ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠦᠷᠭᠡᠳᠭᠡᠭᠰᠡᠨ ᠬᠤᠷᠠᠯ ᠬᠤᠷᠠᠯᠳᠤᠭᠤᠯᠵᠤ    ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠲᠠᠬᠢᠨ ᠲᠠᠶᠢᠴᠢᠯᠠᠵᠤ ᠲᠠᠬᠢᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2018/3/22
      ᠪᠦᠬᠦ ᠤᠯᠤᠰ ᠤᠨ ᠬᠤᠶᠠᠷ ᠬᠤᠷᠠᠯ ᠲᠡᠭᠦᠰᠭᠦ ᠲᠠᠢ ᠵᠡᠷᠭᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 3 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠠ ᠦᠷᠭᠡᠳᠭᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ  ᠳᠤ ᠣᠷᠣᠯᠴᠠᠵᠤ ᠪᠠᠶᠢᠭ᠎ᠠ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠠᠬᠢᠨᠳᠠ ᠬᠦᠨᠵᠡᠭᠡᠢ ᠰᠤᠷᠤᠯᠴᠠᠵᠦ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠴᠢᠨᠠᠬᠰᠢᠳᠠ ᠲᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠣᠷᠣᠯᠴᠠᠭᠰᠠᠨ ᠤ ᠬᠠᠮᠳᠤ ᠴᠢᠬᠤᠯᠠ ᠶᠠᠷᠢᠶ᠎ᠠ ᠲᠠᠯᠪᠢᠬᠰᠠᠨ ᠨᠢ᠂ ᠮᠠᠨ ᠤ ᠤᠷᠤᠨ ᠤ ᠦᠭᠡᠷᠡᠴᠢᠯᠡᠯᠳᠡ ᠬᠦᠭᠵᠢᠯᠳᠡ ᠶᠢᠨ ᠠᠬᠢᠴᠠ ᠲᠤᠮᠳᠠᠬᠢ ᠬᠦᠰᠢᠶ᠎ᠠ ᠲᠤᠷᠠᠰᠬᠠᠯ  ᠤᠨ ᠠᠴᠢ ᠬᠤᠯᠪᠤᠬᠳᠠᠯ ᠲᠠᠢ ᠲᠤᠮᠤ ᠶᠠᠪᠤᠳᠠᠯ ᠪᠤᠯᠤᠨ᠎ᠠ᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠣᠷᠮᠠᠰᠢᠭᠤᠯᠣᠨ ᠵᠤᠷᠢᠬᠵᠢᠭᠤᠯᠵᠤ᠂ ᠡᠷᠴᠢ ᠵᠤᠷᠢᠭ ᠢ ᠨᠢ ᠬᠦᠪᠴᠢᠯᠡᠨ᠂ ᠢᠳᠡᠭᠡᠯ ᠵᠤᠷᠢᠭ ᠢ ᠨᠢ ᠪᠠᠳᠤᠳᠬᠠᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠳᠤ ᠴᠢᠬᠤᠯᠠ ᠶᠡᠭᠡ ᠪᠦᠭᠡᠳ ᠠᠯᠤᠰ ᠬᠡᠳᠦ ᠶᠢᠨ ᠨᠦᠯᠦᠭᠡ ᠦᠵᠡᠭᠦᠯᠬᠦ ᠨᠢ ᠯᠠᠪᠳᠠᠢ ᠶᠤᠮ᠃ ᠪᠢᠳᠡ ᠴᠢᠨᠠᠬᠰᠢᠳᠠ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠤᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢᠨ ᠦᠪᠦᠷ ᠮᠤᠩᠭᠤᠯ ᠳᠠᠬᠢ ᠴᠢᠬᠤᠯᠠ ᠠᠴᠢ ᠬᠤᠯᠪᠤᠬᠳᠠᠯ ᠢ ᠬᠦᠨᠵᠡᠭᠡᠢ ᠲᠠᠨᠢᠵᠤ᠂ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠶᠠᠪᠤᠳᠠᠯ ᠪᠤᠯᠭᠠᠨ᠂ ᠰᠡᠳᠬᠢᠯ ᠢᠶᠠᠷ ᠢᠶᠠᠨ ᠤᠢᠢᠯᠠᠭᠠᠵᠤ᠂ ᠰᠡᠳᠬᠢᠯ ᠢᠶᠠᠷ ᠢᠶᠠᠨ ᠡᠵᠡᠮᠰᠢᠵᠤ᠂ ᠬᠦᠴᠦ ᠤᠷᠤᠭᠤᠯᠤᠨ ᠨᠡᠶᠢᠳᠡᠪᠦᠷᠢᠵᠢᠭᠤᠯᠵᠤ᠂ ᠡᠯ᠎ᠠ ᠬᠦᠷᠢᠶ᠎ᠠ᠂ ᠡᠯ᠎ᠠ ᠲᠠᠯ᠎ᠠ ᠪᠠ ᠡᠯ᠎ᠠ ᠹᠷᠣᠨᠲ ᠲᠤ ᠢᠯᠡᠷᠡᠭᠦᠯᠵᠤ᠂ ᠦᠪᠦᠷ ᠮᠤᠩᠭᠤᠯ ᠤᠨ ᠡᠯ᠎ᠠ ᠵᠦᠢᠯ ᠤᠨ ᠠᠵᠢᠯ ᠢᠶᠠᠨ ᠨᠡᠩ ᠰᠠᠶᠢᠳᠣᠷ ᠬᠦᠴᠦᠯᠡᠨ ᠬᠢᠵᠤ᠂ ᠪᠤᠳᠠᠳᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ  ᠤᠨ ᠡᠷᠭᠡ ᠰᠦᠷ ᠪᠤᠯᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ ᠬᠡᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠲᠤᠬᠠᠢ ᠪᠤᠳᠠᠳᠠᠢ ᠲᠤᠬᠢᠷᠠᠭᠤᠯᠤᠯᠳᠠ ᠬᠢᠵᠤ᠂ ᠴᠢᠬᠤᠯᠠᠴᠢᠯᠠᠭᠰᠠᠨ ᠨᠢ ᠪᠠᠶᠢᠴᠠᠭᠠᠨ ᠰᠤᠳᠤᠯᠬᠤ ᠪᠠ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠢ ᠬᠢᠨᠠᠮᠠᠭᠠᠢ ᠰᠠᠶᠢᠳᠤᠷ ᠦᠷᠨᠢᠭᠦᠯᠵᠤ᠂ ᠪᠤᠳᠠᠳᠠᠢ ᠶᠢ ᠡᠷᠬᠢᠮᠯᠡᠭᠰᠡᠨ ᠬᠦᠴᠦᠨ ᠪᠦᠬᠦᠢ ᠲᠤᠤᠱᠯᠠᠭᠤᠯᠤᠨ ᠨᠡᠶᠢᠳᠡᠪᠦᠷᠢᠵᠢᠭᠤᠯᠬᠤ ᠠᠷᠭ᠎ᠠ ᠬᠡᠮᠵᠢᠶ᠎ᠡ ᠶᠢ ᠱᠠᠯᠠᠪᠳᠠᠨ ᠲᠤᠬᠳᠠᠭᠠᠵᠤ᠂ ᠵᠤᠬᠢᠴᠠᠭᠤᠯᠤᠨ ᠠᠬᠢᠭᠤᠯᠬᠤ ᠪᠠ ᠰᠢᠮᠳᠠᠭᠤᠯᠤᠨ ᠪᠠᠶᠢᠴᠠᠭᠠᠵᠣ ᠨᠡᠶᠢᠳᠡᠪᠦᠷᠢᠵᠢᠭᠤᠯᠬᠤ ᠶᠢ ᠦᠨᠡᠨᠭᠦ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠦᠷ ᠳᠠᠯᠠᠶᠢᠴᠠᠳᠠᠢ ᠪᠦᠭᠡᠳ ᠨᠠᠷᠢᠨ ᠨᠢᠮᠪᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠰᠤᠷᠤᠯᠴᠠᠨ ᠲᠤᠤᠱᠯᠠᠭᠤᠯᠬᠤ ᠠᠵᠢᠯ ᠢ ᠪᠤᠳᠠᠳᠠᠶᠢᠵᠢᠭᠤᠯᠬᠤ᠂ ᠬᠦᠨᠵᠡᠭᠡᠶᠢᠷᠡᠭᠦᠯᠭᠦ᠂ ᠬᠠᠳᠠᠩᠰᠢᠭᠤᠯᠬᠤ ᠶᠢ ᠠᠬᠢᠭᠤᠯᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠦᠪᠦᠷ ᠮᠤᠩᠭᠤᠯ ᠳᠤ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠪᠤᠳᠠᠳᠤ ᠦᠷ᠎ᠠ ᠪᠦᠳᠦᠮᠵᠢ ᠭᠠᠷᠭᠠᠬᠤ ᠶᠢ ᠠᠬᠢᠭᠤᠯᠬᠤ ᠬᠡᠷᠡᠭᠳᠡᠢ ᠬᠡᠪᠠ᠃      ᠬᠤᠷᠠᠯ ᠠᠴᠠ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠬᠡᠷᠡᠭᠵᠢᠭᠦᠯᠭᠦ ᠠᠵᠢᠯ ᠳᠤ ᠱᠠᠭᠠᠷᠳᠠᠯᠭ᠎ᠠ ᠲᠤᠷᠠᠳᠬᠤ ᠳᠠᠭᠠᠨ᠂ ᠴᠢᠬᠤᠯᠠᠴᠢᠯᠠᠭᠰᠠᠨ ᠨᠢ ᠨᠠᠮ ᠤᠨ ᠲᠦᠪ ᠬᠤᠷᠢᠶ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠬᠡᠷᠡᠭᠵᠢᠭᠦᠯᠭᠦ ᠠᠵᠢᠯ ᠢ ᠤᠳᠤᠬᠠᠨ  ᠤ ᠴᠢᠬᠤᠯᠠ ᠠᠵᠢᠯ ᠪᠤᠯᠭᠠᠵᠤ᠂ ᠪᠦᠬᠦ ᠤᠷᠤᠨ ᠲᠠᠶᠠᠭᠠᠷ ᠲᠤ ᠦᠨᠳᠦᠰᠦᠨ ᠬᠠᠤᠯᠢ ᠶᠢ ᠬᠦᠨᠳᠦᠳᠭᠡᠭᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠭᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠭᠡᠨ ᠲᠡᠯᠭᠡᠷ ᠦᠷᠨᠢᠭᠦᠯᠵᠤ᠂ ᠦᠨᠳᠦᠰᠦᠨ ᠬᠠᠤᠯᠢ ᠬᠠᠤᠯᠢ ᠴᠠᠭᠠᠵᠠ ᠶᠢ ᠬᠡᠷᠡᠭᠵᠢᠭᠦᠯᠦᠭᠰᠡᠨ ᠪᠠᠶᠢᠳᠠᠯ ᠳᠠᠬᠢ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠵᠤ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠭᠦ ᠠᠵᠢᠯ ᠢ ᠰᠢᠨ᠎ᠠ ᠲᠦᠪᠰᠢᠨ ᠳᠤ ᠬᠦᠷᠳᠡᠯ᠎ᠡ ᠲᠡᠭᠡᠭᠰᠢᠯᠡᠭᠦᠯᠵᠤ᠂ ᠬᠠᠤᠯᠢᠵᠢᠯ ᠤᠨ ᠦᠪᠦᠷ ᠮᠤᠩᠭᠤᠯ ᠤᠨ ᠪᠠᠶᠢᠭᠤᠯᠤᠯᠳᠠ ᠨᠡᠩ ᠳᠣᠮᠣ ᠠᠯᠬᠤᠮ ᠠᠯᠬᠤᠬᠤ ᠶᠢ ᠠᠬᠢᠭᠤᠯᠬᠤ ᠬᠡᠷᠡᠭᠳᠡᠢ ᠬᠡᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号