ᠥᠪᠥᠷ ᠮᠣᠩᠭᠤᠯ᠄ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠳᠤ 3 ᠵᠦᠢᠯ ᠤᠨ ᠦᠨᠳᠦᠰᠦᠨ ᠨᠥᠬᠦᠴᠡᠯ ᠳᠤ ᠨᠡᠶᠢᠴᠡᠬᠦ ᠬᠡᠷᠡᠭᠲᠡᠢ
ᠨᠡᠶᠢᠲᠡᠯᠡᠭᠰᠡᠨ ᠴᠠᠭ᠄
2018/3/21
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ 20᠎ ᠤ ᠡᠳᠦᠷ ᠠᠯᠪᠠᠨ ᠤ ᠲᠠᠯ᠎ᠠ ᠶᠢᠨ ᠪᠢᠴᠢᠯ ᠪᠯᠤᠭ ᠳᠡᠭᠡᠷ᠎ᠡ ᠨᠡᠶᠢᠲᠡᠯᠡᠭᠰᠡᠨ ᠢᠶᠠᠷ᠂ 2018 ᠣᠨ ᠳᠤ ᠤᠯᠤᠰ ᠤᠨ ᠲᠤᠰᠬᠠᠶ ᠲᠥᠯᠥᠪᠯᠡᠭᠡ᠂ ᠣᠷᠣᠨ ᠨᠤᠲᠤᠭ ᠤᠨ ᠲᠤᠰᠬᠠᠶ ᠲᠥᠯᠥᠪᠯᠡᠭᠡ ᠪᠠ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠭᠦᠨ ᠳᠤ᠄ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠳᠤ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠢ᠂ ᠦᠨᠳᠦᠰᠦᠲᠡᠨ ᠤ ᠭᠠᠵᠠᠷ ᠣᠷᠣᠨ ᠤ ᠬᠤᠰᠢᠭᠤ ︵ᠰᠢᠶᠠᠨ᠂ ᠬᠤᠳᠠ︶᠎ ᠠᠴᠠ ᠳᠣᠷᠣᠭᠰᠢᠬᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠷᠭᠠᠭᠤ ᠴᠢᠷᠮᠠᠶᠢᠨ ᠰᠤᠷᠤᠯᠴᠠᠳᠠᠭ᠂ ᠬᠢᠷᠢ ᠪᠦᠲᠦᠮᠵᠢ ᠨᠢ ᠰᠢᠯᠢᠳᠡᠭ ᠬᠥᠳᠡᠭᠡ ᠲᠣᠰᠬᠤᠨ ᠤ ᠰᠤᠷᠤᠭᠴᠢ ᠶᠢ ᠬᠠᠨᠳᠤᠯᠭ᠎ᠠ ᠲᠠᠢ ᠡᠯᠰᠡᠨ᠎ᠡ᠃ ᠰᠤᠷᠤᠭᠴᠢ ᠡᠯᠰᠡᠬᠦ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶᠠᠲᠤ ᠶᠡᠭᠡ ᠳᠡᠭᠡᠳᠦ ᠰᠤᠷᠭᠠᠭᠤᠯᠢ ᠪᠣᠯᠤᠨ ᠪᠣᠰᠣᠳ ᠪᠡᠶ᠎ᠡ ᠪᠠᠨ ᠳᠠᠭᠠᠭᠠᠨ ᠰᠣᠷᠣᠭᠴᠢ ᠡᠯᠰᠡᠬᠦ ᠲᠤᠷᠰᠢᠯᠲᠠ ᠶᠢᠨ ᠶᠡᠭᠡ ᠳᠡᠭᠡᠳᠦ ᠰᠤᠷᠭᠠᠭᠤᠯᠢ ᠪᠣᠯᠣᠨ᠎ᠠ᠃      ᠲᠠᠨᠢᠯᠴᠠᠭᠤᠯᠤᠭᠰᠠᠨ ᠢᠶᠠᠷ᠂ ᠨᠡᠷ᠎ᠡ ᠮᠡᠳᠡᠭᠦᠯᠦᠨ ᠰᠢᠯᠭᠠᠭᠤᠯᠬᠤ ᠰᠤᠷᠤᠭᠴᠢᠳ ᠡᠷᠬᠡᠪᠰᠢ ᠳᠣᠣᠷᠠᠬᠢ 3 ᠵᠦᠢᠯ ᠤᠨ ᠦᠨᠳᠦᠰᠦᠨ ᠨᠥᠬᠦᠴᠡᠯ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠶ᠄ 2018 ᠣᠨ ᠤ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ︔ ᠲᠤᠰ ᠬᠥᠮᠦᠨ ᠵᠢᠴᠢ ᠲᠡᠭᠦᠨ ᠤ ᠠᠪᠤ ᠡᠵᠢ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠨᠢ ᠪᠠᠶᠢᠭ᠎ᠠ ᠭᠠᠵᠠᠷ ᠤᠨ ᠬᠡᠷᠡᠭᠵᠢᠭᠦᠯᠵᠦ ᠪᠦᠬᠦᠢ ᠬᠡᠪᠴᠢᠶᠡᠨ ᠳᠠᠬᠢ ᠬᠥᠳᠡᠭᠡ ᠲᠣᠰᠬᠤᠨ ᠳᠤ ᠪᠠᠶᠢᠬᠤ ᠪᠠ ᠲᠤᠰ ᠬᠥᠮᠦᠨ ᠨᠢ ᠲᠤᠬᠠᠶ ᠶᠢᠨ ᠭᠠᠵᠠᠷ ᠲᠠᠭᠠᠨ ᠦᠷᠭᠦᠯᠵᠢᠯᠡᠨ 3 ᠵᠢᠯ ᠠᠴᠠ ᠳᠡᠭᠡᠭᠰᠢ ᠡᠷᠦᠬᠡ ᠠᠮᠠ ᠶᠢᠨ ᠳᠠᠩᠰᠠ ᠲᠠᠢ ᠪᠠᠶᠢᠬᠤ︔ ᠲᠤᠰ ᠬᠥᠮᠦᠨ ᠎ ᠨᠢ ᠡᠷᠦᠬᠡ ᠠᠮᠠ ᠶᠢᠨ ᠳᠠᠩᠰᠠ ᠪᠠᠶᠢᠭ᠎ᠠ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠷᠪᠠᠨ ᠵᠢᠯ ᠳᠠᠷᠠᠭᠠᠯᠠᠨ ᠪᠣᠳᠠᠲᠠᠶ ᠪᠠᠷ ᠰᠤᠷᠤᠯᠴᠠᠭᠰᠠᠨ ᠪᠠᠶᠢᠬᠤ ᠬᠡᠷᠡᠭᠲᠡᠶ᠃      ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠨᠤᠭᠤᠳ ᠰᠤᠷᠤᠭᠴᠢ ᠡᠯᠰᠡᠬᠦ ᠲᠣᠪᠴᠢ ᠳᠦᠷᠢᠮ ᠨᠡᠶᠢᠲᠡᠯᠡᠵᠦ᠂ ᠰᠢᠯᠭᠠᠭᠤᠯᠤᠭᠴᠢ ᠨᠡᠷ᠎ᠡ ᠮᠡᠳᠡᠭᠦᠯᠬᠦ ᠭᠤᠶᠤᠴᠢᠯᠠᠯ ᠢᠶᠠᠨ ᠭᠦᠢᠴᠡᠳᠬᠡᠨ᠎ᠡ᠃  ︵ᠪᠣᠳᠠᠲᠠᠶ ᠨᠡᠷ᠎ᠡ ᠮᠡᠳᠡᠭᠦᠯᠬᠦ ᠠᠷᠭ᠎ᠠ ᠶᠢ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠢᠯᠡ ᠲᠠᠪᠴᠠᠩ ᠪᠠ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠬᠡᠷᠡᠭᠵᠢᠭᠦᠯᠬᠦ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠨᠡᠶᠢᠲᠡᠯᠡᠭᠰᠡᠨ ᠬᠠᠮᠢᠶ᠎ᠠ ᠪᠦᠬᠦᠢ ᠠᠭᠤᠯᠭ᠎ᠠ ᠶᠢ ᠯᠠᠪᠯᠠᠭᠠᠷᠠᠢ︶︔ 4 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠰᠢᠯᠭᠠᠭᠤᠯᠤᠭᠰᠠᠳ ᠤᠨ ᠦᠨᠳᠦᠰᠦᠨ ᠨᠥᠬᠦᠴᠡᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠨᠡᠷᠡᠰ ᠢ ᠨᠡᠶᠢᠲᠡ ᠳᠤ ᠵᠠᠷᠠᠯᠠᠨ᠎ᠠ︔ 5 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠬᠤᠯᠪᠣᠭᠳᠠᠯ ᠪᠦᠭᠦᠢ ᠶᠡᠭᠡ ᠳᠡᠭᠡᠳᠦ ᠰᠤᠷᠭᠠᠭᠤᠯᠢ ᠪᠣᠰᠣᠳ ᠦᠨᠳᠦᠰᠦᠨ ᠨᠥᠬᠦᠴᠡᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠨᠡᠷᠡᠰ ᠢ ᠨᠡᠶᠢᠲᠡ ᠳᠤ ᠵᠠᠷᠠᠯᠠᠨ᠎ᠠ  ᠃      ᠥᠪᠥᠷ ᠮᠣᠩᠭᠤᠯ ᠤᠨ 80 ᠬᠤᠰᠢᠭᠤ ᠰᠢᠶᠠᠨ ᠢ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠎ ᠶᠢᠨ ᠰᠤᠷᠤᠭᠴᠢ ᠶᠢᠨ ᠢᠷᠡᠯᠲᠡ ᠶᠢᠨ ᠭᠠᠵᠠᠷ ᠣᠷᠣᠨ ᠪᠣᠯᠭᠠᠪᠠ᠂ ᠡᠳᠡᠭᠡᠷ ᠨᠢ ᠲᠤᠰ ᠲᠤᠰ᠄ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ᠂ ᠰᠢᠭᠤᠶᠢᠲᠤ ᠲᠣᠭᠤᠷᠢᠭ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠭᠦᠶᠡᠩ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠬᠡᠰᠢᠭᠲᠡᠨ ᠬᠤᠰᠢᠭᠤ᠂ ᠣᠩᠨᠢᠭᠤᠳ ᠬᠤᠰᠢᠭᠤ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤ᠂ ᠮᠠᠨᠵᠤᠤᠷ ᠬᠤᠳᠠ᠂ ᠵᠠᠯᠠᠨ ᠠᠶᠢᠯ ᠬᠤᠳᠠ᠂ ᠶᠠᠭᠰᠢ ᠬᠤᠳᠠ᠂ ᠭᠡᠭᠡᠨ ᠭᠤᠣᠯ ᠬᠤᠳᠠ᠂ ᠡᠷᠭᠦᠨ᠎ᠡ ᠬᠤᠳᠠ᠂ ᠠᠷᠤᠨ ᠬᠤᠰᠢᠭᠤ᠂ ᠮᠣᠷᠢᠨ ᠳᠠᠪᠠᠭ᠎ᠠ ᠶᠢᠨ ᠳᠠᠭᠤᠷ ᠥᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠬᠠᠭᠤᠴᠢᠨ ᠪᠠᠷᠭᠤ ᠬᠤᠰᠢᠭᠤ᠂ ᠷᠠᠰᠢᠶᠠᠨ ᠬᠤᠳᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠣᠯᠢᠨ ᠭᠤᠣᠯ ᠬᠤᠳᠠ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠺᠠᠶᠢᠯᠦ ᠰᠢᠶᠠᠨ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠵᠠᠷᠤᠳ ᠬᠤᠰᠢᠭᠤ᠂ ᠡᠷᠢᠶᠡᠨ ᠬᠤᠳᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠲᠠᠶᠢᠫᠣᠰᠧ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠦᠬᠡ ᠬᠤᠰᠢᠭᠤ᠂ ᠳᠤᠯᠤᠨ ᠨᠠᠭᠤᠷ ᠰᠢᠶᠠᠨ᠂ ᠹᠧᠩᠵᠧᠨ ᠬᠤᠳᠠ᠂ ᠵᠦᠸᠧᠽᠢ ᠰᠢᠶᠠᠨ᠂ ᠬᠤᠸᠠᠳᠧ ᠰᠢᠶᠠᠨ᠂ ᠱᠠᠩᠳᠤ ᠰᠢᠶᠠᠨ᠂ ᠰᠢᠩ ᠾᠧ ᠰᠢᠶᠠᠨ᠂ ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ ᠬᠤᠰᠢᠭᠤ᠂ ᠳᠠᠯᠠᠳ ᠬᠤᠰᠢᠭᠤ᠂ ᠵᠡᠭᠦᠨᠭᠠᠷ ᠬᠤᠰᠢᠭᠤ᠂ ᠤᠳᠤᠭ ᠤᠨ ᠡᠮᠦᠨᠡᠲᠦ ᠬᠤᠰᠢᠭᠤ᠂ ᠤᠳᠤᠭ ᠬᠤᠰᠢᠭᠤ᠂ ᠬᠠᠩᠭᠢᠨ ᠬᠤᠰᠢᠭᠤ᠂ ᠦᠦᠰᠢᠨ ᠬᠤᠰᠢᠭᠤ᠂ ᠡᠵᠡᠨ ᠬᠤᠷᠤᠭ᠎ᠠ ᠬᠤᠰᠢᠭᠤ᠂ ᠦᠶᠤᠸᠠᠨ ᠰᠢᠶᠠᠨ᠂ ᠳ᠋ᠧᠩᠺᠧᠤ ᠰᠢᠶᠠᠨ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤ᠂ ᠬᠠᠩᠭᠢᠨ ᠬᠤᠶᠢᠲᠤ ᠬᠤᠰᠢᠭᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ ᠪᠣᠯᠣᠨ ᠡᠵᠡᠨ᠎ᠡ ᠬᠤᠰᠢᠭᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号