ᠯᠢ ᠵᠢᠢ ᠾᠧᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ ᠴᠢᠬᠤᠯᠠᠴᠢᠯᠠᠬᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠢ ᠪᠠᠳᠤ ᠴᠡᠭᠡᠵᠢᠯᠡᠵᠤ ᠴᠢᠨᠠᠷ ᠰᠠᠶᠢᠲᠠᠢ ᠬᠦᠭᠵᠢᠭᠦᠯᠭᠦ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠯ᠎ᠠ ᠪᠠᠷ ᠯᠠᠪᠳᠠᠭᠤᠨ ᠪᠠᠳᠤᠳᠠᠢ ᠠᠯᠬᠤᠮ ᠠᠯᠬᠤᠬᠤ ᠬᠡᠷᠡᠭᠳᠡᠢ
ᠨᠡᠶᠢᠲᠡᠯᠡᠭᠰᠡᠨ ᠴᠠᠭ᠄
2018/3/27
     3 ᠳ᠋ᠤᠭᠠᠷ ᠰᠠᠷ᠎ᠠ ᠶᠢᠨ 23᠎ ᠤ ᠡᠳᠦᠷ ᠠᠴᠠ 26᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠦᠬᠦ ᠤᠯᠤᠰ ᠤᠨ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠤᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ᠂ ᠹᠧᠩᠵᠧᠨ ᠬᠤᠳᠠ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ᠂ ᠰᠢᠩ ᠾᠧ ᠰᠢᠶᠠᠨ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ᠃      ᠠᠵᠤ ᠠᠬᠤᠢ ᠶᠢᠨ ᠴᠢᠨᠠᠷ  ᠰᠠᠶᠢᠲᠠᠢ ᠬᠦᠭᠵᠢᠯᠳᠡ ᠶᠢ ᠬᠡᠷᠬᠢᠨ ᠠᠬᠢᠭᠤᠯᠬᠤ ᠪᠤᠢ ᠬᠡᠲᠡᠭ ᠪᠤᠯ ᠯᠢ ᠵᠢᠢ ᠾᠧᠩ ᠤᠨ ᠡᠨᠡ ᠤᠳᠠᠭ᠎ᠠ ᠶᠢᠨ ᠪᠠᠶᠢᠴᠠᠭᠠᠨ ᠰᠤᠳᠤᠯᠬᠤ ᠭᠤᠤᠯᠳᠠᠯᠭ᠎ᠠ ᠪᠤᠯᠤᠨ᠎ᠠ᠃ ᠵᠢᠢ ᠲᠢᠶᠧ ᠵᠢᠢ ᠲᠠᠨ ᠲᠡᠮᠦᠷᠯᠢᠭ ᠬᠠᠶᠢᠯᠤᠭᠤᠯᠬᠤ ᠶᠡᠷᠦᠩᠭᠡᠶᠢᠯᠡᠭᠰᠡᠨ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠡᠬᠢ ᠪᠠᠶᠠᠯᠢᠭ ᠢ ᠬᠠᠮᠳᠤᠪᠡᠷ ᠬᠦᠷᠲᠡᠬᠦ᠂ ᠬᠠᠮᠵᠢᠯᠴᠡᠵᠦ ᠬᠠᠷᠢᠯᠴᠠᠨ ᠨᠦᠬᠦᠪᠦᠷᠢᠯᠡᠭᠦ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠦᠨ᠎ᠠ︔ ᠷᠦᠢ ᠱᠧᠩ ᠰᠢᠨ᠎ᠠ ᠡᠨᠧᠷᠬᠢ ᠶᠢᠨ ᠬᠢᠵᠠᠭᠠᠷᠳᠦ ᠺᠤᠮᠫᠠᠨᠢ ᠶᠢᠨ ᠡᠭᠦᠳᠦᠨ ᠨᠡᠭᠡᠭᠡᠭᠰᠡᠨ ᠨᠢᠬᠡᠯᠡ ᠤᠳᠠᠭ᠎ᠠ ᠶᠢᠨ ᠴᠠᠬᠢᠯᠭᠠᠨ ᠴᠡᠨᠡᠭ ᠤᠨ ᠴᠠᠬᠢᠯᠭᠠᠨ ᠲᠠᠮᠵᠢᠭᠤᠯᠬᠤ ᠡᠳ᠋ ᠨᠢ ᠤᠯᠠᠨ ᠤᠯᠤᠰ ᠤᠨ ᠭᠠᠭᠴᠠᠭᠠᠷ ᠡᠵᠡᠮᠰᠢᠯ ᠢ ᠡᠪᠳᠡᠪᠡ︔ ᠳ᠋ᠦᠩ ᠶᠠᠩ ᠭᠤᠸᠠᠩ ᠪᠦᠯᠦᠭᠯᠡᠯ ᠤᠨ ᠲᠤᠮᠳᠠ ᠦᠨᠳᠦᠷ ᠲᠠᠷᠤᠯᠳᠠᠳᠤ ᠲᠡᠮᠦᠷᠯᠢᠭ ᠴᠠᠭᠠᠰᠦᠨ ᠤ ᠲᠦᠷᠦᠯ ᠵᠦᠢᠯ ᠪᠠᠶᠢᠭᠤᠯᠤᠭᠳᠠᠪᠠᠯ ᠪᠦᠬᠦ ᠲᠡᠯᠡᠬᠡᠢ ᠳᠤ ᠬᠡᠪᠴᠢᠶ᠎ᠡ ᠪᠠᠷ ᠬᠠᠮᠤᠭ ᠤᠨ ᠶᠡᠭᠡ᠂ ᠮᠡᠷᠭᠡᠵᠢᠯ ᠢᠶᠠᠷ ᠬᠠᠮᠤᠭ ᠤᠨ ᠲᠡᠷᠢᠭᠦᠨ ᠤ ᠲᠡᠮᠦᠷᠯᠢᠭ ᠴᠠᠭᠠᠰᠦᠨ ᠤ ᠦᠢᠯᠡᠳᠪᠦᠷᠢᠯᠡᠯ ᠤᠨ ᠰᠠᠭᠤᠷᠢᠨ ᠪᠤᠯᠤᠨ᠎ᠠ ᠁ ᠨᠢᠭᠡ ᠪᠦᠯᠦᠭ ᠲᠤᠮᠤ ᠲᠦᠷᠦᠯ ᠵᠦᠢᠯ ᠢ ᠱᠠᠯᠠᠪᠳᠠᠨ ᠪᠦᠳᠦᠭᠡᠨ ᠪᠠᠶᠢᠭᠤᠯᠵᠤ ᠪᠠᠶᠢᠬᠤ ᠶᠢ ᠬᠠᠷᠠᠭᠠᠳ ᠯᠢ ᠵᠢᠢ ᠾᠧᠩ ᠲᠦᠢᠯ ᠢᠶᠠᠷ ᠪᠠᠶᠠᠷᠯᠠᠪᠠ᠃ ᠲᠡᠷᠡ ᠬᠡᠯᠡᠭᠰᠡᠨ ᠨᠢ᠂ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠤᠯ ᠤᠳᠤᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠱᠠᠭᠠᠷᠳᠠᠯᠭ᠎ᠠ ᠮᠦᠨ᠂ ᠤᠯᠠᠮᠵᠢᠯᠠᠯᠳᠦ ᠠᠵᠤ ᠦᠢᠯᠡᠰ ᠢ ᠲᠡᠰ ᠲᠡᠪᠰᠢᠭᠦᠯᠦᠨ ᠦᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢ ᠢᠳᠡᠪᠬᠢᠳᠡᠢ ᠬᠦᠭᠵᠢᠭᠦᠯᠦᠨ᠂ ᠰᠢᠨ᠎ᠠ ᠠᠵᠤ ᠦᠢᠯᠡᠰ᠂ ᠰᠢᠨ᠎ᠠ ᠬᠦᠳᠡᠯᠭᠡᠭᠴᠢ ᠡᠨᠧᠷᠬᠢ᠂ ᠰᠢᠨ᠎ᠠ ᠨᠡᠮᠡᠭᠳᠡᠯ ᠤᠨ ᠲᠦᠢᠯ ᠢ ᠶᠡᠭᠡᠪᠡᠷ ᠪᠤᠶᠢᠵᠢᠭᠤᠯᠵᠤ᠂ ᠤᠯᠠᠨ ᠡᠰᠢᠵᠢᠨ ᠬᠦᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠠ ᠶᠢᠨ ᠠᠵᠤ ᠦᠢᠯᠡᠰ ᠤᠨ ᠰᠢᠨ᠎ᠠ ᠰᠢᠰᠲ᠋ᠧᠮᠵᠢ ᠶᠢ ᠲᠦᠷᠭᠡᠳᠭᠡᠨ ᠪᠠᠶᠢᠭᠤᠯᠬᠤ ᠬᠡᠷᠡᠭᠳᠡᠢ ᠬᠡᠪᠡ᠃      ᠤᠮᠠᠷᠠᠳᠦ ᠶᠢᠨ ᠭᠠᠳᠠᠭᠠᠳᠦ ᠠᠴᠠ ᠤᠷᠤᠭᠤᠯᠣᠭᠰᠠᠨ ᠮᠤᠳᠤᠨ ᠮᠠᠲ᠋ᠧᠷᠢᠶᠠᠯ ᠢ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ᠂ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭᠠᠨ ᠤ ᠠᠵᠤ ᠦᠢᠯᠡᠰ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠬᠤ ᠳᠠᠭᠠᠨ᠂ ᠯᠢ ᠵᠢᠢ ᠾᠧᠩ ᠵᠢᠭᠠᠵᠤ ᠭᠠᠷᠭᠠᠭᠰᠠᠨ ᠨᠢ᠂ ᠤᠯᠠᠭᠠᠨᠴᠠᠪ ᠬᠤᠳᠠ ᠶᠢᠨ ᠨᠡᠭᠡᠭᠡᠯᠳᠡᠳᠦ ᠬᠦᠭᠵᠢᠯᠳᠡ ᠶᠢᠨ ᠲᠠᠪᠠᠭᠤᠯᠢᠭ ᠢᠯᠡᠷᠬᠡᠢ᠂ ᠳᠠᠯᠳᠠ ᠬᠦᠴᠦᠨ ᠯᠤᠳᠤ ᠶᠡᠭᠡ ᠪᠠᠶᠢᠨ᠎ᠠ᠂ ᠤᠮᠠᠷᠠᠰᠢ ᠨᠡᠭᠡᠭᠡᠯᠳᠡ ᠬᠢᠭᠦ ᠠᠵᠢᠯ ᠢ ᠰᠠᠶᠢᠲᠤᠷ ᠬᠢᠵᠦ᠂ ᠪᠡᠭᠡᠵᠢᠩ ᠲᠢᠶᠠᠨᠵᠢᠨ ᠾᠧᠪᠸᠢ ᠶᠢᠨ ᠬᠦᠭᠵᠢᠯᠳᠡ ᠳᠤ ᠢᠳᠡᠪᠬᠢᠳᠡᠢ ᠠᠭᠤᠰᠤᠯᠴᠠᠵᠤ᠂ ᠨᠡᠶᠢᠰᠯᠡᠯ ᠬᠤᠳᠠ ᠶᠢᠨ ᠲᠡᠷᠢᠭᠦᠨ ᠤ ᠠᠵᠤ ᠦᠢᠯᠡᠰ ᠤᠨ ᠰᠢᠯᠵᠢᠬᠦᠯᠦᠯᠲᠡ ᠶᠢ ᠶᠡᠭᠡᠪᠡᠷ ᠬᠦᠯᠢᠶᠡᠨ ᠠᠪᠴᠣ᠂ ᠡᠭᠦᠨ ᠢ ᠠᠰᠢᠬᠯᠠᠨ ᠨᠡᠩ ᠦᠨᠳᠦᠷ ᠲᠤ ᠮᠠᠴᠤᠬᠤ ᠬᠡᠷᠡᠭᠳᠡᠢ ᠬᠡᠪᠡ᠃ ᠯᠢ ᠵᠢᠢ ᠾᠧᠩ ᠪᠠᠰᠠ ᠳᠠᠭ᠎ᠠ ᠶᠢᠨ ᠨᠠᠭᠤᠷ ᠢ ᠬᠠᠮᠠᠭᠠᠯᠠᠵᠣ ᠪᠠᠶᠢᠭ᠎ᠠ ᠪᠠᠶᠢᠳᠠᠯ ᠢ ᠪᠠᠶᠢᠴᠠᠭᠠᠨ  ᠰᠣᠳᠣᠯᠵᠣ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠣᠷᠢ ᠶᠢ ᠡᠷᠡᠰ ᠳᠣᠣᠱᠯᠠᠭᠤᠯᠵᠣ᠂ ᠣᠯᠠᠨ ᠳᠠᠯ᠎ᠠ ᠠᠴᠠ ᠵᠡᠷᠭᠡᠪᠡᠷ ᠬᠠᠮᠢᠶᠠᠷᠴᠣ ᠳᠠᠭ᠎ᠠ ᠶᠢᠨ ᠨᠠᠭᠤᠷ ᠤᠨ ᠣᠰᠣᠨ ᠤ ᠠᠮᠢ ᠠᠬᠤᠢ ᠶᠢ ᠶᠡᠷᠦᠩᠭᠡᠶᠢᠯᠡᠨ ᠵᠠᠰᠠᠬᠤ ᠶᠢ ᠲᠦᠷᠭᠡᠳᠭᠡᠬᠦ ᠬᠡᠷᠡᠭᠳᠡᠢ ᠭᠡᠵᠦ ᠴᠢᠬᠤᠯᠠᠴᠢᠯᠠᠵᠠᠢ᠃      ᠤᠯᠠᠭᠠᠨᠴᠠᠪ ᠬᠤᠳᠠ ᠪᠤᠯ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠭᠤᠤᠯ ᠳᠠᠶᠢᠯᠠᠯᠳᠤᠭᠠᠨ ᠤ ᠲᠠᠯᠠᠪᠤᠷ ᠪᠤᠯᠤᠨ᠎ᠠ᠃ ᠯᠢ ᠵᠢᠢ ᠾᠧᠩ ᠶᠠᠳᠠᠭᠤ ᠬᠦᠴᠢᠷᠳᠡᠯᠳᠡᠢ ᠡᠷᠦᠭᠡ ᠶᠢᠨ ᠭᠡᠷ ᠢᠶᠠᠷ ᠬᠦᠨᠵᠡᠭᠡᠶᠢᠷᠡᠵᠤ᠂ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠭᠦᠵᠦ ᠪᠠᠶᠢᠭ᠎ᠠ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ︽ᠵᠢᠷᠭᠤᠭᠠᠨ ᠲᠤᠶᠢᠯ ᠤᠨ ᠤᠨᠤᠪᠴᠢᠲᠠᠢ︾ ︽ᠲᠠᠪᠤᠨ ᠨᠢᠭᠡ ᠪᠦᠯᠦᠭ︾᠎ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠳᠡᠢ᠂ ᠤᠨᠴᠠᠭᠠᠶᠢᠯᠠᠨ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ ᠪᠠ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠯᠠᠪᠳᠠᠭᠤᠨ ᠪᠠᠳᠤᠳᠠᠢ ᠠᠬᠢᠭᠤᠯᠵᠤ᠂ ᠵᠦᠪ ᠵᠤᠷ ᠭᠠᠷᠭᠠᠵᠤ᠂ ᠶᠠᠳᠠᠭᠤ ᠶᠢᠨ ᠦᠨᠳᠦᠰᠦ ᠶᠢ ᠲᠠᠰᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠨᠡᠭᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠦ ᠬᠡᠷᠡᠭᠳᠡᠢ ᠬᠡᠵᠠᠢ᠃      ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠬᠤ ᠳᠠᠭᠠᠨ᠂ ᠯᠢ ᠵᠢᠢ ᠾᠧᠩ ᠴᠢᠬᠤᠯᠠᠴᠢᠯᠠᠭᠰᠠᠨ ᠨᠢ᠂ ᠰᠡᠳᠬᠢᠭᠦᠢ ᠶᠢᠨ ᠲᠤᠬᠳᠠᠮᠠᠯ ᠬᠡᠯᠪᠡᠷᠢ ᠪᠠᠨ ᠡᠪᠳᠡᠵᠤ᠂ ᠠᠷᠭ᠎ᠠ ᠵᠠᠮ ᠳᠤ ᠲᠦᠰᠢᠭᠯᠡᠭᠦ ᠶᠢ ᠳᠡᠪᠴᠢᠵᠦ᠂ ᠠᠵᠤ ᠦᠢᠯᠡᠰ ᠤᠨ ᠪᠦᠳᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠲᠦᠷᠭᠡᠳᠭᠡᠨ᠂ ᠬᠦᠷᠢᠶᠡᠯᠡᠩ ᠲᠤᠭᠤᠷᠢᠭ ᠢ ᠮᠠᠨᠳᠤᠭᠤᠯᠤᠨ ᠬᠦᠭᠵᠢᠭᠦᠯᠭᠦ ᠶᠢ ᠴᠢᠬᠤᠯᠠᠴᠢᠯᠠᠨ ᠰᠠᠶᠢᠲᠤᠷ ᠠᠳᠬᠤᠵᠤ᠂ ᠭᠠᠳᠠᠬᠰᠢ ᠨᠡᠭᠡᠭᠡᠯᠳᠡ ᠬᠢᠬᠦ ᠪᠠᠨ ᠲᠠᠰᠤᠷᠠᠯᠳᠠ ᠦᠭᠡᠢ ᠦᠷᠭᠡᠳᠭᠡᠨ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠪᠡᠯᠡᠳᠭᠡᠮᠵᠢ ᠶᠢᠨ ᠪᠠᠳᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠪᠦᠬᠦ ᠬᠤᠳᠠ ᠶᠢᠨ ᠠᠵᠤ ᠠᠬᠤᠢ ᠪᠠᠨ ᠴᠢᠨᠠᠷ ᠰᠠᠶᠢᠲᠠᠢ ᠬᠦᠭᠵᠢᠭᠦᠯᠬᠦ ᠳᠠᠯ᠎ᠠ ᠪᠠᠷ ᠲᠠᠰᠤᠷᠠᠯᠳᠠ ᠦᠭᠡᠢ ᠰᠢᠨ᠎ᠠ ᠠᠬᠢᠴᠠ ᠲᠠᠢ ᠪᠤᠯᠭᠠᠬᠤ ᠬᠡᠷᠡᠭᠳᠡᠢ᠃ ᠬᠠᠷᠠᠯᠳᠠ ᠪᠠᠷᠢᠮᠵᠢᠶ᠎ᠠ ᠪᠠᠨ ᠪᠠᠷᠢᠮᠳᠠᠯᠠᠨ᠂ ᠤᠨᠴᠠ ᠶᠠᠳᠠᠭᠤ ᠬᠦᠴᠢᠷᠳᠡᠯ ᠳᠤ ᠠᠩᠬᠠᠷᠤᠯ ᠢᠶᠠᠨ ᠲᠦᠪᠯᠡᠷᠡᠭᠦᠯᠵᠤ᠂ ᠲᠤᠶᠢᠯ ᠤᠨ ᠤᠨᠤᠪᠴᠢᠲᠠᠢ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠠᠷᠭ᠎ᠠ ᠶᠢ ᠵᠡᠷᠬᠡᠪᠡᠷ ᠬᠡᠷᠡᠭᠯᠡᠨ ᠦᠷᠢ ᠦᠭᠴᠡᠭᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠭᠦ ᠬᠡᠷᠡᠭᠳᠡᠢ ᠬᠡᠪᠡ᠃      ᠪᠠᠶᠢᠴᠠᠭᠠᠨ ᠰᠤᠳᠤᠯᠤᠯᠳᠠ ᠬᠢᠭᠰᠡᠨ ᠬᠤᠭᠤᠴᠠᠭᠠᠨ ᠳᠠᠭᠠᠨ᠂ ᠯᠢ ᠵᠢᠢ ᠾᠧᠩ ᠪᠠᠰᠠ ᠤᠷᠤᠢ ᠶᠢᠨ ᠠᠮᠠᠷᠠᠯᠳᠠ ᠶᠢᠨ ᠴᠠᠭ ᠢᠶᠠᠨ ᠠᠰᠢᠬᠯᠠᠨ ᠬᠡᠰᠡᠭ ᠬᠤᠰᠢᠭᠤ ᠰᠢᠶᠠᠨ ︵ᠬᠤᠳᠠ︶᠎ ᠤ ᠬᠤᠯᠪᠤᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠳᠡ ᠶᠢ ᠬᠢᠨᠠᠮᠠᠭᠠᠢ ᠰᠤᠨᠤᠰᠴᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠯᠦᠸᠧ ᠶᠦᠩ ᠭᠠᠩ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号