2018 ᠣᠨ ᠳᠤ ᠥᠪᠡᠷᠲᠡᠭᠡᠨ ᠵᠠᠰᠠᠬᠤ ᠣᠷᠣᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠬᠠᠤᠯᠢ ᠬᠡᠷᠡᠭᠵᠢᠭᠦᠯᠬᠦ ᠡᠷᠴᠢᠮ ᠢ ᠦᠷᠬᠦᠯᠵᠢᠯᠡᠨ ᠴᠢᠩᠭᠠᠷᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/3/23
     2018 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠦᠬᠦ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠬᠦᠴᠦᠲᠡᠢ ᠡᠬᠢᠯᠡᠯᠲᠡ ᠶᠢ ᠦᠨᠡᠨ ᠬᠦ ᠪᠠᠲᠤᠯᠠᠵᠤ᠂ ᠣᠨ ᠤ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃      ᠨᠢᠭᠡ ᠳᠤ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠲᠦᠷᠢᠮ ᠢ ᠪᠠᠷᠢᠮᠲᠠᠯᠠᠵᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠡᠯ᠎ᠡ ᠠᠶᠢᠮᠠᠭ ᠬᠤᠲᠠ ᠶᠢᠨ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠪᠠᠶᠢᠳᠠᠯ ᠤᠨ ᠠᠬᠢᠴᠠ ᠪᠠ ᠣᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠭ ᠣᠷᠣᠨ ᠤ ᠲᠤᠰᠬᠠᠶ ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠵᠦ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ︽ᠡᠷᠬᠢᠨ ᠬᠠᠷᠠᠬᠤ︾ ᠶᠢ ᠤᠭᠲᠤᠬᠤ ᠳᠤ ᠰᠠᠶᠢᠲᠤᠷ ᠪᠡᠯᠡᠳᠬᠡᠯ ᠬᠢᠨ᠎ᠡ᠃      ᠬᠤᠶᠠᠷ ᠲᠤ ᠣᠷᠴᠢᠨ ᠲᠤᠭᠤᠷᠢᠨ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠤᠨ ᠤ ᠠᠵᠢᠯᠯᠠᠭ᠎ᠠ ᠶᠢ ᠦᠷᠭᠦᠯᠵᠢᠯᠡᠨ ᠳᠥᠯᠭᠢᠨ ᠠᠬᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠳᠠᠭᠠᠳᠤ ᠠᠴᠠ ᠣᠷᠣᠭᠤᠯᠤᠭᠰᠠᠨ ᠬᠠᠶᠠᠭᠳᠠᠮᠠᠯ ᠪᠣᠳᠠᠰ ᠪᠠ ᠠᠶᠤᠯᠲᠠᠶ ᠬᠠᠶᠠᠭᠳᠠᠮᠠᠯ ᠡᠳ᠋ ᠢ ᠠᠰᠢᠭᠯᠠᠵᠤ ᠰᠢᠢᠳᠪᠦᠷᠢᠯᠡᠬᠦ᠂ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ ᠬᠤᠳᠠ ᠶᠢᠨ ᠪᠤᠵᠠᠷ ᠤᠰᠤᠨ ᠴᠣᠭᠴᠠ ᠶᠢ ᠴᠡᠭᠴᠡᠯᠡᠨ ᠵᠠᠰᠠᠬᠤ᠂ ᠤᠤᠭᠤᠬᠤ ᠣᠰᠣᠨ ᠤ ᠰᠤᠷᠪᠤᠯᠵᠢ ᠭᠠᠵᠠᠷ ᠢ ᠬᠠᠮᠠᠭᠠᠯᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠢᠨᠠᠨ ᠬᠠᠮᠢᠶᠠᠷᠬᠤ ᠵᠡᠷᠭᠡ 6 ᠶᠡᠭᠡ ᠲᠤᠰᠬᠠᠢ ᠬᠠᠤᠯᠢ ᠬᠡᠷᠡᠭᠵᠢᠭᠦᠯᠦᠯᠲᠡ ᠶᠢᠨ ᠠᠵᠢᠯᠯᠠᠭ᠎ᠠ ᠶᠢ ᠦᠷᠨᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠤᠵᠠᠷ ᠤᠰᠤ ᠴᠡᠪᠡᠷᠰᠢᠭᠦᠯᠬᠦ ᠦᠢᠯᠡᠳᠪᠦᠷᠢ᠂ ᠢᠰᠬᠡᠭᠰᠡᠨ ᠡᠮ ᠬᠢᠬᠦ ᠵᠢᠴᠢ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠠᠤᠯᠢ ᠬᠡᠷᠡᠭᠵᠢᠭᠦᠯᠦᠯᠲᠡ ᠳᠤ ᠪᠠᠶᠢᠴᠠᠭᠠᠯᠲᠠ ᠬᠢᠬᠦ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠬᠤᠯᠠᠭᠠᠢ ᠪᠠᠷ ᠪᠤᠬᠢᠷᠳᠤᠯ ᠪᠤᠳᠠᠰ ᠭᠠᠳᠠᠭᠰᠢᠯᠠᠭᠤᠯᠬᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠤᠬᠢᠶᠠᠬᠤ ᠵᠡᠷᠭᠡ ᠣᠷᠴᠢᠨ ᠲᠤᠭᠤᠷᠢᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠦᠨᠳᠦ ᠴᠣᠬᠢᠯᠲᠠ ᠥᠭᠴᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠪᠠᠲᠤᠯᠠᠨ᠎ᠠ᠃      ᠭᠤᠷᠪᠠ ᠳᠤ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢᠨ ᠶᠡᠭᠡ ᠴᠡᠷᠢᠭ ᠪᠣᠯᠪᠠᠰᠤᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠶᠢ ᠪᠠᠷᠢᠮᠵᠢᠶᠠᠵᠢᠭᠤᠯᠬᠤ ᠪᠦᠲᠥᠭᠡᠨ ᠪᠠᠶᠢᠭᠤᠯᠤᠯᠲᠠ ᠵᠢᠴᠢ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠨᠡᠭᠦᠳᠡᠯ ᠰᠢᠰᠲ᠋ᠧᠮᠵᠢ ᠶᠢᠨ ᠪᠠᠶᠢᠭᠤᠯᠤᠯᠲᠠ ᠪᠤᠯᠤᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号