ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ 2018 ᠣᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/3/23
      3 ᠳ᠋ᠤᠭᠠᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ 2018 ᠣᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠨᠢ 2017 ᠣᠨ ᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠳ᠋ᠦᠩᠨᠡᠨ ᠡᠷᠭᠢᠴᠡᠭᠦᠯᠬᠦ ᠶᠢᠨ ᠬᠠᠮᠲᠤ ᠣᠷᠣᠰᠢᠵᠤ ᠪᠠᠶᠢᠭ᠎ᠠ ᠭᠤᠣᠯ ᠠᠰᠠᠭᠤᠳᠠᠯ ᠢᠶᠠᠨ ᠵᠠᠳᠠᠯᠵᠤ᠂ 2018 ᠣᠨ ᠤ ᠠᠵᠢᠯ ᠢ ᠪᠠᠶᠢᠷᠢᠯᠠᠭᠤᠯᠪᠡ᠃      ᠬᠤᠷᠠᠯ ᠠᠴᠠ ᠱᠠᠭᠠᠷᠳᠠᠭᠰᠠᠨ ᠨᠢ᠂ ︽ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠪᠣᠳᠠᠲᠠᠶᠢᠵᠢᠭᠤᠯᠬᠤ︾᠎ ᠪᠠᠷ ᠪᠠᠷᠢᠮᠵᠢᠶ᠎ᠠ ᠪᠣᠯᠭᠠᠵᠤ᠂ ︽ᠠᠷᠪᠠᠨ ᠭᠦᠨᠵᠡᠭᠡᠶ ᠣᠶᠢᠯᠠᠭᠠᠬᠤ︾ ᠪᠠ ︽ᠵᠢᠷᠭᠤᠭᠠᠨ ᠲᠥᠪᠯᠡᠷᠡᠭᠦᠯᠬᠦ︾ ᠱᠠᠭᠠᠷᠳᠠᠯᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠢ︔ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠭᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠬᠡᠷᠡᠭᠲᠡᠢ︔ ᠡᠷᠡᠰ ᠭᠤᠶᠢᠪᠢᠰᠢ ᠦᠭᠡᠢ ᠪᠠᠷ ᠰᠤᠷᠲᠠᠯ ᠢᠶᠠᠨ ᠴᠡᠭᠴᠡᠯᠡᠨ ᠰᠠᠬᠢᠯᠭ᠎ᠠ ᠶᠢ ᠴᠢᠩᠳᠠᠯᠠᠵᠦ᠂ ︽ᠳᠥᠷᠪᠡᠨ ᠰᠤᠷᠲᠠᠯ︾᠎ ᠤᠨ ᠠᠰᠠᠭᠤᠳᠠᠯ ᠢ ᠵᠣᠭᠰᠣᠯ ᠥᠬᠡᠶ ᠵᠠᠯᠠᠷᠠᠭᠤᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ︽ᠠᠷᠪᠠᠨ ᠢᠯᠡᠷᠡᠯ︾᠎ ᠢ ᠶᠡᠷᠦᠩᠬᠡᠶᠢᠯᠡᠨ ᠵᠠᠰᠠᠵᠦ᠂ ᠶᠠᠳᠠᠭᠤ ᠶᠢ ᠲᠡᠳᠬᠦᠬᠦ ᠬᠦᠷᠢᠶᠡᠨ ᠤ ᠪᠠ ᠣᠪᠣᠷ ᠰᠤᠷᠲᠠᠯ ᠤᠨ ᠠᠰᠠᠭᠤᠳᠠᠯ ᠤᠨ ᠲᠤᠰᠬᠠᠶ ᠵᠠᠰᠠᠯᠲᠠ ᠶᠢ ᠭᠦᠨᠵᠡᠭᠡᠶ ᠥᠷᠨᠢᠭᠦᠯᠬᠦ ᠬᠡᠷᠡᠭᠲᠡᠢ︔ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠯ ᠢ ᠡᠰᠡᠷᠭᠦᠴᠡᠬᠦ ᠲᠠᠯ᠎ᠠ ᠪᠠᠷ ᠥᠨᠳᠥᠷ ᠳᠠᠷᠤᠯᠲᠠ ᠲᠠᠢ ᠪᠠᠶᠢᠬᠤ ᠶᠢ ᠪᠠᠲᠤᠯᠠᠨ᠂ ᠰᠠᠬᠢᠯᠭ᠎ᠠ ᠪᠠᠲᠤ ᠶᠢᠨ ᠬᠥᠮᠦᠵᠢᠯ ᠤᠨ ᠬᠠᠨᠳᠤᠯᠭᠠᠲᠤ ᠴᠢᠨᠠᠷ ᠢ ᠳᠡᠭᠡᠭᠰᠢᠯᠡᠭᠦᠯᠵᠦ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠺᠠᠳ᠋ᠷ ᠤᠨ ᠲᠣᠮᠣ ᠬᠢᠴᠢᠶᠡᠯᠯᠡᠬᠦ ᠲᠢᠩᠬᠢᠮ᠂ ︽ᠭᠤᠷᠪᠠᠨ ᠬᠤᠷᠠᠯ ᠨᠢᠭᠡ ᠬᠢᠴᠢᠶᠡᠯ︾᠎ ᠤᠨ ᠴᠢᠬᠤᠯᠠ ᠠᠭᠤᠯᠭ᠎ᠠ ᠪᠠᠨ ᠪᠣᠯᠭᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠤᠨ᠂ ᠬᠥᠮᠦᠵᠢᠯ ᠢᠶᠠᠷ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠭᠡᠰᠢᠭᠦᠨ ᠺᠠᠳ᠋ᠷ ᠲᠤ ᠬᠦᠨᠳᠦᠳᠬᠡᠨ ᠪᠢᠰᠢᠷᠡᠬᠦ ᠶᠢ ᠮᠡᠳᠡᠭᠦᠯᠬᠦ᠂ ᠴᠡᠭᠡᠷᠯᠡᠨ ᠡᠮᠢᠶᠡᠬᠦ ᠶᠢ ᠰᠠᠨᠠᠭᠠᠴᠢᠯᠠᠬᠤ ᠪᠠ ᠬᠤᠷᠢᠭ᠎ᠠ ᠱᠣᠭᠤᠮ ᠢ ᠰᠠᠬᠢᠭᠤᠯᠬᠤ ᠬᠡᠷᠡᠭᠲᠡᠢ︔ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ︽ᠳᠦᠷᠪᠡᠨ ᠵᠦᠢᠯ ᠤᠨ ᠬᠡᠯᠪᠡᠷᠢ︾᠎ ᠶᠢ ᠭᠦᠨᠵᠡᠭᠡᠢ ᠬᠡᠷᠡᠭᠯᠡᠨ᠂ ᠡᠷᠲᠡ ᠠᠳᠬᠤᠬᠤ ᠪᠠᠭ᠎ᠠ ᠠᠴᠠ ᠨᠢ ᠠᠳᠬᠤᠬᠤ ᠤᠷᠢᠳᠴᠢᠯᠠᠨ ᠰᠡᠷᠭᠡᠶᠢᠯᠡᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠨᠠᠮ ᠤᠨ ᠭᠡᠰᠢᠭᠦᠨ ᠺᠠᠳ᠋ᠷ ᠢ ᠬᠦᠮᠦᠵᠢᠭᠦᠯᠬᠦ᠂ ᠬᠢᠨᠠᠯᠲᠠ ᠲᠠᠯᠪᠢᠬᠤ᠂ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠨᠢ ᠣᠷᠣᠨ ᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠴᠢᠳᠠᠪᠤᠷᠢ ᠪᠣᠯᠤᠨ ᠬᠡᠪ ᠴᠢᠨᠠᠷ ᠢᠶᠠᠨ ᠬᠦᠴᠦᠯᠡᠨ ᠳᠡᠭᠡᠭᠰᠢᠯᠡᠭᠦᠯᠵᠦ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠥᠯᠬᠢᠨ ᠠᠬᠢᠭᠤᠯᠬᠤ ᠬᠡᠷᠡᠭᠲᠡᠢ ᠭᠡᠪᠡ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号