᠪᠤᠯᠵᠢᠯᠠᠬᠴᠢ᠄ ᠶᠡᠷᠦᠩᠬᠡᠢ ᠰᠠᠶᠢᠳ ᠲᠠ ᠰᠠᠶᠢᠨ ᠤᠤ᠂ ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠵᠠᠷᠢᠮ ᠲᠦᠯᠦᠭᠡᠯᠡᠭᠴᠢ ᠭᠡᠰᠢᠭᠦᠨ ᠶᠠᠬ ᠯᠡ ᠲᠤᠬᠠᠢ ᠶᠢᠨ ᠵᠢᠯ ᠳᠤ GDP᠎ ᠶᠢ ᠠᠳᠬᠤᠬᠰᠠᠨ ᠲᠠᠢ ᠠᠳᠠᠯᠢ ᠪᠠᠷ ︽ᠵᠠᠰᠠᠬ ᠢ ᠴᠤᠮᠠᠬᠳᠬᠠᠵᠤ ᠡᠷᠬᠡ ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠦᠭᠡᠷᠡᠴᠢᠯᠡᠯᠲᠡ ᠶᠢ ᠠᠳᠬᠤᠪᠠᠯ ᠵᠤᠬᠢᠨ᠎ᠠ ᠬᠡᠵᠤ ᠲᠤᠷᠠᠳᠪᠠ᠂ ᠡᠭᠦᠨ ᠤ ᠬᠠᠮᠲᠤ ᠵᠠᠷᠢᠮ ᠨᠢ ᠪᠠᠰᠠ᠂ ᠳᠤᠮᠳᠠᠳᠤ ᠤᠯᠤᠰ ᠤᠨ ᠤᠳᠤ ᠶᠢᠨ ᠳᠦᠷᠢᠮ ᠤᠨ ᠴᠢᠨᠠᠷᠲᠠᠢ ᠦᠪᠡᠷ ᠤᠨ ᠦᠷᠲᠡᠭ ᠪᠠᠰᠠᠴᠤ ᠮᠠᠰᠢ ᠦᠨᠳᠦᠷ ᠪᠠᠶᠢᠵᠤ᠂ ᠶᠠᠪᠤᠳᠠᠯ ᠭᠦᠢᠴᠡᠳᠬᠡᠬᠦ ᠳᠤ ᠪᠠᠰᠠ ᠴᠤ ᠨᠡᠯᠢᠶᠡᠳ ᠬᠦᠴᠢᠷᠲᠡᠢ ᠪᠠᠶᠢᠭᠰᠠᠭᠠᠷ ᠬᠡᠵᠤ ᠬᠡᠯᠡᠵᠤ ᠪᠠᠶᠢᠨ᠎ᠠ᠃ ᠶᠡᠷᠦᠩᠬᠡᠢ ᠰᠠᠶᠢᠳ ᠠᠴᠠ ᠠᠰᠠᠭᠤᠬᠤ ᠨᠢ᠂ ︽ᠵᠠᠰᠠᠬ ᠢ ᠴᠤᠮᠠᠬᠳᠬᠠᠵᠤ ᠡᠷᠬᠡ ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠦᠭᠡᠷᠡᠴᠢᠯᠡᠯᠲᠡ ᠶᠢᠨ ᠲᠠᠯᠪᠢᠬᠤ ᠬᠡᠳᠡᠭ ᠨᠢ ᠬᠡᠳᠦᠢ ᠪᠤᠢ︖ ᠲᠠᠯᠪᠢᠬᠰᠠᠨ ᠤ ᠳᠠᠷᠠᠭ᠎ᠠ ᠬᠡᠷᠬᠢᠨ ᠬᠠᠮᠢᠶᠠᠷᠬᠤ ᠪᠤᠢ︖ ᠲᠤᠲᠤᠷᠬᠠᠢ ᠬᠠᠷᠠᠯᠲᠠ ᠪᠠᠶᠢᠨ᠎ᠠ ᠤᠤ︖      ᠯᠢ ᠺᠧ ᠴᠢᠶᠠᠩ᠄ ᠡᠨᠡ ᠪᠤᠯ ᠮᠠᠰᠢ ᠴᠢᠬᠤᠯᠠ ᠠᠰᠠᠭᠤᠳᠠᠯ ᠪᠤᠯᠤᠨ᠎ᠠ᠃ ᠳᠡᠭᠡᠷ᠎ᠡ ᠬᠤᠭᠤᠴᠠᠭᠠᠨ ᠤ ᠵᠠᠰᠠᠬ ᠤᠨ ᠤᠷᠳᠤᠨ ᠡᠬᠢᠯᠡᠵᠦ ᠠᠵᠢᠯᠯᠠᠬᠤ ᠳᠤ᠂ ᠪᠢᠳᠠ ᠵᠠᠰᠠᠬ ᠤᠨ ᠤᠷᠳᠤᠨ ᠤ ᠡᠬᠦᠷᠬᠡ ᠴᠢᠳᠠᠪᠬᠢ ᠶᠢ ᠬᠤᠪᠢᠷᠠᠭᠤᠯᠬᠤ ᠡᠨᠡᠬᠦ ︽ᠵᠢᠯᠤᠭᠤ︾᠎ ᠶᠢ ᠠᠳᠬᠤᠵᠤ᠂ ᠵᠠᠰᠠᠬ ᠢ ᠴᠤᠮᠠᠬᠳᠬᠠᠵᠤ ᠡᠷᠬᠡ ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠤᠬᠰᠠᠨ ᠨᠢ ᠳᠠᠷᠤᠢ ᠵᠠᠰᠠᠬ ᠤᠨ ᠤᠷᠳᠤᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠢᠯᠤᠭᠤᠳᠬᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠴᠢᠳᠠᠪᠤᠷᠢ ᠶᠢ ᠬᠦᠭᠵᠢᠭᠡᠬᠦ ᠭᠡᠰᠡᠨ ᠶᠤᠮ᠃ ᠡᠨᠡ ᠲᠠᠯ᠎ᠠ ᠪᠠᠷ ᠪᠢᠳᠡ ᠨᠢᠭᠡᠨᠲᠡ ᠱᠠᠲᠤᠴᠢ ᠴᠢᠨᠠᠷᠲᠠᠢ ᠦᠷ᠎ᠡ ᠪᠦᠲᠦᠭᠡᠯ ᠤᠯᠵᠤ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠦᠭᠡᠷᠡᠴᠢᠯᠡᠯᠲᠡ ᠪᠠᠨ ᠦᠷᠬᠦᠯᠵᠢᠯᠡᠨ ᠠᠬᠢᠭᠤᠯᠵᠤ᠂ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠬᠦ ᠪᠠ ᠬᠦᠭᠵᠢᠭᠦᠯᠬᠦ ᠨᠢᠭᠡᠨ ᠬᠤᠷᠴᠡ ᠵᠡᠪᠰᠡᠭ ᠪᠤᠯᠤᠬᠰᠠᠨ ᠶᠤᠮ ᠭᠡᠵᠦ ᠬᠡᠯᠡᠵᠦ ᠪᠤᠯᠤᠨ᠎ᠠ᠃      ᠡᠨᠡ ᠤᠳᠠᠭᠠᠨ ᠤ ᠬᠤᠶᠠᠷ ᠬᠤᠷᠠᠯ ᠤᠨ ᠬᠤᠭᠤᠴᠠᠭᠠᠨ ᠳᠤ᠂ ᠪᠢ ᠲᠦᠯᠦᠭᠡᠯᠡᠭᠴᠢᠳ ᠤᠨ ᠪᠦᠯᠬᠦᠮ᠂ ᠬᠠᠮᠲᠤᠷᠠᠬᠰᠡᠨ ᠳᠤᠭᠤᠶᠢᠯᠠᠩ ᠤᠨ ᠬᠤᠷᠠᠯ ᠳᠤ ᠤᠴᠢᠵᠤ ᠬᠢᠨᠠᠨ ᠵᠦᠪᠯᠡᠬᠦ ᠪᠠ ᠶᠠᠷᠢᠯᠴᠠᠬᠤ ᠳᠤ ᠤᠷᠤᠯᠴᠠᠵᠠᠢ᠂ ᠴᠦᠭᠡᠨ ᠪᠤᠰᠤ ᠲᠦᠯᠦᠭᠡᠯᠡᠭᠴᠢ ᠭᠡᠰᠢᠬᠦᠨ ᠴᠦᠮ ᠬᠠᠨᠭ᠍ᠭᠠᠯᠭ᠎ᠠ ᠶᠢᠨ ᠲᠠᠯ᠎ᠡ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠠᠬᠢᠭᠤᠯᠬᠤ ᠳᠤ ᠵᠠᠰᠠᠭ ᠤᠨ ᠤᠷᠳᠤᠨ ᠠᠴᠠ ᠬᠤᠳᠠᠯᠳᠤᠭ᠎ᠠ ᠡᠷᠬᠢᠯᠡᠬᠦ ᠤᠷᠴᠢᠨ ᠢ ᠰᠢᠯᠢᠳᠡᠭᠵᠢᠭᠦᠯᠬᠦ ᠶᠢ ᠬᠦᠴᠦᠯᠡᠨ ᠠᠬᠢᠭᠤᠯᠵᠤ᠂ ᠠᠰᠠᠭᠤᠳᠠᠯ ᠢ ᠰᠢᠢᠳᠪᠤᠷᠢᠯᠡᠬᠦ ᠳᠤ ᠲᠦᠭᠦᠮ ᠨᠦᠬᠦᠴᠡᠯ ᠬᠠᠨᠭ᠍ᠭᠠᠪᠠᠯ ᠵᠤᠬᠢᠨ᠎ᠠ ᠬᠡᠮᠡᠨ ᠲᠤᠷᠠᠳᠴᠤ ᠪᠠᠶᠢᠨ᠎ᠠ᠂ ᠡᠨᠡ ᠪᠤᠯ ᠵᠠᠬ᠎ᠠ ᠲᠡᠯᠭᠡᠬᠦᠷ ᠤᠨ ᠭᠤᠤᠯ ᠴᠤᠬᠴᠠ ᠪᠠ ᠦᠷᠬᠡᠨ ᠤᠯᠠᠨ ᠠᠷᠠᠳ ᠲᠦᠮᠡᠨ ᠤ ᠦᠭᠡᠷᠡᠴᠢᠯᠡᠯᠲᠠ ᠶᠢᠨ ᠲᠤᠬᠠᠢ ᠨᠡᠯᠢᠶᠡᠳ ᠲᠤᠯᠭᠠᠮ᠎ᠡ ᠬᠦᠰᠡᠯ ᠡᠷᠡᠮᠡᠯᠵᠠᠯ ᠪᠤᠯᠤᠨ᠎ᠡ ᠭᠡᠵᠤ ᠬᠡᠯᠡᠵᠤ ᠪᠤᠯᠤᠨ᠎ᠡ᠂ ᠲᠡᠳᠡᠨᠠᠷ ᠤᠨ ᠲᠤᠷᠠᠳᠤᠬᠰᠡᠨ ᠨᠡᠯᠢᠶᠡᠳ ᠤᠯᠠᠨ ᠢ ᠨᠢ ᠦᠵᠡᠬᠦ ᠳᠤ ᠪᠠᠭ᠎ᠠ ᠠᠰᠠᠭᠤᠳᠠᠯ ᠰᠢᠬ ᠪᠤᠯᠪᠠᠴᠤ᠂ ᠦᠨᠡᠨᠳᠡᠭᠡᠨ ᠶᠡᠭᠡ ᠲᠦᠷᠦ ᠶᠢᠨ ᠪᠤᠳᠤᠯᠭ᠎ᠠ ᠲᠠᠢ ᠬᠤᠯᠪᠤᠯᠳᠤᠵᠤ ᠪᠠᠶᠢᠳᠠᠭ᠃ ᠪᠢᠳᠠ ᠦᠡᠭᠬᠡᠨ ᠲᠠᠯ᠎ᠠ ᠠᠴᠠ ᠮᠦᠨ ᠴᠢᠨᠠᠷ ᠢ ᠤᠯᠵᠤ ᠬᠠᠷᠠᠬᠤ ᠭᠡᠷᠡᠭᠲᠠᠢ᠂ ᠦᠭᠡᠷᠡᠴᠢᠯᠡᠯᠲᠠ ᠪᠤᠯ ᠲᠠᠷᠤᠢ ᠰᠢᠪᠲᠤᠯᠤᠯᠲᠠ ᠶᠢᠨ ᠴᠢᠭ᠋ ᠢ ᠵᠠᠬ᠎ᠠ ᠲᠡᠯᠭᠡᠭᠦᠷ ᠪᠡ ᠤᠯᠠᠨ ᠲᠦᠮᠡᠨ ᠠᠴᠠ ᠬᠠᠮᠤᠭ ᠤᠨ ᠤᠶᠢᠷ᠎ᠠ ᠪᠠᠶᠢᠯᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠭᠡᠷᠡᠴᠢᠯᠡᠯᠲᠠ ᠶᠢᠨ ᠴᠢᠭᠯᠡᠯ ᠪᠤᠯᠭᠠᠬᠤ ᠬᠡᠷᠡᠭᠳᠡᠢ᠃
     3 ᠳ᠋ᠤᠭᠠᠷ ᠰᠠᠷ᠎ᠠ ᠶᠢᠨ 20᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠪᠡᠭᠡᠵᠢᠩ ᠤᠨ ᠠᠷᠠᠳ ᠤᠨ ᠶᠡᠭᠡ ᠬᠤᠷᠡᠯ ᠤᠨ ᠲᠠᠩᠬᠢᠮ ᠳᠤ ᠰᠤᠷᠪᠤᠯᠵᠢᠯᠠᠭᠴᠢᠳ ᠤᠨ ᠬᠤᠷᠡᠯ ᠬᠢᠵᠥ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ ᠶᠡᠭᠡ ᠬᠤᠷᠡᠯ ᠤᠨ ᠦᠬᠦᠯᠡᠭᠴᠢ ᠵᠠᠩ ᠶᠧ ᠰᠦᠢ ᠶᠢᠨ ᠤᠷᠢᠯᠭ᠎ᠠ ᠪᠠᠷ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠭᠰᠠᠠ ᠪᠦᠭᠡᠳ ᠰᠤᠷᠪᠤᠯᠵᠢᠯᠠᠭᠴᠢ ᠶᠢᠨ ᠲᠤᠷᠠᠳᠤᠭᠰᠠᠠ ᠠᠰᠠᠭᠤᠯᠳᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠬᠠᠨ ᠵᠧᠩ᠂ ᠰᠦᠨ ᠴᠦᠨ ᠯᠠᠨ᠂ ᠬᠤ᠋ ᠴᠦᠨ ᠬᠤᠸᠠ᠂ ᠯᠢᠦ ᠡᡁᠧ ᠤᠷᠤᠯᠴᠠᠪᠠ᠃      ︽ᠲᠡᠯᠡᠭᠡᠢ ᠳ᠋ᠠᠬᠢᠨ ᠤ ᠶᠡᠭᠡ ᠶᠠᠪᠤᠳᠠᠯ ᠢ ᠨᠠᠷᠢᠯᠢᠬ ᠵᠦᠢᠯ ᠠᠴᠠ ᠭᠠᠷᠳᠠᠵᠤ ᠬᠢᠳᠡᠭ︾᠃ ᠵᠠᠬ᠎ᠠ ᠲᠡᠯᠭᠡᠬᠦᠷ ᠲᠤ ᠤᠷᠤᠬᠤ ᠵᠦᠪᠰᠢᠶᠡᠷᠡᠯ ᠢ ᠠᠭᠤᠵᠢᠭᠤ ᠪᠤᠯᠭᠠᠬᠤ ᠲᠠᠯ᠎ᠡ ᠳᠤ᠂ ᠡᠨᠠ ᠵᠢᠯ ᠵᠢᠷᠭᠤᠭᠠᠨ ᠲᠠᠯ᠎ᠠ ᠪᠠᠷ ᠬᠦᠴᠦ ᠤᠷᠤᠭᠤᠯᠤᠨ᠎ᠡ᠂ ᠡᠬᠦᠨ ᠢ ᠪᠢᠳᠡ ᠪᠠᠰᠠ ᠵᠢᠷᠭᠤᠭᠠᠨ ︽ᠨᠢᠭᠡ︾ ᠭᠡᠵᠤ ᠲᠦᠷᠰᠦᠯᠢᠭ ᠢᠶᠠᠷ ᠬᠡᠯᠡᠵᠤ ᠪᠤᠯᠤᠨ᠎ᠡ᠂ ᠲᠠᠷᠤᠢ ᠠᠵᠤ ᠠᠬᠤᠶᠢᠯᠠᠯ ᠤᠨ ᠡᠷᠬᠢᠯᠡᠬᠦ ᠴᠠᠬ ᠢ ᠬᠠᠭᠠᠰ ᠢᠶᠠᠷ ᠪᠠᠭᠠᠰᠬᠠᠨ᠎ᠡ︔ ᠲᠦᠷᠦᠯ ᠵᠦᠢᠯ ᠢ ᠬᠢᠨᠠᠨ ᠵᠦᠪᠰᠢᠶᠡᠷᠡᠬᠦ ᠴᠠᠬ ᠢ ᠬᠠᠭᠠᠰ ᠢᠶᠠᠷ ᠪᠠᠭᠠᠰᠬᠠᠨ᠎ᠡ︔ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠰᠦᠯᠵᠢᠶ᠎ᠠ ᠪᠠᠷ ᠨᠡᠪᠳᠡᠷᠡᠬᠦᠯᠦᠨ᠎ᠠ︔ ᠠᠵᠤ ᠠᠬᠤᠶᠢᠯᠠᠯ ᠪᠠ ᠤᠯᠠᠨ ᠲᠦᠮᠡᠨ ᠭᠡᠷᠡᠭ ᠡᠷᠬᠢᠯᠡᠬᠦ ᠳᠤ ᠵᠦᠪᠭᠡᠨ ᠨᠢᠭᠡ ᠯᠡ ᠡᠬᠦᠳᠠᠨ ᠳᠤ ᠬᠦᠢᠴᠡᠳᠭᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ︔ ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠤ ᠰᠢᠢᠳᠪᠤᠷᠢᠯᠡᠨ᠎ᠡ︔ ᠬᠠᠤᠯᠢ ᠴᠠᠭᠠᠵᠠ ᠬᠠᠤᠯᠢ ᠲᠤᠬᠲᠠᠭᠠᠯ ᠤᠨ ᠦᠨᠳᠦᠰᠤ ᠪᠠᠷᠢᠮᠲᠠ ᠦᠭᠡᠢ ᠶᠠᠮᠠᠷᠪᠠ ᠭᠡᠷᠡᠴᠢ ᠶᠢ ᠪᠦᠬᠦᠨ ᠢ ᠬᠦᠴᠦᠨ ᠦᠭᠡᠢ ᠪᠤᠯᠭᠠᠨ᠎ᠡ᠃ ᠤᠳᠤ ᠮᠠᠨ ᠤ ᠠᠵᠤ ᠠᠬᠤᠶᠢᠯᠠᠯ ᠡᠷᠬᠢᠯᠡᠬᠦ ᠴᠠᠬ ᠭᠡᠳᠤᠨ ᠵᠢᠯ ᠤᠨ ᠴᠢᠷᠮᠠᠶᠢᠯᠭ᠎ᠠ ᠪᠠᠷ ᠲᠠᠮᠵᠢᠨ ᠨᠢᠭᠡᠨᠲᠠ ᠴᠦᠭᠡᠨ ᠪᠤᠰᠤ ᠪᠠᠭᠠᠰᠴᠠᠢ ᠭᠡᠵᠤ ᠭᠡᠯᠠᠵᠤ ᠪᠤᠯᠤᠨ᠎ᠡ᠂ ᠬᠡᠪᠠᠴᠤ ᠪᠦᠬᠦ ᠤᠯᠤᠰ ᠢᠶᠠᠷ ᠲᠡᠭᠰᠢᠳᠭᠡᠪᠠᠯ ᠪᠠᠰᠠ 22 ᠡᠳᠦᠷ ᠪᠠᠶᠢᠭᠰᠠᠭᠠᠷ᠂ ᠬᠠᠷᠢᠨ ᠵᠠᠷᠢᠮ ᠬᠦᠭᠵᠢᠭᠰᠡᠨ ᠤᠯᠤᠰ ᠲᠤ ᠵᠦᠪᠭᠡᠨ ᠨᠢᠭᠡ ᠯᠡ ᠡᠳᠦᠷ ᠤᠨ ᠴᠠᠬ ᠬᠡᠷᠡᠭᠰᠡᠳᠡᠭ᠃ ᠮᠠᠨ ᠤ ᠲᠦᠷᠦᠯ ᠵᠦᠢᠯ ᠤᠨ ᠪᠠᠷᠢᠯᠭ᠎ᠠ ᠪᠠᠷᠢᠬᠤ ᠵᠦᠪᠰᠢᠶᠡᠷᠡᠯ ᠤᠨ ᠰᠢᠢᠳᠪᠤᠷᠢᠯᠡᠬᠦ ᠴᠠᠬ ᠨᠢ ᠨᠡᠩ ᠤᠷᠲᠤ ᠪᠠᠶᠢᠳᠠᠭ᠂ ᠡᠶᠢᠮᠦ ᠠᠴᠠ ᠡᠷᠭᠡᠪᠰᠢ ᠴᠤᠮᠬᠠᠳᠬᠠᠬᠤ ᠭᠡᠷᠡᠭᠲᠠᠢ᠃ ᠡᠨᠡᠬᠦ ᠵᠢᠷᠭᠤᠭᠠᠨ ︽ᠨᠢᠭᠡ︾ ᠪᠤᠯ ᠴᠦᠮ ᠪᠠᠭᠠᠰᠬᠠᠬᠤ ᠪᠤᠯᠤᠨ᠎ᠠ᠂ ᠲᠠᠬᠢᠭᠠᠳ ᠪᠢᠳᠡ ᠭᠠᠶᠢᠯᠢ ᠶᠢ ᠪᠠᠭᠠᠰᠬᠠᠬᠤ᠂ ᠰᠦᠢᠳᠭᠡᠯ ᠢ ᠪᠠᠭᠠᠰᠬᠠᠬᠤ ᠶᠢ ᠨᠡᠮᠡᠪᠡᠯ ᠡᠳᠡᠭᠡᠷ ᠨᠢ ᠴᠦᠮ ᠵᠠᠰᠠᠭ ᠤᠨ ᠤᠷᠳᠤᠨ ᠤ ︽ᠲᠠᠯᠬ᠎ᠠ︾᠎ ᠶᠢ ᠬᠦᠨᠳᠡᠵᠤ᠂ ᠶᠡᠭᠡ ᠵᠠᠰᠠᠯᠲᠠ ᠬᠢᠬᠦ ᠦᠭᠡᠷᠡᠴᠢᠯᠡᠯᠲᠠ ᠪᠤᠯᠬᠤ ᠶᠤᠮ᠃      ᠶᠠᠷᠢᠶᠠᠨ ᠦᠭᠡᠢ᠂ ᠳᠠᠯᠪᠢᠵᠦ ᠴᠢᠳᠠᠬᠤ ᠪᠦᠬᠡᠳ ᠪᠠᠰᠠ ᠬᠠᠮᠢᠶᠠᠷᠴᠦ ᠴᠢᠳᠠᠨ ᠰᠠᠶᠢᠲᠤᠷ ᠬᠠᠮᠢᠶᠠᠷᠬᠤ ᠭᠡᠷᠡᠭᠲᠡᠢ ᠶᠤᠮ᠃ ᠪᠢᠳᠠ ᠤᠴᠢᠷ ᠶᠠᠪᠤᠳᠠᠯ ᠤᠨ ᠳᠤᠮᠳᠠᠬᠢ ᠪᠠ ᠬᠤᠶᠢᠨᠠᠬᠢ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ ᠨᠢ ᠳᠠᠷᠤᠢ ᠵᠠᠬ᠎ᠠ ᠳᠡᠯᠭᠡᠬᠦᠷ ᠤᠨ ᠡᠮᠬᠢ ᠲᠢᠭᠯᠢᠮ ᠢ ᠬᠠᠮᠢᠶᠠᠷᠴᠦ ᠪᠠᠶᠢᠭ᠎ᠠ ᠶᠠᠪᠤᠳᠠᠯ ᠮᠦᠨ᠂ ᠲᠡᠳᠡᠭᠡᠷ ᠬᠠᠭᠤᠷᠮᠠᠬ ᠴᠢᠨᠠᠷ ᠮᠠᠭᠤ᠂ ᠬᠤᠳᠠᠯ ᠭᠡᠯᠡᠵᠦ ᠮᠡᠭᠡᠯᠡᠬᠦ᠂ ᠬᠠᠷᠬᠢᠰᠯᠠᠵᠤ ᠡᠵᠡᠷᠭᠡᠭᠯᠡᠬᠦ ᠴᠢᠨᠠᠬᠰᠢᠯᠠᠨ ᠲᠦᠪ ᠭᠤᠤᠯᠴᠢ ᠪᠤᠰᠤ ᠪᠠᠷ ᠭᠠᠭᠴᠠᠭᠠᠷ ᠡᠵᠡᠷᠭᠡᠭᠦ ᠦᠵᠡᠭᠳᠡᠯ ᠢ ᠵᠠᠬ᠎ᠠ ᠳᠡᠯᠭᠡᠬᠦᠷ ᠠᠴᠠ ᠦᠯᠳᠡᠨ ᠭᠠᠷᠭᠠᠵᠦ ᠴᠢᠨᠠᠬᠰᠢᠯᠠᠨ ᠴᠢᠩᠭ᠎ᠠ ᠵᠠᠯᠬᠠᠭᠠᠨ ᠰᠢᠳᠭᠡᠬᠦ ᠬᠡᠷᠡᠭᠳᠡᠢ ᠶᠤᠮ᠂ ᠤᠴᠢᠷ ᠨᠢ ᠡᠳᠡᠭᠡᠷ ᠠᠵᠢᠯᠯᠠᠭ᠎ᠠ ᠨᠢ ᠲᠦᠪ ᠭᠤᠤᠯᠴᠢ ᠶᠢ ᠬᠠᠷᠰᠢᠯᠠᠵᠦ᠂ ᠰᠢᠨ᠎ᠠ ᠶᠢ ᠡᠬᠦᠳᠬᠦ ᠶᠢ ᠬᠠᠷᠰᠢᠯᠠᠬᠤ ᠪᠦᠭᠡᠳ ᠪᠠᠰᠠ ᠨᠡᠶᠢᠭᠡᠮ ᠤᠨ ᠶᠤᠰᠤ ᠰᠤᠷᠳᠠᠬᠤᠨ ᠠᠴᠠ ᠳᠡᠷᠰᠯᠡᠭᠰᠡᠨ ᠪᠠᠶᠢᠳᠠᠭ᠃ ᠵᠠᠬ᠎ᠠ ᠳᠡᠯᠭᠡᠬᠦᠷ ᠤᠨ ᠠᠮᠢᠵᠢᠷᠠᠯ ᠤᠨ ᠬᠦᠴᠦᠨ ᠪᠠ ᠰᠤᠶᠤᠯ ᠢᠷᠭᠡᠨᠰᠢᠯ ᠤᠨ ᠵᠤᠷᠢᠭ ᠰᠠᠨᠠᠭ᠎ᠠ ᠪᠤᠯ ᠬᠠᠷᠢᠯᠴᠠᠨ ᠲᠦᠰᠢᠯᠴᠡᠵᠦ ᠬᠠᠷᠢᠯᠴᠠᠨ ᠳᠤᠪᠤᠶᠢᠯᠭᠠᠵᠤ ᠪᠠᠶᠢᠳᠠᠭ᠃ ᠶᠠᠷᠢᠶᠠᠨ ᠦᠭᠡᠢ᠂ ᠪᠢᠳᠠ ᠬᠢᠨᠠᠨ ᠬᠠᠮᠢᠶᠠᠷᠤᠯᠳᠠ ᠪᠠᠨ ᠴᠢᠩᠭᠠᠳᠬᠠᠬᠤ ᠶᠢᠨ ᠳᠠᠭᠠᠤ ᠪᠠᠰᠠ ᠠᠷᠠᠳ ᠢ ᠲᠦᠪᠡᠭᠳᠡᠬᠦᠯᠬᠦ ᠠᠴᠠ ᠰᠡᠷᠭᠡᠶᠢᠯᠡᠬᠦ ᠭᠡᠷᠡᠭᠲᠡᠢ᠃ ᠵᠢᠱᠢᠶᠡᠯᠡᠪᠡᠯ ᠡᠨᠡ ᠤᠳᠠᠭ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠳᠤ ᠪᠢᠳᠠ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠳᠠ ᠳᠤ ᠬᠤᠯᠪᠤᠭᠳᠠᠬᠤ ᠵᠠᠷᠢᠮ ᠰᠠᠯᠠᠭ᠎ᠠ ᠮᠦᠴᠢᠷ ᠢ ᠨᠡᠶᠢᠳᠭᠡᠵᠤ᠂ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠦᠯᠳᠠ ᠶᠢ ᠠᠬᠢᠭᠤᠯᠵᠦ᠂ ᠤᠯᠠᠨ ︽ᠬᠠᠮᠢᠶᠠᠷᠤᠬᠴᠢ︾ ᠨᠢᠭᠡᠯᠠ ᠵᠢᠵᠢᠭ ᠬᠤᠳᠠᠯᠳᠤᠭᠠᠴᠢᠨ ᠢ ᠬᠠᠮᠢᠶᠠᠷᠬᠤ ᠠᠴᠠ ᠵᠠᠶᠢᠯᠠᠰᠬᠢᠭᠰᠠᠨ ᠶᠤᠮ᠃      ᠰᠠᠶ᠋ᠢ ᠨᠢᠭᠡᠨ ᠰᠤᠷᠪᠤᠯᠵᠢᠯᠠᠬᠴᠢ ᠬᠤᠶᠠᠷ ᠬᠤᠷᠠᠯ ᠤᠨ ᠦᠶ᠎ᠠ ᠳᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠳᠤᠷᠠᠳᠴᠦ᠂ ᠡᠨᠡ ᠤᠳᠠᠭ᠎ᠠ ᠶᠢᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠳᠤ ᠪᠠᠰᠠ ᠤᠯᠤᠰ ᠤᠨ ᠭᠠᠶᠢᠯᠢ ᠪᠠ ᠤᠷᠤᠨ ᠨᠤᠳᠤᠭ ᠤᠨ ᠭᠠᠶᠢᠯᠢ ᠶᠢ ᠨᠡᠶᠢᠳᠭᠡᠬᠦ ᠶᠢ ᠪᠠᠭᠳᠠᠭᠠᠬᠰᠠᠨ ᠪᠠᠶᠢᠨ᠎ᠠ ᠭᠡᠵᠦ ᠶᠠᠷᠢᠯ᠎ᠠ᠂ ᠡᠨᠡ ᠨᠢ ᠨᠠᠳᠠᠳᠦ ᠨᠢᠭᠡ ᠶᠠᠪᠤᠳᠠᠯ ᠢ ᠪᠤᠳᠤᠬᠳᠠᠭᠤᠯᠪᠡ᠃ ᠪᠢ ᠨᠢᠭᠡ ᠤᠳᠠᠭ᠎ᠠ ᠶᠢᠨ ᠶᠠᠷᠢᠯᠴᠠᠬᠤ ᠬᠤᠷᠠᠯ ᠳᠤ ᠤᠷᠤᠯᠴᠠᠬᠤ ᠦᠶ᠎ᠠ ᠳᠤ᠂ ᠵᠠᠷᠢᠮ ᠲᠤᠰᠬᠠᠢ ᠮᠡᠷᠭᠡᠵᠢᠯᠳᠠᠠ ᠨᠠᠳᠠᠳᠦ᠂ ᠲᠡᠷᠡ ᠪᠠᠶᠢᠴᠠᠭᠠᠨ ᠰᠤᠳᠤᠯᠤᠯᠳᠠ ᠬᠢᠬᠦ ᠦᠶ᠎ᠠ ᠳᠤ᠂ ᠬᠤᠭᠤᠯᠠᠨ ᠭᠡᠷ ᠲᠤ ᠬᠤᠭᠤᠯᠠ ᠢᠳᠡᠪᠡᠯ ᠤᠷᠤᠨ ᠨᠤᠳᠤᠭ ᠤᠨ ᠭᠠᠶᠢᠯᠢ ᠶᠢᠨ ᠪᠠᠶᠢᠭᠤᠯᠭ᠎ᠠ ᠬᠤᠭᠤᠯᠠᠨ ᠭᠡᠷ ᠠᠴᠠ ᠡᠵᠡᠩᠨᠡᠯᠳᠠ ᠶᠢᠨ ᠭᠠᠶᠢᠯᠢ ᠬᠤᠷᠢᠶᠠᠵᠦ᠂ ᠬᠠᠷᠢᠨ ᠠᠪᠴᠦ ᠶᠠᠪᠤᠪᠠᠯ ᠤᠯᠤᠰ ᠤᠨ ᠭᠠᠶᠢᠯᠢ ᠶᠢᠨ ᠪᠠᠶᠢᠭᠤᠯᠭ᠎ᠠ ᠠᠴᠠ ᠨᠡᠮᠡᠯᠳᠠ ᠦᠷᠳᠡᠭ ᠤᠨ ᠭᠠᠶᠢᠯᠢ ᠬᠤᠷᠢᠶᠠᠵᠦ ᠪᠠᠶᠢᠪᠠ᠃ ᠲᠡᠷᠡ ᠲᠤᠬᠠᠢ ᠶᠢᠨ ᠭᠠᠵᠠᠷ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ᠂ ᠭᠡᠷᠪᠡ ᠬᠤᠭᠤᠯᠠᠨ ᠭᠡᠷ ᠤᠨ ᠬᠠᠳᠠᠪᠴᠢᠨ ᠳᠡᠭᠡᠷ᠎ᠠ ᠵᠤᠬᠰᠤᠭᠠᠳ ᠬᠤᠭᠤᠯᠠ ᠢᠳᠡᠪᠡᠯ ᠶᠠᠮᠠᠷ ᠭᠠᠶᠢᠯᠢ ᠳᠠᠳᠠᠪᠤᠷᠢᠯᠠᠬᠤ ᠪᠤᠢ ᠭᠡᠵᠦ ᠠᠰᠠᠭᠤᠬᠤ ᠳᠤ ᠲᠤᠬᠠᠢ ᠶᠢᠨ ᠦᠶ᠎ᠠ ᠳᠤ ᠨᠦᠬᠦᠭᠡ ᠲᠠᠯ᠎ᠠ ᠶᠢᠨ ᠬᠢᠨ ︽ᠴᠢᠨᠤ ᠡᠨᠡ ᠴᠢᠨᠢ ᠮᠡᠳᠭᠡᠵᠦ ᠪᠠᠶᠢᠨ᠎ᠠ︾ ᠭᠡᠰᠡᠨ ᠶᠤᠮ ᠭᠡᠯ᠎ᠠ᠃ ᠭᠡᠪᠡᠴᠦ ᠪᠤᠳᠠᠳᠦ ᠪᠠᠶᠢᠳᠠᠯ ᠳᠤ ᠡᠶᠢᠮᠦᠷᠬᠦ ᠶᠠᠪᠤᠳᠠᠯ ᠦᠨᠡᠨᠬᠦ ᠤᠷᠤᠰᠢᠵᠦ ᠪᠤᠢ᠃ ᠪᠢᠳᠠ ᠡᠨᠡ ᠭᠡᠳᠦᠨ ᠵᠢᠯ ᠡᠵᠡᠩᠨᠡᠯᠳᠠ ᠶᠢᠨ ᠭᠠᠶᠢᠯᠢ ᠶᠢ ᠨᠡᠮᠡᠯᠳᠠ ᠦᠷᠳᠡᠭ ᠤᠨ ᠭᠠᠶᠢᠯᠢ ᠪᠤᠯᠭᠠᠨ ᠦᠭᠡᠷᠡᠴᠢᠯᠡᠬᠦ ᠶᠢ ᠠᠬᠢᠭᠤᠯᠵᠦ᠂ ᠡᠵᠡᠩᠨᠡᠯᠳᠠ ᠶᠢᠨ ᠭᠠᠶᠢᠯᠢ ᠶᠢ ᠬᠦᠴᠦᠨ ᠦᠬᠡᠢ ᠪᠤᠯᠭᠠᠵᠦ᠂ ᠭᠠᠶᠢᠯᠢ ᠶᠢᠨ ᠤᠷᠤᠯᠭ᠎ᠠ ᠶᠢᠨ ᠬᠠᠮᠳᠤᠪᠡᠷ ᠡᠳ᠋ᠯᠡᠬᠦ ᠭᠠᠶᠢᠯᠢ ᠪᠠᠷ ᠭᠤᠤᠯᠳᠠᠭᠤᠯᠬᠤ ᠶᠢ ᠪᠡᠶᠡᠯᠡᠬᠦᠯᠪᠡ᠂ ᠢᠩᠬᠢᠪᠡᠯ ᠤᠯᠤᠰ ᠤᠨ ᠭᠠᠶᠢᠯᠢ ᠪᠠ ᠤᠷᠤᠨ ᠨᠤᠳᠤᠭ ᠤᠨ ᠭᠠᠶᠢᠯᠢ ᠶᠢ ᠨᠡᠶᠢᠳᠭᠡᠬᠦ ᠳᠤ ᠰᠠᠭᠤᠷᠢ ᠲᠠᠢ ᠪᠤᠯᠵᠦ᠂ ᠤᠯᠠᠨ ᠲᠠᠯ᠎ᠠ ᠠᠴᠠ ᠭᠠᠶᠢᠯᠢ ᠳᠠᠳᠠᠪᠤᠷᠢᠯᠠᠵᠦ᠂ ᠠᠵᠤ ᠠᠬᠤᠶᠢᠯᠠᠯ ᠢ ᠬᠠᠷᠰᠢᠯᠠᠨ ᠲᠦᠪᠡᠭᠳᠡᠬᠦᠯᠬᠦ ᠠᠴᠠ ᠵᠠᠶᠢᠯᠠᠰᠬᠢᠵᠤ ᠴᠢᠳᠠᠨ᠎ᠠ᠃ ᠡᠶᠢᠮᠦ ᠠᠴᠠ ᠲᠠᠯᠪᠢᠪᠠᠯ ᠠᠮᠢᠵᠢᠷᠠᠯ ᠤᠨ ᠬᠦᠴᠦᠨ ᠲᠠᠢ ᠪᠤᠯᠭᠠᠨ ᠲᠠᠯᠪᠢᠵᠦ᠂ ᠬᠠᠮᠢᠶᠠᠷᠪᠠᠯ ᠲᠦᠪ ᠭᠤᠤᠯᠴᠢ ᠪᠠᠷ ᠬᠠᠮᠢᠶᠠᠷᠬᠤ ᠭᠡᠷᠡᠭᠲᠡᠢ᠃ ᠬᠠᠮᠢᠶᠠᠷᠬᠤ ᠨᠢ ᠪᠠᠰᠠ ᠠᠰᠢᠬ ᠲᠤᠰᠠ ᠶᠢ ᠬᠦᠨᠳᠡᠵᠦ ᠪᠠᠶᠢᠳᠠᠭ᠃      ︽ᠠᠷᠠᠳ ᠲᠤ ᠠᠰᠢᠬᠳᠠᠢ ᠶᠠᠪᠤᠳᠠᠯ ᠵᠢᠵᠢᠭ ᠰᠠᠵᠢᠬ ᠪᠤᠯᠪᠠᠴᠤ ᠡᠷᠭᠡᠪᠰᠢ ᠬᠢᠬᠦ ᠭᠡᠷᠡᠭᠳᠡᠢ︾᠃ ᠦᠬᠡᠷᠡᠴᠢᠯᠡᠯᠳᠡ ᠶᠢ ᠠᠬᠢᠭᠤᠯᠵᠥ᠂ ᠵᠠᠰᠠᠭ ᠤᠨ ᠤᠷᠳᠤᠨ ᠤ ᠠᠵᠢᠯ ᠢ ᠰᠠᠶᠢᠲᠤᠷ ᠬᠢᠬᠦ ᠨᠢ ᠳᠠᠷᠤᠢ ᠤᠯᠠᠨ ᠨᠡᠶᠢᠲᠡ ᠳᠤ ᠦᠢᠯᠡᠴᠢᠯᠡᠵᠥ᠂ ᠪᠤᠳᠠᠳᠠᠢ ᠶᠢ ᠡᠷᠬᠢᠮᠯᠡᠵᠥ᠂ ᠠᠷᠠᠳ ᠲᠤ ᠠᠰᠢᠬ ᠬᠦᠷᠳᠡᠬᠡᠬᠦ ᠶᠠᠪᠤᠳᠠᠯ ᠪᠤᠯᠤᠨ᠎ᠡ᠃ ᠪᠢᠳᠡ ᠴᠢᠷᠮᠠᠶᠢᠵᠤ ᠪᠠᠶᠢᠭᠠᠳ ᠵᠠᠬ᠎ᠠ ᠳᠡᠯᠬᠡᠬᠦᠷ ᠤᠨ ᠭᠤᠤᠯ ᠴᠤᠬᠴᠠ ᠳᠤ ᠡᠵᠡᠩᠨᠡᠯᠳᠡ ᠶᠢᠨ ᠤᠷᠴᠢᠨ ᠢ ᠰᠢᠯᠢᠳᠡᠭᠵᠢᠬᠦᠯᠤᠨ ᠦᠭᠴᠤ᠂ ᠤᠯᠠᠨ ᠳᠦᠮᠡᠨ ᠤ ᠤᠴᠢᠷ ᠶᠠᠪᠤᠳᠠᠯ ᠪᠦᠳᠦᠬᠡᠬᠦ ᠳᠤ ᠲᠤᠰᠠ ᠲᠦᠬᠦᠮ ᠬᠠᠨᠭ᠍ᠭᠠᠵᠤ᠂ ᠵᠤᠷᠢᠬᠳᠠᠢ ᠪᠠᠷ ᠦᠪᠡᠷ ᠢ ᠪᠠᠨ ᠬᠤᠪᠢᠰᠬᠠᠬᠤ ᠬᠡᠷᠡᠭᠳᠡᠢ᠃ ᠠᠷᠠᠳ ᠳᠦᠮᠡᠨ ᠤ ᠠᠰᠢᠬ ᠳᠤᠰᠠ ᠶᠢᠨ ᠳᠦᠯᠦᠬᠡ ᠯᠡ ᠶᠤᠮ ᠪᠤᠯ ᠪᠢᠳᠡ ᠳᠦᠮᠡᠨ ᠪᠡᠷᠬᠡ ᠠᠴᠠ ᠡᠮᠢᠶᠠᠬᠦ ᠦᠬᠡᠢ᠂ ᠳᠦᠮᠡᠨ ᠠᠶᠤᠯ ᠠᠴᠠ ᠵᠠᠶᠢᠯᠠᠬᠤ ᠦᠬᠡᠢ ᠪᠠᠶᠢᠬᠤ ᠬᠡᠷᠡᠭᠳᠡᠢ᠃      ᠺᠤᠷᠢᠶᠠ ᠶᠢᠨ ᠬᠤᠯᠪᠤᠭᠠᠳᠤ ᠴᠢᠮᠡᠬᠡᠯᠡᠯ ᠤᠨ ᠬᠤᠷᠢᠶ᠎ᠠ ᠶᠢᠨ ᠰᠤᠷᠪᠤᠯᠵᠢᠯᠠᠬᠴᠢ᠄ ᠺᠤᠷᠢᠶᠠ ᠰᠤᠯᠤᠩᠭᠤᠰ ᠬᠤᠶᠠᠷ ᠳᠠᠯ᠎ᠠ ᠪᠠᠷ ᠢᠶᠠᠨ ᠳᠠᠷᠠᠭ᠎ᠠ ᠰᠠᠷ᠎ᠠ ᠳᠤ ᠳᠡᠷᠢᠬᠦᠨ ᠨᠠᠷ ᠤᠨ ᠬᠡᠯᠡᠯᠴᠡᠭᠡ ᠬᠢᠬᠦ ᠪᠠᠷ ᠳᠤᠬᠳᠠᠬᠰᠠᠨ᠂ ᠰᠤᠯᠤᠩᠭᠤᠰ ᠴᠦᠮ᠎ᠡ ᠶᠢᠨ ᠵᠡᠪᠰᠡᠭ ᠦᠬᠡᠢ ᠪᠤᠯᠭᠠᠬᠤ ᠰᠠᠨᠠᠯ ᠢᠶᠠᠨ ᠢᠯᠡᠷᠭᠡᠶᠢᠯᠡᠵᠤ᠂ ᠠᠮᠧᠷᠢᠺᠠ ᠶᠢᠨ ᠶᠡᠷᠦᠩᠭᠡᠶᠢᠯᠡᠭᠴᠢ ᠲᠧᠷᠠᠮᠫᠦ᠋ ᠰᠤᠯᠤᠩᠭᠤᠰ ᠤᠨ ᠤᠳᠤᠷᠢᠳᠬᠤ ᠬᠦᠮᠦᠨ ᠲᠠᠢ ᠠᠭᠤᠯᠵᠠᠯᠳᠠ ᠬᠢᠬᠦ ᠶᠢ ᠵᠦᠪᠰᠢᠶᠡᠷᠡᠭᠦ ᠶᠢ ᠳᠠᠭᠠᠯᠳᠤᠨ᠂ ᠦᠢᠷ᠎ᠠ ᠳᠤ ᠰᠤᠯᠤᠩᠭᠤᠰ ᠬᠤᠶᠢᠭ ᠤᠨ ᠪᠠᠶᠢᠳᠠᠯ ᠳᠤ ᠯᠤᠲᠤ ᠶᠡᠭᠡ ᠬᠤᠪᠢᠷᠠᠯᠳᠠ ᠭᠠᠷᠪᠠ᠃ ᠡᠨᠡᠬᠦ ᠪᠠᠶᠢᠳᠠᠯ ᠳᠤᠤᠷ᠎ᠠ᠂ ᠳᠤᠮᠳᠠᠲᠤ ᠤᠯᠤᠰ ᠤᠨ ᠳᠠᠯ᠎ᠠ ᠶᠢᠨ ᠬᠢᠨ ᠰᠤᠯᠤᠩᠭᠤᠰ ᠬᠤᠶᠢᠭ ᠤᠨ ᠠᠰᠠᠭᠤᠳᠠᠯ ᠢ ᠰᠢᠢᠳᠪᠦᠷᠢᠯᠡᠬᠦ ᠳᠠᠯ᠎ᠠ ᠪᠠᠷ ᠶᠠᠮᠠᠷᠰᠢᠦ ᠬᠦᠰᠡᠯ ᠪᠠᠶᠢᠬᠤ ᠪᠤᠢ︖ ᠡᠨᠡ ᠳᠠᠯ᠎ᠠ ᠪᠠᠷ ᠶᠠᠮᠠᠷ ᠦᠢᠯᠡᠳᠦᠯ ᠢ ᠪᠠᠳᠠᠷᠠᠭᠤᠯᠬᠤ ᠪᠤᠢ︖ ᠳᠤᠮᠳᠠᠲᠤ ᠶᠢᠨ ᠳᠠᠯ᠎ᠠ ᠶᠢᠨ ᠬᠢᠨ ᠦᠷᠬᠦᠯᠵᠢᠯᠡᠨ ᠵᠢᠷᠭᠤᠭᠠᠨ ᠳᠠᠯ᠎ᠠ ᠶᠢᠨ ᠬᠡᠯᠡᠯᠴᠡᠬᠡᠷ ᠢ ᠠᠬᠢᠭᠤᠯᠬᠤ ᠪᠠᠷ ᠳᠠᠮᠵᠢᠨ ᠰᠤᠯᠤᠩᠭᠤᠰ ᠬᠤᠶᠢᠭ ᠤᠨ ᠠᠰᠠᠭᠤᠳᠠᠯ ᠢ ᠰᠢᠢᠳᠪᠦᠷᠢᠯᠡᠬᠦ ᠤᠤ︖      ᠯᠢ ᠺᠧ ᠴᠢᠶᠠᠩ᠄ ᠰᠤᠯᠤᠩᠭᠤᠰ ᠬᠤᠶᠢᠭ ᠨᠠᠮᠵᠢᠭᠤᠨ ᠬᠠᠨᠳᠤᠰᠢ ᠢᠯᠡᠷᠡᠭᠰᠡᠨ ᠳᠤ ᠪᠢᠳᠡ ᠬᠠᠨᠤᠮᠵᠢᠳᠠᠢ ᠪᠠᠶᠢᠬᠤ ᠪᠦᠬᠡᠳ ᠪᠠᠰᠠ ᠬᠡᠯᠡᠯᠴᠡᠬᠡᠷ ᠬᠢᠬᠦ ᠪᠠᠷ ᠳᠠᠮᠵᠢᠨ ᠰᠤᠯᠤᠩᠭᠤᠰ ᠬᠤᠶᠢᠭ ᠤᠨ ᠠᠰᠠᠭᠤᠳᠠᠯ ᠢ ᠰᠢᠢᠳᠪᠦᠷᠢᠯᠡᠬᠦ ᠳᠤ ᠠᠰᠢᠬᠳᠠᠢ ᠪᠤᠢ ᠪᠦᠬᠦᠢ ᠴᠢᠷᠮᠠᠶᠢᠯᠭ᠎ᠠ ᠶᠢ ᠳᠡᠮᠵᠢᠨ᠎ᠡ᠂ ᠳᠤᠮᠳᠠᠳᠤ ᠶᠢᠨ ᠳᠠᠯ᠎ᠠ ᠶᠢᠨ ᠬᠢᠨ ᠬᠠᠮᠤᠭ ᠶᠡᠭᠡ ᠴᠢᠷᠮᠠᠶᠢᠯᠭ᠎ᠠ ᠭᠠᠷᠭᠠᠵᠥ ᠰᠤᠯᠤᠩᠭᠤᠰ ᠬᠤᠶᠢᠭ ᠤᠨ ᠴᠦᠮ᠎ᠡ ᠶᠢᠨ ᠵᠡᠪᠰᠡᠭ ᠦᠬᠡᠢ ᠪᠤᠯᠭᠠᠬᠤ ᠶᠢ ᠠᠬᠢᠭᠤᠯᠬᠤ ᠪᠠ ᠪᠤᠳᠠᠲᠠᠶᠢᠵᠢᠭᠤᠯᠵᠤ᠂ ᠰᠤᠯᠤᠩᠭᠤᠰ ᠬᠤᠶᠢᠭ ᠤᠨ ᠡᠩᠬᠡ ᠲᠠᠶᠢᠪᠤᠡᠭ ᠳᠤᠬᠳᠠᠭᠤᠨ ᠪᠠᠶᠢᠬᠤ ᠶᠢ ᠬᠠᠮᠠᠭᠠᠯᠠᠬᠤ ᠪᠠ ᠪᠠᠷᠢᠮᠳᠠᠯᠠᠨ᠎ᠠ᠃ ᠪᠢᠳᠡ ᠡᠯ᠎ᠡ ᠳᠠᠯ᠎ᠠ ᠶᠢᠨ ᠬᠢᠨ ᠦᠨᠡᠨᠴᠢ ᠰᠡᠳᠬᠢᠯᠬᠡ ᠲᠠᠢ ᠪᠠᠶᠢᠵᠤ᠂ ᠦᠢᠯᠠ ᠠᠵᠢᠯᠯᠠᠭ᠎ᠠ ᠪᠠᠨ ᠪᠤᠳᠠᠲᠠᠶᠢᠵᠢᠭᠤᠯᠵᠤ᠂ ᠰᠤᠯᠤᠩᠭᠤᠰ ᠬᠤᠶᠢᠭ ᠤᠨ ᠴᠦᠮ᠎ᠡ ᠶᠢᠨ ᠵᠡᠪᠰᠡᠭ ᠤᠨ ᠠᠰᠠᠭᠤᠳᠠᠯ ᠢ ᠠᠯᠢ ᠲᠦᠷᠬᠡᠨ ᠢᠶᠠᠷ ᠬᠡᠯᠡᠯᠴᠡᠬᠡᠷ ᠤᠨ ᠰᠢᠷᠡᠬᠡᠨ ᠳᠡᠬᠡᠷ᠎ᠡ ᠰᠢᠢᠳᠪᠦᠷᠢᠯᠡᠵᠥ᠂ ᠰᠤᠯᠤᠩᠭᠤᠰ ᠬᠤᠶᠢᠭ ᠢ ᠴᠦᠮ᠎ᠡ ᠶᠢᠨ ᠵᠡᠪᠰᠡᠭ ᠦᠬᠡᠢ ᠪᠤᠯᠭᠠᠬᠤ ᠬᠢᠬᠡᠳ ᠰᠤᠯᠤᠩᠭᠤᠰ ᠬᠤᠶᠢᠭ ᠤᠨ ᠡᠩᠬᠡ ᠲᠠᠶᠢᠨᠪᠤᠡᠭ ᠳᠤᠬᠳᠠᠭᠤᠨ ᠤ ᠪᠠᠶᠢᠳᠠᠯ ᠰᠢᠨ᠎ᠡ ᠠᠬᠢᠴᠠ ᠲᠠᠢ ᠪᠤᠯᠬᠤ ᠶᠢ ᠬᠦᠰᠡᠵᠥ ᠪᠠᠶᠢᠨ᠎ᠠ᠂ ᠡᠨᠡ ᠨᠢ ᠬᠠᠮᠢᠶ᠎ᠠ ᠪᠦᠬᠦᠢ ᠡᠯ᠎ᠡ ᠳᠠᠯ᠎ᠠ᠂ ᠳᠡᠯᠡᠬᠡᠢ ᠨᠡᠶᠢᠲᠡ ᠳᠤ ᠴᠤ ᠰᠠᠶᠢᠨ ᠶᠠᠪᠤᠳᠠᠯ ᠪᠤᠯᠬᠤ ᠶᠤᠮ᠃ ᠰᠤᠯᠤᠩᠭᠤᠰ ᠬᠤᠶᠢᠭ ᠪᠤᠯ ᠪᠢᠳᠡᠨ ᠤ ᠬᠦᠷᠰᠢ ᠵᠡᠷᠬᠡᠯᠡᠳᠡᠭᠡ ᠪᠤᠯᠬᠤ ᠶᠤᠮ᠂ ᠳᠤᠮᠳᠠᠳᠤ ᠤᠯᠤᠰ ᠤᠨ ᠠᠰᠢᠭ ᠳᠤᠰᠠ ᠲᠠᠢ ᠰᠢᠭᠤᠳ ᠬᠤᠯᠪᠤᠬᠳᠠᠵᠥ ᠪᠠᠶᠢᠳᠠᠭ᠂ ᠪᠢᠳᠡᠨ ᠤ ᠠᠩᠬᠠᠷᠤᠯ ᠤᠨ ᠳᠦᠪᠰᠢᠨ ᠬᠢᠷᠢ ᠵᠡᠷᠬᠡ ᠬᠡᠳᠡᠭ ᠢ ᠶᠠᠭᠤᠨ ᠠᠨᠳᠠᠬᠤ ᠪᠤᠢ᠃      ᠳᠦᠪ ᠤᠨ ᠲᠧᠯᠸᠢᠰ ᠬᠤᠷᠢᠶᠠᠨ ᠤ ᠰᠤᠷᠪᠤᠯᠵᠢᠯᠠᠬᠴᠢ᠄ ᠤᠳᠤᠬᠠᠨ ᠳᠤ ᠠᠷᠠᠳ ᠠᠴᠠ ᠡᠵᠡᠩᠨᠡᠭᠰᠡᠨ ᠵᠠᠷᠢᠮ ᠠᠵᠥ  ᠠᠬᠤᠶᠢᠯᠠᠯᠲᠠᠳ ᠠᠴᠠ ᠡᠳ᠋ ᠬᠦᠷᠦᠩᠬᠡ ᠨᠢ ᠪᠦᠳᠦᠮᠵᠢᠳᠡᠢ ᠬᠠᠮᠠᠭᠠᠯᠠᠯᠳᠠ ᠬᠦᠷᠲᠡᠵᠤ ᠴᠢᠳᠠᠬᠤ ᠦᠬᠡᠢ ᠬᠡᠮᠡᠨ ᠰᠠᠨᠠᠭᠠᠰᠢᠷᠠᠵᠥ᠂ ᠠᠮᠤᠷ ᠳᠦᠪᠰᠢᠨ ᠳᠦᠷᠦᠭᠳᠡᠯ ᠦᠬᠡᠢ ᠪᠤᠯᠬᠤᠷ ᠪᠡᠯᠡ ᠤᠷᠤᠭᠤᠯᠬᠤ ᠠᠴᠠ ᠵᠢᠷᠦᠬᠡᠰᠢᠶᠡᠵᠥ᠂ ᠬᠠᠶᠠ ᠵᠠᠷᠢᠮ ᠨᠢ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠡᠳ᠋ ᠬᠦᠷᠦᠩᠬᠡ ᠪᠠᠨ ᠭᠠᠳᠠᠭᠠᠲᠤ ᠳᠤ ᠰᠢᠯᠵᠢᠬᠦᠯᠵᠥ ᠪᠤᠢ᠂ ᠵᠠᠷᠢᠮ ᠭᠠᠵᠠᠷ ᠲᠤ ᠪᠠᠰᠠ ᠬᠡᠰᠡᠭ ᠠᠵᠥ ᠠᠬᠤᠶᠢᠯᠠᠯᠲᠠᠳ ᠠᠴᠠ ᠵᠠᠰᠠᠬ ᠤᠨ ᠤᠷᠳᠤᠨ ᠦᠢᠯᠡᠳᠦᠯ ᠢᠶᠠᠨ ᠪᠠᠳᠠᠷᠠᠭᠤᠯᠬᠤ ᠦᠭᠡᠢ ᠪᠠ ᠲᠤᠷ᠎ᠠ ᠵᠤᠷᠢᠬ ᠢᠶᠠᠷ ᠢᠶᠠᠨ ᠦᠢᠯᠡᠳᠴᠦ ᠪᠠᠶᠢᠭ᠎ᠠ ᠪᠠᠶᠢᠳᠠᠯ ᠢ ᠵᠠᠭᠠᠯᠳᠤᠬᠤ ᠦᠵᠡᠭᠳᠡᠯ ᠭᠠᠷᠪᠠ᠃ ᠳᠠ ᠡᠬᠦᠨ ᠤ ᠳᠤᠬᠠᠢ ᠭᠡᠷᠬᠢᠨ ᠦᠵᠡᠵᠥ ᠪᠠᠶᠢᠬᠤ ᠪᠤᠢ︖ ᠡᠶᠢᠮᠦᠷᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠠᠷ ᠪᠤᠳᠤᠯᠬᠢᠯᠠᠵᠤ ᠪᠠᠶᠢᠭ᠎ᠠ ᠪᠤᠢ︖      ᠯᠢ ᠺᠧ ᠴᠢᠶᠠᠩ᠄ ᠲᠤᠮᠲᠠᠲᠤ ᠤᠯᠤᠰ ᠦᠭᠡᠷᠡᠴᠢᠯᠡᠯᠲᠡ ᠨᠡᠭᠡᠭᠡᠯᠲᠡ ᠬᠢᠭᠰᠡᠡ ᠠᠴᠠ ᠨᠠᠰᠢ᠂ ᠪᠢᠲᠠ ᠢᠮᠠᠬᠳᠠ ︽ᠬᠤᠶᠠᠷ ᠤᠭᠲᠤ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠭᠰᠠᠭᠠᠷ ᠢᠷᠡᠵᠠᠢ᠂ ᠤᠯᠤᠰ ᠤᠨ ᠦᠮᠴᠢᠯᠡᠯ ᠤᠨ ᠠᠵᠦ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠵᠡᠷᠭᠡ ᠶᠢ ᠪᠠᠭᠲᠠᠭᠠᠭᠰᠠᠠ ᠡᠯ᠎ᠠ ᠲᠦᠷᠦᠯ ᠤᠨ ᠦᠮᠴᠢᠯᠡᠯ ᠤᠨ ᠲᠦᠷᠢᠮᠲᠦ ᠠᠵᠦ ᠠᠬᠤᠶᠢᠯᠠᠯ ᠨᠢ ᠪᠦᠷ ᠲᠤᠮᠲᠠᠲᠤ ᠤᠯᠤᠰ ᠤᠨ ᠠᠵᠦ ᠠᠬᠤᠢ ᠶᠢᠨ ᠲᠡᠤᠭᠡᠲᠦ ᠴᠢᠨᠠᠷ ᠲᠠᠢ ᠠᠮᠵᠢᠯᠲᠠ ᠪᠦᠲᠦᠮᠵᠢ ᠤᠯᠬᠤ ᠳᠤ ᠯᠤᠲᠦ ᠶᠡᠭᠡ ᠴᠢᠷᠮᠠᠶᠢᠯᠭ᠎ᠠ ᠭᠠᠷᠭᠠᠵᠦ᠂ ᠬᠤᠪᠢ ᠨᠡᠮᠡᠷᠢ ᠪᠠᠨ ᠦᠵᠡᠭᠦᠯᠵᠠᠢ ᠭᠡᠮᠠᠨ ᠬᠡᠯᠡᠵᠦ ᠪᠤᠯᠤᠨ᠎ᠠ᠃ ᠤᠲᠤ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠭᠠᠶᠢᠯᠢ ᠲᠠᠳᠠᠪᠤᠷᠢ ᠭᠠᠶᠢᠯᠢ ᠶᠢᠨ ᠤᠷᠤᠯᠭ᠎ᠠ ᠶᠢᠨ ᠬᠠᠭᠠᠰ ᠲᠤᠯᠭᠠᠭᠤᠷᠢ ᠪᠤᠯᠵᠦ᠂ ᠬᠤᠲᠠ ᠪᠠᠯᠭᠠᠰᠤ ᠶᠢᠨ ᠰᠢᠨ᠎ᠠ ᠪᠠᠷ ᠨᠡᠮᠡᠭᠲᠡᠭᠰᠡᠡ ᠠᠵᠢᠯ ᠤᠯᠭᠤᠯᠲᠠ ᠳᠤ ᠦᠵᠡᠭᠦᠯᠦᠭᠰᠡᠡ ᠬᠤᠪᠢ ᠨᠡᠮᠡᠷᠢ ᠶᠢᠨ ᠨᠤᠷᠮ᠎ᠠ ᠨᠢ 90%᠎ ᠳᠤ ᠬᠦᠷᠴᠠᠢ᠃ ᠶᠠᠷᠢᠶᠠᠠ ᠦᠭᠡᠢ᠂ ᠨᠢᠭᠡ ᠭᠡᠰᠡᠭ ᠬᠤᠭᠤᠴᠠᠭᠠᠠ ᠠᠴᠠ ᠨᠠᠰᠢ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠳᠠᠬᠢ ᠪᠡᠯᠡ ᠤᠷᠤᠭᠤᠯᠤᠯᠲᠠ ᠵᠢᠭᠠᠬᠠᠠ ᠪᠠᠭᠤᠷᠠᠢ ᠪᠠᠶᠢᠳᠠᠯ ᠨᠡᠭᠡᠷᠡᠡ ᠭᠠᠷᠴᠤ ᠦᠩᠭᠡᠷᠡᠵᠠᠢ᠂ ᠡᠨᠡ ᠨᠢ ᠦᠮᠴᠢᠯᠡᠯ ᠤᠨ ᠡᠷᠭᠡ ᠶᠢᠨ ᠬᠠᠮᠠᠭᠠᠯᠠᠯᠲᠠ ᠵᠢᠴᠢ ᠤᠯᠠᠠ ᠲᠠᠯ᠎ᠠ ᠶᠢᠨ ᠠᠰᠠᠭᠤᠲᠠᠯ ᠯᠤᠭ᠎ᠠ ᠬᠠᠷᠢᠴᠠᠭ᠎ᠠ ᠲᠠᠢ ᠪᠤᠯᠬᠤᠷ᠂ ᠪᠢᠲᠠ ᠲᠡᠭᠡᠲᠦ ᠬᠡᠮᠵᠢᠶ᠎ᠠ ᠪᠠᠷ ᠴᠢᠬᠤᠯᠠᠴᠢᠯᠠᠨ ᠦᠵᠡᠵᠤ ᠪᠠᠶᠢᠨ᠎ᠠ᠃      ᠦᠮᠴᠢᠯᠡᠯ ᠤᠨ ᠡᠷᠭᠡ ᠶᠢ ᠬᠠᠮᠠᠭᠠᠯᠠᠬᠤ ᠪᠤᠯ ᠲᠠᠷᠤᠢ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ ᠰᠠᠭᠤᠷᠢ ᠴᠢᠯᠠᠭᠤ ᠶᠢ ᠬᠠᠮᠠᠭᠠᠯᠠᠵᠦ᠂ ᠦᠢᠯᠡᠳᠪᠦᠷᠢᠯᠡᠯ ᠤᠨ ᠬᠦᠴᠤᠨ ᠢ ᠬᠠᠮᠠᠭᠠᠯᠠᠵᠦ ᠪᠠᠶᠢᠭ᠎ᠠ ᠶᠠᠪᠤᠲᠠᠯ ᠪᠤᠯᠤᠨ᠎ᠠ᠂ ᠪᠢᠲᠠ ᠢᠮᠠᠭᠲᠠ ᠬᠠᠤᠯᠢ ᠶᠤᠰᠤᠨ ᠤ ᠦᠮᠴᠢᠯᠡᠯ ᠤᠨ ᠡᠷᠭᠡ ᠶᠢᠨ ᠬᠠᠮᠠᠭᠠᠯᠠᠯᠲᠠ ᠶᠢ ᠰᠡᠳᠭᠢᠯ ᠳᠡᠭᠡᠨ ᠪᠤᠲᠤᠵᠦ ᠶᠠᠪᠤᠭᠰᠠᠠ ᠪᠦᠭᠡᠳ ᠬᠦᠴᠢᠷ ᠪᠡᠷᠬᠡ ᠲᠤᠯᠭᠠᠷᠠᠪᠠᠯ ᠰᠢᠢᠳᠪᠦᠷᠢᠯᠡᠭᠰᠡᠬᠡᠷ ᠢᠷᠡᠵᠠᠢ᠃ ᠴᠡᠭᠡᠵᠢᠯᠡᠵᠦ ᠪᠠᠶᠢᠬᠤ ᠪᠠᠷ ᠨᠢᠲᠤᠨᠤᠨ ᠤ ᠰᠤᠷᠪᠤᠯᠵᠢᠯᠠᠭᠴᠢᠳ  ᠤᠨ ᠬᠤᠷᠠᠯ ᠲᠡᠭᠡᠷ᠎ᠠ᠂ ᠵᠠᠷᠢᠮ ᠬᠦᠮᠦᠨ ᠤᠷᠤᠨ ᠰᠠᠭᠤᠴᠠ ᠶᠢᠨ ᠭᠠᠵᠠᠷ ᠰᠢᠷᠤᠢ ᠶᠢᠨ ᠭᠡᠷᠡᠭᠯᠡᠯᠲᠡ ᠶᠢᠨ ᠡᠷᠭᠡ ᠶᠢᠨ ᠬᠤᠭᠤᠴᠠᠭ᠎ᠠ ᠨᠢ ᠲᠤᠯᠪᠠᠯ ᠠᠰᠠᠭᠤᠲᠠᠯ ᠭᠠᠷᠬᠤ ᠪᠤᠯᠭᠤᠵᠠᠢ ᠬᠡᠵᠤ ᠰᠠᠨᠠᠭᠠᠰᠢᠷᠠᠵᠤ ᠪᠠᠶᠢᠪᠠ᠂ ᠬᠤᠭᠤᠴᠠᠭ᠎ᠠ ᠶᠢ ᠨᠢ ᠤᠷᠲᠤᠳᠬᠠᠵᠦ ᠪᠤᠯᠤᠨ᠎ᠠ᠂ ᠠᠷᠠᠯᠵᠢᠶᠠᠯᠠᠬᠤ ᠶᠢ ᠨᠦᠯᠦᠭᠡᠯᠡᠬᠦ ᠦᠭᠡᠢ ᠪᠦᠭᠡᠳ ᠡᠨᠡ ᠲᠠᠯ᠎ᠠ ᠪᠠᠷ ᠱᠠᠯᠠᠪᠲᠠᠠ ᠵᠠᠰᠠᠪᠤᠷᠢ ᠤᠷᠤᠭᠤᠯᠤᠨ᠎ᠠ ᠭᠡᠵᠦ ᠪᠢᠳᠡ ᠲᠤᠲᠤᠷᠬᠠᠢ ᠢᠯᠡᠳᠭᠡᠭᠰᠡᠡ ᠪᠢᠯᠡ᠃ ᠲᠠᠷᠢᠶᠠᠴᠢᠳ ᠤᠨ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠤᠶᠠᠲᠤᠭᠠᠷ ᠡᠬᠡᠯᠵᠢ ᠶᠢᠨ ᠬᠤᠭᠤᠴᠠᠭ᠎ᠠ ᠨᠢ ᠲᠤᠯᠪᠠᠯ ᠪᠠᠰᠠ 30 ᠵᠢᠯ ᠤᠷᠲᠤᠳᠬᠠᠨ᠎ᠠ ᠭᠡᠵᠦ ᠪᠢᠳᠡ ᠲᠤᠲᠤᠷᠬᠠᠢ ᠲᠤᠷᠠᠳᠪᠠ᠃ ᠪᠢᠲᠠ ᠪᠠᠰᠠ ᠤᠯᠠᠠ ᠲᠠᠯ᠎ᠠ ᠪᠠᠷ ᠠᠷᠭ᠎ᠠ ᠬᠡᠮᠵᠢᠶ᠎ᠠ ᠠᠪᠴᠤ᠂ ᠬᠠᠤᠯᠢ ᠶᠤᠰᠤᠨ ᠤ ᠦᠮᠴᠢᠯᠡᠯ ᠤᠨ ᠡᠷᠭᠡ ᠶᠢ ᠬᠠᠮᠠᠭᠠᠯᠠᠵᠦ᠂ ᠬᠠᠤᠯᠢ ᠴᠠᠭᠠᠵᠠ ᠪᠠᠷ ᠬᠠᠮᠠᠭᠠᠯᠠᠬᠤ ᠶᠢ ᠴᠢᠩᠭᠠᠳᠬᠠᠪᠠ᠂ ᠡᠨᠡ ᠨᠢ ᠪᠠᠰᠠᠴᠤ ᠬᠠᠤᠯᠢᠵᠢᠯ ᠤᠨ ᠵᠤᠷᠢᠭ ᠰᠠᠨᠠᠭ᠎ᠠ ᠶᠢ ᠪᠠᠲᠠᠷᠠᠭᠤᠯᠤᠭᠰᠠᠠ ᠶᠠᠪᠤᠲᠠᠯ ᠪᠤᠯᠤᠨ᠎ᠠ᠃      ᠦᠮᠴᠢᠯᠡᠯ ᠤᠨ ᠡᠷᠭᠡ ᠶᠢ ᠬᠠᠮᠠᠭᠠᠯᠠᠬᠤ ᠳᠤ ᠡᠷᠭᠡᠪᠰᠢ ᠬᠡᠷ᠎ᠠ ᠶᠢ ᠬᠦᠨᠲᠦᠳᠭᠡᠵᠦ᠂ ᠭᠡᠷ᠎ᠠ ᠶᠢᠨ ᠵᠤᠷᠢᠭ ᠰᠠᠨᠠᠭ᠎ᠠ ᠶᠢ ᠪᠠᠲᠠᠷᠠᠭᠤᠯᠬᠤ ᠭᠡᠷᠡᠭᠳᠡᠢ᠂ ᠬᠡᠷ᠎ᠠ ᠶᠢ ᠬᠠᠶᠠᠭᠲᠠᠮᠠᠯ ᠴᠠᠭᠠᠰᠤ ᠪᠤᠯᠭᠠᠵᠦ ᠪᠤᠯᠬᠤ ᠦᠭᠡᠢ᠃ ᠵᠠᠷᠢᠮ ᠭᠠᠵᠠᠷ ᠤᠨ ᠵᠠᠷᠢᠮ ᠦᠢᠯᠡ ᠠᠵᠢᠯᠯᠠᠭ᠎ᠠ ᠨᠡᠭᠡᠷᠡᠡ ᠮᠠᠭᠤ ᠪᠠᠶᠢᠨ᠎ᠠ᠂ ᠰᠢᠨ᠎ᠠ ᠤᠳᠤᠷᠢᠳᠤᠯᠭ᠎ᠠ ᠬᠠᠭᠤᠴᠢᠨ ᠲᠠᠩᠰᠠ ᠶᠢ ᠬᠠᠮᠢᠶᠠᠷᠬᠤ ᠦᠬᠡᠢ᠂ ᠰᠢᠨ᠎ᠠ ᠤᠳᠤᠷᠢᠳᠤᠯᠭ᠎ᠠ ᠰᠤᠯᠢᠪᠠᠯ ᠦᠩᠭᠡᠷᠡᠭᠰᠡᠡ ᠤ ᠬᠡᠷ᠎ᠠ ᠶᠢ ᠮᠡᠲᠡᠷᠡᠬᠦ ᠦᠭᠡᠢ ᠪᠤᠯᠲᠠᠭ᠃ ᠲᠦᠷᠦ ᠶᠢᠨ ᠪᠤᠲᠤᠯᠭ᠎ᠠ ᠶᠢ ᠭᠡᠷᠡᠭᠵᠢᠭᠦᠯᠬᠦ ᠳᠤ ᠪᠠᠷᠢᠮᠲᠠᠯᠠᠬᠤ ᠪᠤᠯ ᠲᠦᠢᠯ ᠤᠨ ᠡᠷᠬᠢᠮ ᠪᠠᠶᠢᠳᠠᠭ᠂ ᠬᠡᠷ᠎ᠠ ᠶᠢ ᠬᠠᠶᠠᠭᠲᠠᠮᠠᠯ ᠴᠠᠭᠠᠰᠤ ᠪᠤᠯᠭᠠᠵᠦ ᠪᠤᠯᠬᠤ ᠦᠭᠡᠢ᠃ ᠡᠭᠦᠨ ᠢ ᠪᠢᠲᠠ ᠡᠷᠡᠰ ᠬᠤᠷᠢᠠᠠᠯᠠᠬᠤ ᠪᠦᠭᠡᠳ ᠲᠤᠷᠭᠠᠨ᠎ᠠ᠃ ᠨᠢᠲᠤᠨᠤᠨ ᠮᠠᠠ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠭᠡᠲᠦᠨ ᠨᠡᠶᠢᠲᠡᠯᠢᠭ ᠭᠡᠷᠡᠭ ᠢ ᠠᠳᠬᠤᠵᠦ᠂ ᠦᠮᠴᠢᠯᠡᠯ ᠤᠨ ᠡᠷᠭᠡ ᠳᠤ ᠬᠤᠯᠪᠤᠭᠲᠠᠭᠰᠠᠠ ᠪᠤᠷᠤᠭᠤ ᠭᠡᠷᠡᠭ ᠢ ᠵᠠᠯᠠᠷᠠᠭᠤᠯᠵᠠᠢ᠂ ᠡᠨᠡ ᠨᠢ ᠪᠠᠰᠠ ᠮᠠᠠ ᠤ ᠰᠢᠢᠳᠮᠡᠭ ᠵᠤᠷᠢᠭ ᠢ ᠬᠠᠷᠠᠭᠤᠯᠪᠠ᠂ ᠲᠠᠷᠤᠢ ᠦᠷᠬᠦᠯᠵᠢᠯᠡᠡ ᠨᠡᠶᠢᠭᠡᠮ ᠨᠡᠶᠢᠲᠡ ᠳᠤ ᠡᠶᠢᠮᠦᠷᠬᠦ ᠲᠤᠬᠢᠶ᠎ᠠ ᠦᠭᠬᠦᠨ᠎ᠠ᠄ ᠦᠨᠢᠲᠡ ᠶᠢᠨ ᠦᠮᠴᠢᠯᠡᠭᠴᠢ ᠶᠢ ᠬᠠᠲᠠᠭᠤ ᠵᠤᠷᠢᠭ ᠲᠠᠢ ᠪᠤᠯᠭᠠᠵᠦ᠂ ᠪᠡᠯᠡ ᠤᠷᠤᠭᠤᠯᠤᠭᠴᠢᠳ ᠢ ᠪᠠᠳᠤ ᠢᠲᠡᠭᠡᠯ ᠲᠠᠢ ᠪᠤᠯᠭᠠᠵᠦ᠂ ᠡᠯ᠎ᠠ ᠲᠦᠷᠦᠯ ᠤᠨ ᠦᠮᠴᠢᠯᠡᠯ ᠤᠨ ᠡᠷᠭᠡ ᠲᠠᠢ ᠬᠦᠮᠦᠰ ᠢ ᠰᠡᠳᠭᠢᠯ ᠠᠮᠤᠷ ᠪᠠᠶᠢᠯᠭᠠᠵᠤ᠂ ᠪᠤᠢ ᠪᠦᠬᠦᠢ ᠬᠠᠤᠯᠢ ᠶᠤᠰᠤᠨ ᠤ ᠦᠮᠴᠢᠯᠡᠯ ᠤᠨ ᠡᠷᠭᠡ ᠲᠠᠢ ᠬᠦᠮᠦᠰ ᠢ ᠤᠷᠲᠤ ᠬᠤᠭᠤᠴᠠᠭ᠎ᠠ ᠪᠦᠲᠦᠮᠵᠢᠲᠠᠢ ᠲᠠᠶᠢᠪᠤᠰᠢᠷᠠᠭᠤᠯᠬᠤ ᠬᠡᠷᠡᠭᠲᠡᠢ ᠪᠠᠶᠢᠨ᠎ᠠ᠃      ᠰᠢᠩᠭᠠᠫᠤᠷ ᠤᠨ ᠬᠤᠯᠪᠤᠭᠠᠳᠤ ᠦᠷᠯᠤᠭᠡ ᠶᠢᠨ ᠰᠤᠨᠢᠨ ᠤ ᠰᠤᠷᠪᠤᠯᠵᠢᠯᠠᠬᠴᠢ᠄ ᠳᠤᠮᠳᠠᠲᠤ ᠤᠯᠤᠰ ᠤᠨ ᠠᠵᠤ ᠠᠬᠤᠢ ᠶᠢᠨ ᠭᠦᠭᠵᠢᠨ ᠮᠠᠨᠳᠤᠬᠤ ᠶᠢ ᠲᠠᠭᠠᠯᠳᠤᠨ᠂ ᠵᠠᠷᠢᠮ ᠰᠢᠭᠦᠮᠵᠢᠯᠠᠯ ᠳᠤ᠂ ᠳᠤᠮᠳᠠᠲᠤ ᠤᠯᠤᠰ ᠨᠡᠩ ᠤᠯᠠᠨ ᠭᠦᠷᠤᠩᠭᠡ ᠪᠤᠯᠤᠨ ᠳᠤᠮᠳᠠᠲᠤ ᠤᠯᠤᠰ ᠤᠨ ᠵᠠᠬ᠎ᠠ ᠲᠡᠯᠭᠡᠭᠦᠷ ᠤᠨ ᠲᠠᠲᠠᠬᠤ ᠭᠦᠴᠤᠨ ᠢ ᠠᠰᠢᠬᠯᠠᠨ ᠤᠯᠤᠰ ᠲᠦᠷᠦ ᠶᠢᠨ ᠪᠠᠭᠠᠵᠢ ᠪᠤᠯᠭᠠᠵᠤ᠂ ᠪᠤᠰᠤᠳ ᠤᠯᠤᠰ ᠤᠨ ᠭᠠᠳᠠᠭᠠᠲᠤ ᠬᠠᠷᠢᠯᠴᠠᠭ᠎ᠠ ᠶᠢᠨ ᠲᠦᠷᠦ ᠶᠢᠨ ᠪᠤᠳᠤᠯᠭ᠎ᠠ ᠶᠢ ᠨᠦᠯᠦᠭᠡᠯᠡᠵᠤ᠂ ᠴᠢᠨᠠᠭᠰᠢᠯᠠᠨ ᠤᠯᠤᠰ ᠲᠦᠷᠦ ᠶᠢᠨ ᠵᠠᠷᠢᠮ ᠭᠡᠯᠪᠡᠷᠢ ᠶᠢᠨ ᠨᠡᠪᠴᠢᠯᠳᠠ ᠬᠢᠵᠤ ᠪᠠᠶᠢᠨ᠎ᠠ ᠬᠡᠵᠤ ᠵᠢᠭᠠᠵᠦ ᠭᠠᠷᠭᠠᠪᠠ᠃ ᠲᠠ ᠡᠨᠡ ᠲᠤᠬᠠᠢ ᠭᠡᠷᠬᠢᠨ ᠦᠨᠡᠯᠡᠵᠦ ᠪᠠᠶᠢᠬᠤ ᠪᠤᠢ︖ ᠲᠠᠨ ᠤ ᠦᠵᠡᠭᠦ ᠪᠠᠷ ᠭᠠᠳᠠᠭᠠᠲᠤ ᠶᠢᠨ ᠬᠢᠨ ᠳᠤᠮᠳᠠᠲᠤ ᠤᠯᠤᠰ ᠤᠨ ᠭᠦᠭᠵᠢᠨ ᠮᠠᠨᠳᠤᠯᠳᠠ ᠪᠤᠯᠤᠨ ᠪᠠᠶᠢᠯᠳᠤᠬᠤ ᠪᠤᠳᠤᠯᠭ᠎ᠠ ᠶᠢᠨ ᠦᠷᠭᠡᠳᠭᠡᠯ ᠳᠤ ᠵᠤᠪᠠᠨᠢᠬᠤ ᠲᠦᠷᠦᠭᠳᠠᠯ ᠪᠠᠶᠢᠬᠤ ᠶᠤᠰᠤᠲᠠᠢ ᠤᠤ︖      ᠯᠢ ᠺᠧ ᠴᠢᠶᠠᠩ᠄ ᠲᠤᠮᠳᠠᠳᠤ ᠤᠯᠤᠰ ᠡᠳᠡᠭᠡᠷ ᠵᠢᠯ ᠳᠤ ᠲᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠠ ᠨᠢ 30%᠎ ᠶᠢ ᠳᠠᠪᠠᠪᠠ᠂ ᠡᠨᠡ ᠨᠢ ᠲᠡᠯᠡᠭᠡᠢ ᠶᠢᠨ ᠠᠵᠤ ᠠᠬᠤᠢ ᠶᠢᠨ ᠰᠡᠷᠭᠦᠯᠳᠠ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠲᠡᠯᠡᠬᠡᠢ ᠶᠢᠨ ᠡᠩᠬᠡ ᠲᠠᠶᠢᠪᠤᠡᠭ ᠳᠤ ᠴᠤ ᠬᠤᠪᠢ ᠨᠡᠮᠡᠷᠢ ᠦᠵᠡᠭᠦᠯᠪᠡ᠃ ᠤᠴᠢᠷ ᠨᠢ ᠬᠠᠮᠳᠤᠷᠠᠯᠴᠠᠭ᠎ᠠ ᠪᠤᠯᠤᠨ ᠠᠷᠠᠯᠵᠢᠶ᠎ᠠ ᠶᠢ ᠦᠷᠭᠡᠳᠭᠡᠭᠰᠡᠨ ᠠᠴᠠ ᠨᠡᠩ ᠤᠯᠠᠨ ᠵᠦᠪᠯᠡᠯᠴᠡᠭᠡᠷ ᠪᠤᠯᠤᠨ ᠬᠡᠯᠡᠯᠴᠡᠭᠡᠷ ᠪᠤᠢ ᠪᠤᠯᠵᠤ᠂ ᠡᠬᠦᠨ ᠤ ᠤᠯᠠᠮ ᠢᠶᠠᠷ ᠵᠦᠷᠢᠴᠡᠯ ᠮᠦᠷᠬᠦᠯᠳᠦᠬᠡᠨ ᠠᠴᠠ ᠵᠠᠶᠢᠯᠠᠰᠬᠢᠵᠤ ᠴᠢᠳᠠᠪᠠ᠃ ᠲᠤᠮᠳᠠᠳᠤ ᠤᠯᠤᠰ ᠤᠨ ᠰᠤᠶᠤᠯ ᠡᠷᠳᠡ ᠲᠡᠤᠬᠡᠨ ᠠᠴᠠ ᠠᠪᠤᠭᠠᠳ ︽ᠦᠪᠡᠷ ᠤᠨ ᠲᠤᠷ᠎ᠡ ᠦᠭᠡᠢ ᠪᠠᠨ ᠪᠤᠰᠤᠳ ᠲᠤ ᠪᠢᠳᠡᠭᠡᠢ ᠲᠤᠯᠭᠠᠭᠳᠦᠨ︾ ᠬᠡᠮᠡᠨ ᠰᠠᠨᠠᠭᠠᠴᠢᠯᠠᠳᠠᠬ᠂ ᠪᠢᠳᠠ ᠡᠶ᠎ᠡ ᠨᠠᠶᠢᠷᠠᠮᠳᠠᠭᠤ ᠶᠢ ᠡᠷᠬᠢᠮᠯᠡᠬᠦ ᠶᠢ ᠬᠦᠰᠡᠵᠦ ᠪᠠᠶᠢᠨ᠎ᠠ᠃ ᠪᠢᠳᠠ ᠤᠯᠤᠰ ᠤᠨ ᠨᠤᠳᠤᠭ ᠲᠡᠪᠢᠰᠭᠡᠷ ᠤᠨ ᠢᠶᠠᠨ ᠪᠦᠷᠢᠨ ᠪᠦᠳᠤᠨ ᠪᠠᠶᠢᠬᠤ ᠶᠢ ᠬᠠᠮᠠᠭᠠᠯᠠᠵᠤ᠂ ᠦᠪᠡᠷ ᠤᠨ ᠨᠤᠳᠤᠭ ᠲᠡᠪᠢᠰᠭᠡᠷ ᠢᠶᠠᠨ ᠢᠮᠠᠬᠤ ᠶᠢᠨ ᠲᠡᠳᠦᠢ ᠴᠤ ᠠᠯᠳᠠᠬᠤ ᠦᠭᠡᠢ ᠪᠦᠬᠡᠳ ᠠᠯᠳᠠᠵᠤ ᠴᠤ ᠪᠤᠯᠬᠤ ᠦᠭᠡᠢ ᠶᠤᠮ᠂ ᠮᠦᠨᠴᠤ ᠪᠤᠰᠤᠳ ᠤᠨ ᠢᠮᠠᠬᠤ ᠶᠢᠨ ᠲᠡᠳᠦᠢ ᠨᠤᠳᠤᠭ ᠲᠡᠪᠰᠭᠡᠷ ᠢ ᠡᠵᠡᠯᠡᠭᠦ ᠦᠭᠡᠢ᠂ ᠡᠨᠡ ᠪᠤᠯ ᠠᠳᠠᠯᠢ ᠶᠤᠰᠤ᠂ ᠪᠢᠳᠠᠨ ᠤ ᠵᠠᠮᠨᠠᠵᠤ ᠪᠠᠶᠢᠭ᠎ᠠ ᠨᠢ ᠡᠩᠭᠡ ᠲᠠᠶᠢᠪᠤᠡᠭ ᠬᠦᠭᠵᠢᠯᠳᠠ ᠶᠢᠨ ᠵᠠᠮ ᠪᠤᠯᠤᠨ᠎ᠠ᠃
     3 ᠳ᠋ᠤᠭᠠᠷ ᠰᠠᠷ᠎ᠠ ᠶᠢᠨ 20᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠠᠩᠬᠠᠳᠤᠭᠠᠷ ᠬᠤᠷᠡᠯ ᠪᠡᠭᠡᠵᠢᠩ ᠤᠨ ᠠᠷᠠᠳ ᠤᠨ ᠶᠡᠭᠡ ᠬᠤᠷᠡᠯ ᠤᠨ ᠲᠠᠩᠬᠢᠮ ᠳᠤ ᠰᠤᠷᠪᠤᠯᠵᠢᠯᠠᠭᠴᠢᠳ ᠤᠨ ᠬᠤᠷᠡᠯ ᠬᠢᠵᠥ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ ᠶᠡᠭᠡ ᠬᠤᠷᠡᠯ ᠤᠨ ᠦᠬᠦᠯᠡᠭᠴᠢ ᠵᠠᠩ ᠶᠧ ᠰᠦᠢ ᠶᠢᠨ ᠤᠷᠢᠯᠭ᠎ᠠ ᠪᠠᠷ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠠᠭᠤᠯᠵᠠᠭᠰᠠᠠ ᠪᠦᠭᠡᠳ ᠰᠤᠷᠪᠤᠯᠵᠢᠯᠠᠭᠴᠢ ᠶᠢᠨ ᠲᠤᠷᠠᠳᠤᠭᠰᠠᠠ ᠠᠰᠠᠭᠤᠯᠳᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠬᠠᠨ ᠵᠧᠩ᠂ ᠰᠦᠨ ᠴᠦᠨ ᠯᠠᠨ᠂ ᠬᠤ᠋ ᠴᠦᠨ ᠬᠤᠸᠠ᠂ ᠯᠢᠦ ᠡᡁᠧ ᠤᠷᠤᠯᠴᠠᠪᠠ᠃      ᠳᠤᠮᠳᠠᠳᠤ ᠤᠯᠤᠰ ᠤᠨ ᠦᠡᠭᠭᠡᠷᠡᠭᠰᠡᠨ ᠤ ᠬᠦᠭᠵᠢᠯᠲᠡ ᠪᠤᠯ ᠡᠩᠭᠡ ᠲᠠᠶᠢᠪᠤᠡᠭ ᠳᠡᠯᠡᠬᠡᠢ ᠶᠢᠨ ᠤᠷᠴᠢᠨ ᠳᠤᠤᠷ᠎ᠠ ᠤᠯᠤᠭᠰᠠᠨ ᠶᠤᠮ᠂ ᠬᠤᠶᠢᠰᠢᠳᠠ ᠤᠳᠤᠬᠢᠴᠢᠯᠠᠯᠲᠠ ᠶᠢ ᠪᠡᠶᠡᠯᠡᠭᠦᠯᠬᠦ ᠳᠤ ᠪᠠᠰᠠ ᠡᠩᠭᠡ ᠲᠠᠶᠢᠪᠤᠡᠭ ᠳᠡᠯᠡᠬᠡᠢ ᠶᠢᠨ ᠤᠷᠴᠢᠨ ᠢ ᠱᠠᠭᠠᠷᠳᠠᠨ᠎ᠠ᠃ ᠠᠳᠡ ᠪᠢ ᠬᠤᠶᠠᠷ ᠲᠠᠯ᠎ᠠ ᠶᠢ ᠴᠢᠬᠤᠯᠠᠴᠢᠯᠠᠶ᠎ᠠ᠄      ᠨᠢᠭᠡ ᠳᠤ᠂ ᠳᠤᠮᠳᠠᠳᠤ ᠤᠯᠤᠰ ᠡᠭᠦᠷᠢᠳᠡ ᠭᠠᠳᠠᠭᠰᠢ ᠦᠷᠭᠡᠳᠭᠡᠬᠦ ᠦᠭᠡᠢ᠃ ᠳᠤᠮᠳᠠᠳᠤ ᠤᠯᠤᠰ ᠪᠤᠯ ᠬᠦᠭᠵᠢᠵᠦ ᠪᠠᠶᠢᠭ᠎ᠠ ᠤᠯᠤᠰ ᠪᠤᠯᠤᠨ᠎ᠠ᠂ ᠪᠢᠳᠡ ᠭᠠᠳᠠᠭᠰᠢ ᠦᠷᠭᠡᠳᠭᠡᠬᠦ ᠰᠠᠨᠠᠭ᠎ᠠ ᠦᠭᠡᠢ᠂ ᠢᠷᠡᠭᠡᠳᠦᠢ ᠳᠤ ᠬᠦᠴᠦᠷᠬᠡᠭᠵᠢᠭᠰᠡᠨ ᠴᠦ ᠭᠡᠰᠡᠨ᠂ ᠤᠯᠤᠰ ᠬᠦᠴᠦᠷᠬᠡᠭᠵᠢᠪᠡᠯ ᠡᠵᠡᠷᠬᠡᠭᠴᠢ ᠪᠤᠯᠬᠤ ᠵᠠᠮ ᠢᠶᠠᠷ ᠵᠠᠮᠨᠠᠬᠤ ᠦᠭᠡᠢ ᠶᠤᠮ᠃ ᠪᠢᠳᠡ ᠡᠯ᠎ᠡ ᠤᠯᠤᠰ ᠯᠤᠭ᠎ᠠ ᠬᠠᠷᠢᠯᠴᠠᠨ ᠬᠦᠨᠳᠦᠳᠭᠡᠵᠤ᠂ ᠡᠷᠬᠡ ᠲᠡᠭᠰᠢ ᠬᠠᠷᠢᠯᠴᠠᠨ ᠠᠰᠢᠭᠲᠠᠢ ᠰᠠᠭᠤᠷᠢᠨ ᠳᠡᠭᠡᠷ᠎ᠡ ᠬᠠᠷᠢᠯᠴᠠᠭ᠎ᠠ ᠪᠠᠨ ᠬᠦᠭᠵᠢᠭᠦᠯᠵᠤ᠂ ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠬᠠᠮᠲᠤᠪᠠᠷ ᠪᠠᠶᠢᠭᠤᠯᠬᠤ ᠲᠤᠷᠠᠳᠠᠢ ᠶᠤᠮ᠃ ᠪᠢᠳᠡ ᠪᠤᠯᠤᠨ ᠪᠤᠰᠤᠳ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠦᠷ ᠵᠠᠬ᠎ᠠ ᠳᠡᠯᠭᠡᠭᠦᠷ ᠤᠨ ᠵᠢᠮ᠎ᠡ ᠶᠤᠰᠤ᠂ ᠬᠤᠳᠠᠯᠳᠤᠭᠠᠨ ᠤ ᠵᠢᠮ᠎ᠡ ᠶᠤᠰᠤ ᠪᠠᠷ ᠶᠠᠪᠤᠬᠳᠠᠵᠤ ᠪᠠᠶᠢᠳᠠᠭ᠃ ᠪᠢᠳᠡ ︽ᠨᠢᠭᠡ ᠪᠦᠰᠡ ᠨᠢᠭᠡ ᠵᠠᠮ︾᠎ ᠢ ᠰᠠᠨᠠᠭᠠᠴᠢᠯᠠᠬᠤ ᠳᠠᠭᠠᠨ ᠪᠠᠰᠠ ᠬᠠᠮᠲᠤᠪᠠᠷ ᠵᠦᠪᠯᠡᠵᠦ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠪᠤᠯᠤᠨ᠎ᠠ᠃ ᠪᠢᠳᠡᠨ ᠤ ᠬᠦᠭᠵᠢᠵᠦ ᠪᠠᠶᠢᠭ᠎ᠠ ᠤᠯᠤᠰ ᠤᠨᠴᠠᠭᠠᠶᠢᠯᠠᠨ ᠬᠠᠷᠠᠬᠠᠨ ᠬᠦᠭᠵᠢᠭᠡᠳᠦᠢ ᠤᠯᠤᠰ ᠲᠠᠬᠢ ᠳᠡᠮᠵᠢᠯᠭᠡ ᠪᠤᠯ ᠴᠢᠳᠠᠯ ᠤᠨ ᠬᠢᠷᠢ ᠪᠠᠷ ᠢᠶᠠᠨ ᠬᠢᠭᠰᠡᠨ᠂ ᠶᠠᠮᠠᠷ ᠴᠦ ᠨᠡᠮᠡᠯᠳᠡ ᠤᠯᠤᠰ ᠲᠦᠷᠦ ᠶᠢᠨ ᠨᠦᠬᠦᠴᠡᠯ ᠦᠭᠡᠢ ᠳᠡᠮᠵᠢᠯᠭᠡ ᠪᠠᠶᠢᠵᠤ᠂ ᠤᠯᠤᠰ ᠲᠦᠷᠦ ᠶᠢᠨ ᠨᠠᠪᠴᠢᠯᠲᠠ ᠬᠡᠵᠤ ᠬᠡᠯᠡᠵᠤ ᠪᠤᠯᠬᠤ ᠦᠬᠡᠢ ᠶᠤᠮ᠃ ᠳᠡᠯᠡᠬᠡᠢ ᠨᠡᠶᠢᠭᠡᠮ ᠤᠨ ᠬᠢᠨ ᠵᠠᠷᠢᠮ ᠲᠠᠯ᠎ᠠ ᠪᠠᠷ ᠳᠤᠮᠳᠠᠳᠤ ᠤᠯᠤᠰ ᠢ ᠨᠡᠩ ᠤᠯᠠᠨ ᠳᠡᠯᠡᠬᠡᠢ ᠶᠢᠨ ᠬᠠᠷᠢᠭᠤᠴᠠᠯᠭ᠎ᠠ ᠡᠭᠦᠷᠭᠡᠯᠡᠬᠦ ᠪᠠᠷ ᠬᠦᠰᠡᠬᠦ ᠲᠤᠬᠠᠢ᠂ ᠪᠢᠳᠡᠨ ᠤ ᠡᠭᠦᠷᠭᠡᠯᠡᠵᠦ ᠳᠡᠶᠢᠯᠬᠦ ᠨᠢ ᠬᠦᠭᠵᠢᠵᠦ ᠪᠠᠶᠢᠭ᠎ᠠ ᠤᠯᠤᠰ ᠤᠨ ᠪᠠᠶᠢᠷᠢ ᠰᠠᠭᠤᠷᠢ ᠲᠠᠢ ᠲᠤᠬᠢᠷᠠᠯᠴᠠᠭᠰᠠᠨ ᠳᠡᠯᠡᠬᠡᠢ ᠶᠢᠨ ᠬᠠᠷᠢᠭᠤᠴᠠᠯᠭ᠎ᠠ ᠪᠤᠯᠤᠨ᠎ᠠ᠃ ᠬᠡᠷᠪᠡ ᠡᠳᠡᠭᠡᠷ ᠢ ᠪᠠᠶᠢᠯᠳᠤᠬᠤ ᠪᠤᠳᠤᠯᠭ᠎ᠠ ᠶᠢᠨ ᠭᠠᠳᠠᠭᠰᠢ ᠦᠷᠭᠡᠳᠭᠡᠯ ᠢᠶᠠᠷ ᠦᠵᠡᠬᠦ ᠳᠤ ᠬᠦᠷᠪᠡᠯ᠂ ᠲᠡᠷᠡ ᠨᠢ ᠪᠤᠷᠤᠭᠤ ᠤᠶᠢᠯᠠᠭᠠᠯᠲᠠ ᠪᠤᠶᠤ ᠪᠤᠷᠤᠭᠤ ᠲᠠᠶᠢᠯᠪᠤᠷᠢ ᠪᠤᠯᠬᠤ ᠶᠤᠮ᠃      ᠬᠤᠶᠠᠳᠤᠭᠠᠷ ᠲᠤ᠂ ᠪᠢᠳᠡ ᠤᠶᠤᠨ ᠤᠬᠠᠭᠠᠨ ᠢᠶᠠᠨ ᠲᠦᠪᠯᠡᠷᠡᠬᠦᠯᠵᠥ ᠪᠠᠶᠢᠭᠠᠳ ᠦᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠤᠮ᠃ ᠡᠳᠡᠭᠡᠷ ᠵᠢᠯ ᠤᠳ ᠲᠤ᠂ ᠶᠡᠷᠤᠩᠬᠡᠢ ᠰᠠᠶᠢᠳ ᠪᠤᠯᠤᠭᠰᠠᠠ ᠤ ᠬᠤᠪᠢ ᠳᠤ᠂ ᠲᠤᠮᠳᠠᠳᠤ ᠤᠯᠤᠰ ᠤᠨ ᠬᠦᠭᠵᠢᠯᠳᠡ ᠳᠤ ᠪᠠᠰᠠ ᠮᠠᠰᠢ ᠤᠯᠠᠨ ᠬᠦᠴᠢᠷ ᠪᠡᠷᠬᠡ ᠪᠤᠯᠤᠨ ᠦᠷᠢᠰᠦᠯᠳᠦᠬᠡᠨ ᠲᠤᠯᠭᠠᠷᠠᠵᠥ᠂ ᠠᠷᠠᠳ ᠤᠨ ᠠᠮᠢᠳᠤᠷᠠᠯ ᠤᠨ ᠲᠠᠯ᠎ᠠ ᠪᠠᠷ ᠪᠠᠰᠠ ᠮᠠᠰᠢ ᠤᠯᠠᠨ ᠬᠦᠴᠢᠷ ᠠᠰᠠᠭᠤᠳᠠᠯ ᠪᠤᠯᠤᠨ ᠪᠡᠷᠭᠡᠰᠢᠶᠡᠯ ᠤᠷᠤᠰᠢᠵᠥ᠂ ᠵᠠᠰᠠᠭ ᠤᠨ ᠤᠷᠳᠤᠨ ᠡᠳᠤᠷ ᠪᠦᠷᠢ ᠡᠶᠢᠮᠦᠷᠬᠦ ᠶᠡᠭᠡ ᠬᠡᠮᠵᠢᠶᠡᠨ ᠤ ᠬᠦᠴᠢᠷ ᠠᠰᠠᠭᠤᠳᠠᠯ ᠢ ᠠᠷᠭᠠᠴᠠᠬᠤ ᠬᠡᠷᠡᠭᠳᠡᠢ ᠪᠠᠶᠢᠨ᠎ᠠ ᠬᠡᠳᠡᠭ ᠢ ᠪᠢ ᠬᠦᠨ ᠤᠶᠢᠯᠠᠭᠠᠪᠠ᠃ ᠪᠢᠳᠡ ᠭᠠᠳᠠᠭᠠᠳᠤ ᠳᠤ ᠠᠶᠢᠯᠴᠢᠯᠠᠵᠤ ᠪᠠᠶᠢᠬᠤ ᠪᠡ ᠤᠯᠤᠰ ᠤᠨ ᠬᠤᠭᠤᠷᠤᠨᠳᠤᠬᠢ ᠶᠠᠪᠤᠯᠴᠠᠭ᠎ᠠ ᠬᠢᠵᠥ ᠪᠠᠶᠢᠬᠤ ᠨᠢ ᠪᠦᠷ ᠡᠩᠬᠡ ᠲᠠᠶᠢᠪᠤᠡᠭ ᠲᠤᠭᠳᠠᠭᠤᠨ ᠲᠡᠯᠡᠬᠡᠢ ᠶᠢᠨ ᠪᠡ ᠡᠷᠬᠢᠨ ᠲᠤᠭᠤᠷᠢᠨ ᠤ ᠤᠷᠴᠢᠨ ᠲᠤᠭᠤᠷᠢᠨ ᠢ ᠲᠡᠮᠡᠴᠡᠨ ᠤᠯᠵᠥ᠂ ᠲᠤᠮᠳᠠᠳᠤ ᠤᠯᠤᠰ ᠤᠨ ᠬᠦᠭᠵᠢᠯᠳᠡ ᠳᠤ ᠨᠡᠩ ᠤᠯᠠᠨ ᠬᠠᠮᠳᠤᠪᠡᠷ ᠠᠰᠢᠬ ᠬᠦᠷᠳᠡᠬᠦ ᠠᠵᠠ ᠲᠤᠬᠢᠶᠠᠯ ᠤᠯᠬᠤ ᠶᠢᠨ ᠲᠦᠯᠥᠬᠡ ᠶᠤᠮ᠂ ᠡᠨᠡ ᠲᠠᠯ᠎ᠠ ᠪᠠᠷ ᠪᠢᠳᠡ ᠲᠡᠷᠢᠬᠢ ᠲᠤᠯᠤᠭᠠᠢ ᠰᠡᠷᠬᠡᠭ ᠶᠤᠮ᠃      ᠠᠷᠠᠳ ᠤᠨ ᠡᠳᠤᠷ ᠤᠨ ᠰᠤᠨᠢᠨ ᠤ ᠬᠤᠷᠢᠶᠠᠨ ᠤ ᠰᠤᠷᠪᠤᠯᠵᠢᠯᠠᠭᠴᠢ᠄ ᠶᠡᠷᠤᠩᠬᠡᠢ ᠰᠠᠶᠢᠳ ᠲᠠ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠡᠭᠡᠨ᠂ ᠨᠡᠩ ᠲᠦᠪ ᠭᠤᠤᠯᠴᠢ᠂ ᠬᠦᠢᠴᠡᠳ ᠠᠵᠢᠯ ᠤᠯᠭᠤᠯᠳᠠ ᠶᠢ ᠢᠮᠠᠬᠳᠠ ᠴᠢᠨᠠᠷ ᠰᠠᠶᠢᠲᠠᠢ ᠬᠦᠭᠵᠢᠯᠳᠡ ᠶᠢᠨ ᠬᠢᠯᠠᠰ ᠴᠢᠭ᠋ ᠪᠤᠯᠭᠠᠨ᠎ᠠ ᠬᠡᠵᠥ ᠵᠢᠭᠠᠵᠥ ᠭᠠᠷᠭᠠᠭᠰᠠᠠ ᠢ ᠪᠢᠳᠡ ᠠᠵᠢᠬᠯᠠᠵᠥ ᠮᠡᠳᠡᠯ᠎ᠡ᠂ ᠬᠡᠪᠡᠴᠦ ᠪᠤᠳᠠᠳᠠᠢ ᠠᠮᠢᠳᠤᠷᠡᠯ ᠲᠤᠮᠳᠠ᠂ ᠵᠢᠱᠢᠶᠡᠯᠡᠪᠡᠯ ᠤᠶᠤᠳᠠᠳ ᠤᠨ ᠠᠵᠢᠯ ᠤᠯᠭᠤᠯᠳᠠ᠂ ᠪᠠᠰᠠ ᠠᠵᠢᠯ ᠤᠨ ᠪᠠᠶᠢᠷᠢ ᠰᠢᠯᠵᠢᠭᠰᠡᠡ ᠠᠵᠢᠯᠳᠠᠨ ᠠᠵᠢᠯᠴᠢᠨ ᠤ ᠲᠠᠬᠢᠨ ᠠᠵᠢᠯ ᠤᠯᠭᠤᠯᠳᠠ᠂ ᠴᠡᠷᠢᠭ ᠠᠴᠠ ᠬᠠᠯᠠᠬᠳᠠᠬᠠᠰᠠᠳ ᠤᠨ ᠲᠠᠬᠢᠨ ᠠᠵᠢᠯ ᠤᠯᠬᠤ ᠵᠡᠷᠬᠡ ᠲᠠᠯ᠎ᠠ ᠪᠠᠷ ᠮᠥᠨ ᠴᠦᠭᠡᠨ ᠪᠤᠰᠤ ᠬᠦᠴᠢᠷᠳᠡᠯ ᠤᠷᠤᠰᠢᠵᠤ ᠪᠠᠶᠢᠨ᠎ᠠ᠂ ᠡᠨᠡ ᠨᠢ ᠬᠤᠶᠢᠰᠢᠳᠠ ᠶᠢᠨ 5 ᠵᠢᠯ ᠳᠤ ᠳᠤᠮᠳᠠᠲᠤ ᠤᠯᠤᠰ ᠤᠨ ᠠᠵᠢᠯ ᠤᠯᠭᠤᠯᠳᠠ ᠶᠢᠨ ᠵᠠᠬ᠎ᠠ ᠲᠡᠯᠬᠡᠬᠦᠷ ᠲᠤ ᠮᠠᠰᠢ ᠤᠯᠠᠨ ᠦᠷᠢᠰᠦᠯᠳᠦᠬᠡᠨ ᠲᠤᠯᠭᠠᠷᠠᠨ᠎ᠠ ᠬᠡᠳᠡᠭ ᠢ ᠬᠠᠷᠠᠭᠤᠯᠵᠥ ᠪᠠᠶᠢᠨ᠎ᠠ᠃ ᠲᠠ ᠡᠳᠡᠭᠡᠷ ᠬᠦᠴᠢᠷᠳᠡᠯ ᠢ ᠬᠡᠷᠬᠢᠨ ᠰᠢᠢᠳᠪᠦᠷᠢᠯᠡᠬᠦ ᠪᠡᠯᠡᠳᠭᠡᠯ ᠲᠠᠢ ᠪᠤᠢ︖      ᠯᠢ ᠺᠧ ᠴᠢᠶᠠᠩ᠄ ᠠᠵᠢᠯ ᠤᠯᠭᠤᠯᠳᠠ ᠶᠢᠨ ᠠᠮᠵᠢᠯᠳᠠ ᠪᠦᠳᠤᠮᠵᠢ ᠶᠢ ᠠᠷᠠᠳ ᠤᠯᠠᠨ ᠦᠨᠡᠯᠡᠳᠡᠭ ᠶᠤᠮ᠂ ᠬᠡᠷᠪᠡ ᠠᠵᠢᠯ ᠠᠯᠳᠠᠯᠳᠠ ᠪᠠᠶᠢᠪᠠᠯ ᠨᠢᠭᠤᠵᠤ ᠲᠠᠷᠤᠵᠤ ᠳᠡᠶᠢᠯᠬᠦ ᠦᠬᠡᠢ᠂ ᠡᠶᠢᠮᠦ ᠠᠴᠠ ᠪᠢ ᠲᠠᠨ ᠤ ᠲᠤᠷᠠᠳᠤᠬᠰᠠᠨ ᠡᠨᠡ ᠵᠢᠯ ᠤᠨ ᠲᠤᠬᠠᠢ ᠠᠰᠠᠭᠤᠯᠳᠠ ᠶᠢ ᠤᠷᠢᠳᠠᠪᠡᠷ ᠬᠠᠷᠢᠭᠤᠯᠤᠶ᠎ᠠ᠂ ᠬᠤᠶᠢᠰᠢᠳᠠ ᠶᠢᠨ 5 ᠵᠢᠯ ᠳᠤ ᠶᠠᠮᠠᠷ ᠪᠤᠯᠬᠤ ᠨᠢ ᠡᠨᠡ ᠵᠢᠯ ᠶᠠᠭᠠᠬᠢᠵᠤ ᠬᠢᠬᠦ ᠳᠤ ᠪᠤᠢ᠃      ᠦᠩᠬᠡᠷᠡᠭᠰᠡᠨ 5 ᠵᠢᠯ ᠳᠤ᠂ ᠳᠤᠮᠳᠠᠳᠤ ᠤᠯᠤᠰ ᠤᠨ ᠠᠵᠤ ᠠᠬᠤᠢ ᠶᠢᠨ ᠠᠵᠢᠯᠯᠠᠭᠠᠨ ᠵᠤᠬᠢᠰᠳᠠᠢ ᠤᠷᠤᠨ ᠵᠠᠢ ᠳᠤ ᠪᠠᠶᠢᠵᠤ᠂ ᠡᠬᠦᠨ ᠳᠤ ᠬᠠᠮᠤᠬ ᠤᠨ ᠶᠡᠭᠡ ᠬᠢᠯᠠᠰ ᠴᠢᠭ᠋ ᠪᠤᠯ 6600 ᠭᠠᠷᠤᠢ ᠲᠦᠮᠡᠨ ᠬᠤᠳᠠ ᠪᠠᠯᠭᠠᠰᠤᠨ ᠤ ᠰᠢᠨ᠎ᠠ ᠠᠵᠢᠯ ᠤᠯᠭᠤᠯᠳᠠ ᠶᠢ ᠪᠡᠶᠡᠯᠡᠬᠦᠯᠵᠤ᠂ ᠨᠡᠯᠢᠶᠡᠳ ᠬᠦᠢᠴᠡᠳ ᠠᠵᠢᠯ ᠤᠯᠭᠤᠯᠳᠠ ᠶᠢ ᠪᠠᠳᠤᠯᠠᠬᠰᠠᠨ ᠪᠠᠶᠢᠨ᠎ᠠ᠃ ᠠᠵᠢᠯ ᠤᠯᠭᠤᠯᠳᠠ ᠨᠢ ᠨᠢᠬᠡᠨ ᠬᠡᠷ ᠪᠦᠯᠢ ᠳᠤ ᠠᠪᠴᠤ ᠬᠡᠯᠡᠪᠠᠯ ᠲᠤᠮᠤ ᠶᠠᠪᠤᠳᠠᠯ ᠪᠤᠯᠤᠨ᠎ᠠ᠃ ᠠᠵᠢᠯ ᠲᠠᠢ ᠬᠦᠮᠤᠨ ᠦᠬᠡᠢ ᠬᠡᠷ ᠪᠦᠯᠢ ᠳᠤ ᠶᠠᠮᠠᠷ ᠴᠤ ᠠᠮᠢᠵᠢᠷᠠᠯ ᠤᠨ ᠬᠦᠴᠤᠨ ᠦᠬᠡᠢ ᠶᠤᠮ᠃ ᠬᠡᠷᠪᠡ ᠶᠡᠭᠡ ᠰᠤᠷᠭᠠᠭᠤᠯᠢ ᠠᠴᠠ ᠲᠡᠬᠦᠰᠤᠮᠡᠭᠴᠠ ᠠᠵᠢᠯ ᠠᠯᠳᠠᠬᠤ ᠳᠤ ᠬᠦᠷᠪᠡᠯ᠂ ᠡᠷᠡᠮᠡᠯᠵᠡᠯ ᠦᠬᠡᠢ ᠪᠤᠯᠴᠢᠬᠠᠨ᠎ᠠ᠃ ᠡᠶᠢᠮᠦ ᠠᠴᠠ ᠰᠡᠳᠬᠢᠯ ᠢᠶᠠᠷ ᠢᠶᠠᠨ ᠰᠡᠳᠬᠢᠯ ᠢ ᠨᠢ ᠮᠡᠳᠡᠵᠤ᠂ ᠡᠯ᠎ᠠ ᠱᠠᠳᠤᠨ ᠤ ᠵᠠᠰᠠᠬ ᠤᠨ ᠤᠷᠳᠤᠨ ᠵᠢᠴᠢ ᠲᠡᠬᠦᠨ ᠤ ᠠᠵᠢᠯᠳᠠᠨ᠂ ᠠᠵᠢᠯ ᠤᠯᠭᠤᠯᠳᠠ ᠶᠢ ᠴᠦᠮ ᠰᠡᠳᠬᠢᠯ ᠳᠡᠭᠡᠨ ᠪᠤᠳᠤᠵᠤ᠂ ᠮᠦᠷᠤᠨ ᠳᠡᠭᠡᠨ ᠡᠬᠦᠷᠬᠡᠯᠡᠬᠦ ᠭᠡᠷᠡᠭᠳᠠᠢ᠃ ᠡᠨᠡ ᠵᠢᠯ ᠤᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ ᠠᠩᠬ᠎ᠠ ᠤᠳᠠᠭ᠎ᠠ ᠬᠤᠳᠠ ᠪᠠᠯᠭᠠᠰᠤᠨ ᠤ ᠠᠵᠢᠯ ᠠᠯᠳᠠᠬᠰᠠᠨ ᠨᠤᠷᠮ᠎ᠠ ᠶᠢᠨ ᠪᠠᠶᠢᠴᠠᠭᠠᠯᠲᠠ ᠶᠢ ᠵᠢᠱᠢᠭᠰᠡᠨ ᠬᠠᠷᠠᠯᠳᠠ ᠳᠤ ᠤᠷᠤᠭᠤᠯᠤᠬᠰᠠᠠ ᠨᠢ ᠲᠠᠷᠤᠢ ᠬᠤᠳᠠ ᠬᠦᠳᠡᠭᠡ ᠶᠢᠨ ᠠᠵᠢᠯ ᠤᠯᠭᠤᠯᠳᠠ ᠶᠢᠨ ᠪᠠᠶᠢᠳᠠᠯ ᠢ ᠨᠡᠩ ᠬᠦᠢᠴᠡᠳ ᠲᠤᠰᠬᠠᠬᠤ ᠶᠢᠨ ᠲᠦᠯᠤᠬᠡ ᠶᠤᠮ᠂ ᠡᠬᠦᠨ ᠢ ᠪᠠᠶ᠎ᠠ ᠳᠡᠭᠡᠨ ᠳᠠᠷᠤᠯᠲᠠ ᠦᠭᠴᠦ ᠪᠠᠶᠢᠨ᠎ᠠ  ᠬᠡᠵᠤ ᠬᠡᠯᠡᠵᠤ ᠪᠤᠯᠤᠨ᠎ᠠ᠃      ᠠᠳᠡ ᠪᠢ ᠨᠢᠭᠡ ᠶᠡᠭᠡ ᠳᠠᠩᠰᠠ ᠮᠡᠳᠡᠭᠦᠯᠦᠶ᠎ᠡ ᠭᠡᠵᠦ ᠪᠤᠳᠤᠵᠤ ᠪᠠᠶᠢᠨ᠎ᠠ᠂ ᠮᠠᠨ ᠤ ᠡᠨᠡ ᠵᠢᠯ ᠤᠨ ᠬᠤᠲᠠ ᠪᠠᠯᠭᠠᠰᠤᠨ ᠤ ᠪᠤᠲᠠᠲᠠᠢ ᠰᠢᠨ᠎ᠡ ᠪᠠᠷ ᠪᠤᠶᠢᠵᠢᠭᠰᠠᠨ ᠬᠦᠳᠡᠯᠮᠦᠷᠢ ᠬᠦᠴᠦᠨ 1500 ᠲᠦᠮᠡ ᠠᠴᠠ 1600 ᠲᠦᠮᠡ ᠪᠠᠶᠢᠵᠤ᠂ ᠪᠢᠳᠠᠨ ᠤ ᠲᠤᠬᠲᠠᠬᠰᠠᠨ ᠬᠠᠷᠠᠯᠲᠠ ᠪᠤᠯ ᠨᠠᠭᠠᠲᠤ ᠵᠠᠬ᠎ᠠ ᠳᠠᠭᠠᠨ 1100 ᠲᠦᠮᠡᠨ ᠬᠦᠮᠦᠨ ᠤ ᠠᠵᠢᠯ ᠤᠯᠭᠤᠯᠲᠠ ᠶᠢ ᠰᠢᠨ᠎ᠡ ᠪᠠᠷ ᠨᠡᠮᠡᠭᠳᠡᠭᠦᠯᠬᠦ ᠶᠢ ᠪᠠᠲᠤᠯᠠᠬᠤ ᠪᠤᠯᠪᠠᠴᠤ ᠬᠠᠨᠳᠤᠯᠭ᠎ᠠ ᠨᠢ 1300 ᠲᠦᠮᠡᠨ ᠬᠦᠮᠦᠨ ᠠᠴᠠ ᠳᠡᠭᠡᠭᠰᠢ ᠪᠤᠯᠤᠨ᠎ᠠ᠂ ᠲᠦᠷᠦᠬᠦᠦ ᠬᠡᠳᠦᠨ ᠵᠢᠯ ᠪᠢᠳᠠ ᠴᠦᠮ ᠪᠡᠶᠡᠯᠡᠭᠦᠯᠪᠡ᠂ ᠡᠨᠡ ᠵᠢᠯ ᠴᠤ ᠪᠡᠶᠡᠯᠡᠭᠦᠯᠵᠦ ᠳᠡᠶᠢᠯᠬᠦ ᠦᠭᠡᠢ ᠬᠡᠰᠡᠨ ᠰᠢᠯᠳᠠᠬ ᠦᠭᠡᠢ᠃ ᠡᠭᠦᠨ ᠤ ᠬᠠᠮᠲᠤ᠂ ᠪᠠᠰᠠ 2.8 ᠳ᠋ᠦᠩᠰᠢᠭᠤᠷ ᠬᠦᠯᠦᠰᠦᠨ ᠲᠠᠷᠢᠶᠠᠴᠢᠨ ᠪᠤᠢ᠂ ᠲᠡᠳᠡ ᠬᠤᠲᠠᠵᠢᠯᠲᠠ ᠶᠢᠨ ᠠᠬᠢᠴᠠ ᠳᠤᠮᠳᠠ ᠲᠤᠮᠤ ᠠᠰᠠᠷ ᠪᠠᠷᠢᠵᠤ᠂ ᠲᠠᠷᠳᠠᠩ ᠵᠠᠮ ᠲᠠᠪᠢᠰᠦᠨ᠂ ᠳᠤᠮᠳᠠᠳᠤ ᠤᠯᠤᠰ ᠤᠨ ᠬᠦᠭᠵᠢᠯᠲᠡ ᠳᠤ ᠭᠠᠪᠢᠶ᠎ᠠ ᠵᠢᠳᠬᠦᠯ ᠦᠵᠡᠬᠦᠯᠪᠡ᠃ ᠬᠦᠯᠦᠰᠦᠨ ᠲᠠᠷᠢᠶᠠᠴᠢᠨ ᠤ ᠠᠵᠢᠯ ᠤᠯᠭᠤᠯᠲᠠ ᠶᠢ ᠠᠬᠢᠭᠤᠯᠬᠤ ᠨᠢ ᠮᠦᠨᠴᠤ ᠰᠢᠨ᠎ᠡ ᠮᠠᠶ᠋ᠢᠬ ᠤᠨ ᠬᠤᠲᠠ ᠪᠠᠯᠭᠠᠰᠤᠵᠢᠯᠲᠠ ᠶᠢᠨ ᠴᠢᠬᠤᠯᠠ ᠠᠭᠤᠯᠭ᠎ᠠ ᠮᠦᠨ᠂ ᠬᠤᠲᠠ ᠤᠷᠤᠵᠤ ᠠᠵᠢᠯ ᠬᠢᠵᠦ ᠪᠠᠶᠢᠭ᠎ᠠ ᠬᠦᠯᠦᠰᠦᠨ ᠲᠠᠷᠢᠶᠠᠴᠢᠨ ᠴᠦᠮ ᠬᠦᠯᠦᠰᠦᠨ ᠠᠵᠢᠯ ᠬᠢᠬᠦ ᠪᠠᠷ ᠳᠠᠮᠵᠢᠨ ᠦᠪᠡᠷ ᠤᠨ ᠤᠷᠤᠯᠭ᠎ᠠ ᠪᠠᠨ ᠨᠡᠮᠡᠭᠳᠡᠭᠦᠯᠵᠦ ᠪᠤᠢ᠂ ᠡᠨᠡ ᠵᠢᠯ ᠨᠠᠭᠠᠲᠤ ᠵᠠᠬ᠎ᠠ ᠳᠠᠭᠠᠨ ᠪᠠᠰᠠ ᠰᠢᠨ᠎ᠡ ᠪᠠᠷ ᠨᠡᠮᠡᠭᠳᠡᠭᠰᠡᠨ ᠭᠤᠷᠪᠠ᠂ ᠳᠦᠷᠪᠡᠨ ᠵᠠᠭᠤᠨ ᠲᠦᠮᠡᠨ ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠬᠦᠯᠬᠦ ᠬᠡᠷᠡᠭᠳᠡᠢ᠃ ᠡᠭᠦᠨ ᠳᠤ᠂ ᠪᠢᠳᠠ ᠬᠦᠯᠦᠰᠦᠨ ᠲᠠᠷᠢᠶᠠᠴᠢᠨ ᠳᠤ ᠲᠤᠬᠲᠠᠭᠤᠨ ᠠᠵᠢᠯ ᠤᠯᠬᠤ ᠳᠤᠬᠢᠶᠠᠯ ᠢ ᠪᠤᠢ  ᠪᠤᠯᠭᠠᠵᠤ ᠦᠭᠭᠦ ᠵᠠᠶᠢᠯᠠᠭᠤᠯᠵᠤ ᠪᠤᠯᠤᠰᠢ ᠦᠭᠡᠢ ᠡᠬᠦᠷᠬᠡ ᠬᠠᠷᠢᠭᠤᠴᠠᠯᠭ᠎ᠠ ᠲᠠᠢ ᠶᠤᠮ᠃      ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠬᠴᠢ 820 ᠲᠦᠮᠡ ᠬᠦᠷᠴᠤ᠂ ᠲᠡᠤᠬᠡ ᠶᠢᠨ ᠰᠢᠨ᠎ᠡ ᠦᠨᠳᠦᠷ ᠲᠤ ᠬᠦᠷᠴᠤ᠂ ᠪᠠᠰᠠ 500 ᠲᠦᠮᠡᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠬᠴᠢ ᠪᠤᠢ᠂ ᠵᠠᠭᠤᠨ ᠲᠦᠮᠡ ᠰᠢᠬᠠᠮ ᠴᠡᠷᠢᠭ ᠠᠴᠠ ᠬᠠᠯᠠᠬᠳᠠᠬᠰᠠᠨ ᠪᠠ ᠰᠢᠯᠵᠢᠭᠰᠡᠨ ᠴᠡᠷᠢᠭ ᠪᠠ ᠦᠯᠡᠬᠦᠦ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠵᠤ ᠠᠵᠢᠯ ᠤᠨ ᠪᠠᠶᠢᠷᠢ ᠪᠠᠨ ᠰᠤᠯᠢᠬᠰᠠᠨ ᠠᠵᠢᠯᠲᠠᠳ ᠢ ᠤᠷᠤᠭᠤᠯᠤᠭᠠᠳ᠂ ᠡᠷᠬᠡᠪᠰᠢ ᠲᠡᠳᠡᠨ ᠤ ᠠᠵᠢᠯ ᠤᠯᠭᠤᠯᠲᠠ ᠶᠢ ᠴᠢᠷᠮᠠᠶᠢᠨ ᠪᠠᠲᠤᠯᠠᠵᠤ᠂ ᠠᠵᠢᠯ ᠲᠠᠢ ᠬᠦᠮᠦᠨ ᠦᠭᠡᠢ ᠭᠡᠷ ᠪᠦᠯᠢ ᠢᠯᠡᠷᠡᠬᠦ ᠶᠢ ᠤᠬᠲᠤ ᠵᠦᠪᠰᠢᠶᠡᠷᠡᠬᠦ ᠦᠭᠡᠢ᠃ ᠡᠨᠡ ᠨᠢ ᠳᠠᠷᠤᠢ ᠪᠢᠳᠠᠨ ᠢ ᠠᠵᠢᠯ ᠤᠯᠭᠤᠯᠲᠠ ᠶᠢᠨ ᠠᠵᠢᠯ ᠤᠨ ᠪᠠᠶᠢᠷᠢ ᠶᠢ ᠤᠯᠠᠮ ᠴᠢᠨᠠᠬᠰᠢᠲᠡ ᠦᠷᠭᠡᠳᠬᠡᠵᠦ᠂ ᠤᠨᠴᠠᠭᠠᠶᠢᠯᠠᠨ ᠰᠢᠨ᠎ᠡ ᠬᠦᠳᠡᠯᠭᠡᠬᠦ ᠬᠦᠴᠦᠨ ᠢ ᠬᠦᠮᠦᠵᠢᠭᠦᠯᠬᠦ ᠶᠢ ᠱᠠᠭᠠᠷᠳᠠᠵᠤ ᠪᠠᠶᠢᠳᠠᠭ᠃ ᠦᠩᠭᠡᠷᠡᠭᠰᠡᠨ ᠬᠡᠳᠦᠨ ᠵᠢᠯ ᠳᠤ᠂ ᠰᠢᠨ᠎ᠡ ᠬᠦᠳᠡᠯᠭᠡᠬᠦ ᠬᠦᠴᠦᠨ ᠨᠢ ᠠᠵᠢᠯ ᠤᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠬᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠬᠡᠯᠡᠵᠦ ᠪᠤᠯᠤᠨ᠎ᠠ᠃ ᠪᠢᠳᠠ ᠤᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠨᠡᠯᠢᠶᠡᠳ ᠭᠦᠢᠴᠡᠳ ᠬᠡᠮᠵᠢᠶᠡᠨ ᠤ ᠠᠵᠢᠯ ᠤᠯᠭᠤᠯᠲᠠ ᠶᠢ ᠪᠠᠲᠤᠯᠠᠬᠤ ᠬᠡᠷᠡᠭᠲᠡᠢ᠂ ᠡᠨᠡ ᠨᠢ ᠦᠨᠡᠨ ᠳᠡᠭᠡᠨ ᠪᠠᠰᠠ ᠨᠡᠩ ᠤᠯᠠᠨ ᠡᠳ᠋ ᠪᠠᠶᠠᠯᠢᠬ ᠢ ᠡᠭᠦᠳᠦᠨ ᠪᠦᠲᠦᠭᠡᠵᠦ ᠴᠢᠳᠠᠨ᠎ᠠ᠃ ᠤᠯᠠᠨ ᠢᠶᠠᠷ ᠢᠶᠠᠨ ᠪᠤᠳᠤᠵᠤ ᠦᠵᠡᠭᠡᠷᠡᠢ᠂ 13 ᠳ᠋ᠦᠩᠰᠢᠭᠤᠷ ᠭᠠᠷᠤᠢ ᠬᠦᠮᠦᠨ ᠠᠮᠠ᠂ 8 ᠳ᠋ᠦᠩᠰᠢᠭᠤᠷ ᠭᠠᠷᠤᠢ ᠬᠦᠳᠡᠯᠮᠦᠷᠢ ᠬᠦᠴᠦᠨ᠂ ᠬᠡᠷᠪᠡ ᠨᠡᠯᠢᠶᠡᠳ ᠭᠦᠢᠴᠡᠳ ᠬᠡᠮᠵᠢᠶᠡᠨ ᠤ ᠠᠵᠢᠯ ᠤᠯᠭᠤᠯᠲᠠ ᠶᠢ ᠪᠡᠶᠡᠯᠡᠭᠦᠯᠵᠦ ᠴᠢᠳᠠᠪᠠᠯ ᠡᠭᠦᠳᠦᠨ ᠪᠦᠲᠦᠭᠡᠭᠰᠡᠨ ᠡᠳ᠋ ᠪᠠᠶᠠᠯᠢᠬ ᠨᠢ ᠬᠡᠮᠵᠢᠶᠡᠯᠡᠰᠢ ᠦᠭᠡᠢ ᠶᠤᠮ᠂ ᠮᠦᠨᠴᠤ ᠳᠡᠯᠡᠬᠡᠢ ᠶᠢᠨ ᠵᠠᠬ᠎ᠠ ᠳᠡᠯᠭᠡᠭᠦᠷ ᠲᠤ ᠪᠠᠶᠠᠷ ᠪᠠᠭ᠋ᠠᠳᠤᠯ ᠠᠪᠴᠢᠷᠠᠬᠤ ᠪᠤᠯᠤᠨ᠎ᠠ᠃      ᠠᠮᠧᠷᠢᠺᠠ ᠶᠢᠨ ᠪᠦᠬᠦ ᠤᠯᠤᠰ ᠤᠨ ᠷᠠᠳᠢᠣ᠋ ᠨᠡᠪᠳᠡᠷᠡᠭᠦᠯᠭᠡ ᠶᠢᠨ ᠺᠤᠮᠫᠠᠨᠢ ᠶᠢᠨ ᠰᠤᠷᠪᠤᠯᠵᠢᠯᠠᠭᠴᠢ᠄ ᠤᠶᠢᠷ᠎ᠠ ᠎ ᠳᠤ᠂ ᠤᠯᠠᠮ ᠠᠴᠠ ᠤᠯᠠᠨ ᠬᠦᠮᠦᠨ ᠳᠤᠮᠳᠠᠲᠤ ᠤᠯᠤᠰ ᠠᠮᠧᠷᠢᠺᠠ ᠶᠢᠨ ᠪᠦᠬᠦ ᠳᠡᠯᠡᠬᠡᠢ ᠳᠠᠬᠢ ᠤᠳᠤᠷᠢᠳᠬᠤ ᠪᠠᠶᠢᠷᠢ ᠰᠠᠭᠤᠷᠢ ᠶᠢ ᠤᠷᠤᠯᠠᠬᠤ ᠲᠤᠬᠠᠢ ᠰᠠᠨᠠᠭᠠᠰᠢᠷᠠᠵᠤ ᠪᠠᠶᠢᠨ᠎ᠠ᠃ ᠡᠨᠡ ᠲᠤᠬᠠᠢ ᠴᠦᠬᠡᠨ ᠪᠤᠰᠤ ᠬᠦᠮᠦᠰ ᠪᠠᠰᠠ᠂ ᠳᠤᠮᠳᠠᠲᠤ ᠤᠯᠤᠰ ᠲᠤ ᠴᠢᠭᠯᠡᠭᠦᠯᠦᠨ ᠠᠷᠠᠯᠵᠢᠶᠠᠨ ᠤ ᠳᠠᠶᠢᠨ ᠬᠢᠵᠤ᠂ ᠤᠯᠤᠰ ᠤᠨ ᠭᠤᠤᠯᠯᠠᠨ ᠤᠳᠤᠷᠢᠳᠤᠭᠰᠠᠨ ᠵᠠᠭᠪᠤᠷ ᠳᠤᠤᠷ᠎ᠠ ᠬᠡᠷᠡᠭᠵᠢᠭᠦᠯᠦᠭᠰᠡᠨ ᠳᠤᠮᠳᠠᠲᠤ ᠤᠯᠤᠰ ᠤᠨ ᠲᠦᠪ ᠭᠤᠤᠯᠴᠢ ᠪᠤᠰᠤ ᠠᠷᠠᠯᠵᠢᠶ᠎ᠠ ᠪᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠵᠠᠯᠬᠠᠭᠠᠪᠠᠯ ᠲᠠᠭᠠᠷᠠᠨ᠎ᠠ ᠬᠡᠮᠡᠨ ᠦᠵᠡᠵᠤ ᠪᠠᠶᠢᠨ᠎ᠠ᠃ ᠲᠠᠨ ᠤ ᠦᠵᠡᠬᠦ ᠪᠠᠷ ᠶᠠᠮᠠᠷ ᠠᠷᠭ᠎ᠠ ᠬᠡᠮᠵᠢᠶ᠎ᠠ ᠠᠪᠴᠤ ᠠᠮᠧᠷᠢᠺᠠ ᠶᠢᠨ ᠠᠩᠬᠠᠷᠴᠤ ᠪᠠᠶᠢᠭ᠎ᠠ ᠵᠦᠢᠯ ᠢ ᠰᠢᠢᠳᠪᠦᠷᠢᠯᠡᠵᠤ᠂ ᠠᠷᠠᠯᠵᠢᠶᠠᠨ ᠤ ᠳᠠᠶᠢᠨ ᠬᠢᠬᠦ ᠶᠢ ᠬᠤᠷᠢᠭᠯᠠᠬᠤ ᠪᠤᠢ︖ ᠲᠠ ᠪᠠᠰᠠ ᠶᠠᠷᠢᠯᠴᠠᠭ᠎ᠠ ᠬᠢᠬᠦ ᠪᠠᠷ ᠳᠠᠮᠵᠢᠨ ᠨᠢᠳᠦᠨ ᠡᠮᠦᠨ᠎ᠠ ᠲᠤᠯᠭᠠᠷᠠᠵᠤ ᠪᠠᠶᠢᠭ᠎ᠠ ᠰᠦᠷᠳᠡᠭᠦᠯᠦᠯ ᠢ ᠰᠢᠢᠳᠪᠦᠷᠢᠯᠡᠵᠤ ᠪᠤᠯᠤᠨ᠎ᠠ ᠬᠡᠵᠤ ᠦᠵᠡᠵᠤ ᠪᠠᠶᠢᠨ᠎ᠠ ᠤᠤ︖ ᠬᠡᠷᠪᠡ ᠠᠷᠠᠯᠵᠢᠶᠠᠨ ᠤ ᠳᠠᠶᠢᠨ ᠬᠢᠪᠡᠯ ᠳᠤᠮᠳᠠᠲᠤ ᠤᠯᠤᠰ ᠶᠠᠭᠠᠬᠢᠳᠠᠭ ᠪᠤᠯ︖ ᠵᠢᠱᠢᠶᠡᠯᠡᠪᠡᠯ ᠳᠤᠮᠳᠠᠲᠤ ᠤᠯᠤᠰ ᠯᠤᠲᠤ ᠶᠡᠭᠡ ᠭᠠᠳᠠᠭᠠᠲᠤ ᠭᠤᠪᠢᠭᠤᠯᠭ᠎ᠠ ᠶᠢᠨ ᠨᠦᠬᠡᠴᠡ ᠪᠤᠯᠤᠨ ᠡᠵᠡᠮᠳᠡᠵᠤ ᠪᠠᠶᠢᠭ᠎ᠠ ᠠᠮᠧᠷᠢᠺᠠ ᠶᠢᠨ ᠤᠯᠤᠰ ᠤᠨ ᠦᠷᠢ ᠶᠢ ᠬᠡᠷᠡᠭᠯᠡᠨ᠎ᠡ ᠤᠤ︖      ᠯᠢ ᠺᠧ ᠴᠢᠶᠠᠩ᠄ ᠤᠶᠢᠷ᠎ᠠ ᠶᠢᠨ ᠬᠤᠭᠤᠴᠠᠭᠠᠨ ᠳᠤ᠂ ᠳᠤᠮᠳᠠᠳᠤ ᠠᠮᠧᠷᠢᠺᠠ ᠠᠷᠠᠯᠵᠢᠶᠠᠨ ᠤ ᠳᠠᠶᠢᠨ ᠬᠢᠬᠦ ᠲᠤᠬᠠᠢ ᠶᠠᠷᠢᠯᠴᠠᠭ᠎ᠠ ᠨᠡᠯᠢᠶᠡᠳ ᠤᠯᠠᠨ ᠪᠠᠶᠢᠨ᠎ᠠ᠂ ᠬᠡᠪᠡᠴᠤ ᠮᠢᠨᠦ ᠦᠵᠡᠬᠦ ᠪᠠᠷ ᠳᠤᠮᠳᠠᠳᠤ ᠠᠮᠧᠷᠢᠺᠠ ᠠᠷᠠᠯᠵᠢᠶᠠᠨ ᠤ ᠳᠠᠶᠢᠨ ᠬᠢᠬᠦ ᠨᠢ ᠬᠤᠶᠠᠷ ᠲᠠᠯ᠎ᠠ ᠳᠤ ᠴᠦᠮ ᠠᠰᠢᠭ ᠦᠭᠡᠢ᠂ ᠢᠯᠠᠯᠳᠠ ᠤᠯᠬᠤ ᠡᠳᠡᠭᠡᠳ ᠬᠡᠮᠡᠨ ᠪᠠᠶᠢᠳᠠᠭ ᠦᠭᠡᠢ᠃ ᠲᠡᠷᠡ ᠮᠦᠷᠳᠡᠭᠡᠨ ᠬᠡᠷᠪᠡ ︽ᠳᠠᠶᠢᠨ ᠬᠢᠬᠦ︾ ᠭᠡᠬᠦ ᠦᠭᠡ ᠪᠠᠷ ᠠᠷᠠᠯᠵᠢᠶ᠎ᠠ ᠶᠢ ᠳᠦᠷᠰᠦᠯᠡᠪᠠᠯ ᠠᠷᠠᠯᠵᠢᠶ᠎ᠠ ᠬᠢᠬᠦ ᠵᠠᠷᠴᠢᠮ ᠲᠠᠢ ᠬᠠᠷᠰᠢᠯᠳᠤᠬᠤ ᠪᠤᠯᠤᠨ᠎ᠠ᠃ ᠤᠴᠢᠷ ᠨᠢ ᠠᠷᠠᠯᠵᠢᠶ᠎ᠠ ᠪᠤᠯ ᠳᠠᠷᠤᠢ ᠵᠦᠪᠳᠡᠯᠴᠡᠬᠦ᠂ ᠬᠡᠯᠡᠯᠴᠡᠬᠦ᠂ ᠶᠠᠷᠢᠯᠴᠠᠬᠤ ᠪᠠᠷ ᠳᠠᠮᠵᠢᠨ ᠵᠦᠷᠢᠯᠳᠦᠭᠡᠨ ᠢ ᠰᠢᠢᠳᠪᠦᠷᠢᠯᠡᠬᠦ ᠪᠤᠯᠤᠨ᠎ᠠ᠃ ᠪᠢ ᠬᠦᠰᠡᠬᠦ ᠨᠢ ᠬᠤᠶᠠᠷ ᠲᠠᠯ᠎ᠠ ᠪᠠᠷ ᠢᠶᠠᠨ ᠤᠬᠠᠭᠠᠯᠢᠭ ᠰᠡᠷᠭᠡᠭ ᠪᠠᠶᠢᠵᠤ᠂ ᠰᠠᠨᠠᠭᠰᠠᠨ ᠢᠶᠠᠷ ᠢᠶᠠᠨ ᠦᠢᠯᠡᠳᠴᠤ ᠪᠤᠯᠬᠤ ᠦᠭᠡᠢ᠂ ᠠᠷᠠᠯᠵᠢᠶᠠᠨ ᠤ ᠳᠠᠶᠢᠨ ᠬᠢᠬᠦ ᠠᠴᠠ ᠵᠠᠶᠢᠯᠠᠰᠬᠢᠬᠤ ᠬᠡᠷᠡᠭᠲᠠᠢ᠃      ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠠ ᠨᠢᠭᠡᠨᠳᠡ 5800 ᠭᠠᠷᠤᠢ ᠳ᠋ᠦᠩᠰᠢᠭᠤᠷ ᠳ᠋ᠤᠯᠯᠠᠷ ᠲᠤ ᠬᠦᠷᠴᠠᠢ᠂ ᠡᠨᠡ ᠠᠯᠬᠤᠮ ᠳᠤ ᠬᠦᠷᠴᠤ ᠴᠢᠳᠠᠭᠰᠠᠨ ᠨᠢ ᠵᠠᠬ᠎ᠠ ᠳᠡᠯᠭᠡᠭᠦᠷ ᠲᠤ ᠲᠦᠰᠢᠭᠯᠡᠵᠤ᠂ ᠬᠤᠳᠠᠯᠳᠤᠭᠠᠨ ᠤ ᠵᠠᠷᠴᠢᠮ ᠶᠤᠰᠤᠭᠠᠷ ᠠᠬᠢᠭᠤᠯᠤᠭᠰᠠᠨ ᠳᠤ ᠪᠤᠢ᠂ ᠡᠰᠡ ᠲᠡᠶᠢᠮᠦ ᠪᠤᠯ ᠡᠶᠢᠮᠦ ᠶᠡᠭᠡ ᠬᠡᠮᠵᠢᠶ᠎ᠠ ᠳᠤ ᠬᠦᠷᠴᠤ ᠳᠡᠶᠢᠯᠬᠦ ᠦᠬᠡᠢ ᠶᠤᠮ᠃ ᠶᠠᠷᠢᠶᠠᠨ ᠦᠭᠡᠢ᠂ ᠪᠢᠳᠡ ᠨᠡᠯᠢᠶᠡᠳ ᠶᠡᠭᠡ ᠠᠷᠠᠯᠵᠢᠶᠠᠨ ᠤ ᠤᠯᠠᠭᠠᠨ ᠲᠤᠭ᠎ᠠ ᠢᠯᠡᠷᠡᠬᠦ ᠶᠢ ᠬᠦᠰᠡᠬᠦ ᠦᠭᠡᠢ᠂ ᠭᠠᠭᠴᠠᠬᠦ ᠠᠮᠧᠷᠢᠺᠠ ᠳᠤ ᠵᠤᠷᠢᠭᠤᠯᠵᠤ ᠬᠡᠯᠡᠵᠤ ᠪᠠᠶᠢᠭ᠎ᠠ ᠪᠢᠰᠢ᠃ ᠪᠢᠳᠡ ᠠᠷᠠᠯᠵᠢᠶ᠎ᠠ ᠬᠢᠬᠦ ᠳᠤ ᠶᠡᠷᠦᠩᠬᠡᠢ ᠳᠡᠭᠡᠨ ᠲᠡᠩᠴᠡᠭᠦᠷᠢᠳᠠᠢ ᠪᠠᠶᠢᠬᠤ ᠶᠢ ᠬᠦᠰᠡᠵᠤ ᠪᠠᠶᠢᠨ᠎ᠠ᠂ ᠡᠰᠡ ᠲᠡᠶᠢᠮᠦ ᠪᠤᠯ ᠦᠷᠬᠦᠯᠵᠢᠯᠡᠬᠦ ᠳᠤ ᠬᠦᠴᠢᠷ ᠪᠤᠯᠤᠨ᠎ᠠ᠃      ᠰᠠᠶ᠋ᠢ ᠪᠢ ᠨᠢᠭᠡᠨᠲᠠ ᠲᠤᠮᠲᠠᠳᠤ ᠤᠯᠤᠰ ᠦᠷᠬᠦᠯᠵᠢᠯᠠᠨ ᠨᠡᠭᠡᠭᠡᠯᠲᠠ ᠶᠢ ᠦᠷᠭᠡᠳᠬᠡᠬᠦ ᠲᠤᠬᠠᠢ ᠵᠠᠷᠢᠮ ᠪᠤᠲᠠᠲᠠᠢ ᠠᠷᠭ᠎ᠠ ᠭᠡᠮᠵᠢᠶ᠎ᠡ ᠶᠢ ᠶᠠᠷᠢᠵᠤ᠂ ᠡᠬᠦᠨ ᠳᠤ ᠦᠢᠯᠡᠴᠢᠯᠡᠭᠡᠨ ᠤ ᠦᠢᠯᠡᠰ᠂ ᠦᠢᠯᠡᠳᠬᠦ ᠦᠢᠯᠡᠰ᠂ ᠲᠠᠸᠠᠷ ᠵᠡᠷᠭᠡ ᠬᠦᠷᠢᠶ᠎ᠡ ᠶᠢ ᠪᠠᠭᠲᠠᠭᠠᠪᠠ᠃ ᠠᠮᠧᠷᠢᠺᠠ ᠶᠢᠨ ᠠᠵᠤ ᠠᠬᠤᠶᠢᠯᠠᠯ ᠪᠤᠯ ᠠᠵᠠ ᠵᠠᠪᠰᠢᠶᠠᠨ ᠢ ᠠᠳᠬᠤᠵᠤ ᠪᠤᠯᠬᠤ ᠶᠤᠮ᠃ ᠬᠡᠪᠡᠴᠤ ᠡᠬᠦᠨ ᠤ ᠬᠠᠮᠲᠤ ᠪᠢᠲᠠ ᠪᠠᠰᠠ ᠠᠮᠧᠷᠢᠺᠠ ᠶᠢᠨ ᠲᠠᠯ᠎ᠡ ᠶᠢᠨ ᠬᠢᠨ ᠤ ᠲᠤᠮᠲᠠᠳᠤ ᠤᠯᠤᠰ ᠯᠤᠭ᠎ᠠ ᠶᠢᠨ ᠲᠡᠭᠡᠳᠤ ᠮᠡᠷᠭᠡᠵᠢᠯ᠂ ᠦᠨᠳᠦᠷ ᠨᠡᠮᠡᠭᠳᠡᠯ ᠦᠷᠳᠡᠭᠲᠤ ᠦᠢᠯᠡᠳᠬᠦᠨ ᠤ ᠭᠠᠳᠠᠭᠠᠳᠤ ᠭᠠᠷᠭᠠᠯᠲᠠ ᠶᠢ ᠠᠭᠤᠵᠢᠭᠤ ᠲᠠᠯᠪᠢᠬᠤ ᠶᠢ ᠬᠦᠰᠡᠵᠤ ᠪᠠᠶᠢᠨ᠎ᠠ᠃ ᠪᠢᠲᠠ ᠮᠠᠳᠡᠯᠭᠡ ᠶᠢᠨ ᠦᠮᠴᠢᠯᠡᠯ ᠤᠨ ᠡᠷᠭᠡ ᠶᠢ ᠴᠢᠩᠭ᠎ᠠ ᠬᠠᠮᠠᠭᠠᠯᠠᠬᠤ ᠪᠤᠯᠤᠨ᠎ᠡ᠃ ᠬᠦᠰᠡᠬᠦ ᠨᠢ ᠠᠮᠧᠷᠢᠺᠠ ᠶᠢᠨ ᠲᠠᠯ᠎ᠡ ᠶᠢᠨ ᠬᠢᠨ ᠡᠨᠡᠬᠦ ᠲᠤᠮᠳᠠᠳᠤ ᠠᠮᠧᠷᠢᠺᠠ ᠶᠢᠨ ᠠᠷᠠᠯᠵᠢᠶ᠎ᠡ ᠶᠢ ᠲᠠᠩᠴᠡᠬᠦᠷᠢᠰᠢᠬᠦᠯᠬᠦ ᠴᠢᠬᠤᠯᠠ ᠵᠡᠪᠰᠡᠭ ᠢ ᠪᠢᠳᠡᠭᠡᠢ ᠤᠷᠬᠢᠭᠠᠷᠠᠢ᠂ ᠡᠰᠡ ᠲᠡᠭᠡᠪᠠᠯ ᠵᠤᠭᠤᠰ ᠤᠯᠬᠤ ᠵᠠᠪᠰᠢᠶᠠᠨ ᠢᠶᠠᠨ ᠠᠯᠳᠠᠬᠤ ᠪᠤᠯᠤᠨ᠎ᠡ᠃      ᠲᠤᠮᠳᠠᠳᠤ ᠤᠯᠤᠰ ᠦᠯᠡᠮᠵᠢ ᠬᠡᠮᠵᠢᠶᠠᠨ ᠤ ᠭᠠᠳᠠᠭᠠᠳᠤ ᠭᠤᠪᠢᠭᠤᠯᠭ᠎ᠠ ᠶᠢᠨ ᠨᠦᠭᠡᠴᠡ ᠲᠠᠢ᠃ ᠭᠠᠳᠠᠭᠠᠳᠤ ᠭᠤᠪᠢᠭᠤᠯᠭ᠎ᠠ ᠶᠢᠨ ᠨᠦᠭᠡᠴᠡ ᠪᠠᠨ ᠠᠰᠢᠬᠯᠡᠨ ᠪᠡᠯᠡ ᠤᠷᠤᠭᠤᠯᠬᠤ ᠳᠤ᠂ ᠪᠢᠳᠠ ᠶᠡᠷᠤ ᠠᠴᠠ ᠵᠠᠬ᠎ᠠ ᠲᠡᠯᠭᠡᠬᠦᠷ ᠤᠨ ᠵᠢᠮ᠎ᠡ ᠶᠤᠰᠤ ᠪᠠᠷ ᠤᠯᠠᠨ ᠡᠰᠢᠴᠢᠯᠡᠭᠰᠡᠨ᠂ ᠵᠠᠬ᠎ᠠ ᠲᠡᠯᠭᠡᠬᠦᠷᠴᠢᠯᠡᠭᠰᠡᠨ ᠠᠵᠢᠯᠯᠠᠭ᠎ᠠ ᠬᠢᠵᠤ᠂ ᠪᠠᠰᠠ ᠲᠤᠮᠳᠠᠳᠤ ᠤᠯᠤᠰ ᠪᠤᠯ ᠬᠠᠷᠢᠭᠤᠴᠠᠯᠭ᠎ᠠ ᠲᠠᠢ ᠤᠷᠲᠤ ᠬᠤᠭᠤᠴᠠᠭᠠᠨ ᠤ ᠪᠡᠯᠡ ᠤᠷᠤᠭᠤᠯᠤᠬᠴᠢ ᠮᠦᠨ᠃ ᠲᠤᠮᠳᠠᠳᠤ ᠠᠮᠧᠷᠢᠺᠠ ᠶᠢᠨ ᠬᠠᠷᠢᠴᠠᠭ᠎ᠠ ᠪᠤᠯ ᠬᠠᠮᠤᠭ ᠤᠨ ᠶᠡᠭᠡ ᠬᠦᠭᠵᠢᠵᠤ ᠪᠠᠶᠢᠭ᠎ᠠ ᠤᠯᠤᠰ ᠪᠤᠯᠤᠨ ᠬᠠᠮᠤᠭ ᠤᠨ ᠶᠡᠭᠡ ᠬᠦᠭᠵᠢᠭᠰᠡᠨ ᠤᠯᠤᠰ ᠤᠨ ᠬᠤᠭᠤᠷᠤᠨᠳᠤᠭᠢ ᠬᠠᠷᠢᠴᠠᠭ᠎ᠠ ᠮᠦᠨ᠂ ᠬᠤᠶᠠᠷ ᠤᠯᠤᠰ ᠤᠨ ᠠᠵᠤ ᠠᠬᠤᠢ ᠮᠠᠰᠢ ᠴᠢᠩᠭ᠎ᠠ ᠬᠠᠷᠢᠯᠴᠠᠨ ᠨᠦᠬᠦᠪᠦᠷᠢᠯᠡᠬᠦ ᠴᠢᠨᠠᠷᠲᠠᠢ ᠶᠤᠮ᠃ ᠲᠤᠮᠳᠠᠳᠤ ᠠᠮᠧᠷᠢᠺᠠ ᠶᠢᠨ ᠬᠠᠷᠢᠴᠠᠭᠠᠨ ᠤ ᠲᠤᠬᠲᠠᠭᠤᠨ ᠬᠦᠭᠵᠢᠯᠲᠠ ᠨᠢ ᠬᠤᠶᠠᠷ ᠤᠯᠤᠰ᠂ ᠲᠡᠯᠡᠭᠡᠢ ᠳ᠋ᠠᠬᠢᠨ ᠳᠤ ᠴᠦᠮ ᠰᠠᠶᠢᠨ ᠶᠠᠪᠤᠳᠠᠯ ᠪᠤᠯᠬᠤ ᠶᠤᠮ᠃ ᠲᠤᠮᠲᠠᠳᠤ ᠤᠯᠤᠰ ᠤᠨ ᠬᠦᠭᠵᠢᠯᠲᠠ ᠶᠢᠨ ᠲᠤᠬᠠᠢ ᠵᠠᠷᠢᠮ ᠰᠠᠨᠠᠭᠠᠰᠢᠷᠠᠯ ᠨᠢ ᠮᠢᠨᠤ ᠦᠵᠡᠬᠦ ᠪᠠᠷ ᠲᠡᠩᠳᠡᠬᠦᠤ ᠰᠠᠨᠠᠭᠠᠰᠢᠷᠠᠵᠤ ᠪᠠᠶᠢᠭ᠎ᠠ ᠶᠠᠪᠤᠳᠠᠯ ᠪᠤᠯᠤᠨ᠎ᠡ᠃      ᠳᠤᠮᠳᠠᠳᠤ ᠤᠯᠤᠰ ᠤᠨ ᠰᠤᠨᠢᠨ ᠮᠡᠳᠡᠭᠡᠨ ᠤ ᠬᠤᠷᠢᠶ᠎ᠠ ᠶᠢᠨ ᠰᠤᠷᠪᠤᠯᠵᠢᠯᠠᠭᠴᠢ᠄ ᠲᠦᠷᠦᠬᠦᠬᠡᠨ ᠳᠤᠮᠳᠠᠲᠤ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠵᠠᠷᠢᠮ ᠳᠠᠭᠠᠳᠬᠠᠯ ᠤᠨ ᠲᠦᠷᠦᠯ᠂ ᠮᠦᠡᠭᠭᠦᠨ ᠭᠦᠢᠯᠭᠡᠭᠡᠨ ᠤ ᠲᠦᠷᠦᠯ ᠤᠨ ᠠᠵᠤ ᠠᠬᠤᠶᠢᠯᠠᠯ ᠳᠤ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠠ ᠠᠪᠤᠭᠰᠠᠨ ᠢ ᠠᠩᠬᠠᠷᠴᠤ ᠮᠡᠳᠡᠪᠡ᠃ ᠲᠡᠭᠡᠪᠡᠯ ᠳᠡᠷᠡᠭᠠᠴᠢ ᠶᠢᠨ ᠠᠯᠬᠤᠮ ᠳᠤ ᠦᠷᠬᠦᠯᠵᠢᠯᠡᠨ ᠡᠶᠢᠮᠦᠷᠬᠦ ᠠᠷᠭ᠎ᠠ ᠶᠢ ᠠᠪᠤᠨ᠎ᠠ ᠤᠤ︖ ᠡᠨᠡ ᠨᠢ ᠳᠤᠮᠳᠠᠲᠤ ᠤᠯᠤᠰ ᠤᠨ ᠰᠢᠨ᠎ᠠ ᠨᠢᠭᠡᠨ ᠡᠭᠡᠯᠵᠢ ᠶᠢᠨ ᠠᠶᠤᠯ ᠲᠦᠭᠰᠢᠭᠦᠷᠢ ᠶᠢᠨ ᠵᠦᠢᠯ ᠦᠷᠬᠦᠯᠵᠢᠯᠡᠨ ᠤᠷᠤᠰᠢᠵᠤ ᠪᠠᠶᠢᠬᠤ ᠡᠰᠡᠬᠦ ᠶᠢ ᠬᠠᠷᠠᠭᠤᠯᠵᠤ ᠪᠠᠶᠢᠨ᠎ᠠ ᠤᠤ︖ ᠳᠤᠮᠳᠠᠲᠤ ᠤᠯᠤᠰ ᠲᠤ ᠰᠢᠰᠲ᠋ᠧᠮᠲᠦ ᠴᠢᠨᠠᠷᠲᠠᠢ ᠮᠦᠡᠭᠭᠦᠨ ᠭᠦᠢᠯᠭᠡᠭᠡᠨ ᠤ ᠠᠶᠤᠯ ᠲᠦᠭᠰᠢᠬᠦᠷᠢ ᠡᠭᠦᠰᠬᠦ ᠪᠤᠯᠤᠯᠴᠠᠭ᠎ᠠ ᠪᠠᠶᠢᠨ᠎ᠠ ᠤᠤ︖      ᠯᠢ ᠺᠧ ᠴᠢᠶᠠᠩ᠄ ᠪᠢ ᠬᠠᠷᠢᠭᠤᠴᠠᠯᠭ᠎ᠠ ᠡᠭᠦᠷᠭᠡᠯᠡᠵᠦ ᠬᠡᠯᠡᠶ᠎ᠠ᠂ ᠳᠤᠮᠳᠠᠳᠤ ᠤᠯᠤᠰ ᠰᠢᠰᠲ᠋ᠧᠮᠲᠦ ᠴᠢᠨᠠᠷᠲᠠᠢ ᠮᠦᠡᠭᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠲᠠᠢ᠂ ᠪᠠᠰᠠ ᠰᠢᠰᠲ᠋ᠧᠮᠲᠦ ᠴᠢᠨᠠᠷᠲᠠᠢ ᠮᠦᠡᠭᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠦᠭᠡᠢ ᠶᠤᠮ᠃ ᠤᠴᠢᠷ ᠨᠢ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠲᠠᠯ᠎ᠠ ᠰᠠᠶᠢᠨ ᠪᠠᠶᠢᠵᠤ᠂ ᠮᠦᠡᠭᠭᠦᠨ ᠭᠦᠢᠯᠭᠡᠭᠡᠨ ᠤ ᠡᠷᠭᠢᠯᠲᠡ ᠪᠠᠰᠠ ᠯᠠᠪᠳᠠᠭᠤᠨ ᠲᠤᠭᠳᠠᠭᠤᠨ ᠪᠠᠶᠢᠳᠠᠭ᠃ ᠬᠡᠯᠡᠯᠭᠡᠨ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠠ ᠨᠢᠭᠡᠨᠲᠡ 80 ᠭᠠᠷᠤᠢ ᠲᠦᠮᠡᠨ ᠳ᠋ᠦᠡᠭᠰᠢᠭᠤᠷ ᠲᠦᠭᠦᠷᠢᠭ ᠲᠤ ᠬᠦᠷᠴᠦ᠂ ᠪᠠᠩᠬᠢ ᠶᠢᠨ ᠬᠦᠷᠦᠩᠭᠡ 250 ᠭᠠᠷᠤᠢ ᠲᠦᠮᠡᠨ ᠳ᠋ᠦᠡᠭᠰᠢᠭᠤᠷ ᠲᠦᠭᠦᠷᠢᠭ ᠪᠠᠶᠢᠨ᠎ᠠ᠂ ᠬᠡᠷᠪᠡ ᠶᠠᠬ ᠠᠶᠤᠯ ᠲᠦᠭᠰᠢᠭᠦᠷᠢ ᠦᠭᠡᠢ ᠭᠡᠵᠦ ᠬᠡᠯᠡᠪᠡᠯ ᠲᠡᠶᠢᠮᠦ ᠪᠢᠰᠢ ᠶᠤᠮ᠃ ᠡᠩ ᠤᠨ ᠦᠭᠡᠨ ᠳᠤ᠄ ᠡᠭᠦᠯᠡ ᠵᠤᠵᠠᠠᠭᠠᠷᠠᠪᠠᠯ ᠪᠤᠷᠤᠭᠠᠨ ᠤᠷᠤᠵᠤ᠂ ᠮᠤᠳᠤ ᠦᠰᠪᠠᠯ ᠰᠠᠯᠬᠢ ᠤᠷᠢᠨ᠎ᠠ ᠭᠡᠳᠡᠭ᠃ ᠪᠢᠳᠡᠨ ᠤ ᠪᠠᠩᠬᠢ ᠶᠢᠨ ᠬᠦᠷᠦᠩᠭᠡ ᠶᠢᠨ ᠬᠦᠷᠦᠯᠴᠡᠬᠦᠶᠢᠴᠡ ᠬᠡᠮᠵᠢᠶ᠎ᠠ ᠪᠤᠯᠤᠨ ᠭᠠᠷᠭᠠᠯᠲᠠ ᠪᠡᠯᠡᠳᠭᠡᠯ ᠤᠨ ᠪᠦᠷᠬᠦᠴᠡ ᠶᠢᠨ ᠨᠤᠷᠮ᠎ᠠ ᠨᠡᠯᠢᠶᠡᠳ ᠦᠨᠳᠦᠷ ᠪᠠᠶᠢᠵᠤ᠂ ᠤᠯᠠᠨ ᠤᠯᠤᠰ ᠤᠨ ᠪᠠᠷᠢᠮᠵᠢᠶ᠎ᠠ ᠠᠴᠠ ᠦᠨᠳᠦᠷ ᠪᠠᠶᠢᠳᠠᠭ ᠭᠡᠵᠦ ᠠᠳᠡ ᠶᠠᠷᠢᠵᠤ ᠦᠡᠭᠭᠡᠷᠡᠭᠰᠡᠨ ᠢᠶᠠᠨ ᠪᠢ ᠴᠡᠭᠡᠵᠢᠯᠡᠵᠦ ᠪᠠᠶᠢᠨ᠎ᠠ᠃ ᠠᠳᠡ ᠲᠠᠬᠢᠭᠠᠳ ᠬᠡᠯᠡᠪᠡᠯ ᠤᠳᠤᠬᠠᠨ ᠳᠤ ᠪᠢᠳᠡᠨ ᠤ ᠬᠤᠳᠠᠯᠳᠤᠭᠠᠨ ᠤ ᠪᠠᠩᠬᠢ ᠶᠢᠨ ᠬᠠᠤᠯᠢ ᠶᠤᠰᠤᠨ ᠤ ᠵᠤᠭᠤᠰ ᠤᠨ ᠬᠠᠳᠠᠭᠠᠯᠠᠮᠵᠢ ᠶᠢᠨ ᠪᠡᠯᠡᠳᠭᠡᠯ ᠵᠤᠭᠤᠰ ᠤᠨ ᠨᠤᠷᠮ᠎ᠠ 15% ᠤᠷᠴᠢᠮ ᠪᠠᠶᠢᠵᠤ᠂ ᠡᠨᠡ ᠨᠢ ᠪᠠᠰᠠ 20 ᠭᠠᠷᠤᠢ ᠲᠦᠮᠡᠨ ᠳ᠋ᠦᠡᠭᠰᠢᠭᠤᠷ ᠲᠦᠬᠦᠷᠢᠭ ᠤᠨ ᠪᠡᠯᠡᠳᠭᠡᠯ ᠮᠦᠡᠭᠭᠦ ᠲᠠᠢ ᠲᠡᠩᠴᠡᠵᠦ᠂ ᠡᠰᠡᠭᠦᠯ᠎ᠠ ᠪᠠᠰᠠ ᠠᠶᠤᠯ ᠲᠦᠭᠰᠢᠭᠦᠷᠢ ᠶᠢᠨ ᠪᠡᠯᠡᠳᠭᠡᠯ ᠮᠦᠡᠭᠭᠦ ᠭᠡᠵᠦ ᠬᠡᠯᠡᠵᠦ ᠪᠤᠯᠤᠨ᠎ᠠ᠃      ᠡᠨᠡ ᠵᠢᠯ ᠪᠢᠳᠠ ᠪᠠᠰᠠ ᠤᠯᠠᠭᠠᠨ ᠲᠤᠭ᠎ᠠ ᠶᠢᠨ ᠨᠤᠷᠮ᠎ᠠ ᠶᠢ ᠰᠠᠨᠠᠭᠠᠴᠢᠯᠠᠭ᠎ᠠ ᠲᠠᠢ ᠪᠠᠷ ᠪᠠᠭᠤᠷᠠᠭᠤᠯᠪᠠ᠂ ᠢᠩᠬᠢᠭᠰᠡᠨ ᠤ ᠤᠴᠢᠷ ᠨᠢ ᠨᠢᠳᠤᠨᠤᠨ ᠵᠢᠯ ᠳᠤᠮᠳᠠᠳᠤ ᠤᠯᠤᠰ ᠤᠨ ᠠᠵᠤ ᠠᠬᠤᠢ ᠲᠤᠭᠳᠠᠭᠤᠨ ᠤ ᠳᠤᠮᠳᠠ ᠰᠠᠶᠢᠵᠢᠷᠠᠵᠤ᠂ ᠡᠳ᠋ ᠤᠨ ᠵᠠᠰᠠᠭ ᠤᠨ ᠤᠷᠤᠯᠭ᠎ᠠ ᠵᠢᠱᠢᠯᠳᠠ ᠠᠴᠠ ᠬᠤᠯᠠ ᠳᠠᠪᠠᠪᠠ᠃ ᠲᠠᠩ ᠭᠠᠭᠴᠠ ᠲᠦᠪ ᠤᠨ ᠡᠳ᠋ ᠤᠨ ᠵᠠᠰᠠᠭ 2500 ᠭᠠᠷᠤᠢ ᠳ᠋ᠦᠩᠰᠢᠭᠤᠷ ᠲᠦᠭᠦᠷᠢᠭ ᠤᠨ ᠢᠯᠡᠬᠦᠦ ᠤᠷᠤᠯᠭ᠎ᠠ ᠲᠠᠢ ᠪᠤᠯᠵᠦ᠂ ᠡᠬᠦᠨ ᠢ ᠤᠳᠤ ᠪᠤᠯᠳᠠᠯ᠎ᠠ ᠭᠡᠷᠡᠭᠯᠡᠭᠡᠳᠦᠢ ᠪᠠᠶᠢᠭᠰᠠᠭᠠᠷ᠃ ᠲᠡᠷᠡ ᠮᠦᠷᠳᠡᠭᠡᠨ ᠡᠨᠡ ᠵᠢᠯ ᠤᠨ ᠲᠦᠷᠦᠬᠦᠦ ᠬᠤᠶᠠᠷ ᠰᠠᠷ᠎ᠠ ᠶᠢᠨ ᠡᠳ᠋ ᠤᠨ ᠵᠠᠰᠠᠭ ᠤᠨ ᠤᠷᠤᠯᠭ᠎ᠠ ᠪᠠᠰᠠ ᠬᠤᠶᠠᠷ ᠤᠷᠤᠨᠳᠤ ᠲᠤᠭ᠎ᠠ ᠶᠢᠨ ᠨᠡᠮᠡᠭᠳᠡᠯ ᠲᠠᠢ ᠪᠤᠯᠵᠦ᠂ ᠡᠨᠡ ᠵᠢᠯ ᠤᠨ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ ᠪᠤᠯᠬᠤ ᠬᠠᠷᠠᠯᠳᠠ ᠪᠠ ᠢᠷᠡᠭᠡᠳᠦᠢ ᠶᠢᠨ ᠬᠦᠭᠵᠢᠯᠳᠠ ᠶᠢᠨ ᠵᠢᠱᠢᠯᠳᠠ ᠶᠢᠨ ᠲᠤᠬᠠᠢ ᠪᠢᠳᠠ ᠢᠳᠡᠭᠡᠯ ᠳᠡᠬᠦᠯᠳᠡᠷ ᠪᠠᠶᠢᠨ᠎ᠠ᠂ ᠡᠶᠢᠮᠦ ᠠᠴᠠ ᠪᠢᠳᠠ ᠪᠠᠰᠠ ᠡᠨᠡᠬᠦ ᠴᠢᠭᠯᠡᠯ ᠢᠶᠠᠷ ᠤᠯᠠᠭᠠᠨ ᠲᠤᠭ᠎ᠠ ᠶᠢᠨ ᠨᠤᠷᠮ᠎ᠠ ᠶᠢ ᠦᠷᠬᠦᠯᠵᠢᠯᠡᠨ ᠪᠠᠭᠤᠷᠠᠭᠤᠯᠬᠤ ᠪᠠᠷ ᠴᠢᠷᠮᠠᠶᠢᠨ᠎ᠠ᠃ ᠶᠠᠷᠢᠶᠠᠨ ᠦᠭᠡᠢ᠂ ᠤᠯᠠᠭᠠᠨ ᠲᠤᠭ᠎ᠠ ᠶᠢᠨ ᠨᠤᠷᠮ᠎ᠠ ᠶᠢ ᠪᠠᠭᠤᠷᠠᠭᠤᠯᠬᠤ ᠨᠢ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠬᠤᠪᠢᠷᠠᠭᠤᠯᠤᠨ᠎ᠠ ᠭᠡᠰᠡᠨ ᠦᠭᠡ ᠪᠢᠰᠢ᠃ ᠮᠠᠨ ᠤ ᠡᠨᠡ ᠵᠢᠯ ᠤᠨ ᠡᠳ᠋ ᠤᠨ ᠵᠠᠰᠠᠭ ᠤᠨ ᠵᠠᠷᠤᠯᠭ᠎ᠠ ᠨᠢ ᠨᠢᠳᠤᠨᠤᠨ ᠵᠢᠯ ᠤᠨ ᠵᠠᠷᠤᠯᠭ᠎ᠠ ᠠᠴᠠ ᠳᠠᠪᠠᠵᠦ᠂ ᠨᠡᠮᠡᠭᠳᠡᠯ ᠤᠨ ᠭᠡᠮᠵᠢᠶ᠎ᠠ ᠨᠢ ᠪᠠᠭ᠎ᠠ ᠪᠤᠰᠤ ᠪᠠᠶᠢᠨ᠎ᠠ᠃ ᠪᠢᠳᠠ ᠤᠯᠠᠭᠠᠨ ᠲᠤᠭ᠎ᠠ ᠶᠢᠨ ᠨᠤᠷᠮ᠎ᠠ ᠶᠢ ᠪᠠᠭᠤᠷᠠᠭᠤᠯᠤᠭᠰᠠᠨ ᠨᠢ ᠢᠳᠡᠭᠡᠯ ᠲᠠᠢ ᠪᠠᠶᠢᠭ᠎ᠠ ᠶᠢᠨ ᠢᠯᠡᠷᠡᠯ ᠪᠤᠯᠬᠤ ᠪᠠᠷ ᠪᠠᠷᠠᠬᠤ ᠦᠭᠡᠢ ᠪᠠᠰᠠᠴᠦ ᠭᠡᠷᠪᠡ ᠤᠯᠠᠨ ᠤᠯᠤᠰ ᠤᠨ ᠲᠤᠭᠳᠠᠪᠤᠷᠢᠳᠦ ᠪᠤᠰᠤ ᠡᠯᠧᠮᠧᠨ᠋ᠲ ᠨᠡᠮᠡᠭᠳᠡᠬᠦ᠂ ᠤᠯᠤᠰ ᠤᠨ ᠳᠤᠳᠤᠭᠠᠳᠦ ᠶᠢᠨ ᠵᠠᠷᠢᠮ ᠰᠢᠨ᠎ᠠ ᠲᠦᠭᠰᠢᠬᠦᠷᠢ ᠶᠢᠨ ᠴᠡᠭ ᠢᠯᠡᠷᠡᠬᠦ ᠵᠡᠷᠭᠡ ᠶᠢ ᠠᠷᠭᠠᠴᠠᠬᠤ ᠳᠤ ᠪᠡᠯᠡᠳᠭᠡᠯ ᠲᠠᠢ ᠪᠤᠯᠬᠤ ᠶᠢᠨ ᠲᠦᠯᠦᠭᠡ ᠶᠤᠮ᠃      ᠶᠠᠷᠢᠶᠠᠨ ᠦᠭᠡᠢ᠂ ᠮᠦᠩᠬᠦᠨ ᠬᠦᠢᠯᠭᠡᠭᠡᠨ ᠤ ᠬᠦᠷᠢᠶᠡᠨ ᠳᠤ ᠪᠠᠰᠠ ᠵᠠᠷᠢᠮ ᠬᠠᠤᠯᠢ ᠶᠢ ᠵᠦᠷᠢᠴᠡᠵᠦ ᠲᠦᠷᠢᠮ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠪᠤᠶᠤ ᠬᠢᠨᠠᠨ ᠬᠠᠮᠢᠶᠠᠷᠤᠯᠳᠠ ᠠᠴᠠ ᠵᠠᠶᠢᠯᠠᠵᠤ ᠳᠤᠳᠠᠭᠠᠭᠰᠠᠨ ᠠᠵᠢᠯᠯᠠᠭ᠎ᠠ ᠤᠷᠤᠰᠢᠵᠦ ᠪᠠᠶᠢᠨ᠎ᠠ᠃ ᠤᠶᠢᠷ᠎ᠠ ᠳᠤ ᠮᠠᠨ ᠤ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠰᠠᠨᠠᠭᠠᠴᠢᠯᠠᠭ᠎ᠠ ᠲᠠᠢ ᠪᠠᠷ ᠠᠵᠢᠯᠯᠠᠭ᠎ᠠ ᠠᠪᠴᠦ᠂ ᠡᠷᠡᠰ ᠳᠠᠰᠤᠷᠬᠠᠢ ᠰᠢᠢᠳᠪᠤᠷᠢᠯᠡᠭᠰᠡᠨ ᠨᠢ ᠡᠳᠡᠭᠡᠷ ᠵᠠᠷᠢᠮᠳᠤᠭ ᠲᠦᠭᠰᠢᠬᠦᠷᠢ ᠶᠢ ᠦᠷᠭᠡᠳᠭᠡᠬᠦ ᠦᠭᠡᠢ ᠶᠢᠨ ᠲᠦᠯᠦᠭᠡ ᠶᠤᠮ᠂ ᠴᠤᠭᠤᠯᠬᠤ ᠶᠤᠰᠤᠳᠠᠢ ︽ᠬᠦᠨᠳᠡᠬᠦᠷ ᠶᠠᠷ᠎ᠠ︾᠎ ᠶᠢ ᠴᠤᠭᠤᠯᠤᠨ᠎ᠠ᠂ ᠡᠰᠡᠪᠡᠰᠦ ᠶᠤᠰᠤ ᠰᠤᠷᠳᠠᠬᠤᠨ ᠤ ᠠᠶᠤᠯ ᠲᠦᠭᠰᠢᠬᠦᠷᠢ ᠳᠤ ᠲᠤᠯᠭᠠᠷᠠᠬᠤ ᠪᠤᠯᠤᠨ᠎ᠠ᠃ ᠰᠢᠢᠳᠪᠤᠷᠢᠯᠡᠬᠦ ᠶᠠᠪᠤᠴᠠ ᠳᠤ᠂ ᠪᠢᠳᠠ ᠭᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠬ ᠤᠨ ᠬᠠᠮᠠᠭᠠᠯᠠᠯᠳᠠ ᠶᠢ ᠴᠢᠬᠤᠯᠠᠴᠢᠯᠠᠵᠦ᠂ ᠲᠤᠷᠰᠢᠯᠭ᠎ᠠ ᠬᠤᠷᠠᠮᠳᠤᠭᠤᠯᠵᠠᠢ᠃ ᠢᠷᠡᠭᠡᠳᠦᠢ ᠳᠤ ᠡᠶᠢᠮᠦᠷᠬᠦ ᠠᠰᠠᠭᠤᠳᠠᠯ ᠢᠯᠡᠷᠡᠪᠡᠯ ᠪᠢᠳᠠ ᠮᠦᠨᠬᠦ ᠡᠷᠡᠰ ᠳᠠᠰᠤᠷᠬᠠᠢ ᠰᠢᠢᠳᠪᠤᠷᠢᠯᠡᠨ᠎ᠠ᠃      ᠮᠠᠨ ᠤ ᠡᠨᠡ ᠤᠳᠠᠭ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠳᠤ ᠪᠠᠩᠬᠢ ᠶᠢᠨ ᠬᠢᠨᠠᠯᠳᠠ ᠬᠠᠮᠢᠶᠠᠷᠤᠯᠳᠠ ᠪᠠ ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢ ᠨᠡᠶᠢᠯᠡᠬᠦᠯᠪᠡ᠂ ᠮᠦᠨᠬᠦ ᠬᠢᠨᠠᠯᠳᠠ ᠬᠠᠮᠢᠶᠠᠷᠤᠯᠳᠠ ᠠᠴᠠ ᠵᠠᠶᠢᠯᠠᠵᠤ ᠳᠤᠳᠠᠭᠠᠬᠤ ᠠᠵᠢᠯᠯᠠᠭ᠎ᠠ ᠡᠬᠦᠰᠬᠦ ᠶᠢ ᠰᠡᠷᠭᠡᠶᠢᠯᠡᠬᠦ ᠭᠡᠷᠡᠭᠲᠡᠢ᠃ ᠶᠠᠷᠢᠶᠠᠨ ᠦᠭᠡᠢ ᠪᠠᠰᠠ ᠨᠢᠭᠡ ᠬᠠᠭᠤᠴᠢᠨ ᠠᠰᠠᠭᠤᠳᠠᠯ ᠪᠤᠯ ᠳᠠᠷᠤᠢ ᠬᠠᠤᠯᠢ ᠪᠤᠰᠤ ᠪᠠᠷ ᠪᠡᠯᠡ ᠮᠦᠩᠬᠦ ᠴᠤᠬᠯᠠᠭᠤᠯᠬᠤ ᠶᠠᠪᠤᠳᠠᠯ ᠪᠤᠯᠤᠨ᠎ᠠ᠂ ᠵᠠᠰᠠᠭ ᠤᠨ ᠤᠷᠳᠤᠨ ᠠᠴᠠ ᠴᠤᠬᠢᠯᠳᠠ ᠦᠭᠬᠦ ᠡᠷᠴᠢᠮ ᠢᠶᠠᠨ ᠪᠠᠳᠤᠯᠠᠨ᠎ᠠ᠃ ᠠᠳᠡ ᠪᠢ ᠪᠠᠰᠠ ᠶᠠᠷᠢᠬᠤ ᠰᠠᠨᠠᠭᠠᠳᠠᠢ ᠵᠦᠢᠯ ᠪᠤᠯ᠂ ᠪᠡᠯᠡ ᠤᠷᠤᠭᠤᠯᠤᠬᠴᠢ ᠶᠠᠭᠠᠬᠢᠭᠰᠠᠨ ᠴᠦ ᠳᠡᠳᠡᠭᠡᠷ ᠬᠠᠤᠯᠢ ᠪᠤᠰᠤ ᠪᠠᠷ ᠪᠡᠯᠡ ᠮᠦᠩᠬᠦ ᠴᠤᠬᠯᠠᠭᠤᠯᠤᠬᠴᠢ ᠶᠢᠨ ᠬᠤᠳᠠᠯ ᠢᠶᠠᠷ ᠵᠤᠬᠢᠶᠠᠨ ᠶᠠᠷᠢᠬᠰᠠᠨ ︽ᠬᠤᠯᠤᠰᠤᠨ ᠰᠠᠬᠰᠤ ᠪᠠᠷ ᠤᠰᠤ ᠳᠠᠳᠠᠵᠦ ᠪᠤᠯᠤᠨ᠎ᠠ︾ ᠭᠡᠬᠦ ᠶᠠᠷᠢᠶ᠎ᠠ ᠶᠢ ᠢᠳᠡᠭᠡᠵᠦ ᠪᠤᠯᠬᠤ ᠦᠭᠡᠢ᠃      ᠦᠨᠦᠳᠦᠷ ᠤᠨ ᠤᠷᠤᠰ ᠤᠯᠠᠨ ᠤᠯᠤᠰ ᠤᠨ ᠴᠢᠮᠡᠭᠡᠯᠡᠯ ᠤᠨ ᠬᠤᠷᠢᠶ᠎ᠠ ᠶᠢᠨ ᠰᠤᠷᠪᠤᠯᠵᠢᠯᠠᠬᠴᠢ᠄ ᠬᠤᠶᠠᠷ ᠵᠢᠯ ᠤᠨ ᠡᠮᠦᠨ᠎ᠠ᠂ ᠪᠢ ᠲᠠᠨ ᠠᠴᠠ ᠳᠤᠮᠳᠠᠲᠤ ᠤᠷᠤᠰ ᠤᠨ ᠠᠵᠤ ᠠᠬᠤᠢ ᠠᠷᠠᠯᠵᠢᠶ᠎ᠠ ᠶᠢᠨ ᠬᠠᠮᠳᠤᠷᠠᠯᠴᠠᠭᠠᠨ ᠤ ᠲᠤᠬᠠᠢ ᠠᠰᠠᠭᠤᠯᠳᠠ ᠠᠰᠠᠭᠤᠬᠰᠠᠨ ᠶᠤᠮ᠃ ᠬᠤᠶᠠᠷ ᠵᠢᠯ ᠦᠩᠭᠡᠷᠡᠴᠢᠭᠡᠯ᠎ᠠ᠂ ᠵᠠᠷᠢᠮ ᠬᠦᠮᠦᠰ ᠮᠦᠨᠬᠦ ᠳᠤᠮᠳᠠᠲᠤ ᠤᠷᠤᠰ ᠤᠨ ᠬᠠᠷᠢᠴᠠᠭ᠎ᠠ ᠨᠢ ᠤᠯᠤᠰ ᠲᠦᠷᠦ ᠶᠢᠨ ᠲᠠᠯ᠎ᠠ ᠪᠠᠷ ᠬᠠᠯᠠᠭᠤᠨ ᠲᠠᠢ᠂ ᠠᠵᠤ ᠠᠬᠤᠢ ᠶᠢᠨ ᠲᠠᠯ᠎ᠠ ᠪᠠᠷ ᠬᠦᠢᠳᠡᠮᠰᠦᠭ ᠪᠠᠶᠢᠨ᠎ᠠ ᠭᠡᠵᠦ ᠪᠤᠢ᠃ ᠤᠷᠤᠰ ᠰᠠᠶ᠋ᠢᠬᠠᠨ ᠶᠡᠷᠦᠩᠭᠡᠶᠢᠯᠡᠭᠴᠢ ᠶᠢᠨ ᠶᠡᠭᠡ ᠰᠤᠩᠭᠤᠭᠤᠯᠢ ᠬᠢᠵᠦ᠂ ᠰᠢᠨ᠎ᠠ ᠵᠠᠰᠠᠭ ᠤᠨ ᠤᠷᠳᠤᠨ ᠢ ᠪᠠᠶᠢᠭᠤᠯᠵᠤ ᠪᠤᠢ᠃ ᠠᠳᠠᠯᠢᠬᠠᠨ ᠰᠢᠨ᠎ᠠ ᠪᠠᠷ ᠲᠤᠰᠢᠶᠠᠯ ᠳᠤ ᠭᠠᠷᠤᠭᠰᠠᠨ ᠳᠤᠮᠳᠠᠲᠤ ᠤᠯᠤᠰ ᠤᠨ ᠶᠡᠷᠦᠩᠭᠡᠢ ᠰᠠᠶᠢᠳ ᠪᠤᠯᠤᠭᠰᠠᠨ ᠤ ᠬᠤᠪᠢ ᠳᠤ᠂ ᠰᠢᠨ᠎ᠠ ᠨᠢᠭᠡ ᠬᠤᠭᠤᠴᠠᠭᠠᠨ ᠤ ᠤᠷᠤᠰ ᠤᠨ ᠵᠠᠰᠠᠭ ᠤᠨ ᠤᠷᠳᠤᠨ ᠶᠠᠮᠠᠷ ᠶᠠᠮᠠᠷ ᠠᠵᠢᠯᠯᠠᠭ᠎ᠠ ᠠᠪᠴᠦ ᠳᠤᠮᠳᠠᠲᠣ ᠤᠷᠤᠰ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢ ᠰᠠᠶᠢᠵᠢᠷᠠᠭᠤᠯᠬᠤ ᠶᠢ ᠬᠦᠰᠡᠵᠦ ᠪᠠᠶᠢᠬᠤ ᠪᠤᠢ︖ ᠡᠬᠦᠨ ᠤ ᠵᠡᠷᠭᠡᠪᠡᠷ᠂ ᠳᠤᠮᠳᠠᠲᠤ ᠤᠯᠤᠰ ᠤᠨ ᠵᠠᠰᠠᠭ ᠤᠨ ᠤᠷᠳᠤᠨ ᠪᠠᠰᠠ ᠶᠠᠮᠠᠷ ᠶᠠᠮᠠᠷ ᠠᠷᠭ᠎ᠠ ᠭᠡᠮᠵᠢᠶ᠎ᠠ ᠠᠪᠬᠤ ᠪᠤᠢ︖ ᠡᠬᠦᠨ ᠠᠴᠠ ᠭᠠᠳᠠᠨ᠎ᠠ᠂ ᠲᠠ ᠤᠷᠤᠰ ᠲᠤ ᠶᠠᠮᠠᠷ ᠶᠠᠩᠵᠦ ᠶᠢᠨ ᠤᠯᠤᠰ ᠲᠦᠷᠦ ᠶᠢᠨ ᠲᠤᠬᠢᠶ᠎ᠠ ᠳᠠᠮᠵᠢᠭᠤᠯᠬᠤ ᠪᠤᠢ︖      ᠯᠢ ᠺᠧ ᠴᠢᠶᠠᠩ᠄ 19᠎ ᠤ ᠡᠳᠦᠷ ᠤᠨ ᠦᠳᠡ ᠶᠢᠨ ᠬᠤᠶᠢᠨ᠎ᠠ᠂ ᠲᠡᠷᠢᠬᠦᠯᠡᠭᠴᠢ ᠰᠢ ᠶᠢᠨ ᠫᠢᠩ ᠪᠠ ᠶᠡᠷᠦᠩᠭᠡᠶᠢᠯᠡᠭᠴᠢ ᠫᠦᠲ᠋ᠢᠨ ᠤᠳᠠᠰᠤ ᠪᠠᠷ ᠶᠠᠷᠢᠯᠴᠠᠵᠦ᠂ ᠲᠡᠷᠢᠬᠦᠯᠡᠭᠴᠢ ᠰᠢ ᠶᠢᠨ ᠫᠢᠩ ᠶᠡᠷᠦᠩᠭᠡᠶᠢᠯᠡᠭᠴᠢ ᠫᠦᠲ᠋ᠢᠨ ᠤ ᠲᠤᠰᠢᠶᠠᠯ ᠢᠶᠠᠨ ᠵᠠᠯᠭᠠᠨ ᠡᠬᠦᠷᠭᠡᠯᠡᠬᠦ ᠪᠤᠯᠤᠭᠰᠠᠨ ᠳᠤ ᠪᠠᠶᠠᠷ ᠬᠦᠷᠭᠡᠪᠡ᠃      ᠳᠠᠨ ᠤ ᠰᠠᠶ᠋ᠢ ᠶᠢᠨ ᠳᠤᠷᠠᠳᠤᠬᠰᠠᠨ ᠳᠤᠮᠳᠠᠳᠤ ᠤᠷᠤᠰ ᠤᠨ ᠠᠵᠥ ᠠᠬᠤᠢ ᠠᠷᠠᠯᠵᠢᠶ᠎ᠠ ᠶᠢᠨ ᠬᠠᠷᠢᠯᠴᠠᠭ᠎ᠠ ᠡᠮᠤᠨ᠎ᠡ ᠬᠡᠳᠤᠨ ᠵᠢᠯ ᠳᠤ ︽ᠮᠤᠷᠢᠨ ᠡᠮᠡᠬᠡᠯ ᠤᠨ ᠬᠡᠯᠪᠡᠷᠢ︾᠎ ᠲᠠᠢ ᠪᠤᠯᠵᠠᠢ ᠬᠡᠰᠡᠨ ᠨᠢ ᠳᠡᠯᠡᠬᠡᠢ ᠶᠢᠨ ᠠᠷᠠᠯᠵᠢᠶᠠᠨ ᠤ ᠪᠠᠶᠢᠳᠠᠯ ᠤᠨ ᠬᠤᠪᠢᠷᠠᠯᠳᠠ᠂ ᠤᠯᠠᠨ ᠤᠯᠤᠰ ᠤᠨ ᠪᠦᠬᠡᠮ ᠳᠠᠸᠠᠷ ᠤᠨ ᠦᠨ᠎ᠡ ᠪᠠᠭᠤᠷᠠᠬᠰᠠᠨ ᠵᠡᠷᠬᠡ ᠪᠤᠰᠤᠳᠴᠢ ᠰᠢᠯᠳᠠᠭᠠᠨ ᠠᠴᠠ ᠪᠤᠯᠤᠬᠰᠠᠨ ᠶᠤᠮ᠃ ᠨᠢᠳᠤᠨᠤᠨ ᠳᠤᠮᠳᠠᠳᠤ ᠤᠷᠤᠰ ᠤᠨ ᠠᠵᠥ ᠠᠬᠤᠢ ᠠᠷᠠᠯᠵᠢᠶᠠᠨ ᠤ ᠪᠠᠶᠢᠳᠠᠯ ᠳᠤ ᠰᠢᠨ᠎ᠡ ᠬᠦᠭᠵᠢᠯᠳᠡ ᠲᠠᠢ ᠪᠤᠯᠵᠥ᠂ ᠠᠷᠠᠯᠵᠢᠶᠠᠨ ᠤ ᠬᠡᠪᠴᠢᠶ᠎ᠠ 20%᠎ ᠠᠴᠠ ᠳᠡᠬᠡᠭᠰᠢ ᠨᠡᠮᠡᠭᠳᠡᠵᠡᠢ᠃ ᠤᠳᠤᠬᠠᠨ ᠳᠤ ᠳᠤᠮᠳᠠᠳᠤ ᠤᠷᠤᠰ ᠬᠤᠶᠠᠷ ᠳᠤᠮᠤ ᠠᠵᠥ ᠠᠬᠤᠢ ᠶᠢᠨ ᠴᠤᠬᠴᠠ ᠶᠢᠨ ᠵᠢᠯ ᠤᠨ ᠠᠷᠠᠯᠵᠢᠶᠠᠨ ᠤ ᠬᠡᠪᠴᠢᠶ᠎ᠠ 800 ᠢᠯᠡᠬᠦᠦ ᠳ᠋ᠦᠩᠰᠢᠭᠤᠷ ᠳ᠋ᠤᠯᠯᠠᠷ ᠲᠤ ᠬᠦᠷᠴᠤ᠂ ᠮᠢᠨᠦ ᠪᠤᠳᠤᠬᠤ ᠪᠠᠷ ᠪᠠᠰᠠ ᠯᠤᠳᠤ ᠶᠡᠭᠡ ᠬᠦᠭᠵᠢᠯᠳᠡ ᠶᠢᠨ ᠳᠠᠯᠳᠠ ᠬᠦᠴᠦᠨ ᠲᠠᠢ ᠶᠤᠮ᠃ ᠪᠢᠳᠡ ᠳᠤᠬᠳᠠᠴᠠ ᠶᠢᠨ ᠰᠢᠨ᠎ᠡ ᠶᠢ ᠡᠬᠦᠳᠴᠤ᠂ ᠳᠠᠯᠳᠠ ᠬᠦᠴᠦᠨ ᠢᠶᠠᠨ ᠠᠭᠤᠳᠠᠯᠵᠥ ᠪᠠᠶᠢᠭᠠᠳ 1000 ᠳ᠋ᠦᠩᠰᠢᠭᠤᠷ ᠳ᠋ᠤᠯᠯᠠᠷ ᠤᠨ ᠬᠠᠷᠠᠯᠳᠠ ᠳᠠᠭᠠᠨ ᠪᠦᠷᠢᠮᠤᠰᠤᠨ ᠬᠦᠷᠴᠤ ᠪᠤᠯᠤᠨ᠎ᠡ᠃ ᠤᠷᠤᠰ ᠤᠨ ᠠᠷᠠᠳ ᠳᠦᠮᠡᠨ ᠳᠤ ᠶᠠᠮᠠᠷᠰᠢᠦ ᠳᠤᠬᠢᠶ᠎ᠠ ᠢᠯᠡᠬᠡᠬᠦ ᠪᠤᠢ ᠬᠡᠪᠡᠯ᠂ ᠳᠠᠷᠤᠢ᠄ ᠳᠤᠮᠳᠠᠳᠤ ᠤᠷᠤᠰ ᠪᠤᠯ ᠬᠠᠷᠢᠯᠴᠠᠨ ᠬᠠᠮᠤᠭ ᠳᠤᠮᠤ ᠬᠦᠷᠰᠢ ᠤᠯᠤᠰ ᠪᠤᠯᠤᠨ᠎ᠡ᠂ ᠳᠤᠮᠳᠠᠳᠤ ᠤᠷᠤᠰ ᠤᠨ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠴᠠᠭ᠎ᠠ ᠳᠤᠬᠳᠠᠭᠤᠨ ᠢᠶᠠᠷ ᠬᠦᠭᠵᠢᠬᠦ ᠨᠢ ᠬᠤᠶᠠᠷ ᠳᠠᠯ᠎ᠠ ᠳᠤ᠂ ᠪᠦᠬᠦ ᠳᠡᠯᠡᠬᠡᠢ ᠳᠤ ᠪᠦᠷ ᠠᠰᠢᠭ ᠲᠠᠢ ᠶᠤᠮ᠃      ᠲᠠᠶᠢᠸᠠᠨ ᠤ ᠳ᠋ᠦᠩ ᠰᠧᠨ ᠳᠧᠯᠸᠢᠰ ᠬᠤᠷᠢᠶ᠎ᠠ ᠶᠢᠨ ᠰᠤᠷᠪᠤᠯᠵᠢᠯᠠᠬᠴᠢ᠄ ᠦᠢᠷ᠎ᠠ ᠶᠢᠨ ᠵᠢᠯ ᠳᠤ ᠠᠯᠢ ᠤᠯᠠᠨ ᠰᠢᠯᠳᠠᠭᠠᠨ ᠠᠴᠠ ᠪᠤᠯᠵᠥ ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠬᠠᠷᠢᠴᠠᠭ᠎ᠠ ᠬᠠᠲᠠᠭᠤ ᠰᠢᠷᠦᠬᠦᠨ ᠦᠷᠢᠰᠦᠯᠳᠦᠬᠡᠨ ᠳᠤ ᠳᠤᠯᠭᠠᠷᠠᠵᠥ᠂ ᠢᠷᠡᠬᠡᠳᠦᠢ ᠶᠢᠨ ᠬᠠᠨᠳᠤᠰᠢ ᠨᠢ ᠬᠦᠮᠦᠰ ᠢ ᠵᠤᠪᠠᠭᠠᠮᠠᠷ ᠪᠠᠶᠢᠭ᠎ᠠ ᠶᠢ ᠪᠢᠳᠡ ᠤᠯᠵᠥ ᠬᠠᠷᠠᠯ᠎ᠠ᠂ ᠮᠢᠨᠦ ᠠᠰᠠᠭᠤᠬᠤ ᠬᠡᠵᠥ ᠪᠠᠶᠢᠭ᠎ᠠ ᠨᠢ ᠡᠨᠡᠬᠦ ᠪᠠᠶᠢᠳᠠᠯ ᠳᠤ ᠴᠢᠭᠯᠡᠬᠦᠯᠦᠨ᠂ ᠡᠬᠡ ᠬᠠᠭᠤᠷᠠᠢ ᠶᠢᠨ ᠳᠠᠯ᠎ᠡ ᠠᠴᠠ ᠢᠷᠡᠬᠡᠳᠦᠢ ᠳᠤ ᠬᠡᠷᠬᠢᠨ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠬᠠᠷᠢᠯᠴᠠᠭ᠎ᠠ ᠶᠢᠨ ᠡᠩᠬᠡ ᠲᠠᠶᠢᠪᠤᠡᠭ ᠬᠦᠭᠵᠢᠯᠳᠡ ᠶᠢ ᠬᠠᠮᠠᠭᠠᠯᠠᠬᠤ ᠪᠤᠢ︖ ᠵᠢᠴᠢ ᠬᠡᠷᠬᠢᠨ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠠᠬ᠎ᠠ ᠳᠡᠬᠦᠦ ᠨᠠᠷ ᠤᠨ ᠪᠤᠶᠠᠨ ᠵᠢᠷᠭᠠᠯ ᠢ ᠬᠠᠮᠠᠭᠠᠯᠠᠬᠤ ᠪᠤᠢ︖      ᠯᠢ ᠺᠧ ᠴᠢᠶᠠᠩ᠄ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠡᠩᠬᠡ ᠲᠠᠶᠢᠪᠤᠡᠭ ᠬᠦᠭᠵᠢᠯᠲᠡ ᠶᠢ ᠪᠠᠷᠢᠮᠳᠠᠯᠠᠬᠤ ᠪᠤᠯ ᠳᠡᠷᠡ ᠴᠢᠭ ᠢᠶᠠᠷ ᠢᠶᠠᠨ ᠬᠤᠶᠠᠷ ᠬᠦᠪᠡᠬᠡᠨ ᠤ ᠤᠯᠠᠨ ᠳᠦᠮᠡᠨ ᠤ ᠪᠤᠶᠠᠨ ᠵᠢᠷᠭᠠᠯ ᠪᠠᠶᠢᠵᠤ ᠳᠠᠭᠠᠷᠠᠨ᠎ᠠ᠂ ᠪᠢᠳᠡ ᠡᠨᠡᠬᠦ ᠵᠠᠮ ᠢᠶᠠᠷ ᠡᠷᠡᠰ ᠵᠠᠮᠨᠠᠬᠤ ᠶᠤᠮ᠃ ᠪᠢᠳᠡ ᠬᠡᠷᠬᠢᠨ ᠲᠠᠶᠢᠸᠠᠨ ᠤ ᠠᠬ᠎ᠠ ᠳᠡᠬᠦᠦ ᠨᠠᠷ ᠤᠨ ᠡᠬᠡ ᠬᠠᠭᠤᠷᠠᠢ ᠳᠤ ᠢᠷᠡᠵᠥ ᠠᠵᠢᠯᠯᠠᠵᠥ᠂ ᠰᠤᠷᠤᠯᠴᠠᠵᠥ᠂ ᠠᠮᠢᠳᠤᠷᠠᠬᠤ ᠳᠤ ᠠᠳᠠᠯᠢᠬᠠᠨ ᠬᠠᠷᠠᠭᠠᠯᠵᠠᠯ ᠬᠦᠷᠳᠡᠬᠡᠬᠦ ᠶᠢ ᠪᠤᠳᠤᠯᠬᠢᠯᠠᠬᠰᠠᠭᠠᠷ ᠶᠤᠮ᠂ ᠤᠴᠢᠷ ᠨᠢ ᠪᠢᠳᠡ ᠪᠤᠯ ᠨᠢᠬᠡ ᠬᠡᠷ ᠤᠨ ᠬᠦᠮᠦᠰ᠃ ᠶᠠᠭ ᠨᠢᠬᠡ ᠳᠤᠮᠳᠠᠲᠤ ᠤᠯᠤᠰ ᠲᠤ ᠤᠷᠤᠰᠢᠵᠥ ᠪᠠᠶᠢᠭ᠎ᠠ ᠤᠴᠢᠷ ᠠᠴᠠ᠂ ᠠᠯᠢᠪᠠ ︽ᠲᠠᠶᠢᠸᠠᠨ ᠢ ᠳᠤᠰᠠᠭᠠᠷ ᠳᠤᠬᠳᠠᠨᠢᠭᠤᠯᠬᠤ︾ ᠭᠤᠷᠢᠳᠠᠯᠭ᠎ᠠ᠂ ᠵᠤᠷᠢᠯᠭ᠎ᠠ ᠪᠤᠯᠤᠨ ᠠᠵᠢᠯᠯᠠᠭ᠎ᠠ ᠶᠢ ᠬᠦᠯᠢᠴᠡᠵᠥ ᠴᠢᠳᠠᠬᠤ ᠦᠬᠡᠢ᠂ ᠪᠠᠰᠠ ᠭᠠᠳᠠᠭᠠᠳᠤ ᠤᠯᠤᠰ ᠤᠨ ᠬᠦᠴᠦᠨ ᠠᠴᠠ ᠲᠠᠶᠢᠸᠠᠨ ᠤ ᠤᠴᠢᠷ ᠲᠤ ᠭᠠᠷ ᠳᠦᠷᠦᠬᠦ ᠶᠢ ᠵᠦᠪᠰᠢᠶᠡᠷᠡᠬᠦ ᠦᠬᠡᠢ᠂ ᠡᠨᠡ ᠨᠢ ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠠᠬ᠎ᠠ ᠳᠡᠬᠦᠦ ᠨᠠᠷ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠬᠠᠷᠢᠴᠠᠭ᠎ᠠ ᠳᠤ ᠪᠦᠷ ᠬᠦᠴᠢᠷ ᠠᠰᠠᠭᠤᠳᠠᠯ ᠳᠤᠯᠭᠠᠷᠠᠭᠤᠯᠬᠤ ᠪᠤᠯᠤᠨ᠎ᠡ᠃ ᠪᠢᠳᠡ ᠨᠢᠬᠡ ᠳᠤᠮᠳᠠᠳᠤ ᠤᠯᠤᠰ ᠤᠨ ᠵᠠᠷᠴᠢᠮ ᠢ ᠢᠯᠡᠷᠡᠬᠦᠯᠦᠭᠰᠡᠨ ︽ᠶᠡᠷᠡᠨ ᠬᠤᠶᠠᠷ ᠤᠨ ᠤ ᠬᠠᠮᠳᠤ ᠶᠢᠨ ᠳᠠᠨᠢᠯᠳᠠ︾᠎ ᠶᠢ ᠮᠡᠳᠡᠷᠡᠳᠡᠭ ᠲᠠᠶᠢᠸᠠᠨ ᠤ ᠳᠦᠷᠦ ᠶᠢᠨ ᠨᠠᠮ᠂ ᠪᠦᠯᠬᠦᠮ ᠨᠡᠶᠢᠲᠡ ᠲᠠᠢ ᠶᠠᠷᠢᠯᠴᠠᠭ᠎ᠠ᠂ ᠵᠦᠪᠯᠡᠯᠴᠡᠬᠡᠷ ᠦᠷᠨᠢᠬᠦᠯᠬᠦ ᠳᠤᠷᠠᠳᠠᠢ ᠪᠠᠶᠢᠵᠤ᠂ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠠᠬ᠎ᠠ ᠳᠡᠬᠦᠦ ᠨᠠᠷ ᠤᠨ ᠬᠠᠯᠠᠮᠵᠢᠯᠠᠵᠥ ᠪᠠᠶᠢᠭ᠎ᠠ ᠠᠰᠠᠭᠤᠳᠠᠯ ᠢ ᠬᠠᠮᠳᠤᠪᠡᠷ ᠵᠦᠪᠳᠡᠯᠴᠡᠨ ᠰᠢᠢᠳᠪᠤᠷᠢᠯᠡᠵᠤ᠂ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠬᠠᠷᠢᠴᠠᠭ᠎ᠠ ᠶᠢᠨ ᠡᠩᠬᠡ ᠲᠠᠶᠢᠪᠤᠡᠭ ᠬᠦᠭᠵᠢᠯᠳᠡ ᠶᠢ ᠬᠠᠮᠠᠭᠠᠯᠠᠵᠥ᠂ ᠬᠠᠮᠤᠬ ᠡᠴᠤᠰ ᠲᠤ ᠡᠬᠡ ᠤᠯᠤᠰ ᠤᠨ ᠡᠩᠬᠡ ᠲᠠᠶᠢᠪᠤᠡᠭ ᠨᠢᠬᠡᠳᠦᠯ ᠢ ᠪᠡᠶᠡᠯᠡᠬᠦᠯᠤᠨ᠎ᠡ᠃ ᠡᠨᠡ ᠪᠤᠯ ᠦᠨᠳᠦᠰᠦᠳᠡᠨ ᠤ ᠶᠡᠭᠡ ᠵᠢᠷᠤᠮ ᠪᠠᠶᠢᠵᠤ ᠳᠠᠭᠠᠷᠠᠨ᠎ᠠ᠃      ᠭᠤᠸᠠᠩᠮᠢᠩ ᠡᠲᠦᠷ ᠤᠨ ᠰᠤᠨᠢᠨ ᠤ ᠬᠤᠷᠢᠶᠠᠠ ᠤ ᠰᠤᠷᠪᠤᠯᠵᠢᠯᠠᠭᠴᠢ᠄ ᠤᠶᠢᠷ᠎ᠠ ᠶᠢᠨ ᠵᠢᠯ ᠠᠴᠠ ᠨᠠᠰᠢ᠂ ᠮᠠᠠ ᠤ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠯᠡᠲᠡ ᠬᠡᠳᠦᠶᠢᠪᠡᠷ ᠵᠠᠷᠢᠮ ᠰᠢᠨ᠎ᠠ ᠠᠬᠢᠯᠲᠠ ᠲᠠᠢ ᠪᠤᠯᠤᠭᠰᠠᠠ ᠪᠤᠯᠪᠠᠴᠤ ᠨᠢᠭᠡ ᠤᠲᠠᠭ᠎ᠠ ᠬᠦᠨᠲᠦ ᠡᠪᠡᠳᠴᠢᠯᠡᠪᠡᠯ ᠨᠢᠭᠡ ᠭᠡᠷ ᠪᠦᠯᠢ ᠶᠢ ᠬᠦᠴᠢᠷᠲᠡᠯᠲᠦ ᠪᠠᠶᠢᠳᠠᠯ ᠳᠤ ᠤᠷᠤᠭᠤᠯᠵᠤ ᠪᠠᠶᠢᠬᠤ ᠦᠵᠡᠭᠲᠡᠯ ᠪᠠᠰᠠ ᠭᠠᠷᠴᠤ ᠪᠠᠶᠢᠨ᠎ᠠ᠃ ᠶᠡᠷᠦᠩᠭᠡᠢ ᠰᠠᠶᠢᠳ ᠡ᠂ ᠰᠢᠨ᠎ᠠ ᠨᠢᠭᠡ ᠬᠤᠭᠤᠴᠠᠭᠠᠠ ᠤ ᠵᠠᠰᠠᠭ ᠤᠨ ᠤᠷᠲᠤᠨ ᠡᠭᠡᠯ ᠠᠷᠠᠳ ᠤᠨ ᠡᠪᠡᠳᠴᠢᠯᠡᠭᠰᠡᠡ ᠠᠴᠠ ᠪᠤᠯᠵᠦ ᠶᠠᠲᠠᠭᠤᠷᠠᠵᠦ ᠪᠠᠶᠢᠬᠤ ᠠᠰᠠᠭᠤᠲᠠᠯ ᠢ ᠰᠢᠢᠳᠪᠦᠷᠢᠯᠡᠬᠦ ᠲᠠᠯ᠎ᠠ ᠪᠠᠷ ᠶᠠᠮᠠᠷᠰᠢᠤ ᠰᠢᠨ᠎ᠡ ᠠᠷᠭ᠎ᠠ ᠬᠡᠮᠵᠢᠶ᠎ᠠ ᠠᠪᠬᠤ ᠪᠤᠢ︖      ᠯᠢ ᠺᠧ ᠴᠢᠶᠠᠩ᠄ ᠦᠩᠭᠡᠷᠡᠭᠰᠡᠡ ᠭᠡᠲᠦᠨ ᠵᠢᠯ ᠳᠤ ᠪᠢᠲᠠ ᠶᠡᠭᠡ ᠴᠢᠷᠮᠠᠶᠢᠭᠰᠠᠨ᠂ ᠦᠩᠭᠡᠷᠡᠭᠰᠡᠡ ᠤ ᠰᠠᠭᠤᠷᠢᠨ ᠲᠡᠭᠡᠷ᠎ᠠ ᠦᠨᠲᠦᠰᠦᠨ ᠡᠮ ᠡᠮᠨᠡᠯᠭᠡ ᠶᠢᠨ ᠲᠠᠭᠠᠳᠬᠠᠯ ᠤᠨ ᠲᠦᠷᠢᠮ ᠢ ᠲᠡᠭᠦᠯᠲᠡᠷᠵᠢᠭᠦᠯᠵᠦ᠂ ᠲᠡᠯᠡᠭᠡᠢ ᠲᠡᠭᠡᠷᠡᠬᠢ ᠬᠠᠮᠤᠭ ᠤᠨ ᠲᠤᠮᠤ ᠡᠮᠨᠡᠯᠭᠡ ᠶᠢᠨ ᠲᠠᠭᠠᠳᠬᠠᠯ ᠤᠨ ᠲᠤᠤᠷ ᠢ ᠪᠠᠶᠢᠭᠤᠯᠵᠠᠢ᠂ ᠡᠨᠡ ᠨᠢ ᠲᠠᠷᠤᠢ ᠬᠦᠮᠦᠰ ᠢ ᠪᠠᠭ᠎ᠠ ᠡᠪᠡᠳᠴᠢᠨ ᠢ ᠦᠵᠡᠭᠦᠯᠵᠦ ᠳᠡᠶᠢᠯᠬᠦ᠂ ᠬᠦᠨᠲᠦ ᠡᠪᠡᠳᠴᠢᠨ ᠢ ᠵᠤᠷᠢᠠᠠᠲᠠᠢ ᠦᠵᠡᠭᠦᠯᠬᠦ ᠶᠢᠨ ᠲᠦᠯᠦᠭᠡ ᠪᠢᠯᠡ᠃ ᠭᠡᠲᠡᠯ᠎ᠠ ᠪᠢᠲᠠ ᠪᠠᠰᠠ ᠵᠠᠷᠢᠮ ᠶᠠᠲᠠᠭᠤ ᠬᠦᠴᠢᠷᠲᠠᠯᠲᠠᠢ ᠭᠡᠷ ᠪᠦᠯᠢ ᠬᠦᠨᠲᠦ ᠡᠪᠡᠳᠴᠢᠠ ᠢᠶᠠᠨ ᠦᠵᠡᠭᠦᠯᠬᠦ ᠳᠤ ᠬᠦᠴᠢᠷ ᠪᠠᠶᠢᠬᠤ ᠶᠢ ᠤᠶᠢᠯᠠᠭᠠᠵᠤ ᠮᠡᠲᠡᠵᠠᠢ᠃ ᠲᠠᠠ ᠤ ᠰᠠᠶ᠋ᠢᠬᠠᠨ ᠶᠠᠷᠢᠭᠰᠠᠠ ᠠᠰᠠᠭᠤᠲᠠᠯ ᠭᠠᠭᠴᠡᠬᠦ ᠶᠠᠲᠠᠭᠤ ᠬᠦᠴᠢᠷᠲᠠᠯᠲᠠᠢ ᠭᠡᠷ ᠪᠦᠯᠢ ᠳᠤ ᠯᠠ ᠤᠷᠤᠰᠢᠵᠦ ᠪᠠᠶᠢᠭ᠎ᠠ ᠠᠰᠠᠭᠤᠲᠠᠯ ᠪᠢᠰᠢ᠂ ᠪᠠᠰᠠ ᠵᠠᠷᠢᠮ ᠰᠢᠯᠢᠲᠡᠭ ᠡᠮ ᠡᠮᠨᠡᠯᠭᠡ ᠶᠢᠨ ᠡᠬᠢ ᠪᠠᠶᠠᠯᠢᠭ ᠢ ᠤᠯᠵᠦ ᠡᠳ᠋ᠯᠡᠵᠦ ᠳᠡᠶᠢᠯᠬᠦ ᠦᠭᠡᠢ ᠪᠠᠶᠢᠭ᠎ᠠ ᠭᠡᠷ ᠪᠦᠯᠢ ᠳᠤ ᠪᠠᠰᠠ ᠠᠲᠠᠯᠢᠬᠠᠠ ᠠᠰᠠᠭᠤᠲᠠᠯ ᠤᠷᠤᠰᠢᠵᠦ ᠪᠠᠶᠢᠨ᠎ᠠ᠂ ᠰᠢᠨ᠎ᠠ ᠵᠠᠭᠤᠴᠢᠯᠠᠭᠤᠷ ᠲᠡᠭᠡᠷ᠎ᠠ ᠦᠷᠬᠦᠯᠵᠢ ᠮᠡᠲᠡᠭᠡᠯᠡᠵᠦ ᠪᠠᠶᠢᠨ᠎ᠠ᠃      ᠲᠤᠮᠲᠠᠲᠤ ᠤᠯᠤᠰ ᠲᠤᠩ ᠶᠡᠭᠡ᠂ ᠪᠠᠰᠠ ᠭᠤᠷᠪᠠᠠ ᠮᠢᠩᠭ᠎ᠠ ᠭᠠᠷᠤᠢ ᠲᠦᠮᠡᠡ ᠶᠠᠲᠠᠭᠤ ᠬᠦᠴᠢᠷᠲᠠᠯᠲᠠᠢ ᠬᠦᠮᠦᠨ ᠠᠮᠠ ᠪᠠᠶᠢᠨ᠎ᠠ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠠᠲᠠᠭᠤ ᠠᠴᠠ ᠠᠩᠭᠢᠵᠢᠷᠠᠭᠤᠯᠬᠤ  ᠰᠢᠪᠲᠤᠯᠤᠯᠲᠠ ᠶᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ ᠡᠨᠡ ᠤᠲᠠᠭᠠᠠ ᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠢᠯᠠᠯᠲᠠ ᠤᠯᠤᠨ᠎ᠠ ᠭᠡᠵᠦ ᠪᠦᠬᠦ ᠨᠡᠶᠢᠭᠡᠮ ᠳᠤ ᠠᠮᠠᠯᠠᠯᠲᠠ ᠬᠢᠭᠰᠡᠡ ᠪᠠᠶᠢᠨ᠎ᠠ᠃ ᠶᠠᠲᠠᠭᠤ ᠬᠦᠴᠢᠷᠲᠠᠯᠲᠠᠢ ᠬᠦᠮᠦᠨ ᠠᠮᠠ ᠶᠢᠨ ᠲᠤᠲᠤᠷ᠎ᠠ᠂ ᠨᠡᠯᠢᠶᠡᠳ ᠤᠯᠠᠠ ᠨᠢ ᠬᠦᠨᠲᠦ ᠡᠪᠡᠳᠴᠢᠯᠡᠭᠰᠡᠡ ᠠᠴᠠ ᠪᠤᠯᠵᠦ ᠶᠠᠲᠠᠭᠤᠷᠠᠭᠰᠠᠠ ᠪᠤᠶᠤ ᠬᠦᠨᠲᠦ ᠡᠪᠡᠳᠴᠢᠯᠡᠭᠰᠡᠡ ᠠᠴᠠ ᠪᠤᠯᠵᠦ ᠲᠠᠬᠢᠨ ᠶᠠᠲᠠᠭᠤᠷᠠᠵᠠᠢ᠃ ᠡᠶᠢᠮᠦ ᠠᠴᠠ ᠪᠢᠲᠠ ᠦᠨᠲᠦᠰᠤᠨ ᠡᠮ ᠡᠮᠨᠡᠯᠭᠡ ᠶᠢᠨ ᠲᠠᠭᠠᠳᠬᠠᠯ ᠢ ᠪᠠᠬᠢᠵᠢᠭᠦᠯᠦᠭᠰᠡᠨ ᠰᠠᠭᠤᠷᠢᠨ ᠲᠡᠭᠡᠷ᠎ᠠ᠂ ᠬᠦᠨᠲᠦ ᠡᠪᠡᠳᠴᠢᠨ ᠢ ᠡᠮᠨᠡᠭᠦᠯᠬᠦ ᠠᠰᠠᠭᠤᠲᠠᠯ ᠢ ᠭᠤᠤᠯᠲᠠᠯᠭ᠎ᠠ ᠲᠠᠢ ᠠᠳᠬᠤᠬᠤ ᠭᠡᠷᠡᠭᠲᠡᠢ᠃ ᠡᠨᠡ ᠭᠡᠲᠦᠨ ᠵᠢᠯ ᠳᠤ ᠪᠢᠲᠠ ᠪᠠᠶᠢᠭᠤᠯᠤᠮᠵᠢ ᠶᠢᠨ ᠰᠢᠨ᠎ᠠ ᠶᠢ ᠡᠭᠦᠳᠴᠤ᠂ ᠦᠨᠲᠦᠰᠦᠨ ᠡᠮ ᠡᠮᠨᠡᠯᠭᠡ ᠶᠢᠨ ᠲᠠᠭᠠᠳᠬᠠᠯ ᠪᠤᠯᠤᠨ ᠬᠤᠲᠠᠯᠲᠤᠭᠠᠠ ᠤ ᠲᠠᠭᠠᠳᠬᠠᠯ ᠢ ᠤᠶᠠᠯᠲᠤᠭᠤᠯᠤᠨ᠂ ︽ᠶᠡᠭᠡ ᠲᠤᠭᠠᠠ ᠤ ᠲᠦᠷᠢᠮ︾᠎ ᠢ ᠭᠡᠷᠡᠭᠯᠡᠡ᠂ ᠪᠡᠯᠡ ᠮᠦᠩᠭᠦ ᠶᠢᠨ ᠦᠢᠯᠡᠲᠦᠯ ᠢ ᠶᠡᠬᠡᠳᠭᠡᠵᠦ᠂ ᠨᠡᠩ ᠤᠯᠠᠠ ᠬᠦᠮᠦᠰ ᠲᠤ ᠬᠦᠨᠲᠦ ᠡᠪᠡᠳᠴᠢᠨ ᠤ ᠡᠮᠨᠡᠯᠭᠡ ᠶᠢᠨ ᠲᠠᠭᠠᠳᠬᠠᠯ ᠢ ᠡᠳ᠋ᠯᠡᠭᠦᠯᠪᠠ᠂ ᠨᠢᠲᠤᠨᠤᠨ ᠲᠠᠷᠤᠢ 1700 ᠭᠠᠷᠤᠢ ᠲᠦᠮᠡᠡ ᠬᠦᠮᠦᠨ ᠠᠰᠢᠭ ᠬᠦᠷᠲᠡᠭᠰᠡᠡ ᠪᠠᠶᠢᠨ᠎ᠠ᠃      ᠡᠨᠡ ᠵᠢᠯ ᠪᠢᠳᠡ ᠡᠨᠡ ᠲᠠᠯ᠎ᠠ ᠳᠤ ᠦᠷᠭᠦᠯᠵᠢᠯᠡᠨ ᠡᠷᠴᠢᠮ ᠢᠶᠠᠨ ᠴᠢᠩᠭᠠᠷᠠᠭᠤᠯᠵᠤ᠂ ᠳᠦᠪ ᠤᠨ ᠡᠳ᠋ ᠤᠨ ᠵᠠᠰᠠᠭ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠠᠬᠢ ᠨᠦᠬᠦᠪᠦᠷᠢ ᠪᠡᠯᠡ ᠮᠦᠡᠭᠭᠦ ᠶᠢ ᠨᠡᠮᠡᠭᠳᠡᠭᠦᠯᠵᠦ᠂ ᠬᠠᠭᠠᠰ ᠢ ᠨᠢ ᠬᠦᠨᠳᠦ ᠡᠪᠡᠳᠴᠢᠨ ᠤ ᠳᠠᠭᠠᠳᠬᠠᠯ ᠳᠤ ᠬᠡᠷᠡᠭᠯᠡᠨ᠂ ᠠᠳᠠᠭ ᠲᠤ ᠪᠠᠨ 2000 ᠭᠠᠷᠤᠢ ᠲᠦᠮᠡᠨ ᠬᠦᠮᠦᠨ ᠳᠤ ᠬᠦᠨᠳᠦ ᠡᠪᠡᠳᠴᠢᠨ ᠤ ᠳᠠᠭᠠᠳᠬᠠᠯ ᠤᠨ ᠠᠪᠤᠷᠠᠨ ᠲᠤᠰᠠᠯᠠᠯᠲᠠ ᠶᠢ ᠬᠦᠷᠲᠡᠭᠡᠬᠦ ᠮᠦᠷᠲᠡᠭᠡᠨ ᠬᠦᠨᠳᠦ ᠡᠪᠡᠳᠴᠢᠨ ᠤ ᠳᠠᠭᠠᠳᠬᠠᠯ ᠤᠨ ᠡᠪᠡᠳᠴᠢᠨ ᠤ ᠲᠦᠷᠦᠯ ᠢ ᠦᠷᠭᠡᠳᠭᠡᠪᠡ᠃ ᠡᠭᠦᠨ ᠤ ᠬᠠᠮᠲᠤ ᠪᠢᠳᠡ ︽ᠢᠨᠲ᠋ᠧᠷ ᠰᠦᠯᠵᠢᠶ᠎ᠡ + ᠡᠮ ᠡᠮᠨᠡᠯᠭᠡ︾᠂ ᠤᠷᠤᠨ ᠪᠦᠰᠡ ᠶᠢᠨ ᠡᠮ ᠡᠮᠨᠡᠯᠭᠡ ᠶᠢᠨ ᠬᠠᠮᠲᠤᠷᠠᠭᠰᠠᠨ ᠴᠤᠭᠴᠠ ᠶᠢ ᠬᠦᠭᠵᠢᠭᠦᠯᠬᠦ ᠪᠠᠷ ᠳᠠᠮᠵᠢᠭᠤᠯᠵᠤ᠂ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠳᠤᠷᠤᠭᠰᠢ ᠪᠠᠭᠤᠯᠭᠠᠵᠤ᠂ ᠨᠡᠩ ᠤᠯᠠᠨ ᠬᠦᠨᠳᠦ ᠡᠪᠡᠳᠴᠢᠲᠡᠨ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠡᠶᠠᠯᠢᠭ ᠤᠨ ᠦᠢᠯᠡᠴᠢᠯᠡᠭᠡ ᠶᠢ ᠬᠦᠷᠲᠡᠬᠦ ᠳᠤ ᠳᠦᠬᠦᠮ ᠦᠵᠡᠬᠦᠯᠦᠨ᠎ᠡ᠃      ᠡᠨᠡ ᠵᠢᠯ ᠤᠨ ᠴᠠᠭᠠᠨ ᠰᠠᠷ᠎ᠠ ᠠᠴᠠ ᠡᠮᠦᠨ᠎ᠡ ᠪᠢ ᠤᠷᠤᠨ ᠨᠤᠲᠤᠭ ᠲᠤ ᠰᠢᠨᠵᠢᠯᠡᠨ ᠪᠠᠶᠢᠴᠠᠭᠠᠬᠤ ᠳᠠᠭᠠᠨ ᠨᠢᠭᠡᠨ ᠶᠠᠳᠠᠭᠤ ᠬᠦᠴᠢᠷᠳᠡᠯᠲᠡᠢ ᠡᠷᠦᠬᠡ ᠳᠤ ᠤᠷᠤᠵᠤ ᠦᠵᠡᠪᠡ᠂ ᠨᠡᠰᠦᠲᠠᠨ ᠨᠢ ᠬᠦᠨᠳᠦ ᠡᠪᠡᠳᠴᠢᠨ ᠲᠠᠢ᠂ ᠡᠮ ᠡᠮᠨᠡᠯᠭᠡ ᠶᠢᠨ ᠪᠠᠲᠤᠯᠠᠪᠤᠷᠢ ᠶᠢᠨ ᠺᠠᠷᠲ ᠲᠠᠢ ᠪᠤᠯᠪᠠᠴᠤ ᠪᠠᠰᠠ ᠯᠡ ᠡᠪᠡᠳᠴᠢᠨ ᠢᠶᠠᠨ ᠦᠵᠡᠭᠦᠯᠬᠦ ᠵᠤᠷᠢᠭ ᠦᠭᠡᠢ ᠪᠠᠶᠢᠪᠠ᠃ ᠡᠨᠡᠬᠦ ᠦᠵᠡᠭᠳᠡᠯ ᠤᠳᠤ ᠪᠤᠯᠲᠠᠯ᠎ᠠ ᠮᠢᠨᠦ ᠲᠠᠷᠢᠬᠢᠨ ᠠᠴᠠ ᠠᠷᠢᠯᠤᠭ᠎ᠠ ᠦᠭᠡᠢ᠃ ᠡᠪᠡᠳᠴᠢᠨ ᠬᠦᠷᠪᠡᠯ ᠠᠭᠤᠯᠠ ᠨᠤᠷᠠᠭᠰᠠᠨ ᠮᠡᠲᠦ ᠭᠡᠳᠡᠭ᠂ ᠪᠢᠳᠡ ᠬᠦᠨᠳᠦ ᠡᠪᠡᠳᠴᠢᠨ ᠤ ᠳᠠᠭᠠᠳᠬᠠᠯ ᠵᠡᠷᠭᠡ ᠤᠯᠠᠨ ᠵᠦᠢᠯ ᠤᠨ ᠳᠦᠷᠢᠮ ᠢ ᠬᠡᠷᠡᠭᠯᠡᠵᠦ᠂ ᠨᠢᠭᠡ ᠬᠦᠮᠦᠨ ᠬᠦᠨᠳᠦ ᠡᠪᠡᠳᠴᠢᠯᠡᠪᠡᠯ ᠪᠦᠬᠦ ᠭᠡᠷ ᠢᠶᠠᠷ ᠢᠶᠠᠨ ᠬᠦᠴᠢᠷᠳᠡᠨ ᠵᠤᠪᠠᠭ᠋ᠤ ᠪᠠᠶᠢᠳᠠᠯ ᠢ ᠡᠭᠦᠰᠭᠡᠵᠦ ᠪᠤᠯᠬᠤ ᠦᠭᠡᠢ᠃      ᠶᠠᠫᠤᠨ ᠤ ᠲᠤᠤᠺᠢᠣ᠋ ᠶᠢᠨ ᠷᠠᠳᠢᠣ᠋ ᠨᠡᠪᠲᠡᠷᠡᠭᠦᠯᠭᠡ ᠶᠢᠨ ᠺᠤᠮᠫᠠᠨᠢ ᠶᠢᠨ ᠰᠤᠷᠪᠤᠯᠵᠢᠯᠠᠭᠴᠢ᠄ ᠡᠨᠡ ᠵᠢᠯ ᠪᠤᠯ ︽ᠳᠤᠮᠳᠠᠲᠤ ᠶᠠᠫᠤᠨ ᠤ ᠨᠠᠶᠢᠷᠠᠮᠳᠠᠯ ᠨᠦᠬᠦᠷᠯᠡᠯ ᠤᠨ ᠭᠡᠷ᠎ᠡ︾ ᠪᠠᠶᠢᠭᠤᠯᠤᠭᠰᠠᠨ 40 ᠵᠢᠯ ᠤᠨ ᠤᠢ ᠪᠤᠯᠤᠨ᠎ᠠ᠃ ᠲᠠ 1 ᠳ᠋ᠤᠭᠡᠷ ᠰᠠᠷ᠎ᠠ ᠳᠤ  ᠳᠤᠮᠳᠠᠲᠤ ᠤᠯᠤᠰ ᠲᠤ ᠠᠶᠢᠯᠴᠢᠯᠠᠭᠰᠠᠨ ᠶᠠᠫᠤᠨ ᠤ ᠭᠠᠳᠠᠭᠠᠲᠤ ᠶᠠᠪᠤᠳᠠᠯ ᠤᠨ ᠶᠠᠮᠤᠨ ᠤ ᠰᠠᠶᠢᠳ ᠺᠤᠨᠤᠲ᠋ᠠᠷᠤ ᠲᠠᠢ ᠠᠭᠤᠯᠵᠠᠬᠤ ᠳᠠᠭᠠᠨ᠂ ᠳᠤᠮᠳᠠᠲᠤ ᠶᠠᠫᠤᠨ ᠤ ᠬᠠᠷᠢᠴᠠᠭ᠎ᠠ ᠶᠢ ︽ᠭᠡᠨᠡᠳᠳᠡ ᠲᠤᠯᠠᠭᠠᠷᠠᠭᠠᠳ ᠲᠠᠬᠢᠨ ᠭᠦᠢᠳᠡᠷᠡᠭᠦ︾ ᠭᠡᠵᠦ ᠢᠯᠡᠳᠭᠡᠵᠦ ᠦᠡᠭᠭᠡᠷᠡᠪᠡ᠃ ᠲᠠᠨ ᠤ ᠦᠵᠡᠬᠦ ᠪᠠᠷ ᠬᠤᠶᠠᠷ ᠲᠠᠯ᠎ᠠ ᠪᠠᠷ ᠢᠶᠠᠨ ᠪᠠᠰᠠ ᠶᠠᠮᠠᠷ ᠠᠷᠭ᠎ᠠ ᠬᠡᠮᠵᠢᠶ᠎ᠡ ᠠᠪᠤᠪᠠᠯ ᠬᠤᠶᠠᠷ ᠤᠯᠤᠰ ᠤᠨ ᠬᠠᠷᠢᠴᠠᠭ᠎ᠠ ᠶᠢ ᠵᠢᠩᠬᠢᠨᠢ ᠪᠠᠷ ᠰᠡᠷᠭᠦᠭᠡᠵᠦ ᠳᠡᠶᠢᠯᠬᠦ ᠪᠤᠢ︖ ᠲᠠ ᠶᠠᠫᠤᠨ ᠤ ᠲᠠᠯ᠎ᠠ ᠶᠢᠨ ᠤᠷᠢᠯᠭ᠎ᠠ ᠶᠢ ᠬᠦᠯᠢᠶᠡᠵᠦ᠂ ᠡᠨᠡ ᠵᠢᠯ ᠤᠨ ᠳᠤᠮᠳᠠᠲᠤ ᠶᠠᠫᠤᠨ ᠺᠤᠷᠢᠶᠠ ᠶᠢᠨ ᠤᠳᠤᠷᠢᠳᠬᠤ ᠬᠦᠮᠦᠰ ᠤᠨ ᠬᠤᠷᠠᠯ ᠳᠤ ᠤᠷᠤᠯᠴᠠᠬᠤ ᠲᠠᠢ ᠤᠶᠠᠯᠳᠤᠭᠤᠯᠤᠨ᠂ ᠶᠠᠫᠤᠨ ᠳᠤ ᠠᠩᠬ᠎ᠠ ᠤᠳᠠᠭᠠᠨ ᠤ ᠵᠢᠩᠬᠢᠨᠢ ᠠᠶᠢᠯᠴᠢᠯᠠᠯᠲᠠ ᠬᠢᠵᠦ᠂ ᠳᠤᠮᠳᠠᠲᠤ ᠶᠠᠫᠤᠨ ᠬᠤᠶᠠᠷ ᠤᠯᠤᠰ ᠤᠨ ᠤᠳᠤᠷᠢᠳᠬᠤ  ᠬᠦᠮᠦᠰ ᠤᠨ ᠬᠠᠷᠢᠯᠴᠠᠨ ᠠᠶᠢᠯᠴᠢᠯᠠᠯᠲᠠ ᠬᠢᠬᠦ ᠶᠢ ᠡᠬᠢᠯᠡᠬᠦᠯᠬᠦ ᠪᠠᠷ ᠪᠤᠳᠤᠯᠬᠢᠯᠠᠵᠤ ᠪᠠᠶᠢᠨ᠎ᠠ ᠤᠤ︖      ᠯᠢ ᠺᠧ ᠴᠢᠶᠠᠩ᠄ ᠨᠢᠭᠡ ᠬᠡᠰᠡᠭ ᠬᠤᠭᠤᠴᠠᠭᠠᠨ ᠳᠤ᠂ ᠲᠤᠮᠳᠠᠳᠤ ᠶᠠᠫᠤᠨ ᠤ ᠬᠠᠷᠢᠴᠠᠭ᠎ᠠ ᠦᠨᠡᠭᠡᠷ ᠰᠠᠶᠢᠵᠢᠷᠠᠬᠤ ᠬᠠᠨᠳᠤᠰᠢ ᠢᠯᠡᠷᠡᠪᠠ᠂ ᠲᠡᠷᠢᠭᠦᠨ ᠰᠠᠶᠢᠳ ᠠᠪᠧ ᠨᠠᠮ᠎ᠠ ᠶᠢ ᠶᠠᠫᠤᠨ ᠳᠤ ᠠᠶᠢᠯᠴᠢᠯᠠᠬᠤ ᠶᠢ ᠤᠯᠠᠨ ᠤᠳᠠᠭ᠎ᠠ ᠤᠷᠢᠪᠠ᠃ ᠪᠢ ᠲᠤᠮᠳᠠᠳᠤ ᠶᠠᠫᠤᠨ ᠤ ᠬᠠᠷᠢᠴᠠᠭ᠎ᠠ ᠦᠷᠬᠦᠯᠵᠢᠯᠡᠨ ᠰᠠᠶᠢᠵᠢᠷᠠᠬᠤ ᠬᠠᠨᠳᠤᠰᠢ ᠶᠢ ᠪᠠᠷᠢᠮᠳᠠᠯᠠᠬᠤ ᠤᠷᠴᠢᠨ ᠳᠤ ᠲᠤᠷᠠᠳᠠᠢ᠂ ᠡᠨᠡ ᠵᠢᠯ ᠤᠨ ᠲᠡᠭᠡᠷ᠎ᠠ ᠬᠠᠭᠠᠰ ᠵᠢᠯ ᠳᠤ ᠲᠤᠮᠳᠠᠳᠤ ᠶᠠᠫᠤᠨ ᠺᠤᠷᠢᠶᠠ ᠶᠢᠨ ᠤᠳᠤᠷᠢᠳᠬᠤ ᠭᠦᠮᠤᠰ ᠤᠨ ᠬᠤᠷᠠᠯ ᠳᠤ ᠤᠷᠤᠯᠴᠠᠬᠤ ᠲᠠᠢ ᠤᠶᠠᠯᠳᠤᠭᠤᠯᠵᠤ ᠠᠯᠪᠡᠨ ᠶᠤᠰᠤᠭᠠᠷ ᠶᠠᠫᠤᠨ ᠳᠤ ᠠᠶᠢᠯᠴᠢᠯᠠᠬᠤ ᠶᠢ ᠢᠳᠡᠪᠬᠢᠳᠠᠢ ᠪᠤᠳᠤᠯᠬᠢᠯᠠᠨ᠎ᠠ᠃      ᠮᠢᠨᠤ ᠦᠵᠡᠭᠦ ᠪᠠᠷ ᠲᠤᠮᠳᠠᠳᠤ ᠶᠠᠫᠤᠨ ᠤ ᠬᠠᠷᠢᠴᠠᠭ᠎ᠠ ᠰᠠᠶᠢᠵᠢᠷᠠᠬᠤ ᠨᠢ ᠤᠷᠴᠢᠨ ᠪᠠᠶᠢᠳᠠᠯ ᠢ ᠱᠠᠭᠠᠷᠳᠠᠬᠤ ᠪᠠᠷ ᠪᠠᠷᠠᠬᠤ ᠦᠭᠡᠢ᠂ ᠨᠡᠩ ᠴᠤ ᠬᠤᠯᠠ ᠶᠢᠨ ᠬᠠᠷᠠᠯᠳᠠ ᠪᠤᠯᠤᠨ ᠲᠤᠭᠳᠠᠯ ᠭᠦᠴᠤᠨ ᠢ ᠱᠠᠭᠠᠷᠳᠠᠨ᠎ᠠ᠃ ᠲᠤᠮᠳᠠᠳᠤ ᠶᠠᠫᠤᠨ ᠬᠤᠶᠠᠷ ᠤᠯᠤᠰ ᠤᠨ ᠤᠳᠤᠷᠢᠳᠬᠤ ᠭᠦᠮᠤᠨ ᠬᠠᠷᠢᠯᠴᠠᠨ ᠠᠶᠢᠯᠴᠢᠯᠠᠬᠤ ᠨᠢ ᠲᠤᠮᠳᠠᠳᠤ ᠶᠠᠫᠤᠨ ᠤ ᠬᠠᠷᠢᠴᠠᠭ᠎ᠠ ᠬᠡᠪ ᠤᠨ ᠪᠠᠶᠢᠳᠠᠯ ᠳᠤ ᠪᠤᠴᠠᠬᠤ ᠳᠤ ᠠᠰᠢᠭᠳᠠᠢ᠂ ᠬᠡᠳᠡᠯ᠎ᠠ ᠬᠠᠮᠤᠭ ᠴᠢᠬᠤᠯᠠ ᠨᠢ ᠲᠤᠮᠳᠠᠳᠤ ᠶᠠᠫᠤᠨ ᠤ ᠬᠠᠷᠢᠴᠠᠭ᠎ᠠ ᠶᠢᠨ ᠰᠠᠭᠤᠷᠢ ᠶᠢ ᠪᠠᠳᠤᠳᠬᠠᠬᠤ ᠳᠤ ᠪᠤᠢ᠂ ᠪᠢᠳᠠ ︽ᠨᠢᠭᠡᠯᠡ ᠤᠳᠠᠭ᠎ᠠ ᠶᠢᠨ ᠮᠠᠶᠢᠮᠠᠢ︾ ᠬᠢᠵᠤ ᠪᠤᠯᠬᠤ ᠦᠭᠡᠢ᠂ ᠲᠤᠮᠳᠠᠳᠤ ᠶᠠᠫᠤᠨ ᠤ ᠬᠠᠷᠢᠴᠠᠭ᠎ᠠ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠠᠢ᠃ ᠡᠨᠡ ᠵᠢᠯ ᠪᠤᠯ ︽ᠲᠤᠮᠳᠠᠳᠤ ᠶᠠᠫᠦᠨ ᠤ ᠨᠠᠶᠢᠷᠠᠮᠳᠠᠯ ᠨᠦᠭᠦᠷᠯᠠᠯ ᠤᠨ ᠭᠡᠷ᠎ᠠ︾ ᠪᠠᠶᠢᠭᠤᠯᠤᠭᠰᠠᠨ 40 ᠵᠢᠯ ᠤᠨ ᠤᠢ᠂ ︽ᠲᠤᠮᠳᠠᠳᠤ ᠶᠠᠫᠦᠨ ᠤ ᠨᠠᠶᠢᠷᠠᠮᠳᠠᠯ ᠨᠦᠭᠦᠷᠯᠠᠯ ᠤᠨ ᠭᠡᠷ᠎ᠠ︾ ᠵᠡᠷᠭᠡ ᠲᠤᠮᠳᠠᠳᠤ ᠶᠠᠫᠤᠨ ᠤ ᠬᠤᠭᠤᠷᠤᠨᠳᠤᠬᠢ ᠲᠦᠷᠪᠡᠨ ᠤᠯᠤᠰ ᠲᠦᠷᠤ ᠶᠢᠨ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠪᠤᠯᠤᠨ ᠬᠠᠮᠳᠤ ᠶᠢᠨ ᠲᠠᠨᠢᠯᠳᠠ ᠶᠢ ᠵᠢᠷᠤᠮᠯᠡᠵᠤ ᠪᠠᠷᠢᠮᠳᠠᠯᠠᠬᠤ ᠬᠡᠷᠡᠭᠳᠠᠢ᠃ ᠬᠡᠷᠪᠡ ᠬᠤᠶᠠᠷ ᠤᠯᠤᠰ ᠤᠨ ᠬᠤᠭᠤᠷᠤᠨᠳᠤᠬᠢ ᠬᠠᠷᠢᠴᠠᠭ᠎ᠠ ᠳᠤ ᠤᠳᠤ ︽ᠤᠷᠢᠨ ᠬᠠᠪᠤᠷ︾ ᠢᠯᠡᠷᠡᠭᠰᠡᠨ ᠪᠤᠯ ︽ᠭᠡᠨᠡᠳᠳᠡ ᠲᠤᠯᠠᠭᠠᠷᠠᠭᠠᠳ ᠲᠠᠬᠢᠨ ᠭᠦᠢᠳᠡᠷᠡᠭᠦ︾ ᠦᠵᠡᠭᠳᠠᠯ ᠡᠭᠦᠰᠭᠦ ᠶᠢ ᠰᠡᠷᠭᠡᠶᠢᠯᠡᠬᠦ ᠬᠡᠷᠡᠭᠳᠠᠢ᠂ ᠲᠤᠮᠳᠠᠳᠤ ᠶᠠᠫᠤᠨ ᠤ ᠬᠠᠷᠢᠴᠠᠭ᠎ᠠ ᠶᠢ ᠦᠷᠭᠦᠯᠵᠢᠯᠡᠨ ᠲᠤᠭᠳᠠᠭᠤᠨ ᠪᠠᠶᠢᠬᠤ ᠵᠦᠭ ᠲᠤ ᠭᠦᠭᠵᠢᠭᠦᠯᠤᠨ᠎ᠠ᠂ ᠪᠢᠳᠠ ᠶᠠᠫᠤᠨ ᠤ ᠲᠠᠯ᠎ᠠ ᠶᠢᠨ ᠢᠡᠭᠬᠢᠵᠤ ᠪᠤᠳᠤᠵᠤ ᠬᠢᠬᠦ ᠶᠢ ᠬᠦᠰᠡᠵᠤ ᠪᠠᠶᠢᠨ᠎ᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠤᠶᠢᠷ᠎ᠠ ᠶᠢᠨ ᠵᠢᠯ ᠠᠴᠠ ︽ᠢᠨᠲ᠋ᠧᠷ ᠰᠦᠯᠵᠢᠶ᠎ᠡ +︾ ᠪᠤᠯᠤᠨ ᠬᠠᠮᠳᠤᠪᠡᠷ ᠡᠳ᠋ᠯᠡᠬᠦ ᠠᠵᠥ ᠠᠬᠤᠢ ᠶᠢᠨ ᠬᠦᠭᠵᠢᠯᠳᠡ ᠶᠢᠨ ᠪᠠᠶᠢᠳᠠᠯ ᠲᠤᠶᠢᠯ ᠤᠨ ᠲᠦᠷᠬᠡᠨ ᠪᠠᠶᠢᠨ᠎ᠠ᠂ ᠬᠡᠪᠡᠴᠦ ᠪᠠᠰᠠ ᠵᠠᠷᠢᠮ ᠠᠰᠠᠭᠤᠳᠠᠯ ᠢᠯᠡᠷᠡᠪᠡ᠂ ᠬᠤᠶᠢᠰᠢᠳᠠ ᠶᠢᠨ ᠬᠦᠭᠵᠢᠯᠳᠡ ᠳᠤ ᠪᠠᠰᠠ ᠵᠠᠷᠢᠮ ᠬᠠᠷᠰᠢ ᠰᠠᠭᠠᠳ ᠭᠠᠷᠴᠦ ᠮᠡᠳᠡᠨ᠎ᠡ᠃ ᠲᠠ ᠡᠬᠦᠨ ᠢ ᠬᠡᠷᠬᠢᠨ ᠦᠵᠡᠵᠥ ᠪᠠᠶᠢᠬᠤ ᠪᠤᠢ︖ ᠬᠤᠶᠢᠰᠢᠳᠠ ᠵᠠᠰᠠᠭ ᠤᠨ ᠤᠷᠳᠤᠨ ︽ᠢᠨᠲ᠋ᠧᠷ ᠰᠦᠯᠵᠢᠶ᠎ᠡ +︾᠎ ᠶᠢ ᠠᠬᠢᠭᠤᠯᠬᠤ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠢ︖      ᠯᠢ ᠺᠧ ᠴᠢᠶᠠᠩ᠄ ᠬᠡᠷᠪᠡ ᠲᠤᠮᠳᠠᠳᠤ ᠤᠯᠤᠰ ᠤᠨ ᠠᠵᠥ ᠠᠬᠤᠢ ᠭᠡᠬᠦ ᠡᠨᠡᠬᠦ ᠠᠪᠤᠷᠭᠤ ᠲᠤᠮᠤ ᠬᠦᠯᠬᠡ ᠤᠩᠭᠤᠴᠠ ᠡᠨᠡ ᠬᠡᠳᠤᠨ ᠵᠢᠯ ᠲᠤᠭᠳᠠᠭᠤᠨ ᠢᠶᠠᠷ ᠬᠤᠯᠠ ᠠᠶᠠᠯᠠᠯ᠎ᠠ ᠬᠡᠵᠥ ᠬᠡᠯᠡᠬᠦ ᠳᠤ ᠬᠦᠷᠪᠡᠯ᠂ ᠡᠬᠦᠨ ᠤ ᠴᠢᠬᠤᠯᠠ ᠨᠢᠬᠡ ᠰᠢᠯᠳᠠᠭᠠᠨ ᠨᠢ ᠲᠠᠷᠤᠢ ᠲᠡᠯᠡᠬᠡᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠬᠤᠪᠢᠰᠬᠠᠯ ᠤᠨ ᠰᠢᠨ᠎ᠡ ᠨᠢᠬᠡ ᠡᠬᠡᠯᠵᠢ ᠶᠢᠨ ᠤᠷᠤᠰᠬᠠᠯ ᠲᠤᠮᠳᠠ ︽ᠢᠨᠲ᠋ᠧᠷ ᠰᠦᠯᠵᠢᠶ᠎ᠡ +︾ ᠬᠡᠬᠦ ᠲᠠᠷᠪᠠᠭᠤᠯ ᠢ ᠠᠮᠵᠢᠯᠳᠡ ᠲᠠᠢ ᠪᠤᠰᠬᠠᠭᠰᠠᠠ ᠳᠤ ᠪᠠᠶᠢᠨ᠎ᠠ᠂ ᠲᠡᠷᠡ ᠨᠢ ᠰᠢᠨ᠎ᠡ ᠬᠦᠳᠡᠯᠬᠡᠬᠦ ᠡᠨᠧᠷᠬᠢ ᠶᠢ ᠪᠤᠢ ᠪᠤᠯᠭᠠᠵᠠᠢ᠃ ᠡᠨᠡ ᠬᠡᠳᠤᠨ ᠵᠢᠯ ᠳᠤ ᠪᠢᠳᠡ ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢᠨ ᠬᠤᠪᠢᠷᠡᠯᠳᠡ ᠶᠢ ᠠᠬᠢᠭᠤᠯᠵᠥ᠂ ᠵᠠᠬ᠎ᠠ ᠲᠡᠯᠭᠡᠬᠦᠷ ᠤᠨ ᠠᠮᠢᠵᠢᠷᠠᠯ ᠤᠨ ᠬᠦᠴᠦᠨ ᠢ ᠬᠦᠭᠵᠢᠬᠡᠵᠥ᠂ ᠬᠡᠷᠡᠭᠯᠡᠭᠡ ᠶᠢ ᠬᠦᠭᠵᠢᠯᠳᠡ ᠶᠢᠨ ᠭᠤᠤᠯ ᠬᠦᠳᠡᠯᠬᠡᠬᠦ ᠬᠦᠴᠦᠨ ᠪᠤᠯᠭᠠᠬᠤ ᠶᠢ ᠠᠬᠢᠭᠤᠯᠵᠥ᠂ ᠠᠵᠥ ᠠᠬᠤᠢ ᠶᠢᠨ ᠪᠦᠳᠦᠴᠡ ᠳᠤ ᠬᠦᠨᠵᠡᠬᠡᠢ ᠬᠤᠪᠢᠰᠤᠯᠳᠠ ᠭᠠᠷᠭᠠᠪᠠ᠃ ᠡᠳᠡᠭᠡᠷ ᠨᠢ ᠪᠦᠷ ᠬᠠᠷᠢᠯᠴᠠᠨ ᠬᠤᠯᠪᠤᠭ᠎ᠠ ᠲᠠᠢ ᠪᠠᠶᠢᠵᠤ᠂ ᠡᠭᠦᠨ ᠤ ᠤᠯᠠᠮ ᠢᠶᠠᠷ ᠲᠤᠮᠳᠠᠳᠤ ᠤᠯᠤᠰ ᠤᠨ ᠠᠵᠥ ᠠᠬᠤᠢ ᠶᠢ ︽ᠬᠠᠳᠠᠭᠤ ᠲᠤᠰᠤᠯᠳᠡ︾᠎ ᠠᠴᠠ ᠪᠦᠳᠦᠮᠵᠢᠳᠡᠢ ᠵᠠᠶᠢᠯᠠᠭᠤᠯᠵᠠᠢ᠃ ᠤᠯᠠᠨ ᠤ ᠮᠡᠳᠡᠬᠡᠵᠢ ᠪᠠᠷ᠂ ᠡᠮᠤᠨ᠎ᠡ ᠬᠡᠳᠤᠨ ᠵᠢᠯ ᠳᠤ᠂ ︽ᠬᠠᠳᠠᠭᠤ ᠲᠤᠰᠤᠯᠳᠠ︾ ᠬᠡᠬᠦ ᠦᠬᠡ ᠪᠠᠶᠢᠨ ᠲᠠᠬᠢᠨ ᠰᠤᠨᠤᠰᠳᠠᠵᠥ ᠪᠠᠶᠢᠪᠠ᠃ ᠤᠳᠤ ᠠᠵᠥ ᠠᠬᠤᠢ ᠲᠤᠭᠳᠠᠭᠤᠨ ᠤ ᠲᠤᠮᠳᠠ ᠰᠠᠶᠢᠵᠢᠷᠠᠵᠤ᠂ ᠰᠢᠨ᠎ᠡ ᠬᠦᠳᠡᠯᠬᠡᠬᠦ ᠡᠨᠧᠷᠬᠢ ᠵᠡᠷᠬᠡ ᠲᠡᠭᠡᠷ᠎ᠡ ᠲᠤᠷᠠᠳᠤᠭᠰᠠᠠ ᠡᠳᠡᠭᠡᠷ ᠲᠠᠯ᠎ᠠ ᠪᠠᠷ ᠴᠢᠬᠤᠯᠠ ᠦᠢᠯᠡᠳᠦᠯ ᠦᠵᠡᠬᠦᠯᠵᠤ ᠪᠠᠶᠢᠨ᠎ᠠ᠃      ︽ᠢᠨᠲ᠋ᠧᠷ ᠰᠦᠯᠵᠢᠶ᠎ᠠ +︾᠎ ᠨᠢ ᠰᠢᠨ᠎ᠠ ᠬᠦᠳᠡᠯᠭᠡᠬᠦ ᠬᠦᠴᠦᠨ ᠢ ᠨᠡᠮᠡᠭᠰᠡᠨ ᠢᠶᠠᠷ ᠪᠠᠷᠠᠬᠤ ᠦᠭᠡᠢ ᠪᠠᠰᠠ ᠲᠡᠷᠡ ᠨᠢ ᠬᠠᠮᠤᠭ ᠤᠨ ᠶᠡᠭᠡ ᠬᠠᠮᠳᠤᠪᠡᠷ ᠡᠳ᠋ᠯᠡᠬᠦ ᠠᠵᠤ ᠠᠬᠤᠢ ᠶᠢᠨ ᠲᠠᠪᠴᠠᠩ ᠪᠤᠯᠵᠦ᠂ ᠤᠯᠠᠨ ᠢᠶᠠᠷ ᠢᠶᠠᠨ ᠦᠢᠯᠡᠰ ᠪᠤᠰᠬᠠᠵᠦ᠂ ᠨᠡᠶᠢᠲᠡ ᠪᠠᠷ ᠢᠶᠠᠨ ᠰᠢᠨ᠎ᠠ ᠶᠢ ᠡᠬᠦᠳᠬᠦ ᠳᠤ ᠦᠷᠭᠡᠨ ᠳᠡᠯᠭᠡᠷ ᠲᠠᠪᠴᠠᠩ ᠢ ᠬᠠᠩᠭᠠᠵᠦ᠂ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠤᠭᠰᠠᠨ ᠪᠠ ᠠᠷᠠᠳ ᠲᠦᠮᠡᠨ ᠤ ᠠᠮᠢᠳᠤᠷᠠᠯ ᠳᠤ ᠬᠦᠨᠵᠡᠭᠡᠢ ᠬᠤᠪᠢᠷᠠᠯᠳᠠ ᠭᠠᠷᠭᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠴᠤᠤᠯ᠂ ᠠᠵᠤ ᠠᠬᠤᠶᠢᠯᠠᠯᠲᠠᠨ ᠳᠤ ᠨᠡᠩ ᠤᠯᠠᠨ ᠡᠷᠳᠡᠮ ᠴᠢᠳᠠᠪᠤᠷᠢ ᠪᠠᠨ ᠭᠠᠶᠢᠬᠠᠭᠤᠯᠬᠤ ᠠᠵᠠ ᠲᠤᠬᠢᠶᠠᠯ ᠤᠯᠭᠤᠵᠦ᠂ ᠲᠦᠭ ᠲᠦᠮᠡᠨ ᠡᠭᠡᠯ ᠵᠢᠷ ᠤᠨ ᠬᠦᠮᠦᠰ ᠢ ᠤᠶᠤᠨ ᠤᠬᠠᠭᠠᠨ ᠢᠶᠠᠨ ᠪᠠᠳᠠᠷᠠᠭᠤᠯᠵᠦ᠂ ᠦᠪᠡᠷᠮᠢᠴᠡ ᠦᠨ᠎ᠠ ᠦᠷᠳᠡᠭ ᠢᠶᠠᠨ ᠬᠠᠷᠠᠭᠤᠯᠵᠦ ᠴᠢᠳᠠᠬᠤ ᠪᠤᠯᠭᠠᠪᠠ᠃      ᠶᠠᠷᠢᠶᠠᠨ ᠦᠭᠡᠢ᠂ ︽ᠢᠨᠲ᠋ᠧᠷ ᠰᠦᠯᠵᠢᠶ᠎ᠠ +︾᠎ ᠨᠢ ᠰᠢᠨ᠎ᠠ ᠬᠡᠷᠡᠭ ᠪᠤᠳᠠᠰ ᠪᠤᠯᠤᠭᠰᠠᠨ ᠤ ᠬᠤᠪᠢ ᠳᠤ ᠪᠠᠰᠠ ᠡᠶᠢᠮᠦ ᠲᠡᠶᠢᠮᠦ ᠠᠰᠠᠭᠤᠳᠠᠯ ᠤᠷᠤᠰᠢᠵᠦ ᠪᠤᠢ᠂ ᠵᠠᠩᠬᠢᠯᠠᠭ᠎ᠠ ᠨᠢ ᠠᠰᠢᠬ ᠲᠠᠢ ᠵᠦᠢᠯ ᠢ ᠨᠢ ᠡᠷᠬᠢᠮᠯᠡᠵᠦ ᠬᠤᠤᠷ ᠲᠠᠢ ᠵᠦᠢᠯ ᠠᠴᠠ ᠨᠢ ᠵᠠᠶᠢᠯᠠᠰᠬᠢᠵᠤ᠂ ᠪᠠᠭᠳᠠᠭᠠᠮᠵᠢᠳᠠᠢ ᠪᠤᠯᠭᠤᠮᠵᠢᠳᠠᠢ ᠬᠢᠨᠠᠨ ᠬᠠᠮᠢᠶᠠᠷᠤᠯᠳᠠ ᠶᠢᠨ ᠠᠷᠭ᠎ᠠ ᠭᠡᠯᠪᠡᠷᠢ ᠠᠪᠬᠤ ᠶᠠᠪᠤᠳᠠᠯ ᠪᠤᠯᠤᠨ᠎ᠠ᠃ ︽ᠢᠨᠲ᠋ᠧᠷ ᠰᠦᠯᠵᠢᠶ᠎ᠠ +︾᠎ ᠳᠤ᠂ ᠶᠠᠪᠤᠳᠠᠯ ᠤᠷᠰᠢᠬ ᠳᠠᠳᠠᠬᠤ ᠠᠴᠠ ᠠᠶᠤᠵᠦ᠂ ᠪᠡᠶ᠎ᠠ ᠠᠮᠤᠷ ᠢᠶᠠᠨ ᠡᠷᠢᠵᠦ ᠪᠤᠯᠬᠤ ᠦᠭᠡᠢ᠂ ᠠᠰᠠᠭᠤᠳᠠᠯ ᠭᠠᠷᠪᠠᠯ ᠪᠦᠬᠦᠨ ᠢ ᠦᠭᠡᠶᠢᠰᠭᠡᠵᠤ ᠪᠤᠯᠬᠤ ᠦᠭᠡᠢ︔ ᠪᠠᠰᠠ ︽ᠢᠨᠲ᠋ᠧᠷ ᠰᠦᠯᠵᠢᠶ᠎ᠠ +︾᠎ ᠶᠢ ᠠᠰᠢᠬᠯᠠᠨ ᠮᠡᠭᠡᠯᠡᠵᠦ᠂ ︽ᠢᠨᠲ᠋ᠧᠷ ᠰᠦᠯᠵᠢᠶ᠎ᠠ +︾᠎ ᠶᠢᠨ ᠨᠡᠷ᠎ᠠ ᠲᠦᠷᠦ ᠳᠤ ᠬᠠᠯᠳᠠᠵᠦ᠂ ︽ᠢᠨᠲ᠋ᠧᠷ ᠰᠦᠯᠵᠢᠶ᠎ᠠ +︾᠎ ᠶᠢ ᠭᠤᠳᠤᠭᠠᠬᠤ ᠶᠢ ᠵᠦᠪᠰᠢᠶᠡᠷᠡᠬᠦ ᠦᠭᠡᠢ᠃ ᠪᠢᠳᠠ ᠬᠤᠶᠠᠷ ᠲᠠᠯ᠎ᠠ ᠠᠴᠠ ᠨᠢᠮᠪᠠᠢ ᠬᠠᠮᠠᠭᠠᠯᠠᠬᠤ ᠭᠡᠷᠡᠭᠲᠡᠢ᠃ ᠳᠠᠷᠠᠭᠠᠴᠢ ᠶᠢᠨ ᠠᠯᠬᠤᠮ ᠳᠤ ᠪᠢᠳᠠ ᠪᠠᠰᠠ ︽ᠢᠨᠲ᠋ᠧᠷ ᠰᠦᠯᠵᠢᠶ᠎ᠠ +︾᠎ ᠶᠢ ᠠᠬᠢᠭᠤᠯᠬᠤ ᠮᠠᠰᠢ ᠤᠯᠠᠨ ᠰᠢᠨ᠎ᠠ ᠠᠷᠭ᠎ᠠ ᠭᠡᠮᠵᠢᠶ᠎ᠠ ᠶᠢ ᠠᠪᠤᠨ᠎ᠠ᠂ ᠵᠢᠱᠢᠶᠡᠯᠡᠪᠡᠯ᠂ ᠦᠩᠭᠡᠷᠡᠭᠰᠡᠨ ᠳᠤ ᠵᠠᠷᠢᠮ ︽ᠢᠨᠲ᠋ᠧᠷ ᠰᠦᠯᠵᠢᠶ᠎ᠠ +︾ ᠠᠵᠤ ᠠᠬᠤᠶᠢᠯᠠᠯ ᠶᠡᠷᠦᠨᠢ ᠤᠯᠤᠰ ᠤᠨ ᠭᠠᠳᠠᠭᠠᠳᠦ ᠳᠤ ᠰᠲ᠋ᠤᠺ ᠤᠨ ᠵᠠᠬ᠎ᠠ ᠳᠡᠯᠭᠡᠬᠦᠷ ᠲᠤ ᠭᠠᠷᠳᠠᠭ ᠪᠠᠶᠢᠭᠰᠠᠨ ᠪᠤᠯ ᠤᠳᠤ ᠪᠢᠳᠠ ᠪᠠᠰᠠ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠱᠠᠭᠠᠷᠳᠠᠵᠦ ᠪᠠᠶᠢᠭᠠᠳ ᠤᠯᠤᠰ ᠤᠨ ᠳᠤᠳᠤᠭᠠᠳᠦ ᠳᠤ ᠰᠲ᠋ᠤᠺ ᠤᠨ ᠵᠠᠬ᠎ᠠ ᠳᠡᠯᠭᠡᠬᠦᠷ ᠲᠤ ᠭᠠᠷᠬᠤ ᠲᠦᠷᠢᠮ ᠢ ᠳᠡᠬᠦᠯᠳᠡᠷᠵᠢᠬᠦᠯᠵᠦ᠂ ᠳᠡᠳᠡᠨ ᠢ A ᠰᠲ᠋ᠤᠺ ᠲᠤ ᠪᠤᠴᠠᠬᠤ ᠶᠢ ᠪᠠᠶᠠᠷᠯᠠᠨ ᠤᠬᠳᠤᠨ᠎ᠠ᠂ ᠡᠬᠦᠨ ᠤ ᠵᠡᠷᠭᠡᠪᠡᠷ ᠤᠯᠤᠰ ᠤᠨ ᠳᠤᠳᠤᠭᠠᠳᠦ ᠶᠢᠨ ᠰᠢᠨ᠎ᠠ ᠶᠢ ᠡᠬᠦᠳᠬᠦ ᠠᠲᠠᠯ ᠦᠢᠯᠡᠰ ᠴᠤᠭᠴᠠᠯᠠᠬᠤ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠬᠡᠬᠦᠷ ᠲᠤ ᠭᠠᠷᠬᠤ ᠳᠤ ᠨᠡᠩ ᠠᠰᠢᠬ ᠲᠠᠢ᠂ ᠬᠠᠤᠯᠢ ᠴᠠᠭᠠᠵᠠ ᠲᠦᠷᠢᠮ ᠲᠤᠭᠳᠠᠭᠠᠯ ᠳᠤ ᠨᠡᠶᠢᠴᠡᠭᠰᠡᠨ ᠨᠦᠬᠦᠴᠡᠯ ᠢ ᠡᠬᠦᠳᠴᠦ ᠦᠭᠬᠦᠨ᠎ᠠ᠃ ᠪᠢᠳᠠ ᠪᠠᠰᠠ ︽ᠢᠨᠲ᠋ᠧᠷ ᠰᠦᠯᠵᠢᠶ᠎ᠠ +︾᠎ ᠶᠢ ᠠᠬᠢᠭᠤᠯᠵᠦ ᠪᠠᠶᠢᠭᠠᠳ ︽ᠤᠶᠤᠨᠳᠦ +︾᠎ ᠶᠢ ᠦᠷᠭᠡᠳᠭᠡᠵᠦ᠂ ᠲᠡᠬᠦᠨ ᠢ ᠡᠮ ᠡᠮᠨᠡᠯᠭᠡ᠂ ᠰᠤᠷᠭᠠᠨ ᠬᠦᠮᠦᠵᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠢ ᠤᠶᠠᠯᠳᠤᠭᠤᠯᠵᠦ᠂ ᠲᠤᠭᠠᠴᠢᠯᠠᠬᠰᠠᠨ ᠠᠵᠤ ᠠᠬᠤᠢ᠂ ᠬᠠᠮᠳᠤᠪᠡᠷ ᠡᠳ᠋ᠯᠡᠬᠦ ᠠᠵᠤ ᠠᠬᠤᠢ ᠶᠢᠨ ᠬᠦᠭᠵᠢᠯᠳᠡ ᠶᠢ ᠠᠬᠢᠭᠤᠯᠵᠦ᠂ ᠲᠦᠷᠭᠡᠨ ᠪᠦᠭᠡᠳ ᠡᠷᠡᠬᠦᠯ ᠢᠶᠠᠷ ᠬᠦᠭᠵᠢᠬᠦᠯᠦᠨ᠎ᠠ᠃ ᠶᠠᠷᠢᠶᠠᠨ ᠦᠭᠡᠢ᠂ ᠬᠦᠭᠵᠢᠯᠳᠠ ᠶᠢ ᠬᠡᠷᠬᠢᠨ ᠠᠬᠢᠭᠤᠯᠬᠤ ᠲᠠᠯ᠎ᠠ ᠪᠠᠷ᠂ ᠬᠦᠭᠵᠢᠯᠳᠠ ᠶᠢᠨ ᠵᠢᠮ᠎ᠠ ᠶᠤᠰᠤ ᠳᠤ ᠨᠡᠶᠢᠴᠡᠬᠦᠯᠬᠦ ᠪᠠᠷ ᠪᠠᠷᠠᠬᠤ ᠦᠭᠡᠢ ᠪᠠᠰᠠ ᠴᠢᠳᠠᠬᠤ ᠶᠢᠨ ᠬᠢᠷᠢ ᠪᠠᠷ ᠤᠯᠠᠮᠵᠢᠯᠠᠯᠳᠦ ᠰᠡᠳᠬᠢᠬᠦᠢ ᠪᠠᠷ ᠮᠠᠨ ᠤ ᠪᠦᠳᠦᠭᠡᠯᠴᠢ ᠰᠡᠳᠬᠢᠬᠦᠢ ᠪᠠᠨ ᠬᠢᠵᠠᠭᠠᠷᠯᠠᠭᠤᠯᠬᠤ ᠦᠭᠡᠢ ᠪᠠᠶᠢᠬᠤ ᠭᠡᠷᠡᠭᠲᠡᠢ᠃      ᠰᠢᠶᠠᠩᠭᠠᠩ ᠤᠨ ᠹᠧᠩ ᠬᠤᠸᠠᠩ ᠤᠳᠤᠨ ᠲᠧᠯᠸᠢᠰ ᠤᠨ ᠰᠤᠷᠪᠤᠯᠵᠢᠯᠠᠬᠴᠢ᠄ ᠳᠠᠨ ᠤ ᠡᠨᠡ ᠵᠢᠯ ᠤᠨ ᠬᠢᠭᠰᠡᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ᠭᠤᠸᠠᠩᠳᠦ᠋ᠩ ᠰᠢᠶᠠᠩᠭᠠᠩ ᠤᠤᠮᠧᠨ ᠤ ᠳᠤᠮᠤ ᠪᠤᠯᠤᠩ ᠤᠨ ᠤᠷᠤᠨ ᠢ ᠪᠦᠳᠦᠬᠡᠨ ᠪᠠᠶᠢᠭᠤᠯᠵᠤ᠂ ᠰᠢᠶᠠᠩᠭᠠᠩ ᠪᠤᠯᠤᠨ ᠤᠤᠮᠧᠨ ᠤ ᠤᠯᠤᠰ ᠤᠨ ᠬᠦᠭᠵᠢᠯᠳᠡ ᠶᠢᠨ ᠶᠡᠭᠡ ᠳᠠᠯ᠎ᠠ ᠳᠤ ᠠᠭᠤᠰᠤᠯᠴᠠᠬᠤ ᠶᠢ ᠳᠡᠮᠵᠢᠵᠥ᠂ ᠲᠤᠳᠤᠷ᠎ᠠ ᠭᠠᠵᠠᠷ ᠪᠤᠯᠤᠨ ᠰᠢᠶᠠᠩᠭᠠᠩ ᠤᠤᠮᠧᠨ ᠤ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢ ᠪᠦᠬᠦ ᠳᠠᠯ᠎ᠠ ᠪᠠᠷ ᠠᠬᠢᠭᠤᠯᠤᠨ᠎ᠠ ᠬᠡᠵᠥ ᠳᠤᠷᠠᠳᠴᠤ ᠭᠠᠷᠭᠠᠬᠰᠠᠨ ᠢ ᠠᠩᠬᠠᠷᠴᠤ ᠤᠯᠪᠠ᠃ ᠬᠡᠳᠡᠯ᠎ᠡ ᠰᠢᠶᠠᠩᠭᠠᠩ ᠳᠤ ᠪᠠᠰᠠ ᠰᠠᠨᠠᠭ᠎ᠠ ᠵᠤᠪᠠᠭ᠋ᠤ ᠤᠴᠢᠷ ᠪᠠᠶᠢᠨ᠎ᠠ᠂ ᠡᠨᠡᠬᠦ ᠬᠢᠳᠡᠯ ᠨᠢ ᠰᠢᠶᠠᠩᠭᠠᠩ ᠤᠨ ᠦᠪᠡᠷ ᠤᠨ ᠤᠨᠴᠠᠯᠢᠭ ᠪᠤᠯᠤᠨ ᠪᠠᠶᠢᠷᠢ ᠲᠤᠬᠳᠠᠭᠠᠯᠳᠠ ᠶᠢ ᠠᠯᠳᠠᠭᠤᠯᠵᠤ ᠮᠡᠳᠡᠬᠦ᠂ ︽ᠨᠢᠬᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾᠎ ᠶᠢᠨ ᠨᠠᠶᠢᠳᠠᠪᠤᠷᠢᠵᠢᠭᠤᠯᠤᠯᠲᠠ ᠶᠢ ᠨᠦᠯᠦᠬᠡᠯᠡᠵᠤ ᠮᠡᠳᠡᠬᠦ᠂ ᠨᠡᠩ ᠴᠢᠨᠠᠬᠰᠢᠯᠠᠨ ︽ᠬᠤᠶᠠᠷ ᠪᠠᠶᠢᠭᠤᠯᠤᠯ︾᠎ ᠤᠨ ᠵᠠᠭᠠᠬ ᠱᠤᠭᠤᠮ ᠢ ᠪᠠᠯᠠᠷᠬᠠᠶᠢᠰᠢᠭᠤᠯᠵᠤ ᠮᠡᠳᠡᠨ᠎ᠠ ᠬᠡᠵᠤ ᠰᠠᠨᠠᠭ᠎ᠠ ᠪᠤᠯᠵᠤ ᠪᠠᠶᠢᠨ᠎ᠠ᠃ ᠲᠠ ᠡᠬᠦᠨ ᠢ ᠶᠠᠭᠠᠬᠢᠵᠤ ᠦᠵᠡᠬᠦ ᠪᠤᠢ︖      ᠯᠢ ᠺᠧ ᠴᠢᠶᠠᠩ᠄ ᠪᠢᠳᠡ ᠭᠤᠸᠠᠩᠳᠦ᠋ᠩ ᠰᠢᠶᠠᠩᠭᠠᠩ ᠤᠤᠮᠧᠨ ᠤ ᠳᠤᠮᠤ ᠪᠤᠯᠤᠩ ᠤᠨ ᠤᠷᠤᠨ ᠢ ᠪᠦᠳᠦᠬᠡᠨ ᠪᠠᠶᠢᠭᠤᠯᠵᠤ᠂ ᠳᠡᠬᠦᠨ ᠢ ᠳᠡᠯᠡᠬᠡᠢ ᠶᠢᠨ ᠳᠡᠰ ᠤᠨ ᠳᠤᠮᠤ ᠪᠤᠯᠤᠩ ᠤᠨ ᠤᠷᠤᠨ ᠪᠤᠯᠭᠠᠨ ᠪᠦᠳᠦᠬᠡᠨ ᠪᠠᠶᠢᠭᠤᠯᠬᠤ ᠶᠢᠨ ᠴᠢᠬᠤᠯᠠ ᠰᠢᠯᠳᠠᠭᠠᠨ ᠨᠢ ᠳᠠᠷᠤᠢ ᠭᠤᠷᠪᠠᠨ ᠭᠠᠵᠠᠷ ᠪᠦᠷ ᠳᠤᠰ ᠳᠤᠰ ᠤᠨ ᠦᠪᠡᠷᠮᠢᠴᠡ ᠳᠠᠪᠠᠭᠤᠯᠢᠭ ᠲᠠᠢ ᠪᠠᠶᠢᠵᠤ᠂ ᠬᠠᠷᠢᠯᠴᠠᠨ ᠨᠦᠬᠦᠪᠦᠷᠢᠯᠡᠬᠦ ᠪᠠᠶᠢᠳᠠᠯ ᠢ ᠪᠦᠷᠢᠯᠳᠦᠬᠦᠯᠵᠥ ᠴᠢᠳᠠᠬᠤ ᠶᠤᠮ᠂ ᠡᠰᠡ ᠳᠡᠬᠡᠪᠡᠯ ᠳᠡᠯᠡᠬᠡᠢ ᠶᠢᠨ ᠦᠷᠢᠰᠦᠯᠳᠦᠬᠦ ᠬᠦᠴᠦᠨ ᠲᠠᠢ ᠳᠤᠮᠤ ᠪᠤᠯᠤᠩ ᠤᠨ ᠤᠷᠤᠨ ᠢ ᠪᠦᠳᠦᠬᠡᠨ ᠪᠠᠶᠢᠭᠤᠯᠬᠤ ᠬᠡᠵᠥ ᠬᠡᠯᠡᠵᠥ ᠴᠢᠳᠠᠬᠤ ᠦᠬᠡᠢ ᠶᠤᠮ᠃ ᠤᠳᠤᠬᠠᠨ ᠳᠤ ᠳᠤᠮᠤ ᠪᠤᠯᠤᠩ ᠤᠨ ᠤᠷᠤᠨ ᠤ ᠳᠦᠯᠦᠪᠵᠢᠬᠦᠯᠬᠡ ᠶᠢᠨ ᠬᠦᠳᠦᠯᠪᠦᠷᠢ ᠶᠢ ᠶᠠᠭ ᠳᠤᠬᠳᠠᠭᠠᠵᠥ ᠪᠠᠶᠢᠨ᠎ᠠ᠂ ᠤᠳᠠᠯ ᠦᠬᠡᠢ ᠳᠤᠬᠳᠠᠭᠠᠨ ᠬᠡᠷᠡᠭᠵᠢᠬᠦᠯᠬᠦ ᠪᠤᠯᠤᠨ᠎ᠠ᠂ ᠰᠢᠶᠠᠩᠭᠠᠩ ᠤᠤᠮᠧᠨ ᠤ ᠰᠠᠭᠤᠭᠠᠯᠢ ᠠᠷᠠᠳ ᠲᠤᠳᠤᠷ᠎ᠠ ᠭᠠᠵᠠᠷ ᠲᠤ ᠢᠷᠡᠬᠦ᠂ ᠤᠨᠴᠠᠭᠠᠶᠢᠯᠠᠨ ᠭᠤᠸᠠᠩᠳᠦ᠋ᠩ ᠳᠤ ᠢᠷᠡᠵᠥ ᠠᠵᠢᠯᠯᠠᠵᠥ᠂ ᠠᠮᠢᠳᠤᠷᠠᠬᠤ ᠳᠤ ᠤᠷᠤᠨ ᠰᠠᠭᠤᠴᠠ᠂ ᠰᠤᠷᠭᠠᠨ ᠬᠦᠮᠦᠵᠢᠯ᠂ ᠵᠠᠮ ᠬᠠᠷᠢᠯᠴᠠᠭ᠎ᠠ ᠵᠡᠷᠬᠡ ᠤᠯᠠᠨ ᠳᠠᠯ᠎ᠠ ᠳᠤ ᠢᠳᠡᠭ ᠢᠳᠡᠭ ᠢᠶᠠᠷ ᠠᠳᠠᠯᠢᠬᠠᠨ ᠬᠠᠷᠠᠭᠠᠯᠵᠠᠯ ᠬᠦᠷᠳᠡᠬᠦ ᠪᠤᠯᠤᠨ᠎ᠡ᠃ ᠪᠢᠳᠡ ᠳᠤᠷᠠᠳᠠᠶ᠎ᠠ ᠰᠢᠶᠠᠩᠭᠠᠩ ᠤᠤᠮᠧᠨ ᠤ ᠠᠬ᠎ᠠ ᠳᠡᠬᠦᠦ ᠨᠠᠷ ᠲᠠᠢ ᠬᠠᠮᠳᠤ ᠤᠯᠤᠰ ᠤᠨ ᠬᠦᠭᠵᠢᠯᠳᠡ ᠶᠢᠨ ᠠᠵᠠ ᠵᠠᠪᠰᠢᠶᠠᠨ ᠢ ᠬᠠᠮᠳᠤᠪᠡᠷ ᠡᠳ᠋ᠯᠠᠨ᠎ᠠ᠃ ᠲᠠᠶᠢᠸᠠᠨ ᠤ ᠠᠬ᠎ᠠ ᠳᠡᠬᠦᠦ ᠨᠠᠷ ᠲᠤ ᠴᠤ ᠬᠡᠰᠡᠨ᠂ ᠪᠢᠳᠡ ᠪᠠᠰᠠ ᠳᠡᠳᠡᠨᠡᠷ ᠤᠨ ᠡᠬᠡ ᠬᠠᠭᠤᠷᠠᠢ ᠶᠢᠨ ᠬᠦᠭᠵᠢᠯᠳᠡ ᠶᠢᠨ ᠠᠵᠠ ᠵᠠᠪᠰᠢᠶᠠᠨ ᠢ ᠬᠠᠮᠳᠤᠪᠠᠷ ᠡᠳ᠋ᠯᠡᠬᠦ ᠶᠢ ᠬᠦᠰᠡᠨ᠎ᠡ᠃      ᠰᠢᠶᠠᠩᠭᠠᠩ᠂ ᠤᠤᠮᠸᠠ ᠤᠯᠤᠰ ᠤᠨ ᠬᠦᠭᠵᠢᠯᠲᠠ ᠶᠢᠨ ᠶᠡᠭᠡ ᠲᠠᠯ᠎ᠠ ᠳᠤ ᠠᠭᠤᠰᠬᠤ ᠲᠤᠬᠠᠢ ᠪᠢᠲᠠ ᠶᠠᠷᠢᠶᠠᠠ ᠦᠭᠡᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾᠂ ︽ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ︾᠂ ︽ᠤᠤᠮᠧᠨᠴᠤᠳ ᠤᠤᠮᠸᠠ ᠢᠶᠠᠨ ᠵᠠᠰᠠᠬᠤ︾᠂ ᠲᠡᠭᠡᠲᠦ ᠬᠡᠮᠵᠢᠶ᠎ᠠ ᠪᠠᠷ ᠦᠪᠡᠷᠲᠡᠭᠡᠡ ᠵᠠᠰᠠᠬᠤ ᠴᠢᠭᠯᠡᠯᠲᠡ ᠶᠢ ᠪᠠᠷᠢᠮᠲᠠᠯᠠᠨ᠎ᠠ᠂ ᠪᠢᠲᠠ ᠪᠤᠰᠤᠳ ᠤᠯᠤᠰ ᠲᠠᠢ ᠪᠦᠷ ᠬᠠᠮᠲᠤᠪᠠᠷ ᠬᠦᠭᠵᠢᠵᠦ᠂ ᠬᠠᠷᠢᠯᠴᠠᠠ ᠠᠰᠢᠭ ᠬᠦᠷᠳᠡᠵᠤ ᠪᠤᠯᠵᠤ ᠪᠠᠶᠢᠨ᠎ᠠ᠂ ᠲᠤᠲᠤᠷ᠎ᠠ ᠭᠠᠵᠠᠷ ᠪᠤᠯᠤᠨ ᠰᠢᠶᠠᠩᠭᠠᠩ ᠤᠤᠮᠸᠠ ᠪᠦᠷ ᠨᠢᠭᠡ ᠤᠯᠤᠰ ᠲᠤ ᠬᠠᠷᠢᠶᠠᠯᠠᠭᠲᠠᠬᠤ ᠶᠤᠮ ᠴᠢᠨᠢ ᠨᠡᠩ ᠶᠠᠭᠤᠨ ᠦᠬᠦᠯᠡᠬᠦ ᠪᠤᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾᠎ ᠶᠢᠨ ᠲᠤᠤᠷ᠎ᠠ᠂ ᠲᠤᠰ ᠲᠤᠰ ᠤᠨ ᠲᠠᠪᠠᠭᠤᠯᠢᠭ ᠢᠶᠠᠨ ᠨᠡᠩ ᠰᠠᠶᠢᠲᠤᠷ ᠪᠠᠲᠠᠷᠠᠭᠤᠯᠵᠦ᠂ ᠬᠠᠷᠢᠯᠴᠠᠠ ᠨᠦᠬᠦᠪᠦᠷᠢᠯᠠᠵᠤ᠂ ᠰᠢᠨ᠎ᠠ ᠨᠡᠮᠡᠭᠲᠡᠯ ᠤᠨ ᠲᠦᠢᠯ ᠢ ᠪᠦᠷᠢᠯᠲᠦᠭᠦᠯᠬᠦ ᠪᠤᠯᠤᠨ᠎ᠠ᠃      ᠲᠤᠮᠲᠠᠲᠤ ᠤᠯᠤᠰ ᠤᠨ ᠤᠯᠠᠠ ᠤᠯᠤᠰ ᠤᠨ ᠷᠠᠲᠢᠣ᠋ ᠨᠡᠪᠲᠡᠷᠡᠭᠦᠯᠭᠡ ᠶᠢᠨ ᠬᠤᠷᠢᠶᠠᠠ ᠤ ᠰᠤᠷᠪᠤᠯᠵᠢᠯᠠᠭᠴᠢ᠄ ᠲᠤᠮᠲᠠᠲᠤ ᠤᠯᠤᠰ ᠤᠲᠤᠬᠠᠠ ᠳᠤ ᠨᠢᠭᠡᠨᠲᠡ ᠨᠠᠰᠤᠵᠢᠯ ᠤᠨ ᠨᠡᠶᠢᠭᠡᠮ ᠳᠤ ᠤᠷᠤᠵᠠᠢ᠂ ᠭᠡᠲᠡᠯ᠎ᠠ ᠨᠠᠰᠤᠵᠢᠯ ᠤᠨ ᠠᠰᠠᠷᠠᠮᠵᠢ ᠶᠢᠨ ᠬᠠᠩᠭᠠᠯᠭ᠎ᠠ ᠬᠦᠷᠦᠯᠴᠡᠬᠦ ᠦᠭᠡᠢ᠂ ᠶᠠᠰᠤ ᠴᠢᠨᠠᠷ ᠨᠢ ᠦᠨᠲᠦᠷ ᠪᠢᠰᠢ ᠪᠠᠶᠢᠨ᠎ᠠ᠂ ᠲᠡᠷᠡᠴᠢᠯᠡᠨ ᠮᠠᠰᠢ ᠤᠯᠠᠠ ᠬᠦᠮᠦᠰ ᠦᠲᠡᠯᠦᠭᠡ ᠨᠠᠰᠤ ᠪᠠᠨ ᠦᠩᠭᠡᠷᠡᠭᠦᠯᠬᠦ ᠳᠤ ᠬᠦᠴᠢᠷᠲᠡᠵᠦ ᠪᠠᠶᠢᠬᠤ ᠠᠰᠠᠭᠤᠲᠠᠯ ᠳᠤ ᠲᠤᠯᠭᠠᠷᠠᠵᠦ ᠪᠠᠶᠢᠬᠤ ᠶᠢ ᠪᠢᠲᠠ ᠮᠡᠲᠡᠨ᠎ᠠ᠃ ᠡᠭᠦᠨ ᠠᠴᠠ ᠭᠠᠲᠠᠨ᠎ᠠ᠂ ᠵᠠᠷᠢᠮ ᠮᠤᠵᠢ ᠳᠤ᠂ ᠨᠢᠲᠤᠨᠤᠨ ᠨᠢᠭᠡᠨᠲᠡ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠭᠡᠲᠦᠷᠡᠲᠡᠯ᠎ᠠ ᠵᠠᠷᠤᠭᠰᠠᠠ ᠦᠵᠡᠭᠲᠡᠯ ᠢᠯᠡᠷᠡᠵᠠᠢ᠂ ᠴᠦᠭᠡᠡ ᠪᠤᠰᠤ ᠬᠦᠮᠦᠰ ᠪᠤᠰᠤᠳ ᠮᠤᠵᠢ ᠳᠤ ᠪᠠᠰᠠ ᠡᠶᠢᠮᠦ ᠦᠵᠡᠭᠳᠡᠯ ᠢᠯᠡᠷᠡᠭᠰᠡᠡ ᠡᠰᠡᠬᠦ ᠲᠤᠬᠠᠢ ᠵᠤᠪᠠᠵᠦ ᠪᠠᠶᠢᠨ᠎ᠠ᠂ ᠡᠨᠡᠬᠦ ᠠᠰᠠᠭᠤᠲᠠᠯ ᠢ ᠭᠡᠷᠬᠢᠨ ᠠᠷᠭᠠᠴᠠᠬᠤ ᠪᠤᠢ︖ ᠬᠤᠶᠠᠷ ᠳ᠋ᠦᠩᠰᠢᠭᠤᠷ ᠭᠠᠷᠤᠢ ᠬᠦᠮᠦᠨ ᠤ ᠦᠲᠡᠯᠦᠭᠡ ᠨᠠᠰᠤ ᠪᠠᠨ ᠦᠩᠭᠡᠷᠡᠭᠦᠯᠬᠦ ᠠᠰᠠᠭᠤᠲᠠᠯ ᠢ ᠬᠡᠷᠬᠢᠨ ᠰᠢᠢᠳᠪᠦᠷᠢᠯᠡᠬᠦ ᠪᠤᠢ︖      ᠯᠢ ᠺᠧ ᠴᠢᠶᠠᠩ᠄ ᠬᠤᠭᠤᠯᠠ ᠢᠳᠡᠬᠦ ᠴᠠᠭ ᠨᠢᠭᠡᠨᠳᠡ ᠪᠤᠯᠴᠢᠬᠠᠯ᠎ᠠ᠂ ᠲᠠ ᠬᠤᠭᠤᠯᠠ ᠢᠳᠡᠬᠦ ᠲᠠᠢ ᠬᠠᠮᠢᠶ᠎ᠠ ᠲᠠᠢ ᠨᠢᠭᠡᠨ ᠠᠰᠠᠭᠤᠳᠠᠯ ᠠᠰᠠᠭᠤᠪᠠ᠃ ᠨᠠᠰᠤᠵᠢᠯ ᠤᠨ ᠮᠦᠩᠭᠦ ᠶᠢ ᠭᠦᠢᠴᠡᠳ ᠬᠡᠮᠵᠢᠶ᠎ᠠ ᠪᠠᠷ ᠦᠭᠬᠦ᠂ ᠲᠤᠭᠳᠠᠭᠰᠠᠨ ᠴᠠᠭ ᠲᠤᠨᠢ ᠦᠭᠬᠦ ᠪᠤᠯ ᠮᠠᠨ ᠤ ᠡᠷᠬᠡᠪᠰᠢ ᠬᠢᠬᠦ ᠴᠢᠬᠤᠯᠠᠳᠠᠢ ᠵᠦᠢᠯ ᠪᠤᠯᠤᠨ᠎ᠠ᠃ ᠲᠡᠶᠢᠮᠦ ᠡ᠂ ᠵᠠᠷᠢᠮ ᠮᠤᠵᠢ ᠶᠢᠨ ᠨᠢᠳᠤᠨᠤᠨ ᠤ ᠨᠠᠰᠤᠵᠢᠯ ᠤᠨ ᠮᠦᠩᠭᠦ ᠶᠢᠨ ᠤᠷᠤᠯᠭ᠎ᠠ ᠨᠢ ᠵᠠᠷᠤᠯᠭ᠎ᠠ ᠳᠠᠭᠠᠨ ᠬᠦᠷᠦᠭᠰᠡᠨ ᠦᠭᠡᠢ᠃ ᠪᠢ ᠵᠠᠷᠢᠮ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢᠶᠠᠷ ᠪᠠᠶᠢᠴᠠᠭᠠᠨ ᠰᠤᠳᠤᠯᠬᠤ ᠳᠠᠭᠠᠨ᠂ ᠤᠨᠴᠠᠭᠠᠶᠢᠯᠠᠨ ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ ᠲᠦᠯᠦᠭᠡᠯᠡᠭᠴᠢᠳ ᠤᠨ ᠪᠦᠯᠬᠦᠮ ᠳᠤ ᠬᠦᠷᠬᠦ ᠦᠶᠡᠰ᠂ ᠬᠠᠮᠤᠭ ᠤᠨ ᠲᠡᠷᠢᠭᠦᠨ ᠳᠤ ᠠᠰᠠᠭᠤᠭᠰᠠᠨ ᠠᠰᠠᠭᠤᠯᠳᠠ ᠪᠤᠯ ᠳᠠᠷᠤᠢ ᠨᠠᠰᠤᠵᠢᠯ ᠤᠨ ᠮᠦᠩᠭᠦ ᠶᠢ ᠴᠠᠭ ᠲᠤᠬᠠᠢ ᠳᠤᠨᠢ ᠭᠦᠢᠴᠡᠳ ᠬᠡᠮᠵᠢᠶ᠎ᠠ ᠪᠠᠷ ᠦᠭᠴᠤ ᠳᠡᠶᠢᠯᠵᠤ ᠪᠠᠶᠢᠬᠤ ᠡᠰᠡᠬᠦ ᠶᠠᠪᠤᠳᠠᠯ ᠪᠤᠯᠤᠨ᠎ᠠ᠃ ᠵᠠᠷᠢᠮ ᠮᠤᠵᠢ ᠶᠢᠨ ᠬᠢᠨ ᠨᠠᠰᠤᠵᠢᠯ ᠤᠨ ᠮᠦᠩᠭᠦ ᠶᠢ ᠦᠭᠬᠦ ᠳᠡᠭᠡᠨ ᠬᠦᠴᠢᠷᠳᠡᠯᠳᠠᠢ ᠪᠠᠶᠢᠬᠤ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠤᠷᠤᠭᠤᠳᠠᠬᠤ ᠳᠠᠷᠤᠯᠳᠠ ᠶᠡᠭᠡ ᠪᠠᠶᠢᠬᠤ᠂ ᠡᠳ᠋ ᠤᠨ ᠵᠠᠰᠠᠭ ᠤᠨ ᠤᠷᠤᠯᠭ᠎ᠠ ᠪᠠᠭᠠᠰᠤᠭᠰᠠᠨ ᠲᠠᠢ ᠬᠠᠮᠢᠶ᠎ᠠ ᠲᠠᠢ᠂ ᠳᠡᠳᠡ ᠨᠢᠭᠡᠨᠳᠡ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠠᠮᠢᠯᠠᠭᠤᠯᠤᠨ ᠰᠢᠢᠳᠪᠦᠷᠢᠯᠡᠬᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠳᠤ ᠲᠤᠬᠢᠷᠠᠭᠤᠯᠤᠯᠳᠠ ᠬᠢᠬᠦ ᠵᠡᠷᠭᠡ ᠪᠠᠷ ᠳᠠᠮᠵᠢᠵᠤ ᠴᠠᠭ ᠲᠤᠬᠠᠢ ᠳᠤᠨᠢ ᠭᠦᠢᠴᠡᠳ ᠬᠡᠮᠵᠢᠶ᠎ᠠ ᠪᠠᠷ ᠦᠭᠬᠦ ᠶᠢ ᠪᠠᠲᠤᠯᠠᠵᠤ ᠪᠠᠶᠢᠨ᠎ᠠ᠃ ᠶᠠᠷᠢᠶᠠᠨ ᠦᠭᠡᠢ᠂ ᠲᠦᠪ ᠤᠨ ᠡᠳ᠋ ᠤᠨ ᠵᠠᠰᠠᠭ ᠠᠴᠠ ᠪᠠᠰᠠ ᠵᠤᠬᠢᠬᠤ ᠬᠡᠮᠵᠢᠶᠠᠨ ᠤ ᠬᠠᠪᠰᠤᠷᠤᠯᠭ᠎ᠠ ᠬᠠᠩᠭᠠᠵᠠᠢ᠃      ᠵᠠᠪᠠᠯ ᠮᠡᠳᠡᠷᠡᠬᠦ ᠶᠤᠰᠤᠳᠠᠢ ᠨᠢ᠂ ᠬᠡᠰᠡᠭ ᠮᠤᠵᠢ ᠶᠢᠨ ᠨᠠᠰᠤᠵᠢᠯ ᠤᠨ ᠮᠦᠩᠭᠦ ᠳᠤ ᠶᠡᠷᠦᠩᠬᠡᠢ ᠳᠡᠭᠡᠨ ᠪᠠᠰᠠ ᠵᠠᠷᠢᠮ ᠬᠦᠴᠢᠷᠳᠡᠯ ᠡᠭᠦᠰᠴᠤ ᠮᠡᠳᠡᠨ᠎ᠠ᠂ ᠭᠡᠳᠡᠯ᠎ᠠ ᠪᠦᠬᠦ ᠤᠯᠤᠰ ᠤᠨ ᠬᠡᠪᠴᠢᠶ᠎ᠠ ᠠᠴᠠ ᠦᠵᠡᠪᠡᠯ᠂ ᠪᠢᠳᠡ ᠨᠠᠰᠤᠵᠢᠯ ᠤᠨ ᠮᠦᠩᠭᠦ ᠶᠢ ᠴᠠᠭ ᠲᠤᠬᠠᠢ ᠳᠤᠨᠢ ᠭᠦᠢᠴᠡᠳ ᠬᠡᠮᠵᠢᠶ᠎ᠠ ᠪᠠᠷ ᠦᠭᠬᠦ ᠶᠢ ᠪᠠᠲᠤᠯᠠᠬᠤ ᠴᠢᠳᠠᠪᠤᠷᠢ ᠲᠠᠢ᠃ ᠨᠢᠳᠤᠨᠤᠨ ᠠᠵᠤ ᠠᠬᠤᠶᠢᠯᠠᠯ ᠤᠨ ᠠᠵᠢᠯᠳᠠᠳ ᠤᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠭᠦ ᠶᠢᠨ ᠦᠯᠡᠳᠡᠪᠦᠷᠢ 4.1 ᠲᠦᠮᠡᠨ ᠳ᠋ᠦᠩᠰᠢᠭᠤᠷ ᠲᠦᠭᠦᠷᠢᠭ ᠲᠤ ᠬᠦᠷᠪᠡ᠂ ᠲᠤᠬᠠᠢ ᠶᠢᠨ ᠵᠢᠯ ᠳᠡᠭᠡᠨ ᠤᠷᠤᠯᠭ᠎ᠠ ᠨᠢ ᠵᠠᠷᠤᠯᠭ᠎ᠠ ᠠᠴᠠ ᠶᠡᠭᠡ᠃ ᠪᠢᠳᠡ ᠪᠠᠰᠠ ᠨᠠᠰᠤᠵᠢᠯ ᠤᠨ ᠮᠦᠩᠭᠦ ᠶᠢᠨ ᠪᠠᠶᠢᠯᠳᠤᠬᠤ ᠪᠤᠳᠤᠯᠭ᠎ᠠ ᠶᠢᠨ ᠨᠦᠬᠡᠴᠡ ᠲᠠᠢ᠂ ᠳᠠᠷᠤᠢ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠦᠩᠭᠦ ᠶᠢᠨ ᠪᠡᠯᠡ ᠮᠦᠩᠭᠦ ᠨᠡᠮᠡᠭᠳᠡᠵᠤ ᠪᠠᠶᠢᠨ᠎ᠠ᠂ ᠨᠢᠳᠤᠨᠤᠨ 1.8 ᠲᠦᠮᠡᠨ ᠳ᠋ᠦᠩᠰᠢᠭᠤᠷ ᠲᠦᠭᠦᠷᠢᠭ ᠲᠤ ᠬᠦᠷᠴᠠᠢ᠂ ᠪᠦᠬᠦ ᠤᠯᠤᠰ ᠤᠨ ᠬᠡᠪᠴᠢᠶᠠᠨ ᠳᠤ ᠨᠠᠰᠤᠵᠢᠯ ᠤᠨ ᠮᠦᠩᠭᠦ ᠶᠢ ᠴᠠᠭ ᠲᠤᠬᠠᠢ ᠳᠤᠨᠢ ᠭᠦᠢᠴᠡᠳ ᠬᠡᠮᠵᠢᠶ᠎ᠠ ᠪᠠᠷ ᠦᠭᠬᠦ ᠶᠢ ᠪᠦᠷᠢᠮᠦᠰᠦᠨ ᠪᠠᠲᠤᠯᠠᠵᠤ ᠳᠡᠶᠢᠯᠦᠨ᠎ᠡ᠃      ᠬᠡᠯᠡᠯᠭᠡᠨ ᠦᠭᠡᠢ᠂ ᠪᠢᠳᠠ ᠪᠠᠰᠠ ᠡᠨᠡᠬᠦ ᠬᠦᠷᠢᠶᠡᠨ ᠳᠠᠬᠢ ᠬᠤᠯᠪᠤᠬᠳᠠᠯ ᠪᠦᠬᠦᠢ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠂ ᠵᠢᠱᠢᠶᠡᠯᠡᠪᠡᠯ ᠡᠨᠡ ᠵᠢᠯ ᠪᠢᠳᠠ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠰᠠᠭᠤᠷᠢ ᠮᠦᠩᠭᠦ ᠶᠢ ᠳᠤᠬᠢᠷᠠᠭᠤᠯᠬᠤ ᠳᠦᠷᠢᠮ ᠢ ᠬᠡᠷᠡᠭᠵᠢᠭᠦᠯᠵᠦ᠂ ᠲᠦᠪ ᠠᠴᠠ 3%᠎ ᠶᠢ ᠨᠢ ᠬᠤᠷᠢᠶᠠᠨ ᠠᠪᠴᠤ ᠨᠢᠭᠡᠳᠦᠯᠲᠡᠢ ᠲᠦᠯᠦᠪᠵᠢᠭᠦᠯᠦᠨ ᠳᠤᠬᠢᠷᠠᠭᠤᠯᠵᠤ᠂ ᠬᠤᠵᠢᠮ ᠡᠨᠡᠬᠦ ᠬᠠᠷᠢᠴᠠᠯ ᠢ ᠪᠠᠰᠠ ᠳᠡᠭᠡᠭᠰᠢᠯᠡᠭᠦᠯᠵᠦ᠂ ᠵᠠᠷᠢᠮ ᠮᠤᠵᠢ ᠶᠢᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠭᠠᠷᠬᠤ ᠪᠤᠯᠤᠯᠴᠠᠭ᠎ᠠ ᠲᠠᠢ ᠲᠤᠲᠠᠭᠤᠳᠠᠯ ᠢ ᠨᠦᠬᠦᠪᠦᠷᠢᠯᠡᠨ᠎ᠡ᠃ ᠡᠭᠦᠨ ᠤ ᠬᠠᠮᠲᠤ ᠪᠢᠳᠠ ᠪᠠᠰᠠ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠠᠰᠢᠬ ᠤᠯᠵᠠᠪᠤᠷᠢ ᠶᠢ ᠬᠤᠪᠢᠶᠠᠷᠢᠯᠠᠨ ᠰᠠᠯᠭᠠᠬᠤ ᠪᠠᠷ ᠳᠠᠮᠵᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠵᠦ᠂ ᠲᠡᠭᠦᠨ ᠢ ᠠᠮᠤᠷ ᠲᠦᠪᠰᠢᠨ ᠪᠠᠶᠢᠯᠭᠠᠬᠤ ᠪᠠᠷ ᠦᠯᠦ ᠪᠠᠷᠠᠨ ᠪᠠᠰᠠ ᠠᠰᠢᠬ ᠤᠯᠵᠠᠪᠤᠷᠢ ᠶᠢᠨ ᠤᠷᠤᠨ ᠵᠠᠢ ᠶᠢ ᠦᠷᠭᠡᠳᠬᠡᠨ᠎ᠡ᠂ ᠡᠳᠡᠭᠡᠷ ᠨᠢ ᠴᠦᠮ ᠦᠳᠡᠯᠪᠡᠯ ᠬᠦᠷᠳᠡᠬᠦ ᠠᠰᠠᠷᠠᠮᠵᠢ ᠲᠠᠢ ᠶᠢ ᠪᠠᠲᠤᠯᠠᠬᠤ ︽ᠲᠤᠬᠲᠠᠬᠰᠠᠨ ᠵᠤᠷᠢᠯᠲᠠ︾ ᠮᠦᠨ᠂ ᠳᠠᠶᠠᠭᠠᠷ ᠢᠶᠠᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠪᠠᠯ ᠵᠤᠬᠢᠨ᠎ᠠ᠃ ᠶᠠᠭᠤᠨ ᠳᠤ ᠢᠩᠬᠢᠵᠦ ᠶᠠᠷᠢᠵᠤ ᠪᠠᠶᠢᠬᠤ ᠪᠤᠢ︖ ᠤᠴᠢᠷ ᠨᠢ ᠬᠡᠷᠪᠡ ᠪᠢᠳᠠ ᠡᠨᠡᠬᠦ ᠲᠠᠯ᠎ᠠ ᠶᠢ ᠪᠡᠶᠡᠯᠡᠭᠦᠯᠵᠦ ᠳᠡᠶᠢᠯᠬᠦ ᠦᠭᠡᠢ᠂  ᠨᠠᠰᠤᠲᠠᠶᠢᠴᠤᠳ ᠨᠠᠰᠤ ᠪᠠᠷ ᠢᠶᠠᠨ ᠵᠤᠪᠠᠵᠤ ᠵᠦᠳᠡᠷᠡᠭᠡᠳ ᠪᠠᠰᠠ ᠦᠲᠡᠯᠪᠡᠯ ᠬᠦᠷᠲᠡᠬᠦ ᠠᠰᠠᠷᠠᠮᠵᠢ ᠲᠠᠢ ᠪᠠᠶᠢᠵᠤ ᠳᠡᠶᠢᠯᠬᠦ ᠦᠭᠡᠢ ᠪᠤᠯ᠂ ᠬᠤᠶᠢᠴᠢ ᠦᠶ᠎ᠡ ᠶᠢᠨ ᠬᠢᠨ ᠳᠠᠷᠤᠢ ᠢᠲᠡᠭᠡᠯ ᠠᠯᠳᠠᠨ᠎ᠠ᠃      ᠨᠠᠰᠤᠲᠠᠶᠢᠴᠤᠳ ᠢ ᠳᠠᠷᠤᠭᠠᠰᠤ ᠭᠡᠮᠡᠨ ᠦᠵᠡᠵᠦ ᠪᠤᠯᠬᠤ ᠦᠭᠡᠢ᠂ ︽ᠦᠳᠡᠰᠢ ᠶᠢᠨ ᠲᠤᠯᠤᠩ︾᠎ ᠨᠢ ᠪᠠᠰᠠ ᠨᠢᠭᠡᠨ ᠠᠵᠤ ᠦᠢᠯᠡᠰ ᠪᠤᠯᠤᠨ᠎ᠠ᠃ ᠮᠠᠰᠢ ᠤᠯᠠᠨ ᠨᠠᠰᠤᠲᠠᠶᠢᠴᠤᠳ ᠲᠡᠳᠡᠨ ᠤ ᠬᠢᠵᠦ ᠴᠢᠳᠠᠬᠤ ᠶᠠᠪᠤᠳᠠᠯ ᠢᠶᠠᠨ ᠴᠢᠳᠠᠯ ᠤᠨ ᠬᠢᠷᠢ ᠪᠠᠷ ᠢᠶᠠᠨ ᠬᠢᠵᠦ ᠪᠤᠯᠤᠨ᠎ᠠ᠃ ᠶᠠᠷᠢᠶᠠᠨ ᠦᠭᠡᠢ᠂ ᠡᠨᠡ ᠨᠢ ᠦᠳᠡᠯᠪᠡᠯ ᠬᠦᠷᠳᠡᠬᠦ ᠠᠰᠠᠷᠠᠮᠵᠢ ᠲᠠᠢ ᠪᠠᠶᠢᠬᠤ ᠶᠢ ᠡᠷᠬᠡᠪᠰᠢ ᠪᠠᠲᠤᠯᠠᠬᠤ ᠬᠠᠷᠢᠭᠤᠴᠠᠯᠭ᠎ᠠ ᠪᠠᠨ ᠳᠦᠯᠬᠢᠵᠦ ᠪᠠᠶᠢᠬᠤ ᠶᠠᠪᠤᠳᠠᠯ ᠤᠬᠳᠤ ᠪᠢᠰᠢ᠃      ᠰᠠᠶ᠋ᠢᠬᠠᠨ ᠬᠤᠷᠠᠯ ᠡᠷᠬᠢᠯᠡᠭᠴᠢ ᠠᠴᠠ ᠡᠨᠡ ᠪᠤᠯ ᠡᠴᠤᠰ ᠤᠨ ᠨᠢᠬᠡ ᠠᠰᠠᠭᠤᠯᠳᠠ ᠬᠡᠵᠤ ᠬᠡᠯᠡᠪᠡ᠂ ᠲᠠᠨ ᠤ ᠠᠰᠠᠭᠤᠯᠳᠠ ᠴᠢᠨᠢ ᠠᠷᠠᠳ ᠤᠨ ᠠᠮᠢᠳᠤᠷᠠᠯ ᠤᠨ ᠠᠰᠠᠭᠤᠳᠠᠯ᠂ ᠡᠮᠤᠨ᠎ᠠ ᠬᠡᠳᠤᠨ ᠰᠤᠷᠪᠤᠯᠵᠢᠯᠠᠬᠴᠢ ᠴᠤ ᠠᠷᠠᠳ ᠤᠨ ᠠᠮᠢᠳᠤᠷᠠᠯ ᠤᠨ ᠬᠡᠳᠤᠨ ᠠᠰᠠᠭᠤᠳᠠᠯ ᠢ ᠠᠰᠠᠭᠤᠬᠰᠠᠨ ᠪᠠᠶᠢᠨ᠎ᠠ᠃ ᠪᠢᠳᠠ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠠᠮᠤᠭ ᠤᠨ ᠴᠢᠬᠤᠯᠠ ᠨᠢ ᠲᠠᠷᠤᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠲᠤᠤᠱᠯᠠᠭᠤᠯᠤᠨ᠎ᠠ᠂ ᠠᠷᠠᠳ ᠤᠨ ᠵᠠᠰᠠᠬ ᠤᠨ ᠤᠷᠳᠤᠨ ᠤ ᠠᠵᠢᠯ ᠤᠨ ᠵᠤᠷᠢᠯᠳᠠ ᠪᠤᠯᠤᠨ ᠲᠤᠰᠤᠯᠳᠠ ᠪᠤᠯ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠤᠨ᠎ᠠ᠂ ᠪᠢᠳᠠ ᠦᠨᠳᠤᠰᠤᠨ ᠠᠷᠠᠳ ᠤᠨ ᠠᠮᠢᠳᠤᠷᠠᠯ ᠢ ᠪᠠᠳᠤᠯᠠᠵᠤ᠂ ᠠᠷᠠᠳ ᠤᠨ ᠠᠮᠢᠳᠤᠷᠠᠯ ᠤᠨ ᠬᠦᠴᠢᠷᠳᠠᠯ ᠢ ᠰᠢᠢᠳᠪᠤᠷᠢᠯᠠᠵᠤ᠂ ᠴᠢᠨᠠᠷᠯᠢᠭ ᠡᠬᠢ ᠪᠠᠶᠠᠯᠢᠬ ᠢ ᠨᠡᠮᠡᠭᠳᠡᠬᠦᠯᠵᠤ᠂ ᠨᠡᠩ ᠤᠯᠠᠨ ᠠᠷᠠᠳ ᠲᠦᠮᠡᠨ ᠳᠤ ᠠᠰᠢᠬ ᠬᠦᠷᠳᠡᠬᠡᠬᠦ ᠪᠤᠯᠤᠨ᠎ᠠ᠂ ᠡᠨᠡ ᠲᠠᠯ᠎ᠠ ᠪᠠᠷ ᠤᠯᠠᠨ ᠢᠶᠠᠷ ᠢᠶᠠᠨ ᠢᠳᠡᠬᠡᠯ ᠲᠠᠢ ᠪᠠᠶᠢᠭᠠᠷᠠᠢ᠃      ᠰᠤᠷᠪᠤᠯᠵᠢᠯᠠᠬᠴᠢᠳ ᠤᠨ ᠬᠤᠷᠠᠯ ᠲᠡᠬᠦᠰᠬᠦ ᠳᠤ᠂ ᠴᠦ᠋ ᠲᠢᠶᠠᠨ ᠬᠤᠳᠠ ᠶᠢᠨ ᠰᠤᠨᠢᠨ ᠤ ᠰᠤᠷᠪᠤᠯᠵᠢᠯᠠᠬᠴᠢ ᠠᠰᠠᠭᠤᠬᠰᠠᠨ ᠨᠢ᠄ ᠬᠤᠪᠢ ᠬᠦᠮᠤᠨ ᠤ ᠠᠰᠢᠬ ᠤᠯᠵᠠᠪᠤᠷᠢ ᠶᠢᠨ ᠭᠠᠶᠢᠯᠢ ᠶᠢᠨ ᠭᠠᠶᠢᠯᠢ ᠲᠠᠲᠠᠪᠤᠷᠢᠯᠠᠬᠤ ᠴᠡᠭ ᠢ ᠬᠡᠳᠦᠢ ᠳᠡᠭᠡᠭᠰᠢᠯᠡᠬᠦᠯᠬᠦ ᠪᠤᠢ︖      ᠯᠢ ᠺᠧ ᠴᠢᠶᠠᠩ᠄ ᠪᠢᠳᠠ ᠱᠠᠯᠠᠪᠳᠠᠨ ᠡᠬᠢᠯᠡᠬᠦᠯᠵᠤ᠂ ᠬᠠᠤᠯᠢ ᠴᠠᠭᠠᠵᠠ ᠶᠢᠨ ᠲᠡᠰ ᠳᠠᠷᠠᠭᠠᠯᠠᠯ ᠵᠢᠷᠤᠮ ᠭᠤᠷᠢᠮ ᠢᠶᠠᠷ ᠶᠠᠪᠤᠭᠳᠠᠭᠤᠯᠤᠨ᠎ᠠ᠃      ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠠᠰᠠᠷ ᠤᠨ ᠠᠯᠳᠠᠨ ᠤᠷᠳᠤᠨ ᠳᠤ 2 ᠴᠠᠬ ᠰᠢᠬᠠᠮ ᠶᠠᠪᠤᠬᠳᠠᠵᠤ᠂ ᠲᠤᠳᠤᠭᠠᠳᠤ ᠭᠠᠳᠠᠭᠠᠳᠤ ᠶᠢᠨ 1200 ᠭᠠᠷᠤᠢ ᠰᠤᠷᠪᠤᠯᠵᠢᠯᠠᠬᠴᠢ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号