2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2018/3/27
      ᠡᠨᠡ ᠵᠢᠯ᠂ ᠥᠪᠥᠷ ᠮᠣᠩᠭᠤᠯ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠰᠢᠯᠭᠠᠯᠲᠠ ᠶᠢ ᠮᠦᠨ ᠬᠦ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠬᠤᠷᠤᠭᠤᠨ ᠤ ᠬᠤᠷᠢᠶᠠᠬᠤ ᠰᠤᠳᠠᠯ ᠤᠨ ᠵᠢᠷᠤᠭ ᠴᠤᠭᠯᠠᠭᠤᠯᠬᠤ᠂ ᠭᠡᠷᠡᠯ ᠵᠢᠷᠤᠭ ᠠᠪᠬᠤ ᠪᠠ ᠮᠡᠳᠡᠭᠡ ᠵᠠᠩᠭᠢ ᠨᠤᠲᠠᠯᠠᠬᠤ ᠵᠡᠷᠭᠡ ᠳᠡᠰ ᠳᠠᠷᠠᠭᠠᠯᠠᠯ ᠢᠶᠠᠷ ᠨᠢᠭᠡᠳᠦᠯᠲᠡᠶ ᠶᠠᠪᠤᠭᠳᠠᠭᠤᠯᠤᠨ᠎ᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠤᠨ ᠰᠦᠯᠵᠢᠶᠡᠨ ᠬᠠᠶ᠋ᠢᠭ ᠨᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ᠄ http᠄ //www.nm.zsks.cn ᠪᠤᠯᠤᠨ᠎ᠠ᠃      ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠰᠡᠭᠦᠯᠡᠷ᠂ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠳᠠᠬᠢᠨ ᠨᠥᠬᠦᠵᠦ ᠨᠡᠷ᠎ᠡ ᠮᠡᠳᠡᠭᠦᠯᠬᠦ ᠶᠢ ᠲᠤᠬᠢᠷᠠᠭᠤᠯᠬᠤ ᠦᠭᠡᠢ᠂ ᠨᠡᠷ᠎ᠡ ᠮᠡᠳᠡᠭᠦᠯᠬᠦ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠪᠦᠬᠦ ᠳᠡᠰ ᠳᠠᠷᠠᠭᠠᠯᠠᠯ ᠢᠶᠠᠨ ᠪᠡᠶᠡᠯᠡᠬᠦᠯᠵᠤ ᠳᠡᠶᠢᠯᠦᠭᠰᠡᠨ ᠦᠭᠡᠢ ᠰᠢᠯᠭᠠᠭᠤᠯᠤᠭᠰᠠᠳ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠰᠢᠯᠭᠠᠯᠲᠠ ᠪᠤᠯᠤᠨ ᠬᠠᠮᠢᠶ᠎ᠠ ᠪᠦᠬᠦᠢ ᠡᠯᠰᠡᠯᠲᠡ ᠳᠤ ᠤᠷᠤᠯᠴᠠᠵᠤ ᠪᠤᠯᠬᠤ ᠦᠭᠡᠶ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠴᠦᠮ ᠲᠤᠰ ᠤᠳᠠᠭᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠰᠢᠯᠭᠠᠯᠲᠠ ᠳᠤ ᠨᠡᠷ᠎ᠡ ᠮᠡᠳᠡᠭᠦᠯᠵᠤ ᠪᠤᠯᠤᠨ᠎ᠠ᠂ ᠪᠤᠶ ᠪᠦᠬᠦᠢ ᠰᠢᠯᠭᠠᠭᠤᠯᠤᠭᠰᠠᠳ ᠤᠨ ᠨᠡᠷ᠎ᠡ ᠮᠡᠳᠡᠭᠦᠯᠬᠦ ᠠᠷᠭ᠎ᠠ ᠪᠤᠯᠤᠨ ᠳᠡᠰ ᠳᠠᠷᠠᠭᠠᠯᠠᠯ ᠨᠢ ᠠᠳᠠᠯᠢ ᠪᠦᠬᠡᠳ ᠨᠢᠭᠡᠳᠦᠯᠲᠡᠶ᠃ ᠬᠤᠲᠠ ᠶᠢᠨ ᠬᠠᠷᠢᠶᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠲᠤᠰ ᠬᠤᠭᠤᠴᠠᠭᠠᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠤᠷᠤᠭᠴᠢᠳ ᠬᠤᠯᠪᠣᠭᠳᠠᠯ ᠪᠥᠬᠦᠢ ᠲᠣᠭᠲᠠᠭᠠᠯ ᠪᠤᠯᠤᠨ ᠱᠠᠭᠠᠷᠳᠠᠯᠭ᠎ᠠ ᠶᠣᠰᠣᠭᠠᠷ᠂ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠢᠶᠠᠨ ᠨᠢᠭᠡᠳᠦᠯᠲᠡᠶ ᠵᠢᠯᠦᠭᠤᠳᠦᠯᠭ᠎ᠠ ᠳᠣᠣᠷ᠎ᠠ᠂ ᠤᠷᠢᠳᠠᠪᠡᠷ ᠬᠤᠪᠢ ᠬᠥᠮᠦᠨ ᠨᠢ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠦᠨ᠎ᠡ︔ ᠲᠣᠭᠲᠠᠭᠰᠠᠨ ᠳᠡᠰ ᠳᠠᠷᠠᠭᠠᠯᠠᠯ ᠶᠣᠰᠣᠭᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠪᠡᠶᠡᠯᠡᠭᠦᠯᠦᠨ᠎ᠡ︔ ᠲᠣᠭᠲᠠᠭᠰᠠᠨ ᠴᠠᠭ ᠤᠨ ᠳᠣᠲᠣᠷ᠎ᠠ᠂ ᠰᠤᠷᠭᠠᠭᠤᠯᠢ ᠨᠢ ᠨᠢᠭᠡᠳᠦᠯᠲᠡᠶ ᠵᠣᠬᠢᠶᠠᠨ ᠪᠠᠶᠢᠭᠤᠯᠵᠤ᠂ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠬᠠᠷᠢᠶᠠᠯᠠᠭᠳᠠᠵᠤ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠲᠤᠬᠢᠷᠠᠭᠤᠯᠭ᠎ᠠ ᠪᠠᠷ᠂ ᠬᠤᠪᠢ ᠬᠦᠮᠦᠨ ᠤ ᠬᠤᠶᠠᠳᠤᠭᠠᠷ ᠡᠭᠡᠯᠵᠢ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ᠂ ᠬᠤᠷᠤᠭᠤᠨ ᠤ ᠬᠤᠷᠢᠶᠠᠬᠤ ᠰᠤᠳᠠᠯ ᠤᠨ ᠵᠢᠷᠤᠭ ᠴᠤᠭᠯᠠᠭᠤᠯᠬᠤ᠂ ᠭᠡᠷᠡᠯ ᠵᠢᠷᠤᠭ ᠠᠪᠬᠤ ᠪᠠ ᠮᠡᠳᠡᠭᠡ ᠵᠠᠩᠭᠢ ᠪᠠᠨ ᠨᠤᠲᠠᠯᠠᠭᠤᠯᠬᠤ ᠶᠢ ᠪᠡᠶᠡᠯᠡᠬᠦᠯᠦᠨ᠎ᠡ᠃      ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠤᠰᠤ ︵ᠨᠡᠶᠢᠭᠡᠮ ᠤᠨ ᠲᠠᠷᠠᠬᠠᠶ ᠪᠤᠲᠠᠷᠬᠠᠶ︶ ᠰᠢᠯᠭᠠᠭᠤᠯᠤᠭᠰᠠᠳ ᠦᠪᠡᠷᠰᠡᠳ ᠢᠶᠠᠨ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠶᠢ ᠪᠡᠶᠡᠯᠡᠭᠦᠯᠦᠭᠰᠡᠨ ᠤ ᠪᠠᠨ ᠳᠠᠷᠠᠭ᠎ᠠ᠂ ᠲᠤᠭᠲᠠᠭᠰᠠᠨ ᠴᠠᠭ ᠤᠨ ᠳᠤᠲᠤᠷ᠎ᠠ ᠤᠷᠢᠳᠴᠢᠯᠠᠨ ᠨᠡᠷ᠎ᠡ ᠮᠡᠳᠡᠭᠦᠯᠬᠦ ᠳᠤ ᠰᠣᠩᠭᠤᠭᠰᠠᠨ ᠬᠤᠰᠢᠭᠤ ᠰᠢᠶᠠᠨ ᠲᠣᠭᠤᠷᠢᠭ ᠲᠤ ᠬᠦᠷᠴᠦ ᠭᠡᠷᠡᠯ ᠵᠢᠷᠤᠭ ᠢᠶᠠᠨ ᠨᠤᠲᠠᠯᠠᠭᠤᠯᠵᠤ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢᠨ ᠭᠠᠵᠠᠷ ᠲᠤ ᠤᠴᠢᠵᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠬᠢᠯᠭᠡᠵᠤ  ᠂ ᠬᠤᠷᠤᠭᠤᠨ ᠤ ᠬᠤᠷᠢᠶᠠᠬᠤ ᠰᠤᠳᠠᠯ ᠤᠨ ᠵᠢᠷᠤᠭ ᠴᠤᠭᠯᠠᠭᠤᠯᠬᠤ᠂ ᠭᠡᠷᠡᠯ ᠵᠢᠷᠤᠭ ᠠᠪᠬᠤ ᠪᠠ ᠮᠡᠳᠡᠭᠡ ᠵᠠᠩᠬᠢ ᠪᠠᠨ ᠨᠤᠲᠠᠯᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号