ᠬᠢᠨᠭ᠍ᠭᠠᠨ ᠠᠶᠢᠮᠠᠭ ᠠᠲᠠᠷ ᠬᠠᠭᠠᠯᠪᠤᠷᠢᠯᠠᠯᠲᠠ ᠶᠢᠨ ᠬᠦᠨᠵᠡᠭᠡᠢ ᠥᠭᠡᠷᠡᠴᠢᠯᠡᠯᠲᠡ ᠶᠢ  ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2018/3/23
      ᠡᠨᠡ ᠵᠢᠯ᠂ ᠬᠢᠩᠭᠠᠨ ᠠᠶᠢᠮᠠᠭ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ ᠶᠢᠨ ᠲᠣᠪᠴᠢᠶ᠎ᠠ ᠠᠲᠠᠷ ᠬᠠᠭᠠᠯᠪᠤᠷᠢᠯᠠᠯᠲᠠ ᠶᠢᠨ ᠣᠷᠣᠨ ᠢ ᠪᠦᠯᠦᠭᠵᠢᠬᠦᠯᠬᠦ᠂ ᠲᠠᠷᠢᠶᠠᠯᠠᠩ ᠤᠨ ᠲᠠᠯᠠᠪᠠᠢ ᠶᠢ ᠠᠵᠤ ᠠᠬᠤᠶᠢᠴᠢᠯᠠᠬᠤ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠨ᠂ ᠬᠢᠩᠭᠠᠨ ᠤ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠢᠴᠢ ᠬᠤᠪᠢᠶᠠᠷᠢ᠂ ᠰᠠᠯᠪᠤᠷᠢ ᠺᠣᠮᠫᠠᠨᠢ ᠶᠢ ᠵᠤᠬᠢᠶᠠᠨ ᠪᠠᠶᠢᠭᠤᠯᠵᠤ᠂ ᠬᠠᠤᠯᠢ ᠶᠢᠨ ᠡᠷᠬᠡᠲᠡᠨ ᠤ ᠵᠠᠰᠠᠨ ᠴᠡᠭᠴᠡᠯᠡᠬᠦ ᠪᠦᠲᠦᠴᠡ ᠶᠢ ᠪᠦᠷᠢᠨᠰᠢᠬᠦᠯᠬᠦ ᠪᠠᠷ ᠪᠤᠢ᠃ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠭᠡᠵᠤ᠂ ᠠᠳᠠᠷ ᠬᠠᠭᠠᠯᠪᠤᠷᠢᠯᠠᠯᠲᠠ ᠶᠢᠨ ᠣᠷᠣᠨ ᠤ ᠡᠬᠢ ᠪᠠᠶᠠᠯᠢᠭ ᠢ ᠡᠳ᠋ ᠬᠦᠷᠦᠩᠭᠡᠴᠢᠯᠡᠬᠦ᠂ ᠡᠳ᠋ ᠬᠤᠭᠰᠢᠯ ᠢ ᠬᠥᠷᠥᠩᠭᠡᠴᠢᠯᠡᠬᠦ ᠠᠬᠢᠴᠠ ᠶᠢ ᠲᠥᠯᠬᠢᠨ ᠠᠬᠢᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠮᠵᠢ ᠶᠢ ᠵᠣᠬᠢᠰᠲᠠᠶ ᠰᠠᠯᠭᠠᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠤᠨ ᠳᠠᠷᠤᠭᠠᠰᠤ ᠶᠢ ᠬᠦᠡᠭᠭᠡᠯᠡᠨ ᠦᠷ᠎ᠡ ᠠᠰᠢᠭ ᠢ ᠳᠡᠭᠡᠭᠰᠢᠯᠡᠬᠦᠯᠬᠦ ᠬᠠᠷᠠᠯᠲᠠ ᠶᠢ ᠪᠡᠶᠡᠯᠡᠭᠦᠯᠵᠤ᠂ ᠬᠢᠩᠭᠠᠨ ᠤ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠤᠨ ᠪᠦᠬᠦ ᠠᠶᠢᠮᠠᠭ ᠴᠢᠨᠠᠭᠰᠢᠯᠠᠪᠠᠯ ᠪᠦᠭᠦ ᠣᠷᠣᠨ ᠤ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠭᠤᠣᠯᠯᠠᠭᠴᠢ ᠬᠥᠲᠥᠯᠥᠨ ᠳᠠᠭᠠᠭᠤᠯᠬᠤ ᠦᠢᠯᠡᠳᠦᠯ ᠢ ᠨᠢ ᠦᠨᠡᠨ ᠬᠦ ᠪᠠᠳᠠᠷᠠᠭᠤᠯᠬᠤ ᠪᠠᠷ ᠪᠠᠶᠢᠨ᠎ᠠ᠃      ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ᠂ ᠡᠯ᠎ᠡ ᠲᠠᠷᠢᠶᠠᠯᠠᠩ ᠮᠠᠯᠵᠢᠯ ᠤᠨ ᠲᠠᠯᠠᠪᠠᠢ ᠨᠤᠭᠤᠳ ᠤᠯᠤᠰ ᠠᠴᠠ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠶᠢ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠮᠵᠢ ᠠᠴᠠ ᠰᠠᠯᠭᠠᠬᠤ ᠥᠭᠡᠷᠡᠴᠢᠯᠡᠯᠲᠡ ᠶᠢᠨ ᠲᠤᠬᠢᠶᠠᠯ ᠢ ᠠᠳᠬᠤᠵᠤ᠂ ᠡᠷᠡᠭᠦᠯ ᠬᠠᠮᠠᠭᠠᠯᠠᠯ ᠵᠢᠴᠢ ᠤᠯᠠᠨ ᠨᠡᠶᠢᠲᠡ ᠶᠢᠨ ᠡᠮ ᠡᠮᠨᠡᠯᠭᠡ ᠶᠢ ᠪᠦᠬᠦᠯᠢ ᠴᠣᠭᠴᠠ ᠪᠠᠷ ᠨᠢ ᠰᠢᠯᠵᠢᠭᠦᠯᠦᠨ ᠲᠤᠰᠢᠶᠠᠬᠤ ᠦᠭᠡᠷᠡᠴᠢᠯᠡᠯᠲᠡ︔ ᠵᠠᠮ᠂ ᠬᠥᠭᠦᠷᠭᠡ ᠵᠡᠷᠭᠡ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ  ᠡᠭᠦᠷᠭᠡ ᠴᠢᠳᠠᠮᠵᠢ ᠶᠢ ᠰᠢᠯᠵᠢᠭᠦᠯᠦᠨ ᠲᠤᠰᠢᠶᠠᠬᠤ ᠦᠭᠡᠷᠡᠴᠢᠯᠡᠯᠲᠡ︔ ︽ᠭᠤᠷᠪᠠ ᠶᠢ ᠬᠠᠩᠭᠠᠬᠤ ᠨᠢᠭᠡ ᠠᠵᠢᠯ ᠲᠦᠷᠦᠯ ︾ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠣᠯᠤᠨ ᠪᠤᠰᠤᠳ ᠨᠡᠶᠢᠭᠡᠮ ᠤᠨ ᠦᠢᠯᠡᠰ ᠡᠷᠬᠢᠯᠡᠬᠦ ᠳᠤ ᠦᠯᠡᠳᠡᠭᠡᠭᠰᠡᠨ ᠡᠭᠦᠷᠭᠡ ᠴᠢᠳᠠᠮᠵᠢ ᠳᠠᠬᠢ ᠵᠠᠰᠠᠭ ᠤᠨ ᠣᠷᠳᠣᠨ ᠠᠴᠠ ᠡᠷᠬᠡ ᠤᠯᠭᠤᠬᠤ ᠪᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠦᠢᠯᠡᠴᠢᠯᠡᠭᠡ ᠶᠢᠨ ᠦᠭᠡᠷᠡᠴᠢᠯᠡᠯᠲᠡ ᠶᠢᠨ ᠪᠡᠶᠡᠯᠡᠭᠳᠡᠯ ᠢ ᠲᠦᠯᠬᠢᠨ ᠠᠬᠢᠭᠤᠯᠤᠨ᠎ᠠ᠃ ᠡᠨᠡ ᠵᠢᠯ᠂ ᠬᠢᠨᠭ᠍ᠭᠠᠨ ᠠᠶᠢᠮᠠᠭ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ ᠶᠢᠨ ᠲᠣᠪᠴᠢᠶ᠎ᠠ ︽ᠲᠥᠰᠦᠯ︾  ᠳᠠᠬᠢ ᠬᠠᠮᠢᠶ᠎ᠠ ᠪᠦᠬᠦᠢ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠪᠥᠭᠡᠳ ᠴᠠᠭ ᠲᠤᠨᠢ ᠬᠢᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠡᠳ᠋ ᠬᠦᠷᠦᠩᠭᠡᠴᠢᠯᠡᠬᠦ᠂ ᠨᠡᠶᠢᠭᠡᠮ ᠤᠨ ᠡᠭᠦᠷᠭᠡ ᠴᠢᠳᠠᠮᠵᠢ ᠶᠢ ᠰᠠᠯᠭᠠᠬᠤ ᠪᠠ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠬᠦᠢᠴᠡᠳᠭᠡᠨ᠎ᠡ᠃ ᠬᠦᠬᠡ᠂ ᠲᠦᠯᠡᠭᠡ ᠮᠤᠳᠤ᠂ ᠰᠣᠯᠣᠨ ᠭᠤᠷᠪᠠᠨ ᠲᠠᠯᠠᠪᠠᠢ ᠨᠢ ᠤᠳᠤ ᠶᠢᠨ ᠬᠡᠪᠴᠢᠶᠡᠵᠢᠭᠰᠡᠨ ᠡᠵᠡᠩᠨᠡᠯᠲᠡ ᠶᠢ ᠦᠷᠭᠦᠯᠵᠢᠯᠡᠨ ᠪᠠᠬᠢᠵᠢᠭᠦᠯᠦᠨ ᠪᠦᠷᠢᠨᠰᠢᠭᠦᠯᠵᠤ᠂ ᠬᠡᠪᠴᠢᠶᠡᠵᠢᠭᠦᠯᠦᠨ ᠡᠵᠡᠩᠨᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ ᠰᠦᠪᠡᠭᠴᠢᠯᠡᠵᠤ᠂ ᠦᠷ᠎ᠡ ᠠᠰᠢᠭ ᠲᠠᠢ ᠬᠠᠮᠢᠶᠠᠷᠬᠤ ᠲᠡᠰᠢ ᠴᠢᠷᠮᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号