| 3 ᠳ᠋ᠤᠭᠠᠷ ᠰᠠᠷ᠎ᠠ ᠶᠢᠨ 21 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ | ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠪᠠ᠃ | | | 3 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ | ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ | ᠲᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠬᠤᠷᠠᠯ ᠢ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠶᠢᠨ ᠵᠦᠪᠯᠡᠯᠭᠡᠨ ᠤ | ᠲᠡᠷᠢᠭᠦᠯᠡᠭᠴᠢ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ | ᠪᠦᠬᠦ ᠤᠯᠤᠰ ᠤᠨ ᠤᠯᠤᠰ ᠲᠦᠷᠦ ᠶᠢᠨ ᠵᠦᠪᠯᠯᠡᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ | ᠯᠢ ᠵᠢᠢ ᠾᠧᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ ᠪᠦᠬᠦ ᠤᠯᠤᠰ ᠤᠨ | ᠬᠤᠶᠠᠷ ᠬᠤᠷᠠᠯ ᠤᠨ ᠦᠪᠡᠳᠡᠭᠰᠢ ᠪᠠᠶᠢᠳᠠᠯ ᠤᠷᠢᠳ ᠡᠮᠦᠨ᠎ᠠ ᠪᠠᠶᠢᠭ᠎ᠠ ᠦᠭᠡᠢ᠂ ᠦᠷ᠎ᠠ ᠪᠦᠳᠦᠭᠡᠯ ᠨᠢ ᠡᠯᠪᠡᠭ | ᠳᠡᠯᠪᠡᠭ᠂ ᠠᠴᠢ ᠬᠤᠯᠪᠤᠬᠳᠠᠯ ᠨᠢ ᠴᠢᠬᠤᠯᠠ ᠶᠡᠭᠡ᠂ ᠨᠦᠯᠦᠭᠡ ᠲᠤᠰᠬᠠᠯ ᠨᠢ ᠠᠯᠤᠰ ᠬᠡᠳᠦ ᠶᠢᠨ ᠪᠦᠭᠡᠳ ᠬᠦᠨ | ᠬᠦᠨᠵᠡᠭᠡᠢ ᠪᠠᠶᠢᠵᠤ᠂ ᠨᠢᠭᠡ ᠤᠳᠠᠭ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ | ᠶᠡᠭᠡ ᠲᠤᠭ ᠢ ᠦᠨᠳᠦᠷ ᠮᠠᠨᠳᠤᠭᠤᠯᠤᠬᠰᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠬᠰᠠᠨ ᠶᠡᠭᠡ ᠬᠤᠷᠠᠯ ᠪᠤᠯᠪᠠ᠂ ᠨᠢᠭᠡ ᠤᠳᠠᠭ᠎ᠠ ᠶᠢᠨ ᠠᠷᠠᠳᠴᠢᠯᠠᠯ ᠲᠠᠢ᠂ | ᠪᠦᠯᠬᠦᠮᠳᠡᠯ ᠲᠠᠢ᠂ ᠪᠤᠳᠠᠳᠠᠢ ᠶᠢ ᠡᠷᠬᠢᠮᠯᠡᠭᠰᠡᠨ᠂ ᠪᠦᠯᠬᠦᠮᠳᠡᠨ ᠣᠷᠣᠭᠰᠢᠯᠠᠭᠰᠠᠨ ᠶᠡᠭᠡ ᠬᠤᠷᠠᠯ ᠪᠤᠯᠪᠠ᠃ ᠶᠡᠷᠦᠩᠬᠡᠢ | ᠱᠦᠵᠢ ᠰᠢ ᠶᠢᠨ ᠫᠢᠩ ᠪᠦᠷᠢᠨ ᠪᠢᠯᠧᠲ ᠢᠶᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠲᠡᠷᠢᠭᠦᠯᠡᠭᠴᠢ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠪᠠᠷ ᠰᠤᠩᠭᠤᠬᠳᠠᠬᠰᠠᠨ ᠨᠢ᠂ ᠨᠠᠮ ᠤᠨ ᠵᠤᠷᠢᠯᠳᠠ᠂ ᠠᠷᠠᠳ ᠲᠦᠮᠡᠨ ᠤ ᠵᠤᠷᠢᠯᠳᠠ᠂ | ᠤᠯᠤᠰ ᠤᠨ ᠵᠤᠷᠢᠯᠳᠠ ᠶᠢᠨ ᠲᠡᠭᠡᠳᠦ ᠬᠡᠮᠵᠢᠶᠠᠨ ᠤ ᠨᠢᠭᠡᠳᠦᠯ ᠢ ᠬᠦᠢᠴᠡᠳ ᠢᠯᠡᠷᠡᠭᠦᠯᠵᠤ᠂ 13 ᠳ᠋ᠦᠩᠰᠢᠭᠤᠷ | ᠭᠠᠷᠤᠢ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠬᠦᠰᠡᠯ ᠵᠤᠷᠢᠯᠳᠠ ᠶᠢ | ᠬᠦᠢᠴᠡᠳ ᠳᠣᠰᠬᠠᠪᠠ᠃ ᠶᠡᠷᠦᠩᠬᠡᠢ ᠱᠦᠵᠢ ᠰᠢ ᠶᠢᠨ ᠫᠢᠩ ᠪᠤᠯ ᠪᠦᠬᠦ ᠨᠠᠮ ᠢᠶᠠᠷ ᠢᠶᠠᠨ ᠬᠦᠷᠢᠶᠡᠯᠡᠭᠦ᠂ ᠠᠷᠠᠳ | ᠲᠦᠮᠡᠨ ᠬᠠᠶᠢᠷᠠᠯᠠᠬᠤ᠂ ᠨᠡᠷ᠎ᠠ ᠨᠢᠳᠡᠷ ᠲᠡᠭᠡᠨ ᠨᠡᠶᠢᠴᠡᠭᠰᠡᠨ ᠨᠠᠮ ᠤᠨ ᠭᠤᠤᠯᠯᠠᠬᠴᠢ᠂ ᠴᠡᠷᠢᠭ ᠠᠩᠬᠢ ᠶᠢᠨ | ᠵᠢᠯᠤᠭᠤᠳᠤᠬᠴᠢ᠂ ᠠᠷᠠᠳ ᠲᠦᠮᠡᠨ ᠤ ᠤᠳᠤᠷᠢᠳᠤᠬᠴᠢ ᠪᠣᠯᠬᠤ ᠪᠦᠭᠡᠳ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠳᠦ ᠤᠯᠤᠰ ᠤᠨ ᠵᠠᠯᠠᠭᠤᠷᠴᠢᠨ᠂ ᠠᠷᠠᠳ ᠲᠦᠮᠡᠨ ᠤ ᠲᠠᠭᠠᠭᠤᠯᠤᠬᠴᠢ | ᠪᠤᠯᠬᠤ ᠶᠢ ᠦᠢᠯᠡᠳᠦᠯᠭᠡ ᠬᠡᠷᠡᠴᠢᠯᠡᠵᠦ ᠪᠠᠶᠢᠨ᠎ᠠ ᠬᠡᠪᠡ᠃ | ᠯᠢ ᠵᠢᠢ ᠾᠧᠩ ᠴᠢᠬᠤᠯᠠᠴᠢᠯᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ᠪᠦᠬᠦ ᠤᠯᠤᠰ ᠤᠨ | ᠬᠤᠶᠠᠷ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ | ᠪᠤᠯᠭᠠᠵᠤ᠂ ᠰᠤᠷᠤᠯᠴᠠᠨ ᠮᠡᠳᠡᠵᠦ ᠨᠡᠪᠳᠡᠷᠡᠳᠡᠯ᠎ᠠ ᠤᠶᠢᠯᠠᠭᠠᠬᠤ ᠪᠤᠳᠠᠲᠠᠶᠢᠵᠢᠭᠤᠯᠬᠤ ᠲᠡᠭᠡᠷ᠎ᠠ ᠬᠦᠴᠦ ᠤᠷᠤᠭᠤᠯᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ | ᠲᠡᠭᠡᠷ᠎ᠠ ᠦᠨᠡᠨᠬᠦ ᠨᠢᠭᠡᠳᠭᠡᠭᠦ ᠬᠡᠷᠡᠭᠳᠡᠢ᠃ ᠰᠤᠷᠤᠯᠴᠠᠵᠣ ᠰᠤᠳᠤᠯᠤᠨ ᠶᠠᠷᠢᠯᠴᠠᠬᠤ ᠪᠠ ᠬᠦᠮᠦᠵᠢᠭᠦᠯᠵᠦ | ᠪᠤᠯᠪᠠᠰᠤᠷᠠᠭᠤᠯᠬᠤ ᠶᠢ ᠰᠠᠶᠢᠲᠤᠷ ᠵᠤᠬᠢᠶᠠᠨ ᠪᠠᠶᠢᠭᠤᠯᠵᠤ᠂ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ | ᠦᠷᠨᠢᠭᠦᠯᠵᠤ᠂ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠲᠠᠷᠤᠢ ᠲᠦᠷᠭᠡᠨ ᠬᠤᠳᠠ ᠬᠦᠳᠡᠭᠡ ᠶᠢᠨ ᠦᠨᠳᠦᠰᠦᠨ | ᠱᠠᠳᠤᠨ ᠤ ᠨᠢᠭᠡᠳᠦᠭᠡᠷ ᠹᠷᠤᠨᠲ ᠲᠤ ᠣᠯᠠᠮᠵᠢᠯᠠᠵᠣ᠂ ᠺᠠᠳ᠋ᠷ ᠤᠯᠠᠨ ᠲᠦᠮᠡᠨ ᠤ ᠰᠡᠳᠬᠢᠯ ᠳᠤ ᠬᠦᠷᠳᠡᠯ᠎ᠠ ᠣᠯᠠᠮᠵᠢᠯᠠᠬᠤ | ᠬᠡᠷᠡᠭᠳᠡᠢ᠃ ᠶᠡᠭᠡ ᠬᠤᠷᠠᠯ ᠠᠴᠠ ᠲᠤᠷᠠᠳᠤᠬᠰᠠᠨ ᠴᠢᠬᠤᠯᠠ ᠬᠠᠷᠠᠯᠳᠠ᠂ ᠭᠤᠤᠯᠳᠠᠯᠭ᠎ᠠ ᠲᠠᠢ ᠡᠭᠦᠷᠭᠡ ᠪᠠ ᠴᠢᠬᠤᠯᠠ | ᠠᠷᠭ᠎ᠠ ᠬᠡᠮᠵᠢᠶ᠎ᠠ ᠶᠢᠨ ᠲᠤᠭᠤᠷᠢᠨ ᠳᠤ᠂ ᠠᠵᠢᠯ ᠤᠨ ᠪᠤᠳᠠᠳᠠᠢ ᠲᠠᠢ ᠪᠠᠨ ᠨᠢᠬᠳᠠ ᠤᠶᠠᠯᠳᠤᠭᠤᠯᠵᠤ᠂ ᠪᠠᠶᠢᠴᠠᠭᠠᠨ | ᠰᠤᠳᠤᠯᠤᠯᠳᠠ ᠶᠢ ᠬᠦᠨᠵᠡᠭᠡᠢ ᠦᠷᠨᠢᠭᠦᠯᠦᠨ᠂ ᠰᠡᠳᠬᠢᠴᠡ ᠠᠷᠭ᠎ᠠ ᠬᠡᠮᠵᠢᠶ᠎ᠠ ᠪᠠᠨ ᠪᠠᠶᠠᠯᠢᠬᠵᠢᠭᠤᠯᠤᠨ | ᠲᠡᠭᠦᠯᠳᠡᠷᠵᠢᠭᠦᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠬᠦᠴᠦᠯᠡᠭᠦ ᠴᠡᠭ ᠪᠤᠯᠤᠨ ᠭᠠᠷᠳᠠᠴᠠ ᠪᠠᠨ ᠵᠦᠪ | ᠡᠷᠢᠵᠤ᠂ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠪᠠ ᠮᠦᠷᠳᠡᠨ ᠦᠷ᠎ᠠ ᠪᠦᠳᠦᠮᠵᠢ ᠨᠡᠬᠡᠮᠵᠢᠯᠡᠬᠦ ᠶᠢ | ᠴᠢᠩᠭᠠᠳᠬᠠᠵᠤ᠂ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠦᠨᠡᠨᠭᠦ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ | ᠠᠮᠢᠳᠤᠯᠢᠭ ᠦᠢᠯᠡᠳᠦᠯᠭᠡ ᠪᠤᠯᠭᠠᠨ ᠤᠯᠠᠷᠢᠭᠤᠯᠬᠤ ᠬᠡᠷᠡᠭᠳᠡᠢ ᠬᠡᠵᠠᠢ᠃ | ᠯᠢ ᠵᠢᠢ ᠾᠧᠩ ᠴᠢᠬᠤᠯᠠᠴᠢᠯᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠶᠡᠷᠦᠩᠬᠡᠢ ᠱᠦᠵᠢ ᠰᠢ ᠶᠢᠨ | ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠤ ᠲᠠᠯᠪᠢᠬᠰᠠᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ᠂ | ᠤᠨᠴᠠᠭᠠᠶᠢᠯᠠᠨ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ | ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠤᠶᠢᠯᠠᠭᠠᠨ | ᠡᠵᠡᠮᠰᠢᠵᠤ᠂ ᠲᠠᠨᠢᠯᠳᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠦᠨ᠂ ᠠᠵᠢᠯᠯᠠᠭ᠎ᠠ ᠪᠠᠨ ᠲᠠᠰᠤᠷᠠᠯᠳᠠ ᠦᠭᠡᠢ | ᠪᠤᠳᠠᠳᠠᠢ ᠳᠡᠰᠢ ᠠᠬᠢᠭᠤᠯᠵᠤ᠂ ᠡᠯ᠎ᠠ ᠵᠦᠢᠯ ᠤᠨ ᠦᠢᠯᠡᠰ ᠤᠨ ᠬᠦᠭᠵᠢᠯᠳᠡ ᠶᠢ ᠨᠡᠩ ᠰᠠᠶᠢᠲᠤᠷ ᠲᠦᠯᠦᠪᠵᠢᠭᠦᠯᠦᠨ | ᠠᠬᠢᠭᠤᠯᠬᠤ ᠬᠡᠷᠡᠭᠳᠡᠢ᠃ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠶᠡᠭᠡᠪᠡᠷ ᠠᠬᠢᠭᠤᠯᠵᠤ᠂ ᠭᠤᠷᠪᠠᠨ | ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠤ᠂ ᠦᠭᠡᠷᠡᠴᠢᠯᠡᠯᠳᠡ ᠨᠡᠭᠡᠭᠡᠯᠳᠡ ᠶᠢᠨ ᠡᠷᠴᠢᠮ ᠢᠶᠠᠨ | ᠦᠨᠡᠨᠭᠦ ᠴᠢᠩᠭᠠᠷᠠᠭᠤᠯᠵᠤ᠂ ᠨᠡᠶᠢᠭᠡᠮ ᠵᠢᠷᠦᠮ ᠤᠨ ᠠᠷᠠᠳᠴᠢᠯᠠᠬᠰᠠᠨ ᠤᠯᠤᠰ ᠲᠦᠷᠦ ᠶᠢ ᠢᠳᠡᠪᠬᠢᠳᠡᠢ | ᠬᠦᠭᠵᠢᠭᠦᠯᠦᠨ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠴᠢᠷᠮᠠᠶᠢᠨ ᠨᠡᠮᠡᠭᠳᠡᠭᠦᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠳᠡ ᠶᠢᠨ ᠵᠢᠯ ᠢ ᠰᠠᠶᠢᠨ ᠰᠠᠶᠢᠬᠠᠨ ᠡᠬᠢᠯᠡᠭᠦᠯᠬᠦ ᠶᠢ | ᠪᠠᠳᠤᠯᠠᠬᠤ ᠬᠡᠷᠡᠭᠳᠡᠢ ᠬᠡᠵᠠᠢ᠃ |