ᠵᠠᠰᠠᠭ ᠤᠨ ᠤᠷᠳᠤᠨ ᠤ ᠠᠵᠢᠯ ᠤᠨ ᠢᠯᠡᠳᠬᠡᠯ | — 2018 ᠤᠨ ᠤ 3 ᠳ᠋ᠤᠭᠠᠷ ᠰᠠᠷ᠎ᠠ ᠶᠢᠨ 5 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯᠳᠤᠭᠠᠨ ᠳᠡᠭᠡᠷ᠎ᠡ | ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠤᠩᠭᠡᠢ ᠰᠠᠶᠢᠳ ᠯᠢ ᠺᠧ ᠴᠢᠶᠠᠩ | | ᠲᠦᠯᠦᠭᠡᠯᠡᠭᠴᠢᠳ ᠡ᠄ | ᠤᠲᠤ ᠪᠢ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ | ᠣᠷᠲᠣᠨ ᠤ ᠦᠩᠭᠡᠷᠡᠭᠰᠡᠨ ᠲᠠᠪᠤᠨ ᠵᠢᠯ ᠤᠨ ᠠᠵᠢᠯ ᠢᠶᠠᠨ ᠮᠡᠲᠡᠬᠦᠯᠵᠦ᠂ ᠡᠨᠡ ᠵᠢᠯ ᠤᠨ ᠠᠵᠢᠯ ᠤᠨ ᠲᠤᠬᠠᠢ | ᠰᠠᠨᠠᠭᠤᠯᠭ᠎ᠠ ᠭᠠᠷᠭᠠᠶ᠎ᠠ᠂ ᠬᠢᠨᠠᠨ ᠶᠠᠷᠢᠯᠴᠠᠬᠤ ᠪᠤᠯᠪᠠ ᠤᠤ᠂ ᠪᠦᠬᠦ ᠣᠯᠣᠰ ᠤᠨ ᠤᠯᠤᠰ ᠳᠦᠷᠦ ᠶᠢᠨ ᠵᠦᠪᠯᠡᠯᠬᠡᠨ ᠤ | ᠭᠡᠰᠢᠬᠦᠳ ᠴᠦ ᠰᠠᠨᠠᠯ ᠢᠶᠠᠨ ᠳᠤᠷᠠᠳᠬᠤ ᠪᠤᠯᠪᠠ ᠤᠤ᠃ | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠲᠤᠬᠠᠢ ᠡᠷᠬᠢᠴᠡᠬᠦᠯᠦᠯ | ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠲᠤᠭᠠᠷ ᠬᠤᠷᠠᠯᠳᠤᠭᠠᠨ ᠠᠴᠠ ᠨᠠᠭᠠᠰᠢᠬᠢ ᠲᠠᠪᠤᠨ ᠵᠢᠯ ᠪᠤᠯ ᠮᠠᠨ ᠤ ᠤᠯᠤᠰ ᠤᠨ ᠬᠦᠭᠵᠢᠯᠲᠠ ᠶᠢᠨ | ᠶᠠᠪᠤᠴᠠ ᠳᠠᠬᠢ ᠳᠦᠢᠯ ᠤᠨ ᠶᠡᠷᠦ ᠪᠤᠰᠦ ᠶᠢᠨ ᠲᠠᠪᠤᠨ ᠵᠢᠯ ᠮᠦᠨ᠃ ᠤᠯᠤᠰ ᠤᠨ ᠳᠤᠳᠤᠭᠠᠳᠤ ᠭᠠᠳᠠᠭᠠᠳᠤ ᠶᠢᠨ | ᠲᠦᠢᠯ ᠤᠨ ᠡᠭᠡᠳᠡᠷᠡᠭᠡᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ | ᠨᠠᠮ ᠤᠨ ᠲᠦᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠠᠯᠠᠰᠢᠷᠠᠯ ᠦᠭᠡᠢ ᠴᠢᠷᠮᠠᠶᠢᠨ ᠵᠢᠳᠬᠦᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ | ᠪᠠᠶᠢᠷᠢᠯᠠᠭᠤᠯᠤᠯᠲᠠ ᠶᠢ ᠨᠢᠭᠡᠲᠦᠯᠲᠠᠢ ᠲᠦᠯᠦᠪᠯᠡᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠩᠭᠤᠢ ᠠᠬᠢᠭᠤᠯᠤᠨ᠂ ᠦᠭᠡᠷᠡᠴᠢᠯᠡᠯᠲᠡ ᠨᠡᠭᠡᠭᠡᠯᠲᠡ ᠪᠠ ᠨᠡᠶᠢᠭᠡᠮ | ᠵᠢᠷᠤᠮ ᠤᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠦᠨ | ᠨᠡᠭᠡᠭᠡᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠡᠦᠬᠡᠨ ᠪᠠᠶᠢᠷᠢ ᠰᠠᠭᠤᠷᠢ ᠶᠢ | ᠲᠤᠭᠲᠠᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ | ᠤᠯᠵᠤ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠢᠯᠠᠯᠲᠠ ᠶᠢ ᠲᠡᠮᠡᠴᠠᠨ ᠤᠯᠬᠤ ᠠᠤᠭ᠎ᠠ ᠲᠦᠰᠦᠪ ᠪᠠ ᠠᠵᠢᠯᠯᠠᠭᠠᠨ ᠤ ᠬᠦᠲᠦᠯᠪᠦᠷᠢ ᠶᠢ ᠲᠤᠭᠲᠠᠭᠠᠭᠰᠠᠨ ᠨᠢ | ᠴᠢᠬᠤᠯᠠ ᠶᠡᠭᠡ ᠪᠤᠳᠠᠳᠤ ᠠᠴᠢ ᠬᠤᠯᠪᠤᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠤᠭᠳᠠᠯ ᠲᠠᠢ ᠶᠤᠮ᠃ | ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠤᠯᠳᠡᠢ ᠪᠠᠶᠢᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ | ᠰᠢᠨ᠎ᠡ ᠬᠦᠭᠵᠢᠯᠲᠡ ᠶᠢᠨ ᠤᠨᠤᠯᠵᠢᠬᠤᠨ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠪᠠᠨ | ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠢᠯᠠᠯᠲᠠ ᠲᠠᠢ ᠪᠡᠶᠡᠯᠡᠭᠦᠯᠦᠨ᠂ ᠠᠷᠪᠠᠨ ᠭᠤᠷᠪᠠᠳᠤᠭᠠᠷ ᠲᠠᠪᠤᠨ | ᠵᠢᠯ ᠤᠨ ᠲᠦᠯᠦᠪᠵᠢᠭᠦᠯᠭᠡ ᠶᠢ ᠤᠷᠤᠭᠰᠢᠲᠠᠢ ᠬᠡᠷᠡᠭᠵᠢᠭᠦᠯᠦᠭᠡᠳ᠂ ᠠᠵᠤ ᠠᠬᠤᠢ ᠨᠡᠶᠢᠭᠡᠮ ᠤᠨ ᠬᠦᠭᠵᠢᠯᠲᠡ ᠳᠤ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠤᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠪᠠ᠃ | ᠲᠠᠪᠤᠨ ᠵᠢᠯ ᠤᠨ ᠲᠤᠷᠰᠢ᠂ ᠠᠵᠤ ᠠᠬᠤᠢ ᠶᠢᠨ ᠪᠤᠳᠠᠳᠤ ᠬᠦᠴᠦᠨ ᠰᠢᠨ᠎ᠡ ᠳᠡᠭᠲᠡᠷ ᠲᠤ ᠭᠠᠷᠪᠠ᠃ | ᠤᠯᠤᠰ ᠤᠨ ᠳᠤᠳᠤᠭᠠᠲᠤ ᠶᠢᠨ ᠦᠢᠯᠡᠳᠪᠦᠷᠢᠯᠡᠯ ᠤᠨ ᠪᠦᠬᠦ ᠦᠷᠲᠡᠭ 54 ᠳᠦᠮᠡᠨ ᠳ᠋ᠦᠡᠭᠰᠢᠭᠤᠷ ᠳᠦᠬᠦᠷᠢᠭ | ᠪᠠᠶᠢᠭᠰᠠᠨ ᠠᠴᠠ ᠪᠠᠨ 82.7 ᠳᠦᠮᠡᠨ ᠳ᠋ᠦᠡᠭᠰᠢᠭᠤᠷ ᠳᠦᠬᠦᠷᠢᠭ ᠪᠤᠯᠲᠠᠯ᠎ᠠ ᠨᠡᠮᠡᠭᠲᠡᠵᠦ᠂ ᠵᠢᠯ ᠪᠦᠷᠢ ᠳᠤᠮᠳᠠᠴᠢ ᠪᠠᠷ | 7.1% ᠪᠠᠷ ᠨᠡᠮᠡᠭᠳᠡᠨ᠂ ᠳᠡᠯᠡᠬᠡᠢ ᠶᠢᠨ ᠠᠵᠤ ᠠᠬᠤᠢ ᠳᠤ ᠡᠵᠡᠯᠡᠬᠦ ᠬᠤᠪᠢ ᠶᠢᠨ ᠵᠢᠩ 11.4% | ᠪᠠᠶᠢᠭᠰᠠᠨ ᠠᠴᠠ ᠪᠠᠨ 15% ᠤᠷᠴᠢᠮ ᠪᠤᠯᠲᠠᠯ᠎ᠠ ᠳᠡᠭᠡᠭᠰᠢᠯᠡᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ | ᠦᠵᠡᠭᠦᠯᠬᠦ ᠬᠤᠪᠢ ᠨᠡᠮᠡᠷᠢ ᠶᠢᠨ ᠨᠤᠷᠮ᠎ᠠ 30% ᠶᠢ ᠳᠠᠪᠠᠪᠠ᠃ ᠡᠳ᠋ ᠤᠨ ᠵᠠᠰᠠᠭ ᠤᠨ ᠤᠷᠤᠯᠭ᠎ᠠ 11.7 ᠲᠦᠮᠡᠨ | ᠳ᠋ᠦᠩᠰᠢᠭᠤᠷ ᠲᠦᠭᠦᠷᠢᠭ ᠪᠠᠶᠢᠭᠰᠠᠨ ᠠᠴᠠ ᠪᠠᠨ 17.3 ᠳᠦᠮᠡᠨ ᠳ᠋ᠦᠡᠭᠰᠢᠭᠤᠷ ᠳᠦᠬᠦᠷᠢᠭ ᠪᠤᠯᠲᠠᠯ᠎ᠠ ᠨᠡᠮᠡᠭᠲᠡᠪᠡ᠃ | ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠵᠢᠯ ᠪᠦᠷᠢ ᠳᠤᠮᠳᠠᠴᠢ ᠪᠠᠷ 1.9% ᠪᠠᠷ ᠦᠰᠴᠦ᠂ ᠨᠡᠯᠢᠶᠡᠳ | ᠳᠤᠤᠷ᠎ᠠ ᠬᠡᠮᠵᠢᠶ᠎ᠡ ᠪᠠᠨ ᠪᠠᠲᠤᠯᠠᠪᠠ᠃ ᠬᠤᠳᠠ ᠪᠠᠯᠭᠠᠰᠤᠨ ᠳᠤ ᠠᠵᠢᠯ ᠤᠯᠤᠭᠰᠠᠨ ᠬᠦᠮᠦᠨ 6600 ᠲᠦᠮᠡ ᠠᠴᠠ | ᠳᠡᠭᠡᠭᠰᠢ ᠰᠢᠨ᠎ᠡ ᠪᠠᠷ ᠨᠡᠮᠡᠭᠳᠡᠵᠦ᠂ 13 ᠳ᠋ᠦᠩᠰᠢᠭᠤᠷ ᠭᠠᠷᠤᠢ ᠬᠦᠮᠦᠨ ᠠᠮᠠ ᠲᠠᠢ ᠲᠤᠮᠤ ᠤᠯᠤᠰ ᠨᠡᠯᠢᠶᠡᠳ | ᠭᠦᠢᠴᠡᠳ ᠠᠵᠢᠯ ᠤᠯᠭᠤᠯᠲᠠ ᠶᠢ ᠪᠡᠶᠡᠯᠡᠭᠦᠯᠪᠡ᠃ | ᠲᠠᠪᠤᠨ ᠵᠢᠯ ᠤᠨ ᠲᠤᠷᠰᠢ᠂ ᠠᠵᠤ ᠠᠬᠤᠢ ᠶᠢᠨ ᠪᠦᠲᠦᠴᠡ ᠳᠤ ᠴᠢᠬᠤᠯᠠ ᠶᠡᠭᠡ ᠬᠤᠪᠢᠰᠤᠯᠲᠠ ᠭᠠᠷᠪᠠ᠃ | ᠬᠡᠷᠡᠭᠯᠡᠭᠡᠨ ᠤ ᠬᠤᠪᠢ ᠨᠡᠮᠡᠷᠢ ᠶᠢᠨ ᠨᠤᠷᠮ᠎ᠠ 54.9% ᠪᠠᠶᠢᠭᠰᠠᠨ ᠠᠴᠠ ᠪᠠᠨ 58.8% ᠪᠤᠯᠲᠠᠯ᠎ᠠ ᠳᠡᠭᠡᠭᠰᠢᠯᠡᠵᠦ᠂ | ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ 45.3% ᠪᠠᠶᠢᠭᠰᠠᠨ ᠠᠴᠠ ᠪᠠᠨ 51.6% ᠪᠤᠯᠲᠠᠯ᠎ᠠ | ᠳᠡᠭᠡᠭᠰᠢᠯᠡᠨ᠂ ᠠᠵᠤ ᠠᠬᠤᠢ ᠶᠢᠨ ᠨᠡᠮᠡᠭᠳᠡᠯ ᠤᠨ ᠭᠤᠤᠯ ᠬᠦᠳᠡᠯᠭᠡᠭᠴᠢ ᠬᠦᠴᠦᠨ ᠪᠤᠯᠪᠠ᠃ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠵᠢᠯ ᠪᠦᠷᠢ ᠳᠤᠮᠳᠠᠴᠢ ᠪᠠᠷ 11.7% ᠪᠠᠷ ᠨᠡᠮᠡᠭᠳᠡᠪᠠ᠃ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ 1.2 ᠲᠦᠮᠡᠨ ᠳ᠋ᠦᠩᠰᠢᠭᠤᠷ ᠵᠢᠩ ᠳᠤ ᠬᠦᠷᠪᠡ᠃ ᠬᠤᠳᠠ ᠪᠠᠯᠭᠠᠰᠤᠵᠢᠯᠲᠠ ᠶᠢᠨ | ᠨᠤᠷᠮ᠎ᠠ 52.6% ᠪᠠᠶᠢᠭᠰᠠᠨ ᠠᠴᠠ ᠪᠠᠨ 58.5% ᠪᠤᠯᠲᠠᠯ᠎ᠠ ᠳᠡᠭᠡᠭᠰᠢᠯᠡᠵᠦ᠂ ᠲᠠᠷᠢᠶᠠᠯᠠᠩ ᠠᠴᠠ ᠰᠢᠯᠵᠢᠭᠰᠡᠨ | 8000 ᠭᠠᠷᠤᠢ ᠲᠦᠮᠡᠨ ᠬᠦᠮᠦᠨ ᠠᠮᠠ ᠬᠤᠳᠠ ᠪᠠᠯᠭᠠᠰᠤᠨ ᠤ ᠰᠠᠭᠤᠭᠠᠯᠢ ᠠᠷᠠᠳ ᠪᠤᠯᠪᠠ᠃ | ᠲᠠᠪᠤᠨ ᠵᠢᠯ ᠤᠨ ᠲᠤᠷᠰᠢ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠲᠡ ᠡᠯᠪᠡᠭ ᠳᠡᠯᠪᠡᠭ | ᠦᠷ᠎ᠡ ᠪᠦᠲᠦᠭᠡᠯ ᠤᠯᠪᠠ᠃ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠤᠷᠤᠭᠤᠯᠤᠯᠲᠠ ᠵᠢᠯ ᠪᠦᠷᠢ ᠳᠤᠮᠳᠠᠴᠢ ᠪᠠᠷ | 11% ᠪᠠᠷ ᠨᠡᠮᠡᠭᠳᠡᠵᠦ᠂ ᠬᠡᠪᠴᠢᠶ᠎ᠡ ᠨᠢ ᠳᠡᠯᠡᠬᠡᠢ ᠶᠢᠨ ᠬᠤᠶᠠᠳᠤᠭᠠᠷ ᠪᠠᠶᠢᠷᠢᠨ ᠳᠤ ᠳᠡᠪᠰᠢᠨ ᠤᠷᠤᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠤᠷᠮ᠎ᠠ 52.2% ᠪᠠᠶᠢᠭᠰᠠᠨ ᠠᠴᠠ ᠪᠠᠨ 57. | 5% ᠪᠤᠯᠲᠠᠯ᠎ᠠ ᠳᠡᠭᠡᠭᠰᠢᠯᠡᠪᠠ᠃ ᠬᠦᠮᠦᠨ ᠰᠠᠭᠤᠯᠭᠠᠭᠰᠠᠨ ᠰᠠᠨᠰᠠᠷ ᠤᠨ ᠠᠶᠠᠯᠠᠯ᠂ ᠭᠦᠨ ᠳᠠᠯᠠᠢ ᠶᠢᠨ ᠬᠠᠶᠢᠨ | ᠬᠡᠮᠵᠢᠯᠲᠡ᠂ ᠺᠸᠠᠨᠲ ᠮᠡᠳᠡᠭᠡ ᠬᠤᠯᠪᠤᠭ᠎ᠠ᠂ ᠲᠤᠮᠤ ᠨᠢᠰᠬᠡᠯ ᠵᠡᠷᠭᠡ ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠲᠠᠰᠤᠷᠠᠯᠲᠠ ᠦᠭᠡᠢ ᠢᠯᠡᠷᠡᠨ ᠭᠠᠷᠪᠠ᠃ ᠳᠡᠭᠡᠳᠦ ᠬᠤᠷᠳᠤᠴᠠᠳᠤ ᠲᠡᠮᠦᠷ ᠵᠠᠮ ᠤᠨ ᠲᠤᠤᠷ ᠰᠦᠯᠵᠢᠶ᠎ᠡ᠂ | ᠡᠯᠧᠺᠲᠷᠤᠨ ᠬᠤᠳᠠᠯᠳᠤᠭᠠᠨ ᠤ ᠶᠠᠪᠤᠳᠠᠯ᠂ ᠰᠢᠯᠵᠢᠮᠡᠯ ᠳᠦᠯᠦᠯᠲᠡ᠂ ᠬᠠᠮᠳᠤ ᠪᠠᠷ ᠡᠳ᠋ᠯᠡᠬᠦ ᠠᠵᠦ ᠠᠬᠤᠢ ᠵᠡᠷᠭᠡ ᠨᠢ | ᠳᠡᠯᠡᠬᠡᠢ ᠶᠢᠨ ᠤᠷᠤᠰᠬᠠᠯ ᠢ ᠬᠦᠲᠦᠯᠦᠨ ᠳᠠᠭᠠᠭᠤᠯᠵᠤ ᠪᠠᠶᠢᠨ᠎ᠠ᠃ ︽ᠢᠨᠲ᠋ᠧᠷ ᠰᠦᠯᠵᠢᠶ᠎ᠡ +︾ ᠠᠵᠢᠯᠯᠠᠭ᠎ᠠ ᠨᠢ | ᠡᠯ᠎ᠡ ᠠᠵᠢᠯ ᠲᠦᠷᠦᠯ ᠳᠤ ᠦᠷᠭᠡᠨ ᠢᠶᠠᠷ ᠠᠭᠤᠰᠤᠨ ᠤᠷᠤᠪᠠ᠃ ᠦᠢ ᠤᠯᠠᠨ ᠢᠶᠠᠷ ᠢᠶᠠᠨ ᠠᠲᠠᠯ ᠦᠢᠯᠡᠰ | ᠴᠤᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠶᠠᠪᠤᠳᠠᠯ ᠦᠷᠨᠢᠨ ᠬᠦᠭᠵᠢᠵᠦ᠂ ᠡᠳᠦᠷ ᠪᠦᠷᠢ | ᠰᠢᠨ᠎ᠡ ᠪᠠᠷ ᠪᠠᠶᠢᠭᠤᠯᠤᠭᠳᠠᠬᠤ ᠠᠵᠤ ᠠᠬᠤᠶᠢᠯᠠᠯ ᠳᠤᠮᠳᠠᠴᠢ ᠪᠠᠷ 5 ᠮᠢᠩᠭ᠎ᠠ ᠭᠠᠷᠤᠢ ᠡᠷᠦᠬᠡ ᠪᠠᠶᠢᠭᠰᠠᠨ ᠠᠴᠠ ᠪᠠᠨ | 1 ᠲᠦᠮᠨ 6 ᠮᠢᠩᠭ᠎ᠠ ᠭᠠᠷᠤᠢ ᠡᠷᠦᠬᠡ ᠪᠤᠯᠲᠠᠯ᠎ᠠ ᠨᠡᠮᠡᠭᠳᠡᠪᠡ᠃ ᠲᠦᠷᠭᠡᠨ ᠬᠦᠭᠵᠢᠵᠦ ᠪᠠᠶᠢᠭ᠎ᠠ ᠰᠢᠨ᠎ᠡ ᠬᠦᠳᠡᠯᠭᠡᠭᠴᠢ | ᠡᠨᠧᠷᠭᠢ ᠨᠢ ᠶᠠᠭ ᠠᠵᠤ ᠠᠬᠤᠢ ᠶᠢᠨ ᠨᠡᠮᠡᠭᠳᠡᠯ ᠤᠨ ᠪᠠᠶᠢᠷᠢᠰᠢᠯ ᠢ ᠳᠠᠬᠢᠨ ᠪᠤᠢ ᠪᠤᠯᠭᠠᠵᠤ᠂ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠭᠦᠨᠵᠡᠭᠡᠢ ᠬᠤᠪᠢᠷᠠᠭᠤᠯᠤᠨ᠂ ᠳᠤᠮᠳᠠᠳᠤ ᠤᠯᠤᠰ ᠤᠨ ᠰᠢᠨ᠎ᠠ ᠶᠢ ᠡᠬᠦᠳᠬᠦ | ᠬᠦᠭᠵᠢᠯᠲᠡ ᠶᠢᠨ ᠰᠢᠨ᠎ᠡ ᠪᠡᠯᠭᠡ ᠲᠡᠮᠳᠡᠭ ᠪᠤᠯᠵᠤ ᠪᠠᠶᠢᠨ᠎ᠠ᠃ | ᠲᠠᠪᠤᠨ ᠵᠢᠯ ᠤᠨ ᠲᠤᠷᠰᠢ᠂ ᠦᠭᠡᠷᠡᠴᠢᠯᠡᠯᠲᠡ ᠨᠡᠭᠡᠭᠡᠯᠲᠡ ᠴᠢᠬᠤᠯᠠ ᠶᠡᠭᠡ ᠠᠯᠬᠤᠮ ᠢ ᠠᠯᠬᠤᠪᠠ᠃ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠴᠦᠯᠡᠨ ᠤᠯᠠᠠ ᠲᠠᠯ᠎ᠠ ᠪᠠᠷ ᠰᠢᠪᠲᠤᠯᠤᠯᠲᠠ ᠭᠠᠷᠭᠠᠵᠤ ᠭᠦᠨᠵᠡᠭᠡᠶᠢᠷᠡᠭᠦᠯᠦᠨ | ᠠᠬᠢᠭᠤᠯᠤᠭᠠᠳ᠂ ᠴᠢᠬᠤᠯᠠ ᠬᠦᠷᠢᠶ᠎ᠡ ᠪᠠ ᠵᠠᠩᠬᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠲᠡ ᠳᠤ | ᠰᠢᠪᠲᠤᠯᠤᠯᠲᠠ ᠶᠢᠨ ᠴᠢᠨᠠᠷᠲᠠᠢ ᠠᠬᠢᠯᠲᠠ ᠲᠠᠢ ᠪᠤᠯᠵᠤ᠂ ᠭᠤᠣᠯ ᠪᠣᠯᠬᠤ ᠬᠦᠷᠢᠶᠡᠨ ᠤ ᠥᠭᠡᠷᠡᠴᠢᠯᠡᠯᠲᠡ ᠶᠢᠨ ᠭᠤᠣᠯ | ᠴᠣᠭᠴᠠ ᠶᠢᠨ ᠪᠣᠷᠣ ᠲᠥᠯᠥᠪ ᠦᠨᠳᠦᠰᠦᠨ ᠳᠡᠭᠡᠨ ᠲᠣᠭᠲᠠᠪᠠ᠃ ᠵᠠᠰᠠᠭ ᠢ ᠴᠤᠮᠬᠠᠳᠬᠠᠨ ᠡᠷᠭᠡ ᠶᠢ ᠲᠤᠷᠤᠭᠰᠢ | ᠪᠠᠭᠤᠯᠭᠠᠬᠤ᠂ ᠴᠢᠯᠦᠭᠡᠲᠡᠢ ᠪᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠬᠦᠯᠬᠦ | ᠵᠡᠷᠭᠡ ᠦᠭᠡᠷᠡᠴᠢᠯᠡᠯᠲᠡ ᠨᠢ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠳᠤ ᠭᠦᠨᠵᠡᠭᠡᠢ ᠬᠤᠪᠢᠷᠠᠯᠲᠠ ᠭᠠᠷᠬᠤ ᠶᠢ | ᠠᠬᠢᠭᠤᠯᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ | ᠮᠡᠳᠡᠭᠳᠡᠬᠦ᠋ᠢᠴᠡ ᠴᠢᠩᠭᠠᠷᠠᠭᠤᠯᠪᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠢᠯᠡᠷᠬᠡᠢ ᠦᠷ᠎ᠡ | ᠪᠦᠲᠦᠮᠵᠢ ᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠠᠰᠢᠭᠯᠠᠬᠤ ᠪᠦᠲᠦᠴᠡ ᠰᠢᠯᠢᠳᠡᠭᠵᠢᠨ᠂ | ᠬᠡᠪᠴᠢᠶ᠎ᠡ ᠨᠢ ᠳᠡᠯᠡᠬᠡᠢ ᠶᠢᠨ ᠡᠮᠦᠨ᠎ᠡ ᠡᠩᠨᠡᠭᠡ ᠳᠤ ᠪᠠᠲᠤᠲᠠᠢ ᠤᠷᠤᠪᠠ᠃ | ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ ᠲᠠᠰᠤᠷᠠᠯᠲᠠ ᠦᠭᠡᠢ ᠰᠠᠶᠢᠵᠢᠷᠠᠪᠠ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠰᠢᠢᠳᠪᠦᠷᠢᠯᠡᠬᠦ ᠠᠵᠢᠯ ᠰᠢᠢᠳᠪᠦᠷᠢᠯᠡᠭᠴᠢ ᠴᠢᠨᠠᠷᠲᠠᠢ ᠠᠬᠢᠯᠲᠠ ᠲᠠᠢ ᠪᠤᠯᠵᠤ᠂ | ᠶᠠᠳᠠᠭᠤ ᠬᠦᠴᠢᠷᠳᠡᠯ ᠲᠠᠢ ᠬᠦᠮᠦᠨ ᠠᠮᠠ ᠶᠢ 6800 ᠭᠠᠷᠤᠢ ᠲᠦᠮᠡ ᠪᠠᠭᠠᠰᠬᠠᠨ᠂ 830 ᠲᠦᠮᠡᠨ ᠬᠦᠮᠦᠨ ᠢ | ᠤᠨᠳᠤᠤ ᠭᠠᠵᠠᠷ ᠲᠤ ᠨᠡᠬᠦᠯᠬᠡᠨ ᠶᠠᠳᠠᠭᠤ ᠶᠢ ᠳᠡᠳᠬᠦᠵᠦ᠂ ᠶᠠᠳᠠᠭᠤᠷᠠᠯ ᠤᠨ ᠨᠤᠷᠮ᠎ᠠ 10.2% | ᠪᠠᠶᠢᠭᠰᠠᠨ ᠠᠴᠠ ᠪᠠᠨ 3.1% ᠪᠤᠯᠳᠠᠯ᠎ᠠ ᠪᠠᠭᠤᠷᠠᠪᠠ᠃ ᠰᠠᠭᠤᠭᠠᠯᠢ ᠠᠷᠠᠳ ᠤᠨ ᠤᠷᠤᠯᠭ᠎ᠠ ᠵᠢᠯ ᠪᠦᠷᠢ | ᠲᠤᠮᠳᠠᠴᠢ ᠪᠠᠷ 7.4% ᠢᠶᠠᠷ ᠨᠡᠮᠡᠭᠲᠡᠨ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠳᠠᠪᠠᠭᠠᠳ᠂ ᠳᠡᠯᠡᠬᠡᠢ | ᠳᠡᠭᠡᠷᠡᠬᠢ ᠬᠠᠮᠤᠭ ᠤᠨ ᠤᠯᠠᠨ ᠬᠦᠮᠦᠨ ᠠᠮᠠ ᠪᠦᠬᠦᠢ ᠳᠤᠮᠳᠠ ᠵᠡᠷᠭᠡ ᠶᠢᠨ ᠤᠷᠤᠯᠭ᠎ᠠ ᠲᠠᠢ ᠬᠠᠮᠲᠤᠯᠢᠭ ᠢ ᠪᠤᠢ | ᠪᠤᠯᠭᠠᠪᠠ᠃ ᠬᠢᠯᠢ ᠠᠴᠠ ᠭᠠᠷᠴᠤ ᠵᠤᠭᠠᠴᠠᠬᠰᠠᠨ ᠬᠦᠮᠤᠨ ᠤᠳᠠᠭ᠎ᠠ 8300 ᠲᠦᠮᠡ ᠪᠠᠶᠢᠭᠰᠠᠨ ᠠᠴᠠ ᠪᠠᠨ 1 | ᠳ᠋ᠦᠩᠰᠢᠭᠤᠷ 3 ᠮᠢᠩᠭᠠᠨ ᠲᠦᠮᠡ ᠭᠠᠷᠤᠢ ᠪᠤᠯᠲᠠᠯ᠎ᠠ ᠨᠡᠮᠡᠭᠳᠡᠪᠡ᠃ ᠰᠤᠷᠭᠠᠨ ᠬᠥᠮᠥᠵᠢᠯ ᠤᠨ ᠦᠢᠯᠡᠰ ᠪᠦᠬᠦ | ᠲᠠᠯ᠎ᠠ ᠪᠠᠷ ᠭᠦᠭᠵᠢᠪᠡ᠃ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 9 ᠳ᠋ᠦᠩᠰᠢᠭᠤᠷ ᠭᠠᠷᠤᠢ | ᠬᠦᠮᠦᠨ ᠢ ᠬᠠᠮᠤᠷᠴᠤ᠂ ᠡᠮᠨᠡᠯᠭᠡ ᠶᠢᠨ ᠦᠨᠳᠦᠰᠦᠨ ᠳᠠᠭᠠᠳᠬᠠᠯ 13.5 ᠳ᠋ᠦᠩᠰᠢᠭᠤᠷ ᠬᠦᠮᠦᠨ ᠢ ᠬᠠᠮᠤᠷᠤᠭᠠᠳ᠂ | ᠳᠡᠯᠡᠬᠡᠢ ᠳᠡᠬᠡᠷᠡᠬᠢ ᠬᠠᠮᠤᠭ ᠤᠨ ᠲᠤᠮᠤ ᠨᠡᠶᠢᠭᠡᠮ ᠤᠨ ᠪᠠᠲᠤᠯᠠᠭ᠎ᠠ ᠶᠢᠨ ᠲᠤᠤᠷ ᠢ ᠰᠦᠯᠵᠢᠪᠡ᠃ ᠬᠦᠮᠦᠨ | ᠳᠤᠮᠳᠠᠴᠢ ᠶᠢᠨ ᠵᠢᠱᠢᠯᠲᠡ ᠨᠠᠰᠤᠨ ᠬᠤᠳᠤᠭ 76.7 ᠨᠠᠰᠤ ᠳᠤ ᠬᠦᠷᠪᠡ᠃ ᠳᠦᠬᠦᠮ ᠪᠦᠳᠦᠴᠡᠲᠦ ᠤᠷᠤᠨ | ᠰᠠᠭᠤᠴᠠ ᠶᠢᠨ ᠲᠤᠭᠤᠷᠢᠭ ᠤᠨ 2600 ᠭᠠᠷᠤᠢ ᠳᠦᠮᠡᠨ ᠢᠵᠢ ᠤᠷᠤᠨ ᠰᠠᠭᠤᠴᠠ ᠶᠢ ᠦᠭᠡᠷᠡᠴᠢᠯᠡᠨ ᠪᠠᠷᠢᠵᠤ᠂ | ᠬᠦᠳᠡᠭᠡ ᠲᠤᠰᠬᠤᠨ ᠤ 1700 ᠭᠠᠷᠤᠢ ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ | ᠪᠠᠷᠢᠵᠤ᠂ 1 ᠳ᠋ᠦᠩᠰᠢᠭᠤᠷ ᠭᠠᠷᠤᠢ ᠬᠦᠮᠦᠨ ᠰᠢᠨ᠎ᠡ ᠰᠠᠭᠤᠴᠠ ᠳᠤ ᠨᠡᠭᠦᠨ ᠤᠷᠤᠪᠠ᠃ | ᠲᠠᠪᠤᠨ ᠵᠢᠯ ᠤᠨ ᠲᠤᠷᠰᠢ᠂ ᠠᠮᠢ ᠠᠬᠤᠢ ᠶᠢᠨ ᠤᠷᠴᠢᠨ ᠨᠦᠬᠦᠴᠡᠯ ᠤᠨ ᠪᠠᠶᠢᠳᠠᠯ ᠢᠳᠡᠭ ᠢᠳᠡᠭ ᠢᠶᠠᠷ | ᠰᠠᠶᠢᠵᠢᠷᠠᠪᠠ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ︽ | ᠠᠷᠪᠠᠨ ᠵᠤᠷᠪᠤᠰ︾ ᠲᠤᠭᠲᠠᠭᠠᠯ ᠢ ᠲᠤᠭᠲᠠᠭᠠᠨ ᠬᠡᠷᠡᠭᠵᠢᠭᠦᠯᠦᠭᠡᠳ ᠯᠠᠪᠳᠠᠭᠤᠨ ᠪᠠᠲᠤᠲᠠᠢ ᠠᠮᠵᠢᠯᠲᠠ ᠪᠦᠲᠦᠮᠵᠢ ᠶᠢ | ᠤᠯᠪᠠ᠃ ᠨᠢᠭᠡᠴᠢ ᠤᠯᠤᠰ ᠤᠨ ᠳᠤᠳᠤᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ | ᠬᠤᠷᠤᠭᠳᠠᠭᠤᠯᠤᠯ ᠪᠠ ᠤᠰᠤᠨ ᠤ ᠬᠤᠷᠤᠭᠳᠠᠭᠤᠯᠤᠯ ᠴᠦᠮ 20% ᠠᠴᠠ ᠳᠡᠭᠡᠭᠰᠢ ᠪᠠᠷ ᠪᠠᠭᠤᠷᠠᠵᠤ᠂ ᠭᠤᠤᠯ | ᠭᠤᠤᠯ ᠪᠤᠬᠢᠷᠲᠤᠯ ᠪᠤᠳᠠᠰ ᠤᠨ ᠭᠠᠳᠠᠭᠰᠢᠯᠠᠭᠤᠯᠣᠯᠲᠠ ᠶᠢᠨ ᠬᠡᠮᠵᠢᠶ᠎ᠡ ᠲᠠᠰᠤᠷᠠᠯᠲᠠ ᠦᠭᠡᠢ ᠪᠠᠭᠤᠷᠠᠨ᠂ | ᠭᠤᠤᠯᠳᠠᠯᠭ᠎ᠠ ᠲᠠᠢ ᠬᠤᠲᠠ ᠶᠢᠨ ᠬᠦᠨᠳᠦ ᠪᠤᠬᠢᠷᠲᠤᠯ ᠲᠠᠢ ᠡᠳᠦᠷ ᠤᠨ ᠲᠤᠭ᠎ᠠ ᠬᠠᠭᠠᠰ ᠢᠶᠠᠷ ᠪᠠᠭᠠᠰᠴᠤ᠂ ᠤᠢ | ᠰᠢᠭᠤᠢ ᠶᠢᠨ ᠲᠠᠯᠠᠪᠠᠢ 1.63 ᠳ᠋ᠦᠩᠰᠢᠭᠤᠷ ᠮᠦ ᠨᠡᠮᠡᠭᠳᠡᠨ᠂ ᠡᠯᠡᠰᠦᠷᠭᠡᠭᠵᠢᠭᠰᠡᠨ ᠭᠠᠵᠠᠷ ᠰᠢᠷᠤᠢ ᠶᠢᠨ ᠲᠠᠯᠠᠪᠠᠢ ᠵᠢᠯ | ᠪᠦᠷᠢ ᠳᠤᠮᠳᠠᠴᠢ ᠪᠠᠷ 2000 ᠰᠢᠬᠠᠮ ᠲᠡᠭᠰᠢ ᠳᠦᠷᠪᠡᠯᠵᠢᠨ ᠺᠢᠯᠤᠮᠧᠲᠷ ᠪᠠᠭᠠᠰᠴᠤ᠂ ᠪᠤᠬᠢᠷᠲᠤᠯ ᠦᠭᠡᠢ | ᠬᠦᠭᠵᠢᠯᠲᠡ ᠪᠠᠶᠠᠷᠯᠠᠭᠤᠰᠢᠲᠠᠢ ᠪᠠᠶᠢᠳᠠᠯ ᠲᠠᠢ ᠪᠤᠯᠪᠠ᠃ | ᠰᠠᠶ᠋ᠢᠬᠠᠨ ᠦᠩᠭᠡᠷᠡᠭᠰᠡᠨ 2017 ᠤᠨ ᠳᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠬᠠᠷᠠᠯᠲᠠ | ᠡᠬᠦᠷᠬᠡ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠪᠦᠬᠡᠳ ᠵᠢᠱᠢᠭᠰᠡᠨ ᠠᠴᠠ ᠰᠠᠶᠢᠨ ᠪᠡᠶᠡᠯᠡᠭᠦᠯᠪᠡ᠃ ᠤᠯᠤᠰ ᠤᠨ | ᠳᠤᠳᠤᠭᠠᠲᠤ ᠶᠢᠨ ᠦᠢᠯᠡᠳᠪᠦᠷᠢᠯᠡᠯ ᠤᠨ ᠪᠦᠬᠦ ᠦᠷᠲᠡᠭ 6.9% ᠪᠠᠷ ᠨᠡᠮᠡᠭᠳᠡᠨ᠂ ᠰᠠᠭᠤᠭᠠᠯᠢ ᠠᠷᠠᠳ ᠤᠨ | ᠤᠷᠤᠯᠭ᠎ᠠ 7.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠴᠦᠮ ᠲᠦᠷᠦᠬᠦᠦ ᠵᠢᠯ ᠤᠨ ᠬᠢ ᠠᠴᠠ | ᠵᠢᠭᠠᠬᠠᠨ ᠲᠦᠷᠬᠡᠨ ᠪᠤᠯᠪᠠ︔ ᠬᠤᠳᠠ ᠪᠠᠯᠭᠠᠰᠤᠨ ᠳᠤ ᠠᠵᠢᠯ ᠤᠯᠤᠭᠰᠠᠨ ᠬᠦᠮᠦᠨ 1351 ᠲᠦᠮᠡ ᠰᠢᠨ᠎ᠡ ᠪᠠᠷ | ᠨᠡᠮᠡᠭᠳᠡᠵᠦ᠂ ᠠᠵᠢᠯ ᠠᠯᠳᠠᠯᠲᠠ ᠶᠢᠨ ᠨᠤᠷᠮ᠎ᠠ ᠤᠯᠠᠨ ᠵᠢᠯ ᠠᠴᠠ ᠨᠠᠰᠢ ᠬᠠᠮᠤᠭ ᠤᠨ ᠳᠤᠤᠷ᠎ᠠ ᠪᠤᠯᠪᠠ︔ ᠠᠵᠤ | ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠰᠡᠷᠭᠦᠨ ᠳᠡᠭᠡᠭᠰᠢᠯᠡᠵᠦ᠂ ᠠᠵᠤ ᠠᠬᠤᠶᠢᠯᠠᠯ ᠤᠨ ᠠᠰᠢᠭ ᠬᠤᠨᠵᠢᠪᠤᠷᠢ | 21% ᠪᠠᠷ ᠨᠡᠮᠡᠭᠳᠡᠪᠡ︔ ᠡᠳ᠋ ᠤᠨ ᠵᠠᠰᠠᠭ ᠤᠨ ᠤᠷᠤᠯᠭ᠎ᠠ 7.4% ᠪᠠᠷ ᠨᠡᠮᠡᠭᠲᠡᠵᠦ᠂ ᠨᠡᠮᠡᠭᠳᠡᠯ ᠤᠨ ᠬᠤᠷᠳᠤᠴᠠ | ᠤᠳᠠᠭᠠᠰᠢᠷᠠᠵᠤ ᠪᠠᠶᠢᠭᠰᠠᠨ ᠪᠠᠶᠢᠳᠠᠯ ᠢ ᠬᠤᠪᠢᠷᠠᠭᠤᠯᠪᠠ︔ ᠭᠠᠳᠠᠭᠠᠳᠤ ᠤᠷᠤᠭᠤᠯᠤᠯᠲᠠ ᠪᠠ ᠭᠠᠳᠠᠭᠠᠳᠤ ᠭᠠᠷᠭᠠᠯᠲᠠ | 14.2% ᠢᠶᠠᠷ ᠨᠡᠮᠡᠭᠲᠡᠨ᠂ ᠪᠤᠳᠠᠳᠠᠢ ᠬᠡᠷᠡᠭᠯᠡᠭᠰᠡᠨ ᠭᠠᠳᠠᠭᠠᠳᠤ ᠪᠡᠯᠡ 1363 ᠳ᠋ᠦᠩᠰᠢᠭᠤᠷ ᠳ᠋ᠤᠯᠯᠠᠷ ᠲᠤ ᠬᠦᠷᠴᠦ | ᠂ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃ ᠠᠵᠤ ᠠᠬᠤᠢ ᠶᠢᠨ ᠬᠦᠭᠵᠢᠯᠳᠠ ᠳᠤ ᠨᠡᠮᠡᠭᠳᠡᠯ ᠬᠢᠭᠡᠳ ᠶᠠᠰᠤ ᠴᠢᠨᠠᠷ᠂ | ᠪᠦᠲᠦᠴᠡ᠂ ᠦᠷ᠎ᠡ ᠠᠰᠢᠭ ᠬᠠᠷᠢᠯᠴᠠᠨ ᠨᠦᠬᠦᠪᠤᠷᠢᠯᠡᠭᠰᠡᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠡᠨᠡ ᠪᠤᠯ | ᠲᠠᠪᠤᠨ ᠵᠢᠯ ᠤᠨ ᠲᠤᠷᠰᠢᠬᠢ ᠠᠯᠢ ᠤᠯᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠦᠢᠯᠡᠳᠦᠯ ᠤᠨ | ᠬᠤᠷᠠᠮᠳᠤᠭᠤᠯᠤᠯ ᠤᠨ ᠦᠷ᠎ᠡ ᠳ᠋ᠦᠩ ᠪᠠ ᠡᠯ᠎ᠡ ᠲᠠᠯ᠎ᠠ ᠶᠢᠨ ᠬᠢᠨ ᠤ ᠴᠦᠬᠦᠷᠡᠰᠢ ᠦᠬᠡᠢ ᠴᠢᠷᠮᠠᠶᠢᠨ ᠤᠷᠲᠤ | ᠬᠤᠭᠤᠴᠠᠭ᠎ᠠ ᠪᠠᠷ ᠵᠢᠳᠬᠦᠨ ᠳᠡᠮᠡᠴᠡᠭᠰᠡᠨ ᠤ ᠦᠷ᠎ᠡ ᠳ᠋ᠦᠩ ᠪᠤᠯᠬᠤ ᠶᠤᠮ᠃ | ᠦᠩᠭᠡᠷᠡᠭᠰᠡᠨ ᠲᠠᠪᠤᠨ ᠵᠢᠯ ᠳᠤ ᠤᠯᠤᠭᠰᠠᠨ ᠪᠦᠬᠦ ᠲᠠᠯ᠎ᠠ ᠶᠢᠨ ᠪᠦᠭᠡᠳ ᠡᠭᠦᠳᠦᠯᠲᠡ ᠶᠢᠨ ᠴᠢᠨᠠᠷᠲᠠᠢ | ᠠᠮᠵᠢᠯᠲᠠ ᠪᠦᠲᠦᠮᠵᠢ᠂ ᠡᠭᠦᠰᠦᠭᠰᠡᠨ ᠭᠦᠨ ᠳᠠᠪᠬᠤᠷᠭ᠎ᠠ ᠶᠢᠨ ᠪᠦᠭᠡᠳ ᠦᠨᠳᠦᠰᠦᠨ ᠴᠢᠨᠠᠷᠲᠠᠢ ᠬᠤᠪᠢᠰᠤᠯᠲᠠ ᠨᠢ | ᠳᠡᠯᠡᠬᠡᠢ ᠳ᠋ᠠᠬᠢᠨ ᠤ ᠠᠩᠬᠠᠷᠤᠯ ᠢ ᠳᠠᠬᠢᠨᠲᠠ ᠲᠠᠳᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠬᠤᠪᠢ ᠳᠠᠬᠢᠨ ᠪᠠᠭ᠋ᠠᠲᠤᠨ ᠤᠮᠤᠭᠰᠢᠵᠤ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠠ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ ᠨᠠᠮ ᠤᠨ ᠲᠦᠪ | ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ᠂ ᠭᠤᠤᠯᠳᠠᠭᠤ | ᠳᠤᠤᠷᠠᠬᠢ ᠠᠵᠢᠯ ᠤᠳ ᠢ ᠬᠢᠪᠡ᠃ | ︵ᠨᠢᠭᠡ︶ ᠲᠤᠬᠲᠠᠭᠤᠨ ᠪᠠᠶᠢᠯᠭᠠᠬᠤ ᠶᠢᠨ ᠵᠡᠷᠭᠡ ᠳᠤ ᠣᠷᠣᠭᠰᠢᠯᠠᠭᠤᠯᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠳᠠᠯᠠᠨ᠂ ᠬᠤᠷᠸ᠎ᠠ ᠳᠤᠬᠢᠷᠠᠭᠤᠯᠤᠯ ᠡᠵᠡᠮᠳᠡᠯ ᠤᠨ ᠲᠠᠯ᠎ᠠ ᠪᠠᠷ ᠬᠦᠴᠦᠯᠡᠨ ᠰᠢᠨ᠎ᠡ ᠶᠢ ᠡᠭᠦᠳᠦᠭᠰᠡᠨ ᠪᠠ | ᠲᠡᠭᠦᠨ ᠢ ᠲᠡᠭᠦᠯᠳᠡᠷᠵᠢᠭᠦᠯᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠤᠬᠢᠰᠲᠠᠢ ᠬᠡᠪᠴᠢᠶᠡᠨ ᠳᠤ ᠪᠠᠶᠢᠯᠭᠠᠵᠤ᠂ | ᠲᠤᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ᠃ ᠡᠳᠡᠬᠡᠷ ᠵᠢᠯ ᠤᠳ ᠲᠤ ᠳᠡᠯᠡᠬᠡᠢ ᠶᠢᠨ ᠠᠵᠤ | ᠠᠬᠤᠢ ᠶᠢᠨ ᠰᠡᠷᠭᠦᠯᠲᠡ ᠳᠤᠷᠪᠢ ᠮᠠᠭᠤᠲᠠᠢ ᠪᠠᠶᠢᠵᠤ᠂ ᠤᠯᠠᠨ ᠤᠯᠤᠰ ᠤᠨ ᠮᠦᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠦᠭᠡᠲᠡᠯᠡᠨ ᠤᠷᠤᠭᠤᠲᠠᠵᠤ ᠤᠯᠠᠷᠢᠨ ᠬᠤᠪᠢᠷᠠᠵᠤ᠂ ᠬᠠᠮᠠᠭᠠᠯᠠᠬᠤ ᠦᠵᠡᠯ ᠢᠯᠡᠳᠲᠡ ᠰᠡᠷᠭᠦᠵᠦ ᠪᠠᠶᠢᠨ᠎ᠠ᠃ | ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠳᠠᠬᠢ ᠪᠦᠲᠦᠴᠡ ᠶᠢᠨ ᠴᠢᠨᠠᠷᠲᠠᠢ ᠠᠰᠠᠭᠤᠳᠠᠯ ᠪᠠ ᠭᠦᠨ ᠳᠡᠰ | ᠳᠠᠪᠬᠤᠷᠭ᠎ᠠ ᠶᠢᠨ ᠵᠦᠷᠢᠴᠡᠯ ᠲᠤᠪᠤᠶᠢᠨ ᠢᠯᠡᠷᠡᠵᠦ᠂ ᠠᠵᠤ ᠠᠬᠤᠢ ᠶᠢᠨ ᠪᠠᠭᠤᠷᠠᠬᠤ ᠳᠠᠷᠤᠯᠲᠠ ᠦᠷᠬᠦᠯᠵᠢᠯᠡᠨ | ᠶᠡᠬᠡᠰᠦᠨ᠂ ᠮᠠᠰᠢ ᠤᠯᠠᠨ ᠰᠤᠩᠭᠤᠬᠤ ᠳᠤ ᠪᠡᠷᠬᠡᠲᠡᠢ ᠪᠠᠶᠢᠳᠠᠯ ᠳᠤ ᠳᠤᠬᠢᠶᠠᠯᠳᠤᠪᠠ᠃ ᠡᠶᠢᠮᠦᠷᠬᠦ ᠪᠠᠶᠢᠳᠠᠯ ᠤᠨ | ᠡᠮᠦᠨ᠎ᠡ᠂ ᠪᠢᠳᠡ ᠪᠠᠶᠢᠯᠳᠤᠬᠤ ᠪᠤᠳᠤᠯᠭ᠎ᠠ ᠶᠢᠨ ᠪᠠᠲᠤ ᠬᠦᠴᠦᠨ ᠢᠶᠠᠨ ᠪᠠᠷᠢᠮᠲᠠᠯᠠᠨ᠂ ︽ᠨᠡᠯᠦ᠋ᠢᠯᠭᠡᠨ ᠤᠰᠤᠯᠠᠬᠤ︾ | ᠮᠠᠶ᠋ᠢᠭ ᠤᠨ ᠴᠢᠩᠭ᠎ᠠ ᠰᠠᠳᠤᠯᠲᠠ ᠦᠭᠬᠦ ᠠᠷᠭ᠎ᠠ ᠶᠢ ᠬᠡᠷᠡᠭᠯᠡᠬᠦ ᠦᠭᠡᠢ ᠬᠠᠷᠢᠨ ᠠᠵᠤ ᠠᠬᠤᠢ ᠶᠢᠨ ᠬᠦᠭᠵᠢᠯᠲᠡ ᠶᠢᠨ | ᠰᠢᠨ᠎ᠡ ᠬᠡᠪ ᠪᠠᠶᠢᠳᠠᠯ ᠳᠤ ᠵᠤᠬᠢᠴᠠᠬᠤ ᠪᠠ ᠲᠡᠭᠦᠨ ᠢ ᠡᠵᠡᠮᠳᠡᠨ ᠬᠦᠲᠦᠯᠥᠨ ᠳᠠᠭᠠᠭᠤᠯᠬᠤ ᠶᠢ ᠪᠠᠷᠢᠮᠲᠠᠯᠠᠵᠤ᠂ | ᠨᠡᠮᠡᠭᠳᠡᠯ ᠢ ᠲᠣᠭᠳᠠᠭᠤᠨ ᠪᠠᠶᠢᠯᠭᠠᠬᠤ᠂ ᠥᠭᠡᠷᠡᠴᠢᠯᠡᠯᠳᠡ ᠶᠢ ᠠᠬᠢᠭᠤᠯᠬᠤ᠂ ᠪᠥᠳᠥᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ᠂ ᠲᠦᠭᠰᠢᠬᠦᠷᠢ ᠶᠢ ᠰᠡᠷᠭᠡᠶᠢᠯᠡᠬᠦ ᠶᠢ ᠨᠢᠭᠡᠲᠦᠯᠲᠡᠢ ᠲᠦᠯᠦᠪᠯᠡᠨ᠂ | ᠬᠤᠷᠸ᠎ᠠ ᠳᠤᠬᠢᠷᠠᠭᠤᠯᠤᠯ ᠡᠵᠡᠮᠳᠡᠯ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠵᠦ᠂ | ᠬᠡᠪᠴᠢᠶᠡᠲᠦ ᠳᠤᠬᠢᠷᠠᠭᠤᠯᠤᠯ ᠡᠵᠡᠮᠳᠡᠯ ᠤᠨ ᠰᠡᠳᠬᠢᠮᠵᠢ ᠪᠠ ᠠᠷᠭ᠎ᠠ ᠮᠠᠶ᠋ᠢᠭ ᠢ ᠲᠤᠭᠲᠠᠭᠠᠨ᠂ ᠬᠠᠨᠳᠤᠯᠭᠠᠲᠤ | ᠳᠤᠬᠢᠷᠠᠭᠤᠯᠤᠯ ᠡᠵᠡᠮᠳᠡᠯ᠂ ᠳᠤᠬᠢᠶᠠᠯᠲᠤ ᠳᠤᠬᠢᠷᠠᠭᠤᠯᠤᠯ ᠡᠵᠡᠮᠳᠡᠯ᠂ ᠲᠤᠶᠢᠯ ᠤᠨ ᠤᠨᠤᠪᠴᠢᠲᠠᠢ ᠳᠤᠬᠢᠷᠠᠭᠤᠯᠤᠯ | ᠡᠵᠡᠮᠳᠡᠯ ᠢ ᠴᠢᠩᠭᠠᠳᠬᠠᠪᠠ᠃ ᠠᠵᠤ ᠠᠬᠤᠢ ᠶᠢᠨ ᠠᠵᠢᠯᠯᠠᠭᠠᠨ ᠵᠦᠢ ᠵᠤᠬᠢᠰᠲᠠᠢ ᠬᠡᠪᠴᠢᠶᠡᠨ ᠳᠤ ᠪᠠᠶᠢᠵᠤ᠂ ᠠᠵᠢᠯ | ᠤᠯᠭᠤᠯᠲᠠ ᠨᠡᠮᠡᠭᠳᠡᠨ᠂ ᠤᠷᠤᠯᠭ᠎ᠠ ᠨᠡᠮᠡᠭᠳᠡᠵᠦ᠂ ᠤᠷᠴᠢᠨ ᠠᠬᠤᠢ ᠰᠠᠶᠢᠵᠢᠷᠠᠵᠦ ᠪᠠᠶᠢᠳᠠᠭ ᠯᠠ ᠶᠤᠮ ᠪᠤᠯ᠂ ᠤᠶᠤᠨ | ᠴᠢᠳᠠᠯ ᠢᠶᠠᠨ ᠲᠦᠪᠯᠡᠷᠡᠭᠦᠯᠦᠨ ᠦᠬᠡᠷᠡᠴᠢᠯᠡᠯᠳᠠ ᠶᠢ ᠠᠬᠢᠭᠤᠯᠵᠤ᠂ ᠪᠦᠲᠦᠴᠡ ᠳᠤ ᠳᠤᠬᠢᠷᠠᠭᠤᠯᠤᠯᠲᠠ ᠬᠢᠵᠦ᠂ | ᠬᠦᠳᠡᠯᠭᠡᠭᠴᠢ ᠬᠦᠴᠦᠨ ᠨᠡᠮᠡᠷᠢᠯᠡᠬᠦ ᠬᠡᠷᠡᠭᠳᠠᠢ ᠬᠡᠳᠡᠭ ᠢ ᠳᠤᠳᠤᠷᠬᠠᠢ ᠴᠢᠬᠤᠯᠠᠴᠢᠯᠠᠪᠠ᠃ ᠤᠳᠤᠬᠠᠨ ᠳᠤ ᠠᠰᠢᠭᠲᠠᠢ | ᠪᠠᠶᠢᠯᠭᠠᠬᠤ ᠮᠦᠷᠲᠡᠭᠡᠨ ᠠᠯᠤᠰ ᠢᠷᠡᠭᠡᠳᠦᠢ ᠳᠤ ᠨᠡᠩ ᠢᠯᠡᠭᠦᠦ ᠠᠰᠢᠭᠲᠠᠢ ᠪᠠᠶᠢᠯᠭᠠᠬᠤ ᠠᠷᠭ᠎ᠠ ᠬᠡᠮᠵᠢᠶ᠎ᠡ ᠶᠢ ᠠᠪᠴᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠶᠡᠷᠦᠩᠬᠡᠢ | ᠬᠡᠷᠡᠭᠴᠡᠭᠡ ᠶᠢ ᠵᠤᠬᠢᠰᠲᠠᠢ ᠪᠠᠷ ᠦᠷᠭᠡᠳᠬᠡᠨ᠂ ᠬᠠᠩᠭᠠᠯᠭ᠎ᠠ ᠬᠡᠷᠡᠭᠴᠡᠭᠡ ᠶᠢᠨ ᠨᠡᠩ ᠦᠨᠳᠦᠷ ᠳᠡᠰ ᠳᠠᠪᠬᠤᠷᠭ᠎ᠠ ᠶᠢᠨ | ᠬᠦᠳᠡᠯᠦᠩᠭᠦᠢ ᠲᠡᠩᠴᠡᠭᠦᠷᠢᠰᠢᠯ ᠢ ᠪᠡᠶᠡᠯᠡᠭᠦᠯᠬᠦ ᠶᠢ ᠠᠬᠢᠭᠤᠯᠪᠠ᠃ ᠰᠢᠷᠭᠠᠭᠤ ᠬᠠᠳᠠᠭᠤᠵᠢᠯᠲᠠᠢ ᠴᠢᠷᠮᠠᠶᠢᠯᠭ᠎ᠠ ᠪᠠᠷ | ᠳᠠᠮᠵᠢᠨ᠂ ᠪᠢᠳᠡ ᠠᠵᠤ ᠠᠬᠤᠢ ᠪᠠᠭᠤᠷᠠᠬᠤ ᠳᠠᠷᠤᠯᠲᠠ ᠶᠢ ᠲᠤᠯᠤᠨ ᠳᠠᠭᠠᠭᠠᠵᠤ᠂ ︽ᠬᠠᠲᠠᠭᠤ ᠪᠠᠭᠤᠯᠲᠠ︾ | ᠬᠢᠬᠦ ᠠᠴᠠ ᠵᠠᠶᠢᠯᠠᠵᠤ ᠴᠢᠳᠠᠭᠠᠳ᠂ ᠠᠵᠤ ᠠᠬᠤᠢ ᠶᠢᠨ ᠳᠤᠮᠳᠠ ᠦᠨᠳᠦᠷ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ | ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠤᠨ᠂ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠨ ᠲᠡᠰᠢ | ᠭᠦᠭᠵᠢᠭᠦ ᠦᠨᠳᠦᠰᠦᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠦᠭᠵᠢᠬᠦᠯᠪᠡ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠪᠠ ᠵᠤᠭᠤᠰᠤᠨ ᠤ ᠯᠠᠪᠳᠠᠭᠤᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ | ᠨᠡᠯᠢᠶᠡᠳ ᠶᠡᠭᠡ ᠪᠠᠶᠢᠳᠠᠯ ᠤᠨ ᠳᠤᠤᠷ᠎ᠠ᠂ ᠡᠳ᠋ ᠤᠨ ᠢᠷᠡᠯᠲᠡ ᠶᠢ ᠲᠡᠳᠬᠦᠨ ᠪᠤᠶᠢᠵᠢᠭᠤᠯᠬᠤ ᠪᠠ ᠰᠡᠯᠭᠦᠬᠦ ᠬᠦᠴᠦᠨ ᠢ | ᠴᠢᠩᠭᠠᠷᠠᠭᠤᠯᠬᠤ ᠶᠢ ᠪᠤᠳᠤᠯᠬᠢᠯᠠᠵᠤ᠂ ᠮᠠᠨ ᠤ ᠤᠯᠤᠰ ᠭᠠᠶᠢᠯᠢ ᠰᠦᠢᠳᠬᠡᠯ ᠢ ᠲᠦᠷᠦᠭᠦᠯᠡᠨ ᠶᠡᠭᠡ ᠪᠠᠷ ᠬᠦᠩᠭᠡᠯᠡᠨ | ᠪᠠᠭᠤᠷᠠᠭᠤᠯᠪᠠ᠃ ᠡᠵᠡᠩᠨᠡᠯᠲᠡ ᠶᠢᠨ ᠭᠠᠶᠢᠯᠢ ᠲᠠᠳᠠᠪᠤᠷᠢᠯᠠᠵᠤ ᠪᠠᠶᠢᠬᠰᠠᠨ ᠢ ᠦᠷᠲᠡᠭ ᠨᠡᠮᠡᠭᠲᠡᠯ ᠤᠨ ᠭᠠᠶᠢᠯᠢ | ᠲᠠᠳᠠᠪᠤᠷᠢᠯᠠᠬᠤ ᠪᠤᠯᠭᠠᠨ ᠦᠭᠡᠷᠡᠴᠢᠯᠡᠬᠦ ᠶᠢ ᠠᠯᠬᠤᠮ ᠬᠤᠪᠢᠶᠠᠨ ᠪᠦᠬᠦ ᠲᠠᠯ᠎ᠠ ᠪᠠᠷ ᠬᠡᠷᠡᠭᠵᠢᠭᠦᠯᠵᠦ᠂ ᠡᠵᠡᠩᠨᠡᠯᠲᠡ ᠶᠢᠨ | ᠭᠠᠶᠢᠯᠢ ᠲᠠᠳᠠᠪᠤᠷᠢᠯᠠᠭᠰᠠᠨ 66 ᠵᠢᠯ ᠤᠨ ᠲᠡᠦᠬᠡ ᠶᠢ ᠡᠴᠦᠰᠯᠡᠭᠦᠯᠦᠭᠡᠳ᠂ ᠭᠠᠶᠢᠯᠢ ᠬᠦᠩᠭᠡᠯᠡᠭᠰᠡᠨ ᠨᠡᠶᠢᠲᠡ ᠳᠤᠭ᠎ᠠ | 2 ᠲᠦᠮᠡᠨ ᠳ᠋ᠦᠩᠰᠢᠭᠤᠷ ᠲᠦᠭᠦᠷᠢᠭ ᠢ ᠳᠠᠪᠠᠪᠠ᠂ ᠡᠭᠦᠨ ᠤ ᠳᠡᠭᠡᠷ᠎ᠡ ᠵᠢᠵᠢᠭ ᠪᠢᠴᠢᠯ ᠠᠵᠤ ᠠᠬᠤᠶᠢᠯᠠᠯ ᠳᠤ ᠭᠠᠶᠢᠯᠢ | ᠳᠠᠳᠠᠪᠤᠷᠢ ᠶᠢᠨ ᠬᠠᠷᠠᠭᠠᠯᠵᠠᠯ ᠦᠵᠡᠭᠦᠯᠬᠦ᠂ ᠡᠯ᠎ᠡ ᠵᠦᠢᠯ ᠤᠨ ᠰᠦᠢᠳᠬᠡᠯ ᠬᠤᠷᠢᠶᠠᠯᠲᠠ ᠶᠢ ᠴᠡᠪᠡᠷᠯᠡᠨ ᠲᠢᠭᠯᠡᠬᠦ ᠵᠡᠷᠭᠡ | ᠠᠷᠭ᠎ᠠ ᠬᠡᠮᠵᠢᠶ᠎ᠠ ᠠᠪᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠡᠭᠦᠷᠭᠡᠯᠡᠯ ᠢ ᠨᠡᠶᠢᠲᠡ | 3 ᠲᠦᠮᠨ ᠭᠠᠷᠤᠢ ᠳ᠋ᠦᠩᠰᠢᠭᠤᠷ ᠲᠦᠭᠦᠷᠢᠭ ᠬᠦᠩᠭᠡᠷᠡᠭᠦᠯᠪᠡ᠃ ᠤᠷᠤᠨ ᠨᠤᠳᠤᠭ ᠤᠨ ᠵᠠᠰᠠᠭ ᠤᠨ ᠤᠷᠳᠤᠨ ᠤ | ᠦᠷᠢ ᠦᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠤᠷᠤᠨ ᠨᠤᠳᠤᠭ ᠤᠨ ᠵᠠᠰᠠᠭ ᠤᠨ ᠤᠷᠳᠤᠨ ᠤ ᠦᠯᠡᠳᠡᠵᠦ | ᠪᠠᠶᠢᠭ᠎ᠠ ᠦᠷᠢ ᠦᠭᠴᠡᠭᠡ ᠶᠢ ᠰᠤᠯᠢᠬᠤ ᠶᠢ ᠬᠡᠷᠡᠭᠵᠢᠭᠦᠯᠦᠨ᠂ ᠬᠦᠦ ᠮᠦᠩᠭᠦ ᠶᠢᠨ ᠡᠭᠦᠷᠭᠡᠯᠡᠯ ᠢ ᠨᠢ 1.2 ᠲᠦᠮᠡᠨ | ᠳ᠋ᠦᠩᠰᠢᠭᠤᠷ ᠲᠦᠭᠦᠷᠢᠭ ᠪᠠᠭᠤᠷᠠᠭᠤᠯᠪᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠳᠤ ᠳᠤᠬᠢᠷᠠᠭᠤᠯᠤᠯᠲᠠ | ᠬᠢᠵᠦ᠂ ᠰᠤᠯᠠ ᠳᠠᠷᠤᠭᠳᠠᠵᠤ ᠪᠠᠶᠢᠭ᠎ᠠ ᠪᠡᠯᠡ ᠮᠦᠩᠬᠦ ᠶᠢ ᠠᠮᠢᠳᠤᠯᠢᠭ ᠢᠶᠠᠷ ᠬᠡᠷᠡᠭᠯᠡᠨ᠂ ᠠᠷᠠᠳ ᠤᠨ ᠦᠨᠳᠦᠰᠦᠨ | ᠠᠮᠢᠳᠤᠷᠠᠯ ᠪᠠ ᠭᠤᠤᠯᠳᠠᠯᠭ᠎ᠠ ᠲᠠᠢ ᠵᠦᠢᠯᠡᠰ ᠢ ᠪᠠᠲᠤᠯᠠᠪᠠ᠃ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ | ᠨᠤᠷᠮ᠎ᠠ ᠶᠢ ᠡᠭᠡᠨᠡᠭᠲᠡ 3% ᠶᠢᠨ ᠳᠤᠳᠤᠷ᠎ᠠ ᠬᠢᠵᠠᠭᠠᠷᠯᠠᠪᠠ᠃ ᠵᠤᠭᠤᠰᠤᠨ ᠤ ᠲᠦᠷᠤ ᠶᠢᠨ ᠪᠤᠳᠤᠯᠭ᠎ᠠ ᠶᠢ ᠯᠠᠪᠳᠠᠭᠤᠨ | ᠪᠦᠭᠡᠳ ᠲᠤᠮᠳᠠ ᠶᠢᠨ ᠴᠢᠨᠠᠷᠳᠠᠢ ᠪᠠᠶᠢᠯᠭᠠᠵᠤ᠂ ᠳᠡᠯᠭᠡᠷᠡᠩᠭᠦᠢ ᠤᠳᠬ᠎ᠠ ᠶᠢᠨ ᠵᠤᠭᠤᠰ M 2 ᠤᠨ ᠨᠡᠮᠡᠭᠳᠡᠯ ᠤᠨ | ᠬᠤᠷᠳᠤᠴᠠ ᠪᠠᠭᠤᠷᠠᠬᠤ ᠬᠠᠨᠳᠤᠰᠢ ᠲᠠᠢ ᠪᠤᠯᠵᠤ᠂ ᠢᠲᠡᠭᠡᠮᠵᠢᠲᠦ ᠵᠢᠭᠡᠯᠡᠯᠭᠡ ᠪᠠ ᠨᠡᠶᠢᠭᠡᠮ ᠤᠨ ᠪᠡᠯᠡ | ᠲᠤᠬᠢᠷᠠᠭᠤᠯᠭ᠎ᠠ ᠶᠢᠨ ᠬᠡᠪᠴᠢᠶ᠎ᠠ ᠵᠤᠬᠢᠰᠳᠠᠢ ᠨᠡᠮᠡᠭᠳᠡᠪᠡ᠃ ᠬᠠᠳᠠᠭᠠᠯᠠᠮᠵᠢ ᠶᠢᠨ ᠪᠡᠯᠡᠳᠬᠡᠯ ᠮᠦᠩᠭᠦ ᠶᠢᠨ ᠨᠤᠷᠮ᠎ᠠ ᠶᠢ | ᠬᠠᠨᠳᠤᠯᠭ᠎ᠠ ᠲᠠᠢ ᠪᠠᠷ ᠪᠠᠭᠤᠷᠠᠭᠤᠯᠬᠤ᠂ ᠲᠤᠰᠬᠠᠢ ᠵᠦᠢᠯ ᠤᠨ ᠲᠠᠬᠢᠨ ᠵᠢᠭᠡᠯᠡᠯᠭᠡ ᠥᠭᠭᠦ ᠵᠡᠷᠭᠡ ᠢᠯᠭᠠᠭ᠎ᠠ ᠲᠠᠢ | ᠬᠠᠨᠳᠤᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠪᠡ ᠪᠠᠭᠤᠷᠠᠢ ᠭᠤᠭᠴᠤᠭ᠎ᠠ ᠶᠢ | ᠳᠡᠮᠵᠢᠬᠦ ᠪᠠᠨ ᠴᠢᠩᠭᠠᠳᠬᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ | ᠡᠯ᠎ᠡ ᠵᠦᠢᠯ ᠤᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠦᠨᠳᠦᠷ ᠪᠤᠯᠪᠠ᠃ ᠭᠤᠪᠢᠭᠤᠯᠭ᠎ᠠ ᠶᠢᠨ | ᠨᠤᠷᠮ᠎ᠠ ᠶᠢ ᠵᠠᠬ᠎ᠠ ᠳᠡᠯᠭᠡᠬᠦᠷᠴᠢᠯᠠᠨ ᠪᠦᠷᠢᠯᠳᠦᠬᠦᠯᠬᠦ ᠲᠤᠭᠲᠠᠴᠠ ᠶᠢ ᠦᠭᠡᠷᠡᠴᠢᠯᠡᠨ ᠲᠡᠭᠦᠯᠳᠡᠷᠵᠢᠭᠦᠯᠵᠦ᠂ ᠠᠷᠠᠳ ᠤᠨ | ᠵᠤᠭᠤᠰ ᠤᠨ ᠭᠤᠪᠢᠭᠤᠯᠭ᠎ᠠ ᠶᠢᠨ ᠨᠤᠷᠮ᠎ᠠ ᠶᠢ ᠦᠨᠳᠦᠰᠦᠨ ᠳᠡᠭᠡᠨ ᠲᠤᠭᠲᠠᠪᠤᠷᠢᠲᠠᠢ ᠪᠠᠶᠢᠯᠭᠠᠵᠤ᠂ ᠭᠠᠳᠠᠭᠠᠳᠤ | ᠭᠤᠪᠢᠭᠤᠯᠭ᠎ᠠ ᠶᠢᠨ ᠨᠦᠭᠡᠴᠡ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠪᠠ᠃ ︽ᠵᠤᠭᠤᠰ ᠳᠤᠳᠠᠬᠤ︾ ᠵᠡᠷᠭᠡ | ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠳᠤᠬᠢᠲᠠᠢ ᠠᠷᠭᠠᠴᠠᠵᠤ᠂ ᠮᠦᠩᠭᠦᠨ | ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ᠂ ᠭᠤᠤᠯᠳᠠᠯᠭ᠎ᠠ ᠲᠠᠢ ᠬᠦᠷᠢᠶᠡᠨ ᠳᠠᠬᠢ | ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠤᠷᠢᠭ᠎ᠠ | ᠱᠤᠭᠤᠮ ᠢ ᠰᠠᠬᠢᠭᠠᠳ᠂ ᠤᠯᠤᠰ ᠤᠷᠤᠨ ᠤ ᠠᠵᠤ ᠠᠬᠤᠢ ᠮᠦᠩᠭᠦᠨ ᠭᠦᠢᠯᠭᠡᠭᠡᠨ ᠤ ᠠᠮᠤᠷ ᠲᠦᠪᠰᠢᠨ ᠢ | ᠬᠠᠮᠠᠭᠠᠯᠠᠪᠠ᠃ | ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ | ᠪᠤᠯᠭᠠᠬᠤ ᠶᠢ ᠪᠠᠷᠢᠮᠳᠠᠯᠠᠨ᠂ ᠰᠢᠨ᠎ᠡ ᠬᠦᠳᠡᠯᠭᠡᠭᠴᠢ ᠡᠨᠧᠷᠭᠢ ᠶᠢ ᠬᠦᠴᠦᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ | ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠬᠦᠯᠬᠦ ᠠᠬᠢᠴᠠ ᠶᠢ ᠲᠦᠷᠭᠡᠳᠬᠡᠪᠡ᠃ ᠠᠵᠤ | ᠠᠬᠤᠢ ᠶᠢᠨ ᠬᠦᠭᠵᠢᠯᠲᠡ ᠪᠤᠯᠤᠨ ᠪᠦᠲᠦᠴᠡ ᠲᠡᠩᠴᠡᠭᠦᠷᠢ ᠠᠯᠳᠠᠭᠰᠠᠨ ᠪᠡᠷᠬᠡ ᠰᠡᠳᠦᠪ ᠢ ᠦᠭᠡᠷᠡᠴᠢᠯᠡᠯᠲᠡ ᠳᠤ | ᠴᠢᠩᠭ᠎ᠠ ᠲᠦᠰᠢᠭᠯᠡᠨ ᠰᠢᠢᠳᠪᠦᠷᠢᠯᠡᠵᠦ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ ᠶᠡᠭᠡ ᠪᠠᠷ ᠬᠦᠭᠵᠢᠭᠦᠯᠦᠨ᠂ | ᠤᠯᠠᠮᠵᠢᠯᠠᠯᠲᠤ ᠠᠵᠤ ᠦᠢᠯᠡᠰ ᠢ ᠦᠭᠡᠷᠡᠴᠢᠯᠡᠨ ᠳᠡᠭᠡᠭᠰᠢᠯᠡᠭᠦᠯᠵᠦ᠂ ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ | ᠪᠤᠯᠤᠨ ᠦᠷ᠎ᠡ ᠠᠰᠢᠭ ᠢ ᠳᠡᠭᠡᠭᠰᠢᠯᠡᠭᠦᠯᠪᠡ᠃ | ︽ᠭᠤᠷᠪᠠ ᠶᠢ ᠬᠠᠰᠤᠬᠤ ᠨᠢᠬᠡ ᠶᠢ ᠪᠠᠭᠤᠷᠠᠭᠤᠯᠬᠤ ᠨᠢᠭᠡ ᠶᠢ ᠨᠦᠬᠦᠪᠦᠷᠢᠯᠡᠬᠦ︾ ᠠᠵᠢᠯ ᠢ ᠯᠠᠪᠳᠠᠭᠤᠨ | ᠪᠠᠲᠤᠲᠠᠢ ᠠᠬᠢᠭᠤᠯᠪᠠ᠃ ᠳᠠᠪᠤᠨ ᠵᠢᠯ ᠤᠨ ᠳᠤᠷᠰᠢ᠂ ᠱᠦᠢᠨᠢ᠂ ᠬᠠᠪᠲᠠᠭᠠᠢ ᠰᠢᠯ ᠵᠡᠷᠭᠡ ᠬᠤᠴᠤᠷᠤᠩᠭᠤᠢ | ᠦᠢᠯᠡᠳᠪᠦᠷᠢᠯᠡᠬᠦ ᠴᠢᠳᠠᠪᠤᠷᠢ ᠶᠢ ᠴᠠᠭᠠᠵᠠᠯᠠᠭᠰᠠᠨ ᠰᠠᠭᠤᠷᠢᠨ ᠳᠡᠭᠡᠷ᠎ᠡ᠂ ᠪᠤᠯᠤᠳ ᠲᠡᠮᠦᠷ᠂ ᠨᠡᠭᠦᠷᠡᠰᠦ ᠵᠡᠷᠭᠡ ᠠᠵᠢᠯ | ᠲᠦᠷᠦᠯ ᠢᠶᠠᠷ ᠭᠤᠤᠯᠳᠠᠯᠭ᠎ᠠ ᠪᠤᠯᠭᠠᠨ ᠦᠢᠯᠡᠳᠪᠦᠷᠢᠯᠡᠬᠦ ᠴᠢᠳᠠᠪᠦᠷᠢ ᠶᠢ ᠬᠠᠰᠤᠬᠤ ᠡᠷᠴᠢᠮ ᠢ ᠴᠢᠩᠭᠠᠷᠠᠭᠤᠯᠤᠨ᠂ | ᠲᠦᠪ ᠤᠨ ᠡᠳ᠋ ᠤᠨ ᠵᠠᠰᠠᠭ ᠠᠴᠠ 1000 ᠳ᠋ᠦᠩᠰᠢᠭᠤᠷ ᠲᠦᠭᠦᠷᠢᠭ ᠤᠨ ᠱᠠᠩᠨᠠᠨ ᠨᠦᠬᠦᠪᠦᠷᠢᠯᠡᠬᠦ ᠲᠤᠰᠬᠠᠢ ᠪᠡᠯᠡ | ᠮᠦᠩᠭᠦ ᠳᠤᠬᠢᠷᠠᠭᠤᠯᠤᠨ ᠳᠠᠮᠵᠢᠵᠤ᠂ ᠰᠠᠯᠭᠠᠨ ᠳᠤᠬᠢᠷᠠᠭᠤᠯᠬᠤ ᠠᠵᠢᠯᠲᠠᠨ ᠠᠵᠢᠯᠴᠢᠳ ᠢ ᠲᠦᠪᠬᠢᠨᠡᠭᠦᠯᠬᠦ ᠳᠤ | ᠬᠡᠷᠡᠭᠯᠡᠪᠡ᠃ ᠪᠤᠯᠤᠳ ᠲᠡᠮᠦᠷ ᠦᠢᠯᠡᠳᠪᠦᠷᠢᠯᠡᠬᠦ ᠴᠢᠳᠠᠪᠤᠷᠢ ᠶᠢ 1.7 ᠳ᠋ᠦᠩᠰᠢᠭᠤᠷ ᠲᠤᠨ ᠠᠴᠠ ᠳᠡᠬᠡᠭᠰᠢ | ᠬᠠᠰᠤᠭᠳᠠᠭᠤᠯᠤᠨ᠂ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ 8 ᠳ᠋ᠦᠩᠰᠢᠭᠤᠷ ᠲᠤᠨ ᠬᠠᠰᠤᠭᠳᠠᠭᠤᠯᠵᠤ᠂ 110 | ᠭᠠᠷᠤᠢ ᠲᠦᠮᠡᠨ ᠰᠠᠯᠭᠠᠨ ᠳᠤᠬᠢᠷᠠᠭᠤᠯᠬᠤ ᠠᠵᠢᠯᠳᠠᠨ ᠠᠵᠢᠯᠴᠢᠨ ᠢ ᠲᠦᠪᠬᠢᠨᠡᠭᠦᠯᠪᠠ᠃ ᠬᠤᠳᠠ ᠶᠢᠨ ᠪᠠᠶᠢᠳᠠᠯ ᠳᠤ | ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠬᠦᠯᠦᠨ ᠲᠦᠷᠦᠯ ᠬᠤᠪᠢᠶᠠᠨ ᠵᠢᠯᠤᠭᠤᠳᠴᠤ᠂ ᠭᠤᠷᠪᠠ ᠳᠦᠷᠪᠡᠳᠦᠭᠡᠷ | ᠵᠡᠷᠭᠡ ᠶᠢᠨ ᠬᠤᠳᠠ ᠶᠢᠨ ᠲᠠᠸᠠᠷ ᠤᠨ ᠤᠷᠤᠨ ᠰᠠᠭᠤᠴᠠ ᠶᠢᠨ ᠬᠦᠮᠦᠷᠭᠡ ᠶᠢᠨ ᠬᠠᠲᠠᠭᠠᠯᠠᠯᠲᠠ ᠶᠢ ᠬᠠᠰᠤᠬᠤ | ᠠᠵᠢᠯ ᠳᠤ ᠢᠯᠡᠷᠬᠡᠢ ᠦᠷ᠎ᠡ ᠪᠦᠲᠦᠮᠵᠢ ᠤᠯᠵᠤ᠂ ᠬᠠᠯᠠᠭᠤᠨ ᠴᠢᠭ᠋ ᠤᠨ ᠬᠤᠳᠠ ᠶᠢᠨ ᠭᠡᠷ ᠪᠠᠶᠢᠰᠢᠩ ᠤᠨ ᠦᠨ᠎ᠡ | ᠦᠰᠬᠦ ᠬᠠᠨᠳᠤᠰᠢ ᠶᠢ ᠬᠤᠷᠢᠭᠯᠠᠨ ᠬᠢᠵᠠᠭᠠᠷᠯᠠᠪᠠ᠃ ᠬᠦᠰᠢᠬᠦᠷᠭᠡ ᠶᠢ ᠢᠳᠡᠪᠬᠢᠳᠠᠢ ᠪᠦᠭᠡᠳ ᠯᠠᠪᠳᠠᠭᠤᠨ ᠢᠶᠠᠷ | ᠬᠠᠰᠤᠵᠤ᠂ ᠦᠭᠴᠡᠭᠡ ᠶᠢᠨ ᠬᠡᠪᠴᠢᠶ᠎ᠡ ᠶᠢ ᠬᠢᠵᠠᠭᠠᠷᠯᠠᠨ᠂ ᠰᠲ᠋ᠤᠺ ᠤᠨ ᠡᠷᠬᠡ ᠶᠢᠨ ᠪᠡᠯᠡ ᠳᠤᠬᠢᠷᠠᠭᠤᠯᠭ᠎ᠠ ᠶᠢ | ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠢᠯᠠᠯ ᠤᠨ ᠡᠳ᠋ ᠬᠦᠷᠦᠩᠭᠡ ᠶᠢᠨ ᠦᠭᠴᠡᠭᠡᠨ ᠤ ᠨᠤᠷᠮ᠎ᠠ ᠶᠢ | ᠵᠠᠯᠭᠠᠭ᠎ᠠ ᠪᠠᠷ ᠪᠠᠭᠤᠷᠠᠭᠤᠯᠤᠨ᠂ ᠬᠤᠷᠸ᠎ᠠ ᠬᠦᠰᠢᠭᠦᠷᠭᠡ ᠶᠢᠨ ᠨᠤᠷᠮ᠎ᠠ ᠶᠢᠨ ᠦᠰᠦᠯᠲᠡ ᠶᠢ ᠢᠯᠡᠳᠲᠡ ᠪᠠᠭᠤᠷᠠᠭᠤᠯᠵᠤ | ᠶᠡᠷᠦᠩᠬᠡᠢ ᠳᠡᠭᠡᠨ ᠲᠤᠭᠲᠠᠪᠤᠷᠢᠲᠠᠢ ᠪᠤᠯᠭᠠᠪᠠ᠃ ᠣᠯᠠᠨ ᠵᠥᠢᠯ ᠤᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠯᠡᠨ | ᠦᠪᠡᠷ ᠤᠨ ᠦᠷᠲᠡᠭ ᠢ ᠪᠠᠭᠤᠷᠠᠭᠤᠯᠵᠤ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠵᠦᠢᠯᠡᠰ ᠢ | 30% ᠪᠠᠷ ᠬᠠᠰᠤᠵᠤ᠂ ᠲᠦᠪ ᠵᠠᠰᠠᠭ ᠤᠨ ᠤᠷᠳᠤᠨ ᠤ ᠳᠡᠰ ᠳᠠᠪᠬᠤᠷᠭ᠎ᠠ ᠳᠤ ᠭᠠᠷᠭᠠᠭᠰᠠᠨ ᠠᠵᠤ ᠠᠬᠤᠶᠢᠯᠠᠯ ᠳᠤ | ᠬᠤᠯᠪᠤᠭᠳᠠᠬᠤ ᠰᠦᠢᠳᠬᠡᠯ ᠬᠤᠷᠢᠶᠠᠯᠲᠠ ᠶᠢᠨ ᠲᠦᠷᠦᠯ ᠵᠦᠢᠯ ᠢ 60% ᠠᠴᠠ ᠳᠡᠭᠡᠭᠰᠢ ᠪᠠᠷ ᠬᠠᠰᠤᠵᠤ᠂ ︽ | ᠲᠠᠪᠤᠨ ᠳᠠᠭᠠᠳᠬᠠᠯ ᠨᠢᠭᠡ ᠮᠦᠩᠭᠦ︾ ᠶᠢᠨ ᠰᠦᠢᠳᠭᠡᠯ ᠲᠤᠰᠢᠶᠠᠬᠤ ᠬᠠᠷᠢᠴᠠᠯ ᠢ ᠱᠠᠲᠤ ᠦᠶᠡᠴᠢ ᠴᠢᠨᠠᠷᠲᠠᠢ ᠪᠠᠷ | ᠪᠠᠭᠤᠷᠠᠭᠤᠯᠤᠨ᠂ ᠡᠨᠧᠷᠭᠢ ᠶᠢᠨ ᠬᠡᠷᠡᠭᠯᠡᠯᠲᠡ᠂ ᠡᠳ᠋ ᠪᠠᠷᠠᠭᠠᠨ ᠤ ᠭᠦᠢᠯᠭᠡᠭᠡ᠂ ᠴᠠᠬᠢᠯᠭᠠᠨ ᠬᠤᠯᠪᠤᠭ᠎ᠠ ᠵᠡᠷᠭᠡ ᠶᠢᠨ | ᠦᠪᠡᠷ ᠤᠨ ᠦᠷᠲᠡᠭ ᠢ ᠪᠠᠭᠤᠷᠠᠭᠤᠯᠬᠤ ᠶᠢ ᠠᠬᠢᠭᠤᠯᠪᠠ᠃ ᠭᠤᠤᠯᠳᠠᠯᠭ᠎ᠠ ᠶᠢ ᠳᠤᠪᠤᠶᠢᠯᠭᠠᠨ ᠳᠤᠳᠠᠭᠤᠳᠠᠯ ᠢ | ᠨᠦᠬᠦᠪᠦᠷᠢᠯᠡᠬᠦ ᠡᠷᠴᠢᠮ ᠢᠶᠠᠨ ᠴᠢᠩᠭᠠᠷᠠᠭᠤᠯᠪᠠ᠃ | ᠬᠦᠭᠵᠢᠯᠳᠡ ᠶᠢᠨ ᠰᠢᠨ᠎ᠡ ᠬᠠᠭᠤᠴᠢᠨ ᠬᠦᠳᠡᠯᠭᠡᠭᠴᠢ ᠡᠨᠧᠷᠬᠢ ᠶᠢᠨ ᠵᠠᠯᠭᠠᠯᠲᠤᠯ ᠰᠤᠯᠢᠬᠲᠠᠯ ᠢ ᠲᠦᠷᠭᠡᠳᠬᠡᠪᠡ᠃ | ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠪᠠᠭᠲᠠᠭᠠᠮᠵᠢᠲᠠᠢ ᠪᠦᠭᠡᠳ ᠪᠤᠯᠭᠤᠮᠵᠢᠲᠠᠢ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠲᠤᠮᠤ ᠳ᠋ᠠᠶᠢᠲ᠋ᠠ᠂ ᠡᠭᠦᠯᠡᠨ ᠪᠤᠳᠤᠯᠲᠠ᠂ ᠡᠳ᠋ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ ᠶᠢ ᠦᠷᠭᠡᠨ ᠢᠶᠠᠷ ᠬᠡᠷᠡᠭᠯᠡᠬᠦ ᠶᠢ ᠠᠬᠢᠭᠤᠯᠤᠨ᠂ ᠰᠢᠨ᠎ᠡ ᠪᠠᠷ ᠪᠤᠢ ᠪᠤᠯᠤᠭᠰᠠᠨ ᠠᠵᠤ | ᠦᠢᠯᠡᠰ ᠢ ᠦᠷᠨᠢᠭᠦᠨ ᠬᠦᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠭᠦᠨᠵᠡᠭᠡᠢ ᠳᠠᠬᠢᠨ ᠴᠤᠭᠴᠠᠯᠠᠨ ᠪᠠᠶᠢᠭᠤᠯᠪᠠ | ᠃ ︽ᠲᠤᠮᠳᠠᠳᠤ ᠤᠯᠤᠰ ᠤᠨ ᠦᠢᠯᠡᠳᠬᠦ ᠦᠢᠯᠡᠰ 2025︾ ᠶᠢ ᠬᠡᠷᠡᠭᠵᠢᠬᠦᠯᠵᠤ᠂ ᠠᠵᠤ ᠦᠢᠯᠡᠳᠪᠦᠷᠢ ᠶᠢᠨ | ᠰᠠᠭᠤᠷᠢ ᠶᠢ ᠪᠠᠬᠢᠯᠡᠬᠦ᠂ ᠤᠶᠤᠨᠯᠢᠬ ᠦᠢᠯᠡᠳᠬᠦ᠂ ᠪᠤᠬᠢᠷᠲᠤᠯ ᠦᠭᠡᠢ ᠦᠢᠯᠡᠳᠬᠦ ᠵᠡᠷᠭᠡ ᠴᠢᠬᠤᠯᠠ ᠶᠡᠭᠡ | ᠢᠨᠵᠧᠨᠧᠷᠢᠩ ᠢ ᠠᠬᠢᠭᠤᠯᠤᠨ᠂ ᠲᠡᠷᠢᠭᠦᠨ ᠤ ᠦᠢᠯᠡᠳᠬᠦ ᠦᠢᠯᠡᠰ ᠤᠨ ᠬᠦᠭᠵᠢᠯᠲᠡ ᠶᠢ ᠲᠦᠷᠭᠡᠳᠬᠡᠪᠡ᠃ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠬᠦᠭᠵᠢᠭᠦᠯᠦᠯᠲᠡ ᠶᠢᠨ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠰᠢᠨ᠎ᠡ ᠬᠦᠴᠦᠠ | ᠴᠤᠯᠭᠤᠷᠡᠠ ᠭᠠᠷᠤᠭᠠᠳ ᠡᠯ᠎ᠠ ᠠᠵᠢᠯ ᠲᠦᠷᠦᠯ ᠤᠨ ᠠᠭᠤᠰᠤᠯᠳᠤᠨ ᠳᠡᠰ ᠳᠡᠪᠰᠢᠬᠦ ᠶᠢ ᠠᠬᠢᠭᠤᠯᠪᠠ᠃ | ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠡᠵᠡᠩᠨᠡᠯᠲᠡ ᠶᠢᠨ ᠰᠢᠨ᠎ᠡ ᠬᠡᠯᠪᠡᠷᠢ ᠶᠢᠨ ᠪᠡᠶᠡᠴᠢ ᠴᠤᠭᠴᠠ ᠦᠢ ᠤᠯᠠᠨ ᠢᠯᠡᠷᠡᠨ ᠭᠠᠷᠴᠤ᠂ ᠲᠠᠷᠢᠮᠠᠯ ᠤᠨ | ᠦᠢᠯᠡᠰ ᠤᠨ ᠵᠤᠬᠢᠬᠤ ᠬᠡᠪᠴᠢᠶᠡᠲᠦ ᠡᠵᠡᠩᠨᠡᠯᠲᠡ ᠶᠢᠨ ᠬᠤᠪᠢ ᠶᠢᠨ ᠵᠢᠩ 30% ᠪᠠᠶᠢᠭᠰᠠᠨ ᠠᠴᠠ ᠪᠠᠨ | 40% ᠠᠴᠠ ᠳᠡᠭᠡᠭᠰᠢ ᠪᠤᠯᠲᠠᠯ᠎ᠠ ᠳᠡᠭᠡᠭᠰᠢᠯᠡᠪᠡ᠃ ᠠᠷᠭ᠎ᠠ ᠬᠡᠮᠵᠢᠶ᠎ᠡ ᠠᠪᠴᠤ ᠳᠤᠮᠳᠠ ᠳᠤᠤᠷ᠎ᠠ ᠤᠷᠤᠯᠭ᠎ᠠ ᠲᠠᠢ | ᠬᠦᠮᠦᠰ ᠤᠨ ᠤᠷᠤᠯᠭ᠎ᠠ ᠶᠢ ᠨᠡᠮᠡᠭᠳᠡᠬᠦᠯᠦᠨ᠂ ᠤᠯᠠᠮᠵᠢᠯᠠᠯᠲᠤ ᠬᠡᠷᠡᠭᠯᠡᠭᠡ ᠶᠢᠨ ᠵᠡᠷᠭᠡ ᠳᠡᠰ ᠢ ᠳᠡᠪᠰᠢᠬᠦᠯᠬᠦ ᠪᠠ | ᠰᠢᠨ᠎ᠡ ᠪᠠᠷ ᠪᠤᠢ ᠪᠤᠯᠤᠭᠰᠠᠨ ᠬᠡᠷᠡᠭᠯᠡᠭᠡ ᠶᠢᠨ ᠲᠦᠷᠬᠡᠨ ᠬᠦᠭᠵᠢᠬᠦ ᠶᠢ ᠠᠬᠢᠭᠤᠯᠵᠤ᠂ ᠰᠦᠯᠵᠢᠶᠡᠨ ᠳᠡᠭᠡᠷᠡᠬᠢ | ᠵᠢᠵᠢᠭᠯᠡᠨ ᠬᠤᠳᠠᠯᠳᠤᠭᠰᠠᠨ ᠲᠤᠭ᠎ᠠ ᠵᠢᠯ ᠪᠦᠷᠢ ᠳᠤᠮᠳᠠᠴᠢ ᠪᠠᠷ 30% ᠠᠴᠠ ᠳᠡᠭᠡᠭᠰᠢ ᠪᠠᠷ ᠨᠡᠮᠡᠭᠳᠡᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠵᠢᠯ ᠪᠦᠷᠢ ᠳᠤᠮᠳᠠᠴᠢ ᠪᠠᠷ | 11.3% ᠪᠠᠷ ᠨᠡᠮᠡᠭᠳᠡᠪᠡ᠃ ᠪᠡᠯᠡ ᠤᠷᠤᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠠᠷᠠᠳ ᠤᠨ ᠪᠡᠯᠡ | ᠤᠷᠤᠭᠤᠯᠤᠯᠲᠠ ᠶᠢ ᠵᠤᠷᠢᠬᠵᠢᠭᠤᠯᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠬᠦᠰᠢᠨ ᠬᠦᠳᠡᠯᠬᠡᠬᠦ | ᠦᠢᠯᠡᠳᠦᠯ ᠢ ᠪᠠᠳᠠᠷᠠᠭᠤᠯᠵᠤ᠂ ᠨᠡᠩ ᠤᠯᠠᠨ ᠪᠡᠯᠡ ᠮᠦᠩᠭᠦ ᠶᠢ ᠬᠦᠲᠦᠯᠦᠨ ᠵᠢᠯᠤᠭᠤᠳᠴᠤ ᠰᠠᠭᠤᠷᠢ ᠶᠢ ᠪᠠᠬᠢᠯᠡᠬᠦ᠂ | ᠰᠡᠯᠭᠦᠬᠦ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠦᠷᠢᠶᠡᠨ ᠳᠤ ᠤᠷᠤᠭᠤᠯᠪᠠ᠃ | ᠳᠡᠭᠡᠳᠦ ᠬᠤᠷᠳᠤᠴᠠᠲᠤ ᠲᠡᠮᠦᠷ ᠵᠠᠮ ᠤᠨ ᠠᠰᠢᠬᠯᠠᠯᠲᠠ ᠳᠤ ᠤᠷᠤᠭᠤᠯᠤᠭᠰᠠᠨ ᠤᠷᠲᠤ ᠶᠢᠨ ᠬᠡᠮᠵᠢᠶ᠎ᠠ 9000 | ᠭᠠᠷᠤᠢ ᠺᠢᠯᠤᠮᠧᠲᠷ ᠪᠠᠶᠢᠭᠰᠠᠨ ᠠᠴᠠ ᠪᠠᠨ 2 ᠲᠦᠮᠨ 5 ᠮᠢᠩᠭᠠᠨ ᠺᠢᠯᠤᠮᠧᠲᠷ ᠪᠤᠯᠲᠠᠯ᠎ᠠ ᠨᠡᠮᠡᠭᠳᠡᠵᠦ᠂ ᠳᠡᠯᠡᠬᠡᠢ ᠶᠢᠨ | 2/3 ᠢ ᠡᠵᠡᠯᠡᠬᠦ ᠪᠤᠯᠪᠡ᠂ ᠲᠦᠷᠭᠡᠨ ᠬᠤᠷᠳᠤ ᠶᠢᠨ ᠵᠠᠮ ᠤᠨ ᠤᠷᠲᠤ ᠶᠢᠨ ᠬᠡᠮᠵᠢᠶ᠎ᠠ 9.6 ᠲᠦᠮᠡᠨ ᠺᠢᠯᠤᠮᠧᠲᠷ | ᠪᠠᠶᠢᠭᠰᠠᠨ ᠠᠴᠠ ᠪᠠᠨ 13.6 ᠲᠦᠮᠡᠨ ᠺᠢᠯᠤᠮᠧᠲᠷ ᠪᠤᠯᠲᠠᠯ᠎ᠠ ᠨᠡᠮᠡᠭᠳᠡᠨ᠂ ᠬᠦᠳᠡᠭᠡ ᠲᠤᠰᠬᠤᠨ ᠤ ᠵᠠᠰᠠᠮᠠᠯ ᠵᠠᠮ ᠢ | 127 ᠲᠦᠮᠡᠨ ᠺᠢᠯᠤᠮᠧᠲᠷ ᠰᠢᠨ᠎ᠡ ᠪᠠᠷ ᠳᠡᠪᠢᠰᠦᠭᠰᠡᠨ ᠪᠠ ᠵᠠᠰᠠᠨ ᠳᠡᠪᠢᠰᠴᠤ᠂ ᠠᠷᠠᠳ ᠤᠨ ᠠᠭᠠᠷ ᠤᠨ | ᠲᠡᠭᠡᠭᠡᠪᠦᠷᠢ ᠶᠢᠨ 46 ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠤᠨ᠂ ᠤᠰᠤᠨ ᠠᠰᠢᠭᠯᠠᠯᠲᠠ ᠶᠢᠨ 122 | ᠴᠢᠬᠤᠯᠠ ᠶᠡᠭᠡ ᠪᠠᠷᠢᠯᠭ᠎ᠠ ᠶᠢ ᠠᠵᠢᠯ ᠡᠬᠢᠯᠡᠭᠦᠯᠦᠨ᠂ ᠬᠦᠳᠡᠭᠡ ᠲᠤᠰᠬᠤᠨ ᠤ ᠴᠠᠬᠢᠯᠭᠠᠨ ᠤ ᠲᠤᠤᠷ ᠤᠨ ᠰᠢᠨ᠎ᠡ ᠨᠢᠭᠡ | ᠡᠭᠡᠯᠵᠢ ᠶᠢᠨ ᠦᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠪᠦᠮᠪᠦᠷᠴᠡᠭ ᠤᠨ ᠬᠠᠮᠤᠭ ᠤᠨ ᠲᠤᠮᠤ ᠰᠢᠯᠵᠢᠮᠡᠯ ᠦᠷᠭᠡᠨ | ᠪᠦᠰᠡᠲᠦ ᠰᠦᠯᠵᠢᠶ᠎ᠡ ᠶᠢ ᠪᠠᠶᠢᠭᠤᠯᠪᠠ᠃ ᠲᠠᠪᠤᠨ ᠵᠢᠯ ᠤᠨ ᠲᠤᠷᠰᠢ᠂ ᠬᠦᠭᠵᠢᠯᠲᠡ ᠶᠢᠨ ᠰᠢᠨ᠎ᠡ ᠬᠦᠳᠡᠯᠭᠡᠭᠴᠢ | ᠡᠨᠧᠷᠭᠢ ᠦᠳᠲᠡᠷ ᠲᠦᠷᠭᠡᠨ ᠪᠤᠵᠠᠭᠠᠶᠢᠷᠠᠵᠤ᠂ ᠠᠵᠤ ᠠᠬᠤᠢ ᠶᠢᠨ ᠨᠡᠮᠡᠭᠳᠡᠯ ᠭᠤᠤᠯᠳᠠᠭᠤ ᠪᠡᠯᠡ ᠤᠷᠤᠭᠤᠯᠤᠯᠲᠠ ᠪᠠ | ᠭᠠᠳᠠᠭᠠᠳᠤ ᠭᠠᠷᠭᠠᠯᠲᠠ ᠶᠢᠨ ᠳᠠᠶᠢᠴᠢᠯᠠᠯᠲᠠ ᠳᠤ ᠲᠦᠰᠢᠭᠯᠡᠵᠦ ᠪᠠᠶᠢᠭᠰᠠᠨ ᠠᠴᠠ ᠪᠠᠨ ᠬᠡᠷᠡᠭᠯᠡᠭᠡ᠂ ᠪᠡᠯᠡ | ᠤᠷᠤᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠬᠠᠮᠵᠢᠯᠴᠠᠭᠰᠠᠨ ᠳᠠᠶᠢᠴᠢᠯᠠᠯᠲᠠ ᠳᠤ ᠲᠦᠰᠢᠭᠯᠡᠬᠦ᠂ ᠭᠤᠤᠯᠳᠠᠭᠤ | ᠬᠤᠶᠠᠳᠤᠭᠠᠷ ᠠᠵᠤ ᠦᠢᠯᠡᠰ ᠤᠨ ᠳᠠᠶᠢᠴᠢᠯᠠᠯᠲᠠ ᠳᠤ ᠲᠦᠰᠢᠭᠯᠡᠵᠦ ᠪᠠᠶᠢᠭᠰᠠᠨ ᠠᠴᠠ ᠪᠠᠨ ᠭᠤᠷᠪᠠᠨ ᠠᠵᠤ | ᠦᠢᠯᠡᠰ ᠤᠨ ᠬᠠᠮᠲᠤ ᠶᠢᠨ ᠳᠠᠶᠢᠴᠢᠯᠠᠯᠲᠠ ᠳᠤ ᠲᠦᠰᠢᠭᠯᠡᠬᠦ ᠪᠤᠯᠵᠤ ᠬᠤᠪᠢᠷᠠᠪᠠ᠃ ᠡᠨᠡ ᠪᠤᠯ ᠮᠠᠨ ᠤ ᠤᠯᠠᠨ ᠵᠢᠯ ᠤᠨ | ᠲᠤᠷᠰᠢ ᠪᠡᠶᠡᠯᠡᠭᠦᠯᠬᠦ ᠭᠡᠰᠡᠨ ᠪᠤᠯᠪᠠᠴᠤ ᠪᠡᠶᠡᠯᠡᠭᠦᠯᠦᠭᠡᠳᠦᠢ ᠪᠠᠶᠢᠭᠰᠠᠨ ᠴᠢᠬᠤᠯᠠ ᠶᠡᠭᠡ ᠪᠦᠲᠦᠴᠡ ᠶᠢᠨ ᠴᠢᠨᠠᠷᠲᠠᠢ | ᠬᠤᠪᠢᠰᠤᠯᠲᠠ ᠮᠦᠨ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠳᠤ ᠡᠷᠬᠡᠪᠰᠢ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠳᠤᠬᠢᠷᠠᠭᠤᠯᠬᠤ ᠶᠢᠨ ᠬᠠᠷᠰᠢ ᠰᠠᠭᠠᠳ ᠢ ᠠᠷᠢᠯᠭᠠᠵᠤ᠂ ᠳᠦᠷᠢᠮ ᠤᠨ ᠴᠢᠨᠠᠷᠲᠠᠢ | ᠠᠷᠠᠯᠵᠢᠶᠠᠨ ᠤ ᠦᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ᠃ ᠤᠷᠲᠤ ᠬᠤᠭᠤᠴᠠᠭ᠎ᠠ ᠪᠠᠷ ᠤᠷᠤᠰᠢᠭᠰᠠᠭᠠᠷ | ᠢᠷᠡᠭᠰᠡᠨ ᠬᠢᠨᠠᠨ ᠵᠦᠪᠰᠢᠶᠡᠷᠡᠬᠦ ᠶᠢ ᠴᠢᠬᠤᠯᠠᠴᠢᠯᠠᠬᠤ᠂ ᠬᠢᠨᠠᠨ ᠬᠠᠮᠢᠶᠠᠷᠬᠤ ᠶᠢ ᠬᠦᠩᠭᠡᠪᠴᠢᠯᠡᠬᠦ᠂ ᠦᠢᠯᠡᠴᠢᠯᠡᠭᠡ | ᠰᠤᠯᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠢᠳᠡ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ | ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠶᠢ ᠲᠦᠷᠭᠡᠳᠬᠡᠨ᠂ ᠪᠢᠴᠢᠯ ᠬᠠᠮᠢᠶᠠᠷᠤᠯᠲᠠ ᠰᠢᠭᠤᠳ ᠭᠠᠷ ᠲᠦᠷᠦᠯᠳᠡ ᠶᠢ ᠪᠠᠭᠠᠰᠬᠠᠵᠤ᠂ ᠬᠤᠷᠸ᠎ᠠ | ᠳᠤᠬᠢᠷᠠᠭᠤᠯᠤᠯ ᠡᠵᠡᠮᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠤᠯᠠᠨ ᠨᠡᠶᠢᠲᠡ ᠶᠢᠨ | ᠦᠢᠯᠡᠴᠢᠯᠡᠭᠡ ᠶᠢ ᠴᠢᠬᠤᠯᠠᠴᠢᠯᠠᠨ ᠴᠢᠩᠭᠠᠳᠬᠠᠪᠠ᠃ ᠲᠠᠪᠤᠨ ᠵᠢᠯ ᠤᠨ ᠲᠤᠷᠰᠢ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠢ 44% ᠪᠠᠷ ᠬᠠᠰᠤᠵᠤ᠂ | ᠵᠠᠰᠠᠭ ᠵᠠᠬᠢᠷᠭᠠᠨ ᠤ ᠵᠦᠪᠰᠢᠶᠡᠷᠡᠯ ᠤᠨ ᠪᠤᠰᠤ ᠬᠢᠨᠠᠨ ᠵᠦᠪᠰᠢᠶᠡᠷᠡᠯ ᠢ ᠲᠦᠢᠯᠪᠤᠷᠢᠲᠠᠢ ᠡᠴᠦᠰᠯᠡᠭᠦᠯᠦᠨ᠂ ᠲᠦᠪ | ᠵᠠᠰᠠᠭ ᠤᠨ ᠤᠷᠳᠤᠨ ᠤ ᠳᠡᠰ ᠳᠠᠪᠬᠤᠷᠭ᠎ᠠ ᠶᠢᠨ ᠬᠠᠷᠭᠤᠭᠤᠯᠤᠨ ᠵᠦᠪᠰᠢᠶᠡᠷᠡᠬᠦ ᠠᠵᠤ ᠠᠬᠤᠶᠢᠯᠠᠯ ᠤᠨ ᠪᠡᠯᠡ | ᠤᠷᠤᠭᠤᠯᠤᠯᠲᠠ ᠶᠢᠨ ᠲᠦᠷᠦᠯ ᠵᠦᠢᠯ ᠢ 90% ᠪᠠᠷ ᠪᠠᠭᠠᠰᠬᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠵᠠᠭᠤᠴᠢ ᠦᠢᠯᠡᠴᠢᠯᠡᠭᠡᠨ ᠤ ᠵᠦᠢᠯᠡᠰ ᠢ 74% ᠪᠠᠷ ᠬᠠᠰᠤᠵᠤ᠂ ᠠᠵᠢᠯ ᠮᠡᠷᠭᠡᠵᠢᠯ ᠤᠨ ᠬᠢᠷᠢ ᠬᠡᠮ ᠤᠨ | ᠵᠦᠪᠰᠢᠶᠡᠷᠡᠭᠦᠯᠬᠦ ᠪᠠ ᠮᠠᠭᠠᠳᠯᠠᠨ ᠲᠤᠬᠳᠠᠭᠠᠯᠭᠠᠬᠤ ᠵᠦᠢᠯ ᠢ ᠶᠡᠭᠡ ᠪᠠᠷ ᠪᠠᠭᠠᠰᠬᠠᠪᠠ᠃ ᠲᠦᠪ ᠵᠠᠰᠠᠭ ᠤᠨ | ᠤᠷᠳᠤᠨ ᠠᠴᠠ ᠦᠨ᠎ᠡ ᠲᠤᠭᠲᠠᠭᠠᠬᠤ ᠲᠦᠷᠦᠯ ᠵᠦᠢᠯ ᠢ 80% ᠪᠠᠷ ᠪᠠᠭᠠᠰᠬᠠᠵᠤ᠂ ᠤᠷᠤᠨ ᠨᠤᠳᠤᠭ ᠤᠨ | ᠵᠠᠰᠠᠭ ᠤᠨ ᠤᠷᠳᠤᠨ ᠠᠴᠠ ᠦᠨ᠎ᠡ ᠲᠤᠭᠲᠠᠭᠠᠬᠤ ᠲᠦᠷᠦᠯ ᠵᠦᠢᠯ ᠢ 50% ᠠᠴᠠ ᠳᠡᠭᠡᠭᠰᠢ ᠪᠠᠷ ᠪᠠᠭᠠᠰᠬᠠᠪᠠ᠃ | ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ᠂ ᠳᠠᠩᠰᠠᠯᠠᠭᠤᠯᠤᠭᠰᠠᠨ ᠬᠦᠷᠦᠩᠭᠡ ᠵᠡᠷᠭᠡ ᠬᠤᠳᠠᠯᠳᠤᠭᠠᠨ ᠤ | ᠶᠠᠪᠤᠳᠠᠯ ᠤᠨ ᠳᠦᠷᠢᠮ ᠢ ᠪᠦᠬᠦ ᠲᠠᠯ᠎ᠠ ᠪᠠᠷ ᠦᠭᠡᠷᠡᠴᠢᠯᠡᠨ᠂ ᠠᠵᠤ ᠠᠬᠤᠶᠢᠯᠠᠯ ᠨᠡᠭᠡᠭᠡᠨ ᠡᠷᠬᠢᠯᠡᠬᠦ ᠴᠠᠭ ᠢ 1/3 ᠠᠴᠠ | ᠳᠡᠭᠡᠭᠰᠢ ᠪᠠᠷ ᠪᠤᠭᠤᠨᠢᠰᠬᠠᠪᠠ᠃ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠰᠢᠨ᠎ᠡ ᠶᠢ ᠡᠭᠦᠳᠦᠭᠰᠡᠨ ᠪᠠ ᠲᠡᠭᠦᠨ ᠢ ᠴᠢᠩᠭᠠᠳᠬᠠᠵᠤ᠂ ︽ᠬᠤᠶᠠᠷ ᠢ ᠲᠤᠬᠢᠶᠠᠯᠳᠤᠯ ᠢᠶᠠᠷ ᠰᠤᠩᠭᠤᠬᠤ᠂ | ᠨᠢᠭᠡ ᠶᠢ ᠢᠯᠡ ᠪᠤᠯᠭᠠᠬᠤ︾ ᠶᠢ ᠬᠡᠷᠡᠭᠵᠢᠬᠦᠯᠦᠨ᠂ ᠪᠠᠶᠢᠴᠠᠭᠠᠬᠤ ᠠᠵᠢᠯᠲᠠᠨ ᠪᠠ ᠪᠠᠶᠢᠴᠠᠭᠠᠭᠳᠠᠬᠤ ᠡᠲᠡᠭᠡᠳ ᠢ | ᠳᠤᠬᠢᠶᠠᠯᠳᠤᠯ ᠢᠶᠠᠷ ᠰᠤᠩᠭᠤᠨ᠂ ᠪᠠᠶᠢᠴᠠᠭᠠᠨ ᠰᠢᠢᠳᠪᠦᠷᠢᠯᠡᠭᠰᠡᠨ ᠳ᠋ᠦᠩ ᠢ ᠴᠠᠭ ᠲᠤᠬᠠᠢ ᠳᠤᠨᠢ ᠢᠯᠡ ᠪᠤᠯᠭᠠᠵᠤ᠂ | ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠠ ᠭᠤᠤᠯᠴᠢ ᠴᠢᠨᠠᠷ ᠢ ᠳᠡᠭᠡᠭᠰᠢᠯᠡᠭᠦᠯᠪᠡ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠡᠷᠡᠭᠵᠢᠭᠦᠯᠦᠨ᠂ ᠨᠢᠭᠡ ᠯᠠ ᠦᠷᠲᠡᠭᠡᠨ ᠤ | ᠬᠡᠯᠪᠡᠷᠢ ᠶᠢᠨ ᠦᠢᠯᠡᠴᠢᠯᠡᠭᠡ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠬᠤᠳᠠᠯᠳᠤᠭ᠎ᠠ ᠡᠵᠨᠩᠨᠡᠬᠦ ᠣᠷᠴᠢᠨ | ᠨᠥᠬᠦᠴᠡᠯ ᠢ ᠦᠷᠬᠦᠯᠵᠢᠯᠡᠨ ᠰᠠᠶᠢᠵᠢᠷᠠᠭᠤᠯᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠢᠯᠡᠳᠲᠡ | ᠴᠢᠩᠭᠠᠷᠠᠭᠤᠯᠵᠤ᠂ ᠤᠯᠠᠨ ᠲᠦᠮᠡᠨ ᠤ ᠤᠴᠢᠷ ᠶᠠᠪᠤᠳᠠᠯ ᠪᠦᠲᠦᠭᠡᠬᠦ ᠳᠤ ᠨᠡᠩ ᠳᠦᠭᠦᠮ ᠪᠤᠯᠭᠠᠪᠠ᠃ | ︵ᠭᠤᠷᠪᠠ︶ ᠰᠢᠨ᠎ᠡ ᠶᠢ ᠡᠭᠦᠳᠬᠦ ᠪᠠᠷ ᠬᠦᠭᠵᠢᠯᠲᠡ ᠶᠢ ᠬᠦᠲᠦᠯᠦᠨ ᠳᠠᠭᠠᠭᠤᠯᠬᠤ ᠶᠢ ᠪᠠᠷᠢᠮᠲᠠᠯᠠᠨ᠂ | ᠨᠡᠶᠢᠭᠡᠮ ᠤᠨ ᠪᠦᠲᠦᠭᠡᠯᠴᠢ ᠬᠦᠴᠦᠨ ᠢ ᠬᠦᠴᠦᠯᠡᠨ ᠬᠦᠭᠵᠢᠭᠡᠨ ᠪᠠᠳᠠᠷᠠᠭᠤᠯᠵᠤ᠂ ᠪᠦᠬᠦᠯᠢ ᠴᠤᠭᠴᠠ ᠶᠢᠨ ᠰᠢᠨ᠎ᠡ ᠶᠢ | ᠡᠭᠦᠳᠬᠦ ᠴᠢᠳᠠᠪᠤᠷᠢ ᠪᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ ᠰᠢᠨ᠎ᠡ ᠶᠢ ᠡᠭᠦᠳᠬᠦ ᠪᠠᠷ | ᠬᠦᠭᠵᠢᠯᠲᠡ ᠶᠢᠨ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠰᠢᠨ᠎ᠡ ᠶᠢ ᠡᠭᠦᠳᠬᠦ ᠠᠮᠢ | ᠠᠬᠤᠢ ᠶᠢ ᠰᠢᠯᠢᠳᠡᠭᠵᠢᠭᠦᠯᠵᠦ᠂ ᠤᠯᠠᠨ ᠪᠡᠶᠡᠴᠢ ᠴᠤᠭᠴᠠ ᠬᠠᠮᠵᠢᠯᠴᠠᠭᠰᠠᠨ᠂ ᠪᠦᠬᠦ ᠲᠠᠯ᠎ᠠ ᠪᠠᠷ ᠠᠬᠢᠭᠤᠯᠤᠭᠰᠠᠨ | ᠰᠢᠨ᠎ᠡ ᠶᠢ ᠡᠭᠦᠳᠬᠦ ᠪᠠᠶᠢᠳᠠᠯ ᠢ ᠪᠤᠢ ᠪᠤᠯᠭᠠᠪᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ | ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠡᠵᠡᠨ ᠮᠡᠳᠡᠬᠦ ᠡᠷᠬᠡ ᠶᠢ ᠦᠷᠭᠡᠳᠬᠡᠨ᠂ | ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢ ᠦᠭᠡᠷᠡᠴᠢᠯᠡᠨ | ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠷᠬᠡ ᠠᠰᠢᠭ ᠤᠨ | ᠬᠠᠮᠢᠶᠠᠷᠤᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠪᠦᠬᠦ ᠲᠠᠯ᠎ᠠ ᠪᠠᠷ ᠰᠢᠨ᠎ᠡ ᠶᠢ ᠡᠭᠦᠳᠬᠦ | ᠥᠭᠡᠷᠡᠴᠢᠯᠡᠯᠲᠡ ᠶᠢᠨ ᠲᠤᠷᠰᠢᠯᠲᠠ ᠶᠢ ᠠᠬᠢᠭᠤᠯᠵᠤ᠂ ᠪᠡᠭᠡᠵᠢᠩ᠂ ᠱᠠᠩᠬᠠᠢ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠦᠪ ᠪᠠᠶᠢᠭᠤᠯᠬᠤ ᠶᠢ ᠳᠡᠮᠵᠢᠵᠦ᠂ ᠤᠯᠤᠰ ᠤᠨ ᠪᠡᠶ᠎ᠡ ᠪᠠᠨ ᠲᠠᠭᠠᠭᠠᠵᠤ ᠰᠢᠨ᠎ᠡ ᠶᠢ ᠡᠬᠦᠳᠬᠦ | 14 ᠵᠢᠱᠢᠶ᠎ᠡ ᠦᠵᠡᠬᠦᠯᠬᠦ ᠤᠷᠤᠨ ᠢ ᠰᠢᠨ᠎ᠡ ᠪᠠᠷ ᠪᠠᠶᠢᠭᠤᠯᠤᠨ᠂ ᠤᠷᠤᠨ ᠪᠦᠰᠡ ᠶᠢᠨ ᠰᠢᠨ᠎ᠡ ᠶᠢ ᠡᠭᠦᠳᠬᠦ ᠨᠢᠭᠡ | ᠪᠦᠯᠦᠭ ᠦᠨᠳᠦᠷᠯᠢᠭ ᠭᠠᠵᠠᠷ ᠢ ᠳᠠᠶᠢᠴᠢᠯᠠᠨ ᠪᠤᠢ ᠪᠤᠯᠭᠠᠪᠠ᠃ ᠠᠵᠤ ᠠᠬᠤᠶᠢᠯᠠᠯ ᠢᠶᠠᠷ ᠪᠡᠶᠡᠴᠢ ᠴᠤᠭᠴᠠ ᠪᠤᠯᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠯᠡᠬᠡᠢ ᠳᠡᠭᠡᠷ᠎ᠡ | ᠦᠷᠢᠰᠦᠯᠳᠦᠬᠦ ᠴᠢᠳᠠᠪᠤᠷᠢ ᠪᠦᠬᠦᠢ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠠ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠤᠢ ᠪᠤᠯᠭᠠᠪᠠ᠃ ᠦᠢ ᠤᠯᠠᠨ ᠢᠶᠠᠷ ᠢᠶᠠᠨ ᠠᠲᠠᠯ ᠦᠢᠯᠡᠰ | ᠴᠤᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠶᠢ ᠭᠦᠨᠵᠡᠭᠡᠢ ᠦᠷᠨᠢᠭᠦᠯᠦᠨ᠂ ᠲᠦᠭᠡᠮᠡᠯ | ᠬᠠᠷᠠᠭᠠᠯᠵᠠᠯ ᠤᠨ ᠴᠢᠨᠠᠷᠲᠠᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠡᠪᠴᠢᠬᠦᠯᠬᠦ | ᠰᠢᠰᠲ᠋ᠧᠮᠵᠢ ᠶᠢ ᠲᠡᠭᠦᠯᠳᠡᠷᠵᠢᠭᠦᠯᠪᠡ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠤᠭᠴᠠ 9800 ᠭᠠᠷᠤᠢ | ᠲᠦᠮᠨ ᠪᠤᠯᠵᠤ᠂ ᠳᠡᠪᠤᠨ ᠵᠢᠯ ᠳᠤ 70% ᠠᠴᠠ ᠳᠡᠭᠡᠭᠰᠢ ᠪᠠᠷ ᠨᠡᠮᠡᠭᠳᠡᠪᠡ᠃ ᠤᠯᠤᠰ ᠤᠨ ᠳᠤᠳᠤᠭᠠᠳᠤ ᠶᠢᠨ | ᠬᠦᠴᠦᠨ ᠪᠦᠬᠦᠢ ᠡᠬᠦᠲᠤᠯᠲᠡ ᠶᠢᠨ ᠳᠤᠰᠬᠠᠢ ᠠᠰᠢᠭ ᠤᠨ ᠲᠤᠭ᠎ᠠ ᠬᠡᠮᠵᠢᠶ᠎ᠡ ᠬᠤᠶᠠᠷ ᠳᠠᠬᠢᠨ ᠢᠶᠠᠷ ᠨᠡᠮᠡᠭᠳᠡᠵᠦ᠂ | ᠮᠡᠷᠭᠡᠵᠢᠯ ᠤᠨ ᠠᠷᠠᠯᠵᠢᠶᠠᠨ ᠤ ᠲᠤᠭ᠎ᠠ ᠬᠤᠶᠠᠷ ᠳᠠᠬᠢᠨ ᠪᠤᠯᠲᠠᠯ᠎ᠠ ᠨᠡᠮᠡᠭᠳᠡᠪᠡ᠃ ᠮᠠᠨ ᠤ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠤᠰᠤᠳ ᠢ ᠳᠠᠭᠠᠵᠤ ᠭᠦᠶᠦᠬᠦ ᠪᠠᠷ ᠭᠤᠤᠯᠯᠠᠭᠤᠯᠵᠤ | ᠪᠠᠶᠢᠭᠰᠠᠨ ᠠᠴᠠ ᠪᠠᠨ ᠨᠡᠩ ᠤᠯᠠᠨ ᠬᠦᠷᠢᠶᠡᠨ ᠳᠤ ᠵᠡᠷᠭᠡᠴᠡᠨ ᠭᠦᠶᠦᠬᠦ᠂ ᠳᠠᠭᠠᠭᠤᠯᠤᠨ ᠭᠦᠶᠦᠬᠦ ᠪᠤᠯᠵᠤ | ᠬᠤᠪᠢᠷᠠᠭᠠᠳ᠂ ᠪᠦᠬᠦ ᠪᠦᠮᠪᠦᠷᠴᠡᠭ ᠤᠨ ᠠᠩᠬᠠᠷᠤᠯ ᠢ ᠳᠠᠳᠠᠭᠰᠠᠨ ᠰᠢᠨ᠎ᠡ ᠶᠢ ᠡᠭᠦᠳᠬᠦ ᠪᠠ ᠠᠳᠠᠯ ᠦᠢᠯᠡᠰ | ᠴᠤᠭᠴᠠᠯᠠᠬᠤ ᠬᠠᠯᠠᠭᠤᠨ ᠨᠤᠳᠤᠭ ᠪᠤᠯᠪᠠ᠃ | ︵ᠳᠦᠷᠪᠡ︶ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ᠪᠠᠶᠢᠭᠤᠯᠤᠯ | ᠲᠤᠭᠲᠠᠴᠠ ᠶᠢᠨ ᠭᠡᠮ ᠰᠤᠭᠤᠭ ᠢ ᠬᠦᠴᠦᠯᠡᠨ ᠠᠷᠢᠯᠭᠠᠵᠤ᠂ ᠬᠦᠭᠵᠢᠯᠲᠡ ᠶᠢᠨ ᠬᠦᠳᠡᠯᠭᠡᠭᠴᠢ ᠬᠦᠴᠦᠨ ᠢ | ᠲᠠᠰᠤᠷᠠᠯᠲᠠ ᠦᠭᠡᠢ ᠴᠢᠩᠭᠠᠳᠬᠠᠪᠠ᠃ ᠤᠯᠤᠰ ᠤᠨ ᠦᠮᠴᠢᠯᠡᠯ ᠤᠨ ᠡᠳ᠋ ᠬᠦᠷᠦᠩᠭᠡ ᠪᠠ ᠤᠯᠤᠰ ᠤᠨ | ᠦᠮᠴᠢᠯᠡᠯ ᠤᠨ ᠠᠵᠤ ᠠᠬᠤᠶᠢᠯᠠᠯ ᠤᠨ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠺᠤᠮᠫᠠᠨᠢ ᠶᠢᠨ | ᠲᠦᠷᠢᠮᠲᠦ ᠦᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠯᠡᠬᠦᠯᠦᠨ ᠲᠠᠬᠢᠨ ᠵᠤᠬᠢᠶᠠᠨ ᠪᠠᠶᠢᠭᠤᠯᠬᠤ᠂ | ᠳᠡᠰ ᠱᠠᠲᠤ ᠶᠢ ᠴᠦᠭᠡᠳᠬᠡᠬᠦ᠂ ᠶᠠᠰᠤ ᠴᠢᠨᠡᠷ ᠢ ᠳᠡᠭᠡᠭᠰᠢᠯᠡᠭᠦᠯᠵᠦ ᠦᠷ᠎ᠠ ᠠᠰᠢᠭ ᠢ ᠨᠡᠮᠡᠭᠳᠡᠭᠦᠯᠭᠦ ᠠᠵᠢᠯ ᠢᠳᠡᠪᠬᠢᠳᠠᠢ | ᠠᠬᠢᠯᠲᠠ ᠲᠠᠢ ᠪᠤᠯᠪᠠ᠃ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠦᠷ᠎ᠡ ᠠᠰᠢᠭ ᠮᠡᠳᠡᠭᠳᠡᠬᠦ᠋ᠢᠴᠡ | ᠰᠠᠶᠢᠵᠢᠷᠠᠵᠤ᠂ ᠨᠢᠳᠤᠨᠤᠨ ᠤ ᠠᠰᠢᠭ ᠬᠤᠨᠵᠢᠪᠤᠷᠢ ᠨᠢ 23.5% ᠪᠠᠷ ᠨᠡᠮᠡᠭᠳᠡᠪᠡ᠃ ᠡᠨᠧᠷᠭᠢ ᠶᠢᠨ ᠰᠤᠷᠪᠤᠯᠵᠢ᠂ | ᠲᠡᠮᠦᠷ ᠵᠠᠮ᠂ ᠳᠠᠪᠤᠰᠤᠨ ᠤ ᠦᠢᠯᠡᠰ ᠵᠡᠷᠭᠡ ᠬᠦᠷᠢᠶᠡᠨ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ | ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠳᠡᠯᠭᠡᠭᠦᠷ ᠲᠤ ᠤᠷᠤᠬᠤ ᠵᠦᠪᠰᠢᠶᠡᠷᠡᠯ ᠢ ᠠᠭᠤᠵᠢᠭᠤ | ᠪᠤᠯᠭᠠᠪᠠ᠃ ᠦᠯᠦ ᠬᠦᠳᠡᠯᠬᠦ ᠬᠦᠷᠦᠩᠭᠡ ᠶᠢᠨ ᠨᠢᠭᠡᠲᠦᠯᠲᠡᠢ ᠳᠠᠩᠰᠠᠯᠠᠯᠲᠠ ᠶᠢᠨ ᠳᠦᠷᠢᠮ ᠢ ᠪᠠᠶᠢᠭᠤᠯᠪᠠ᠃ | ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢᠨ ᠲᠦᠷᠢᠮ ᠢ ᠳᠡᠬᠦᠯᠳᠡᠷᠵᠢᠬᠦᠯᠪᠡ᠃ ᠡᠳ᠋ ᠤᠨ ᠵᠠᠰᠠᠭ ᠭᠠᠶᠢᠯᠢ ᠶᠢᠨ | ᠦᠬᠡᠷᠡᠴᠢᠯᠡᠯᠳᠠ ᠴᠢᠬᠤᠯᠠ ᠶᠡᠭᠡ ᠠᠬᠢᠯᠳᠠ ᠲᠠᠢ ᠪᠤᠯᠵᠤ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ | ᠭᠦᠢᠴᠡᠳᠬᠡᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠭᠠᠶᠢᠯᠢ ᠶᠢ ᠬᠠᠮᠳᠤ ᠪᠠᠷ ᠡᠳ᠋ᠯᠡᠬᠦ ᠪᠠᠷ ᠭᠤᠤᠯ | ᠪᠤᠯᠭᠠᠭᠰᠠᠨ ᠲᠦᠪ ᠪᠠ ᠤᠷᠤᠨ ᠨᠤᠳᠤᠭ ᠤᠨ ᠤᠷᠤᠯᠭ᠎ᠠ ᠶᠢᠨ ᠬᠤᠪᠢᠶᠡᠷᠢᠯᠡᠯᠳᠠ ᠶᠢᠨ ᠪᠠᠶᠢᠷᠢᠰᠢᠯ ᠢ ᠪᠠᠶᠢᠭᠤᠯᠥᠨ᠂ | ᠲᠦᠪ ᠪᠠ ᠤᠷᠤᠨ ᠨᠤᠳᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠠᠩᠬᠢᠯᠡᠬᠤ ᠦᠬᠡᠷᠡᠴᠢᠯᠡᠯᠳᠠ ᠶᠢ ᠡᠬᠢᠯᠡᠬᠦᠯᠵᠦ᠂ ᠲᠦᠪ ᠠᠴᠠ ᠤᠷᠤᠨ ᠨᠤᠳᠤᠭ ᠲᠤ ᠡᠩ ᠤᠨ | ᠴᠢᠨᠠᠷᠲᠠᠢ ᠰᠢᠯᠵᠢᠭᠦᠯᠦᠨ ᠦᠭᠬᠦ ᠬᠡᠪᠴᠢᠶ᠎ᠡ ᠶᠢ ᠶᠡᠭᠡ ᠪᠠᠷ ᠨᠡᠮᠡᠭᠳᠡᠭᠦᠯᠵᠦ᠂ ᠲᠤᠰᠬᠠᠢ ᠵᠦᠢᠯ ᠢᠶᠠᠷ ᠰᠢᠯᠵᠢᠭᠦᠯᠦᠨ | ᠦᠭᠬᠦ ᠲᠦᠷᠦᠯ ᠵᠦᠢᠯ ᠢ 2/3 ᠢᠶᠠᠷ ᠪᠠᠭᠠᠰᠬᠠᠪᠠ᠃ ᠬᠦᠦ ᠮᠦᠩᠭᠦ ᠶᠢᠨ ᠨᠤᠷᠮ᠎ᠠ ᠶᠢᠨ ᠵᠠᠬᠢᠷᠤᠯᠲᠠ ᠶᠢ | ᠦᠨᠳᠦᠰᠦᠨ ᠳᠡᠭᠡᠨ ᠴᠢᠯᠦᠭᠡᠲᠡᠢ ᠲᠠᠯᠪᠢᠵᠤ᠂ ᠬᠠᠳᠠᠭᠠᠯᠠᠮᠵᠢ ᠶᠢᠨ ᠵᠤᠭᠤᠰ ᠤᠨ ᠳᠠᠭᠠᠳᠬᠠᠯ ᠤᠨ ᠳᠦᠷᠢᠮ ᠢ | ᠪᠠᠶᠢᠭᠤᠯᠤᠨ᠂ ᠲᠤᠮᠤ ᠳᠤᠮᠳᠠ ᠬᠡᠯᠪᠡᠷᠢ ᠶᠢᠨ ᠬᠤᠳᠠᠯᠳᠤᠭᠠᠨ ᠤ ᠪᠠᠩᠬᠢ ᠳᠤ ᠲᠦᠭᠡᠮᠡᠯ ᠬᠠᠷᠠᠭᠠᠯᠵᠠᠯᠲᠤ ᠮᠦᠩᠭᠦᠨ | ᠭᠦᠢᠯᠭᠡᠭᠡᠨ ᠤ ᠠᠵᠢᠯ ᠦᠢᠯᠡᠰ ᠤᠨ ᠭᠠᠵᠠᠷ ᠪᠠᠶᠢᠭᠤᠯᠬᠤ ᠶᠢ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠢ᠂ | ᠨᠡᠭᠡᠭᠡᠨ ᠠᠰᠢᠭᠯᠠᠬᠤ ᠴᠢᠨᠠᠷᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠮᠦᠩᠭᠦᠨ ᠭᠦᠢᠯᠭᠡᠭᠡᠨ ᠤ ᠬᠢᠨᠠᠨ ᠬᠠᠮᠢᠶᠠᠷᠴᠤ ᠵᠤᠬᠢᠴᠠᠭᠤᠯᠬᠤ ᠲᠤᠭᠲᠠᠴᠠ ᠶᠢ ᠴᠢᠩᠭᠠᠳᠬᠠᠪᠠ᠃ | ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠬᠤᠳᠠ | ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠯᠲᠡ ᠶᠢ ᠠᠬᠢᠭᠤᠯᠬᠤ | ᠲᠤᠭᠲᠠᠴᠠ ᠶᠢ ᠲᠡᠭᠦᠯᠳᠡᠷᠵᠢᠭᠦᠯᠦᠨ᠂ ᠰᠢᠯᠭᠠᠯᠲᠠ ᠬᠢᠵᠦ ᠰᠤᠷᠤᠭᠴᠢ ᠡᠯᠰᠡᠬᠦ ᠳᠦᠷᠢᠮ ᠢ ᠦᠭᠡᠷᠡᠴᠢᠯᠡᠪᠡ᠃ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠪᠠ ᠡᠮᠨᠡᠯᠭᠡ ᠶᠢᠨ | ᠳᠠᠭᠠᠳᠬᠠᠯ ᠤᠨ ᠨᠢᠭᠡᠲᠦᠯᠲᠡᠢ ᠳᠦᠷᠢᠮ ᠢ ᠪᠠᠶᠢᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠨ ᠪᠠ | ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠨᠡᠶᠢᠯᠡᠭᠦᠯᠪᠡ᠃ ᠬᠡᠰᠡᠭ | ᠤᠯᠤᠰ ᠤᠨ ᠦᠮᠴᠢᠯᠡᠯ ᠤᠨ ᠬᠦᠷᠦᠩᠭᠡ ᠶᠢ ᠰᠠᠯᠭᠠᠨ ᠰᠢᠯᠵᠢᠬᠦᠯᠵᠦ ᠨᠡᠶᠢᠭᠡᠮ ᠤᠨ ᠪᠠᠳᠤᠯᠠᠭ᠎ᠠ ᠶᠢᠨ ᠰᠠᠭᠤᠷᠢ | ᠮᠦᠩᠬᠦ ᠶᠢ ᠲᠡᠭᠦᠯᠳᠡᠷᠵᠢᠭᠦᠯᠬᠦ ᠲᠦᠰᠦᠯ ᠢ ᠨᠡᠶᠢᠲᠡᠯᠡᠪᠡ᠃ ᠡᠮᠴᠢᠯᠡᠭᠡ᠂ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢ | ᠬᠤᠯᠪᠤᠯᠳᠤᠭᠤᠯᠬᠤ ᠦᠭᠡᠷᠡᠴᠢᠯᠡᠯᠲᠡ ᠶᠢ ᠬᠡᠷᠡᠭᠵᠢᠭᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠤᠷᠲᠤ ᠬᠤᠭᠤᠴᠠᠭ᠎ᠠ | ᠬᠡᠷᠡᠭᠵᠢᠭᠦᠯᠵᠦ ᠢᠷᠡᠭᠰᠡᠨ ᠡᠮ ᠤᠨ ᠵᠦᠢᠯ ᠤᠨ ᠨᠡᠮᠡᠬᠦᠷᠢ ᠶᠢᠨ ᠲᠦᠷᠦ ᠶᠢᠨ ᠪᠤᠳᠤᠯᠭ᠎ᠠ ᠶᠢ ᠬᠥᠴᠤᠨ ᠦᠭᠡᠢ ᠪᠤᠯᠭᠠᠵᠤ | ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ | ᠰᠢᠪᠳᠤᠯᠤᠯᠳᠠ ᠲᠠᠢ ᠪᠤᠯᠪᠠ᠃ ᠬᠦᠲᠡᠭᠡ ᠲᠤᠰᠬᠤᠨ ᠤ ᠳᠠᠭᠠᠭᠠᠴᠢᠯᠠᠯᠲᠠ ᠶᠢᠨ ᠭᠠᠵᠠᠷ ᠰᠢᠷᠤᠢ ᠶᠢᠨ ︽ᠭᠤᠷᠪᠠᠨ | ᠡᠷᠭᠡ︾ ᠶᠢ ᠰᠠᠯᠭᠠᠬᠤ ᠦᠭᠡᠷᠡᠴᠢᠯᠡᠯᠲᠡ ᠶᠢ ᠠᠬᠢᠭᠤᠯᠤᠨ᠂ ᠭᠠᠵᠠᠷ ᠰᠢᠷᠤᠢ ᠶᠢᠨ ᠡᠷᠭᠡ ᠶᠢ ᠨᠤᠲᠠᠯᠠᠨ | ᠳᠤᠭᠲᠠᠭᠠᠭᠰᠠᠨ ᠲᠠᠯᠠᠪᠠᠢ 80% ᠠᠴᠠ ᠳᠠᠪᠠᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠭᠦᠨ ᠢ ᠬᠤᠷᠢᠶᠠᠨ | ᠨᠦᠭᠡᠴᠡᠯᠡᠬᠦ ᠳᠦᠷᠢᠮ ᠢ ᠦᠭᠡᠷᠡᠴᠢᠯᠡᠪᠡ᠃ ᠪᠡᠶᠡᠴᠢ ᠴᠤᠭᠴᠠ ᠶᠢᠨ ᠴᠢᠳᠠᠮᠵᠢᠲᠤ ᠤᠷᠤᠨ ᠤ ᠳᠦᠷᠢᠮ ᠢ | ᠲᠡᠭᠦᠯᠳᠡᠷᠵᠢᠭᠦᠯᠦᠨ᠂ ᠠᠮᠢ ᠠᠬᠤᠢ ᠶᠢᠨ ᠪᠤᠯᠪᠠᠰᠤᠨ ᠤ ᠠᠮᠵᠢᠯᠳᠠ ᠪᠦᠲᠦᠮᠵᠢ ᠶᠢ ᠰᠢᠯᠭᠠᠨ ᠦᠨᠡᠯᠡᠬᠦ ᠪᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠭᠤᠤᠯ ᠤᠨ ᠳᠠᠷᠤᠭ᠎ᠠ ᠶᠢᠨ ᠳᠦᠷᠢᠮ᠂ ᠨᠠᠭᠤᠷ ᠤᠨ | ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠂ ᠮᠤᠵᠢ ᠶᠢᠨ ᠱᠠᠲᠤᠨ ᠠᠴᠠ ᠳᠤᠷᠤᠭᠰᠢᠬᠢ ᠤᠷᠴᠢᠨ ᠠᠬᠤᠢ ᠶᠢᠨ | ᠬᠠᠮᠠᠭᠠᠯᠠᠯᠲᠠ ᠶᠢᠨ ᠪᠠᠶᠢᠭᠤᠯᠤᠮᠵᠢ ᠳᠤ ᠡᠭᠴᠡ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠦᠭᠡᠷᠡᠴᠢᠯᠡᠯᠲᠡ ᠶᠢᠨ | ᠲᠤᠷᠰᠢᠯᠲᠠ ᠶᠢ ᠦᠷᠨᠢᠭᠦᠯᠪᠡ᠃ ᠡᠯ᠎ᠡ ᠬᠦᠷᠢᠶᠡᠨ ᠤ ᠦᠭᠡᠷᠡᠴᠢᠯᠡᠯᠲᠡ ᠶᠢᠨ ᠭᠦᠨᠵᠡᠭᠡᠶᠢᠷᠡᠯ ᠨᠢ ᠠᠵᠤ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠪᠠ᠃ | ︵ᠲᠠᠪᠤ︶ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠨ᠂ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠢ ᠬᠦᠴᠦᠯᠡᠨ ᠪᠡᠶᠡᠯᠡᠭᠦᠯᠵᠦ᠂ ᠨᠡᠭᠡᠭᠡᠯᠲᠡᠳᠦ ᠬᠡᠯᠪᠡᠷᠢ ᠶᠢᠨ ᠠᠵᠤ | ᠠᠬᠤᠢ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠠᠶᠢᠭᠤᠯᠬᠤ ᠶᠢ ᠰᠠᠨᠠᠭᠠᠴᠢᠯᠠᠨ ᠠᠬᠢᠭᠤᠯᠵᠤ᠂ ᠠᠽᠢᠶ᠎ᠠ ᠲᠢᠪ ᠤᠨ ᠰᠠᠭᠤᠷᠢ ᠪᠡᠯᠡᠳᠭᠡᠮᠵᠢ ᠶᠢᠨ ᠪᠡᠯᠡ | ᠤᠷᠤᠭᠤᠯᠤᠯᠳᠠ ᠶᠢᠨ ᠪᠠᠩᠬᠢ ᠶᠢ ᠡᠭᠦᠰᠭᠡᠨ ᠪᠠᠶᠢᠭᠤᠯᠵᠦ᠂ ᠲᠤᠷᠭᠠᠨ ᠵᠠᠮ ᠤᠨ ᠰᠠᠭᠤᠷᠢ ᠮᠦᠩᠬᠦ ᠶᠢ ᠪᠠᠶᠢᠭᠤᠯᠤᠨ᠂ | ᠬᠤᠯᠪᠣᠯᠳᠤᠭᠤᠯᠤᠨ ᠨᠡᠪᠲᠡᠷᠡᠬᠦᠯᠬᠦ ᠪᠠ ᠠᠵᠤ ᠠᠬᠤᠢ ᠠᠷᠠᠯᠵᠢᠶᠠᠨ ᠤ ᠬᠠᠮᠲᠤᠷᠠᠨ ᠠᠵᠢᠯᠯᠠᠬᠤ ᠨᠢᠭᠡ ᠪᠦᠯᠦᠭ | ᠴᠢᠬᠤᠯᠠ ᠶᠡᠭᠡ ᠵᠦᠢᠯᠡᠰ ᠢ ᠪᠤᠳᠠᠳᠠᠢ ᠬᠡᠷᠡᠭᠵᠢᠭᠦᠯᠪᠡ᠃ ᠱᠠᠩᠬᠠᠢ ᠵᠡᠷᠭᠡ ᠮᠤᠵᠢ ᠬᠤᠲᠠ ᠳᠤ 11 ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠤᠷᠤᠨ ᠢ ᠪᠠᠶᠢᠭᠤᠯᠵᠤ᠂ ᠨᠢᠭᠡ ᠪᠦᠯᠦᠭ ᠦᠭᠡᠷᠡᠴᠢᠯᠡᠯᠲᠡ ᠶᠢᠨ ᠲᠤᠷᠰᠢᠯᠲᠠ ᠶᠢᠨ | ᠦᠷ᠎ᠡ ᠪᠦᠲᠦᠭᠡᠯ ᠢ ᠪᠦᠬᠦ ᠤᠯᠤᠰ ᠲᠤ ᠳᠡᠯᠭᠡᠷᠡᠭᠦᠯᠪᠡ᠃ ᠭᠠᠳᠡᠭᠠᠳᠤ ᠭᠠᠷᠭᠠᠯᠲᠠ ᠶᠢᠨ ᠭᠠᠶᠢᠯᠢ ᠶᠢ ᠪᠤᠴᠡᠭᠠᠬᠤ | ᠡᠭᠦᠷᠭᠡᠯᠡᠯ ᠤᠨ ᠲᠤᠭᠳᠡᠴᠡ ᠶᠢ ᠦᠬᠡᠷᠡᠴᠢᠯᠡᠨ᠂ ᠭᠠᠶᠢᠯᠢ ᠶᠢᠨ ᠪᠤᠴᠠᠭᠠᠯᠳᠠ ᠶᠢᠨ ᠨᠡᠮᠡᠭᠳᠡᠯ ᠬᠡᠮᠵᠢᠶ᠎ᠡ ᠶᠢ ᠪᠦᠭᠦᠳᠡ ᠶᠢ | ᠲᠦᠪ ᠤᠨ ᠡᠳ᠋ ᠤᠨ ᠵᠠᠰᠠᠭ ᠠᠴᠠ ᠡᠭᠦᠷᠭᠡᠯᠡᠵᠦ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢᠨ 13 | ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠢ ᠪᠠᠶᠢᠭᠤᠯᠤᠨ᠂ ᠤᠯᠠᠨ ᠤᠯᠤᠰ ᠤᠨ ᠠᠷᠠᠯᠵᠢᠶᠠᠨ ᠤ ︽ᠨᠢᠭᠡ ᠯᠡ | ᠴᠤᠩᠬᠤ︾ ᠶᠢᠨ ᠠᠵᠢᠯᠯᠠᠬᠤ ᠠᠷᠭ᠎ᠠ ᠶᠢ ᠪᠦᠬᠦ ᠤᠯᠤᠰ ᠲᠤ ᠬᠡᠷᠡᠭᠵᠢᠭᠦᠯᠵᠦ᠂ ᠡᠳ᠋ ᠪᠠᠷᠠᠭᠠᠨ ᠤ ᠪᠤᠭᠤᠮᠲᠠ | ᠦᠩᠭᠡᠷᠡᠬᠦ ᠴᠠᠭ ᠢ ᠳᠤᠮᠳᠠᠴᠢ ᠪᠠᠷ ᠬᠠᠭᠠᠰ ᠠᠴᠠ ᠳᠡᠭᠡᠭᠰᠢ ᠪᠤᠭᠤᠨᠢᠰᠬᠠᠨ᠂ ᠭᠠᠳᠠᠭᠠᠳᠤ ᠤᠷᠤᠭᠤᠯᠤᠯᠲᠠ ᠪᠠ | ᠭᠠᠳᠠᠭᠠᠳᠤ ᠭᠠᠷᠭᠠᠯᠳᠠ ᠶᠢ ᠲᠤᠭᠲᠠᠪᠤᠷᠢᠵᠢᠭᠤᠯᠤᠨ ᠰᠠᠶᠢᠵᠢᠷᠠᠭᠤᠯᠪᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠤᠷᠤᠭᠤᠯᠤᠯᠲᠠ ᠳᠤ ᠬᠢᠨᠠᠠ ᠵᠦᠪᠰᠢᠶᠡᠷᠡᠬᠦ ᠳᠦᠷᠢᠮ ᠬᠡᠷᠡᠭᠵᠢᠭᠦᠯᠵᠦ ᠪᠠᠶᠢᠭᠰᠠᠨ ᠢ ᠨᠠᠵᠠᠭᠠᠢ ᠲᠠᠯ᠎ᠠ ᠶᠢᠨ ᠳᠤᠳᠤᠷᠬᠠᠢ | ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠪᠤᠯᠭᠠᠨ ᠬᠤᠪᠢᠷᠠᠭᠤᠯᠵᠤ᠂ ᠬᠢᠵᠠᠭᠠᠷᠯᠠᠬᠤ ᠴᠢᠨᠠᠷᠲᠠᠢ ᠠᠷᠭ᠎ᠠ | ᠬᠡᠮᠵᠢᠶ᠎ᠡ ᠶᠢ 2/3 ᠢᠶᠠᠷ ᠬᠠᠰᠤᠪᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠬᠤ ᠪᠦᠲᠦᠴᠡ ᠶᠢ | ᠰᠢᠯᠢᠳᠡᠭᠵᠢᠭᠦᠯᠦᠨ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠨᠢᠬᠡ ᠳᠠᠬᠢᠨ ᠢᠶᠠᠷ | ᠳᠡᠭᠡᠭᠰᠢᠯᠡᠪᠡ᠃ ᠤᠶᠤᠨ ᠮᠡᠲᠡᠯᠭᠡ ᠤᠷᠤᠭᠤᠯᠵᠤ ᠠᠪᠴᠢᠷᠠᠬᠤ ᠡᠷᠴᠢᠮ ᠢ ᠴᠢᠩᠭᠠᠷᠠᠭᠤᠯᠤᠨ᠂ ᠳᠤᠮᠳᠠᠳᠤ ᠤᠯᠤᠰ ᠲᠤ | ᠢᠷᠡᠵᠦ ᠠᠵᠢᠯᠯᠠᠬᠤ ᠭᠠᠳᠠᠭᠠᠳᠤ ᠶᠢᠨ ᠲᠤᠰᠬᠠᠢ ᠮᠡᠷᠭᠡᠵᠢᠯᠲᠡᠨ 40% ᠪᠠᠷ ᠨᠡᠮᠡᠭᠳᠡᠪᠡ᠃ ᠭᠠᠳᠠᠭᠠᠳᠤ ᠪᠡᠯᠡ | ᠤᠷᠤᠭᠤᠯᠤᠯᠲᠠ ᠶᠢ ᠬᠦᠲᠦᠯᠦᠨ ᠵᠢᠯᠤᠭᠤᠳᠴᠤ ᠡᠷᠡᠭᠦᠯ ᠢᠶᠠᠷ ᠬᠦᠭᠵᠢᠭᠦᠯᠪᠡ᠃ ᠤᠯᠠᠨ ᠤᠯᠤᠰ ᠤᠨ | ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭ᠎ᠠ ᠶᠢ ᠠᠬᠢᠭᠤᠯᠤᠨ᠂ ᠳᠡᠭᠡᠳᠦ ᠬᠤᠷᠳᠤᠴᠠᠲᠤ ᠲᠡᠮᠦᠷ ᠵᠠᠮ᠂ | ᠴᠦᠮ᠎ᠡ ᠶᠢᠨ ᠴᠠᠬᠢᠯᠭᠠᠨ ᠵᠡᠷᠭᠡ ᠲᠤᠨᠤᠭᠯᠠᠯ ᠢ ᠳᠡᠯᠡᠬᠡᠢ ᠳᠤ ᠭᠠᠷᠭᠠᠬᠤ ᠪᠤᠯᠪᠠ᠃ 8 ᠴᠢᠯᠦᠭᠡᠲᠦ ᠠᠷᠠᠯᠵᠢᠶᠠᠨ ᠤ | ᠬᠡᠯᠡᠯᠴᠡᠭᠡᠷ ᠢ ᠰᠢᠨ᠎ᠡ ᠪᠠᠷ ᠲᠤᠭᠲᠠᠭᠠᠭᠰᠠᠨ ᠪᠠ ᠳᠡᠰ ᠢ ᠨᠢ ᠳᠡᠪᠰᠢᠭᠦᠯᠪᠡ᠃ ᠱᠠᠩᠬᠠᠢ ᠪᠤᠯᠤᠨ ᠰᠢᠶᠠᠩᠭᠠᠩ ᠤᠨ | ᠰᠲ᠋ᠤᠺ ᠤᠨ ᠵᠠᠬ᠎ᠠ ᠲᠡᠯᠬᠡᠬᠦᠷ ᠢ ᠨᠡᠪᠲᠡᠷᠡᠬᠦᠯᠬᠦ᠂ ᠱᠧᠨᠵᠧᠨ ᠪᠤᠯᠤᠨ ᠰᠢᠶᠠᠩᠭᠠᠩ ᠤᠨ ᠰᠲ᠋ᠣᠺ ᠤᠨ ᠵᠠᠬ᠎ᠠ ᠲᠡᠯᠭᠡᠭᠦᠷ ᠢ | ᠨᠡᠪᠳᠡᠷᠡᠭᠦᠯᠬᠦ᠂ ᠵᠢᠭᠡᠯᠡᠯᠭᠡ ᠶᠢᠨ ᠲᠡᠮᠳᠡᠭᠲᠦ ᠶᠢ ᠨᠡᠪᠲᠡᠷᠡᠭᠦᠯᠬᠦ ᠠᠵᠢᠯ ᠢ ᠵᠠᠯᠭᠠᠭ᠎ᠠ ᠪᠠᠷ ᠡᠬᠢᠯᠡᠭᠦᠯᠵᠦ᠂ ᠠᠷᠠᠳ ᠤᠨ | ᠵᠤᠭᠤᠰ ᠤᠯᠠᠨ ᠤᠯᠤᠰ ᠤᠨ ᠵᠤᠭᠤᠰ ᠤᠨ ᠰᠠᠭᠤᠷᠢ ᠮᠦᠩᠭᠦ ᠶᠢᠨ ᠵᠤᠬᠢᠶᠠᠨ ᠪᠠᠶᠢᠭᠤᠯᠤᠯᠲᠠ ᠶᠢᠨ ᠤᠨᠴᠠᠭᠠᠢ ᠵᠤᠭᠤᠰ | ᠭᠠᠷᠭᠠᠵᠤ ᠠᠪᠬᠤ ᠡᠷᠬᠡ ᠪᠦᠬᠦᠢ ᠵᠤᠭᠤᠰ ᠤᠨ ᠳᠦᠷᠦᠯ ᠳᠤ ᠤᠷᠤᠵᠤ᠂ ᠠᠷᠠᠳ ᠤᠨ ᠵᠤᠭᠤᠰ ᠤᠨ ᠤᠯᠠᠨ | ᠤᠯᠤᠰᠴᠢᠯᠠᠯᠲᠠ ᠴᠢᠬᠤᠯᠠ ᠠᠯᠬᠤᠮ ᠢ ᠠᠯᠬᠤᠪᠠ᠃ ᠳᠤᠮᠳᠠᠳᠤ ᠤᠯᠤᠰ ᠤᠨ ᠨᠡᠭᠡᠭᠡᠯᠲᠡ ᠶᠢᠨ ᠦᠷᠬᠡᠵᠢᠭᠰᠡᠨ ᠨᠢ | ᠲᠤᠰ ᠪᠡᠶ᠎ᠡ ᠶᠢᠨ ᠬᠦᠭᠵᠢᠯᠲᠡ ᠪᠠᠨ ᠬᠦᠴᠦᠲᠡᠢ ᠠᠬᠢᠭᠤᠯᠬᠤ ᠶᠢᠨ ᠬᠠᠮᠲᠤ ᠳᠡᠯᠡᠬᠡᠢ ᠳ᠋ᠠᠬᠢᠨ ᠳᠤ ᠴᠤ ᠴᠢᠬᠤᠯᠠ ᠶᠡᠭᠡ | ᠳᠤᠬᠢᠶᠠᠯ ᠢ ᠤᠯᠭᠤᠪᠠ᠃ | ︵ᠵᠢᠷᠭᠤᠭ᠎ᠠ︶ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ ᠪᠠ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠲᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠨ᠂ ᠲᠡᠩᠴᠡᠭᠦᠷᠢᠲᠡᠢ ᠬᠦᠭᠵᠢᠯᠲᠡ ᠶᠢ | ᠬᠦᠴᠦᠯᠡᠨ ᠠᠬᠢᠭᠤᠯᠵᠤ᠂ ᠰᠢᠨ᠎ᠡ ᠨᠡᠮᠡᠭᠳᠡᠯ ᠤᠨ ᠲᠦᠢᠯ ᠪᠠ ᠨᠡᠮᠡᠭᠳᠡᠯ ᠤᠨ ᠪᠦᠰᠡ ᠶᠢ ᠲᠦᠷᠭᠡᠯᠡᠨ ᠪᠤᠶᠢᠵᠢᠭᠤᠯᠪᠠ᠃ | ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠦᠭᠵᠢᠯᠲᠡ ᠪᠠ ᠬᠦᠬᠡᠮᠦ᠋ᠷᠡᠨ ᠤ ᠠᠵᠤ ᠠᠬᠤᠢ ᠶᠢᠨ | ᠪᠦᠰᠡ ᠶᠢᠨ ᠬᠦᠭᠵᠢᠯᠲᠡ ᠶᠢ ᠢᠳᠡᠪᠬᠢᠲᠡᠢ ᠠᠬᠢᠭᠤᠯᠵᠤ᠂ ᠬᠤᠯᠪᠤᠭᠳᠠᠯ ᠪᠦᠬᠦᠢ ᠲᠦᠯᠦᠪᠵᠢᠭᠦᠯᠭᠡ ᠶᠢ ᠨᠠᠶᠢᠷᠠᠭᠤᠯᠤᠨ | ᠵᠤᠬᠢᠶᠠᠵᠤ ᠬᠡᠷᠡᠭᠵᠢᠭᠦᠯᠦᠨ᠂ ᠨᠢᠭᠡ ᠪᠦᠯᠦᠭ ᠭᠤᠤᠯᠳᠠᠯᠭ᠎ᠠ ᠲᠠᠢ ᠵᠦᠢᠯᠡᠰ ᠢ ᠪᠦᠲᠦᠭᠡᠨ ᠪᠠᠶᠢᠭᠤᠯᠪᠠ᠃ ᠪᠠᠷᠠᠭᠤᠨ | ᠬᠡᠰᠡᠭ ᠤᠨ ᠭᠠᠵᠠᠷ ᠤᠷᠤᠨ ᠢ ᠨᠡᠭᠡᠭᠡᠨ ᠬᠦᠭᠵᠢᠭᠦᠯᠬᠦ᠂ ᠵᠡᠭᠦᠨ ᠬᠤᠶᠢᠲᠤ ᠤᠷᠤᠨ ᠢ ᠬᠦᠭᠵᠢᠭᠦᠯᠦᠨ ᠮᠠᠨᠳᠤᠭᠤᠯᠬᠤ᠂ | ᠳᠤᠮᠳᠠ ᠬᠡᠰᠡᠭ ᠤᠨ ᠭᠠᠵᠠᠷ ᠤᠷᠤᠨ ᠢ ᠬᠦᠭᠵᠢᠭᠦᠯᠬᠦ᠂ ᠵᠡᠬᠦᠨ ᠬᠡᠰᠡᠭ ᠤᠨ ᠭᠠᠵᠠᠷ ᠤᠷᠤᠨ ᠢ ᠤᠷᠢᠳ ᠢᠶᠠᠷ | ᠬᠦᠭᠵᠢᠬᠦᠯᠬᠦ ᠶᠢ ᠠᠬᠢᠭᠤᠯᠬᠤ ᠠᠯᠢ ᠤᠯᠠᠨ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ | ᠨᠡᠶᠢᠲᠡᠯᠡᠪᠡ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠤᠷᠤᠨ᠂ ᠬᠢᠯᠢ | ᠬᠢᠵᠠᠭᠠᠷ ᠤᠷᠤᠨ᠂ ᠶᠠᠳᠠᠭᠤ ᠬᠦᠴᠢᠷᠳᠡᠯᠲᠠᠢ ᠭᠠᠵᠠᠷ ᠤᠷᠤᠨ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ | ᠲᠦᠪᠡᠳ ᠢ ᠲᠤᠰᠠᠯᠠᠬᠤ ᠰᠢᠨᠵᠢᠶᠠᠩ ᠢ ᠲᠤᠰᠠᠯᠠᠬᠤ ᠬᠦᠬᠡᠨᠠᠭᠤᠷ ᠢ ᠲᠤᠰᠠᠯᠠᠬᠤ ᠠᠵᠢᠯ ᠢ ᠴᠢᠩᠭᠠᠳᠬᠠᠪᠠ᠃ ᠳᠠᠯᠠᠢ | ᠲᠠᠩᠬᠢᠰ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ᠃ | ᠭᠤᠤᠯᠳᠠᠯᠭ᠎ᠠ ᠲᠠᠢ ᠬᠤᠳᠠ ᠶᠢᠨ ᠪᠦᠭᠡᠮᠨᠡᠷᠡᠯ ᠤᠨ ᠲᠦᠯᠦᠪᠵᠢᠭᠦᠯᠭᠡ ᠶᠢ ᠬᠡᠷᠡᠭᠵᠢᠭᠦᠯᠦᠨ᠂ ᠲᠤᠮᠤ ᠳᠤᠮᠳᠠ ᠵᠢᠵᠢᠭ | ᠬᠤᠳᠠ ᠪᠠ ᠵᠢᠵᠢᠭ ᠬᠤᠳᠠ ᠪᠠᠯᠭᠠᠰᠤᠨ ᠤ ᠵᠤᠬᠢᠴᠠᠩᠭᠤᠢ ᠬᠦᠭᠵᠢᠯᠲᠡ ᠶᠢ ᠠᠬᠢᠭᠤᠯᠪᠠ᠃ ᠵᠤᠩᠬᠢᠯᠠᠬᠤ ᠤᠯᠠᠩᠬᠢ | ᠬᠤᠳᠠ ᠳᠤ ᠡᠷᠦᠬᠡ ᠠᠮᠠ ᠤᠷᠤᠬᠤ ᠬᠢᠵᠠᠭᠠᠷᠯᠠᠯ ᠢ ᠠᠭᠤᠵᠢᠮ ᠪᠤᠯᠭᠠᠵᠤ᠂ ᠤᠷᠤᠰᠢᠨ ᠰᠠᠭᠤᠬᠤ ᠦᠨᠡᠮᠯᠡᠯ ᠤᠨ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠪᠠᠶᠢᠩᠭᠤ ᠰᠠᠭᠤᠭ᠎ᠠ ᠬᠦᠮᠦᠨ ᠠᠮᠠ ᠳᠤ ᠨᠡᠶᠢᠳᠡᠮ ᠬᠠᠩᠭᠠᠪᠠ᠃ ᠬᠤᠳᠠ ᠬᠦᠳᠡᠭᠡ ᠤᠷᠤᠨ | ᠪᠦᠰᠡ ᠶᠢᠨ ᠬᠦᠭᠵᠢᠯᠲᠡ ᠶᠢᠨ ᠵᠤᠬᠢᠴᠠᠯᠲᠤ ᠴᠢᠨᠠᠷ ᠢᠯᠡᠳᠲᠡ ᠴᠢᠩᠭᠠᠷᠠᠪᠠ᠃ | ︵ᠳᠤᠯᠤᠭ᠎ᠠ︶ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ | ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ | ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠡᠳ᠋ ᠤᠨ ᠬᠦᠴᠦᠨ ᠬᠦᠷᠦᠯᠴᠡᠬᠦ ᠦᠭᠡᠢ ᠪᠠᠶᠢᠳᠠᠯ ᠳᠤᠤᠷ᠎ᠠ᠂ | ᠠᠷᠠᠳ ᠤᠨ ᠠᠮᠢᠳᠤᠷᠠᠯ ᠳᠤ ᠤᠷᠤᠭᠤᠯᠬᠤ ᠤᠷᠤᠭᠤᠯᠤᠯᠲᠠ ᠶᠢ ᠦᠷᠭᠦᠯᠵᠢᠯᠡᠨ ᠨᠡᠮᠡᠭᠳᠡᠭᠦᠯᠪᠡ᠃ ᠲᠤᠶᠢᠯ ᠤᠨ | ᠤᠨᠤᠪᠴᠢᠲᠠᠢ ᠪᠠᠷ ᠶᠠᠳᠠᠭᠤ ᠶᠢ ᠲᠡᠳᠬᠦᠵᠦ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ | ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠲᠦᠪ ᠠᠴᠠ ᠨᠢᠭᠡᠲᠦᠯᠲᠡᠢ ᠲᠦᠯᠦᠪᠯᠡᠬᠦ᠂ ᠮᠤᠵᠢ ᠠᠴᠠ ᠶᠡᠷᠦᠩᠬᠡᠢ ᠳᠤᠨᠢ | ᠬᠠᠷᠢᠭᠤᠴᠠᠬᠤ᠂ ᠬᠤᠳᠠ ᠰᠢᠶᠠᠨ ᠠᠴᠠ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠲᠤᠭᠲᠠᠴᠠ ᠶᠢ | ᠪᠦᠷᠢᠨᠰᠢᠭᠦᠯᠦᠨ᠂ ᠲᠦᠪ ᠤᠨ ᠡᠳ᠋ ᠤᠨ ᠵᠠᠰᠠᠭ ᠠᠴᠠ ᠲᠠᠪᠤᠨ ᠵᠢᠯ ᠳᠤ 2800 ᠭᠠᠷᠤᠢ ᠳ᠋ᠦᠩᠰᠢᠭᠤᠷ | ᠲᠦᠭᠦᠷᠢᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠭᠠᠷᠭᠠᠪᠠ᠃ ᠢᠳᠡᠪᠬᠢᠲᠡᠢ ᠠᠵᠢᠯ ᠤᠯᠭᠤᠯᠲᠠ ᠶᠢᠨ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠶᠢ ᠨᠡᠯᠢᠶᠡᠳ | ᠰᠠᠶᠢᠨ ᠪᠠᠲᠤᠯᠠᠪᠠ᠃ ᠰᠤᠷᠭᠠᠨ ᠬᠦᠮᠦᠵᠢᠯ ᠢ ᠤᠷᠢᠳ ᠢᠶᠠᠷ ᠬᠦᠭᠵᠢᠭᠦᠯᠬᠦ ᠶᠢ ᠪᠠᠷᠢᠮᠲᠠᠯᠠᠨ᠂ ᠡᠳ᠋ ᠤᠨ ᠵᠠᠰᠠᠭ ᠤᠨ | ᠴᠢᠨᠠᠷᠲᠠᠢ ᠰᠤᠷᠭᠠᠨ ᠬᠦᠮᠦᠵᠢᠯ ᠤᠨ ᠵᠠᠷᠤᠳᠠᠯ ᠤᠨ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠪᠦᠬᠦ | ᠦᠷᠲᠡᠭ ᠲᠤ ᠡᠵᠡᠯᠡᠬᠦ ᠬᠠᠷᠢᠴᠠᠯ ᠦᠷᠭᠦᠯᠵᠢᠯᠡᠨ 4% ᠶᠢ ᠲᠠᠪᠠᠪᠠ᠃ ᠬᠦᠳᠡᠭᠡ ᠲᠤᠰᠬᠤᠨ ᠤ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ | ᠬᠦᠳᠡᠭᠡ ᠲᠤᠰᠬᠤᠨ ᠤ ᠪᠠᠭᠰᠢ ᠶᠢᠨ ᠬᠠᠷᠠᠭᠠᠯᠵᠠᠯ ᠢ ᠳᠡᠭᠡᠭᠰᠢᠯᠡᠭᠦᠯᠵᠦ᠂ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠦᠯᠦᠪᠯᠡᠭᠡ ᠨᠢ ᠬᠦᠳᠡᠭᠡ ᠲᠤᠰᠬᠤᠨ ᠤ 3600 ᠭᠠᠷᠤᠢ ᠲᠦᠮᠡᠨ ᠰᠤᠷᠤᠭᠴᠢ ᠳᠤ ᠠᠰᠢᠭ ᠬᠦᠷᠲᠡᠭᠡᠪᠡ᠃ | ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ ᠶᠢ ᠡᠬᠢᠯᠡᠭᠦᠯᠪᠡ᠃ ᠭᠤᠤᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠲᠤᠰᠬᠠᠢ ᠡᠯᠰᠡᠬᠦ ᠬᠦᠲᠡᠭᠡ | ᠲᠤᠰᠬᠤᠨ ᠤ ᠪᠠ ᠶᠠᠲᠠᠭᠤ ᠬᠦᠴᠢᠷᠳᠡᠯᠲᠠᠢ ᠭᠠᠵᠠᠷ ᠤᠷᠤᠨ ᠤ ᠰᠤᠷᠤᠭᠴᠢᠳ ᠤᠨ ᠲᠤᠭ᠎ᠠ 1 ᠲᠦᠮᠨ | ᠪᠠᠶᠢᠭᠰᠠᠨ ᠠᠴᠠ ᠪᠠᠨ 10 ᠲᠦᠮᠨ ᠪᠤᠯᠲᠠᠯ᠎ᠠ ᠨᠡᠮᠡᠭᠳᠡᠪᠡ᠃ ᠡᠯ᠎ᠡ ᠲᠦᠷᠦᠯ ᠤᠨ ᠰᠤᠷᠭᠠᠭᠤᠯᠢ ᠶᠢᠨ ᠭᠡᠷ ᠤᠨ | ᠠᠮᠢᠳᠤᠷᠠᠯ ᠨᠢ ᠬᠦᠴᠢᠷᠲᠡᠢ ᠰᠤᠷᠤᠭᠴᠢᠳ ᠢ ᠲᠡᠳᠬᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ 4.3 | ᠳ᠋ᠦᠩᠰᠢᠭᠤᠷ ᠬᠦᠮᠦᠨ ᠤᠳᠠᠭ᠎ᠠ ᠠᠰᠢᠭ ᠬᠦᠷᠲᠡᠪᠡ᠃ ᠬᠦᠳᠡᠯᠮᠦᠷᠢᠯᠡᠬᠦ ᠨᠠᠰᠤᠨ ᠤ ᠬᠦᠮᠦᠨ ᠠᠮᠠ ᠶᠢᠨ ᠰᠤᠷᠭᠠᠨ | ᠬᠦᠮᠦᠵᠢᠯ ᠬᠦᠷᠲᠡᠬᠦ ᠳᠤᠮᠳᠠᠴᠢ ᠵᠢᠯ ᠬᠤᠭᠤᠴᠠᠭ᠎ᠠ ᠶᠢ 10.5 ᠵᠢᠯ ᠪᠤᠯᠲᠠᠯ᠎ᠠ ᠳᠡᠭᠡᠭᠰᠢᠯᠡᠭᠦᠯᠪᠡ᠃ ᠰᠠᠭᠤᠭᠠᠯᠢ | ᠠᠷᠠᠳ ᠤᠨ ᠡᠮᠨᠡᠯᠭᠡ ᠶᠢᠨ ᠦᠨᠳᠦᠰᠦᠨ ᠳᠠᠭᠠᠳᠬᠠᠯ ᠳᠤ ᠤᠯᠭᠤᠬᠤ ᠬᠦᠮᠦᠨ ᠳᠤᠮᠳᠠᠴᠢ ᠶᠢᠨ ᠡᠳ᠋ ᠤᠨ ᠵᠠᠰᠠᠭ ᠤᠨ | ᠨᠦᠬᠦᠪᠦᠷᠢ ᠶᠢᠨ ᠪᠠᠷᠢᠮᠵᠢᠶ᠎ᠠ ᠶᠢ 240 ᠲᠦᠭᠦᠷᠢᠭ ᠪᠠᠶᠢᠭᠰᠠᠨ ᠠᠴᠠ 450 ᠲᠦᠭᠦᠷᠢᠭ ᠪᠤᠯᠲᠠᠯ᠎ᠠ ᠳᠡᠭᠡᠭᠰᠢᠯᠡᠭᠦᠯᠦᠨ᠂ | ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠨᠢᠬᠡᠨᠳᠠ 1700 ᠭᠠᠷᠤᠢ | ᠲᠦᠮᠡᠨ ᠬᠦᠮᠦᠨ ᠤᠳᠠᠭ᠎ᠠ ᠠᠰᠢᠭ ᠬᠦᠷᠲᠡᠨ᠂ ᠤᠨᠳᠤᠤ ᠭᠠᠵᠠᠷ ᠲᠤ ᠡᠮᠨᠡᠬᠦᠯᠦᠭᠡᠳ ᠡᠮᠨᠡᠯᠭᠡ ᠳᠤ ᠰᠠᠭᠤᠭᠰᠠᠨ | ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠪᠡᠶᠡᠯᠡᠭᠦᠯᠵᠤ᠂ ᠱᠠᠲᠤ ᠬᠤᠪᠢᠶᠠᠨ ᠤᠨᠤᠰᠢᠯᠠᠨ ᠡᠮᠨᠡᠬᠦ ᠪᠠ | ᠡᠮᠴᠢᠯᠡᠭᠡᠨ ᠤ ᠬᠤᠯᠪᠤᠭᠠᠳᠤ ᠴᠤᠭᠴᠠ ᠶᠢᠨ ᠪᠠᠶᠢᠭᠤᠯᠤᠯᠳᠡ ᠶᠢ ᠲᠦᠷᠭᠡᠯᠡᠨ ᠠᠬᠢᠭᠤᠯᠪᠠ᠃ ᠠᠵᠢᠯ ᠠᠴᠠ ᠪᠠᠨ | ᠪᠠᠭᠤᠵᠤ ᠠᠮᠠᠷᠠᠭᠰᠠᠨ ᠬᠦᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠬᠦ ᠶᠢ ᠦᠷᠬᠦᠯᠵᠢᠯᠡᠨ | ᠵᠤᠬᠢᠰᠳᠠᠢ ᠪᠠᠷ ᠦᠰᠬᠡᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠠᠰᠠᠷᠠᠮᠵᠢ ᠬᠠᠷᠠᠭᠠᠯᠵᠠᠯ ᠵᠡᠷᠭᠡ ᠶᠢᠨ | ᠪᠠᠷᠢᠮᠵᠢᠶ᠎ᠠ ᠶᠢ ᠳᠡᠬᠡᠭᠰᠢᠯᠡᠬᠦᠯᠵᠦ᠂ ᠨᠠᠶᠢᠬᠡᠮ ᠤᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠪᠠ ᠤᠨᠴᠠᠭᠠᠢ ᠬᠦᠴᠢᠷᠳᠡᠯ ᠲᠠᠢ 6000 | ᠲᠦᠮᠡ ᠰᠢᠬᠠᠮ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠭ᠎ᠠ ᠲᠠᠢ ᠪᠤᠯᠭᠠᠪᠠ᠃ ᠠᠮᠢᠳᠤᠷᠠᠯ ᠨᠢ | ᠬᠦᠴᠢᠷᠲᠡᠯ ᠲᠠᠢ ᠵᠡᠮᠳᠡᠭᠴᠤᠳ ᠪᠠ ᠬᠦᠨᠳᠦ ᠲᠡᠰ ᠤᠨ ᠵᠡᠮᠳᠡᠭᠴᠤᠳ ᠲᠤ ︽ᠬᠤᠶᠠᠷ ᠵᠦᠢᠯ ᠤᠨ ᠨᠦᠬᠦᠪᠦᠷᠢ︾ | ᠤᠯᠭᠤᠬᠤ ᠳᠦᠷᠢᠮ ᠢ ᠪᠠᠶᠢᠭᠤᠯᠤᠨ᠂ 2100 ᠭᠠᠷᠤᠢ ᠲᠦᠮᠡᠨ ᠬᠦᠮᠦᠨ ᠳᠤ ᠠᠰᠢᠭ ᠬᠦᠷᠲᠡᠭᠡᠪᠡ᠃ ᠨᠠᠶᠢᠳᠡᠮ | ᠬᠤᠶᠠᠷ ᠬᠡᠣᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠦᠨᠳᠦᠰᠦᠨ ᠱᠠᠲᠤᠨ ᠤ ᠣᠯᠠᠨ | ᠨᠡᠶᠢᠲᠡ ᠶᠢᠨ ᠰᠤᠶᠤᠯ ᠤᠨ ᠦᠢᠯᠡᠴᠢᠯᠡᠭᠡ ᠶᠢ ᠴᠢᠩᠭᠠᠳᠬᠠᠵᠤ᠂ ᠰᠤᠶᠤᠯ ᠤᠨ ᠦᠢᠯᠡᠰ ᠢ ᠲᠦᠷᠭᠡᠳᠭᠡᠨ | ᠬᠦᠭᠵᠢᠭᠦᠯᠵᠦ᠂ ᠰᠤᠶᠤᠯ ᠤᠨ ᠠᠵᠤ ᠦᠢᠯᠡᠰ ᠵᠢᠯ ᠪᠦᠷᠢ ᠳᠤᠮᠳᠠᠴᠢ ᠪᠠᠷ 13% ᠠᠴᠠ ᠳᠡᠭᠡᠭᠰᠢ ᠨᠡᠮᠡᠭᠳᠡᠪᠡ᠃ | ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ | ᠲᠠᠮᠢᠷᠴᠢᠳ ᠵᠤᠷᠢᠭᠳᠠᠢ ᠪᠠᠷ ᠰᠢᠯᠢᠳᠡᠭ ᠪᠦᠳᠤᠮᠵᠢ ᠶᠢ ᠡᠬᠦᠳᠪᠠ᠃ | ︵ᠨᠠᠢᠮᠠ︶ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠦᠭᠵᠢᠬᠦ ᠶᠢ ᠪᠠᠷᠢᠮᠲᠠᠯᠠᠨ᠂ ᠤᠷᠴᠢᠨ | ᠠᠬᠤᠢ ᠶᠢᠨ ᠪᠤᠬᠢᠷᠲᠤᠯ ᠢ ᠬᠦᠴᠦᠯᠡᠨ ᠵᠠᠰᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠢᠯᠡᠷᠬᠡᠢ | ᠠᠮᠵᠢᠯᠲᠠ ᠪᠦᠲᠦᠮᠵᠢ ᠤᠯᠪᠠ᠃ ᠬᠦᠭᠡ ᠠᠭᠤᠯᠠ ᠬᠦᠭᠡᠮᠳᠦᠭ ᠤᠰᠤ ᠪᠤᠯ ᠳᠠᠷᠤᠢ ᠠᠯᠳᠠᠨ ᠠᠭᠤᠯᠠ ᠮᠦᠩᠭᠦᠨ | ᠬᠠᠶᠢᠷᠬᠠᠨ ᠮᠦᠨ ᠬᠡᠬᠦ ᠤᠨᠤᠯᠵᠢᠬᠤᠨ ᠢ ᠪᠤᠢ ᠪᠤᠯᠭᠠᠨ᠂ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠤᠷᠢᠭ ᠪᠠ | ᠡᠷᠴᠢᠮ ᠢᠶᠠᠷ ᠠᠮᠢ ᠠᠬᠤᠢ ᠶᠢᠨ ᠤᠷᠴᠢᠨ ᠨᠦᠬᠦᠴᠡᠯ ᠤᠨ ᠬᠠᠮᠠᠭᠠᠯᠠᠯᠲᠠ ᠶᠢ ᠴᠢᠩᠭᠠᠳᠬᠠᠪᠠ᠃ ᠠᠭᠠᠷ ᠮᠠᠨᠳᠠᠯ ᠤᠨ | ᠪᠤᠬᠢᠷᠲᠤᠯ ᠢ ᠬᠦᠴᠦᠳᠠᠢ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠭᠠᠵᠠᠷ ᠤᠷᠤᠨ ᠤ ᠵᠢᠵᠢᠭ ᠮᠦᠬᠦᠯᠢᠭᠳᠦ ᠪᠤᠳᠠᠰ | ︵PM2.5︶ ᠤᠨ ᠲᠤᠮᠳᠠᠴᠢ ᠦᠳᠭᠡᠴᠡ ᠶᠢ 30% ᠠᠴᠠ ᠳᠡᠭᠡᠭᠰᠢ ᠪᠠᠷ ᠪᠠᠭᠤᠷᠠᠭᠤᠯᠪᠠ᠃ ᠲᠠᠷᠠᠬᠠᠢ | ᠨᠡᠬᠦᠷᠡᠰᠦ ᠶᠢ ᠵᠠᠰᠠᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠪᠤᠬᠢᠷᠲᠤᠯ | ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠬᠢᠭᠤᠯᠤᠨ᠂ 71% ᠶᠢᠨ ᠨᠡᠭᠦᠷᠡᠰᠦᠨ ᠴᠠᠬᠢᠯᠭᠠᠨ ᠤ ᠮᠠᠰᠢᠨ | ᠴᠤᠭᠴᠠᠯᠠᠪᠤᠷᠢ ᠬᠡᠳᠤ ᠲᠤᠤᠷ᠎ᠠ ᠭᠠᠳᠠᠬᠰᠢᠯᠠᠭᠤᠯᠤᠯᠳᠡ ᠶᠢ ᠪᠡᠶᠡᠯᠡᠭᠦᠯᠪᠡ᠃ ᠡᠨᠧᠷᠭᠢ ᠶᠢᠨ ᠰᠤᠷᠪᠤᠯᠵᠢ ᠶᠢᠨ | ᠪᠦᠲᠦᠴᠡ ᠶᠢ ᠰᠢᠯᠢᠳᠡᠭᠵᠢᠭᠦᠯᠦᠨ᠂ ᠨᠡᠭᠦᠷᠡᠰᠦ ᠬᠡᠷᠡᠭᠯᠡᠬᠦ ᠬᠤᠪᠢ ᠶᠢᠨ ᠵᠢᠩ ᠢ 8.1 ᠵᠠᠭᠤᠨ ᠤ ᠴᠡᠭ ᠢᠶᠠᠷ | ᠪᠠᠭᠤᠷᠠᠭᠤᠯᠵᠤ᠂ ᠴᠡᠪᠡᠷ ᠡᠨᠧᠷᠭᠢ ᠬᠡᠷᠡᠭᠯᠡᠬᠦ ᠬᠤᠪᠢ ᠶᠢᠨ ᠵᠢᠩ ᠢ 6.3 ᠵᠠᠭᠤᠨ ᠤ ᠴᠡᠭ ᠢᠶᠠᠷ ᠳᠡᠭᠡᠭᠰᠢᠯᠡᠭᠦᠯᠪᠡ᠃ | ᠰᠢᠲᠠᠭᠠᠯᠭ᠎ᠠ ᠶᠢᠨ ᠲᠤᠰᠤᠨ ᠤ ᠶᠠᠰᠤ ᠴᠢᠨᠠᠷ ᠢ ᠲᠡᠭᠡᠭᠰᠢᠯᠡᠬᠦᠯᠤᠨ᠂ 2000 ᠭᠠᠷᠤᠢ ᠲᠦᠮᠡᠨ ᠰᠢᠷ᠎ᠠ ᠲᠡᠮᠳᠡᠭᠳᠤ | ᠲᠡᠷᠭᠡ ᠪᠠ ᠡᠯᠡᠭᠳᠡᠮᠡᠯ ᠬᠠᠭᠤᠴᠢᠨ ᠮᠠᠰᠢᠨᠳᠤ ᠲᠡᠷᠭᠡ ᠶᠢ ᠴᠠᠭᠠᠵᠠᠯᠠᠪᠠ᠃ ᠭᠤᠤᠯᠳᠠᠯᠭ᠎ᠠ ᠲᠠᠢ ᠰᠠᠪᠠ ᠭᠠᠵᠠᠷ | ᠳᠠᠯᠠᠢ ᠶᠢᠨ ᠤᠷᠤᠨ ᠤ ᠤᠰᠤᠨ ᠤ ᠪᠤᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠮᠢ ᠶᠢᠨ ᠪᠤᠷᠳᠤᠭᠤᠷ | ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠬᠦ ᠦᠭᠡᠢ ᠪᠠᠶᠢᠬᠤ ᠶᠢ ᠪᠡᠶᠡᠯᠡᠭᠦᠯᠪᠡ᠃ ᠠᠮᠢ ᠠᠬᠤᠢ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠤᠨ᠂ ᠲᠠᠷᠢᠶᠠᠯᠠᠬᠤ ᠶᠢ ᠵᠤᠭᠰᠤᠭᠠᠵᠤ | ᠤᠢ ᠰᠢᠭᠤᠢ ᠡᠪᠡᠰᠤ ᠪᠡᠯᠴᠢᠭᠡᠷ ᠨᠤᠭᠤ ᠭᠠᠵᠠᠷ ᠢ ᠰᠡᠷᠬᠦᠬᠡᠬᠦ ᠶᠢ ᠦᠷᠭᠡᠳᠬᠡᠵᠦ᠂ ᠴᠦᠯᠵᠢᠯᠳᠠ ᠴᠢᠯᠠᠭᠤᠵᠢᠯᠳᠠ ᠪᠠ | ᠬᠥᠷᠥᠰᠥ ᠰᠢᠷᠣᠢ ᠶᠢᠨ ᠢᠳᠡᠭᠳᠡᠯ ᠢ ᠶᠡᠷᠤᠩᠬᠡᠶᠢᠯᠡᠨ ᠵᠠᠰᠠᠬᠤ ᠶᠢ ᠴᠢᠩᠭᠠᠳᠬᠠᠪᠠ᠃ ᠳᠦᠪ ᠠᠴᠠ ᠤᠷᠴᠢᠨ ᠠᠬᠤᠢ ᠶᠢ | ᠬᠠᠮᠠᠭᠠᠯᠠᠬᠤ ᠬᠢᠨᠠᠨ ᠪᠠᠶᠢᠴᠠᠭᠠᠯᠲᠠ ᠦᠷᠨᠢᠬᠦᠯᠵᠦ᠂ ᠬᠠᠤᠯᠢ ᠶᠢ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠡᠷᠢᠬᠦ ᠪᠠᠨ ᠴᠢᠩᠭᠠᠳᠬᠠᠪᠠ᠃ ︽ᠫᠠᠷᠢᠰ ᠤᠨ | ᠬᠡᠯᠡᠯᠴᠡᠭᠡᠷ︾ ᠲᠤ ᠭᠠᠷ ᠤᠨ ᠦᠰᠦᠭ ᠵᠢᠷᠤᠵᠤ ᠬᠦᠴᠦᠨ ᠲᠠᠢ ᠪᠤᠯᠭᠠᠬᠤ ᠶᠢ ᠢᠳᠡᠪᠬᠢᠲᠡᠢ ᠠᠬᠢᠭᠤᠯᠤᠨ᠂ ᠪᠦᠬᠦ | ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠳᠤᠮᠳᠠ ᠮᠠᠨ ᠤ ᠤᠯᠤᠰ ᠴᠢᠬᠤᠯᠠ | ᠦᠢᠯᠡᠳᠦᠯ ᠭᠠᠷᠭᠠᠪᠠ᠃ | ︵ᠶᠢᠰᠦ︶ ᠵᠠᠰᠠᠭ ᠤᠨ ᠤᠷᠳᠤᠨ ᠤ ᠡᠭᠦᠷᠬᠡ ᠴᠢᠳᠠᠪᠦᠷᠢ ᠶᠢ ᠬᠠᠥᠯᠢ ᠶᠤᠰᠤᠭᠠᠷ ᠪᠦᠭᠦ ᠲᠠᠯ᠎ᠠ ᠪᠠᠷ | ᠬᠦᠢᠴᠡᠳᠭᠡᠬᠦ ᠶᠢ ᠪᠠᠷᠢᠮᠲᠠᠯᠠᠨ᠂ ᠨᠡᠶᠢᠭᠡᠮ ᠤᠨ ᠵᠠᠰᠠᠯᠳᠠ ᠶᠢ ᠬᠦᠴᠦᠯᠡᠨ ᠴᠢᠩᠭᠠᠳᠬᠠᠭᠰᠠᠨ ᠪᠠ ᠨᠡᠶᠢᠭᠡᠮ ᠤᠨ | ᠵᠠᠰᠠᠯᠳᠠ ᠶᠢᠨ ᠲᠠᠯ᠎ᠠ ᠪᠠᠷ ᠰᠢᠨ᠎ᠡ ᠶᠢ ᠡᠬᠦᠳᠴᠦ᠂ ᠨᠡᠶᠢᠭᠡᠮ ᠤᠨ ᠡᠶ᠎ᠡ ᠵᠤᠬᠢᠴᠠᠯ ᠲᠤᠬᠳᠠᠭᠤᠨ ᠪᠠᠶᠢᠳᠠᠯ ᠢ ᠪᠠᠲᠤᠯᠠᠪᠠ᠃ | ᠪᠦᠬᠦ ᠣᠯᠣᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠳᠤᠷᠠᠳᠤᠯᠭ᠎ᠠ ᠳᠡᠪᠰᠢᠬᠦᠯᠵᠦ᠂ 95 ᠬᠠᠤᠯᠢ ᠴᠠᠭᠠᠵᠠ᠂ 195 ᠵᠠᠰᠠᠭ ᠵᠠᠬᠢᠷᠭᠠᠨ ᠤ ᠬᠠᠤᠯᠢ ᠲᠤᠭᠲᠠᠭᠠᠯ ᠢ | ᠲᠤᠭᠲᠠᠭᠠᠯᠭᠠᠭᠰᠠᠨ ᠪᠤᠶᠤ ᠵᠠᠰᠠᠪᠤᠷᠢᠯᠠᠨ ᠲᠤᠭᠲᠠᠭᠠᠯᠭᠠᠵᠤ᠂ ᠦᠯᠡᠮᠵᠢ ᠤᠯᠠᠨ ᠰᠠᠯᠠᠭ᠎ᠠ ᠮᠦᠴᠢᠷ ᠤᠨ ᠳᠦᠷᠢᠮ | ᠲᠤᠭᠲᠠᠭᠠᠯ ᠳᠤ ᠵᠠᠰᠠᠪᠤᠷᠢ ᠤᠷᠤᠭᠤᠯᠤᠭᠤᠯᠤᠭᠰᠠᠨ ᠪᠤᠶᠤ ᠬᠦᠴᠦᠨ ᠦᠭᠡᠢ ᠪᠤᠯᠭᠠᠭᠤᠯᠪᠠ᠃ ᠮᠤᠵᠢ᠂ ᠬᠤᠳᠠ᠂ | ᠰᠢᠶᠠᠨ ᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠡᠷᠬᠡ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠶᠢ | ᠲᠤᠭᠲᠠᠭᠠᠨ ᠨᠡᠶᠢᠲᠡᠯᠡᠪᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠬᠢᠨᠠᠨ ᠪᠠᠶᠢᠴᠠᠭᠠᠯᠲᠠ ᠪᠠ ᠲᠤᠰᠬᠠᠢ | ᠬᠢᠨᠠᠨ ᠪᠠᠶᠢᠴᠠᠭᠠᠯᠲᠠ ᠶᠢ ᠦᠷᠨᠢᠭᠦᠯᠦᠨ᠂ ᠢᠳᠡᠪᠬᠢᠲᠡᠢ ᠠᠵᠢᠯᠯᠠᠵᠤ ᠳᠤᠪᠤᠶᠢᠮ᠎ᠠ ᠠᠮᠵᠢᠯᠲᠠ ᠤᠯᠤᠭᠰᠠᠳ ᠢ | ᠰᠠᠶᠢᠰᠢᠶᠠᠨ ᠬᠦᠬᠢᠬᠦᠯᠦᠭᠰᠡᠨ ᠪᠠ ᠲᠦᠷᠦ ᠶᠢᠨ ᠪᠤᠳᠤᠯᠭ᠎ᠠ ᠪᠠᠷ ᠤᠷᠮᠠᠰᠢᠭᠤᠯᠤᠨ ᠵᠤᠷᠢᠬᠵᠢᠭᠤᠯᠵᠤ᠂ ᠠᠵᠢᠯ ᠬᠢᠬᠦ | ᠦᠭᠡᠶ ᠬᠦᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃ ᠬᠤᠳᠠ ᠬᠦᠳᠡᠭᠡ ᠶᠢᠨ ᠦᠨᠳᠦᠰᠦᠨ ᠱᠠᠲᠤᠨ ᠤ | ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠪᠡ᠃ ᠵᠠᠬᠢᠲᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ ᠢ | ᠲᠡᠭᠦᠯᠳᠡᠷᠵᠢᠭᠦᠯᠪᠡ᠃ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠬᠡᠪᠴᠢᠶ᠎ᠡ ᠶᠢ ᠦᠷᠭᠡᠳᠬᠡᠪᠡ᠃ ᠠᠶᠤᠯ ᠦᠭᠡᠢ | ᠦᠢᠯᠡᠳᠪᠦᠷᠢᠯᠡᠯ ᠤᠨ ᠬᠦᠷᠢᠶᠡᠨ ᠳᠠᠬᠢ ᠦᠭᠡᠷᠡᠴᠢᠯᠡᠯᠲᠡ ᠪᠠ ᠬᠦᠭᠵᠢᠯᠲᠡ ᠶᠢ ᠠᠬᠢᠭᠤᠯᠤᠨ᠂ ᠡ᠊ᠨᠳᠡᠯ ᠤᠨ ᠶᠡᠷᠦᠩᠬᠡᠢ | ᠬᠡᠮᠵᠢᠶ᠎ᠡ ᠪᠡ ᠬᠦᠨᠳᠦ ᠶᠡᠭᠡ ᠤᠨᠴᠠ ᠶᠡᠭᠡ ᠡ᠊ᠨᠳᠡᠯ ᠤᠨ ᠲᠤᠭ᠎ᠠ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠠ᠃ | ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠦᠭᠡᠷᠡᠴᠢᠯᠡᠨ ᠳᠡᠬᠦᠯᠳᠡᠷᠵᠢᠬᠦᠯᠵᠦ᠂ ᠠᠶᠤᠯ | ᠲᠦᠭᠰᠢᠭᠦᠷᠢ ᠶᠢ ᠪᠦᠬᠦ ᠶᠠᠪᠤᠴᠠ ᠳᠤ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠭᠠᠵᠠᠷ ᠬᠦᠳᠡᠯᠦᠯᠳᠠ᠂ ᠤᠨᠴᠠ | ᠶᠡᠭᠡ ᠦᠶᠡᠷ ᠤᠨ ᠭᠠᠮᠰᠢᠭ ᠵᠡᠷᠬᠡ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ | ᠠᠵᠢᠯ ᠢ ᠴᠢᠩᠭᠠᠳᠬᠠᠨ᠂ ᠱᠠᠲᠤ ᠬᠤᠪᠢᠶᠠᠨ ᠬᠠᠷᠢᠭᠤᠴᠠᠵᠤ ᠬᠠᠷᠢᠯᠴᠠᠨ ᠬᠠᠮᠵᠢᠯᠴᠠᠬᠤ ᠪᠠᠴᠢᠮ ᠪᠠᠶᠢᠳᠠᠯ ᠢ | ᠠᠷᠭᠠᠴᠠᠬᠤ ᠲᠤᠭᠲᠠᠴᠠ ᠶᠢ ᠪᠦᠷᠢᠨᠰᠢᠭᠦᠯᠵᠦ᠂ ᠭᠠᠢ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠪᠠ᠃ ᠤᠯᠤᠰ ᠤᠨ ᠠᠮᠤᠷ ᠲᠦᠪᠰᠢᠨ ᠢ ᠴᠢᠩᠭᠠᠳᠬᠠᠪᠠ᠃ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ | ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠦᠨ᠂ ᠬᠠᠤᠯᠢ ᠶᠢ ᠵᠦᠷᠢᠴᠡᠨ ᠶᠠᠯ᠎ᠠ ᠬᠢᠭᠰᠡᠨ ᠡᠯ᠎ᠡ ᠲᠦᠷᠦᠯ ᠤᠨ | ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠲᠠ ᠦᠭᠴᠦ᠂ ᠤᠯᠠᠨ ᠨᠡᠶᠢᠲᠡ ᠶᠢᠨ ᠠᠮᠤᠷ ᠲᠦᠪᠰᠢᠨ ᠢ ᠬᠦᠴᠦᠲᠡᠢ | ᠬᠠᠮᠠᠭᠠᠯᠠᠪᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠨᠠᠮ ᠤᠨ ᠲᠦᠪ ᠬᠤᠷᠢᠶ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ | ᠢᠯᠵᠢᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ | ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠪᠠᠶᠢᠬᠤ ᠳᠤᠰᠬᠠᠢ ᠰᠡᠳᠦᠪᠲᠤ | ᠬᠦᠮᠦᠵᠢᠯ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ | ᠬᠦᠮᠤᠵᠢᠯ ᠢ ᠭᠦᠨᠵᠡᠭᠡᠢ ᠦᠷᠨᠢᠭᠦᠯᠦᠨ᠂ ᠨᠠᠮ ᠤᠨ ᠲᠦᠪ ᠬᠤᠷᠢᠶ᠎ᠠ ᠶᠢᠨ ᠨᠠᠢᠮᠠᠨ ᠵᠤᠷᠪᠤᠰ ᠲᠤᠭᠲᠠᠭᠠᠯ ᠤᠨ ᠵᠤᠷᠢᠭ | ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠵᠠᠯᠠᠷᠠᠭᠤᠯᠬᠤ ᠶᠢ ᠰᠢᠨᠳᠠᠷᠠᠰᠢ ᠦᠭᠡᠢ | ᠪᠠᠷᠢᠮᠳᠠᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ ᠰᠠᠬᠢᠯᠭ᠎ᠠ ᠲᠣᠭᠳᠠᠭᠠᠯ︾ ᠢ ᠴᠢᠩᠭ᠎ᠠ | ᠭᠡᠷᠡᠭᠵᠢᠭᠦᠯᠪᠡ᠃ ᠵᠠᠰᠠᠭ ᠤᠨ ᠤᠷᠳᠤᠨ ᠤ ᠴᠢᠨᠠᠷᠲᠠᠢ ᠠᠰᠠᠷ ᠲᠠᠭᠲᠤ ᠲᠠᠩᠬᠢᠮ ᠪᠠᠭᠤᠳᠠᠯ ᠰᠢᠨ᠎ᠡ ᠪᠠᠷ ᠪᠠᠶᠢᠭᠤᠯᠬᠤ ᠶᠢ | ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠠᠴᠠ ᠳᠡᠵᠢᠬᠡᠬᠦ ᠬᠦᠮᠦᠰ ᠤᠨ ᠶᠡᠷᠦᠩᠬᠡᠢ ᠳᠤᠭ᠎ᠠ ᠶᠢ ᠴᠢᠩᠭ᠎ᠠ ᠬᠢᠵᠠᠭᠠᠷᠯᠠᠨ | ᠂ ︽ᠭᠤᠷᠪᠠᠨ ᠵᠦᠢᠯ ᠤᠨ ᠠᠯᠪᠠᠨ ᠤ ᠵᠠᠷᠤᠲᠠᠯ︾ ᠢ ᠶᠡᠭᠡ ᠬᠡᠮᠵᠢᠶ᠎ᠠ ᠪᠠᠷ ᠪᠠᠭᠠᠰᠬᠠᠪᠠ᠃ ᠵᠠᠰᠠᠭ ᠵᠠᠬᠢᠷᠭᠠᠨ ᠤ ᠬᠢᠨᠠᠨ | ᠪᠠᠶᠢᠴᠠᠭᠠᠬᠤ ᠪᠠ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠪᠠ᠃ ᠬᠠᠤᠯᠢ ᠶᠢ ᠵᠦᠷᠢᠴᠡᠨ ᠳᠦᠷᠢᠮ ᠲᠤᠭᠲᠠᠭᠠᠯ ᠢ | ᠵᠦᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠭᠰᠡᠨ ᠪᠠ ᠵᠠᠯᠠᠷᠠᠭᠤᠯᠵᠤ᠂ ᠢᠯᠵᠢᠷᠠᠮᠠᠯ | ᠡᠲᠡᠭᠡᠳ ᠢ ᠴᠢᠩᠭ᠎ᠠ ᠵᠠᠯᠬᠠᠭᠠᠨ ᠰᠢᠳᠬᠡᠵᠦ᠂ ᠢᠯᠵᠢᠷᠠᠯ ᠢ ᠡᠰᠡᠷᠭᠦᠴᠡᠬᠦ ᠲᠡᠮᠡᠴᠡᠯ ᠤᠨ ᠲᠠᠪᠠᠭᠤ ᠪᠠᠶᠢᠲᠠᠯ ᠢ ᠨᠢᠭᠡᠨᠳᠡ | ᠪᠤᠢ ᠪᠤᠯᠭᠠᠭᠰᠠᠨ ᠪᠦᠭᠡᠳ ᠪᠠᠬᠢᠵᠢᠭᠦᠯᠦᠨ ᠬᠦᠭᠵᠢᠭᠦᠯᠪᠡ᠃ | ᠲᠦᠯᠦᠭᠡᠯᠡᠭᠴᠢᠳ ᠡ︕ | ᠦᠩᠭᠡᠷᠡᠭᠰᠡᠨ ᠲᠠᠪᠤᠨ ᠵᠢᠯ ᠳᠤ᠂ ᠦᠨᠳᠦᠰᠦᠲᠡᠨ᠂ ᠱᠠᠰᠢᠨ ᠰᠤᠷᠳᠠᠬᠤᠨ᠂ ᠬᠠᠷᠢᠶᠠᠲᠤ ᠨᠠᠷ ᠤᠨ ᠶᠠᠪᠤᠳᠠᠯ | ᠵᠡᠷᠭᠡ ᠠᠵᠢᠯ ᠢ ᠰᠢᠨ᠎ᠡ ᠡᠭᠦᠳᠦᠯᠲᠡ ᠲᠠᠢ ᠪᠠᠷ ᠠᠬᠢᠭᠤᠯᠪᠠ᠃ ᠦᠨᠳᠦᠰᠦᠲᠡᠨ ᠤ ᠭᠠᠵᠠᠷ ᠤᠷᠤᠨ ᠤ ᠬᠦᠭᠵᠢᠯᠲᠡ ᠪᠠᠨ | ᠲᠦᠷᠭᠡᠳᠬᠡᠬᠦ ᠶᠢ ᠳᠡᠮᠵᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠦᠷᠬᠡᠨ ᠬᠦᠭᠵᠢᠪᠡ᠃ | ᠱᠠᠰᠢᠨ ᠰᠣᠷᠳᠠᠬᠤᠨ ᠢ ᠨᠡᠶᠢᠭᠡᠮ ᠵᠢᠷᠣᠮᠳᠥ ᠨᠡᠶᠢᠭᠡᠮ ᠲᠠᠢ ᠵᠣᠬᠢᠴᠠᠯᠳᠣᠭᠤᠯᠬᠤ ᠶᠢ ᠢᠳᠡᠪᠬᠢᠳᠠᠢ ᠬᠥᠳᠥᠯᠥᠨ | ᠵᠢᠯᠣᠭᠤᠳᠪᠠ᠃ ᠭᠠᠳᠠᠭᠠᠳᠤ ᠳᠤ ᠰᠠᠭᠤᠭ᠎ᠠ ᠬᠠᠷᠢᠶᠡᠳᠤ ᠠᠬ᠎ᠠ ᠳᠡᠭᠦᠦ ᠨᠠᠷ᠂ ᠣᠯᠣᠰ ᠲᠠᠭᠠᠨ ᠪᠣᠴᠠᠵᠦ ᠢᠷᠡᠭᠰᠡᠨ | ᠬᠠᠷᠢᠶᠠᠳᠦ ᠨᠠᠷ ᠪᠠ ᠲᠡᠳᠡᠨ ᠤ ᠭᠡᠷ ᠪᠦᠯᠢ ᠶᠢᠨ ᠬᠢᠨ ᠤᠯᠤᠰ ᠤᠷᠤᠨ ᠤ ᠤᠳᠤᠬᠢᠴᠢᠯᠠᠯᠳᠠ ᠶᠢᠨ ᠪᠦᠳᠦᠬᠡᠨ | ᠪᠠᠶᠢᠭᠤᠯᠤᠯᠳᠠ ᠳᠤ ᠦᠪᠡᠷᠮᠢᠴᠡ ᠬᠤᠪᠢ ᠨᠠᠮᠡᠷᠢ ᠦᠵᠡᠬᠦᠯᠪᠡ᠃ | ᠦᠩᠭᠡᠷᠡᠭᠰᠡᠨ ᠲᠠᠪᠤᠨ ᠵᠢᠯ ᠳᠤ᠂ ᠨᠠᠮ ᠤᠨ ᠲᠦᠪ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠤᠳᠤᠷᠢᠳᠤᠯᠭ᠎ᠠ ᠳᠤᠤᠷ᠎ᠠ᠂ ᠴᠡᠷᠢᠭ ᠢ ᠬᠦᠴᠦᠷᠬᠡᠭᠵᠢᠭᠦᠯᠦᠨ ᠴᠡᠷᠢᠭ ᠢ ᠮᠠᠨᠳᠤᠭᠤᠯᠬᠤ ᠠᠵᠢᠯ ᠤᠨ | ᠰᠢᠨ᠎ᠡ ᠪᠠᠶᠢᠳᠠᠯ ᠢ ᠨᠡᠭᠡᠭᠡᠪᠡ᠃ ᠰᠢᠨ᠎ᠡ ᠪᠠᠶᠢᠳᠠᠯ ᠳᠤᠤᠷᠠᠬᠢ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ | ᠴᠢᠭᠯᠡᠯᠲᠡ ᠶᠢ ᠲᠤᠭᠲᠠᠭᠠᠵᠤ᠂ ᠭᠦᠲ᠋ᠢᠶᠠᠨ ᠤ ᠪᠦᠬᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯᠳᠤᠭᠠᠨ ᠢ | ᠬᠤᠷᠠᠯᠳᠤᠭᠤᠯᠤᠨ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠦᠭᠡᠷᠡᠴᠢᠯᠡᠯᠲᠡ ᠪᠠᠷ ᠴᠡᠷᠢᠭ ᠢ | ᠬᠦᠴᠦᠷᠭᠡᠭᠵᠢᠭᠦᠯᠬᠦ᠂ ᠰᠢᠨᠵᠢᠯᠡᠬᠦ ᠤᠬᠠᠭᠠᠨ ᠮᠡᠷᠬᠡᠵᠢᠯ ᠢᠶᠠᠷ ᠴᠡᠷᠢᠭ ᠢ ᠬᠦᠭᠵᠢᠬᠦᠯᠬᠦ᠂ ᠬᠠᠤᠯᠢ ᠶᠤᠰᠤᠭᠠᠷ ᠴᠡᠷᠢᠭ ᠢ | ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠠᠷᠠᠳ ᠤᠨ ᠴᠡᠷᠢᠭ ᠠᠩᠬᠢ ᠶᠢᠨ ᠤᠯᠤᠰ ᠲᠦᠷᠦ ᠶᠢᠨ ᠠᠮᠢ ᠠᠬᠤᠢ᠂ | ᠵᠤᠬᠢᠶᠠᠨ ᠪᠠᠶᠢᠭᠤᠯᠤᠯᠲᠠ ᠶᠢᠨ ᠬᠡᠯᠪᠡᠷᠢ᠂ ᠬᠦᠴᠦᠨ ᠴᠢᠳᠠᠯ ᠤᠨ ᠰᠢᠰᠲ᠋ᠧᠮᠵᠢ᠂ ᠤᠪᠤᠷ ᠰᠤᠷᠲᠠᠯ ᠳᠦᠷᠢ ᠳᠦᠷᠬᠦ ᠶᠢ | ᠳᠠᠬᠢᠨ ᠴᠣᠭᠴᠠᠯᠠᠨ ᠪᠠᠶᠢᠭᠤᠯᠪᠠ᠃ ᠳᠠᠯᠠᠢ ᠳᠡᠭᠡᠷ᠎ᠡ ᠡᠷᠬᠡ ᠪᠠᠨ ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ | ᠲᠤᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠠᠴᠠ ᠠᠪᠤᠷᠠᠵᠤ ᠭᠠᠮᠰᠢᠭ ᠠᠴᠠ ᠲᠡᠩᠬᠡᠷᠡᠭᠦᠯᠬᠦ᠂ ᠤᠯᠠᠨ ᠤᠯᠤᠰ ᠤᠨ | ᠡᠩᠬᠡ ᠲᠠᠶᠢᠪᠤᠩ ᠢ ᠬᠠᠮᠠᠭᠠᠯᠠᠬᠤ᠂ ᠠᠲ᠋ᠧᠨ ᠪᠤᠯᠤᠩ ᠤᠨ ᠠᠶᠠᠯᠠᠯ ᠤᠨ ᠠᠮᠣᠷ ᠲᠦᠪᠰᠢᠨ ᠢ ᠬᠠᠮᠠᠭᠠᠯᠠᠬᠤ᠂ ᠬᠦᠮᠦᠯᠢᠭ | ᠦᠵᠡᠯ ᠤᠨ ᠠᠪᠤᠷᠠᠨ ᠲᠤᠰᠠᠯᠠᠬᠤ ᠵᠡᠷᠭᠡ ᠴᠢᠬᠤᠯᠠ ᠶᠡᠭᠡ ᠡᠭᠦᠷᠭᠡ ᠶᠢ ᠪᠦᠲᠦᠮᠵᠢᠲᠡᠢ ᠭᠦᠢᠴᠡᠳᠬᠡᠪᠡ᠃ ᠡᠯ᠎ᠡ | ᠲᠠᠯ᠎ᠠ ᠶᠢᠨ ᠬᠢᠨ ᠬᠠᠮᠵᠢᠯᠴᠠᠨ ᠴᠡᠷᠢᠭ ᠠᠩᠭᠢ ᠶᠢᠨ ᠬᠦᠮᠦᠨ ᠤ ᠲᠤᠭ᠎ᠠ ᠶᠢ 30 ᠲᠦᠮᠡ ᠬᠠᠰᠤᠬᠤ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠪᠡ᠃ ᠴᠡᠷᠢᠭ ᠤᠨ ᠶᠠᠪᠤᠳᠠᠯ ᠤᠨ ᠲᠤᠨᠤᠭᠯᠠᠯ ᠤᠨ ᠤᠳᠤᠬᠢᠴᠢᠯᠠᠯᠲᠠ ᠶᠢᠨ ᠬᠢᠷᠢ | ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢᠨ ᠠᠭᠤᠰᠤᠯᠴᠠᠯ ᠢ | ᠭᠦᠨᠵᠡᠭᠡᠶᠢᠷᠡᠭᠦᠯᠦᠨ ᠬᠦᠭᠵᠢᠭᠦᠯᠪᠡ᠃ ᠴᠡᠷᠢᠭ ᠵᠠᠰᠠᠭ ᠴᠡᠷᠢᠭ ᠠᠷᠠᠳ ᠨᠢᠭᠲᠠ ᠪᠥᠯᠬᠦᠮᠳᠡᠪᠡ᠃ ᠠᠷᠠᠳ ᠤᠨ ᠴᠡᠷᠢᠭ | ᠠᠩᠭᠢ ᠶᠢᠨ ᠳᠦᠷᠰᠦ ᠪᠠᠶᠢᠳᠠᠯ ᠴᠤ ᠰᠢᠨ᠎ᠡ ᠪᠠᠶᠢᠳᠡᠯ ᠲᠠᠢ ᠪᠤᠯᠵᠤ᠂ ᠳᠤᠮᠳᠠᠳᠤ ᠤᠯᠤᠰ ᠤᠨ ᠤᠨᠴᠠᠯᠢᠭ ᠲᠠᠢ | ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠢᠳᠡᠷᠡᠭᠦᠨ ᠠᠯᠬᠤᠮ ᠢ ᠠᠯᠬᠤᠪᠠ᠃ | ᠦᠩᠭᠡᠷᠡᠭᠰᠡᠨ ᠲᠠᠪᠤᠨ ᠵᠢᠯ ᠳᠤ᠂ ᠰᠢᠶᠠᠩᠭᠠᠩ ᠤᠤᠮᠧᠨ ᠲᠠᠶᠢᠸᠠᠨ ᠤ ᠲᠤᠬᠠᠢ ᠠᠵᠢᠯ ᠰᠢᠨ᠎ᠡ ᠠᠬᠢᠯᠲᠠ ᠲᠠᠢ | ᠪᠤᠯᠪᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢ ᠲᠠᠰᠤᠷᠠᠯᠲᠠ ᠦᠭᠡᠢ | ᠪᠠᠶᠠᠯᠢᠬᠵᠢᠭᠤᠯᠤᠨ ᠬᠦᠭᠵᠢᠭᠦᠯᠵᠦ᠂ ᠦᠨᠳᠦᠰᠦᠨ ᠬᠠᠤᠯᠢ ᠪᠠ ᠭᠤᠤᠯ ᠬᠠᠤᠯᠢ ᠶᠢᠨ ᠡᠷᠬᠡ ᠰᠦᠷ ᠢ ᠰᠢᠶᠠᠩᠭᠠᠩ | ᠤᠤᠮᠧᠨ ᠳᠤ ᠤᠯᠠᠮ ᠨᠢᠭᠡ ᠠᠯᠬᠤᠮ ᠢᠯᠡᠷᠡᠭᠦᠯᠦᠨ᠂ ᠳᠤᠳᠤᠷ᠎ᠠ ᠭᠠᠵᠠᠷ ᠬᠢᠭᠡᠳ ᠰᠢᠶᠠᠩᠭᠠᠩ ᠤᠤᠮᠧᠨ ᠤ | ᠰᠤᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠦ᠂ ᠰᠢᠶᠠᠩᠭᠠᠩ ᠵᠦᠬᠠᠢ ᠤᠤᠮᠧᠨ ᠤ ᠶᠡᠭᠡ | ᠬᠦᠭᠦᠷᠭᠡ ᠶᠢ ᠪᠦᠬᠦ ᠱᠤᠭᠤᠮ ᠢᠶᠠᠷ ᠨᠢ ᠨᠡᠪᠲᠡᠷᠡᠭᠦᠯᠦᠨ᠂ ᠰᠢᠶᠠᠩᠭᠠᠩ ᠤᠤᠮᠧᠨ ᠤ ᠬᠦᠭᠵᠢᠯ ᠴᠡᠴᠡᠭᠯᠡᠯ ᠪᠠ | ᠲᠤᠭᠲᠠᠭᠤᠨ ᠪᠠᠶᠢᠳᠠᠯ ᠢ ᠪᠠᠲᠤᠯᠠᠪᠡ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ | ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠵᠤ ᠠᠬᠤᠢ | ᠰᠤᠶᠤᠯ ᠤᠨ ᠰᠤᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠤᠳᠤᠷᠢᠳᠬᠤ ᠬᠦᠮᠦᠨ ᠤ ᠲᠡᠦᠬᠡᠲᠦ ᠴᠢᠨᠠᠷᠲᠠᠢ ᠠᠭᠤᠯᠵᠠᠯᠲᠠ ᠶᠢ ᠪᠡᠶᠡᠯᠡᠭᠦᠯᠪᠡ᠃ ︽ᠲᠠᠶᠢᠸᠠᠨ ᠢ ᠲᠤᠰᠠᠭᠠᠷ | ᠲᠤᠭᠲᠠᠨᠢᠭᠤᠯᠬᠤ︾ ᠬᠠᠭᠠᠴᠠᠭᠤᠯᠬᠤ ᠬᠦᠴᠦᠨ ᠢ ᠡᠷᠡᠰ ᠡᠰᠡᠷᠭᠦᠴᠡᠨ ᠬᠤᠷᠢᠭᠯᠠᠵᠤ᠂ ᠲᠠᠶᠢᠸᠠᠨ ᠬᠤᠭᠤᠯᠠᠢ ᠶᠢᠨ | ᠡᠩᠬᠡ ᠲᠠᠶᠢᠪᠤᠩ ᠲᠤᠭᠲᠠᠭᠤᠨ ᠪᠠᠶᠢᠳᠠᠯ ᠢ ᠬᠦᠴᠦᠲᠡᠢ ᠬᠠᠮᠠᠭᠠᠯᠠᠪᠠ᠃ | ᠦᠩᠭᠡᠷᠡᠭᠰᠡᠨ ᠲᠠᠪᠤᠨ ᠵᠢᠯ ᠳᠤ᠂ ᠳᠤᠮᠳᠠᠳᠤ ᠤᠯᠤᠰ ᠤᠨ ᠤᠨᠴᠠᠯᠢᠭ ᠪᠦᠬᠦᠢ ᠲᠤᠮᠤ ᠤᠯᠤᠰ ᠤᠨ | ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠪᠠ᠃ ᠠᠩᠬᠠᠳᠤᠭᠠᠷ ᠬᠤᠭᠤᠴᠠᠭᠠᠨ ᠤ ︽ᠨᠢᠭᠡ ᠪᠦᠰᠡ | ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠥᠷᠥᠭᠦᠴᠤᠳ ᠤᠨ ᠶᠠᠷᠢᠯᠴᠠᠭᠠᠨ ᠤ ᠲᠠᠪᠴᠠᠩ᠂ | ᠠᠽᠢᠶ᠎ᠠ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ | ᠤᠲᠤᠷᠢᠳᠬᠤ ᠬᠦᠮᠦᠰ ᠤᠨ ᠠᠯᠪᠠᠨ ᠶᠤᠰᠤᠨ ᠤ ᠪᠤᠰᠦ ᠬᠤᠷᠠᠯᠳᠤᠭᠠᠨ᠂ ᠬᠤᠷᠢᠨ ᠤᠯᠤᠰ ᠤᠨ ᠪᠦᠯᠦᠭᠯᠡᠯ ᠤᠨ | ᠤᠲᠤᠷᠢᠳᠬᠤ ᠬᠦᠮᠦᠰ ᠤᠨ ᠬᠠᠩᠵᠸᠦ ᠳᠠᠬᠢ ᠳᠦᠷᠦᠬᠦᠴᠦᠳ ᠤᠨ ᠬᠤᠷᠠᠯᠳᠤᠭᠠᠨ᠂ BRICS ᠤᠯᠤᠰ ᠤᠨ | ᠤᠲᠤᠷᠢᠳᠬᠤ ᠬᠦᠮᠦᠰ ᠤᠨ ᠰᠢᠶᠠᠮᠧᠨ ᠳᠠᠬᠢ ᠠᠭᠤᠯᠵᠠᠯᠳᠠ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ | ᠬᠠᠷᠢᠯᠴᠠᠭᠠᠨ ᠤ ᠠᠵᠢᠯ ᠢ ᠠᠮᠵᠢᠯᠲᠠ ᠲᠠᠢ ᠡᠷᠬᠢᠯᠡᠨ ᠶᠠᠪᠤᠭᠤᠯᠪᠡ᠃ ᠳᠡᠷᠢᠬᠦᠯᠡᠭᠴᠢ ᠰᠢ ᠶᠢᠨ ᠫᠢᠩ ᠵᠡᠷᠭᠡ ᠳᠦᠷᠦ | ᠶᠢᠨ ᠤᠲᠤᠷᠢᠳᠬᠤ ᠬᠦᠮᠦᠰ ᠤᠯᠠᠨ ᠤᠯᠤᠰ ᠢᠶᠠᠷ ᠠᠶᠢᠯᠴᠢᠯᠠᠨ᠂ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ | ᠶᠢᠨ ᠰᠢᠷᠢᠰ ᠳᠦᠷᠦᠬᠦᠴᠦᠳ ᠤᠨ ᠬᠤᠷᠠᠯ᠂ ᠠᠭᠤᠷ ᠠᠮᠢᠰᠬᠤᠯ ᠤᠨ ᠬᠤᠪᠢᠷᠠᠯᠳᠠ ᠶᠢᠨ ᠶᠡᠭᠡ ᠬᠤᠷᠠᠯ᠂ ᠳᠡᠯᠡᠬᠡᠢ | ᠶᠢᠨ ᠠᠵᠤ ᠠᠬᠤᠢ ᠶᠢᠨ ᠶᠠᠷᠢᠯᠴᠠᠭᠠᠨ ᠤ ᠳᠡᠪᠴᠡᠩ᠂ ᠵᠡᠬᠦᠨ ᠠᠽᠢᠶ᠎ᠠ ᠶᠢᠨ ᠬᠠᠮᠳᠤᠷᠠᠯᠴᠠᠭᠠᠨ ᠤ ᠤᠳᠤᠷᠢᠳᠬᠤ | ᠬᠦᠮᠦᠰ ᠤᠨ ᠰᠢᠷᠢᠰ ᠬᠤᠷᠠᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠳᠤ ᠤᠷᠤᠯᠴᠠᠵᠤ᠂ ᠪᠦᠬᠦ ᠲᠠᠯᠠᠲᠤ | ᠭᠠᠳᠠᠭᠠᠳᠤ ᠬᠠᠷᠢᠯᠴᠠᠭᠠᠨ ᠤ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠦᠷᠨᠢᠭᠦᠯᠪᠡ᠃ ᠬᠦᠮᠦᠨ ᠲᠦᠷᠦᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠶᠢ ᠰᠠᠨᠠᠭᠠᠴᠢᠯᠠᠵᠤ᠂ ᠪᠦᠬᠦ ᠪᠦᠮᠪᠦᠷᠴᠡᠭ ᠤᠨ ᠵᠠᠰᠠᠯᠲᠠ | ᠶᠢᠨ ᠰᠢᠰᠲ᠋ᠧᠮᠵᠢ ᠶᠢᠨ ᠬᠤᠪᠢᠰᠤᠯᠲᠠ ᠳᠤ ᠨᠡᠩ ᠤᠯᠠᠨ ᠳᠤᠮᠳᠠᠳᠤ ᠤᠯᠤᠰ ᠤᠨ ᠤᠶᠤᠨ ᠤᠬᠠᠭᠠᠨ ᠢ ᠨᠡᠮᠡᠷᠢᠯᠡᠪᠡ᠃ | ᠠᠵᠤ ᠠᠬᠤᠢ ᠶᠢᠨ ᠭᠠᠳᠠᠭᠠᠳᠤ ᠬᠠᠷᠢᠯᠴᠠᠭ᠎ᠠ᠂ ᠬᠦᠮᠦᠨ ᠰᠤᠶᠤᠯ ᠤᠨ ᠰᠤᠯᠢᠯᠴᠠᠭ᠎ᠠ ᠭᠠᠷᠮᠠᠭᠠᠢ ᠦᠷ᠎ᠡ ᠪᠦᠳᠦᠮᠵᠢ | ᠤᠯᠪᠠ᠃ ᠤᠯᠤᠰ ᠤᠷᠤᠨ ᠤ ᠡᠷᠬᠡ ᠮᠡᠳᠡᠯ ᠪᠠ ᠳᠠᠯᠠᠢ ᠲᠠᠩᠬᠢᠰ ᠤᠨ ᠡᠷᠬᠡ ᠠᠰᠢᠭ ᠢ ᠡᠷᠡᠰ ᠬᠠᠮᠠᠭᠠᠯᠠᠪᠠ᠃ | ᠳᠤᠮᠳᠠᠳᠤ ᠤᠯᠤᠰ ᠬᠠᠷᠢᠭᠤᠴᠠᠯᠭ᠎ᠠ ᠲᠠᠢ ᠲᠤᠮᠤ ᠤᠯᠤᠰ ᠪᠤᠯᠤᠭᠰᠠᠨ ᠤ ᠬᠤᠪᠢ ᠳᠤ᠂ ᠳᠡᠯᠡᠬᠡᠢ ᠶᠢᠨ ᠪᠠ ᠭᠠᠵᠠᠷ | ᠤᠷᠤᠨ ᠤ ᠬᠠᠯᠠᠭᠤᠨ ᠴᠢᠭ᠋ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠦᠲᠦᠭᠡᠯᠴᠢ ᠴᠢᠨᠠᠷᠲᠠᠢ ᠴᠢᠬᠤᠯᠠ | ᠦᠢᠯᠡᠳᠦᠯ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠦᠭᠵᠢᠯᠲᠡ ᠳᠤ ᠴᠢᠬᠤᠯᠠ ᠶᠡᠭᠡ ᠰᠢᠨ᠎ᠡ | ᠬᠤᠪᠢ ᠨᠡᠮᠡᠷᠢ ᠦᠵᠡᠭᠦᠯᠪᠡ᠃ | ᠲᠦᠯᠦᠭᠡᠯᠡᠭᠴᠢᠳ ᠡ︕ | ᠦᠩᠭᠡᠷᠡᠭᠰᠡᠨ ᠲᠠᠪᠤᠨ ᠵᠢᠯ ᠢ ᠡᠷᠭᠢᠴᠡᠭᠦᠯᠪᠡᠯ᠂ ᠤᠯᠠᠨ ᠠᠷᠪᠢᠨ ᠵᠦᠷᠢᠴᠡᠯ ᠰᠤᠯᠪᠢᠴᠠᠨ ᠳᠠᠪᠬᠤᠴᠠᠵᠤ᠂ ᠡᠯ᠎ᠡ | ᠵᠦᠢᠯ ᠤᠨ ᠲᠦᠭᠰᠢᠭᠦᠷᠢ ᠪᠠ ᠰᠢᠯᠭᠠᠯᠲᠠ ᠬᠤᠶᠢᠨ᠎ᠠ ᠬᠤᠶᠢᠨ᠎ᠠ ᠠᠴᠠ ᠪᠠᠨ ᠵᠠᠯᠭᠠᠯᠲᠤᠨ᠂ ᠤᠯᠤᠰ ᠤᠨ ᠳᠤᠳᠤᠭᠠᠳᠤ | ᠭᠠᠳᠠᠭᠠᠳᠤ ᠶᠢᠨ ᠮᠠᠰᠢ ᠤᠯᠠᠨ ᠪᠠᠶᠢᠳᠠᠯ ᠪᠤᠯ ᠦᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠳᠤᠬᠢᠶᠠᠯᠳᠤᠵᠤ | ᠦᠩᠭᠡᠷᠡᠭᠰᠡᠨ ᠦᠭᠡᠢ ᠪᠠᠶᠢᠳᠠᠯ ᠪᠤᠯᠬᠤᠷ ᠮᠠᠨ ᠤ ᠤᠯᠤᠰ ᠤᠨ ᠦᠭᠡᠷᠡᠴᠢᠯᠡᠯᠲᠡ ᠬᠦᠭᠵᠢᠯᠲᠡ ᠶᠢᠨ ᠠᠮᠵᠢᠯᠲᠠ | ᠪᠦᠲᠦᠮᠵᠢ ᠶᠢ ᠪᠤᠯ ᠦᠨᠡᠬᠡᠷ ᠬᠢᠯᠪᠠᠷᠬᠠᠨ ᠢᠶᠠᠷ ᠤᠯᠤᠭᠰᠠᠨ ᠪᠢᠰᠢ ᠶᠤᠮ᠃ ᠡᠨᠡ ᠪᠤᠯ ᠰᠢ ᠶᠢᠨ ᠫᠢᠩ ᠨᠦᠬᠦᠷ ᠢᠶᠠᠷ | ᠭᠤᠤᠯᠯᠠᠭᠤᠯᠤᠭᠰᠠᠨ ᠨᠠᠮ ᠤᠨ ᠳᠦᠪ ᠬᠤᠷᠢᠶ᠎ᠠ ᠶᠢᠨ ᠡᠷᠡᠰ ᠴᠢᠩᠭ᠎ᠠ ᠣᠳᠣᠷᠢᠳᠣᠭᠰᠠᠨ ᠤ ᠥᠷ᠎ᠠ ᠳ᠋ᠥᠩ ᠮᠥᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠤᠭᠤᠳᠤᠭᠰᠠᠨ ᠤ ᠥᠷ᠎ᠠ ᠳ᠋ᠥᠩ ᠮᠥᠨ᠂ ᠪᠦᠬᠦ ᠨᠠᠮ ᠪᠦᠬᠦ ᠴᠡᠷᠢᠭ | ᠪᠦᠬᠦ ᠣᠯᠣᠰ ᠤᠨ ᠦᠨᠳᠦᠰᠦᠲᠠᠨ ᠨᠦᠭᠦᠳ ᠤᠨ ᠠᠷᠠᠳ ᠳᠦᠮᠠᠨ ᠤ ᠪᠦᠯᠬᠦᠮᠳᠡᠨ ᠳᠡᠮᠡᠴᠡᠭᠰᠡᠨ ᠤ ᠦᠷ᠎ᠡ ᠳ᠋ᠦᠩ | ᠮᠥᠨ᠃ ᠪᠢ ᠳᠦᠷᠦ ᠶᠢᠨ ᠶᠠᠪᠤᠲᠠᠯ ᠤᠨ ᠬᠤᠷᠢᠶ᠎ᠠ ᠶᠢᠨ ᠡᠮᠦᠨ᠎ᠡ ᠠᠴᠠ ᠪᠦᠬᠦ ᠣᠯᠣᠰ ᠤᠨ ᠦᠨᠳᠦᠰᠦᠲᠠᠨ ᠨᠦᠭᠦᠳ | ᠤᠨ ᠠᠷᠠᠳ ᠳᠦᠮᠠᠨ᠂ ᠡᠯ᠎ᠡ ᠠᠷᠠᠳᠴᠢᠯᠠᠬᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠤᠯᠤᠨ ᠡᠯ᠎ᠡ ᠡᠳᠡᠭᠡᠳ | ᠤᠨ ᠬᠦᠮᠦᠰ ᠲᠤ ᠴᠢᠩ ᠰᠡᠳᠬᠢᠯ ᠤᠨ ᠲᠠᠯᠠᠷᠬᠠᠯ ᠳᠡᠪᠰᠢᠬᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ | ᠤᠨᠴᠠᠭᠠᠢ ᠤᠷᠤᠨ ᠤ ᠠᠬ᠎ᠠ ᠲᠡᠬᠦᠦ ᠨᠡᠷ᠂ ᠤᠤᠮᠧᠨ ᠤ ᠵᠠᠰᠠᠭ ᠵᠠᠬᠢᠷᠭᠠᠨ ᠤ ᠤᠨᠴᠠᠭᠠᠢ ᠤᠷᠤᠨ ᠤ ᠠᠬ᠎ᠠ ᠲᠡᠬᠦᠦ | ᠨᠡᠷ᠂ ᠲᠠᠶᠢᠸᠠᠨ ᠤ ᠠᠬ᠎ᠠ ᠲᠡᠬᠦᠦ ᠨᠡᠷ ᠪᠤᠯᠤᠨ ᠭᠠᠲᠠᠭᠠᠳᠦ ᠳᠤ ᠰᠠᠭᠤᠭ᠎ᠠ ᠬᠠᠷᠢᠶᠠᠲᠤ ᠠᠬ᠎ᠠ ᠲᠡᠬᠦᠦ ᠨᠡᠷ ᠲᠤ ᠴᠢᠩ | ᠰᠡᠳᠬᠢᠯ ᠤᠨ ᠲᠠᠯᠠᠷᠬᠠᠯ ᠳᠡᠪᠰᠢᠬᠦᠯᠦᠶ᠎ᠡ︕ ᠳᠤᠮᠳᠠᠳᠦ ᠤᠯᠤᠰ ᠤᠨ ᠤᠲᠤᠬᠢᠴᠢᠯᠠᠬᠤ ᠪᠦᠳᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠤᠷᠲᠤᠨ᠂ ᠤᠯᠠᠨ ᠤᠯᠤᠰ ᠤᠨ ᠵᠤᠬᠢᠶᠠᠨ | ᠪᠠᠶᠢᠭᠤᠯᠤᠯᠲᠠ ᠪᠤᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠳᠡᠪᠰᠢᠬᠦᠯᠦᠶ᠎ᠡ︕ | ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠤᠮᠠᠷᠲᠠᠵᠤ ᠪᠤᠯᠬᠤ ᠦᠭᠡᠢ᠂ ᠬᠦᠭᠵᠢᠨ | ᠴᠡᠴᠡᠭᠯᠡᠭᠰᠡᠨ ᠦᠶ᠎ᠡ ᠳᠡᠭᠡᠨ ᠬᠦᠴᠢᠷ ᠵᠤᠪᠠᠭᠤᠷᠢ ᠶᠢ ᠮᠠᠷᠲᠠᠵᠤ ᠪᠤᠯᠬᠤ ᠦᠭᠡᠢ᠃ ᠪᠢᠳᠡ ᠰᠡᠷᠭᠡᠭ ᠢᠶᠠᠷ ᠲᠠᠨᠢᠵᠤ | ᠤᠯᠤᠭᠰᠠᠨ ᠨᠢ᠂ ᠮᠠᠨ ᠤ ᠤᠯᠤᠰ ᠮᠦᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠤᠷᠤᠰᠢᠵᠤ ᠪᠠᠶᠢᠭ᠎ᠠ | ᠪᠦᠭᠡᠳ ᠤᠷᠲᠤ ᠬᠤᠭᠤᠴᠠᠭ᠎ᠠ ᠪᠠᠷ ᠤᠷᠤᠰᠢᠬᠤ ᠪᠤᠯᠤᠨ᠎ᠠ᠂ ᠮᠠᠨ ᠤ ᠤᠯᠤᠰ ᠪᠤᠯ ᠮᠦᠨ ᠯᠡ ᠳᠡᠯᠡᠬᠡᠢ ᠳᠡᠭᠡᠷᠡᠬᠢ | ᠬᠠᠮᠤᠭ ᠤᠨ ᠲᠤᠮᠤ ᠬᠦᠭᠵᠢᠵᠦ ᠪᠠᠶᠢᠭ᠎ᠠ ᠤᠯᠤᠰ ᠮᠦᠨ᠂ ᠬᠦᠭᠵᠢᠯᠲᠡ ᠲᠡᠩᠴᠡᠭᠦᠷᠢ ᠦᠭᠡᠢ ᠪᠠ ᠭᠦᠢᠴᠡᠳ ᠦᠭᠡᠢ | ᠪᠠᠶᠢᠬᠤ ᠵᠠᠷᠢᠮ ᠳᠤᠪᠤᠶᠢᠮ᠎ᠠ ᠠᠰᠠᠭᠤᠳᠠᠯ ᠬᠠᠷᠠᠬᠠᠨ ᠰᠢᠢᠳᠪᠦᠷᠢᠯᠡᠭᠳᠡᠭᠡᠳᠦᠢ ᠪᠠᠶᠢᠨ᠎ᠠ᠃ ᠠᠵᠤ ᠠᠬᠤᠢ ᠶᠢᠨ ᠨᠡᠮᠡᠭᠳᠡᠯ | ᠤᠨ ᠳᠤᠳᠤᠭᠠᠳᠤ ᠬᠦᠳᠡᠯᠭᠡᠭᠴᠢ ᠬᠦᠴᠦᠨ ᠪᠠᠰᠠ ᠭᠦᠢᠴᠡᠳ ᠦᠭᠡᠢ᠂ ᠰᠢᠨ᠎ᠡ ᠶᠢ ᠡᠭᠦᠳᠬᠦ ᠴᠢᠳᠠᠪᠤᠷᠢ ᠲᠡᠶᠢᠮᠦ | ᠴᠢᠩᠭ᠎ᠠ ᠪᠢᠰᠢ᠂ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠳᠡᠶᠢᠮᠦ ᠦᠨᠳᠦᠷ ᠪᠢᠰᠢ᠂ ᠵᠠᠷᠢᠮ ᠠᠵᠤ | ᠠᠬᠤᠢᠢᠯᠠᠯ ᠢᠯᠠᠩᠭᠤᠶ᠎ᠠ ᠳᠤᠮᠳᠠ ᠵᠢᠵᠢᠭ ᠠᠵᠤ ᠠᠬᠤᠢᠢᠯᠠᠯ ᠤᠨ ᠡᠵᠡᠩᠨᠡᠯᠲᠡ ᠬᠦᠴᠢᠷᠳᠡᠯ ᠲᠠᠢ᠂ ᠠᠷᠠᠳ ᠤᠨ ᠪᠡᠯᠡ | ᠤᠷᠤᠭᠤᠯᠤᠯᠲᠠ ᠶᠢᠨ ᠨᠡᠮᠡᠭᠳᠡᠯ ᠳᠤᠷᠤᠢ᠂ ᠬᠡᠰᠡᠭ ᠭᠠᠵᠠᠷ ᠤᠷᠤᠨ ᠤ ᠠᠵᠤ ᠠᠬᠤᠢ ᠶᠢᠨ ᠪᠠᠭᠤᠷᠠᠬᠤ ᠳᠠᠷᠤᠯᠲᠠ | ᠨᠡᠯᠢᠶᠡᠳ ᠶᠡᠭᠡ᠂ ᠮᠦᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠤᠭᠤᠭ ᠢ | ᠤᠮᠳᠤᠭᠠᠢᠢᠯᠠᠵᠤ ᠪᠤᠯᠤᠰᠢ ᠦᠭᠡᠢ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠰᠢᠢᠳᠪᠦᠷᠢᠯᠡᠬᠦ | ᠡᠭᠦᠷᠭᠡ ᠪᠡᠷᠬᠡ ᠬᠠᠳᠠᠭᠤᠵᠢᠯᠲᠠᠢ᠂ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠮᠦᠨ ᠯᠡ ᠳᠤᠷᠤᠢ ᠪᠠᠭᠤᠷᠠᠢ | ᠪᠠᠶᠢᠵᠤ᠂ ᠬᠤᠳᠠ ᠬᠦᠳᠡᠭᠡ ᠤᠷᠤᠨ ᠪᠦᠰᠡ ᠶᠢᠨ ᠬᠦᠭᠵᠢᠯᠲᠡ ᠪᠠ ᠤᠷᠤᠯᠭ᠎ᠠ ᠶᠢᠨ ᠬᠤᠪᠢᠶᠠᠷᠢᠯᠠᠯᠲᠠ ᠶᠢᠨ ᠵᠦᠷᠢᠶ᠎ᠡ | ᠮᠦᠨ ᠯᠡ ᠨᠡᠯᠢᠶᠡᠳ ᠶᠡᠭᠡ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠤᠨᠴᠠ ᠶᠡᠭᠡ ᠡ᠊ᠨᠳᠡᠯ | ᠪᠠᠶᠢᠨ ᠳᠠᠬᠢᠨ ᠭᠠᠷᠴᠤ ᠪᠠᠶᠢᠨ᠎ᠠ᠃ ᠠᠭᠠᠷ ᠤᠨ ᠴᠢᠨᠠᠷ ᠴᠢᠨᠰᠠᠭ᠎ᠠ᠂ ᠤᠷᠴᠢᠨ ᠠᠬᠤᠢ ᠶᠢᠨ ᠡᠷᠡᠭᠦᠯ ᠬᠠᠮᠠᠭᠠᠯᠠᠯ᠂ | ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠪᠠ ᠤᠷᠤᠨ ᠰᠠᠭᠤᠴᠠ᠂ ᠰᠤᠷᠭᠠᠨ ᠬᠦᠮᠦᠵᠢᠯ᠂ | ᠡᠮᠴᠢᠯᠡᠭᠡ᠂ ᠠᠵᠢᠯ ᠤᠯᠭᠤᠯᠲᠠ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠬᠢ ᠤᠯᠠᠨ ᠲᠦᠮᠡᠨ ᠤ ᠰᠡᠳᠬᠢᠯ | ᠬᠠᠨᠤᠮᠵᠢ ᠦᠭᠡᠢ ᠭᠠᠵᠠᠷ ᠪᠠᠰᠠ ᠪᠠᠭ᠎ᠠ ᠪᠤᠰᠤ ᠪᠠᠶᠢᠨ᠎ᠠ᠃ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠶᠢᠨ | ᠬᠤᠪᠢᠷᠠᠭᠤᠯᠤᠯᠳᠠ ᠪᠠᠰᠠ ᠪᠠᠷᠢᠮᠵᠢᠶ᠎ᠠ ᠳᠤ ᠬᠦᠷᠬᠦ ᠦᠬᠡᠢ ᠪᠠᠶᠢᠨ᠎ᠠ᠃ ᠵᠠᠰᠠᠭ ᠤᠨ ᠤᠷᠳᠤᠨ ᠤ ᠠᠵᠢᠯ ᠳᠤ | ᠬᠦᠷᠦᠯᠴᠡᠬᠦ ᠦᠭᠡᠢ ᠲᠠᠯ᠎ᠠ ᠤᠷᠤᠰᠢᠵᠤ᠂ ᠵᠠᠷᠢᠮ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠲᠦᠷᠦ ᠶᠢᠨ | ᠪᠤᠳᠤᠯᠭ᠎ᠠ ᠶᠢᠨ ᠨᠡᠶᠢᠳᠠᠪᠤᠷᠢᠵᠢᠭᠤᠯᠤᠯᠳᠠ ᠬᠦᠴᠦᠳᠠᠢ ᠪᠢᠰᠢ᠂ ᠵᠠᠷᠢᠮ ᠺᠠᠳ᠋ᠷ ᠤᠨ ᠦᠢᠯᠡᠴᠢᠯᠡᠬᠦ ᠤᠬᠠᠮᠰᠠᠷ ᠪᠠ | ᠬᠠᠤᠯᠢ ᠪᠠᠷ ᠵᠠᠰᠠᠬᠤ ᠤᠬᠠᠮᠰᠠᠷ ᠴᠢᠩᠭ᠎ᠠ ᠪᠢᠰᠢ᠂ ᠠᠵᠢᠯ ᠤᠨ ᠰᠤᠷᠲᠠᠯ ᠯᠠᠪᠳᠠᠭᠤᠨ ᠦᠭᠡᠢ᠂ ᠬᠠᠷᠢᠭᠤᠴᠠᠯᠭ᠎ᠠ | ᠡᠭᠦᠷᠭᠡᠯᠡᠬᠦ ᠵᠤᠷᠢᠭ ᠰᠠᠨᠠᠭ᠎ᠠ ᠭᠦᠢᠴᠡᠳ ᠦᠭᠡᠢ ᠪᠠᠶᠢᠵᠤ᠂ ᠬᠡᠯᠪᠡᠷᠢ ᠶᠢᠨ ᠦᠵᠡᠯ ᠪᠠ ᠨᠤᠶᠠᠨᠴᠢ ᠰᠤᠷᠲᠠᠯ ᠠᠳᠠᠯᠢ | ᠪᠤᠰᠤ ᠬᠡᠮᠵᠢᠶ᠎ᠡ ᠪᠠᠷ ᠤᠷᠤᠰᠢᠵᠤ ᠪᠠᠶᠢᠨ᠎ᠠ᠃ ᠤᠴᠢᠷ ᠶᠠᠪᠤᠲᠠᠯ ᠰᠢᠢᠳᠪᠦᠷᠢᠯᠡᠬᠦᠯᠬᠦ ᠳᠤ ᠬᠦᠴᠢᠷᠲᠡᠢ ᠪᠠᠶᠢᠬᠤ ᠪᠠ | ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠪᠠᠶᠢᠭ᠎ᠠ ᠳᠤ ᠤᠯᠠᠨ ᠲᠦᠮᠡᠨ ᠪᠠ ᠠᠵᠤ ᠠᠬᠤᠢᠢᠯᠠᠯ ᠨᠡᠯᠢᠶᠡᠳ ᠤᠯᠠᠨ | ᠰᠠᠨᠠᠯ ᠲᠠᠢ ᠪᠠᠶᠢᠨ᠎ᠠ᠃ ᠵᠠᠷᠢᠮ ᠬᠦᠷᠢᠶᠡᠨ ᠳᠤ ᠲᠦᠪ ᠪᠤᠰᠤ ᠰᠤᠷᠲᠠᠯ ᠪᠠ ᠢᠯᠵᠢᠷᠠᠨ ᠳᠤᠷᠦ᠋ᠢᠳᠠᠬᠤ ᠠᠰᠠᠭᠤᠳᠠᠯ | ᠮᠦᠨ ᠯᠡ ᠤᠯᠠᠨ ᠭᠠᠷᠴᠤ ᠪᠠᠶᠢᠨ᠎ᠠ᠃ ᠪᠢᠳᠡ ᠵᠠᠪᠠᠯ ᠤᠯᠤᠰ ᠤᠷᠤᠨ ᠪᠠ ᠠᠷᠠᠳ ᠲᠦᠮᠡᠨ ᠳᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ ᠪᠠᠷ᠂ ᠬᠦᠴᠢᠷ ᠪᠡᠷᠬᠡ ᠠᠴᠠ ᠦᠯᠦ ᠰᠦᠷᠳᠡᠬᠦ ᠪᠠᠭᠠᠳᠤᠷ ᠵᠤᠷᠢᠭ ᠪᠠ | ᠰᠢᠨᠳᠠᠷᠠᠰᠢ ᠦᠬᠡᠢ ᠬᠠᠳᠠᠨ ᠵᠤᠷᠢᠭ ᠢᠶᠠᠷ᠂ ᠠᠵᠢᠯ ᠢᠶᠠᠨ ᠪᠦᠬᠦ ᠴᠢᠳᠠᠯ ᠢᠶᠠᠷ ᠢᠶᠠᠨ ᠰᠠᠶᠢᠲᠤᠷ ᠬᠢᠵᠦ᠂ ᠠᠷᠠᠳ ᠤᠨ | ᠵᠠᠰᠠᠭ ᠤᠨ ᠤᠷᠳᠤᠨ ᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠤᠯᠭᠠᠬᠤ ᠬᠡᠷᠡᠭᠳᠡᠢ᠃ | ᠬᠤᠶᠠᠷ᠂ 2018 ᠣᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠱᠠᠭᠠᠷᠳᠠᠯᠭ᠎ᠠ ᠪᠠ | ᠲᠦᠷᠦ ᠶᠢᠨ ᠪᠤᠳᠤᠯᠭ᠎ᠠ ᠶᠢᠨ ᠬᠠᠨᠳᠤᠰᠢ | ᠡᠨᠡ ᠵᠢᠯ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠣᠣᠱᠯᠠᠭᠤᠯᠬᠤ ᠡᠬᠢᠯᠡᠯᠳᠡ ᠶᠢᠨ ᠵᠢᠯ ᠮᠦᠨ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠮᠦᠨ᠂ | ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠬᠡᠬᠦ ᠰᠢᠢᠳᠪᠤᠷᠢᠳᠦ ᠢᠯᠠᠯᠳᠠ ᠶᠢ ᠤᠯᠵᠤ᠂《 | 13·5 》 ᠶᠢᠨ ᠲᠦᠯᠦᠪᠵᠢᠭᠦᠯᠭᠡ ᠶᠢ ᠬᠡᠷᠡᠭᠵᠢᠭᠦᠯᠦᠨ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠨᠡᠭᠡᠭᠡᠬᠦ | ᠵᠠᠩᠬᠢᠯᠠᠭ᠎ᠠ ᠶᠢᠨ ᠨᠢᠭᠡ ᠵᠢᠯ ᠮᠦᠨ᠃ ᠵᠠᠰᠠᠭ ᠤᠨ ᠤᠷᠳᠤᠨ ᠤ ᠠᠵᠢᠯ ᠢ ᠰᠠᠶᠢᠳᠦᠷ ᠬᠢᠬᠦ ᠳᠤ᠂ ᠰᠢ ᠶᠢᠨ ᠫᠢᠩ | ᠨᠦᠬᠦᠷ ᠢᠶᠠᠷ ᠭᠤᠤᠯᠯᠠᠭᠤᠯᠤᠭᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ | ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ | ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠᠨ | ᠶᠢᠰᠦᠳᠦᠬᠡᠷ ᠬᠤᠭᠤᠴᠠᠭᠠᠨ ᠤ ᠳᠦᠪ ᠬᠤᠷᠢᠶ᠎ᠠ ᠶᠢᠨ ᠬᠤᠶᠠᠲᠤᠭᠠᠷ ᠪᠦᠬᠦᠲᠠ ᠬᠤᠷᠠᠯ᠂ ᠭᠤᠷᠪᠠᠳᠤᠭᠠᠷ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠬᠦᠨᠵᠡᠬᠡᠢ ᠲᠣᠣᠱᠯᠠᠭᠤᠯᠵᠤ᠂ ᠨᠠᠮ ᠤᠨ ᠦᠨᠳᠦᠰᠦᠨ ᠤᠨᠤᠯ | ᠦᠨᠳᠦᠰᠦᠨ ᠱᠤᠭᠤᠮ ᠦᠨᠳᠦᠰᠦᠨ ᠠᠷᠭ᠎ᠠ ᠪᠤᠳᠤᠯᠭ᠎ᠠ ᠶᠢ ᠲᠣᠣᠱᠯᠠᠭᠤᠯᠤᠨ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠲᠤᠭᠳᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠤᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ | ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠠ ᠲᠠᠢ ᠨᠢᠬᠳᠠ ᠤᠶᠠᠯᠳᠤᠭᠤᠯᠤᠨ᠂ ᠴᠢᠨᠠᠷ | ᠰᠠᠶᠢᠲᠠᠢ ᠬᠦᠭᠵᠢᠭᠦᠯᠬᠦ ᠱᠠᠭᠠᠷᠳᠠᠯᠭ᠎ᠠ ᠶᠤᠰᠤᠭᠠᠷ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠩᠭᠤᠢ ᠪᠠᠷ ᠠᠬᠢᠭᠤᠯᠵᠤ᠂ ᠬᠠᠨᠭ᠍ᠭᠠᠯᠭ᠎ᠠ ᠶᠢᠨ ᠲᠠᠯ᠎ᠠ ᠶᠢᠨ | ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠨᠨ᠂ ᠨᠡᠮᠡᠭᠳᠡᠯ ᠢ | ᠳᠤᠭᠳᠠᠭᠤᠨ ᠪᠠᠶᠢᠯᠭᠠᠬᠤ᠂ ᠦᠭᠡᠷᠡᠴᠢᠯᠡᠯᠳᠠ ᠶᠢ ᠠᠬᠢᠭᠤᠯᠬᠤ᠂ ᠪᠦᠲᠦᠴᠠ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠬᠡᠳᠦᠯᠳᠡᠢ | ᠲᠥᠯᠥᠪᠯᠡᠨ ᠠᠬᠢᠭᠤᠯᠵᠤ᠂ ᠦᠬᠡᠷᠡᠴᠢᠯᠡᠯᠳᠡ ᠨᠡᠬᠡᠬᠡᠯᠳᠡ ᠶᠢ ᠬᠦᠴᠦᠯᠡᠨ ᠠᠬᠢᠭᠤᠯᠵᠤ᠂ ᠬᠤᠷᠸ᠎ᠠ ᠲᠣᠬᠢᠷᠠᠭᠤᠯᠤᠯ | ᠡᠵᠡᠮᠳᠡᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠲᠡᠭᠦᠨ ᠢ ᠲᠡᠭᠦᠯᠳᠡᠷᠵᠢᠭᠦᠯᠦᠨ᠂ ᠶᠠᠰᠤ ᠴᠢᠨᠠᠷ ᠤᠨ ᠬᠤᠪᠢᠰᠦᠯᠳᠠ᠂ | ᠦᠷ᠎ᠠ ᠪᠦᠳᠦᠮᠵᠢ ᠶᠢᠨ ᠬᠤᠪᠢᠰᠦᠯᠳᠠ᠂ ᠬᠦᠳᠡᠯᠬᠡᠭᠴᠢ ᠬᠦᠴᠦᠨ ᠤ ᠬᠤᠪᠢᠰᠦᠯᠳᠡ ᠶᠢ ᠠᠬᠢᠭᠤᠯᠤᠨ᠂ ᠢᠯᠠᠩᠭᠤᠶ᠎ᠠ | ᠬᠦᠨᠳᠦ ᠶᠡᠭᠡ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢ ᠰᠢᠢᠳᠪᠤᠷᠢᠯᠡᠬᠦ ᠠᠵᠢᠯ ᠢ ᠰᠠᠶᠢᠳᠤᠷ ᠬᠢᠬᠦ | ᠲᠠᠯ᠎ᠠ ᠪᠠᠷ ᠯᠠᠪᠳᠠᠭᠤᠨ ᠠᠬᠢᠯᠲᠠ ᠲᠠᠢ ᠪᠤᠯᠵᠤ᠂ ᠵᠢᠱᠢᠯᠳᠡ ᠶᠢ ᠬᠥᠳᠤᠯᠤᠨ ᠵᠢᠯᠤᠭᠤᠳᠬᠤ ᠪᠠ ᠲᠤᠬᠳᠠᠪᠤᠷᠢᠵᠢᠭᠤᠯᠦᠨ᠂ | ᠠᠷᠠᠳ ᠤᠨ ᠠᠮᠢᠲᠤᠷᠠᠯ ᠢ ᠴᠢᠩᠭᠠᠳᠬᠠᠨ ᠰᠠᠶᠢᠵᠢᠷᠠᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠲᠤᠳᠤᠭᠠᠳᠤ ᠭᠠᠳᠠᠭᠠᠳᠤ ᠶᠢᠨ | ᠪᠠᠶᠢᠳᠠᠯ ᠢ ᠶᠡᠷᠦᠩᠬᠡᠶᠢᠯᠡᠨ ᠵᠠᠳᠠᠯᠪᠠᠯ᠂ ᠮᠠᠨ ᠤ ᠤᠯᠤᠰ ᠤᠨ ᠬᠥᠭᠵᠢᠯᠲᠡ ᠳᠤ ᠲᠤᠬᠢᠶᠠᠯ ᠪᠠ ᠰᠢᠯᠭᠠᠯᠳᠠ ᠵᠡᠷᠭᠡ ᠪᠠᠷ | ᠲᠤᠯᠭᠠᠷᠠᠵᠤ ᠪᠠᠶᠢᠨ᠎ᠡ᠃ ᠲᠡᠯᠡᠬᠡᠢ ᠶᠢᠨ ᠠᠵᠤ ᠠᠬᠤᠢ ᠦᠷᠬᠦᠯᠵᠢᠯᠡᠨ ᠰᠡᠷᠬᠦᠬᠦ ᠡᠷᠡᠮᠡᠯᠵᠡᠯ ᠲᠠᠢ ᠪᠤᠯᠪᠠᠴᠤ | ᠲᠤᠭᠳᠠᠭᠤᠨ ᠪᠤᠰᠤ ᠲᠤᠭᠳᠠᠭᠰᠠᠨ ᠪᠤᠰᠤ ᠬᠦᠴᠦᠨ ᠵᠦᠢᠯ ᠮᠠᠰᠢ ᠤᠯᠠᠨ ᠪᠠᠶᠢᠵᠤ᠂ ᠭᠤᠤᠯ ᠪᠤᠯᠬᠤ ᠠᠵᠤ | ᠠᠬᠤᠢ ᠶᠢᠨ ᠴᠤᠭᠴᠠ ᠶᠢᠨ ᠲᠦᠷᠤ ᠶᠢᠨ ᠪᠤᠳᠤᠯᠭ᠎ᠠ ᠶᠢᠨ ᠲᠤᠬᠢᠷᠠᠭᠤᠯᠤᠯᠳᠠ ᠵᠢᠴᠢ ᠲᠡᠬᠦᠨ ᠤ ᠭᠠᠳᠠᠭᠰᠢ | ᠨᠦᠯᠤᠭᠡᠯᠡᠬᠦ ᠦᠢᠯᠡᠳᠤᠯ ᠳᠤ ᠬᠤᠪᠢᠷᠠᠯᠳᠠ ᠭᠠᠷᠴᠤ᠂ ᠬᠠᠮᠠᠭᠠᠯᠠᠬᠤ ᠦᠵᠡᠯ ᠰᠢᠷᠦᠬᠦᠰᠴᠤ᠂ ᠭᠠᠵᠠᠷ ᠤᠷᠤᠨ ᠤ | ᠤᠯᠤᠰ ᠳᠦᠷᠦ ᠶᠢᠨ ᠠᠶᠤᠯ ᠳᠦᠭᠰᠢᠬᠦᠷᠢ ᠨᠡᠮᠡᠭᠲᠡᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠠᠭ | ᠬᠥᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠦᠳᠦᠴᠠ ᠶᠢ ᠰᠢᠯᠢᠳᠡᠭᠵᠢᠬᠦᠯᠬᠦ᠂ | ᠨᠡᠮᠡᠭᠳᠡᠯ ᠤᠨ ᠬᠥᠳᠡᠯᠭᠡᠭᠴᠢ ᠬᠥᠴᠤᠨ ᠢ ᠬᠤᠪᠢᠷᠠᠭᠤᠯᠬᠤ ᠰᠢᠪᠲᠤᠯᠤᠯᠲᠠ ᠶᠢᠨ ᠬᠤᠭᠤᠴᠠᠭᠠᠨ ᠳᠤ ᠣᠷᠣᠰᠢᠵᠤ᠂ | ᠪᠠᠰᠠ ᠮᠠᠰᠢ ᠤᠯᠠᠨ ᠲᠠᠪᠠᠭ᠎ᠠ ᠶᠢ ᠲᠠᠪᠠᠭ᠋ᠤ ᠬᠡᠷᠡᠭᠳᠡᠢ᠂ ᠮᠠᠰᠢ ᠤᠯᠠᠨ ᠬᠠᠷᠰᠢ ᠰᠠᠭᠠᠳ ᠢ ᠲᠤᠭᠤᠯᠬᠤ ᠬᠡᠷᠡᠭᠳᠡᠢ᠂ | ᠵᠢᠱᠢᠠ ᠮᠡᠳᠡᠵᠦ ᠪᠤᠯᠬᠤ ᠪᠡ ᠵᠢᠱᠢᠨ ᠮᠡᠳᠡᠬᠦ ᠳᠤ ᠪᠡᠷᠭᠡᠳᠡᠢ ᠠᠶᠦᠯ ᠲᠦᠭᠰᠢᠭᠦᠷᠢ ᠪᠠ ᠰᠢᠯᠭᠠᠯᠳᠠ ᠶᠢ ᠠᠷᠭᠠᠴᠠᠬᠤ | ᠬᠡᠷᠡᠭᠳᠡᠢ ᠪᠠᠶᠢᠨ᠎ᠠ᠃ ᠲᠤᠮᠳᠠᠳᠤ ᠤᠯᠤᠰ ᠤᠨ ᠬᠦᠭᠵᠢᠯᠳᠡ ᠶᠢᠨ ᠠᠮᠵᠢᠯᠳᠠ ᠪᠦᠳᠦᠮᠵᠢ ᠶᠢ ᠶᠡᠷᠦ ᠠᠴᠠ ᠴᠥᠮ | ᠪᠡᠷᠭᠡ ᠶᠢ ᠲᠤᠭᠤᠯᠤᠨ ᠬᠦᠴᠢᠷ ᠢ ᠢᠯᠠᠬᠤ ᠲᠤᠮᠳᠠ ᠤᠯᠤᠭᠰᠠᠨ ᠶᠤᠮ ᠬᠡᠳᠡᠭ ᠢ ᠦᠢᠯᠡᠳᠦᠯᠬᠡ ᠬᠠᠷᠠᠭᠤᠯᠵᠤ ᠪᠠᠶᠢᠨ᠎ᠠ᠃ | ᠤᠳᠤᠬᠠᠨ ᠳᠤ ᠮᠠᠨ ᠤ ᠤᠯᠤᠰ ᠤᠨ ᠪᠤᠳᠠᠰ ᠤᠨ ᠪᠠ ᠮᠡᠷᠭᠡᠵᠢᠯ ᠤᠨ ᠰᠠᠭᠤᠷᠢ ᠭᠦᠢᠴᠡᠳ ᠬᠠᠩᠭᠠᠮᠵᠢᠲᠠᠢ᠂ ᠠᠵᠤ | ᠦᠢᠯᠡᠰ ᠤᠨ ᠰᠢᠰᠲ᠋ᠧᠮᠵᠢ ᠪᠦᠷᠢᠨ ᠲᠦᠬᠦᠷ᠂ ᠵᠠᠬ᠎ᠠ ᠲᠡᠯᠬᠡᠬᠦᠷ ᠤᠨ ᠬᠡᠪᠴᠢᠶ᠎ᠠ ᠯᠤᠳᠤ ᠶᠡᠭᠡ᠂ ᠬᠥᠮᠤᠨ ᠤ | ᠬᠥᠴᠤᠨ ᠤ ᠡᠬᠢ ᠪᠠᠶᠠᠯᠢᠭ ᠡᠯᠪᠡᠭ᠂ ᠠᠳᠠᠯ ᠦᠢᠯᠡᠰ ᠴᠤᠭᠴᠠᠯᠠᠬᠤ ᠪᠠ ᠰᠢᠨ᠎ᠡ ᠶᠢ ᠡᠭᠦᠳᠬᠦ ᠶᠠᠪᠤᠳᠠᠯ | ᠬᠦᠭᠵᠢᠶᠡᠨᠲᠡᠢ᠂ ᠶᠡᠷᠦᠩᠬᠡᠶᠢᠯᠡᠭᠰᠡᠨ ᠲᠠᠪᠠᠭᠤᠯᠢᠭ ᠢᠯᠡᠷᠬᠡᠢ ᠪᠠᠶᠢᠭ᠎ᠠ ᠤᠴᠢᠷ ᠠᠴᠠ ᠨᠡᠩ ᠴᠢᠨᠠᠷ ᠰᠠᠶᠢᠳᠠᠢ᠂ ᠨᠡᠩ | ᠦᠷ᠎ᠠ ᠪᠦᠳᠦᠮᠵᠢᠳᠡᠢ᠂ ᠨᠡᠩ ᠭᠤᠤᠯᠴᠢ᠂ ᠨᠡᠩ ᠦᠷᠬᠦᠯᠵᠢᠯᠡᠬᠦ᠋ᠢᠴᠡ ᠬᠦᠭᠵᠢᠯᠳᠡ ᠶᠢ ᠪᠡᠶᠡᠯᠡᠬᠦᠯᠬᠦ ᠴᠢᠳᠠᠪᠤᠷᠢ ᠪᠠ | ᠨᠦᠬᠦᠴᠡᠯ ᠪᠠᠶᠢᠬᠤ ᠶᠤᠮ᠃ | ᠡᠨᠡ ᠵᠢᠯ ᠤᠨ ᠬᠥᠭᠵᠢᠬᠦᠯᠤᠯᠳᠡ ᠶᠢᠨ ᠭᠤᠤᠯ ᠭᠤᠤᠯ ᠵᠢᠱᠢᠭᠰᠡᠨ ᠬᠠᠷᠠᠯᠳᠠ ᠪᠤᠯ᠄ ᠤᠯᠤᠰ ᠤᠨ ᠲᠤᠲᠤᠭᠠᠳᠦ | ᠶᠢᠨ ᠦᠢᠯᠡᠳᠪᠦᠷᠢᠯᠡᠯ ᠤᠨ ᠪᠦᠬᠦ ᠦᠷᠲᠡᠭ ᠢ 6.5% ᠤᠷᠴᠢᠮ ᠢᠶᠠᠷ ᠨᠡᠮᠡᠭᠲᠡᠬᠦᠯᠤᠨ᠎ᠠ︔ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠶᠢᠨ ᠦᠰᠦᠯᠲᠠ ᠶᠢ 3% ᠤᠷᠴᠢᠮ ᠪᠠᠶᠢᠯᠭᠠᠨ᠎ᠠ︔ ᠬᠤᠲᠠ ᠪᠠᠯᠭᠠᠰᠦᠨ ᠳᠤ ᠠᠵᠢᠯ | ᠣᠯᠣᠭᠰᠠᠨ ᠬᠥᠮᠥᠨ ᠤ ᠲᠤᠭ᠎ᠠ ᠶᠢ 1100 ᠳᠦᠮᠡ ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠲᠠ | ᠪᠠᠯᠭᠠᠰᠦᠨ ᠤ ᠪᠠᠶᠢᠴᠠᠭᠠᠭᠰᠠᠨ ᠠᠵᠢᠯ ᠠᠯᠲᠠᠯᠳᠠ ᠶᠢᠨ ᠨᠤᠷᠮ᠎ᠠ ᠶᠢ 5.5% ᠶᠢᠨ ᠳᠤᠳᠤᠷ᠎ᠠ ᠬᠢᠵᠠᠭᠠᠷᠯᠠᠵᠤ᠂ | ᠬᠤᠲᠠ ᠪᠠᠯᠭᠠᠰᠦᠨ ᠤ ᠳᠠᠩᠰᠠᠯᠠᠭᠤᠯᠤᠬᠰᠠᠨ ᠠᠵᠢᠯ ᠠᠯᠲᠠᠯᠳᠠ ᠶᠢᠨ ᠨᠤᠷᠮ᠎ᠠ ᠶᠢ 4.5% ᠶᠢᠨ ᠳᠤᠳᠤᠷ᠎ᠠ | ᠬᠢᠵᠠᠭᠠᠷᠯᠠᠨ᠎ᠠ︔ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠤᠯᠤᠨ ᠠᠵᠤ ᠠᠬᠤᠢ ᠶᠢᠨ ᠨᠡᠮᠡᠭᠲᠡᠯ ᠢ | ᠦᠨᠳᠦᠰᠦᠨ ᠳᠡᠭᠡᠨ ᠵᠢᠭᠳᠡ ᠪᠠᠶᠢᠯᠭᠠᠨ᠎ᠠ︔ ᠭᠠᠳᠠᠭᠠᠳᠤ ᠤᠷᠤᠭᠤᠯᠤᠯᠲᠠ ᠪᠡ ᠭᠠᠳᠠᠭᠠᠳᠤ ᠭᠠᠷᠭᠠᠯᠲᠠ ᠶᠢ | ᠳᠤᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠵᠤ᠂ ᠤᠯᠤᠰ ᠤᠨ ᠬᠤᠭᠤᠷᠤᠨᠲᠤᠬᠢ ᠤᠷᠤᠯᠭ᠎ᠠ ᠵᠠᠷᠤᠯᠭ᠎ᠠ | ᠶᠢ ᠦᠨᠳᠦᠰᠦᠨ ᠳᠡᠭᠡᠨ ᠳᠡᠩᠴᠡᠬᠦᠷᠢᠲᠡᠢ ᠪᠠᠶᠢᠯᠭᠠᠨ᠎ᠠ︔ ᠨᠢᠭᠡᠴᠢ ᠤᠯᠤᠰ ᠤᠨ ᠲᠤᠲᠤᠭᠠᠳᠦ ᠶᠢᠨ ᠦᠢᠯᠡᠳᠪᠦᠷᠢᠯᠡᠯ | ᠤᠨ ᠪᠦᠬᠦ ᠦᠷᠲᠡᠭ ᠤᠨ ᠡᠨᠧᠷᠬᠢ ᠶᠢᠨ ᠬᠤᠷᠤᠭᠲᠠᠭᠤᠯᠤᠯ ᠢ 3% ᠠᠴᠠ ᠳᠡᠭᠡᠭᠰᠢ ᠪᠠᠷ ᠪᠠᠭᠤᠷᠠᠭᠤᠯᠵᠤ᠂ ᠭᠤᠤᠯ | ᠭᠤᠤᠯ ᠪᠤᠬᠢᠷᠲᠤᠯ ᠪᠤᠲᠠᠰ ᠤᠨ ᠭᠠᠲᠠᠭᠰᠢᠯᠠᠭᠤᠯᠤᠯᠲᠠ ᠶᠢ ᠦᠷᠬᠦᠯᠵᠢᠯᠠᠨ ᠪᠠᠭᠠᠰᠬᠠᠨ᠎ᠠ︔ ᠬᠠᠨᠭ᠍ᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠦᠨᠡᠨ ᠪᠤᠳᠠᠳᠠᠢ ᠠᠬᠢᠯᠲᠠ ᠲᠠᠢ ᠪᠤᠯᠭᠠᠵᠤ᠂ ᠬᠤᠷᠸ᠎ᠠ | ᠬᠥᠰᠢᠭᠦᠷᠭᠡ ᠶᠢᠨ ᠨᠤᠷᠮ᠎ᠠ ᠶᠢ ᠦᠨᠳᠦᠰᠦᠨ ᠳᠡᠭᠡᠨ ᠲᠤᠭᠳᠠᠪᠤᠷᠢᠳᠡᠢ ᠪᠠᠶᠢᠯᠭᠠᠵᠤ᠂ ᠡᠯ᠎ᠠ ᠲᠦᠷᠦᠯ ᠤᠨ ᠠᠶᠤᠯ | ᠲᠦᠭᠰᠢᠬᠦᠷᠢ ᠶᠢ ᠡᠮᠬᠢ ᠵᠢᠷᠤᠮ ᠲᠠᠢ ᠪᠦᠭᠡᠳ ᠪᠦᠳᠦᠮᠵᠢᠳᠡᠢ ᠪᠠᠷ ᠰᠠᠷᠬᠡᠶᠢᠯᠡᠨ ᠬᠢᠵᠠᠭᠠᠷᠯᠠᠨ᠎ᠠ᠃ | ᠲᠡᠭᠡᠷ᠎ᠠ ᠲᠤᠷᠠᠳᠤᠭᠰᠠᠨ ᠭᠤᠤᠯ ᠭᠤᠤᠯ ᠵᠢᠱᠢᠭᠰᠡᠨ ᠬᠠᠷᠠᠯᠳᠠ ᠨᠢ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ | ᠪᠠᠶᠢᠭᠤᠯᠤᠨ ᠪᠦᠳᠦᠬᠡᠬᠦ ᠰᠢᠢᠳᠪᠤᠷᠢᠳᠦ ᠢᠯᠠᠯᠳᠠ ᠶᠢ ᠤᠯᠬᠤ ᠭᠡᠷᠡᠭᠴᠡᠭᠡ ᠶᠢ ᠪᠣᠳᠣᠯᠬᠢᠯᠠᠨ᠂ ᠮᠠᠨ ᠤ ᠤᠯᠤᠰ ᠤᠨ | ᠠᠵᠤ ᠠᠬᠤᠢ ᠶᠢᠨ ᠨᠢᠬᠡᠨᠳᠡ ᠲᠡᠭᠡᠳᠤ ᠬᠤᠷᠳᠤᠴᠠ ᠪᠠᠷ ᠨᠡᠮᠡᠭᠳᠡᠬᠦ ᠱᠠᠳᠤ ᠦᠶ᠎ᠠ ᠠᠴᠠ ᠴᠢᠨᠠᠷ ᠰᠠᠶᠢᠳᠠᠢ ᠬᠦᠭᠵᠢᠯᠳᠡ | ᠶᠢᠨ ᠱᠠᠳᠤ ᠦᠶ᠎ᠡ ᠳᠤ ᠤᠷᠤᠭᠰᠠᠨ ᠪᠤᠳᠠᠳᠤ ᠪᠠᠶᠢᠳᠠᠯ ᠲᠠᠢ ᠨᠠᠶᠢᠴᠡᠵᠦ ᠪᠠᠶᠢᠨ᠎ᠠ᠃ ᠠᠵᠤ ᠠᠬᠤᠢ ᠶᠢᠨ ᠦᠨᠳᠦᠰᠦᠨ | ᠲᠠᠯ᠎ᠠ ᠪᠠ ᠠᠵᠢᠯ ᠤᠯᠭᠤᠯᠳᠡ ᠶᠢᠨ ᠰᠢᠩᠭᠡᠭᠡᠬᠦ ᠴᠢᠳᠠᠪᠤᠷᠢ ᠠᠴᠠ ᠦᠵᠡᠪᠡᠯ᠂ 6.5% ᠤᠷᠴᠢᠮ ᠤᠨ ᠨᠡᠮᠡᠭᠳᠡᠯ ᠤᠨ | ᠬᠤᠷᠳᠤᠴᠠ ᠨᠢ ᠨᠡᠯᠢᠶᠡᠳ ᠬᠦᠢᠴᠡᠳ ᠠᠵᠢᠯ ᠤᠯᠭᠤᠯᠳᠠ ᠶᠢ ᠪᠡᠶᠡᠯᠡᠬᠦᠯᠵᠤ ᠪᠤᠯᠤᠨ᠎ᠠ᠃ ᠬᠤᠳᠠ ᠪᠠᠯᠭᠠᠰᠤᠨ ᠤ | ᠪᠠᠶᠢᠴᠠᠭᠠᠭᠰᠠᠨ ᠠᠵᠢᠯ ᠠᠯᠳᠠᠯᠳᠠ ᠶᠢᠨ ᠨᠤᠷᠮ᠎ᠠ ᠨᠢ ᠬᠦᠯᠦᠰᠦᠨ ᠠᠵᠢᠯᠴᠢᠨ ᠵᠡᠷᠭᠡ ᠬᠤᠲᠠ ᠪᠠᠯᠭᠠᠰᠤᠨ ᠤ ᠪᠠᠶᠢᠡᠭᠭᠤ | ᠰᠠᠭᠤᠭ᠎ᠠ ᠬᠦᠮᠦᠨ ᠠᠮᠠ ᠶᠢ ᠬᠠᠮᠤᠷᠳᠠᠭ ᠶᠤᠮ᠂ ᠠᠵᠢᠯ ᠤᠯᠭᠤᠯᠳᠠ ᠶᠢᠨ ᠪᠠᠶᠢᠳᠠᠯ ᠢ ᠨᠡᠩ ᠪᠦᠬᠦ ᠲᠠᠯ᠎ᠠ ᠪᠠᠷ | ᠲᠤᠰᠬᠠᠵᠤ᠂ ᠬᠠᠮᠳᠤ ᠪᠠᠷ ᠡᠳ᠋ᠯᠡᠬᠦ ᠬᠥᠭᠵᠢᠯᠲᠡ ᠶᠢᠨ ᠱᠠᠭᠠᠷᠳᠠᠯᠭ᠎ᠠ ᠶᠢ ᠤᠯᠠᠮ ᠰᠠᠶᠢᠨ ᠬᠠᠷᠠᠭᠤᠯᠬᠤ ᠶᠢᠨ ᠲᠦᠯᠦᠬᠡ᠂ | ᠡᠨᠡ ᠵᠢᠯ ᠡᠨᠡ ᠬᠦ ᠬᠦᠢᠴᠡᠳᠭᠡᠯ ᠲᠤᠭ᠎ᠠ ᠶᠢ ᠠᠩᠬ᠎ᠠ ᠤᠳᠠᠭ᠎ᠠ ᠵᠢᠱᠢᠭᠰᠡᠨ ᠬᠠᠷᠠᠯᠳᠠ ᠪᠤᠯᠭᠠᠪᠠ᠃ | ᠡᠨᠡ ᠵᠢᠯ ᠬᠤᠷᠸ᠎ᠠ ᠲᠣᠬᠢᠷᠠᠭᠤᠯᠤᠯ ᠡᠵᠡᠮᠳᠡᠯ ᠤᠨ ᠲᠠᠯ᠎ᠠ ᠪᠠᠷ ᠦᠷᠬᠦᠯᠵᠢᠯᠡᠨ ᠰᠢᠨ᠎ᠡ ᠶᠢ ᠡᠭᠦᠳᠬᠦ ᠪᠠ ᠲᠡᠭᠦᠨ | ᠢ ᠲᠡᠭᠦᠯᠳᠡᠷᠵᠢᠭᠦᠯᠵᠤ᠂ ᠬᠤᠷᠸ᠎ᠠ ᠲᠤᠬᠢᠷᠠᠭᠤᠯᠤᠯ ᠡᠵᠡᠮᠳᠡᠯ ᠤᠨ ᠬᠡᠮᠵᠢᠶ᠎ᠠ ᠶᠢ ᠰᠠᠶᠢᠳᠤᠷ ᠡᠵᠡᠮᠳᠡᠵᠤ᠂ ᠬᠤᠷᠸ᠎ᠠ | ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠪᠠ ᠲᠤᠭᠳᠠᠪᠤᠷᠢᠲᠦ ᠴᠢᠨᠡᠷ ᠢ ᠪᠠᠳᠤᠯᠠᠵᠤ᠂ ᠡᠳ᠋ ᠤᠨ ᠵᠠᠰᠠᠭ᠂ | ᠵᠤᠭᠤᠰ᠂ ᠠᠵᠤ ᠦᠢᠯᠡᠰ᠂ ᠤᠷᠤᠨ ᠪᠦᠰᠡ ᠵᠡᠷᠭᠡ ᠶᠢᠨ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠬᠤ ᠭᠡᠷᠡᠭᠲᠡᠢ᠃ | ᠡᠳ᠋ ᠤᠨ ᠵᠠᠰᠠᠭ ᠤᠨ ᠢᠳᠡᠪᠬᠢᠳᠡᠢ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠬᠤᠪᠢᠷᠠᠭᠤᠯᠬᠤ ᠦᠬᠡᠢ | ᠪᠠᠶᠢᠵᠤ᠂ ᠬᠦᠴᠦ ᠪᠠᠨ ᠲᠦᠪᠯᠡᠷᠡᠬᠦᠯᠦᠨ ᠦᠷ᠎ᠠ ᠪᠦᠳᠦᠮᠵᠢ ᠶᠢ ᠲᠡᠭᠡᠭᠰᠢᠯᠡᠬᠦᠯᠬᠦ ᠬᠡᠷᠡᠭᠲᠡᠢ᠃ ᠡᠨᠡ ᠵᠢᠯ ᠤᠨ ᠤᠯᠠᠭᠠᠨ | ᠲᠤᠭ᠎ᠠ ᠶᠢᠨ ᠨᠤᠷᠮ᠎ᠠ ᠶᠢ 2.6% ᠪᠠᠷ ᠲᠤᠬᠢᠷᠠᠭᠤᠯᠬᠤ ᠪᠠᠷ ᠲᠦᠯᠤᠪᠯᠡᠵᠤ ᠪᠠᠶᠢᠨ᠎ᠠ᠂ ᠡᠨᠡ ᠨᠢ ᠨᠢᠳᠦᠨᠦᠨ ᠤ | ᠲᠦᠰᠦᠪ ᠠᠴᠠ 0.4 ᠵᠠᠭᠤᠨ ᠤ ᠴᠡᠭ ᠲᠤᠤᠷ᠎ᠠ ᠪᠤᠯᠤᠨ᠎ᠠ︔ ᠡᠳ᠋ ᠤᠨ ᠵᠠᠰᠠᠬ ᠤᠨ ᠤᠯᠠᠭᠠᠨ ᠲᠤᠭ᠎ᠠ ᠶᠢ 2.38 | ᠲᠦᠮᠡᠨ ᠳ᠋ᠦᠡᠭᠰᠢᠭᠤᠷ ᠲᠦᠬᠦᠷᠢᠭ ᠲᠤᠬᠢᠷᠠᠭᠤᠯᠤᠨ᠎ᠠ᠂ ᠡᠬᠦᠨ ᠳᠤ ᠲᠦᠪ ᠤᠨ ᠡᠳ᠋ ᠤᠨ ᠵᠠᠰᠠᠬ ᠤᠨ ᠤᠯᠠᠭᠠᠨ | ᠲᠤᠭ᠎ᠠ ᠶᠢ 1.55 ᠲᠦᠮᠡᠨ ᠳ᠋ᠦᠡᠭᠰᠢᠭᠤᠷ ᠲᠦᠬᠦᠷᠢᠭ ᠲᠣᠬᠢᠷᠠᠭᠤᠯᠵᠤ᠂ ᠤᠷᠤᠨ ᠨᠤᠳᠤᠭ ᠤᠨ ᠡᠳ᠋ ᠤᠨ ᠵᠠᠰᠠᠬ | ᠤᠨ ᠤᠯᠠᠭᠠᠨ ᠲᠤᠭ᠎ᠠ ᠶᠢ 8300 ᠳ᠋ᠦᠡᠭᠰᠢᠭᠤᠷ ᠲᠦᠬᠦᠷᠢᠭ ᠲᠣᠬᠢᠷᠠᠭᠤᠯᠤᠨ᠎ᠠ᠃ ᠤᠯᠠᠭᠠᠨ ᠲᠤᠭ᠎ᠠ ᠶᠢᠨ ᠨᠤᠷᠮ᠎ᠠ | ᠶᠢ ᠪᠠᠭᠤᠷᠠᠭᠤᠯᠤᠭᠰᠠᠨ ᠨᠢ ᠭᠤᠤᠯᠳᠠᠭᠤ ᠮᠠᠨ ᠤ ᠤᠯᠤᠰ ᠤᠨ ᠠᠵᠤ ᠠᠬᠤᠢ ᠳᠤᠭᠲᠠᠭᠤᠨ ᠪᠤᠯᠬᠤ ᠶᠢᠨ ᠵᠡᠷᠭᠡ ᠳᠤ | ᠰᠠᠶᠢᠵᠢᠷᠠᠬᠤ ᠬᠠᠨᠳᠦᠰᠢ ᠲᠠᠢ ᠪᠤᠯᠵᠦ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠰᠠᠭᠤᠷᠢ ᠲᠠᠢ ᠪᠠᠶᠢᠬᠤ | ᠪᠦᠬᠡᠳ ᠬᠤᠷᠸ᠎ᠠ ᠲᠤᠬᠢᠷᠠᠭᠤᠯᠤᠯ ᠡᠵᠡᠮᠳᠡᠯ ᠳᠤ ᠲᠦᠷᠦ ᠶᠢᠨ ᠪᠤᠳᠤᠯᠭ᠎ᠠ ᠶᠢᠨ ᠨᠡᠩ ᠦᠷᠭᠡᠨ ᠤᠷᠤᠨ ᠵᠠᠢ | ᠦᠯᠡᠳᠡᠬᠡᠵᠤ ᠦᠭᠬᠦ ᠶᠢ ᠪᠣᠳᠣᠯᠬᠢᠯᠠᠭᠰᠠᠨ ᠶᠤᠮ᠃ ᠡᠨᠡ ᠵᠢᠯ ᠪᠦᠬᠦ ᠤᠯᠤᠰ ᠤᠨ ᠡᠳ᠋ ᠤᠨ ᠵᠠᠰᠠᠭ ᠤᠨ ᠵᠠᠷᠤᠯᠭ᠎ᠠ ᠶᠢ | 21ᠲᠥᠮᠡᠨ ᠳ᠋ᠦᠩᠰᠢᠭᠤᠷ ᠳᠦᠭᠦᠷᠢᠭ ᠳᠤᠬᠢᠷᠠᠭᠤᠯᠵᠤ᠂ ᠵᠠᠷᠤᠯᠭ᠎ᠠ ᠶᠢᠨ ᠬᠡᠪᠴᠢᠶ᠎ᠡ ᠶᠢ ᠤᠯᠠᠮ ᠨᠢᠬᠡ ᠠᠯᠬᠤᠮ | ᠦᠷᠭᠡᠳᠭᠡᠨ᠎ᠠ᠃ ᠲᠦᠪ ᠠᠴᠠ ᠤᠷᠤᠨ ᠨᠤᠳᠤᠭ ᠲᠤ ᠤᠯᠭᠤᠬᠤ ᠡᠩ ᠤᠨ ᠴᠢᠨᠠᠷᠳᠠᠢ ᠰᠢᠯᠵᠢᠬᠦᠯᠦᠨ ᠦᠭᠭᠦ ᠵᠠᠷᠤᠯᠭ᠎ᠠ | ᠶᠢ 10.9% ᠪᠠᠷ ᠨᠡᠮᠡᠭᠳᠡᠭᠦᠯᠵᠤ᠂ ᠤᠷᠤᠨ ᠨᠤᠳᠤᠭ ᠢᠯᠠᠩᠭᠤᠶ᠎ᠠ ᠲᠤᠮᠳᠠ ᠬᠡᠰᠡᠭ ᠪᠠᠷᠠᠭᠤᠨ ᠬᠡᠰᠡᠭ ᠤᠨ ᠭᠠᠵᠠᠷ | ᠤᠷᠤᠨ ᠤ ᠡᠳ᠋ ᠤᠨ ᠬᠦᠴᠦᠨ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠵᠠᠷᠣᠯᠭ᠎ᠠ ᠶᠢᠨ ᠪᠦᠳᠦᠴᠡ ᠶᠢ | ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠣᠯᠠᠨ ᠨᠠᠶᠢᠳᠠᠴᠢ ᠴᠢᠨᠠᠷ᠂ ᠲᠦᠭᠡᠮᠡᠯ ᠬᠠᠷᠠᠭᠠᠯᠵᠠᠯᠳᠤ | ᠴᠢᠨᠠᠷ ᠢ ᠲᠡᠭᠡᠭᠰᠢᠯᠡᠬᠦᠯᠦᠨ᠂ ᠭᠤᠷᠪᠠᠨ ᠶᠡᠭᠡ ᠰᠢᠪᠲᠤᠯᠤᠯᠲᠠ ᠶᠢ ᠰᠢᠢᠳᠪᠦᠷᠢᠯᠡᠬᠦ ᠠᠵᠢᠯ ᠢ ᠲᠡᠮᠵᠢᠬᠦ ᠪᠠᠨ | ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ᠂ ᠲᠠᠷᠢᠶᠠᠯᠠᠩ ᠬᠦᠲᠡᠭᠡ ᠲᠤᠰᠬᠤᠨ ᠲᠠᠷᠢᠶᠠᠴᠢᠨ᠂ | ᠠᠷᠠᠳ ᠤᠨ ᠠᠮᠢᠳᠤᠷᠠᠯ ᠵᠡᠷᠭᠡ ᠬᠦᠷᠢᠶ᠎ᠡ ᠲᠡᠶᠢᠰᠢ ᠨᠡᠩ ᠢᠯᠡᠬᠦᠦ ᠬᠡᠯᠪᠠᠶᠢᠯᠬᠡᠨ᠎ᠠ᠃ ᠤᠳᠤᠬᠠᠨ ᠳᠤ ᠡᠳ᠋ ᠤᠨ ᠵᠠᠰᠠᠭ | ᠤᠨ ᠪᠠᠶᠢᠳᠠᠯ ᠰᠠᠶᠢᠵᠢᠷᠠᠬᠤ ᠬᠠᠨᠳᠤᠰᠢ ᠲᠠᠢ ᠪᠤᠯᠤᠭᠰᠠᠨ ᠪᠤᠯᠪᠠᠴᠤ᠂ ᠡᠯ᠎ᠠ ᠱᠠᠳᠤᠨ ᠤ ᠵᠠᠰᠠᠭ ᠤᠨ ᠤᠷᠳᠤᠨ ᠮᠦᠨ | ᠯᠠ ᠭᠠᠮᠨᠠᠵᠤ ᠠᠮᠢᠲᠤᠷᠠᠬᠤ ᠶᠢ ᠪᠠᠷᠢᠮᠳᠠᠯᠠᠨ᠂ ᠠᠷᠪᠢᠴᠢ ᠪᠤᠷᠤᠭᠵᠢᠭᠤᠨ ᠪᠠᠶᠢᠵᠦ᠂ ᠬᠡᠬᠡᠨᠴᠢᠷᠯᠡᠬᠦ ᠶᠢ ᠴᠢᠩᠭ᠎ᠠ | ᠴᠡᠬᠡᠷᠯᠡᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠤᠪᠤᠷ ᠨᠠᠨᠳᠢᠨ ᠪᠡᠯᠡ ᠮᠦᠡᠭᠬᠦ ᠶᠢ | ᠬᠦᠭᠵᠢᠯᠲᠡ ᠳᠤ ᠰᠡᠯᠬᠦᠬᠦ ᠬᠦᠴᠦᠨ ᠨᠡᠮᠡᠷᠢᠯᠡᠬᠦ᠂ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ | ᠲᠡᠭᠡᠷ᠎ᠠ ᠨᠡᠩ ᠢᠯᠡᠬᠦᠦ ᠭᠡᠷᠡᠭᠯᠡᠬᠦ ᠬᠡᠷᠡᠭᠳᠡᠢ᠃ | ᠵᠤᠭᠤᠰᠤᠨ ᠤ ᠯᠠᠪᠳᠠᠭᠤᠨ ᠳᠦᠷᠤ ᠶᠢᠨ ᠪᠤᠳᠤᠯᠭ᠎ᠠ ᠶᠢ ᠳᠤᠮᠳᠠ ᠶᠢᠨ ᠴᠢᠨᠠᠷ ᠲᠠᠢ ᠪᠠᠶᠢᠯᠭᠠᠵᠤ᠂ ᠴᠢᠩᠭ᠎ᠠ | ᠰᠤᠯᠠ ᠶᠢ ᠲᠤᠬᠢᠷᠠᠮᠵᠢᠲᠠᠢ ᠪᠠᠶᠢᠯᠭᠠᠬᠤ ᠬᠡᠷᠡᠭᠳᠡᠢ᠃ ᠵᠤᠭᠤᠰᠤᠨ ᠤ ᠬᠠᠨᠭ᠍ᠭᠠᠯᠭ᠎ᠠ ᠶᠢᠨ ᠶᠡᠷᠦᠩᠬᠡᠢ ᠪᠤᠭᠤᠮᠳᠠ ᠶᠢ | ᠰᠠᠶᠢᠳᠤᠷ ᠬᠠᠮᠢᠶᠠᠷᠴᠤ᠂ ᠲᠡᠯᠬᠡᠷᠡᠩᠬᠦᠢ ᠤᠳᠬ᠎ᠠ ᠶᠢᠨ ᠵᠤᠭᠤᠰ M2᠂ ᠢᠳᠡᠬᠡᠮᠵᠢᠳᠦ ᠵᠢᠬᠡᠯᠡᠯᠬᠡ ᠪᠠ ᠨᠡᠶᠢᠬᠡᠮ ᠤᠨ | ᠪᠡᠯᠡ ᠲᠤᠬᠢᠷᠠᠭᠤᠯᠭ᠎ᠠ ᠶᠢᠨ ᠬᠡᠪᠴᠢᠶ᠎ᠠ ᠶᠢᠨ ᠵᠦᠢ ᠵᠤᠬᠢᠰᠳᠠᠢ ᠨᠡᠮᠡᠭᠳᠡᠯ ᠢ ᠪᠠᠳᠤᠯᠠᠵᠤ᠂ ᠬᠥᠢᠯᠭᠡᠭᠡᠨ ᠤ ᠴᠢᠨᠠᠷ ᠤᠨ | ᠵᠦᠢ ᠵᠤᠬᠢᠰᠳᠠᠢ ᠪᠦᠭᠡᠳ ᠲᠤᠬᠳᠠᠭᠤᠨ ᠪᠠᠶᠢᠬᠤ ᠶᠢ ᠬᠠᠮᠠᠭᠠᠯᠠᠨ᠂ ᠰᠢᠭᠤᠳ ᠪᠡᠯᠡ ᠲᠤᠬᠢᠷᠠᠭᠤᠯᠭ᠎ᠠ ᠤᠨᠴᠠᠭᠠᠢᠢᠯᠠᠨ | ᠰᠲ᠋ᠤᠺ ᠤᠨ ᠡᠷᠭᠡ ᠶᠢᠨ ᠪᠡᠯᠡ ᠲᠤᠬᠢᠷᠠᠭᠤᠯᠭ᠎ᠠ ᠶᠢᠨ ᠬᠤᠪᠢ ᠶᠢᠨ ᠵᠢᠩ ᠢ ᠲᠡᠭᠡᠭᠰᠢᠯᠡᠬᠦᠯᠦᠨ᠎ᠠ᠃ ᠵᠤᠭᠤᠰᠤᠨ ᠤ | ᠳᠦᠷᠦ ᠶᠢᠨ ᠪᠤᠲᠤᠯᠭ᠎ᠠ ᠶᠢᠨ ᠲᠠᠮᠵᠢᠭᠤᠯᠬᠤ ᠠᠷᠭ᠎ᠠ ᠵᠠᠮ ᠢ ᠨᠡᠪᠲᠡᠷᠡᠬᠦᠯᠵᠤ᠂ ᠵᠦᠷᠢᠶᠡᠳᠤ ᠪᠡᠯᠡᠳᠭᠡᠯ ᠮᠦᠡᠭᠬᠦ᠂ | ᠢᠯᠭᠠᠭᠠᠳᠤ ᠢᠳᠡᠭᠡᠮᠵᠢᠳᠥ ᠵᠢᠭᠡᠯᠡᠯᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠭᠡᠷᠡᠭᠯᠡᠵᠤ᠂ ᠪᠡᠯᠡ ᠮᠥᠩᠭᠦ | ᠶᠢ ᠵᠢᠵᠢᠭ ᠪᠢᠴᠢᠯ ᠠᠵᠤ ᠠᠬᠤᠢᠢᠯᠠᠯ᠂ ᠲᠠᠷᠢᠶᠠᠯᠠᠩ ᠬᠦᠲᠡᠭᠡ ᠲᠤᠰᠬᠤᠨ ᠲᠠᠷᠢᠶᠠᠴᠢᠨ ᠪᠠ ᠶᠠᠳᠠᠭᠤ ᠬᠦᠴᠢᠷᠳᠡᠯᠳᠡᠢ | ᠭᠠᠵᠠᠷ ᠤᠷᠤᠨ ᠳᠤ ᠨᠡᠩ ᠢᠯᠡᠬᠦᠦ ᠣᠷᠣᠭᠤᠯᠬᠤ ᠶᠢ ᠬᠦᠳᠦᠯᠦᠨ ᠵᠢᠯᠤᠭᠤᠳᠴᠤ᠂ ᠲᠡᠭᠦᠨ ᠢ ᠪᠤᠳᠠᠳᠤ ᠴᠤᠭᠴᠠ | ᠶᠢᠨ ᠠᠵᠤ ᠠᠬᠤᠢ ᠳᠤ ᠨᠡᠩ ᠰᠠᠶᠢᠨ ᠦᠢᠯᠡᠴᠢᠯᠡᠭᠦᠯᠦᠨ᠎ᠡ᠃ | ᠡᠨᠡ ᠵᠢᠯ ᠤᠨ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠬᠢᠨᠠᠮᠠᠭᠠᠢ | ᠲᠣᠣᠱᠯᠠᠭᠤᠯᠵᠤ᠂ ᠲᠤᠭᠳᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠤᠩᠭᠡᠢ ᠬᠦᠭ | ᠠᠶᠠᠰ ᠢ ᠪᠠᠷᠢᠮᠳᠠᠯᠠᠨ᠂ ᠲᠤᠭᠳᠠᠭᠤᠨ ᠪᠠᠶᠢᠬᠤ ᠪᠠ ᠤᠷᠤᠭᠰᠢᠯᠠᠬᠤ ᠶᠢ ᠨᠢᠭᠡ ᠪᠦᠬᠦᠯᠢ ᠴᠤᠭᠴᠠ ᠪᠤᠯᠭᠠᠨ ᠡᠵᠡᠮᠳᠡᠵᠤ᠂ | ᠲᠤᠤᠷᠠᠬᠢ ᠬᠡᠳᠦᠨ ᠵᠦᠢᠯ ᠢ ᠴᠢᠬᠤᠯᠠᠴᠢᠯᠠᠬᠤ ᠬᠡᠷᠡᠭᠲᠡᠢ᠃ ᠨᠢᠬᠡ ᠳᠤ ᠴᠢᠨᠡᠷ ᠰᠠᠶᠢᠳᠠᠢ ᠬᠦᠭᠵᠢᠯᠳᠠ ᠶᠢ ᠶᠡᠭᠡ ᠪᠠᠷ | ᠠᠬᠢᠭᠤᠯᠤᠨ᠎ᠠ᠃ ᠬᠦᠭᠵᠢᠯᠳᠡ ᠪᠤᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠤᠷᠢᠯᠡᠬᠦ ᠶᠢᠨ ᠰᠠᠭᠤᠷᠢ ᠪᠠ | ᠵᠠᠩᠬᠢᠯᠠᠭ᠎ᠠ ᠮᠦᠨ᠃ ᠬᠦᠭᠵᠢᠯᠳᠡ ᠶᠢᠨ ᠲᠡᠩᠴᠡᠬᠦᠷᠢ ᠦᠬᠡᠢ ᠪᠠ ᠬᠦᠢᠴᠡᠳ ᠦᠭᠡᠢ ᠪᠠᠶᠢᠬᠤ ᠠᠰᠠᠭᠤᠳᠠᠯ ᠢ | ᠬᠦᠴᠦᠯᠠᠨ ᠰᠢᠢᠳᠪᠤᠷᠢᠯᠡᠵᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮᠵᠢ ᠶᠢ ᠪᠦᠳᠦᠬᠡᠨ ᠪᠠᠶᠢᠭᠤᠯᠬᠤ ᠲᠠᠢ | ᠤᠶᠠᠯᠳᠤᠭᠤᠯᠤᠨ᠂ ᠶᠠᠰᠤ ᠴᠢᠨᠡᠷ ᠢ ᠲᠡᠷᠢᠬᠦᠨ ᠳᠤ ᠲᠠᠯᠪᠢᠬᠤ᠂ ᠦᠷ᠎ᠡ ᠠᠰᠢᠬ ᠢ ᠤᠷᠢᠳ ᠢᠶᠠᠷ ᠪᠤᠳᠤᠯᠬᠢᠯᠠᠬᠤ ᠶᠢ | ᠪᠠᠷᠢᠮᠲᠠᠯᠠᠵᠤ᠂ ᠠᠵᠤ ᠠᠬᠤᠢ ᠶᠢᠨ ᠪᠦᠳᠦᠴᠡ ᠶᠢᠨ ᠰᠢᠯᠢᠳᠡᠭᠵᠢᠨ ᠲᠡᠰ ᠲᠡᠪᠰᠢᠬᠦ ᠶᠢ ᠠᠬᠢᠭᠤᠯᠬᠤ ᠬᠡᠷᠡᠭᠲᠡᠢ᠃ | ᠠᠵᠤ ᠠᠬᠤᠢ ᠶᠢᠨ ᠵᠢᠮ᠎ᠠ ᠶᠤᠰᠤ ᠶᠢ ᠬᠦᠨᠳᠦᠳᠬᠡᠵᠤ᠂ ᠬᠤᠯᠠ ᠤᠢᠢᠷ᠎ᠠ ᠶᠢ ᠤᠶᠠᠯᠳᠤᠭᠤᠯᠤᠨ᠂ ᠠᠵᠤ ᠠᠬᠤᠢ ᠶᠢᠨ | ᠠᠵᠢᠯᠯᠠᠭᠠᠨ ᠤ ᠵᠦᠢ ᠵᠤᠬᠢᠰᠳᠠᠢ ᠬᠡᠪᠴᠢᠶᠡᠨ ᠳᠤ ᠶᠠᠪᠤᠬᠳᠠᠬᠤ ᠶᠢ ᠦᠨᠡᠨ ᠬᠦ ᠪᠠᠳᠤᠯᠠᠵᠤ᠂ ᠠᠵᠤ ᠠᠬᠤᠢ ᠶᠢᠨ | ᠲᠤᠭᠳᠠᠭᠤᠨ ᠨᠡᠮᠡᠭᠳᠡᠯ ᠪᠠ ᠶᠠᠰᠤ ᠴᠢᠨᠠᠷ ᠦᠷ᠎ᠠ ᠠᠰᠢᠭ ᠤᠨ ᠲᠡᠭᠡᠭᠰᠢᠯᠡᠯᠳᠠ ᠶᠢᠨ ᠬᠠᠷᠢᠯᠴᠠᠨ ᠠᠬᠢᠭᠤᠯᠵᠤ | ᠬᠠᠮᠳᠤ ᠪᠠᠷ ᠲᠠᠪᠰᠢᠬᠤ ᠶᠢ ᠪᠡᠶᠡᠯᠡᠬᠦᠯᠬᠦ ᠬᠡᠷᠡᠭᠲᠡᠢ᠃ ᠬᠤᠶᠠᠷ ᠲᠤ᠂ ᠦᠬᠡᠷᠡᠴᠢᠯᠡᠯᠳᠡ ᠨᠡᠬᠡᠬᠡᠯᠳᠡ ᠶᠢᠨ ᠡᠷᠴᠢᠮ ᠢ | ᠴᠢᠩᠭᠠᠷᠭᠤᠯᠤᠨᠠ᠃ ᠦᠬᠡᠷᠡᠴᠢᠯᠡᠯᠳᠡ ᠨᠡᠬᠡᠬᠡᠯᠳᠡ ᠪᠤᠯ ᠤᠳᠤ ᠦᠶ᠎ᠠ ᠶᠢᠨ ᠲᠤᠮᠳᠠᠳᠤ ᠤᠯᠤᠰ ᠤᠨ ᠬᠤᠪᠢ ᠵᠠᠶᠠᠭ᠎ᠠ | ᠶᠢ ᠲᠤᠭᠳᠠᠭᠠᠬᠤ ᠵᠠᠩᠬᠢᠯᠠᠭ᠎ᠠ ᠶᠢᠨ ᠠᠷᠭ᠎ᠠ ᠮᠦᠨ᠂ ᠪᠠᠰᠠ ᠴᠦ ︽ᠬᠤᠶᠠᠷ ᠵᠠᠭᠤᠨ ᠵᠢᠯ︾ ᠤᠨ ᠲᠡᠮᠡᠴᠡᠭᠦ | ᠬᠠᠷᠠᠯᠳᠠ ᠶᠢ ᠪᠡᠶᠡᠯᠡᠬᠦᠯᠭᠦ ᠵᠠᠩᠬᠢᠯᠠᠭ᠎ᠠ ᠶᠢᠨ ᠠᠷᠭ᠎ᠠ ᠮᠦᠨ᠃ ᠳᠡᠤᠬᠡ ᠶᠢᠨ ᠰᠢᠨ᠎ᠡ ᠡᠬᠢᠯᠡᠯᠳᠠ ᠶᠢᠨ ᠴᠢᠭ᠋ ᠳᠡᠬᠡᠷ᠎ᠡ᠂ | ᠦᠵᠡᠯ ᠰᠠᠨᠠᠭ᠎ᠠ ᠪᠠᠨ ᠤᠯᠠᠮ ᠴᠢᠯᠦᠬᠡᠯᠡᠨ᠂ ᠦᠬᠡᠷᠡᠴᠢᠯᠡᠯᠳᠠ ᠶᠢ ᠤᠯᠡᠮ ᠬᠦᠨᠵᠡᠬᠡᠶᠢᠷᠡᠬᠦᠯᠵᠦ᠂ ᠨᠡᠬᠡᠬᠡᠯᠳᠠ ᠶᠢ | ᠤᠯᠠᠮ ᠦᠷᠬᠡᠳᠬᠡᠬᠦ ᠬᠡᠷᠡᠭᠳᠠᠢ᠃ ᠠᠷᠠᠳ ᠲᠦᠮᠡᠨ ᠤ ᠡᠬᠦᠳᠦᠨ ᠪᠦᠳᠦᠬᠡᠬᠦ ᠵᠤᠷᠢᠭ ᠰᠠᠨᠠᠭ᠎ᠠ ᠶᠢ ᠬᠦᠢᠴᠡᠳ | ᠪᠠᠳᠠᠷᠠᠭᠤᠯᠤᠨ᠂ ᠡᠯ᠎ᠡ ᠭᠠᠵᠠᠷ ᠤᠨ ᠬᠢᠨ ᠤ ᠪᠤᠳᠠᠳᠠᠢ ᠪᠠᠶᠢᠳᠠᠯ ᠠᠴᠠ ᠪᠠᠨ ᠡᠬᠦᠰᠴᠦ᠂ ᠵᠤᠷᠢᠭᠳᠠᠢ ᠬᠢᠵᠦ ᠵᠤᠷᠢᠭᠳᠠᠢ | ᠳᠤᠷᠰᠢᠨ᠂ ᠲᠦᠪᠡᠭᠳᠠᠢ ᠠᠰᠠᠭᠤᠳᠠᠯ ᠢ ᠵᠤᠷᠢᠭᠳᠠᠢ ᠪᠠᠷ ᠬᠦᠨᠳᠡᠵᠦ᠂ ᠦᠬᠡᠷᠡᠴᠢᠯᠡᠯᠳᠠ ᠨᠡᠬᠡᠬᠡᠯᠳᠡ ᠶᠢ ᠳᠠᠰᠤᠷᠠᠯᠳᠠ | ᠦᠬᠡᠢ ᠤᠷᠤᠭᠰᠢ ᠠᠬᠢᠭᠤᠯᠬᠤ ᠶᠢ ᠵᠤᠷᠢᠬᠵᠢᠭᠤᠯᠬᠤ ᠬᠡᠷᠡᠭᠳᠠᠢ᠃ ᠭᠤᠷᠪᠠ ᠳᠤ᠂ ᠴᠢᠨᠡᠬᠡᠯᠢᠭ ᠨᠡᠶᠢᠬᠡᠮ ᠢ ᠪᠦᠬᠦ | ᠲᠠᠯ᠎ᠠ ᠪᠠᠷ ᠪᠠᠶᠢᠭᠤᠯᠤᠨ ᠪᠦᠳᠦᠬᠡᠬᠦ ᠰᠢᠢᠳᠪᠤᠷᠢᠳᠦ ᠢᠯᠠᠯᠳᠠ ᠶᠢ ᠤᠯᠬᠤ ᠶᠢᠨ ᠭᠤᠷᠪᠠᠨ ᠶᠡᠭᠡ ᠰᠢᠪᠲᠤᠯᠤᠯᠲᠠ ᠶᠢ | ᠰᠢᠢᠳᠪᠤᠷᠢᠯᠡᠬᠦ ᠠᠵᠢᠯ ᠢ ᠰᠠᠶᠢᠲᠦᠷ ᠠᠳᠬᠤᠨ᠎ᠠ᠃ ᠠᠵᠢᠯ ᠤᠨ ᠰᠡᠳᠬᠢᠮᠵᠢ ᠪᠠ ᠪᠤᠳᠠᠳᠠᠢ ᠠᠷᠭ᠎ᠠ ᠬᠡᠮᠵᠢᠶ᠎ᠠ ᠶᠢ ᠲᠤᠰ | ᠪᠦᠷᠢ ᠲᠤᠷᠠᠳᠤᠨ ᠭᠠᠷᠭᠠᠵᠤ᠂ ᠴᠠᠭ ᠤᠨ ᠬᠦᠰᠦᠨᠦᠭᠳᠦ᠂ ᠵᠠᠮ ᠤᠨ ᠵᠢᠷᠤᠭ᠂ ᠤᠷᠢᠳ ᠢᠶᠠᠷ ᠬᠢᠬᠦ ᠲᠠᠷᠠᠭᠠᠯᠠᠯ ᠢ | ᠭᠠᠷᠭᠠᠵᠤ᠂ ᠠᠶᠤᠯ ᠲᠦᠭᠰᠢᠬᠦᠷᠢ ᠶᠢᠨ ᠲᠠᠯᠳᠠ ᠬᠡᠮ ᠢ ᠪᠦᠳᠦᠮᠵᠢᠳᠡᠢ ᠬᠢᠵᠠᠭᠠᠷᠯᠠᠬᠤ ᠶᠢ ᠦᠨᠡᠨ ᠬᠦ ᠪᠠᠳᠤᠯᠠᠵᠤ᠂ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠰᠢᠢᠳᠪᠤᠷᠢᠯᠡᠬᠦ ᠡᠬᠦᠷᠬᠡ ᠶᠢ ᠪᠦᠬᠦ ᠲᠠᠯ᠎ᠠ ᠪᠠᠷ ᠪᠡᠶᠡᠯᠡᠬᠦᠯᠬᠦ ᠶᠢ | ᠦᠨᠡᠨ ᠬᠦ ᠪᠠᠳᠤᠯᠠᠨ᠂ ᠠᠮᠢ ᠠᠬᠤᠢ ᠶᠢᠨ ᠤᠷᠴᠢᠨ ᠨᠥᠬᠦᠴᠡᠯ ᠤᠨ ᠶᠠᠰᠤ ᠴᠢᠨᠡᠷ ᠢ ᠶᠡᠷᠦᠩᠬᠡᠢ ᠳᠤᠨᠢ | ᠰᠠᠶᠢᠵᠢᠷᠠᠭᠤᠯᠬᠤ ᠶᠢ ᠦᠨᠡᠨ ᠬᠦ ᠪᠠᠳᠤᠯᠠᠬᠤ ᠬᠡᠷᠡᠭᠲᠡᠢ᠃ ᠮᠠᠨ ᠤ ᠬᠢᠵᠤ ᠪᠠᠶᠢᠭ᠎ᠠ ᠠᠯᠢᠪᠠ ᠠᠵᠢᠯ ᠪᠣᠯ ᠴᠦᠮ ᠠᠷᠠᠳ | ᠲᠦᠮᠡᠨ ᠤ ᠲᠦᠯᠦᠬᠡ ᠶᠤᠮ᠃ ᠠᠷᠠᠳ ᠲᠦᠮᠡᠨ ᠢᠶᠠᠷ ᠭᠤᠤᠯ ᠪᠤᠯᠭᠠᠬᠤ ᠬᠥᠭᠵᠢᠯᠳᠡ ᠶᠢᠨ ᠦᠵᠡᠯ ᠰᠠᠨᠠᠭ᠎ᠠ ᠶᠢ | ᠪᠠᠷᠢᠮᠳᠠᠯᠠᠵᠤ᠂ ᠮᠠᠨ ᠤ ᠤᠯᠤᠰ ᠤᠨ ᠦᠨᠳᠦᠰᠦᠨ ᠤᠯᠤᠰ ᠤᠨ ᠪᠠᠶᠢᠳᠠᠯ ᠠᠴᠠ ᠡᠬᠦᠰᠴᠤ᠂ ᠴᠢᠳᠠᠯ ᠢᠶᠠᠷ ᠢᠶᠠᠨ | ᠴᠢᠷᠮᠠᠶᠢᠨ᠂ ᠬᠢᠷᠢ ᠪᠠᠷ ᠢᠶᠠᠨ ᠬᠢᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠠᠴᠠ ᠰᠡᠳᠬᠢᠯ | ᠵᠤᠪᠠᠵᠤ ᠪᠠᠶᠢᠭ᠎ᠠ ᠶᠠᠪᠤᠳᠠᠯ ᠢ ᠨᠢᠬᠡᠳ ᠨᠢᠬᠡ ᠪᠠᠷ ᠰᠠᠶᠢᠳᠤᠷ ᠰᠢᠢᠳᠪᠤᠷᠢᠯᠡᠵᠤ᠂ ᠨᠡᠶᠢᠬᠡᠮ ᠤᠨ ᠲᠦᠪ ᠭᠤᠤᠯᠴᠢ | ᠰᠢᠳᠤᠷᠭᠤ ᠶᠤᠰᠤ ᠪᠠ ᠬᠦᠮᠦᠨ ᠤ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠤᠨ᠂ ᠠᠷᠠᠳ ᠤᠨ ᠠᠮᠢᠳᠤᠷᠠᠯ ᠢ | ᠤᠯᠤᠰ ᠤᠷᠤᠨ ᠤ ᠬᠦᠭᠵᠢᠯᠳᠠ ᠶᠢᠨ ᠳᠠᠭᠠᠤ ᠵᠢᠯ ᠠᠴᠠ ᠵᠢᠯ ᠰᠠᠶᠢᠵᠢᠷᠠᠭᠤᠯᠬᠤ ᠬᠡᠷᠡᠭᠲᠡᠢ᠃ | ᠭᠤᠷᠪᠠ᠂ 2018 ᠣᠨ ᠤ ᠵᠠᠰᠠᠭ ᠤᠨ ᠤᠷᠳᠤᠨ ᠤ ᠠᠵᠢᠯ ᠤᠨ ᠲᠤᠬᠠᠢ ᠰᠠᠨᠠᠭᠤᠯᠭ᠎ᠠ | ᠡᠨᠡ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠬᠦᠷᠭᠡ ᠲᠦᠢᠯ ᠤᠨ ᠬᠦᠨᠳᠦ ᠨᠦᠰᠡᠷ | ᠪᠠᠶᠢᠨ᠎ᠠ᠃ ᠶᠡᠭᠡ ᠡᠷᠡᠮᠡᠯᠵᠡᠯ ᠲᠠᠢ ᠲᠡᠤᠭᠡ ᠶᠢᠨ ᠲᠤᠬᠢᠶᠠᠯᠳᠤ ᠬᠤᠭᠤᠴᠠᠭ᠎ᠠ ᠶᠢ ᠱᠠᠯᠠᠪᠳᠠᠨ ᠠᠮᠵᠢᠵᠦ᠂ ᠨᠢᠭᠡᠳᠦᠯᠳᠠᠢ | ᠲᠦᠯᠦᠪᠯᠡᠨ ᠨᠡᠶᠢᠳᠡ ᠳᠤᠨᠢ ᠬᠠᠷᠠᠭᠠᠯᠵᠠᠵᠤ᠂ ᠭᠤᠤᠯᠳᠠᠯᠭ᠎ᠠ ᠶᠢ ᠲᠤᠪᠤᠶᠢᠯᠭᠠᠨ᠂ ᠡᠯ᠎ᠠ ᠵᠦᠢᠯ ᠤᠨ ᠠᠵᠢᠯ ᠢᠶᠠᠨ | ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ᠃ | ︵ᠨᠢᠭᠡ︶ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠡᠷᠳᠡᠢ ᠦᠭᠡᠷᠡᠴᠢᠯᠡᠯᠳᠡ ᠶᠢ ᠬᠦᠨᠵᠡᠬᠡᠶᠢᠷᠡᠭᠦᠯᠦᠨ | ᠠᠬᠢᠭᠤᠯᠤᠨ᠎ᠠ᠃ ᠠᠵᠤ ᠠᠬᠤᠢ ᠶᠢ ᠬᠦᠭᠵᠢᠬᠦᠯᠬᠦ ᠬᠦᠴᠦᠯᠡᠬᠦ ᠴᠢᠭ᠋ ᠢ ᠪᠤᠳᠠᠳᠤ ᠴᠤᠭᠴᠠ ᠶᠢᠨ ᠠᠵᠤ ᠠᠬᠤᠢ | ᠲᠡᠭᠡᠷ᠎ᠠ ᠲᠠᠯᠪᠢᠬᠤ ᠶᠢ ᠪᠠᠷᠢᠮᠳᠠᠯᠠᠨ᠂ ︽ᠭᠤᠷᠪᠠ ᠶᠢ ᠬᠠᠰᠤᠬᠤ ᠨᠢᠬᠡ ᠶᠢ ᠪᠠᠭᠤᠷᠠᠭᠤᠯᠬᠤ ᠨᠢᠭᠡ ᠶᠢ ᠨᠦᠬᠦᠪᠦᠷᠢᠯᠡᠬᠦ︾ | ᠠᠵᠢᠯ ᠢ ᠦᠷᠬᠦᠯᠵᠢᠯᠡᠨ ᠰᠠᠶᠢᠲᠤᠷ ᠠᠳᠬᠤᠵᠤ᠂ ᠶᠡᠭᠡ ᠪᠠᠷ ᠵᠠᠰᠠᠭ ᠢ ᠴᠣᠮᠬᠠᠳᠬᠠᠨ ᠭᠠᠶᠢᠯᠢ ᠶᠢ ᠬᠦᠩᠭᠡᠯᠡᠵᠦ | ᠰᠦᠢᠳᠭᠡᠯ ᠢ ᠪᠠᠭᠤᠷᠠᠭᠤᠯᠤᠨ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠳᠠᠰᠤᠷᠠᠯᠳᠠ ᠦᠬᠡᠢ | ᠰᠢᠯᠢᠳᠡᠭᠵᠢᠬᠦᠯᠵᠦ᠂ ᠵᠠᠬ᠎ᠠ ᠲᠡᠯᠬᠡᠬᠦᠷ ᠤᠨ ᠪᠡᠶᠡᠴᠢ ᠴᠤᠭᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ | ᠬᠦᠭᠵᠢᠬᠡᠵᠤ᠂ ᠠᠵᠤ ᠠᠬᠤᠢ ᠶᠢᠨ ᠬᠦᠭᠵᠢᠯᠳᠠ ᠶᠢᠨ ᠶᠠᠰᠤ ᠴᠢᠨᠡᠷ ᠢ ᠲᠠᠬᠡᠭᠰᠢᠯᠡᠬᠦᠯᠦᠨᠡ᠃ ᠰᠢᠨ᠎ᠡ ᠬᠦᠲᠡᠯᠭᠡᠭᠴᠢ | ᠡᠨᠧᠷᠭᠢ ᠶᠢ ᠬᠦᠭᠵᠢᠬᠦᠯᠤᠨ ᠪᠤᠵᠠᠭᠠᠢᠢᠷᠠᠭᠤᠯᠤᠨ᠎ᠠ᠃ ᠰᠢᠨ᠎ᠠ ᠪᠠᠷ ᠬᠦᠭᠵᠢᠭᠰᠡᠨ ᠠᠵᠤ ᠦᠢᠯᠡᠰ ᠤᠨ ᠪᠦᠭᠡᠮᠨᠡᠷᠡᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠤ᠂ ᠲᠤᠮᠤ ᠳ᠋ᠠᠶᠢᠲ᠋ᠠ ᠶᠢ ᠬᠦᠭᠵᠢᠭᠦᠯᠬᠦ ᠠᠵᠢᠯᠯᠠᠭ᠎ᠠ ᠶᠢ ᠬᠡᠷᠡᠭᠵᠢᠬᠦᠯᠦᠨ᠂ | ᠰᠢᠨ᠎ᠠ ᠨᠢᠭᠡ ᠦᠶ᠎ᠠ ᠶᠢᠨ ᠵᠤᠬᠢᠶᠠᠮᠠᠯ ᠤᠶᠤᠨᠯᠢᠭ ᠢ ᠰᠤᠳᠤᠯᠤᠨ ᠨᠡᠭᠡᠭᠡᠵᠦ ᠭᠡᠷᠡᠭᠯᠡᠭᠦ ᠶᠢ ᠴᠢᠩᠭᠠᠳᠬᠠᠵᠦ᠂ ᠡᠮᠴᠢᠯᠡᠭᠡ᠂ | ᠨᠠᠰᠤᠵᠢᠯ ᠤᠨ ᠠᠰᠠᠷᠠᠮᠵᠢ᠂ ᠰᠤᠷᠭᠠᠨ ᠬᠦᠮᠦᠵᠢᠯ᠂ ᠰᠤᠶᠤᠯ᠂ ᠪᠡᠶ᠎ᠠ ᠶᠢᠨ ᠲᠠᠮᠢᠷ ᠵᠡᠷᠭᠡ ᠤᠯᠠᠨ ᠬᠦᠷᠢᠶᠡᠨ ᠳᠤ ︽ | ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠠᠬᠢᠭᠤᠯᠦᠨ᠎ᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ | ᠲᠦᠷᠭᠡᠯᠡᠨ ᠬᠥᠭᠵᠢᠭᠦᠯᠦᠨ᠎ᠡ᠃ ᠤᠶᠤᠨᠯᠢᠭ ᠠᠵᠤ ᠦᠢᠯᠡᠰ ᠢ ᠬᠦᠭᠵᠢᠬᠦᠯᠵᠦ᠂ ᠤᠶᠤᠨᠯᠢᠭ ᠠᠮᠢᠳᠤᠷᠠᠯ ᠢ | ᠦᠷᠬᠡᠳᠬᠡᠵᠦ᠂ ᠣᠶᠣᠨᠴᠢ ᠨᠡᠶᠢᠬᠡᠮ ᠢ ᠪᠥᠲᠥᠭᠡᠨ ᠪᠠᠶᠢᠭᠤᠯᠤᠨ᠎ᠡ᠃ ᠰᠢᠨ᠎ᠠ ᠮᠡᠷᠭᠡᠵᠢᠯ᠂ ᠰᠢᠨ᠎ᠠ ᠡᠵᠡᠩᠨᠡᠯᠳᠡ ᠶᠢᠨ | ᠬᠡᠯᠪᠡᠷᠢ ᠪᠠᠶᠢᠳᠠᠯ᠂ ᠰᠢᠨ᠎ᠠ ᠵᠠᠬᠪᠤᠷ ᠢ ᠬᠡᠷᠡᠭᠯᠡᠨ ᠤᠯᠠᠮᠵᠢᠯᠠᠯᠲᠤ ᠠᠵᠤ ᠦᠢᠯᠡᠰ ᠢ ᠶᠡᠭᠡ ᠪᠠᠷ ᠥᠭᠡᠷᠡᠴᠢᠯᠡᠨ | ᠳᠡᠭᠡᠭᠰᠢᠯᠡᠭᠦᠯᠦᠨ᠎ᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠤᠭ᠎ᠠ ᠪᠦᠷᠢᠳᠬᠡᠯ ᠢ ᠴᠢᠩᠭᠠᠳᠬᠠᠨ᠎ᠠ᠃ | ᠰᠦᠯᠵᠢᠶ᠎ᠠ ᠶᠢᠨ ᠬᠤᠷᠲᠤᠴᠠ ᠶᠢ ᠲᠡᠭᠡᠭᠰᠢᠯᠡᠬᠦᠯᠦᠨ ᠰᠦᠢᠳᠭᠡᠯ ᠢ ᠪᠠᠭᠤᠷᠠᠭᠤᠯᠬᠤ ᠡᠷᠴᠢᠮ ᠢ ᠴᠢᠩᠭᠠᠷᠠᠭᠤᠯᠤᠨ᠂ | ᠦᠨᠳᠦᠷ ᠬᠤᠷᠳᠤᠴᠠᠳᠤ ᠦᠷᠭᠡᠨ ᠪᠦᠰᠡᠳᠦ ᠰᠦᠯᠵᠢᠶ᠎ᠠ ᠶᠢ ᠬᠤᠳᠠ ᠬᠦᠳᠡᠭᠡ ᠳᠤ ᠨᠡᠶᠢᠳᠡᠮ ᠨᠡᠪᠲᠡᠷᠡᠬᠦᠯᠵᠤ᠂ ᠤᠯᠠᠨ | ᠨᠠᠶᠢᠳᠡ ᠶᠢᠨ ᠲᠠᠯᠠᠪᠤᠷ ᠲᠤ ᠰᠦᠢᠳᠬᠡᠯ ᠲᠤᠰᠢᠶᠠᠬᠤ ᠦᠬᠡᠢ ᠪᠠᠷ ᠰᠦᠯᠵᠢᠶᠡᠨ ᠳᠤ ᠭᠠᠷᠬᠤ ᠭᠡᠪᠴᠢᠶ᠎ᠠ ᠶᠢ | ᠦᠷᠭᠡᠳᠭᠡᠨ᠂ ᠬᠡᠷ ᠪᠦᠯᠢ ᠶᠢᠨ ᠦᠷᠬᠡᠨ ᠪᠦᠰᠡᠳᠦ ᠰᠦᠯᠵᠢᠶ᠎ᠡ᠂ ᠠᠵᠤ ᠠᠬᠤᠢᠢᠯᠠᠯ ᠤᠨ ᠦᠷᠭᠡᠨ ᠪᠦᠰᠡᠳᠦ | ᠰᠦᠯᠵᠢᠶ᠎ᠠ ᠪᠣᠯᠣᠨ ᠲᠤᠰᠬᠠᠢ ᠱᠤᠭᠤᠮ ᠤᠨ ᠭᠡᠷᠡᠭᠯᠡᠬᠦ ᠰᠦᠢᠳᠭᠡᠯ ᠢ ᠮᠡᠳᠡᠭᠳᠡᠬᠦ᠋ᠢᠴᠡ ᠪᠠᠭᠤᠷᠠᠭᠤᠯᠵᠤ᠂ ᠲᠤᠭ᠎ᠠ | ᠪᠠᠷᠢᠮᠲᠠ ᠶᠢᠨ ᠤᠷᠤᠰᠴᠠ ᠶᠢᠨ ᠤᠷᠤᠨ ᠠᠯᠤᠰᠯᠠᠭᠰᠠᠨ ᠦᠢᠯᠡᠴᠢᠯᠡᠭᠡᠨ ᠤ ᠰᠦᠢᠳᠬᠡᠯ ᠢ ᠬᠦᠴᠦᠨ ᠦᠬᠡᠢ ᠪᠤᠯᠭᠠᠵᠤ᠂ | ᠰᠢᠯᠵᠢᠮᠠᠯ ᠰᠦᠯᠵᠢᠶ᠎ᠠ ᠶᠢᠨ ᠲᠤᠭ᠎ᠠ ᠪᠠᠷᠢᠮᠳᠠ ᠶᠢᠨ ᠤᠷᠤᠰᠴᠠ ᠶᠢᠨ ᠰᠦᠢᠳᠬᠡᠯ ᠢ ᠡᠨᠡ ᠵᠢᠯ ᠨᠠᠭᠠᠳᠤ ᠵᠠᠬ᠎ᠠ ᠳᠠᠭᠠᠨ | 30% ᠢᠶᠠᠷ ᠪᠠᠭᠤᠷᠠᠭᠤᠯᠦᠨ᠂ ᠤᠯᠠᠨ ᠲᠦᠮᠡᠨ ᠪᠠ ᠠᠵᠤ ᠠᠬᠤᠢᠢᠯᠠᠯ ᠳᠤ ᠦᠨᠡᠨ ᠬᠦ ᠠᠰᠢᠭ ᠬᠦᠷᠳᠡᠬᠡᠵᠦ᠂ | ᠲᠤᠭᠠᠴᠢᠭᠤᠯᠤᠭᠰᠠᠨ ᠲᠤᠮᠳᠠᠳᠤ ᠤᠯᠤᠰ᠂ ᠰᠦᠯᠵᠢᠶᠡᠨ ᠤ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ | ᠬᠦᠴᠦ ᠨᠡᠮᠡᠨ᠎ᠡ᠃ | ᠦᠢᠯᠡᠳᠬᠦ ᠦᠢᠯᠡᠰ ᠤᠨ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠨ᠎ᠠ᠃ | ᠬᠤᠷᠠᠮᠠᠯ ᠴᠠᠬᠢᠯᠭᠠᠨ ᠬᠡᠯᠬᠢᠶ᠎ᠡ᠂ ᠲᠠᠪᠤᠳᠤᠭᠠᠷ ᠦᠶ᠎ᠡ ᠶᠢᠨ ᠰᠢᠯᠵᠢᠮᠡᠯ ᠮᠡᠳᠡᠭᠡ ᠬᠤᠯᠪᠣᠭ᠎ᠠ᠂ ᠨᠢᠰᠭᠡᠯ ᠤᠨ | ᠬᠦᠳᠡᠯᠭᠡᠭᠦᠷ᠂ ᠰᠢᠨ᠎ᠡ ᠡᠨᠧᠷᠬᠢ ᠶᠢᠨ ᠰᠤᠷᠪᠤᠯᠵᠢ ᠭᠡᠷᠡᠭᠯᠡᠭᠦ ᠮᠠᠰᠢᠨ ᠲᠡᠷᠭᠡ᠂ ᠰᠢᠨ᠎ᠠ ᠮᠠᠲ᠋ᠧᠷᠢᠶᠠᠯ ᠵᠡᠷᠭᠡ ᠠᠵᠤ | ᠦᠢᠯᠡᠰ ᠤᠨ ᠬᠦᠭᠵᠢᠯᠳᠡ ᠶᠢ ᠠᠬᠢᠭᠤᠯᠵᠤ᠂ ᠴᠢᠬᠤᠯᠠ ᠶᠡᠭᠡ ᠲᠤᠳᠠᠭᠤᠳᠠᠯ ᠲᠣᠨᠣᠭᠯᠠᠯ ᠤᠨ ᠲᠤᠰᠬᠠᠢ ᠵᠦᠢᠯ ᠤᠨ | ᠢᠨᠵᠧᠨᠧᠷᠢᠩ ᠢ ᠭᠡᠷᠡᠭᠵᠢᠬᠦᠯᠦᠨ᠂ ᠣᠶᠣᠨᠯᠢᠭ ᠦᠢᠯᠡᠳᠬᠦ ᠦᠢᠯᠡᠰ ᠢ ᠠᠬᠢᠭᠤᠯᠵᠤ᠂ ᠠᠵᠤ ᠦᠢᠯᠡᠳᠪᠤᠷᠢ ᠶᠢᠨ | ᠢᠨᠲ᠋ᠧᠷ ᠰᠦᠯᠵᠢᠶᠠᠨ ᠤ ᠲᠠᠪᠴᠠᠩ ᠢ ᠬᠦᠭᠵᠢᠬᠦᠯᠵᠤ᠂ ︽ᠲᠤᠮᠳᠠᠳᠤ ᠤᠯᠤᠰ ᠤᠨ ᠦᠢᠯᠡᠳᠬᠦ ᠦᠢᠯᠡᠰ 2025︾ | ᠶᠢᠨ ᠵᠢᠱᠢᠶ᠎ᠠ ᠦᠵᠡᠬᠦᠯᠬᠦ ᠤᠷᠤᠨ ᠢ ᠡᠬᠦᠳᠦᠨ ᠪᠠᠶᠢᠭᠤᠯᠤᠨ᠎ᠠ᠃ ᠠᠵᠤ ᠦᠢᠯᠡᠳᠪᠤᠷᠢ ᠶᠢᠨ ᠦᠢᠯᠡᠳᠪᠤᠷᠢᠯᠡᠯ ᠤᠨ | ᠵᠦᠪᠰᠢᠶᠡᠷᠡᠯ ᠤᠨ ᠦᠨᠡᠮᠯᠠᠯ ᠢ ᠶᠡᠭᠡ ᠬᠡᠮᠵᠢᠶ᠎ᠠ ᠪᠠᠷ ᠪᠠᠭᠠᠰᠬᠠᠨ ᠬᠠᠰᠤᠵᠤ᠂ ᠦᠢᠯᠡᠳᠬᠦᠨ ᠤ ᠶᠡᠰᠦ ᠴᠢᠨᠡᠷ ᠤᠨ | ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠎ᠠ᠃ ᠶᠠᠰᠤ ᠴᠢᠨᠠᠷ ᠢ ᠳᠡᠬᠡᠭᠰᠢᠯᠡᠬᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ | ᠦᠷᠨᠢᠬᠦᠯᠦᠨ᠂ ᠳᠡᠯᠡᠬᠡᠢ ᠶᠢᠨ ᠲᠡᠷᠢᠭᠦᠨ ᠤ ᠲᠥᠪᠰᠢᠨ ᠲᠠᠢ ᠠᠳᠠᠯᠢᠳᠬᠠᠬᠤ ᠪᠠ ᠳᠡᠬᠦᠨ ᠳᠤ ᠬᠦᠷᠬᠡᠬᠦ ᠶᠢ | ᠠᠬᠢᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ | ᠪᠠᠳᠠᠷᠠᠭᠤᠯᠤᠨ᠂ ᠮᠡᠳᠡᠯᠭᠡ ᠶᠢᠨ ᠬᠡᠯᠪᠡᠷᠢ ᠶᠢᠨ᠂ ᠤᠷ᠎ᠠ ᠴᠢᠳᠠᠪᠤᠷᠢ ᠶᠢᠨ ᠬᠡᠯᠪᠡᠷᠢ ᠶᠢᠨ᠂ ᠰᠢᠨ᠎ᠡ ᠶᠢ ᠡᠭᠦᠳᠬᠦ | ᠬᠡᠯᠪᠡᠷᠢ ᠶᠢᠨ ᠬᠥᠳᠡᠯᠮᠦᠷᠢᠴᠢᠳ ᠤᠨ ᠲᠤᠮᠤ ᠡᠩᠨᠡᠭᠡ ᠶᠢ ᠪᠠᠶᠢᠭᠤᠯᠵᠤ᠂ ᠳᠤᠮᠳᠠᠳᠤ ᠤᠯᠤᠰ ᠤᠨ ᠦᠢᠯᠡᠳᠬᠦ ᠦᠢᠯᠡᠰ | ᠤᠨ ᠨᠢᠬᠡ ᠣᠳᠠᠭ᠎ᠠ ᠶᠢᠨ ᠶᠠᠰᠤ ᠴᠢᠨᠠᠷ ᠤᠨ ᠬᠤᠪᠢᠰᠬᠠᠯ ᠢ ᠬᠢᠨ᠎ᠠ᠃ | ᠪᠥᠲᠥᠮᠵᠢ ᠦᠬᠡᠢ ᠬᠠᠨᠭ᠍ᠭᠠᠯᠭ᠎ᠠ ᠶᠢ ᠦᠷᠬᠦᠯᠵᠢᠯᠡᠨ ᠠᠷᠢᠯᠭᠠᠨ᠎ᠠ᠃ ᠵᠠᠬ᠎ᠠ ᠲᠡᠯᠬᠡᠬᠦᠷᠴᠢᠯᠡᠭᠦ ᠠᠷᠭ᠎ᠠ ᠪᠠᠷᠢᠯ᠂ | ᠬᠠᠤᠯᠢ ᠪᠠᠷ ᠵᠠᠰᠠᠬᠤ ᠠᠷᠭ᠎ᠠ ᠪᠠᠷᠢᠯ ᠢ ᠭᠡᠷᠡᠭᠯᠡᠬᠦ ᠶᠢ ᠪᠠᠷᠢᠮᠳᠠᠯᠠᠨ᠂ ᠤᠷᠴᠢᠨ ᠠᠬᠤᠢ ᠶᠢᠨ ᠬᠠᠮᠠᠭᠠᠯᠠᠯᠲᠠ᠂ ᠶᠠᠰᠤ | ᠴᠢᠨᠠᠷ᠂ ᠠᠮᠤᠷ ᠲᠦᠪᠰᠢᠨ ᠵᠡᠷᠭᠡ ᠶᠢᠨ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠵᠤ᠂ | ᠦᠯᠡᠬᠦᠲᠡᠭᠰᠡᠨ ᠦᠢᠯᠡᠳᠪᠦᠷᠢᠯᠡᠬᠦ ᠴᠢᠲᠠᠪᠤᠷᠢ ᠶᠢ ᠰᠢᠢᠳᠪᠦᠷᠢᠯᠡᠵᠦ᠂ ᠬᠤᠴᠤᠷᠤᠩᠭᠤᠢ ᠦᠢᠯᠡᠳᠪᠦᠷᠢᠯᠡᠬᠦ ᠴᠢᠲᠠᠪᠤᠷᠢ | ᠶᠢ ᠴᠠᠭᠠᠵᠠᠯᠠᠨ᠎ᠠ᠃ ᠡᠨᠡ ᠵᠢᠯ ᠪᠤᠯᠤᠳ ᠲᠡᠮᠦᠷ ᠦᠢᠯᠡᠳᠪᠤᠷᠢᠯᠡᠬᠦ ᠴᠢᠳᠠᠪᠤᠷᠢ ᠶᠢ ᠲᠠᠬᠢᠭᠠᠳ 3000 ᠲᠦᠮᠡᠨ ᠲᠤᠨ | ᠤᠷᠴᠢᠮ ᠬᠠᠰᠤᠵᠤ᠂ ᠨᠡᠬᠦᠷᠡᠰᠦ ᠦᠢᠯᠡᠳᠪᠤᠷᠢᠯᠡᠬᠦ ᠴᠢᠳᠠᠪᠤᠷᠢ ᠶᠢ 1.5 ᠳ᠋ᠦᠩᠰᠢᠭᠤᠷ ᠲᠤᠨ ᠤᠷᠴᠢᠮ | ᠬᠠᠰᠤᠭᠳᠠᠭᠤᠯᠵᠤ᠂ ᠪᠠᠷᠢᠮᠵᠢᠶ᠎ᠠ ᠳᠤ ᠦᠯᠦ ᠬᠦᠷᠬᠦ 30 ᠲᠦᠮᠡᠨ ᠺᠢᠯᠤᠸᠠᠲ ᠤᠨ ᠲᠡᠰ ᠠᠴᠠ ᠲᠤᠷᠤᠭᠰᠢᠬᠢ | ᠨᠡᠬᠦᠷᠡᠰᠦᠨ ᠴᠠᠬᠢᠯᠭᠠᠨ ᠤ ᠮᠠᠰᠢᠨ ᠴᠤᠭᠴᠠᠯᠠᠪᠤᠷᠢ ᠶᠢ ᠴᠠᠭᠠᠵᠠᠯᠠᠬᠤ ᠪᠠ ᠬᠠᠭᠠᠵᠤ ᠵᠤᠬᠰᠤᠭᠠᠨ᠎ᠠ᠃ ︽ᠬᠥᠰᠢᠮᠡᠯ | ᠠᠵᠤ ᠠᠬᠤᠢᠢᠯᠠᠯ︾ ᠢ ᠲᠠᠮᠫᠦᠷᠠᠭᠤᠯᠵᠤ ᠢᠯᠭᠠᠷᠠᠭᠤᠯᠤᠨ ᠪᠤᠳᠤᠬᠤ ᠪᠠ ᠲᠡᠬᠢᠨ ᠴᠡᠭᠴᠡᠯᠡᠬᠦ ᠡᠷᠴᠢᠮ ᠢ | ᠴᠢᠩᠭᠠᠷᠠᠭᠤᠯᠵᠤ᠂ ᠠᠵᠢᠯᠲᠠᠨ ᠠᠵᠢᠯᠴᠢᠨ ᠢ ᠲᠦᠪᠬᠢᠨᠡᠬᠦᠯᠬᠦ ᠪᠠ ᠦᠭᠴᠡᠭᠡ ᠶᠢ ᠰᠢᠢᠳᠪᠤᠷᠢᠯᠡᠬᠦ ᠠᠵᠢᠯ ᠢ ᠰᠠᠶᠢᠳᠤᠷ | ᠬᠢᠨ᠎ᠡ᠃ ᠪᠥᠲᠥᠮᠵᠢ ᠦᠬᠡᠢ ᠬᠠᠨᠭ᠍ᠭᠠᠯᠭ᠎ᠠ ᠶᠢ ᠪᠠᠭᠠᠰᠬᠠᠬᠤ ᠲᠠᠯ᠎ᠠ ᠪᠠᠷ ᠰᠢᠨ᠎ᠡ ᠠᠮᠵᠢᠯᠳᠠ ᠪᠦᠳᠦᠮᠵᠢ ᠤᠯᠬᠤ | ᠬᠡᠷᠡᠭᠳᠡᠢ᠃ | ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ ᠦᠭᠡᠷᠡᠴᠢᠯᠡᠯᠲᠡ ᠶᠢ ᠬᠦᠨᠵᠡᠬᠡᠶᠢᠷᠡᠬᠦᠯᠦᠨ᠎ᠠ᠃ ᠪᠦᠬᠦ | ᠤᠯᠤᠰ ᠲᠤ ᠨᠢᠭᠡᠳᠦᠯᠲᠡᠢ ᠵᠠᠬ᠎ᠠ ᠲᠡᠯᠭᠡᠬᠦᠷ ᠲᠤ ᠤᠷᠤᠬᠤ ᠵᠦᠪᠰᠢᠶᠡᠷᠡᠯ ᠤᠨ ᠨᠠᠵᠠᠭᠠᠢ ᠲᠠᠯ᠎ᠠ ᠶᠢᠨ ᠲᠤᠳᠤᠷᠬᠠᠢ | ᠬᠠᠭᠤᠳᠠᠰᠤ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠦᠨ᠎ᠠ᠃ ︽ᠦᠨᠡᠮᠯᠡᠯ ᠪᠤᠯᠤᠨ ᠭᠡᠷᠡᠴᠢ ᠶᠢ ᠰᠠᠯᠭᠠᠬᠤ︾ | ᠦᠭᠡᠷᠡᠴᠢᠯᠡᠯᠲᠡ ᠶᠢ ᠪᠦᠬᠦ ᠤᠯᠤᠰ ᠲᠤ ᠭᠡᠷᠡᠭᠵᠢᠭᠦᠯᠦᠨ᠎ᠠ᠂ ᠡᠬᠦᠨ ᠤ ᠭᠤᠤᠯᠳᠠᠯᠭ᠎ᠠ ᠨᠢ ᠡᠵᠡᠩᠨᠡᠯᠲᠡ ᠶᠢᠨ ᠭᠡᠷᠡᠴᠢ | ᠠᠪᠤᠭᠰᠠᠨ ᠤ ᠲᠠᠷᠠᠭ᠎ᠠ ᠵᠦᠪᠰᠢᠶᠡᠷᠠᠯ ᠤᠨ ᠦᠨᠡᠮᠯᠡᠯ ᠠᠪᠬᠤ ᠦᠬᠡᠢ ᠪᠠᠶᠢᠵᠤ ᠪᠤᠯᠬᠤ᠂ ᠡᠯ᠎ᠠ ᠲᠦᠷᠦᠯ ᠤᠨ | ᠵᠥᠪᠰᠢᠶᠡᠷᠡᠯ ᠤᠨ ᠦᠨᠡᠮᠯᠡᠯ ᠤᠨ ᠬᠠᠰᠤᠵᠤ ᠪᠤᠯᠬᠤ ᠶᠢ ᠨᠢ ᠬᠠᠰᠤᠵᠤ᠂ ᠨᠡᠶᠢᠯᠡᠬᠦᠯᠵᠤ ᠪᠤᠯᠬᠤ ᠶᠢ ᠨᠢ ᠨᠡᠶᠢᠯᠡᠬᠦᠯᠦᠨ᠂ | ᠠᠵᠤ ᠠᠬᠤᠢᠢᠯᠠᠯ ᠡᠬᠢᠯᠡᠵᠦ ᠡᠷᠬᠢᠯᠡᠬᠦ ᠴᠠᠭ ᠢ ᠤᠯᠠᠮ ᠨᠢᠬᠡ ᠠᠯᠬᠤᠮ ᠪᠤᠭᠤᠨᠢᠰᠬᠠᠨ᠎ᠠ᠃ ᠲᠠᠸᠠᠷ ᠤᠨ ᠲᠡᠮᠳᠡᠭᠳᠦ | ᠲᠠᠩᠰᠠᠯᠠᠭᠤᠯᠬᠤ ᠦᠶᠡᠯᠡᠯ ᠤᠨ ᠬᠤᠭᠤᠴᠠᠭ᠎ᠠ ᠶᠢ ᠶᠡᠭᠡ ᠪᠠᠷ ᠪᠤᠭᠤᠨᠢᠰᠬᠠᠨ᠎ᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠭᠦᠯᠬᠦ ᠴᠠᠭ ᠢ ᠲᠠᠬᠢᠭᠠᠳ ᠬᠠᠭᠠᠰ ᠢᠶᠠᠷ ᠪᠤᠭᠤᠨᠢᠰᠬᠠᠨ᠎ᠠ᠃ | ᠠᠵᠤ ᠠᠬᠤᠢᠢᠯᠠᠯ ᠤᠨ ᠪᠡᠯᠡ ᠣᠷᠣᠭᠤᠯᠬᠤ ᠵᠦᠢᠯᠡᠰ ᠤᠨ ᠠᠮᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢᠨ | ᠲᠤᠷᠰᠢᠯᠲᠠ ᠶᠢ ᠠᠬᠢᠭᠤᠯᠤᠨ᠎ᠠ᠃ ︽ᠬᠤᠶᠠᠷ ᠢ ᠳᠤᠬᠢᠶᠠᠯᠳᠤᠯ ᠢᠶᠠᠷ ᠰᠤᠩᠭᠤᠬᠤ᠂ ᠨᠢᠬᠡ ᠶᠢ ᠢᠯᠠ ᠪᠤᠯᠭᠠᠬᠤ︾ | ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠠ᠂ ᠬᠠᠭᠤᠷᠮᠠᠭ ᠮᠠᠭᠤ ᠲᠠᠸᠠᠷ ᠦᠢᠯᠡᠳᠴᠦ | ᠪᠤᠷᠤᠯᠠᠭᠤᠯᠬᠤ ᠠᠵᠢᠯᠯᠠᠭ᠎ᠠ ᠶᠢᠨ ᠡᠬᠦᠰᠦᠨ ᠳᠡᠯᠬᠡᠷᠡᠬᠦ ᠶᠢ ᠤᠭᠳᠤ ᠵᠦᠪᠰᠢᠶᠡᠷᠡᠬᠦ ᠦᠬᠡᠢ᠂ ᠬᠠᠤᠯᠢ ᠬᠡᠷᠡᠭᠵᠢᠬᠦᠯᠦᠭᠴᠢ | ᠶᠢᠨ ᠢᠳᠡᠬᠦ ᠠᠪᠬᠤ ᠭᠠᠴᠢᠬᠤ ᠨᠡᠬᠡᠬᠦ ᠶᠢ ᠤᠭᠳᠤ ᠵᠦᠪᠰᠢᠶᠡᠷᠡᠬᠦ ᠦᠬᠡᠢ᠃ ︽ᠢᠨᠲ᠋ᠧᠷ ᠰᠦᠯᠵᠢᠶ᠎ᠠ + ᠵᠠᠰᠠᠭ ᠤᠨ | ᠶᠠᠪᠤᠲᠠᠯ ᠤᠨ ᠦᠢᠯᠡᠴᠢᠯᠡᠭᠡ︾ ᠶᠢ ᠬᠦᠨᠵᠡᠬᠡᠶᠢᠷᠡᠬᠦᠯᠦᠨ ᠠᠬᠢᠭᠤᠯᠵᠤ᠂ ᠨᠡᠩ ᠤᠯᠠᠨ ᠬᠡᠷᠡᠭ ᠶᠠᠪᠤᠳᠠᠯ ᠢ ᠰᠦᠯᠵᠢᠶᠠᠨ | ᠲᠡᠭᠡᠷ᠎ᠠ ᠰᠢᠢᠳᠪᠤᠷᠢᠯᠡᠵᠤ ᠴᠢᠳᠠᠬᠤ ᠪᠣᠯᠭᠠᠵᠤ᠂ ᠡᠷᠭᠡᠪᠰᠢ ᠲᠤᠬᠠᠢ ᠶᠢᠨ ᠲᠠᠯᠠᠪᠤᠷ ᠲᠤ ᠤᠴᠢᠵᠤ ᠰᠢᠢᠳᠪᠤᠷᠢᠯᠡᠬᠦ | ᠴᠢᠬᠤᠯᠠ ᠲᠠᠢ ᠶᠢ ᠨᠢ ᠴᠤ ︽ᠨᠢᠬᠡ ᠯᠡ ᠠᠯᠪᠠᠨ ᠭᠡᠷ ᠢᠶᠠᠷ ᠤᠷᠤᠬᠤ︾ ᠪᠠ ︽ᠬᠠᠮᠤᠭ ᠤᠯᠠᠨ ᠳᠠᠭᠠᠨ ᠨᠢᠬᠡ ᠯᠡ | ᠤᠳᠠᠭ᠎ᠠ ᠤᠴᠢᠬᠤ︾ ᠪᠣᠯᠭᠠᠬᠤ ᠪᠠᠷ ᠴᠢᠷᠮᠠᠶᠢᠬᠤ ᠭᠡᠷᠡᠭᠳᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠪᠠᠶᠢᠭᠤᠯᠤᠮᠵᠢ | ᠳᠤᠭᠳᠠᠴᠠ ᠶᠢᠨ ᠦᠬᠡᠷᠡᠴᠢᠯᠡᠯᠳᠠ ᠶᠢ ᠶᠡᠭᠡ ᠪᠠᠷ ᠠᠬᠢᠭᠤᠯᠵᠤ᠂ ᠤᠯᠠᠨ ᠲᠠᠯ᠎ᠠ ᠤᠯᠠᠨ ᠳᠠᠪᠬᠤᠷᠭ᠎ᠠ ᠠᠴᠠ ᠬᠠᠤᠯᠢ ᠶᠢ | ᠳᠠᠪᠬᠤᠷ ᠬᠡᠷᠡᠭᠵᠢᠬᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠤᠷᠳᠤᠨ ᠤ ᠮᠡᠳᠡᠭᠡ ᠵᠠᠩᠬᠢ | ᠶᠢᠨ ᠰᠢᠰᠲ᠋ᠧᠮ ᠤᠨ ᠬᠤᠯᠪᠤᠯᠳᠤᠨ ᠨᠡᠪᠲᠡᠷᠡᠯᠴᠡᠬᠦ ᠶᠢ ᠲᠦᠷᠭᠡᠳᠭᠡᠨ᠂ ᠮᠡᠳᠡᠭᠡ ᠵᠠᠩᠬᠢ ᠶᠢᠨ ᠲᠦᠭᠵᠢᠮᠡᠯ ᠪᠠᠶᠢᠳᠠᠯ ᠢ | ᠨᠡᠪᠳᠡᠷᠡᠬᠦᠯᠦᠨ᠎ᠠ᠃ ᠤᠯᠠᠨ ᠲᠦᠮᠡᠨ ᠪᠠ ᠠᠵᠤ ᠠᠬᠤᠢᠢᠯᠠᠯ ᠤᠨ ᠤᠴᠢᠷ ᠶᠠᠪᠤᠳᠠᠯ ᠰᠢᠢᠳᠪᠤᠷᠢᠯᠡᠬᠦ ᠳᠤ ᠭᠡᠷᠡᠭᠰᠡᠬᠦ | ᠡᠯ᠎ᠠ ᠲᠦᠷᠦᠯ ᠤᠨ ᠭᠡᠷᠡᠴᠢᠯᠡᠯ ᠢ ᠢᠯᠭᠠᠷᠠᠭᠤᠯᠤᠨ ᠴᠡᠪᠡᠷᠯᠡᠵᠤ᠂ ᠬᠠᠤᠯᠢ ᠴᠠᠭᠠᠵᠠ ᠬᠠᠤᠯᠢ ᠲᠤᠭᠳᠠᠭᠠᠯ ᠤᠨ | ᠦᠨᠳᠦᠰᠦᠯᠡᠯ ᠦᠬᠡᠢ ᠶᠢ ᠨᠢ ᠴᠦᠮ ᠬᠦᠴᠦᠨ ᠦᠬᠡᠢ ᠪᠤᠯᠭᠠᠨ᠎ᠠ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ | ᠰᠢᠯᠢᠳᠡᠭᠵᠢᠬᠦᠯᠬᠦ ᠪᠣᠯ ᠦᠢᠯᠡᠳᠪᠤᠷᠢᠯᠡᠯ ᠤᠨ ᠬᠦᠴᠦᠨ ᠢ ᠴᠢᠯᠦᠬᠡᠯᠡᠵᠤ᠂ ᠦᠷᠢᠰᠦᠯᠳᠦᠬᠦ ᠬᠦᠴᠦᠨ ᠢ ᠨᠡᠮᠡᠭᠳᠡᠭᠦᠯᠵᠦ | ᠪᠠᠶᠢᠭ᠎ᠠ ᠶᠠᠪᠤᠳᠠᠯ ᠮᠦᠨ᠂ ᠬᠠᠷᠰᠢ ᠰᠠᠭᠠᠳ ᠶᠡᠷᠰᠢᠬ ᠲᠦᠪᠡᠭ ᠢ ᠠᠷᠢᠯᠭᠠᠨ᠂ ᠳᠠᠷᠳᠠᠩ ᠵᠠᠮ ᠢ ᠨᠡᠬᠡᠬᠡᠵᠦ᠂ ᠵᠠᠬ᠎ᠠ | ᠳᠡᠯᠬᠡᠬᠦᠷ ᠤᠨ ᠪᠡᠶᠡᠴᠢ ᠴᠤᠭᠴᠠ ᠳᠤ ᠠᠮᠢᠵᠢᠷᠠᠯ ᠤᠨ ᠬᠦᠴᠦᠨ ᠨᠠᠮᠠᠷᠢᠯᠠᠵᠤ᠂ ᠠᠷᠠᠳ ᠤᠯᠠᠨ ᠳᠤ ᠢᠯᠡᠬᠦᠦ ᠳᠥᠭᠦᠮ | ᠦᠵᠡᠭᠦᠯᠬᠦ ᠬᠡᠷᠡᠭᠳᠡᠢ᠃ | ᠠᠵᠤ ᠠᠬᠤᠢᠢᠯᠠᠯ ᠤᠨ ᠭᠠᠶᠢᠯᠢ ᠶᠢᠨ ᠲᠠᠷᠤᠭᠠᠰᠤ ᠶᠢ ᠤᠯᠠᠮ ᠨᠢᠬᠡ ᠠᠯᠬᠤᠮ ᠬᠦᠡᠭᠬᠡᠷᠡᠬᠦᠯᠦᠨᠠ᠃ ᠦᠷᠲᠡᠭ | ᠨᠡᠮᠡᠭᠳᠡᠯ ᠤᠨ ᠭᠠᠶᠢᠯᠢ ᠶᠢᠨ ᠳᠦᠷᠢᠮ ᠢ ᠦᠬᠡᠷᠡᠴᠢᠯᠡᠨ ᠲᠡᠬᠦᠯᠳᠡᠷᠵᠢᠬᠦᠯᠵᠤ᠂ ᠭᠤᠷᠪᠠᠨ ᠲᠡᠰ ᠤᠨ ᠭᠠᠶᠢᠯᠢ ᠶᠢᠨ | ᠨᠤᠷᠮ᠎ᠠ ᠶᠢ ᠬᠤᠶᠠᠷ ᠲᠡᠰ ᠪᠤᠯᠭᠠᠨ ᠨᠡᠶᠢᠯᠡᠬᠦᠯᠬᠦ ᠴᠢᠭᠯᠡᠯ ᠢᠶᠠᠷ ᠭᠠᠶᠢᠯᠢ ᠶᠢᠨ ᠨᠤᠷᠮ᠎ᠠ ᠶᠢᠨ ᠲᠥᠪᠰᠢᠨ ᠳᠤ | ᠲᠤᠬᠢᠷᠠᠭᠤᠯᠤᠯᠳᠠ ᠬᠢᠵᠤ᠂ ᠦᠢᠯᠡᠳᠬᠦ ᠦᠢᠯᠡᠰ᠂ ᠵᠠᠮ ᠲᠡᠭᠡᠭᠡᠪᠦᠷᠢ ᠵᠡᠷᠭᠡ ᠠᠵᠢᠯ ᠲᠦᠷᠦᠯ ᠤᠨ ᠭᠠᠶᠢᠯᠢ ᠶᠢᠨ | ᠨᠤᠷᠮ᠎ᠠ ᠶᠢ ᠭᠤᠤᠯᠳᠠᠯᠭ᠎ᠠ ᠲᠠᠢ ᠪᠠᠷ ᠪᠠᠭᠤᠷᠠᠭᠤᠯᠦᠨ᠂ ᠪᠠᠭ᠎ᠠ ᠬᠡᠮᠵᠢᠶᠡᠨ ᠤ ᠭᠠᠶᠢᠯᠢ ᠳᠤᠰᠢᠶᠠᠭᠴᠢ ᠶᠢᠨ ᠣᠨ ᠤ | ᠪᠤᠷᠤᠯᠠᠭᠤᠯᠤᠯᠳᠠ ᠶᠢᠨ ᠨᠤᠷᠮ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠎ᠠ᠃ ᠠᠰᠢᠭ ᠤᠷᠤᠯᠭ᠎ᠠ ᠶᠢᠨ ᠭᠠᠶᠢᠯᠢ ᠶᠢ | ᠬᠠᠭᠠᠰ ᠢᠶᠠᠷ ᠬᠦᠡᠭᠬᠡᠯᠡᠨ ᠳᠠᠳᠠᠪᠤᠷᠢᠯᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠡᠳ᠋ᠯᠡᠬᠦ ᠵᠢᠵᠢᠭ ᠪᠢᠴᠢᠯ ᠠᠵᠤ | ᠠᠬᠤᠢᠢᠯᠠᠯ ᠤᠨ ᠬᠡᠪᠴᠢᠶ᠎ᠡ ᠶᠢ ᠶᠡᠭᠡ ᠪᠠᠷ ᠦᠷᠬᠡᠳᠬᠡᠨ᠎ᠡ᠃ ᠠᠵᠤ ᠠᠬᠤᠢᠢᠯᠠᠯ ᠤᠨ ᠰᠢᠨ᠎ᠠ ᠪᠠᠷ ᠬᠤᠳᠠᠯᠳᠤᠨ ᠠᠪᠬᠤ | ᠬᠡᠮᠵᠢᠬᠦᠷᠯᠢᠭ ᠲᠤᠨᠤᠭ ᠲᠦᠬᠦᠭᠡᠷᠦᠮᠵᠢ ᠶᠢᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠠ ᠰᠠᠭᠤᠳᠬᠠᠨ ᠬᠠᠰᠤᠬᠤ | ᠲᠡᠭᠡᠳᠦ ᠬᠢᠵᠠᠭᠠᠷ ᠢ ᠶᠡᠭᠡ ᠪᠠᠷ ᠲᠡᠭᠡᠭᠰᠢᠯᠡᠬᠦᠯᠦᠨ᠎ᠠ᠃ ᠠᠵᠤ ᠠᠬᠤᠢᠢᠯᠠᠯ ᠤᠨ ᠬᠢᠯᠢ ᠶᠢᠨ ᠭᠠᠳᠡᠨ᠎ᠡ ᠠᠴᠠ ᠤᠯᠦᠬᠰᠡᠠ | ᠠᠰᠢᠬ ᠤᠷᠦᠯᠭ᠎ᠠ ᠶᠢ ᠶᠡᠷᠦᠩᠬᠡᠶᠢᠯᠡᠨ ᠲᠤᠯᠭᠠᠨ ᠭᠡᠯᠳᠤᠷᠢᠭᠦᠯᠭᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠡ᠃ ᠡᠳ᠋ | ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠦᠮᠦᠷᠬᠡᠯᠡᠨ ᠬᠠᠲᠠᠭᠠᠯᠠᠬᠤ ᠳᠤ ᠭᠡᠷᠡᠭᠯᠡᠭᠦ ᠭᠠᠵᠠᠷ ᠤᠨ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠬᠡᠪᠴᠢᠶ᠎ᠠ ᠶᠢ ᠦᠷᠭᠡᠳᠭᠡᠨ᠎ᠠ᠃ ᠠᠵᠤ ᠠᠬᠤᠢᠢᠯᠠᠯ ᠢ ᠲᠠᠬᠢᠨ ᠪᠠᠶᠢᠭᠤᠯᠬᠤ ᠳᠤ | ᠬᠡᠷᠡᠭᠯᠡᠬᠦ ᠭᠠᠵᠠᠷ ᠰᠢᠷᠤᠢ ᠶᠢᠨ ᠦᠷᠳᠡᠭ ᠨᠡᠮᠡᠭᠳᠡᠯ ᠤᠨ ᠭᠠᠶᠢᠯᠢ᠂ ᠭᠡᠷ᠎ᠠ ᠶᠢᠨ ᠭᠠᠶᠢᠯᠢ ᠵᠡᠷᠭᠡ ᠳᠤ ᠬᠠᠷᠠᠭᠠᠯᠵᠠᠯ | ᠦᠵᠡᠬᠦᠯᠬᠦ ᠬᠤᠭᠤᠴᠠᠭ᠎ᠠ ᠲᠤᠯᠤᠭᠰᠠᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠭᠡᠷᠡᠭᠵᠢᠬᠦᠯᠤᠨ᠎ᠠ᠃ ᠪᠦᠬᠦ | ᠵᠢᠯ ᠳᠤ ᠠᠵᠤ ᠠᠬᠤᠢᠢᠯᠠᠯ ᠪᠠ ᠬᠤᠪᠢ ᠬᠦᠮᠦᠨ ᠳᠤ ᠲᠠᠬᠢᠭᠠᠳ 8000 ᠭᠠᠷᠤᠢ ᠳ᠋ᠦᠩᠰᠢᠭᠤᠷ ᠲᠦᠬᠦᠷᠢᠭ ᠤᠨ | ᠭᠠᠶᠢᠯᠢ ᠬᠦᠡᠭᠬᠡᠯᠡᠵᠤ᠂ ᠪᠤᠳᠠᠳᠤ ᠴᠤᠭᠴᠠ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠶᠢ | ᠠᠬᠢᠭᠤᠯᠦᠨ᠂ ᠵᠠᠬ᠎ᠠ ᠳᠡᠯᠬᠡᠬᠦᠷ ᠤᠨ ᠠᠮᠢᠵᠢᠷᠠᠯ ᠤᠨ ᠬᠦᠴᠦᠨ ᠪᠠ ᠨᠡᠶᠢᠬᠡᠮ ᠤᠨ ᠪᠦᠳᠦᠬᠡᠯᠴᠢ ᠬᠦᠴᠦᠨ ᠢ | ᠬᠦᠴᠦᠯᠡᠨ ᠬᠦᠭᠵᠢᠬᠡᠨ᠎ᠡ᠃ | ᠠᠵᠤ ᠠᠬᠤᠢᠢᠯᠠᠯ ᠤᠨ ᠭᠠᠶᠢᠯᠢ ᠶᠢᠨ ᠪᠤᠰᠤ ᠲᠠᠷᠤᠭᠠᠰᠤ ᠶᠢ ᠶᠡᠭᠡ ᠪᠠᠷ ᠬᠦᠡᠭᠬᠡᠷᠡᠬᠦᠯᠦᠨᠠ᠃ ᠵᠠᠰᠠᠭ ᠵᠠᠬᠢᠷᠭ᠎ᠠ | ᠠᠵᠢᠯ ᠦᠢᠯᠡᠰ ᠤᠨ ᠴᠢᠨᠠᠷᠳᠠᠢ ᠰᠦᠢᠳᠬᠡᠯ ᠬᠤᠷᠢᠶᠠᠯᠲᠠ ᠶᠢ ᠤᠯᠠᠮ ᠨᠢᠬᠡ ᠠᠯᠬᠤᠮ ᠡᠮᠬᠢᠯᠡᠨ ᠵᠢᠷᠤᠮᠵᠢᠭᠤᠯᠵᠤ᠂ | ᠵᠠᠰᠠᠭ ᠤᠨ ᠤᠷᠳᠤᠨ ᠤ ᠴᠢᠨᠠᠷᠳᠠᠢ ᠬᠡᠰᠡᠭ ᠰᠠᠭᠤᠷᠢ ᠮᠦᠡᠭᠬᠦ ᠶᠢᠨ ᠲᠡᠳᠡᠪᠤᠷᠢᠯᠡᠨ ᠬᠤᠷᠢᠶᠠᠬᠤ ᠪᠠᠷᠢᠮᠵᠢᠶ᠎ᠠ ᠶᠢ | ᠳᠤᠷᠤᠭᠰᠢᠯᠠᠭᠤᠯᠤᠨ᠎ᠠ᠃ ᠠᠵᠤ ᠠᠬᠤᠢᠢᠯᠠᠯ ᠤᠨ ︽ᠲᠠᠪᠤᠨ ᠲᠠᠭᠠᠳᠬᠠᠯ ᠨᠢᠭᠡ ᠮᠦᠩᠬᠦ︾ ᠶᠢᠨ ᠰᠦᠢᠳᠭᠡᠯ | ᠳᠤᠰᠢᠶᠠᠬᠤ ᠬᠠᠷᠢᠴᠠᠯ ᠢ ᠦᠷᠬᠦᠯᠵᠢᠯᠡᠨ ᠱᠠᠳᠤ ᠦᠶᠡᠴᠢ ᠴᠢᠨᠡᠷᠳᠡᠢ ᠪᠠᠷ ᠲᠤᠷᠤᠭᠰᠢᠯᠠᠭᠤᠯᠤᠨ᠎ᠠ᠃ ᠴᠠᠬᠢᠯᠭᠠᠨ ᠤ | ᠲᠤᠤᠷ ᠤᠨ ᠭᠤᠭᠴᠣᠭᠠᠨ ᠤ ᠰᠦᠢᠳᠬᠡᠯ ᠪᠠ ᠲᠠᠮᠵᠢᠭᠤᠯᠵᠦ ᠲᠥᠭᠡᠭᠡᠭᠦ ᠴᠠᠬᠢᠯᠭᠠᠨ ᠤ ᠦᠨ᠎ᠡ ᠶᠢ ᠪᠠᠭᠤᠷᠠᠭᠤᠯᠵᠤ᠂ | ᠡᠩ ᠤᠨ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ ᠦᠨ᠎ᠡ ᠶᠢ ᠳᠤᠮᠳᠠᠴᠢ ᠪᠠᠷ 10% ᠪᠠᠷ | ᠪᠠᠭᠤᠷᠠᠭᠤᠯᠤᠨ᠎ᠠ᠃ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠦᠷᠢᠮ ᠤᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠤ᠂ ᠵᠠᠮ ᠦᠡᠭᠬᠡᠷᠡᠬᠦ ᠬᠦᠬᠦᠷᠭᠡ ᠦᠡᠭᠭᠡᠷᠡᠬᠦ ᠵᠠᠷᠤᠳᠠᠯ ᠢ ᠳᠤᠷᠤᠭᠰᠢᠯᠠᠭᠤᠯᠤᠨ᠎ᠠ᠃ ᠵᠠᠭᠤᠴᠢ | ᠤᠢᠢᠯᠡᠴᠢᠯᠡᠭᠡᠨ ᠤ ᠰᠦᠢᠳᠭᠡᠯ ᠬᠤᠷᠢᠶᠠᠯᠲᠠ ᠶᠢ ᠴᠡᠪᠡᠷᠯᠡᠨ ᠴᠡᠭᠴᠡᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠪᠦᠬᠦ | ᠵᠢᠯ ᠳᠤ ᠵᠠᠬ᠎ᠠ ᠲᠡᠯᠭᠡᠬᠦᠷ ᠤᠨ ᠪᠡᠶᠡᠴᠢ ᠴᠤᠭᠴᠠ ᠶᠢᠨ ᠭᠠᠶᠢᠯᠢ ᠶᠢᠨ ᠪᠤᠰᠤ ᠲᠠᠷᠤᠭᠠᠰᠤ ᠶᠢ 3000 ᠭᠠᠷᠤᠢ | ᠳ᠋ᠦᠩᠰᠢᠭᠤᠷ ᠲᠦᠬᠦᠷᠢᠭ ᠬᠦᠡᠭᠭᠡᠯᠡᠵᠤ᠂ ᠵᠦᠢ ᠵᠤᠬᠢᠰ ᠦᠭᠡᠢ ᠶᠢ ᠨᠢ ᠡᠷᠡᠰ ᠢᠶᠠᠷ ᠬᠥᠴᠤᠨ ᠦᠭᠡᠢ ᠪᠤᠯᠭᠠᠵᠤ᠂ | ᠬᠡᠳᠤᠷᠭᠡᠢ ᠦᠨᠳᠤᠷ ᠪᠠᠶᠢᠬᠤ ᠶᠢ ᠨᠢ ᠡᠷᠡᠰ ᠢᠶᠠᠷ ᠪᠠᠭᠤᠷᠠᠭᠤᠯᠤᠨ᠂ ᠠᠵᠤ ᠠᠬᠤᠢᠢᠯᠠᠯ ᠢ ᠳᠠᠷᠤᠭᠠᠰᠤ ᠦᠬᠡᠢ ᠪᠠᠷ | ᠡᠵᠡᠩᠨᠡᠬᠦ ᠪᠠ ᠬᠦᠴᠦ ᠪᠠᠨ ᠲᠦᠪᠯᠡᠷᠡᠭᠦᠯᠦᠨ ᠬᠦᠭᠵᠢᠬᠦ ᠪᠤᠯᠭᠠᠨ᠎ᠠ᠃ | ︵ᠬᠤᠶᠠᠷ︶ ᠰᠢᠨ᠎ᠠ ᠶᠢ ᠡᠬᠦᠳᠬᠦ ᠬᠡᠯᠪᠡᠷᠢ ᠶᠢᠨ ᠤᠯᠤᠰ ᠢ ᠲᠦᠷᠭᠡᠯᠡᠨ ᠪᠠᠶᠢᠭᠤᠯᠤᠨ᠎ᠠ᠃ ᠲᠡᠯᠡᠭᠡᠢ ᠶᠢᠨ | ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ | ᠶᠢᠨ ᠶᠡᠭᠡ ᠬᠠᠨᠳᠤᠰᠢ ᠶᠢ ᠡᠵᠡᠮᠳᠡᠵᠦ᠂ ᠰᠢᠨ᠎ᠠ ᠶᠢ ᠡᠬᠦᠳᠬᠦ ᠪᠠᠷ ᠬᠥᠭᠵᠢᠯᠳᠡ ᠶᠢᠨ ᠬᠥᠳᠡᠯᠭᠡᠬᠦᠷ ᠪᠤᠯᠭᠠᠬᠤ | ᠪᠠᠶᠢᠯᠳᠤᠬᠤ ᠪᠤᠳᠤᠯᠭ᠎ᠠ ᠶᠢ ᠬᠥᠨᠵᠡᠭᠡᠢ ᠬᠡᠷᠡᠭᠵᠢᠬᠦᠯᠦᠨ᠂ ᠠᠵᠤ ᠠᠬᠤᠢ ᠶᠢᠨ ᠰᠢᠨ᠎ᠠ ᠶᠢ ᠡᠬᠦᠳᠬᠦ ᠬᠥᠴᠤᠨ ᠪᠠ | ᠦᠷᠢᠰᠤᠯᠳᠤᠬᠦ ᠬᠥᠴᠤᠨ ᠢ ᠲᠠᠰᠤᠷᠠᠯᠲᠠ ᠦᠭᠡᠢ ᠴᠢᠩᠭᠠᠳᠬᠠᠨ᠎ᠠ᠃ | ᠤᠯᠤᠰ ᠤᠨ ᠰᠢᠨ᠎ᠠ ᠶᠢ ᠡᠬᠦᠳᠬᠦ ᠰᠢᠰᠲ᠋ᠧᠮᠵᠢ ᠶᠢᠨ ᠪᠠᠶᠢᠭᠤᠯᠤᠯᠳᠡ ᠶᠢ ᠴᠢᠩᠭᠠᠳᠬᠠᠨ᠎ᠠ᠃ ᠰᠠᠭᠤᠷᠢ | ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠡᠭᠦᠳᠦᠯᠲᠡ ᠶᠢ ᠴᠢᠩᠭᠠᠳᠬᠠᠨ᠂ ᠨᠢᠭᠡ | ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠴᠢᠬᠤᠯᠠ ᠶᠡᠭᠡ ᠵᠦᠢᠯᠡᠰ ᠢ ᠡᠬᠢᠯᠡᠬᠦᠯᠵᠦ᠂ | ᠤᠯᠤᠰ ᠤᠨ ᠲᠤᠷᠰᠢᠯᠳᠠ ᠶᠢᠨ ᠲᠠᠰᠤᠭ ᠢ ᠦᠨᠳᠤᠷ ᠪᠠᠷᠢᠮᠵᠢᠶ᠎ᠠ ᠪᠠᠷ ᠪᠦᠳᠤᠭᠡᠨ ᠪᠠᠶᠢᠭᠤᠯᠤᠨ᠎ᠠ᠃ ᠠᠵᠤ ᠠᠬᠤᠢᠢᠯᠠᠯ | ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠲᠦᠷᠤᠬᠦᠯᠡᠨ ᠬᠡᠷᠡᠭᠵᠢᠬᠦᠯᠬᠦ ᠶᠢ | ᠵᠤᠷᠢᠬᠵᠢᠭᠤᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠲᠡᠭᠡᠳᠤ ᠰᠤᠷᠭᠠᠭᠤᠯᠢ | ᠶᠢᠨ ᠠᠵᠤ ᠠᠬᠤᠢᠢᠯᠠᠯ ᠯᠤᠭ᠎ᠠ ᠨᠡᠶᠢᠯᠡᠨ ᠨᠡᠪᠳᠡᠷᠡᠯᠴᠡᠵᠦ ᠰᠢᠨ᠎ᠠ ᠶᠢ ᠡᠬᠦᠳᠬᠦ ᠶᠢ ᠲᠡᠮᠵᠢᠵᠤ᠂ ᠰᠢᠨ᠎ᠡ ᠶᠢ ᠡᠬᠦᠲᠦᠭᠰᠡᠨ | ᠦᠷ᠎ᠡ ᠪᠦᠳᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠭᠡᠨ᠎ᠠ᠃ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ | ᠤᠨ ᠤᠷᠤᠭᠤᠯᠤᠯᠳᠠ ᠶᠢ ᠠᠷᠠᠳ ᠤᠨ ᠠᠮᠢᠳᠤᠷᠠᠯ ᠤᠨ ᠬᠦᠷᠢᠶ᠎ᠡ ᠵᠦᠭ ᠬᠡᠯᠪᠠᠶᠢᠯᠬᠡᠵᠦ᠂ ᠪᠤᠬᠢᠷ ᠮᠠᠨᠠᠨ ᠢ ᠵᠠᠰᠠᠬᠤ | ᠰᠤᠳᠤᠯᠭᠠᠨ ᠢ ᠴᠢᠩᠭᠠᠳᠬᠠᠨ᠂ ᠦᠮᠡᠨ ᠡᠪᠡᠳᠴᠢᠨ ᠵᠡᠷᠭᠡ ᠬᠦᠨᠲᠦ ᠶᠡᠭᠡ ᠡᠪᠡᠦᠡᠴᠢᠠ ᠡᠮᠭᠡᠭ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢ ᠰᠢᠢᠳᠪᠤᠷᠢᠯᠡᠬᠦ ᠪᠠᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠦᠮᠡᠨ ᠳᠤ | ᠨᠡᠩ ᠤᠯᠠᠨ ᠠᠰᠢᠭ ᠲᠤᠰᠠ ᠬᠥᠷᠳᠡᠭᠡᠭᠦ ᠭᠡᠷᠡᠭᠲᠡᠢ᠃ | ᠰᠢᠨ᠎ᠠ ᠶᠢ ᠡᠬᠦᠳᠬᠦ ᠶᠢ ᠤᠷᠮᠠᠰᠢᠭᠤᠯᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ | ᠲᠡᠬᠦᠯᠳᠡᠷᠵᠢᠬᠦᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠳᠠ ᠶᠢᠨ ᠲᠦᠷᠢᠮ ᠢ ᠦᠭᠡᠷᠡᠴᠢᠯᠡᠵᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠤᠨ ᠠᠮᠵᠢᠯᠳᠠ ᠪᠦᠳᠤᠮᠵᠢ ᠶᠢ ᠦᠨᠡᠯᠡᠬᠦ ᠳᠤ ᠶᠠᠪᠤᠴᠠ ᠶᠢ | ᠴᠢᠬᠤᠯᠠᠴᠢᠯᠠᠵᠤ ᠪᠠᠶᠢᠬᠰᠠᠨ ᠠᠴᠠ ᠦᠷ᠎ᠠ ᠳ᠋ᠦᠩ ᠢ ᠴᠢᠬᠤᠯᠠᠴᠢᠯᠠᠬᠤ ᠪᠤᠯᠭᠠᠵᠤ ᠬᠤᠪᠢᠷᠠᠭᠤᠯᠬᠤ ᠶᠢ ᠲᠦᠷᠭᠡᠳᠭᠡᠬᠦ | ᠬᠡᠷᠡᠭᠳᠠᠢ᠃ ᠰᠢᠨ᠎ᠠ ᠶᠢ ᠡᠬᠦᠳᠬᠦ ᠪᠦᠯᠬᠦᠮ ᠪᠤᠯᠤᠨ ᠲᠠᠭᠠᠭᠤᠯᠤᠬᠴᠢ ᠴᠢᠳᠠᠪᠦᠷᠢᠳᠠᠨ ᠳᠤ ᠨᠡᠩ ᠶᠡᠭᠡ ᠬᠥᠮᠥᠨ ᠤ | ᠬᠦᠴᠦᠨ ᠡᠳ᠋ ᠤᠨ ᠬᠦᠴᠦᠨ ᠪᠣᠳᠠᠰ ᠤᠨ ᠬᠦᠴᠦᠨ ᠢ ᠵᠠᠬᠢᠷᠬᠤ ᠡᠷᠬᠡ ᠪᠠ ᠮᠡᠷᠭᠡᠵᠢᠯ ᠤᠨ ᠱᠤᠭᠤᠮ ᠤᠨ ᠪᠤᠳᠤᠯᠭ᠎ᠠ | ᠲᠣᠭᠲᠠᠭᠠᠬᠤ ᠡᠷᠬᠡ ᠶᠢ ᠣᠯᠭᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢ | ᠰᠢᠢᠳᠪᠤᠷᠢᠯᠡᠬᠦ ᠡᠬᠦᠷᠭᠡ ᠶᠢ ᠡᠬᠦᠷᠭᠡᠯᠡᠵᠤ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ | ᠠᠮᠢᠳᠤᠯᠢᠭ ᠴᠠᠯᠢᠩ ᠬᠥᠯᠤᠰᠤ ᠶᠢᠨ ᠲᠦᠷᠢᠮ ᠪᠤᠯᠤᠨ ᠱᠠᠩᠨᠠᠨ ᠬᠥᠬᠢᠬᠦᠯᠬᠦ ᠠᠷᠭ᠎ᠠ ᠬᠡᠮᠵᠢᠶ᠎ᠠ ᠶᠢ ᠬᠡᠷᠡᠭᠵᠢᠬᠦᠯᠤᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠤᠭᠡᠯ ᠤᠨ | ᠦᠮᠴᠢᠯᠡᠬᠦ ᠡᠷᠭᠡ ᠪᠤᠶᠤ ᠤᠷᠳᠤ ᠬᠤᠭᠤᠴᠠᠭ᠎ᠠ ᠪᠠᠷ ᠬᠡᠷᠡᠭᠯᠡᠬᠦ ᠡᠷᠭᠡ ᠤᠯᠭᠤᠬᠤ ᠶᠢ ᠰᠦᠪᠡᠭᠴᠢᠯᠡᠨ᠎ᠠ᠃ ᠰᠢᠨ᠎ᠠ ᠶᠢ | ᠡᠬᠦᠳᠬᠦ ᠶᠢ ᠤᠷᠮᠠᠰᠢᠭᠤᠯᠬᠤ ᠲᠦᠷᠤ ᠶᠢᠨ ᠪᠤᠳᠤᠯᠭ᠎ᠠ ᠲᠠᠢ ᠵᠦᠷᠢᠴᠡᠯᠳᠤᠬᠦ ᠬᠠᠭᠤᠴᠢᠨ ᠲᠦᠷᠢᠮ ᠲᠤᠬᠳᠠᠭᠠᠯ ᠢ | ᠱᠠᠯᠠᠪᠳᠠᠨ ᠵᠠᠰᠠᠬᠤ ᠪᠠ ᠬᠥᠴᠤᠨ ᠦᠭᠡᠢ ᠪᠤᠯᠭᠠᠵᠤ᠂ ᠰᠢᠨ᠎ᠠ ᠶᠢ ᠡᠬᠦᠳᠬᠦ ᠠᠮᠢᠳᠤᠯᠢᠭ ᠬᠥᠴᠤᠨ ᠢ ᠬᠥᠭᠵᠢᠭᠡᠬᠦ ᠳᠤ | ᠬᠠᠷᠰᠢ ᠪᠤᠯᠵᠤ ᠪᠠᠶᠢᠭ᠎ᠠ ᠶᠠᠷᠰᠢᠭ ᠲᠦᠪᠡᠭ ᠲᠠᠢ ᠵᠦᠢᠯᠡᠰ ᠢ ᠵᠤᠷᠢᠭ ᠰᠢᠭᠤᠳᠤᠨ ᠬᠠᠰᠤᠵᠤ ᠬᠠᠶᠠᠬᠤ ᠬᠡᠷᠡᠭᠳᠠᠢ᠃ | ᠦᠢ ᠤᠯᠠᠨ ᠢᠶᠠᠷ ᠢᠶᠠᠨ ᠠᠲᠠᠯ ᠦᠢᠯᠡᠰ ᠴᠤᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ | ᠡᠬᠦᠳᠬᠦ ᠶᠢ ᠰᠢᠨ᠎ᠠ ᠲᠦᠪᠰᠢᠨ ᠳᠤ ᠬᠥᠷᠭᠡᠬᠦ ᠶᠢ ᠠᠬᠢᠭᠤᠯᠤᠨ᠎ᠠ᠃ ᠮᠠᠨ ᠤ ᠤᠯᠤᠰ ᠳᠡᠯᠡᠬᠡᠢ ᠳᠡᠬᠡᠷ᠎ᠡ ᠬᠡᠪᠴᠢᠶ᠎ᠡ ᠪᠠᠷ | ᠬᠠᠮᠤᠭ ᠤᠨ ᠶᠡᠭᠡ ᠬᠦᠮᠦᠨ ᠤ ᠬᠦᠴᠦᠨ ᠪᠠ ᠴᠢᠳᠡᠪᠤᠷᠢᠳᠠᠨ ᠤ ᠡᠬᠢ ᠪᠠᠶᠠᠯᠢᠭ ᠲᠠᠢ᠂ ᠡᠨᠡ ᠪᠤᠯ ᠰᠢᠨ᠎ᠠ ᠶᠢ ᠡᠬᠦᠳᠬᠦ | ᠬᠥᠭᠵᠢᠯᠳᠡ ᠶᠢᠨ ᠬᠠᠮᠤᠭ ᠤᠨ ᠲᠤᠮᠤ ︽ᠪᠠᠶᠠᠨ ᠰᠠᠩ︾ ᠮᠦᠨ᠃ ᠰᠢᠨ᠎ᠠ ᠶᠢ ᠡᠬᠦᠳᠬᠦ ᠪᠠ ᠠᠳᠠᠯ ᠦᠢᠯᠡᠰ | ᠴᠤᠭᠴᠠᠯᠠᠬᠤ ᠪᠦᠬᠦ ᠲᠠᠯ᠎ᠠ ᠶᠢᠨ ᠦᠢᠯᠡᠴᠢᠯᠡᠭᠡ ᠬᠠᠨᠭ᠍ᠭᠠᠵᠤ᠂ ︽ᠴᠤᠭᠴᠠᠯᠠᠬᠤ ᠡᠬᠦᠳᠬᠦ︾ ᠵᠢᠱᠢᠶ᠎ᠠ ᠦᠵᠡᠬᠦᠯᠬᠦ | ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠡ ᠶᠢ ᠠᠬᠢᠭᠤᠯᠤᠨ᠂ ᠲᠤᠮᠤ ᠠᠵᠤ ᠠᠬᠤᠢᠢᠯᠠᠯ᠂ ᠶᠡᠭᠡ ᠲᠡᠭᠡᠳᠤ | ᠰᠤᠷᠭᠠᠭᠤᠯᠢ ᠪᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠥᠷᠢᠶᠡᠯᠡᠩ ᠭᠠᠵᠠᠷ ᠵᠡᠷᠭᠡ ᠶᠢᠨ ᠰᠢᠨ᠎ᠠ ᠶᠢ ᠡᠬᠦᠳᠬᠦ | ᠡᠬᠢ ᠪᠠᠶᠠᠯᠢᠭ ᠢᠶᠠᠨ ᠴᠢᠯᠤᠭᠡᠳᠡᠢ ᠬᠡᠷᠡᠭᠯᠡᠬᠦᠯᠬᠦ ᠶᠢ ᠵᠤᠷᠢᠬᠵᠢᠭᠤᠯᠵᠤ᠂ ᠲᠡᠪᠴᠡᠩ ᠤᠨ ᠠᠵᠤ ᠠᠬᠤᠢ᠂ ᠬᠠᠮᠳᠤ ᠪᠠᠷ | ᠡᠳ᠋ᠯᠡᠬᠦ ᠠᠵᠤ ᠠᠬᠤᠢ ᠶᠢ ᠬᠥᠭᠵᠢᠬᠦᠯᠤᠨ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠤᠭᠰᠠᠨ᠂ ᠠᠵᠤ ᠠᠬᠤᠢᠢᠯᠠᠯ᠂ ᠳᠡᠭᠡᠳᠤ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠬᠡᠷᠡᠭᠯᠡᠭᠴᠢ | ᠡᠷᠦᠬᠡ ᠶᠢ ᠬᠠᠮᠵᠢᠯᠴᠠᠭᠤᠯᠤᠭᠰᠠᠨ᠂ ᠲᠤᠮᠤ ᠲᠤᠮᠳᠠ ᠵᠢᠵᠢᠭ ᠠᠵᠤ ᠠᠬᠤᠢᠢᠯᠠᠯ ᠢ ᠠᠭᠤᠰᠤᠯᠳᠤᠭᠤᠯᠤᠭᠰᠠᠨ ᠰᠢᠨ᠎ᠠ | ᠶᠢ ᠡᠬᠦᠳᠬᠦ ᠪᠠ ᠠᠳᠠᠯ ᠦᠢᠯᠡᠰ ᠴᠤᠭᠴᠠᠯᠠᠬᠤ ᠪᠠᠶᠢᠷᠢᠰᠢᠯ ᠢ ᠪᠤᠢ ᠪᠤᠯᠭᠠᠵᠤ᠂ ᠲᠡᠰ ᠲᠡᠪᠰᠢᠭᠰᠡᠨ ︽ᠴᠤᠭᠴᠠᠯᠠᠬᠤ | ᠡᠬᠦᠳᠬᠦ︾ ᠶᠢ ᠪᠤᠢ ᠪᠤᠯᠭᠠᠬᠤ ᠬᠡᠷᠡᠭᠳᠠᠢ᠃ ᠤᠯᠤᠰ ᠤᠨ ᠪᠡᠯᠡ ᠲᠤᠬᠢᠷᠠᠭᠤᠯᠬᠤ ᠲᠠᠭᠠᠭᠠᠯᠳᠠ ᠶᠢᠨ ᠰᠠᠭᠤᠷᠢ ᠮᠦᠡᠭᠬᠦ | ᠶᠢ ᠪᠠᠶᠢᠭᠤᠯᠤᠨ᠂ ᠰᠢᠨ᠎ᠠ ᠶᠢ ᠡᠬᠦᠳᠬᠦ ᠬᠡᠯᠪᠡᠷᠢ ᠶᠢᠨ ᠰᠢᠯᠢᠳᠡᠭ ᠠᠵᠤ ᠠᠬᠤᠢᠢᠯᠠᠯ ᠤᠨ ᠰᠲ᠋ᠤᠺ ᠢᠶᠠᠨ ᠵᠠᠬ᠎ᠠ | ᠳᠡᠯᠭᠡᠭᠦᠷ ᠲᠤ ᠭᠠᠷᠭᠠᠨ ᠪᠡᠯᠡ ᠲᠤᠬᠢᠷᠠᠭᠤᠯᠬᠤ ᠶᠢ ᠲᠡᠮᠵᠢᠵᠤ᠂ ᠠᠳᠠᠯ ᠦᠢᠯᠡᠰ ᠴᠤᠭᠴᠠᠯᠠᠬᠤ ᠪᠠᠯᠠ ᠤᠷᠤᠭᠤᠯᠤᠯᠲᠠ᠂ | ᠠᠨᠴᠧᠯ ᠤᠨ ᠪᠡᠯᠡ ᠤᠷᠤᠭᠤᠯᠤᠯᠲᠠ ᠳᠤ ᠭᠠᠶᠢᠯᠢ ᠲᠠᠳᠠᠪᠤᠷᠢ ᠶᠢᠨ ᠬᠠᠷᠠᠭᠠᠯᠵᠠᠯ ᠦᠵᠡᠬᠦᠯᠬᠦ ᠲᠦᠷᠤ ᠶᠢᠨ | ᠪᠤᠳᠤᠯᠭ᠎ᠠ ᠶᠢᠨ ᠲᠤᠷᠰᠢᠯᠳᠠ ᠶᠢ ᠪᠦᠬᠦ ᠤᠯᠤᠰ ᠤᠨ ᠬᠡᠪᠴᠢᠶᠡᠨ ᠳᠤ ᠬᠥᠷᠳᠡᠯ᠎ᠠ ᠦᠷᠭᠡᠳᠭᠡᠨ᠎ᠠ᠃ ᠴᠢᠳᠠᠪᠤᠷᠢᠳᠠᠨ ᠤ | ᠬᠥᠭᠵᠢᠯᠳᠡ ᠶᠢᠨ ᠪᠠᠶᠢᠭᠤᠯᠤᠯ ᠤᠨ ᠦᠭᠡᠷᠡᠴᠢᠯᠠᠯᠳᠠ ᠶᠢ ᠬᠥᠨᠵᠡᠭᠡᠶᠢᠷᠡᠬᠦᠯᠤᠨ᠂ ᠬᠦᠮᠦᠨ ᠤ ᠬᠦᠴᠦᠨ ᠤ ᠡᠬᠢ | ᠪᠠᠶᠠᠯᠢᠭ ᠤᠨ ᠴᠢᠯᠤᠭᠡᠳᠡᠢ ᠪᠦᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠵᠤ᠂ ᠠᠵᠤ ᠠᠬᠤᠢᠢᠯᠠᠯ ᠤᠨ ᠮᠡᠷᠭᠡᠵᠢᠯ | ᠤᠨ ᠠᠵᠢᠯᠴᠢᠨ ᠤ ᠪᠠᠨ ᠴᠠᠯᠢᠩ ᠬᠥᠯᠤᠰᠤ ᠶᠢ ᠲᠡᠭᠡᠭᠰᠢᠯᠡᠬᠦᠯᠬᠦ ᠶᠢ ᠲᠡᠮᠵᠢᠵᠤ᠂ ᠦᠨᠳᠦᠷ ᠤᠷ᠎ᠠ ᠮᠡᠷᠭᠡᠵᠢᠯ ᠲᠠᠢ | ᠴᠢᠳᠠᠪᠤᠷᠢᠲᠠᠨ ᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠂ ᠭᠠᠳᠠᠭᠠᠳᠤ ᠳᠤ ᠰᠤᠷᠤᠯᠴᠠᠬᠰᠠᠳ ᠤᠨ | ᠤᠯᠤᠰ ᠲᠠᠭᠠᠨ ᠪᠤᠴᠠᠨ ᠢᠷᠡᠵᠤ ᠰᠢᠨ᠎ᠠ ᠶᠢ ᠡᠬᠦᠳᠬᠦ ᠪᠠ ᠠᠳᠠᠯ ᠦᠢᠯᠡᠰ ᠴᠤᠭᠴᠠᠯᠠᠬᠤ ᠶᠢ ᠵᠤᠷᠢᠬᠵᠢᠭᠤᠯᠵᠤ᠂ | ᠭᠠᠳᠠᠭᠠᠳᠤ ᠶᠢᠨ ᠴᠢᠳᠠᠪᠤᠷᠢᠳᠠᠨ ᠤ ᠲᠤᠮᠳᠠᠳᠤ ᠤᠯᠤᠰ ᠲᠤ ᠢᠷᠡᠬᠦ ᠰᠠᠭᠠᠳ ᠦᠭᠡᠢ ᠵᠠᠮ ᠢ ᠦᠷᠭᠡᠳᠭᠡᠨ᠎ᠡ᠃ | ᠲᠦᠮᠡᠨ ᠤ ᠤᠬᠠᠭᠠᠨ ᠢ ᠲᠦᠪᠯᠡᠷᠡᠬᠦᠯᠵᠦ ᠤᠯᠠᠨ ᠤ ᠴᠢᠳᠠᠯ ᠢ ᠬᠤᠷᠠᠮᠳᠤᠭᠤᠯᠪᠠᠯ᠂ ᠯᠠᠪᠳᠠᠶ᠎ᠠ ᠲᠤᠮᠳᠠᠳᠤ ᠤᠯᠤᠰ ᠤᠨ | ᠰᠢᠨ᠎ᠠ ᠶᠢ ᠡᠬᠦᠳᠬᠦ ︽ᠬᠤᠷᠳᠤᠳᠬᠠᠯ︾ ᠢ ᠪᠤᠢ ᠪᠤᠯᠭᠠᠵᠤ ᠴᠢᠳᠠᠬᠤ ᠶᠤᠮ᠃ | ︵ᠭᠤᠷᠪᠠ︶ ᠰᠠᠭᠤᠷᠢᠯᠠᠬᠤ ᠴᠢᠨᠠᠷᠳᠠᠢ ᠵᠠᠩᠬᠢᠯᠠᠭ᠎ᠠ ᠶᠢᠨ ᠬᠥᠷᠢᠶᠡᠨ ᠤ ᠦᠭᠡᠷᠡᠴᠢᠯᠠᠯᠳᠠ ᠶᠢ | ᠬᠥᠨᠵᠡᠭᠡᠶᠢᠷᠡᠬᠦᠯᠤᠨᠠ᠃ ᠦᠭᠡᠷᠡᠴᠢᠯᠠᠯᠳᠠ ᠨᠡᠭᠡᠭᠡᠯᠳᠡ ᠬᠢᠭᠰᠡᠨ 40 ᠵᠢᠯ ᠤᠨ ᠤᠢ ᠪᠠᠷ ᠴᠢᠬᠤᠯᠠ ᠲᠤᠬᠢᠶᠠᠯ | ᠪᠤᠯᠭᠠᠵᠤ᠂ ᠦᠭᠡᠷᠡᠴᠢᠯᠠᠯᠳᠠ ᠶᠢᠨ ᠰᠢᠨ᠎ᠠ ᠰᠢᠪᠳᠤᠯᠤᠯᠳᠠ ᠲᠠᠢ ᠪᠤᠯᠬᠤ ᠶᠢ ᠠᠬᠢᠭᠤᠯᠤᠨ᠂ ᠨᠡᠶᠢᠭᠡᠮ ᠤᠨ | ᠦᠢᠯᠡᠳᠪᠤᠷᠢᠯᠡᠯ ᠤᠨ ᠬᠥᠴᠤᠨ ᠢ ᠲᠠᠰᠤᠷᠠᠯᠲᠠ ᠦᠭᠡᠢ ᠴᠢᠯᠤᠭᠡᠯᠡᠨ ᠬᠥᠭᠵᠢᠬᠦᠯᠤᠨᠠ᠃ | ᠤᠯᠤᠰ ᠤᠨ ᠦᠮᠴᠢᠯᠡᠯ ᠤᠨ ᠬᠦᠷᠦᠩᠭᠡ ᠪᠠ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ | ᠦᠭᠡᠷᠡᠴᠢᠯᠡᠯᠳᠡ ᠶᠢ ᠠᠬᠢᠭᠤᠯᠤᠨ᠎ᠠ᠃ ᠪᠡᠯᠡ ᠭᠠᠷᠭᠠᠭᠴᠢ ᠶᠢᠨ ᠬᠢᠨᠠᠨ ᠬᠠᠮᠢᠶᠠᠷᠬᠤ ᠡᠷᠬᠡ ᠬᠠᠷᠢᠭᠤᠴᠠᠯᠭ᠎ᠠ ᠶᠢᠨ | ᠲᠤᠳᠤᠷᠬᠠᠢ ᠬᠠᠭᠤᠳᠠᠰᠤ ᠶᠢ ᠲᠤᠬᠳᠠᠭᠠᠨ᠎ᠠ᠃ ᠤᠯᠤᠰ ᠤᠨ ᠦᠮᠴᠢᠯᠠᠯ ᠤᠨ ᠬᠥᠷᠤᠩᠭᠡ ᠶᠢᠨ ᠪᠡᠯᠡ ᠤᠷᠤᠭᠤᠯᠤᠯᠳᠡ᠂ | ᠡᠵᠡᠩᠨᠡᠯᠲᠡ ᠶᠢᠨ ᠺᠤᠮᠫᠠᠨᠢ ᠵᠡᠷᠭᠡ ᠶᠢᠨ ᠦᠭᠡᠷᠡᠴᠢᠯᠡᠯᠲᠡ ᠶᠢᠨ ᠲᠤᠷᠰᠢᠯᠳᠠ ᠶᠢ ᠬᠥᠨᠵᠡᠭᠡᠶᠢᠷᠡᠬᠦᠯᠤᠨ᠂ ᠨᠡᠩ ᠤᠯᠠᠨ | ᠡᠵᠡᠨ ᠮᠡᠳᠡᠬᠦ ᠡᠷᠭᠡ ᠤᠯᠭᠤᠨ᠎ᠠ᠃ ᠤᠯᠤᠰ ᠤᠨ ᠦᠮᠴᠢᠯᠠᠯ ᠤᠨ ᠠᠵᠤ ᠠᠬᠤᠢᠢᠯᠠᠯ ᠢ ᠰᠢᠯᠢᠳᠡᠭᠵᠢᠭᠦᠯᠦᠨ ᠲᠠᠬᠢᠨ | ᠵᠤᠬᠢᠶᠠᠨ ᠪᠠᠶᠢᠭᠤᠯᠬᠤ ᠪᠠ ᠲᠦᠪ ᠤᠨ ᠠᠵᠤ ᠠᠬᠤᠢᠢᠯᠠᠯ ᠤᠨ ᠬᠤᠪᠢ ᠤᠷᠤᠭᠤᠯᠬᠤ ᠲᠦᠷᠢᠮᠳᠦ ᠦᠬᠡᠷᠡᠴᠢᠯᠡᠯᠳᠠ ᠶᠢ | ᠦᠷᠬᠦᠯᠵᠢᠯᠡᠨ ᠠᠬᠢᠭᠤᠯᠵᠤ᠂ ᠪᠦᠳᠦᠮᠵᠢᠳᠠᠢ ᠪᠠᠷ ᠬᠠᠷᠢᠯᠴᠠᠨ ᠬᠢᠵᠠᠭᠠᠷᠯᠠᠭᠰᠠᠨ ᠬᠠᠤᠯᠢ ᠶᠢᠨ ᠬᠦᠮᠦᠨ ᠤ ᠵᠠᠰᠠᠬᠤ | ᠪᠦᠳᠦᠴᠡ ᠪᠤᠯᠤᠨ ᠠᠮᠢᠳᠤᠯᠢᠭ ᠪᠦᠬᠡᠳ ᠪᠦᠳᠦᠮᠵᠢ ᠰᠠᠶᠢᠳᠠᠢ ᠵᠠᠬ᠎ᠠ ᠳᠡᠯᠬᠡᠬᠦᠷᠴᠢᠯᠡᠭᠰᠠᠨ ᠡᠵᠡᠩᠨᠡᠯᠳᠠ ᠶᠢᠨ | ᠳᠤᠭᠳᠠᠴᠠ ᠶᠢ ᠲᠦᠷᠬᠡᠯᠡᠨ ᠪᠤᠢ ᠪᠤᠯᠭᠠᠵᠤ᠂ ᠦᠷᠬᠦᠯᠵᠢᠯᠡᠨ ᠴᠤᠮᠬᠠᠳᠬᠠᠨ ᠬᠦᠴᠦᠷᠭᠡᠭᠵᠢᠭᠦᠯᠵᠦ᠂ ᠭᠤᠤᠯ ᠠᠵᠢᠯ | ᠤᠨ ᠬᠢᠨᠢ ᠭᠤᠤᠯᠯᠠᠬᠤ ᠦᠷᠢᠰᠤᠯᠳᠤᠬᠦ ᠴᠢᠳᠡᠪᠤᠷᠢ ᠶᠢ ᠲᠡᠭᠡᠭᠰᠢᠯᠡᠬᠦᠯᠤᠨ᠂ ᠤᠯᠤᠰ ᠤᠨ ᠦᠮᠴᠢᠯᠠᠯ ᠤᠨ | ᠬᠥᠷᠤᠩᠭᠡ ᠶᠢᠨ ᠬᠥᠴᠤᠷᠭᠡᠭᠵᠢᠨ ᠰᠢᠯᠢᠳᠡᠭᠵᠢᠵᠤ ᠪᠤᠵᠠᠭᠠᠢᠢᠷᠠᠬᠤ ᠶᠢ ᠠᠬᠢᠭᠤᠯᠤᠨ᠎ᠠ᠃ ᠬᠤᠯᠢᠮᠠᠭ ᠦᠮᠴᠢᠯᠡᠯ ᠤᠨ | ᠳᠦᠷᠢᠮᠲᠤ ᠦᠭᠡᠷᠡᠴᠢᠯᠡᠯᠲᠡ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠤᠨ᠎ᠠ᠃ ᠪᠦᠬᠦ ᠤᠯᠤᠰ ᠤᠨ ᠠᠷᠠᠳ | ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠤᠯᠤᠰ ᠤᠨ ᠦᠮᠴᠢᠯᠠᠯ ᠤᠨ ᠡᠳ᠋ | ᠬᠥᠷᠤᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠤᠯᠤᠰ ᠤᠨ | ᠦᠮᠴᠢᠯᠠᠯ ᠤᠨ ᠠᠵᠤ ᠠᠬᠤᠢᠢᠯᠠᠯ ᠦᠭᠡᠷᠡᠴᠢᠯᠠᠯᠳᠠ ᠬᠢᠵᠤ ᠰᠢᠨ᠎ᠠ ᠶᠢ ᠡᠬᠦᠳᠬᠦ ᠪᠠᠷ ᠲᠡᠮᠵᠢᠭᠤᠯᠤᠨ᠂ ᠴᠢᠨᠠᠷ ᠰᠠᠶᠢᠳᠠᠢ | ᠬᠥᠭᠵᠢᠯᠳᠡ ᠶᠢᠨ ᠡᠮᠦᠨ᠎ᠡ ᠡᠩᠨᠡᠬᠡᠨ ᠳᠤ ᠶᠠᠪᠤᠬᠤ ᠬᠡᠷᠡᠭᠳᠠᠢ᠃ | ᠠᠷᠠᠳ ᠤᠨ ᠡᠵᠡᠩᠨᠡᠭᠰᠡᠨ ᠠᠵᠤ ᠠᠬᠤᠢᠢᠯᠠᠯ ᠤᠨ ᠬᠥᠭᠵᠢᠯᠳᠡ ᠶᠢ ᠲᠡᠮᠵᠢᠨ᠎ᠠ᠃ ︽ᠬᠤᠶᠠᠷ ᠦᠴᠦᠬᠡᠨ ᠴᠦ | ᠭᠤᠶᠢᠪᠢᠰᠢ ᠦᠭᠡᠢ︾ ᠶᠢ ᠪᠠᠷᠢᠮᠳᠠᠯᠠᠵᠦ᠂ ᠠᠳᠠᠯᠢ ᠳᠡᠭᠰᠢ ᠡᠷᠬᠡ ᠲᠠᠢ᠂ ᠠᠳᠠᠯᠢ ᠳᠡᠭᠰᠢ ᠳᠤᠬᠢᠶᠠᠯ ᠲᠠᠢ᠂ ᠠᠳᠠᠯᠢ | ᠳᠡᠭᠰᠢ ᠳᠦᠷᠢᠮ ᠲᠠᠢ ᠪᠠᠶᠢᠬᠤ ᠶᠢ ᠪᠠᠷᠢᠮᠳᠠᠯᠠᠨ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ | ᠬᠦᠭᠵᠢᠯᠳᠡ ᠶᠢ ᠲᠡᠮᠵᠢᠬᠦ ᠲᠦᠷᠤ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠭᠰᠡᠨ ᠠᠵᠤ ᠠᠬᠤᠢᠢᠯᠠᠯ ᠤᠨ ᠲᠤᠰᠬᠠᠬᠰᠠᠨ ᠲᠤᠪᠤᠶᠢᠮ᠎ᠠ ᠠᠰᠠᠭᠤᠳᠠᠯ ᠢ ᠬᠢᠨᠠᠮᠠᠭᠠᠢ | ᠰᠢᠢᠳᠪᠦᠷᠢᠯᠡᠵᠦ᠂ ᠡᠯ᠎ᠠ ᠵᠦᠢᠯ ᠤᠨ ᠳᠠᠯᠲᠠ ᠬᠤᠷᠢᠭ᠎ᠠ ᠰᠠᠭᠠᠳ ᠢ ᠡᠷᠡᠰ ᠠᠷᠢᠯᠭᠠᠨ᠎ᠠ᠃ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠤᠭᠤᠷᠤᠨᠳᠤᠬᠢ ᠲᠤᠳᠤᠨᠤ ᠴᠢᠭᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠤᠨ᠂ | ᠠᠵᠤ ᠠᠬᠤᠢᠢᠯᠠᠯᠳᠠᠨ ᠢ ᠠᠵᠤ ᠠᠬᠤᠢᠢᠯᠠᠯ ᠳᠤ ᠬᠤᠯᠪᠤᠬᠳᠠᠭᠰᠠᠨ ᠲᠦᠷᠤ ᠶᠢᠨ ᠪᠤᠳᠤᠯᠭ᠎ᠠ ᠲᠤᠬᠳᠠᠭᠠᠬᠤ ᠳᠤ | ᠤᠷᠤᠯᠴᠠᠭᠤᠯᠬᠤ ᠲᠤᠬᠳᠠᠴᠠ ᠶᠢ ᠪᠦᠷᠢᠨᠰᠢᠬᠦᠯᠤᠨ᠎ᠠ᠃ ᠠᠵᠤ ᠠᠬᠤᠢᠢᠯᠠᠯᠳᠠᠨ ᠤ ᠵᠤᠷᠢᠭ ᠰᠠᠨᠠᠭ᠎ᠠ ᠶᠢ ᠬᠥᠭᠵᠢᠭᠡᠨ | ᠬᠠᠮᠠᠭᠠᠯᠠᠵᠤ᠂ ᠠᠵᠤ ᠠᠬᠤᠢᠢᠯᠠᠯᠲᠠᠨ ᠤ ᠡᠩᠨᠡᠭᠡ ᠶᠢ ᠪᠤᠵᠠᠭᠠᠢᠢᠷᠠᠭᠤᠯᠤᠨ᠂ ᠠᠵᠤ ᠠᠬᠤᠢᠢᠯᠠᠯᠳᠠᠨ ᠤ ᠢᠳᠡᠭᠡᠯ ᠵᠤᠷᠢᠭ | ᠢ ᠨᠡᠮᠡᠭᠳᠡᠬᠦᠯᠵᠦ᠂ ᠠᠷᠠᠳ ᠤᠨ ᠡᠵᠡᠩᠨᠡᠭᠰᠡᠨ ᠠᠵᠤ ᠠᠬᠤᠢᠢᠯᠠᠯ ᠢ ᠵᠠᠬ᠎ᠠ ᠲᠡᠯᠭᠡᠬᠦᠷ ᠤᠨ ᠠᠵᠤ ᠠᠬᠤᠢ ᠶᠢᠨ | ᠦᠷᠨᠢᠯᠳᠡ ᠲᠤᠮᠳᠠ ᠦᠢᠯᠡᠳᠤᠯ ᠴᠢᠳᠠᠪᠤᠷᠢ ᠪᠠᠨ ᠬᠦᠢᠴᠡᠳ ᠪᠠᠳᠠᠷᠠᠭᠤᠯᠬᠤ ᠪᠤᠯᠭᠠᠨ᠎ᠠ᠃ | ᠦᠮᠴᠢᠯᠠᠯ ᠤᠨ ᠡᠷᠭᠡ ᠶᠢᠨ ᠲᠦᠷᠢᠮ ᠪᠤᠯᠤᠨ ᠡᠯᠧᠮᠧᠨ᠋ᠲ ᠢ ᠵᠠᠬ᠎ᠠ ᠲᠡᠯᠭᠡᠬᠦᠷᠴᠢᠯᠡᠨ ᠲᠤᠬᠢᠷᠠᠭᠤᠯᠬᠤ | ᠲᠤᠬᠳᠠᠴᠠ ᠶᠢ ᠲᠡᠬᠦᠯᠳᠡᠷᠵᠢᠬᠦᠯᠤᠨ᠎ᠠ᠃ ᠦᠮᠴᠢᠯᠠᠯ ᠤᠨ ᠡᠷᠭᠡ ᠶᠢᠨ ᠲᠦᠷᠢᠮ ᠪᠤᠯ ᠨᠡᠶᠢᠭᠡᠮ ᠵᠢᠷᠤᠮ ᠤᠨ ᠵᠠᠬ᠎ᠠ | ᠲᠡᠯᠭᠡᠬᠦᠷ ᠤᠨ ᠠᠵᠤ ᠠᠬᠤᠢ ᠶᠢᠨ ᠰᠠᠭᠤᠷᠢ ᠮᠦᠨ᠃ ᠦᠮᠴᠢᠯᠡᠯ ᠤᠨ ᠡᠷᠭᠡ ᠶᠢ ᠬᠠᠮᠠᠭᠠᠯᠠᠬᠤ᠂ ᠭᠡᠷ᠎ᠠ ᠶᠢ | ᠬᠠᠮᠠᠭᠠᠯᠠᠬᠤ᠂ ᠵᠠᠬ᠎ᠠ ᠲᠡᠯᠭᠡᠬᠦᠷ ᠢ ᠨᠢᠭᠡᠳᠭᠡᠬᠦ᠂ ᠡᠷᠭᠡ ᠲᠡᠭᠰᠢ ᠰᠤᠯᠢᠯᠴᠠᠬᠤ᠂ ᠭᠤᠤᠯᠴᠢ ᠪᠠᠷ ᠦᠷᠢᠰᠤᠯᠳᠤᠬᠦ ᠪᠠᠷ | ᠦᠨᠳᠤᠰᠤᠨ ᠤᠳᠤᠷᠢᠳᠤᠮᠵᠢ ᠪᠤᠯᠭᠠᠵᠤ ᠬᠤᠯᠪᠤᠬᠳᠠᠯ ᠪᠦᠬᠦᠢ ᠬᠠᠤᠯᠢ ᠴᠠᠭᠠᠵᠠ ᠬᠠᠤᠯᠢ ᠲᠤᠬᠳᠠᠭᠠᠯ ᠢ | ᠲᠡᠬᠦᠯᠳᠡᠷᠵᠢᠬᠦᠯᠬᠦ ᠬᠡᠷᠡᠭᠳᠠᠢ᠃ ᠡᠷᠭᠡ ᠳᠤ ᠬᠠᠯᠳᠠᠭᠰᠠᠨ ᠡᠯ᠎ᠠ ᠵᠦᠢᠯ ᠤᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ | ᠴᠢᠩᠭ᠎ᠠ ᠰᠢᠢᠳᠪᠤᠷᠢᠯᠡᠵᠤ᠂ ᠦᠮᠴᠢᠯᠠᠯ ᠤᠨ ᠡᠷᠭᠡ ᠶᠢᠨ ᠵᠢᠭᠤᠷᠠᠯᠳᠤᠭᠠᠨ ᠤ ᠭᠤᠮᠤᠳᠠᠯ ᠲᠣᠭᠠᠴᠢᠯᠲᠠ ᠶᠢᠨ ᠬᠡᠷᠡᠭ ᠢ | ᠬᠠᠤᠯᠢ ᠶᠤᠰᠤᠭᠠᠷ ᠢᠯᠭᠠᠨ ᠲᠤᠳᠤᠯᠠᠵᠤ ᠵᠠᠯᠠᠷᠠᠭᠤᠯᠬᠤ ᠬᠡᠷᠡᠭᠳᠠᠢ᠃ ᠮᠡᠳᠡᠯᠭᠡ ᠶᠢᠨ ᠪᠦᠳᠤᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠳᠠ ᠶᠢ ᠴᠢᠩᠭᠠᠳᠬᠠᠨ᠂ ᠡᠷᠭᠡ ᠳᠤ ᠬᠠᠯᠳᠠᠭᠰᠠᠳ ᠢᠶᠠᠷ ᠶᠠᠯᠠᠯᠠᠨ ᠰᠢᠢᠳᠭᠡᠬᠦ ᠴᠢᠨᠠᠷᠳᠠᠢ | ᠲᠦᠯᠤᠪᠤᠷᠢ ᠦᠭᠬᠦᠬᠦᠯᠬᠦ ᠲᠦᠷᠢᠮ ᠢ ᠬᠡᠷᠡᠭᠵᠢᠬᠦᠯᠦᠨ᠎ᠡ᠃ ᠮᠡᠷᠭᠡᠵᠢᠯ᠂ ᠭᠠᠵᠠᠷ ᠰᠢᠷᠤᠢ ᠵᠡᠷᠭᠡ ᠡᠯᠧᠮᠧᠨ᠋ᠲ ᠤᠨ ᠦᠨ᠎ᠠ | ᠬᠠᠨᠭ᠍ᠰᠢ ᠶᠢ ᠵᠠᠬ᠎ᠠ ᠲᠡᠯᠭᠡᠬᠦᠷᠴᠢᠯᠡᠬᠦ ᠦᠭᠡᠷᠡᠴᠢᠯᠡᠯᠳᠡ ᠶᠢ ᠲᠦᠷᠭᠡᠳᠭᠡᠨ᠂ ᠡᠬᠢ ᠪᠠᠶᠠᠯᠢᠭ ᠤᠨ ᠲᠦᠷᠤᠯ ᠤᠨ | ᠦᠢᠯᠡᠳᠬᠦᠨ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠦᠨ᠎ᠠ ᠬᠠᠨᠭ᠍ᠰᠢ ᠶᠢᠨ ᠦᠭᠡᠷᠡᠴᠢᠯᠠᠯᠳᠠ ᠶᠢ | ᠬᠥᠨᠵᠡᠭᠡᠶᠢᠷᠡᠬᠦᠯᠵᠤ᠂ ᠵᠠᠰᠠᠬ ᠵᠠᠬᠢᠷᠭᠠᠨ ᠤ ᠮᠣᠨᠣᠫᠣᠯᠢᠴᠢᠯᠠᠯ ᠢ ᠡᠪᠳᠡᠨ᠂ ᠵᠠᠬ᠎ᠠ ᠲᠡᠯᠭᠡᠬᠦᠷ ᠤᠨ ᠮᠣᠨᠣᠫᠣᠯᠢᠴᠢᠯᠠᠯ ᠢ | ᠰᠡᠷᠭᠡᠶᠢᠯᠡᠨ ᠬᠤᠷᠢᠭᠯᠠᠨ᠎ᠠ᠃ ᠦᠮᠴᠢᠯᠠᠯ ᠤᠨ ᠡᠷᠭᠡ ᠶᠢᠨ ᠬᠥᠴᠤᠳᠠᠢ ᠬᠠᠮᠠᠭᠠᠯᠠᠯᠳᠠ᠂ ᠡᠯᠧᠮᠧᠨ᠋ᠲ ᠤᠨ ᠤᠷᠤᠬᠰᠢᠳᠠᠢ | ᠡᠷᠬᠢᠯᠳᠡ ᠪᠠᠷ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠥᠴᠤᠨ ᠢ | ᠥᠷᠢᠰᠦᠯᠳᠦᠭᠦᠯᠦᠨ ᠬᠥᠭᠵᠢᠭᠡᠭᠦ ᠭᠡᠷᠡᠭᠲᠡᠢ᠃ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠠᠯᠳᠠ ᠶᠢ ᠬᠥᠨᠵᠡᠭᠡᠶᠢᠷᠡᠬᠦᠯᠤᠨᠠ᠃ ᠲᠦᠪ ᠪᠠ | ᠤᠷᠤᠨ ᠨᠤᠳᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠭᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠠᠩᠬᠢᠯᠠᠬᠤ ᠦᠭᠡᠷᠡᠴᠢᠯᠡᠯᠲᠡ ᠶᠢ ᠠᠬᠢᠭᠤᠯᠤᠨ᠂ ᠤᠷᠤᠯᠭ᠎ᠠ ᠶᠢ ᠠᠩᠬᠢᠯᠠᠬᠤ ᠦᠭᠡᠷᠡᠴᠢᠯᠠᠯᠳᠠ ᠶᠢᠨ ᠲᠦᠰᠦᠯ ᠢ | ᠱᠠᠯᠠᠪᠳᠠᠨ ᠲᠤᠭᠲᠠᠭᠠᠵᠤ᠂ ᠰᠢᠯᠵᠢᠬᠦᠯᠤᠨ ᠦᠭᠬᠦ ᠲᠦᠷᠢᠮ ᠢ ᠲᠡᠬᠦᠯᠳᠡᠷᠵᠢᠬᠦᠯᠤᠨ᠎ᠠ᠃ ᠤᠷᠤᠨ ᠨᠤᠳᠤᠭ ᠤᠨ | ᠭᠠᠶᠢᠯᠢ ᠶᠢᠨ ᠰᠢᠰᠲ᠋ᠧᠮᠵᠢ ᠶᠢ ᠪᠦᠷᠢᠨᠰᠢᠬᠦᠯᠤᠨ᠂ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ ᠶᠢᠨ ᠭᠠᠶᠢᠯᠢ ᠶᠢᠨ | ᠬᠠᠤᠯᠢ ᠲᠤᠬᠳᠠᠭᠠᠯᠳᠠ ᠶᠢ ᠯᠠᠪᠳᠠᠭᠤᠨ ᠢᠶᠠᠷ ᠠᠬᠢᠭᠤᠯᠤᠨ᠎ᠠ᠃ ᠬᠤᠪᠢ ᠬᠥᠮᠤᠨ ᠤ ᠠᠰᠢᠭ ᠤᠷᠤᠯᠭ᠎ᠠ ᠶᠢᠨ | ᠭᠠᠶᠢᠯᠢ ᠶᠢ ᠦᠭᠡᠷᠡᠴᠢᠯᠠᠨ᠎ᠠ᠃ ᠠᠮᠵᠢᠯᠳᠠ ᠪᠦᠳᠤᠮᠵᠢ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠬᠦᠯᠤᠨ᠂ | ᠡᠳ᠋ ᠤᠨ ᠵᠠᠰᠠᠭ ᠤᠨ ᠪᠡᠯᠡ ᠮᠦᠡᠭᠬᠦ ᠶᠢ ᠬᠡᠷᠡᠭᠯᠡᠬᠦ ᠭᠠᠵᠠᠷ ᠲᠤᠨᠢ ᠬᠡᠷᠡᠭᠯᠡᠬᠦ ᠪᠦᠬᠡᠳ ᠠᠶᠤᠯ ᠦᠭᠡᠢ ᠪᠠᠷ ᠬᠡᠷᠡᠭᠯᠡᠨ᠎ᠡ᠃ | ᠮᠦᠡᠭᠬᠦᠨ ᠬᠥᠢᠯᠭᠡᠭᠡᠨ ᠤ ᠪᠠᠶᠢᠭᠤᠯᠤᠯ ᠤᠨ ᠦᠭᠡᠷᠡᠴᠢᠯᠠᠯᠳᠠ ᠶᠢ ᠲᠦᠷᠭᠡᠳᠭᠡᠨ᠎ᠠ᠃ ᠮᠦᠡᠭᠬᠦᠨ ᠬᠥᠢᠯᠭᠡᠭᠡᠨ ᠤ | ᠦᠢᠯᠡᠴᠢᠯᠡᠬᠡᠨ ᠤ ᠰᠢᠰᠲ᠋ᠧᠮᠵᠢ ᠶᠢ ᠦᠬᠡᠷᠡᠴᠢᠯᠡᠨ ᠲᠡᠬᠦᠯᠳᠡᠷᠵᠢᠬᠦᠯᠵᠦ᠂ ᠮᠦᠡᠭᠬᠦᠨ ᠬᠥᠢᠯᠭᠡᠭᠡᠨ ᠤ | ᠪᠠᠶᠢᠭᠤᠯᠤᠮᠵᠢ ᠶᠢᠨ ᠲᠦᠭᠡᠮᠡᠯ ᠬᠠᠷᠠᠭᠠᠯᠵᠠᠯᠳᠤ ᠮᠦᠡᠭᠬᠦᠨ ᠬᠥᠢᠯᠭᠡᠭᠡᠨ ᠤ ᠲᠤᠬᠠᠢᠢᠯᠠᠭᠰᠠᠨ ᠠᠵᠢᠯ ᠢᠶᠠᠨ | ᠦᠷᠭᠡᠳᠭᠡᠬᠦ ᠶᠢ ᠲᠡᠮᠵᠢᠵᠤ᠂ ᠤᠷᠤᠨ ᠨᠤᠳᠤᠭ ᠤᠨ ᠴᠢᠨᠠᠷᠳᠠᠢ ᠲᠤᠮᠳᠠ ᠵᠢᠵᠢᠭ ᠮᠦᠡᠭᠬᠦᠨ ᠬᠥᠢᠯᠭᠡᠭᠡᠨ ᠤ | ᠪᠠᠶᠢᠭᠤᠯᠤᠮᠵᠢ ᠶᠢ ᠵᠢᠷᠤᠮᠵᠢᠭᠤᠯᠤᠨ ᠬᠥᠭᠵᠢᠬᠦᠯᠵᠤ᠂ ᠵᠢᠵᠢᠭ ᠪᠢᠴᠢᠯ ᠠᠵᠤ ᠠᠬᠤᠢᠢᠯᠠᠯ ᠤᠨ ᠪᠡᠯᠡ ᠲᠤᠬᠢᠷᠠᠭᠤᠯᠬᠤ | ᠳᠤ ᠬᠥᠴᠢᠷ ᠲᠠᠢ᠂ ᠪᠡᠯᠡ ᠲᠤᠬᠢᠷᠠᠭᠤᠯᠬᠤ ᠳᠤ ᠦᠨ᠎ᠠ ᠲᠠᠢ ᠪᠠᠶᠢᠬᠤ ᠠᠰᠠᠭᠤᠳᠠᠯ ᠢ ᠬᠥᠴᠤᠯᠡᠨ ᠰᠢᠢᠳᠪᠤᠷᠢᠯᠠᠨ᠎ᠠ᠃ | ᠤᠯᠠᠨ ᠲᠡᠰ ᠲᠠᠪᠬᠤᠷᠭ᠎ᠠ ᠶᠢᠨ ᠬᠥᠷᠤᠩᠭᠡ ᠶᠢᠨ ᠵᠠᠬ᠎ᠠ ᠲᠡᠯᠭᠡᠬᠦᠷ ᠤᠨ ᠦᠬᠡᠷᠡᠴᠢᠯᠡᠯᠳᠠ ᠶᠢ | ᠬᠦᠨᠵᠡᠬᠡᠶᠢᠷᠡᠬᠦᠯᠦᠨ᠂ ᠵᠢᠭᠡᠯᠡᠯᠭᠡ ᠶᠢᠨ ᠲᠡᠮᠳᠡᠭᠳᠤ᠂ ᠬᠤᠭᠤᠴᠠᠭᠠᠳᠤ ᠪᠠᠷᠠᠭ᠎ᠠ ᠶᠢᠨ ᠵᠠᠬ᠎ᠠ ᠲᠡᠯᠭᠡᠬᠦᠷ ᠤᠨ | ᠬᠥᠭᠵᠢᠯᠳᠡ ᠶᠢ ᠠᠬᠢᠭᠤᠯᠤᠨ᠎ᠠ᠃ ᠲᠠᠭᠠᠳᠬᠠᠯ ᠤᠨ ᠵᠠᠬ᠎ᠠ ᠲᠡᠯᠭᠡᠬᠦᠷ ᠤᠨ ᠲᠦᠭᠰᠢᠬᠦᠷᠢ ᠶᠢᠨ ᠪᠠᠳᠤᠯᠠᠭ᠎ᠠ ᠶᠢᠨ | ᠴᠢᠳᠠᠮᠵᠢ ᠶᠢ ᠦᠷᠭᠡᠳᠭᠡᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ | ᠥᠭᠡᠷᠡᠴᠢᠯᠡᠨ᠎ᠡ᠃ ᠬᠥᠤ ᠮᠦᠡᠭᠬᠦ ᠶᠢᠨ ᠨᠤᠷᠮ᠎ᠠ ᠭᠤᠪᠢᠭᠤᠯᠭ᠎ᠠ ᠶᠢᠨ ᠨᠤᠷᠮ᠎ᠠ ᠶᠢᠨ ᠵᠠᠬ᠎ᠠ ᠲᠡᠯᠬᠡᠬᠦᠷᠴᠢᠯᠡᠬᠦ | ᠦᠭᠡᠷᠡᠴᠢᠯᠡᠯᠳᠡ ᠶᠢ ᠬᠥᠨᠵᠡᠭᠡᠶᠢᠷᠡᠬᠦᠯᠤᠨ᠂ ᠠᠷᠠᠳ ᠤᠨ ᠵᠤᠭᠤᠰ ᠤᠨ ᠭᠤᠪᠢᠭᠤᠯᠭ᠎ᠠ ᠶᠢᠨ ᠨᠤᠷᠮ᠎ᠠ ᠶᠢ ᠵᠦᠢ | ᠵᠤᠬᠢᠰᠳᠠᠢ ᠪᠦᠭᠡᠳ ᠲᠡᠩᠴᠡᠬᠦᠷᠢᠳᠠᠢ ᠲᠦᠪᠰᠢᠨ ᠳᠤ ᠦᠨᠳᠦᠰᠦᠨ ᠳᠡᠭᠡᠨ ᠲᠤᠬᠳᠠᠪᠤᠷᠢᠳᠠᠢ ᠪᠠᠶᠢᠯᠭᠠᠨ᠎ᠠ᠃ | ᠨᠡᠶᠢᠭᠡᠮ ᠤᠨ ᠪᠠᠶᠢᠭᠤᠯᠤᠯ ᠤᠨ ᠦᠭᠡᠷᠡᠴᠢᠯᠠᠯᠳᠠ ᠶᠢ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ | ᠲᠠᠭᠠᠳᠬᠠᠯ ᠤᠨ ᠲᠦᠷᠢᠮ ᠤᠨ ᠦᠭᠡᠷᠡᠴᠢᠯᠠᠯᠳᠠ ᠶᠢ ᠬᠦᠨᠵᠡᠬᠡᠶᠢᠷᠡᠬᠦᠯᠦᠨ᠂ ᠠᠵᠤ ᠠᠬᠤᠢᠢᠯᠠᠯ ᠤᠨ ᠠᠵᠢᠯᠳᠠᠨ | ᠠᠵᠢᠯᠴᠢᠨ ᠤ ᠨᠠᠰᠤᠵᠢᠯ ᠤᠨ ᠦᠨᠳᠤᠰᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠡᠭᠬᠦ ᠶᠢ ᠲᠦᠪ ᠠᠴᠠ | ᠲᠤᠬᠢᠷᠠᠭᠤᠯᠬᠤ ᠲᠦᠷᠢᠮ ᠢ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠬᠰᠠᠨ ᠡᠮᠨᠡᠯᠭᠡ ᠶᠢᠨ ᠬᠤᠷᠢᠶ᠎ᠠ ᠶᠢᠨ | ᠶᠡᠷᠤᠩᠭᠡᠶᠢᠯᠡᠭᠰᠡᠨ ᠦᠭᠡᠷᠡᠴᠢᠯᠡᠯᠳᠠ ᠶᠢ ᠬᠥᠨᠵᠡᠭᠡᠶᠢᠷᠡᠬᠦᠯᠤᠨ᠂ ᠡᠮᠴᠢᠯᠡᠭᠡᠨ ᠤ ᠦᠨ᠎ᠡ ᠬᠠᠨᠭ᠍ᠰᠢ᠂ ᠠᠵᠢᠯᠲᠠᠨ ᠤ | ᠶᠠᠪᠤᠳᠠᠯ ᠪᠠ ᠴᠠᠯᠢᠩ ᠬᠦᠯᠦᠰᠦ᠂ ᠡᠮ ᠤᠨ ᠵᠦᠢᠯ ᠤᠨ ᠬᠦᠢᠯᠭᠡᠭᠡ᠂ ᠡᠮᠨᠡᠯᠭᠡ ᠶᠢᠨ ᠲᠠᠭᠠᠳᠬᠠᠯ ᠤᠨ ᠲᠦᠯᠦᠯᠳᠡ | ᠶᠢᠨ ᠦᠭᠡᠷᠡᠴᠢᠯᠠᠯᠳᠠ ᠶᠢ ᠵᠤᠬᠢᠴᠠᠩᠭᠤᠢ ᠪᠠᠷ ᠠᠬᠢᠭᠤᠯᠵᠤ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ | ᠶᠠᠰᠤ ᠴᠢᠨᠠᠷ ᠢ ᠲᠡᠭᠡᠭᠰᠢᠯᠡᠬᠦᠯᠤᠨ᠂ ᠤᠯᠠᠨ ᠲᠦᠮᠡᠨ ᠤ ᠡᠪᠡᠳᠴᠢᠨ ᠦᠵᠡᠬᠦᠯᠬᠦ ᠳᠤ ᠬᠦᠴᠢᠷ ᠲᠠᠢ ᠪᠠᠶᠢᠬᠤ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠰᠤᠷᠭᠠᠨ ᠬᠥᠮᠤᠵᠢᠯ᠂ ᠰᠤᠶᠤᠯ᠂ ᠪᠡᠶ᠎ᠠ ᠶᠢᠨ ᠲᠡᠮᠢᠷ ᠵᠡᠷᠭᠡ ᠶᠢᠨ | ᠦᠭᠡᠷᠡᠴᠢᠯᠠᠯᠳᠠ ᠶᠢ ᠬᠥᠨᠵᠡᠭᠡᠶᠢᠷᠡᠭᠦᠯᠦᠨ ᠠᠬᠢᠭᠤᠯᠵᠤ᠂ ᠨᠡᠶᠢᠭᠡᠮ ᠤᠨ ᠬᠥᠷᠢᠶᠡᠨ ᠤ ᠬᠥᠭᠵᠢᠯᠳᠡ ᠶᠢᠨ ᠯᠤᠳᠤ ᠶᠡᠭᠡ | ᠲᠠᠯᠳᠠ ᠬᠥᠴᠤᠨ ᠢ ᠬᠥᠢᠴᠡᠳ ᠪᠠᠳᠠᠷᠠᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠢ ᠪᠦᠷᠢᠨᠰᠢᠬᠦᠯᠤᠨ᠎ᠠ᠃ ᠠᠮᠢ ᠠᠬᠤᠢ ᠶᠢᠨ ᠤᠷᠴᠢᠨ ᠨᠦᠬᠦᠴᠡᠯ | ᠤᠨ ᠬᠠᠮᠢᠶᠡᠷᠤᠯᠳᠠ ᠶᠢᠨ ᠲᠦᠷᠢᠮ ᠢ ᠦᠭᠡᠷᠡᠴᠢᠯᠡᠨ ᠳᠡᠬᠦᠯᠳᠡᠷᠵᠢᠬᠦᠯᠵᠦ᠂ ᠪᠠᠶᠢᠭᠠᠯᠢ ᠶᠢᠨ ᠠᠮᠢ ᠠᠬᠤᠢ ᠶᠢᠨ ᠤᠷᠤᠨ | ᠵᠠᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠶᠢ ᠴᠢᠩᠭᠠᠳᠬᠠᠨ᠂ ᠠᠮᠢ ᠠᠬᠤᠢ ᠶᠢᠨ ᠤᠷᠴᠢᠨ ᠨᠦᠬᠦᠴᠡᠯ ᠤᠨ | ᠬᠤᠬᠢᠷᠠᠯ ᠢ ᠲᠦᠯᠦᠬᠦᠯᠬᠦ ᠲᠦᠷᠢᠮ ᠢ ᠬᠡᠷᠡᠭᠵᠢᠬᠦᠯᠵᠤ᠂ ᠠᠮᠢ ᠠᠬᠤᠢ ᠶᠢᠨ ᠨᠦᠬᠦᠪᠤᠷᠢ ᠦᠭᠬᠦ ᠲᠤᠭᠲᠠᠴᠠ ᠶᠢ | ᠲᠡᠬᠦᠯᠳᠡᠷᠵᠢᠬᠦᠯᠦᠨ᠂ ᠨᠡᠩ ᠪᠦᠳᠤᠮᠵᠢᠳᠠᠢ ᠲᠦᠷᠢᠮ ᠢᠶᠠᠷ ᠠᠮᠢ ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠨ᠎ᠠ᠃ | ︵ᠲᠦᠷᠪᠡ︶ ᠭᠤᠷᠪᠠᠨ ᠶᠡᠭᠡ ᠰᠢᠪᠲᠤᠯᠤᠯᠲᠠ ᠶᠢ ᠰᠢᠢᠳᠪᠦᠷᠢᠯᠡᠬᠦ ᠠᠵᠢᠯ ᠢ ᠡᠷᠡᠰ ᠰᠠᠶᠢᠳᠤᠷ ᠬᠢᠨ᠎ᠠ᠃ | ᠰᠢᠪᠲᠤᠯᠤᠯᠲᠠ ᠶᠢ ᠰᠢᠢᠳᠪᠤᠷᠢᠯᠡᠬᠦ ᠣᠨ ᠤ ᠡᠬᠦᠷᠭᠡ ᠶᠢ ᠪᠡᠶᠡᠯᠡᠬᠦᠯᠬᠦ ᠲᠠᠢ ᠤᠶᠠᠯᠳᠤᠭᠤᠯᠤᠨ᠂ ᠡᠯ᠎ᠠ ᠲᠠᠯ᠎ᠠ ᠶᠢᠨ | ᠬᠠᠷᠢᠭᠤᠴᠠᠯᠭ᠎ᠠ ᠶᠢ ᠲᠤᠳᠤᠷᠬᠠᠢ ᠪᠤᠯᠭᠠᠵᠤ᠂ ᠲᠦᠷᠤ ᠶᠢᠨ ᠪᠤᠳᠤᠯᠭ᠎ᠠ ᠶᠢᠨ ᠪᠠᠳᠤᠯᠠᠭ᠎ᠠ ᠶᠢ ᠴᠢᠩᠭᠠᠷᠠᠭᠤᠯᠤᠨ᠂ ᠡᠯ᠎ᠠ | ᠵᠦᠢᠯ ᠤᠨ ᠠᠵᠢᠯ ᠢ ᠪᠤᠳᠠᠳᠠᠢ ᠪᠦᠭᠡᠳ ᠰᠠᠶᠢᠳᠤᠷ ᠬᠢᠨ᠎ᠠ᠃ | ᠬᠥᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠢᠯᠡᠳᠳᠡ ᠠᠬᠢᠯᠳᠠ ᠲᠠᠢ | ᠪᠤᠯᠬᠤ ᠶᠢ ᠠᠬᠢᠭᠤᠯᠤᠨ᠎ᠠ᠃ ᠤᠳᠤᠬᠠᠨ ᠳᠤ ᠮᠠᠨ ᠤ ᠤᠯᠤᠰ ᠤᠨ ᠠᠵᠤ ᠠᠬᠤᠢ ᠪᠤᠯᠤᠨ ᠮᠦᠩᠬᠦᠨ ᠭᠦᠢᠯᠭᠡᠭᠡᠨ ᠤ | ᠠᠶᠤᠯ ᠳᠦᠭᠰᠢᠬᠦᠷᠢ ᠶᠢ ᠶᠡᠷᠦᠩᠭᠡᠢ ᠳᠡᠭᠡᠨ ᠡᠵᠡᠮᠳᠡᠵᠤ ᠪᠤᠯᠤᠨ᠎ᠠ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠵᠤ᠂ ᠠᠶᠤᠯ ᠲᠦᠭᠰᠢᠬᠦᠷᠢ ᠶᠢᠨ ᠲᠠᠯᠳᠠ ᠭᠡᠮ ᠢ ᠪᠦᠳᠤᠮᠵᠢᠳᠠᠢ ᠠᠷᠢᠯᠭᠠᠬᠤ ᠬᠡᠷᠡᠭᠳᠠᠢ᠃ ᠬᠠᠤᠯᠢ | ᠪᠤᠰᠤ ᠪᠠᠷ ᠪᠡᠯᠡ ᠴᠤᠭᠯᠠᠭᠤᠯᠬᠤ᠂ ᠮᠦᠡᠭᠬᠦᠨ ᠬᠥᠢᠯᠭᠡᠭᠡᠨ ᠤ ᠮᠡᠭᠡᠯᠡᠯ ᠶᠠᠪᠤᠭᠤᠯᠬᠤ ᠵᠡᠷᠭᠡ ᠬᠠᠤᠯᠢ ᠶᠢ ᠵᠦᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠵᠠᠬ᠎ᠠ ᠳᠡᠯᠬᠡᠬᠦᠷᠴᠢᠯᠡᠭᠦ ᠠᠷᠭ᠎ᠠ ᠪᠠᠷᠢᠯ ᠪᠤᠯᠤᠨ | ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠠᠪᠴᠠᠭᠠᠨ ᠤ ᠡᠷᠭᠡ ᠶᠢ ᠰᠲ᠋ᠤᠺ ᠤᠨ ᠡᠷᠭᠡ ᠪᠤᠯᠭᠠᠨ ᠬᠤᠪᠢᠷᠠᠭᠤᠯᠬᠤ ᠪᠠ | ᠠᠵᠣ ᠠᠬᠤᠢᠢᠯᠠᠯ ᠢ ᠨᠡᠶᠢᠯᠡᠬᠦᠯᠥᠨ ᠲᠠᠬᠢᠨ ᠵᠤᠬᠢᠶᠠᠨ ᠪᠠᠶᠢᠭᠤᠯᠬᠤ ᠶᠢ ᠲᠦᠷᠭᠡᠳᠭᠡᠨ᠎ᠠ᠃ ᠮᠦᠡᠭᠬᠦᠨ ᠬᠥᠢᠯᠭᠡᠭᠡᠨ ᠤ | ᠪᠠᠶᠢᠭᠤᠯᠤᠮᠵᠢ ᠶᠢᠨ ᠠᠶᠤᠯ ᠲᠦᠭᠰᠢᠬᠦᠷᠢ ᠶᠢ ᠲᠤᠳᠤᠭᠠᠳᠤ ᠳᠠᠭᠠᠨ ᠡᠵᠡᠮᠳᠡᠬᠦ ᠶᠢ ᠴᠢᠩᠭᠠᠳᠬᠠᠨ᠎ᠠ᠃ ᠮᠦᠡᠭᠬᠦᠨ | ᠬᠥᠢᠯᠭᠡᠭᠡᠨ ᠤ ᠬᠢᠨᠠᠯᠳᠠ ᠬᠠᠮᠢᠶᠠᠷᠤᠯᠳᠠ ᠶᠢ ᠨᠢᠭᠡᠳᠤᠯᠳᠠᠢ ᠲᠦᠯᠤᠪᠯᠡᠨ ᠵᠤᠬᠢᠴᠠᠭᠤᠯᠬᠤ ᠪᠠᠨ ᠴᠢᠩᠭᠠᠳᠬᠠᠵᠤ᠂ ᠲᠠᠯᠳᠠ | ᠪᠠᠩᠬᠢ᠂ ᠢᠨᠲ᠋ᠧᠷ ᠰᠦᠯᠵᠢᠶᠡᠨ ᠤ ᠮᠦᠡᠭᠬᠦᠨ ᠬᠥᠢᠯᠭᠡᠭᠡ᠂ ᠮᠦᠡᠭᠬᠦᠨ ᠬᠥᠢᠯᠭᠡᠭᠡᠨ ᠤ ᠬᠤᠪᠢ ᠡᠵᠡᠮᠳᠡᠭᠰᠡᠨ ᠺᠣᠮᠫᠠᠨᠢ | ᠵᠡᠷᠭᠡ ᠳᠤ ᠶᠠᠪᠤᠭᠤᠯᠬᠤ ᠬᠢᠨᠠᠯᠳᠠ ᠬᠠᠮᠢᠶᠠᠷᠤᠯᠳᠠ ᠶᠢ ᠪᠦᠷᠢᠨᠰᠢᠬᠦᠯᠦᠨ᠂ ᠮᠦᠡᠭᠬᠦᠨ ᠬᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ | ᠶᠢ ᠳᠡᠭᠡᠭᠰᠢᠯᠡᠭᠦᠯᠦᠨ᠎ᠡ᠃ ᠤᠷᠤᠨ ᠨᠤᠳᠤᠭ ᠤᠨ ᠵᠠᠰᠠᠭ ᠤᠨ ᠤᠷᠳᠤᠨ ᠤ ᠦᠭᠴᠡᠭᠡ ᠶᠢᠨ ᠠᠶᠤᠯ ᠲᠦᠭᠰᠢᠬᠦᠷᠢ ᠶᠢ | ᠰᠡᠷᠭᠡᠶᠢᠯᠡᠨ ᠠᠷᠢᠯᠭᠠᠨ᠎ᠠ᠃ ᠬᠠᠤᠯᠢ ᠲᠤᠬᠳᠠᠭᠠᠯ ᠢ ᠵᠦᠷᠢᠴᠡᠨ ᠦᠷᠢ ᠲᠠᠯᠪᠢᠬᠤ᠂ ᠲᠠᠭᠠᠭᠠᠯᠳᠠ ᠬᠢᠬᠦ ᠵᠡᠷᠭᠡ ᠡᠯ᠎ᠠ | ᠲᠦᠷᠤᠯ ᠤᠨ ᠦᠢᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠮᠤᠵᠢ ᠶᠢᠨ ᠱᠠᠳᠤᠨ ᠤ ᠵᠠᠰᠠᠭ ᠤᠨ ᠤᠷᠳᠤᠨ ᠲᠤᠰ | ᠬᠠᠷᠢᠶ᠎ᠠ ᠤᠷᠤᠨ ᠤ ᠪᠠᠨ ᠦᠭᠴᠡᠭᠡ ᠳᠤ ᠶᠡᠷᠤᠩᠭᠡᠢ ᠬᠠᠷᠢᠭᠤᠴᠠᠯᠭ᠎ᠠ ᠡᠬᠦᠷᠭᠡᠯᠡᠵᠦ᠂ ᠮᠤᠵᠢ ᠶᠢᠨ ᠱᠠᠳᠤᠨ ᠠᠴᠠ | ᠲᠤᠷᠤᠭᠰᠢᠬᠢ ᠡᠯ᠎ᠡ ᠱᠠᠲᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠲᠤᠰ ᠲᠤᠰ ᠤᠨ ᠬᠠᠷᠢᠭᠤᠴᠠᠯᠭ᠎ᠠ ᠪᠠᠨ | ᠡᠬᠦᠷᠭᠡᠯᠡᠵᠤ᠂ ᠦᠯᠡᠳᠡᠵᠦ ᠪᠠᠶᠢᠭ᠎ᠠ ᠦᠭᠴᠡᠭᠡ ᠶᠢ ᠢᠳᠡᠪᠬᠢᠳᠠᠢ ᠪᠦᠭᠡᠳ ᠲᠤᠬᠢᠲᠠᠢ ᠰᠢᠢᠳᠪᠤᠷᠢᠯᠡᠨ᠎ᠡ᠃ ᠤᠷᠤᠨ | ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠠᠪᠴᠤ ᠪᠡᠯᠡ ᠲᠤᠬᠢᠷᠠᠭᠤᠯᠬᠤ ᠵᠢᠷᠤᠮᠵᠢᠭᠤᠨ ᠲᠤᠬᠳᠠᠴᠠ ᠶᠢ | ᠪᠦᠷᠢᠨᠰᠢᠬᠦᠯᠤᠨ᠎ᠠ᠃ ᠡᠨᠡ ᠵᠢᠯ ᠤᠷᠤᠨ ᠨᠤᠳᠤᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠳᠦ ᠶᠢ 1.35 | ᠲᠦᠮᠡᠨ ᠳ᠋ᠦᠩᠰᠢᠭᠤᠷ ᠲᠦᠬᠦᠷᠢᠭ ᠲᠤᠬᠢᠷᠠᠭᠤᠯᠤᠨ᠂ ᠨᠢᠳᠤᠨᠤᠨ ᠤ ᠬᠢ ᠠᠴᠠ 5500 ᠳ᠋ᠦᠩᠰᠢᠭᠤᠷ ᠲᠦᠬᠦᠷᠢᠭ | ᠨᠡᠮᠡᠭᠳᠡᠬᠦᠯᠵᠤ᠂ ᠪᠠᠶᠢᠭᠤᠯᠵᠤ ᠪᠠᠶᠢᠭ᠎ᠠ ᠵᠦᠢᠯᠡᠰ ᠢ ᠲᠤᠬᠳᠠᠭᠤᠨ ᠢᠶᠠᠷ ᠪᠦᠲᠦᠭᠡᠨ ᠪᠠᠶᠢᠭᠤᠯᠬᠤ ᠶᠢ ᠤᠷᠢᠳ ᠢᠶᠠᠷ | ᠲᠡᠮᠵᠢᠵᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠳᠤ ᠶᠢᠨ ᠬᠡᠷᠡᠭᠯᠡᠬᠦ ᠬᠡᠪᠴᠢᠶ᠎ᠠ ᠶᠢ ᠵᠤᠬᠢᠰᠳᠠᠢ ᠪᠠᠷ | ᠦᠷᠭᠡᠳᠭᠡᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠳᠠᠯ ᠰᠠᠶᠢᠨ᠂ ᠲᠦᠷᠤ ᠶᠢᠨ | ᠪᠤᠳᠤᠯᠭ᠎ᠠ ᠶᠢᠨ ᠪᠠᠭᠠᠵᠢ ᠭᠡᠷᠡᠭᠰᠡᠯ ᠤᠯᠠᠨ ᠪᠠᠶᠢᠭ᠎ᠠ ᠤᠴᠢᠷ ᠠᠴᠠ ᠰᠢᠰᠲ᠋ᠧᠮ ᠤᠨ ᠴᠢᠨᠠᠷᠲᠠᠢ ᠠᠶᠤᠯ ᠲᠦᠭᠰᠢᠬᠦᠷᠢ | ᠦᠯᠦ ᠭᠠᠷᠭᠠᠬᠤ ᠬᠢᠵᠠᠭᠠᠷ ᠱᠣᠭᠤᠮ ᠢ ᠪᠦᠷᠢᠮᠤᠰᠤᠨ ᠰᠠᠬᠢᠵᠤ ᠲᠡᠶᠢᠯᠬᠦ ᠶᠤᠮ᠃ | ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠡᠨᠡ ᠵᠢᠯ | ᠬᠦᠳᠡᠭᠡ ᠲᠤᠰᠬᠤᠨ ᠤ ᠶᠠᠳᠠᠭᠤ ᠬᠦᠴᠢᠷᠲᠡᠯᠲᠠᠢ ᠬᠦᠮᠦᠨ ᠠᠮᠠ ᠶᠢ ᠲᠠᠬᠢᠭᠠᠳ 1000 ᠲᠦᠮᠡ ᠠᠴᠠ ᠲᠡᠭᠡᠭᠰᠢ | ᠪᠠᠭᠠᠰᠬᠠᠨ᠂ 280 ᠲᠦᠮᠡᠨ ᠬᠦᠮᠦᠨ ᠢ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠨ᠎ᠠ᠃ ᠠᠵᠤ ᠦᠢᠯᠡᠰ | ᠂ ᠰᠤᠷᠭᠠᠨ ᠬᠥᠮᠤᠵᠢᠯ᠂ ᠡᠷᠡᠬᠦᠯ ᠮᠠᠨᠳᠤ᠂ ᠠᠮᠢ ᠠᠬᠤᠢ ᠪᠠ ᠰᠤᠶᠤᠯ ᠵᠡᠷᠭᠡ ᠪᠠᠷ ᠶᠠᠳᠠᠭᠤ ᠶᠢ ᠲᠡᠳᠬᠦᠬᠦ ᠶᠢ | ᠬᠥᠨᠵᠡᠭᠡᠶᠢᠷᠡᠭᠦᠯᠦᠨ ᠠᠬᠢᠭᠤᠯᠵᠦ᠂ ᠰᠠᠭᠤᠷᠢ ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠤᠳᠠᠭᠤᠳᠠᠯ | ᠢ ᠨᠦᠬᠦᠪᠤᠷᠢᠯᠡᠨ᠂ ᠵᠡᠭᠦᠨ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠠᠳᠠᠭᠤ ᠶᠢ ᠳᠡᠳᠬᠦᠬᠦ ᠲᠠᠯ᠎ᠠ ᠪᠠᠷ | ᠬᠠᠮᠵᠢᠯᠴᠠᠬᠤ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠶᠢ ᠴᠢᠩᠭᠠᠳᠬᠠᠵᠤ᠂ ᠶᠠᠳᠠᠭᠤ ᠶᠢ | ᠲᠡᠳᠬᠦᠬᠦ ᠶᠢ ᠵᠣᠷᠢᠭ ᠢ ᠲᠡᠳᠬᠦᠬᠦ ᠪᠠ ᠣᠶᠣᠨ ᠤᠬᠠᠭᠠᠨ ᠢ ᠲᠡᠳᠬᠦᠬᠦ ᠲᠠᠢ ᠤᠶᠠᠯᠳᠤᠭᠤᠯᠬᠤ ᠶᠢ ᠴᠢᠬᠤᠯᠠᠴᠢᠯᠠᠨ᠂ | ᠶᠠᠳᠠᠭᠤ ᠠᠴᠠ ᠠᠩᠬᠢᠵᠢᠷᠠᠭᠤᠯᠬᠤ ᠲᠤᠳᠤᠭᠠᠳᠤ ᠬᠥᠳᠡᠯᠭᠡᠭᠴᠢ ᠬᠥᠴᠤᠨ ᠢ ᠬᠥᠭᠵᠢᠭᠡᠨ᠎ᠡ᠃ ᠤᠨᠴᠠᠭᠠᠢ ᠶᠠᠳᠠᠭᠤ | ᠬᠦᠴᠢᠷᠳᠠᠯᠲᠠᠢ ᠭᠠᠵᠡᠷ ᠤᠷᠤᠨ ᠢ ᠲᠡᠮᠵᠢᠬᠦ ᠪᠠᠨ ᠴᠢᠩᠭᠠᠳᠬᠠᠵᠤ᠂ ᠲᠦᠪ ᠤᠨ ᠡᠳ᠋ ᠤᠨ ᠵᠠᠰᠠᠭ ᠤᠨ ᠰᠢᠨ᠎ᠠ ᠪᠠᠷ | ᠨᠡᠮᠡᠭᠳᠡᠭᠦᠯᠬᠦ ᠶᠠᠳᠠᠭᠤ ᠶᠢ ᠲᠡᠳᠬᠦᠬᠦ ᠤᠷᠤᠭᠤᠯᠤᠯᠳᠡ ᠵᠢᠴᠢ ᠬᠤᠯᠪᠤᠬᠳᠠᠯ ᠪᠦᠬᠦᠢ ᠰᠢᠯᠵᠢᠬᠦᠯᠤᠨ ᠦᠭᠬᠦ ᠵᠠᠷᠤᠯᠭ᠎ᠠ ᠶᠢ | ᠤᠨᠴᠠᠭᠠᠢ ᠶᠠᠳᠠᠭᠤ ᠬᠦᠴᠢᠷᠳᠠᠯᠲᠠᠢ ᠭᠠᠵᠡᠷ ᠤᠷᠤᠨ ᠲᠡᠰᠢ ᠬᠡᠯᠪᠡᠶᠢᠯᠭᠡᠨᠠ᠃ ᠪᠠᠳᠤᠯᠠᠭ᠎ᠠ ᠶᠢᠨ ᠠᠷᠭ᠎ᠠ ᠭᠡᠮᠵᠢᠶ᠎ᠠ ᠶᠢ | ᠨᠠᠰᠤᠳᠠᠶᠢᠴᠤᠳ᠂ ᠵᠡᠮᠳᠡᠭᠴᠤᠳ᠂ ᠬᠥᠨᠳᠤ ᠡᠪᠡᠳᠴᠢᠳᠠᠳ ᠵᠡᠷᠭᠡ ᠤᠨᠴᠠ ᠲᠤᠬᠳᠠᠭᠰᠠᠨ ᠶᠠᠳᠠᠭᠤ ᠬᠥᠴᠢᠷᠳᠠᠯᠲᠠᠢ | ᠬᠥᠮᠤᠨ ᠠᠮᠠ ᠳᠤ ᠭᠡᠷ ᠡᠷᠤᠭᠡ ᠪᠤᠯᠤᠨ ᠬᠥᠮᠤᠨ ᠤ ᠪᠠᠶᠢᠳᠠᠯ ᠢ ᠨᠢ ᠦᠨᠳᠤᠰᠤᠯᠡᠵᠤ ᠨᠠᠶᠢᠳᠠᠪᠤᠷᠢᠵᠢᠭᠤᠯᠤᠨ᠎ᠠ᠃ | ᠪᠡᠷᠭᠡ ᠰᠡᠳᠤᠪ ᠢ ᠰᠢᠢᠳᠪᠤᠷᠢᠯᠡᠬᠦ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠳᠠᠭᠠᠨ ᠲᠦᠷᠤ ᠶᠢᠨ | ᠪᠤᠳᠤᠯᠭ᠎ᠠ ᠠᠴᠠ ᠰᠠᠯᠬᠤ ᠦᠭᠡᠢ ᠪᠠᠶᠢᠵᠤ᠂ ᠰᠢᠨ᠎ᠠ ᠪᠠᠷ ᠪᠤᠢ ᠪᠤᠯᠤᠭᠰᠠᠨ ᠶᠠᠳᠠᠭᠤ ᠬᠦᠴᠢᠷᠳᠡᠯᠲᠡᠢ ᠬᠥᠮᠤᠨ ᠠᠮᠠ | ᠪᠤᠯᠤᠨ ᠠᠬᠢᠭᠠᠳ ᠶᠠᠳᠠᠭᠤᠷᠠᠭᠰᠠᠨ ᠬᠥᠮᠤᠨ ᠠᠮᠠ ᠶᠢ ᠴᠠᠭ ᠲᠤᠬᠠᠢ ᠳᠤᠨᠢ ᠬᠠᠪᠰᠤᠷᠤᠨ ᠲᠡᠳᠬᠦᠬᠦ ᠬᠡᠪᠴᠢᠶ᠎ᠠ ᠳᠤ | ᠤᠷᠤᠭᠤᠯᠬᠤ ᠬᠡᠷᠡᠭᠳᠠᠢ᠃ ᠶᠠᠳᠠᠭᠤ ᠶᠢ ᠲᠡᠳᠬᠦᠬᠦ ᠪᠡᠯᠡ ᠮᠦᠡᠭᠬᠦ ᠶᠢ ᠡᠮᠬᠢᠯᠡᠨ ᠨᠡᠶᠢᠯᠡᠬᠦᠯᠬᠦ ᠪᠠ ᠠᠮᠵᠢᠯᠳᠠ | ᠪᠦᠳᠤᠮᠵᠢ ᠪᠠᠷ ᠬᠠᠮᠢᠶᠠᠷᠬᠤ ᠶᠢ ᠴᠢᠩᠭᠠᠳᠬᠠᠨ᠎ᠠ᠃ ᠶᠠᠳᠠᠭᠤ ᠶᠢ ᠲᠡᠳᠬᠦᠬᠦ ᠬᠥᠷᠢᠶᠡᠨ ᠳᠠᠬᠢ ᠢᠯᠵᠢᠷᠠᠯ ᠪᠠ ᠰᠤᠷᠳᠠᠯ | ᠤᠨ ᠠᠰᠠᠭᠤᠳᠠᠯ ᠤᠨ ᠲᠤᠰᠬᠠᠢ ᠵᠠᠰᠠᠯᠳᠠ ᠶᠢ ᠦᠷᠨᠢᠬᠦᠯᠤᠨ᠂ ᠬᠢᠨᠠᠨ ᠰᠢᠯᠭᠠᠵᠤ ᠬᠢᠨᠠᠯᠳᠠ ᠲᠠᠯᠪᠢᠬᠤ ᠠᠷᠭ᠎ᠠ ᠮᠠᠶ᠋ᠢᠭ ᠢ | ᠰᠠᠶᠢᠵᠢᠷᠠᠭᠤᠯᠤᠨ᠎ᠠ᠃ ᠤᠳᠤ ᠶᠢᠨ ᠬᠡᠷᠡᠭᠵᠢᠬᠦᠯᠵᠤ ᠪᠠᠶᠢᠭ᠎ᠠ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠶᠢ | ᠪᠠᠷᠢᠮᠳᠠᠯᠠᠨ᠂ ᠠᠬᠢᠴᠠ ᠪᠠ ᠶᠠᠰᠤ ᠴᠢᠨᠠᠷ ᠢ ᠦᠨᠡᠨ ᠬᠦ ᠪᠠᠳᠤᠯᠠᠵᠤ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ | ᠤᠯᠠᠨ ᠲᠦᠮᠡᠨ ᠢᠶᠠᠷ ᠮᠡᠳᠡᠷᠡᠬᠦᠯᠵᠤ᠂ ᠲᠡᠦᠭᠡ ᠶᠢᠨ ᠰᠢᠯᠭᠠᠯᠲᠠ ᠶᠢ ᠲᠠᠭᠠᠭᠠᠵᠤ ᠲᠡᠶᠢᠯᠬᠦ ᠪᠤᠯᠭᠠᠬᠤ ᠬᠡᠷᠡᠭᠲᠠᠢ᠃ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠨᠡᠩ ᠶᠡᠭᠡ ᠦᠷ᠎ᠠ ᠪᠦᠳᠤᠮᠵᠢ ᠤᠯᠬᠤ ᠶᠢ ᠠᠬᠢᠭᠤᠯᠤᠨ᠎ᠠ᠃ | ᠴᠡᠯᠮᠡᠭ ᠤᠬᠳᠠᠷᠭᠤᠢ ᠶᠢ ᠬᠠᠮᠠᠭᠠᠯᠠᠬᠤ ᠠᠵᠢᠯ ᠤᠨ ᠦᠷ᠎ᠠ ᠪᠦᠳᠤᠭᠡᠯ ᠢ ᠪᠠᠬᠢᠵᠢᠬᠦᠯᠤᠨ᠂ ᠡᠨᠡ ᠵᠢᠯ ᠬᠦᠬᠦᠷ ᠤᠨ | ᠳᠠᠪᠬᠤᠷ ᠢᠰᠦᠯ᠂ ᠠᠽᠤᠲ ᠤᠨ ᠢᠰᠦᠮᠡᠭ ᠤᠨ ᠭᠠᠲᠠᠭᠰᠢᠯᠠᠭᠤᠯᠤᠯᠲᠠ ᠶᠢ 3% ᠢᠶᠠᠷ ᠪᠠᠭᠤᠷᠠᠭᠤᠯᠵᠤ᠂ | ᠭᠤᠤᠯᠲᠠᠯᠭ᠎ᠠ ᠲᠠᠢ ᠭᠠᠵᠠᠷ ᠤᠷᠤᠨ ᠤ ᠵᠢᠵᠢᠭ ᠮᠦᠬᠦᠯᠢᠭᠲᠦ ᠪᠤᠲᠠᠰ ︵PM2.5︶ ᠤᠨ ᠦᠳᠭᠡᠴᠠ ᠶᠢ | ᠦᠷᠬᠦᠯᠵᠢᠯᠡᠨ ᠪᠠᠭᠤᠷᠠᠭᠤᠯᠤᠨ᠎ᠠ᠃ ᠪᠤᠯᠤᠳ ᠲᠡᠮᠤᠷ ᠵᠡᠷᠭᠡ ᠠᠵᠢᠯ ᠲᠦᠷᠤᠯ ᠤᠨ ᠬᠡᠳᠤ ᠲᠤᠤᠷ᠎ᠠ ᠭᠠᠳᠠᠭᠰᠢᠯᠠᠭᠤᠯᠬᠤ | ᠦᠭᠡᠷᠡᠴᠢᠯᠠᠯᠳᠠ ᠶᠢ ᠠᠬᠢᠭᠤᠯᠤᠨ᠎ᠠ᠃ ᠪᠤᠬᠢᠷᠳᠤᠯ ᠪᠤᠳᠡᠰ ᠭᠠᠳᠠᠭᠰᠢᠯᠠᠭᠤᠯᠬᠤ ᠪᠠᠷᠢᠮᠵᠢᠶ᠎ᠠ ᠶᠢ ᠲᠡᠭᠡᠭᠰᠢᠯᠡᠬᠦᠯᠤᠨ᠂ | ᠬᠤᠭᠤᠴᠠᠭ᠎ᠠ ᠬᠢᠵᠠᠭᠠᠷᠯᠠᠵᠤ ᠪᠠᠷᠢᠮᠵᠢᠶ᠎ᠠ ᠳᠤ ᠬᠥᠷᠤᠬᠦᠯᠤᠨᠠ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ | ᠶᠡᠭᠡ ᠪᠠᠷ ᠬᠥᠭᠵᠢᠭᠦᠯᠦᠨ᠎ᠡ᠃ ᠴᠠᠶᠢᠶ᠋ᠢᠦ ᠲᠣᠰᠣ ᠰᠢᠳᠠᠭᠠᠬᠤ ᠠᠴᠢᠶᠠᠨ ᠤ ᠮᠠᠰᠢᠨ ᠲᠡᠷᠭᠡ᠂ ᠣᠩᠭᠤᠴᠠ ᠰᠠᠯ ᠤᠨ | ᠪᠠᠷᠢᠮᠵᠢᠶ᠎ᠠ ᠠᠴᠠ ᠬᠡᠳᠦᠷᠡᠬᠦᠯᠦᠨ ᠭᠠᠲᠠᠭᠰᠢᠯᠠᠭᠤᠯᠬᠤ ᠶᠢ ᠲᠤᠰᠬᠠᠶᠢᠯᠠᠨ ᠵᠠᠰᠠᠬᠤ ᠠᠵᠢᠯ ᠢ ᠦᠷᠨᠢᠬᠦᠯᠵᠦ᠂ ᠡᠯᠡᠭᠳᠡᠮᠡᠯ | ᠬᠠᠭᠤᠴᠢᠨ ᠲᠡᠷᠭᠡ ᠶᠢ ᠦᠷᠭᠦᠯᠵᠢᠯᠡᠨ ᠴᠠᠭᠠᠵᠠᠯᠠᠨ᠎ᠠ᠃ ᠤᠰᠤ᠂ ᠬᠥᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ | ᠵᠠᠰᠠᠬᠤ ᠠᠵᠢᠯ ᠢ ᠬᠥᠨᠵᠡᠭᠡᠶᠢᠷᠡᠭᠦᠯᠦᠨ ᠠᠬᠢᠭᠤᠯᠵᠤ᠂ ᠡᠨᠡ ᠵᠢᠯ ᠬᠢᠮᠢ ᠶᠢᠨ ᠬᠥᠴᠢᠯᠳᠥ᠋ᠷᠦᠭᠴᠢ ᠬᠡᠷᠡᠭᠰᠡᠬᠦ ᠬᠡᠮᠵᠢᠶ᠎ᠠ᠂ | ᠰᠢᠪᠳᠤᠷᠳᠦ ᠠᠽᠤᠲ ᠭᠠᠳᠠᠬᠰᠢᠯᠠᠭᠤᠯᠬᠤ ᠬᠡᠮᠵᠢᠶ᠎ᠠ ᠶᠢ 2% ᠢᠶᠠᠷ ᠪᠠᠭᠤᠷᠠᠭᠤᠯᠤᠨ᠎ᠠ᠃ ᠭᠤᠤᠯᠳᠠᠯᠭ᠎ᠠ ᠲᠠᠢ ᠰᠠᠪᠡ | ᠭᠠᠵᠠᠷ ᠪᠤᠯᠤᠨ ᠲᠠᠯᠠᠢ ᠶᠢᠨ ᠤᠷᠤᠨ ᠢ ᠶᠡᠷᠤᠩᠭᠡᠶᠢᠯᠠᠨ ᠵᠠᠰᠠᠬᠤ ᠶᠢ ᠭᠡᠷᠡᠭᠵᠢᠬᠦᠯᠤᠨ᠂ ᠪᠣᠭᠢᠷ ᠦᠮᠡᠭᠡᠢ ᠣᠰᠣᠨ | ᠴᠣᠭᠴᠠ ᠶᠢ ᠪᠦᠬᠦ ᠲᠠᠯ᠎ᠠ ᠪᠠᠷ ᠴᠡᠭᠴᠡᠯᠡᠨ ᠵᠠᠰᠠᠨ᠎ᠠ᠃ ᠪᠤᠬᠢᠷ ᠤᠰᠤ ᠰᠢᠢᠳᠪᠤᠷᠢᠯᠡᠬᠦ ᠪᠡᠯᠡᠳᠬᠡᠮᠵᠢ ᠶᠢᠨ ᠪᠦᠳᠤᠭᠡᠨ | ᠪᠠᠶᠢᠭᠤᠯᠤᠯᠳᠡ ᠶᠢᠨ ᠡᠷᠴᠢᠮ ᠢ ᠴᠢᠩᠭᠠᠷᠠᠭᠤᠯᠤᠨ᠂ ᠰᠦᠢᠳᠭᠡᠯ ᠬᠤᠷᠢᠶᠠᠬᠤ ᠲᠦᠷᠤ ᠶᠢᠨ ᠪᠤᠳᠤᠯᠭ᠎ᠠ ᠶᠢ | ᠲᠡᠬᠦᠯᠳᠡᠷᠵᠢᠬᠦᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠶᠢ ᠴᠢᠩᠭᠠᠳᠬᠠᠵᠤ᠂ ︽ᠬᠠᠷᠢ ᠶᠢᠨ ᠬᠤᠬ ᠨᠤᠪᠰᠢ︾ ᠶᠢᠨ ᠬᠢᠯᠢ ᠪᠠᠷ ᠤᠷᠤᠵᠤ ᠢᠷᠡᠬᠦ ᠶᠢ ᠴᠢᠩᠭ᠎ᠠ | ᠴᠠᠭᠠᠵᠠᠯᠠᠨ᠎ᠠ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠨ᠂ ᠠᠮᠢ | ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠪᠦᠬᠦ ᠲᠠᠯ᠎ᠠ ᠪᠠᠷ ᠵᠠᠭᠠᠭᠯᠠᠨ ᠲᠤᠬᠳᠠᠭᠠᠬᠤ ᠪᠦᠭᠡᠳ ᠴᠢᠩᠭ᠎ᠠ | ᠰᠠᠬᠢᠵᠤ᠂ ᠤᠶᠢᠵᠢᠭᠤᠯᠤᠯᠳᠡ ᠶᠢ 1 ᠳ᠋ᠦᠩᠰᠢᠭᠤᠷ ᠮᠦ ᠠᠴᠠ ᠲᠡᠭᠡᠭᠰᠢ ᠪᠡᠶᠡᠯᠡᠬᠦᠯᠤᠨ᠂ ᠲᠠᠷᠢᠶᠠᠨ ᠭᠠᠵᠠᠷ ᠤᠨ | ᠡᠭᠡᠯᠵᠢᠯᠡᠨ ᠳᠠᠷᠢᠬᠤ ᠪᠠ ᠦᠨᠵᠢᠬᠦᠯᠦᠨ ᠲᠠᠷᠢᠬᠤ ᠲᠤᠷᠰᠢᠯᠲᠠ ᠶᠢᠨ ᠲᠠᠯᠠᠪᠠᠢ ᠶᠢ 3000 ᠲᠦᠮᠡᠨ ᠮᠦ ᠬᠥᠷᠳᠡᠯ᠎ᠠ | ᠨᠡᠮᠡᠭᠳᠡᠬᠦᠯᠵᠤ᠂ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠪᠠᠨ ᠴᠢᠩᠭᠠᠳᠬᠠᠵᠤ᠂ ᠨᠤᠭᠤ | ᠭᠠᠵᠡᠷ ᠢ ᠬᠠᠮᠠᠭᠠᠯᠠᠨ ᠰᠡᠷᠬᠦᠭᠡᠬᠦ ᠬᠡᠪᠴᠢᠶ᠎ᠠ ᠶᠢ ᠦᠷᠭᠡᠳᠭᠡᠨ᠂ ᠤᠯᠤᠰ ᠤᠨ ᠴᠡᠴᠡᠷᠯᠢᠭ ᠤᠨ ᠪᠠᠶᠢᠭᠤᠯᠤᠯ ᠤᠨ | ᠦᠭᠡᠷᠡᠴᠢᠯᠠᠯᠳᠠ ᠶᠢᠨ ᠲᠤᠷᠰᠢᠯᠳᠠ ᠶᠢ ᠬᠥᠨᠵᠡᠭᠡᠶᠢᠷᠡᠬᠦᠯᠤᠨᠠ᠃ ᠲᠠᠯᠠᠢ ᠶᠢ ᠲᠠᠪᠢᠰᠴᠤ ᠭᠠᠵᠠᠷ ᠭᠠᠷᠭᠠᠬᠤ ᠶᠢ ᠴᠢᠩᠭ᠎ᠠ | ᠬᠢᠵᠠᠭᠠᠷᠯᠠᠨ᠎ᠠ᠃ ᠤᠷᠴᠢᠨ ᠠᠬᠤᠢ ᠶᠢᠨ ᠬᠠᠤᠯᠢ ᠬᠡᠷᠡᠭᠵᠢᠬᠦᠯᠭᠦ ᠪᠠ ᠬᠠᠷᠢᠭᠤᠴᠠᠯᠭ᠎ᠠ ᠨᠡᠬᠡᠮᠵᠢᠯᠡᠬᠦ ᠠᠵᠢᠯ ᠢ | ᠴᠢᠩᠳᠠᠯᠠᠨ᠎ᠠ᠃ ᠪᠢᠳᠡ ᠬᠠᠮᠳᠤ ᠪᠠᠷ ᠬᠥᠳᠡᠯᠤᠯᠴᠠᠵᠤ᠂ ᠲᠡᠭᠷᠢ ᠨᠢ ᠴᠡᠯᠮᠡᠭ᠂ ᠭᠠᠵᠠᠷ ᠨᠢ ᠨᠤᠭᠤᠭᠠᠨ᠂ ᠤᠰᠤ ᠨᠢ | ᠲᠤᠩᠭᠠᠯᠠᠭ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ᠃ | ︵ᠲᠠᠪᠤ︶ ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠶᠡᠭᠡ ᠪᠠᠷ ᠬᠡᠷᠡᠭᠵᠢᠬᠦᠯᠦᠨ᠎ᠡ᠃ | ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠭᠡ ᠲᠤᠭᠲᠠᠭᠠᠵᠤ᠂ ᠬᠤᠲᠠ ᠬᠦᠳᠡᠭᠡ ᠶᠢ ᠠᠭᠤᠰᠤᠯᠳᠤᠭᠤᠯᠤᠨ | ᠬᠦᠭᠵᠢᠬᠦᠯᠬᠦ ᠪᠠᠶᠢᠭᠤᠯᠤᠯ ᠲᠤᠭᠲᠠᠴᠠ ᠶᠢ ᠪᠦᠷᠢᠨᠰᠢᠬᠦᠯᠦᠨ᠂ ᠦᠭᠡᠷᠡᠴᠢᠯᠡᠯᠲᠡ ᠬᠢᠵᠤ ᠰᠢᠨ᠎ᠡ ᠶᠢ ᠡᠬᠦᠳᠬᠦ ᠳᠤ | ᠲᠦᠰᠢᠭᠯᠡᠨ ᠬᠦᠳᠡᠭᠡ ᠲᠤᠰᠬᠤᠨ ᠤ ᠬᠦᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠬᠢ ᠶᠢ ᠨᠡᠮᠡᠭᠳᠡᠭᠦᠯᠦᠨ᠎ᠠ᠃ | ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠤᠨ᠎ᠠ᠃ | ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ ᠪᠠ ᠲᠠᠷᠢᠮᠠᠯ ᠤᠨ ᠦᠢᠯᠡᠰ ᠤᠨ ᠰᠢᠨ᠎ᠡ ᠶᠢ | ᠡᠬᠦᠳᠦᠨ ᠬᠦᠭᠵᠢᠬᠦ ᠶᠢ ᠠᠬᠢᠭᠤᠯᠤᠨ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠠ | ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠤ ᠲᠠᠪᠠᠭᠤᠯᠢᠭ ᠤᠷᠤᠨ ᠢ ᠲᠦᠷᠬᠡᠯᠡᠨ ᠪᠠᠶᠢᠭᠤᠯᠤᠨ᠎ᠠ᠃ ᠶᠠᠰᠤ | ᠴᠢᠨᠠᠷ ᠢ ᠳᠡᠭᠡᠭᠰᠢᠯᠡᠬᠦᠯᠬᠦ ᠤᠳᠤᠷᠢᠳᠤᠮᠵᠢ ᠶᠢ ᠪᠠᠷᠢᠮᠲᠠᠯᠠᠵᠤ᠂ ᠠᠮᠤ ᠪᠤᠳᠠᠭᠠᠨ ᠤ ᠦᠢᠯᠡᠳᠪᠤᠷᠢᠯᠡᠯ ᠢ | ᠲᠤᠭᠲᠠᠪᠤᠷᠢᠵᠢᠭᠤᠯᠤᠨ ᠰᠢᠯᠢᠳᠡᠭᠵᠢᠬᠦᠯᠦᠨ᠎ᠡ᠃ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠯᠲᠠ ᠶᠢ ᠰᠢᠩᠭᠡᠭᠡᠨ | ᠰᠢᠢᠳᠪᠦᠷᠢᠯᠡᠬᠦ ᠶᠢ ᠲᠦᠷᠭᠡᠳᠬᠡᠨ᠎ᠡ᠃ ᠲᠠᠷᠢᠶᠠᠯᠠᠩ ᠤᠨ ᠪᠥᠲᠥᠭᠡᠭᠲᠡᠬᠦᠨ ᠪᠣᠯᠪᠠᠰᠤᠷᠠᠭᠤᠯᠬᠤ ᠦᠢᠯᠡᠰ ᠢ | ᠬᠥᠭᠵᠢᠭᠦᠯᠦᠨ᠎ᠡ᠃ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠢ 8000 ᠲᠦᠮᠡᠨ ᠮᠦ ᠠᠴᠠ ᠲᠡᠭᠡᠭᠰᠢ ᠰᠢᠨ᠎ᠡ ᠪᠠᠷ | ᠨᠡᠮᠡᠭᠳᠡᠬᠦᠯᠵᠤ᠂ ᠪᠦᠲᠦᠮᠵᠢ ᠰᠠᠶᠢᠲᠠᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 2000 ᠲᠦᠮᠡᠨ ᠮᠦ | ᠰᠢᠨ᠎ᠡ ᠪᠠᠷ ᠨᠡᠮᠡᠭᠳᠡᠬᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠤᠭᠴᠠ ᠶᠢ ᠪᠤᠶᠢᠵᠢᠭᠤᠯᠵᠤ᠂ | ᠲᠡᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠤᠨ | ᠮᠠᠰᠢᠨᠴᠢᠯᠠᠯᠲᠠ ᠶᠢᠨ ᠪᠦᠬᠦ ᠶᠠᠪᠤᠴᠠ ᠳᠤ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠵᠢᠵᠢᠭ ᠲᠠᠷᠢᠶᠠᠴᠢᠨ | ᠡᠷᠦᠭᠡ ᠳᠤ ᠬᠠᠨᠳᠤᠭᠤᠯᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠨ᠎ᠠ᠃ ᠨᠤᠲᠤᠭ ᠲᠠᠭᠠᠨ ᠪᠤᠴᠠᠭᠰᠠᠨ | ᠬᠥᠯᠥᠰᠥᠨ ᠠᠵᠢᠯᠴᠢᠨ᠂ ᠳᠡᠭᠡᠳᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ | ᠰᠤᠷᠤᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠴᠡᠷᠢᠭ ᠤᠨ ᠠᠯᠪᠠᠨ ᠠᠴᠠ ᠪᠠᠭᠤᠭᠰᠠᠳ ᠪᠠ | ᠦᠢᠯᠡᠳᠪᠦᠷᠢ ᠬᠤᠳᠠᠯᠳᠤᠭ᠎ᠠ ᠶᠢᠨ ᠠᠵᠤ ᠠᠬᠤᠶᠢᠯᠠᠯ ᠵᠡᠷᠭᠡ ᠶᠢᠨ ᠣᠳᠣ ᠦᠶ᠎ᠡ ᠶᠢᠨ ᠲᠠᠷᠢᠶᠠᠯᠠᠩ ᠤᠨ ᠪᠥᠲᠥᠭᠡᠨ | ᠪᠠᠶᠢᠭᠤᠯᠤᠯᠲᠠ ᠬᠢᠵᠦ᠂ ᠬᠥᠳᠡᠭᠡ ᠲᠣᠰᠬᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ | ᠬᠥᠭᠵᠢᠭᠦᠯᠬᠦ ᠶᠢ ᠵᠣᠷᠢᠬᠵᠢᠭᠤᠯᠦᠨᠠ᠃ ︽ᠢᠨᠲ᠋ᠧᠷ ᠰᠦᠯᠵᠢᠶ᠎ᠡ + ᠲᠠᠷᠢᠶᠠᠯᠠᠩ︾ ᠢ ᠬᠦᠨᠵᠡᠭᠡᠶᠢᠷᠡᠭᠦᠯᠦᠨ | ᠠᠬᠢᠭᠤᠯᠵᠦ᠂ ᠲᠠᠷᠢᠶᠠᠴᠢᠳ ᠤᠨ ᠤᠷᠤᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠬᠦᠯᠦᠨ᠂ ᠬᠦᠳᠡᠭᠡ ᠲᠤᠰᠬᠤᠨ ᠤ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠦᠭᠵᠢᠬᠦ ᠶᠢ ᠠᠬᠢᠭᠤᠯᠤᠨ᠎ᠠ᠃ | ᠬᠦᠳᠡᠭᠡ ᠲᠤᠰᠬᠤᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠦᠨ᠎ᠡ᠃ ᠬᠤᠶᠠᠳᠤᠭᠠᠷ | ᠡᠭᠡᠯᠵᠢ ᠶᠢᠨ ᠭᠠᠵᠠᠷ ᠰᠢᠷᠦᠢ ᠶᠢᠨ ᠲᠠᠭᠠᠭᠠᠴᠢᠯᠠᠯᠳᠠ ᠶᠢ ᠬᠤᠭᠤᠴᠠᠭ᠎ᠠ ᠨᠢ ᠲᠤᠯᠤᠬᠰᠠᠨ ᠤ ᠲᠠᠷᠠᠭ᠎ᠠ ᠲᠠᠬᠢᠭᠠᠳ 30 | ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠷᠤᠨ ᠰᠠᠭᠤᠴᠠ ᠶᠢᠨ ᠭᠠᠵᠠᠷ ᠤᠨ | ᠦᠮᠴᠢᠯᠡᠬᠦ ᠡᠷᠭᠡ᠂ ᠬᠢᠷᠢ ᠬᠡᠮ ᠤᠨ ᠡᠷᠭᠡ᠂ ᠬᠡᠷᠡᠭᠯᠡᠬᠦ ᠡᠷᠭᠡ ᠶᠢ ᠰᠠᠯᠭᠠᠬᠤ ᠦᠭᠡᠷᠡᠴᠢᠯᠡᠯᠲᠡ ᠶᠢ ᠰᠦᠪᠡᠭᠴᠢᠯᠡᠨ᠎ᠡ᠃ | ᠲᠠᠷᠢᠶᠠᠨ ᠭᠠᠵᠠᠷ ᠢ ᠡᠵᠡᠯᠡᠬᠦ ᠪᠡ ᠨᠦᠬᠦᠪᠦᠷᠢᠯᠡᠬᠦ ᠶᠢ ᠳᠡᠩᠴᠡᠭᠦᠷᠢᠳᠠᠢ ᠪᠠᠶᠢᠯᠭᠠᠬᠤ ᠬᠠᠮᠢᠶᠠᠷᠤᠯᠲᠠ ᠶᠢᠨ ᠠᠷᠭ᠎ᠠ ᠶᠢ | ᠰᠠᠶᠢᠵᠢᠷᠠᠭᠤᠯᠵᠤ᠂ ᠰᠢᠨ᠎ᠡ ᠪᠠᠷ ᠨᠡᠮᠡᠭᠳᠡᠭᠦ ᠲᠠᠷᠢᠶᠠᠨ ᠭᠠᠵᠠᠷ ᠤᠨ ᠬᠦᠢᠴᠡᠳᠭᠡᠯ ᠲᠤᠭ᠎ᠠ᠂ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠷᠪᠢᠯᠠᠨ | ᠭᠠᠷᠭᠠᠬᠤ ᠬᠦᠢᠴᠡᠳᠭᠡᠯ ᠲᠤᠭ᠎ᠠ ᠳᠤ ᠮᠤᠵᠢ ᠤᠷᠤᠨ ᠠᠯᠤᠰᠯᠠᠨ ᠲᠤᠬᠢᠷᠠᠭᠤᠯᠤᠯᠲᠠ ᠬᠢᠬᠦ ᠲᠤᠭᠲᠠᠴᠠ ᠶᠢ ᠪᠠᠶᠢᠭᠤᠯᠵᠤ | ᠂ ᠤᠯᠤᠭᠰᠠᠨ ᠠᠰᠢᠭ ᠤᠷᠤᠯᠭ᠎ᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠬᠦ | ᠪᠠ ᠬᠦᠳᠡᠭᠡ ᠲᠤᠰᠬᠤᠨ ᠤ ᠬᠦᠭᠵᠢᠯᠲᠡ ᠶᠢ ᠲᠡᠮᠵᠢᠬᠦ ᠳᠤ ᠬᠡᠷᠡᠭᠯᠡᠨ᠎ᠡ᠃ ᠠᠮᠤ ᠪᠤᠳᠠᠭ᠎ᠠ ᠬᠤᠷᠢᠶᠠᠵᠤ ᠨᠦᠭᠡᠴᠡᠯᠡᠬᠦ᠂ | ᠬᠠᠮᠳᠤ ᠶᠢᠨ ᠦᠮᠴᠢᠯᠡᠯ ᠤᠨ ᠡᠷᠭᠡ᠂ ᠬᠠᠮᠳᠤ ᠶᠢᠨ ᠤᠢ ᠰᠢᠭᠤᠢ ᠶᠢᠨ ᠡᠷᠭᠡ᠂ ᠤᠯᠤᠰ ᠤᠨ ᠦᠮᠴᠢᠯᠡᠯ ᠤᠨ ᠤᠶᠢᠳᠤ | ᠤᠷᠤᠨ ᠤᠢ ᠰᠢᠭᠤᠢ ᠶᠢᠨ ᠲᠠᠯᠠᠪᠠᠢ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ | ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠲᠠᠷᠢᠶᠠᠯᠠᠩ ᠬᠦᠳᠡᠭᠡ ᠲᠤᠰᠬᠤᠨ ᠢ ᠠᠮᠢᠵᠢᠷᠠᠯ | ᠤᠨ ᠬᠦᠴᠦᠨ ᠪᠠ ᠠᠮᠢᠳᠤᠯᠢᠭ ᠬᠦᠴᠦᠨ ᠢᠶᠠᠷ ᠪᠢᠯᠬᠠᠮ᠎ᠠ ᠪᠤᠯᠭᠠᠨ᠎ᠠ᠃ | ᠬᠦᠳᠡᠭᠡ ᠲᠤᠰᠬᠤᠨ ᠤ ᠡᠯ᠎ᠡ ᠵᠦᠢᠯ ᠤᠨ ᠠᠵᠢᠯ ᠦᠢᠯᠡᠰ ᠤᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠡᠮᠨᠡᠯᠭᠡ᠂ ᠰᠤᠷᠭᠠᠨ ᠬᠥᠮᠥᠵᠢᠯ᠂ ᠰᠤᠶᠤᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠶᠢ | ᠲᠡᠭᠦᠯᠳᠡᠷᠵᠢᠭᠦᠯᠦᠨ᠎ᠡ᠃ ᠤᠰᠤ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠮᠡᠳᠡᠭᠡ ᠵᠠᠩᠬᠢ ᠲᠠᠮᠵᠢᠭᠤᠯᠬᠤ ᠵᠡᠷᠭᠡ ᠰᠠᠭᠤᠷᠢ | ᠪᠡᠯᠡᠳᠬᠡᠮᠵᠢ ᠶᠢ ᠰᠠᠶᠢᠵᠢᠷᠠᠭᠤᠯᠤᠨ᠂ ᠬᠦᠲᠡᠭᠡ ᠲᠤᠰᠬᠤᠨ ᠤ ᠵᠠᠰᠠᠮᠠᠯ ᠵᠠᠮ ᠢ 20 ᠳᠦᠮᠡᠨ ᠺᠢᠯᠤᠮᠧᠲᠷ ᠰᠢᠨ᠎ᠡ ᠪᠠᠷ | ᠲᠡᠪᠢᠰᠬᠦ ᠪᠠ ᠦᠭᠡᠷᠡᠴᠢᠯᠡᠨ ᠲᠡᠪᠢᠰᠦᠨ᠎ᠡ᠃ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠵᠤ᠂ ︽ᠵᠤᠷᠯᠤᠩ ᠤᠨ | ᠦᠭᠡᠷᠡᠴᠢᠯᠡᠯᠲᠡ︾ ᠪᠠ ᠬᠤᠭ ᠨᠣᠪᠰᠢ ᠴᠤᠭᠯᠠᠭᠤᠯᠵᠤ ᠰᠢᠢᠳᠪᠦᠷᠢᠯᠡᠬᠦ ᠠᠵᠢᠯ ᠢ ᠠᠬᠢᠭᠤᠯᠤᠨ᠎ᠠ᠃ ᠬᠦᠳᠡᠭᠡ | ᠲᠤᠰᠬᠤᠨ ᠤ ᠬᠠᠭᠤᠴᠢᠨ ᠬᠡᠪ ᠵᠠᠩᠰᠢᠯ ᠢ ᠦᠭᠡᠷᠡᠴᠢᠯᠡᠬᠦ ᠠᠵᠢᠯ ᠢ ᠠᠬᠢᠭᠤᠯᠤᠨ᠎ᠠ᠃ ᠦᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠶᠤᠰᠤ ᠮᠤᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠲᠠ ᠶᠢᠨ | ᠰᠢᠰᠲ᠋ᠧᠮᠵᠢ ᠶᠢ ᠪᠦᠷᠢᠨᠰᠢᠬᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠬᠦ ᠴᠢᠳᠠᠪᠤᠷᠢᠲᠠᠨ ᠢ ᠶᠡᠭᠡ ᠪᠠᠷ | ᠬᠥᠮᠥᠵᠢᠭᠦᠯᠦᠨ᠎ᠡ᠃ ᠪᠢᠳᠡ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠦᠳᠡᠭᠡ ᠲᠤᠰᠬᠤᠨ ᠢ | ᠬᠦᠭᠵᠢᠬᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠲᠠᠷᠢᠶᠠᠯᠠᠩ ᠪᠠ ᠬᠦᠳᠡᠭᠡ ᠳᠤᠰᠬᠤᠨ ᠤ ᠤᠳᠤᠬᠢᠴᠢᠯᠠᠯᠳᠠ ᠶᠢ | ᠲᠦᠷᠬᠡᠯᠡᠨ ᠪᠡᠶᠡᠯᠡᠬᠦᠯᠬᠦ ᠬᠡᠷᠡᠭᠳᠠᠢ᠃ | ︵ᠵᠢᠷᠭᠤᠭ᠎ᠠ︶ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠯᠠᠪᠳᠠᠭᠤᠨ | ᠪᠠᠲᠤᠲᠠᠢ ᠠᠬᠢᠭᠤᠯᠤᠨ᠎ᠠ᠃ ᠤᠷᠤᠨ ᠪᠦᠰᠡ ᠶᠢᠨ ᠬᠦᠭᠵᠢᠯᠲᠡ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠠᠵᠢᠯ ᠢ ᠠᠬᠢᠭᠤᠯᠤᠨ᠂ ᠬᠤᠲᠠ | ᠬᠦᠳᠡᠭᠡ ᠤᠷᠤᠨ ᠪᠦᠰᠡ ᠶᠢᠨ ᠬᠦᠭᠵᠢᠯᠲᠡ ᠶᠢᠨ ᠵᠦᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠡᠯ᠎ᠡ ᠭᠠᠵᠠᠷ | ᠤᠨ ᠬᠠᠷᠢᠴᠠᠭᠤᠯᠤᠭᠰᠠᠨ ᠲᠠᠪᠠᠭᠤᠯᠢᠭ ᠪᠠ ᠳᠠᠯᠳᠠ ᠬᠦᠴᠦᠨ ᠢ ᠬᠦᠢᠴᠡᠳ ᠪᠠᠳᠠᠷᠠᠭᠤᠯᠤᠨ᠎ᠠ᠃ | ᠤᠷᠤᠨ ᠪᠦᠰᠡ ᠶᠢᠨ ᠬᠦᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠤᠷᠤᠨ᠂ ᠵᠠᠬ᠎ᠠ ᠬᠢᠵᠠᠭᠠᠷ ᠤᠷᠤᠨ᠂ ᠶᠠᠳᠠᠭᠤ ᠬᠦᠴᠢᠷᠲᠡᠯ ᠲᠠᠢ | ᠭᠠᠵᠠᠷ ᠤᠷᠤᠨ ᠤ ᠦᠭᠡᠷᠡᠴᠢᠯᠡᠯᠲᠡ ᠬᠦᠭᠵᠢᠯᠲᠡ ᠶᠢ ᠲᠡᠮᠵᠢᠭᠦ ᠪᠠᠨ ᠴᠢᠩᠭᠠᠳᠬᠠᠨ᠎ᠠ᠃ ᠪᠡᠭᠡᠵᠢᠩ ᠤᠨ ᠨᠡᠶᠢᠰᠯᠡᠯ ᠤᠨ | ᠪᠤᠰᠦ ᠴᠢᠲᠠᠮᠵᠢ ᠶᠢ ᠲᠠᠷᠬᠠᠭᠠᠨ ᠵᠤᠬᠢᠴᠠᠭᠤᠯᠬᠤ ᠪᠠᠷ ᠭᠤᠤᠯᠳᠠᠯᠭ᠎ᠠ ᠪᠤᠯᠭᠠᠨ ᠪᠡᠭᠡᠵᠢᠩ ᠲᠢᠶᠠᠨᠵᠢᠨ ᠾᠧᠪᠸᠢ ᠶᠢᠨ | ᠬᠠᠮᠵᠢᠯᠴᠠᠨ ᠬᠥᠭᠵᠢᠬᠦ ᠶᠢ ᠠᠬᠢᠭᠤᠯᠵᠤ᠂ ᠰᠢᠶᠦ᠋ᠩ ᠠᠨ ᠰᠢᠨ᠎ᠠ ᠲᠤᠭᠤᠷᠢᠭ ᠢ ᠦᠨᠳᠤᠷ ᠡᠬᠢᠯᠡᠯᠳᠡ ᠲᠠᠢ ᠪᠠᠷ | ᠲᠦᠯᠤᠪᠵᠢᠬᠦᠯᠤᠨ᠂ ᠦᠨᠳᠤᠷ ᠪᠠᠷᠢᠮᠵᠢᠶ᠎ᠠ ᠪᠠᠷ ᠪᠦᠳᠤᠭᠡᠨ ᠪᠠᠶᠢᠭᠤᠯᠤᠨ᠎ᠠ᠃ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠭᠦ ᠪᠠᠷ ᠤᠳᠤᠷᠢᠳᠤᠮᠵᠢ ᠪᠤᠯᠭᠠᠨ ᠬᠦᠭᠡᠮᠦ᠋ᠷᠡᠨ ᠤ ᠠᠵᠤ ᠠᠬᠤᠢ ᠶᠢᠨ | ᠪᠦᠰᠡ ᠶᠢᠨ ᠬᠦᠭᠵᠢᠯᠲᠡ ᠶᠢ ᠠᠬᠢᠭᠤᠯᠤᠨ᠎ᠠ᠃ ᠭᠤᠸᠠᠩᠳᠥ᠋ᠩ ᠰᠢᠶᠠᠩᠭᠠᠩ ᠣᠣᠮᠧᠨ ᠤ ᠳᠤᠮᠤ ᠪᠤᠯᠤᠩ ᠤᠨ ᠣᠷᠣᠨ | ᠤ ᠬᠦᠭᠵᠢᠯᠲᠡ ᠶᠢᠨ ᠲᠦᠯᠦᠪᠵᠢᠬᠦᠯᠭᠡ ᠶᠢᠨ ᠲᠣᠪᠴᠢ ᠶᠢ ᠨᠡᠶᠢᠳᠡᠯᠡᠨ ᠬᠡᠷᠡᠭᠵᠢᠬᠦᠯᠵᠦ᠂ ᠳᠤᠳᠤᠷ᠎ᠠ ᠭᠠᠵᠠᠷ ᠪᠤᠯᠤᠨ | ᠰᠢᠶᠠᠩᠭᠠᠩ᠂ ᠤᠤᠮᠸᠠ ᠤ ᠬᠤᠭᠤᠷᠤᠨᠳᠤᠬᠢ ᠬᠠᠷᠢᠯᠴᠠᠨ ᠠᠰᠢᠭᠳᠠᠢ ᠬᠠᠮᠳᠤᠷᠠᠯᠴᠠᠭ᠎ᠠ ᠶᠢ ᠪᠦᠬᠦ ᠲᠠᠯ᠎ᠠ ᠪᠠᠷ | ᠠᠬᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ ᠰᠢᠨ᠎ᠡ ᠵᠢᠯᠤᠭᠤᠳᠬᠤ | ᠰᠠᠨᠠᠯ ᠢ ᠲᠤᠭᠲᠠᠭᠠᠵᠤ᠂ ᠵᠡᠬᠦᠨ ᠬᠤᠶᠢᠳᠤ ᠤᠷᠤᠨ ᠵᠡᠷᠭᠡ ᠬᠠᠭᠤᠴᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ | ᠢ ᠬᠦᠭᠵᠢᠬᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠦᠨ᠂ ᠲᠤᠮᠳᠠ ᠬᠡᠰᠡᠭ ᠤᠨ ᠭᠠᠵᠠᠷ ᠤᠷᠤᠨ ᠤ ᠬᠦᠭᠵᠢᠨ | ᠮᠠᠨᠳᠤᠬᠤ ᠶᠢ ᠦᠷᠬᠦᠯᠵᠢᠯᠡᠨ ᠠᠬᠢᠭᠤᠯᠵᠤ᠂ ᠵᠡᠬᠦᠨ ᠬᠡᠰᠡᠭ ᠤᠨ ᠭᠠᠵᠠᠷ ᠤᠷᠤᠨ ᠤ ᠤᠷᠢᠳ ᠢᠶᠠᠷ ᠬᠦᠭᠵᠢᠬᠦ ᠶᠢ | ᠲᠡᠮᠵᠢᠨ᠎ᠡ᠃ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠬᠦᠭᠵᠢᠬᠦ ᠶᠢ ᠳᠡᠮᠵᠢᠭᠦ ᠪᠠᠨ ᠴᠢᠩᠭᠠᠳᠬᠠᠨ᠎ᠠ᠃ ᠲᠠᠯᠠᠢ ᠲᠠᠩᠬᠢᠰ ᠤᠨ ᠠᠵᠤ ᠠᠬᠤᠢ ᠶᠢ ᠪᠤᠵᠠᠭᠠᠶᠢᠷᠠᠭᠤᠯᠤᠨ᠂ ᠤᠯᠤᠰ | ᠤᠨ ᠲᠠᠯᠠᠢ ᠲᠠᠩᠬᠢᠰ ᠤᠨ ᠡᠷᠭᠡ ᠠᠰᠢᠭ ᠢ ᠡᠷᠡᠰ ᠬᠠᠮᠠᠭᠠᠯᠠᠨ᠎ᠠ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠲᠡᠭᠡᠭᠰᠢᠯᠡᠬᠦᠯᠦᠨ᠎ᠡ᠃ ᠡᠨᠡ ᠵᠢᠯ | ᠲᠠᠬᠢᠭᠠᠳ 1300 ᠳᠦᠮᠡᠨ ᠬᠦᠮᠦᠨ ᠢ ᠬᠤᠲᠠ ᠳᠤ ᠡᠷᠦᠬᠡ ᠠᠮᠠ ᠤᠷᠤᠭᠤᠯᠵᠤ᠂ ᠲᠠᠷᠢᠶᠠᠯᠠᠩ ᠠᠴᠠ ᠰᠢᠯᠵᠢᠭᠰᠡᠨ | ᠬᠦᠮᠦᠨ ᠠᠮᠠ ᠶᠢ ᠬᠤᠲᠠ ᠶᠢᠨ ᠠᠷᠠᠳ ᠪᠤᠯᠭᠠᠬᠤ ᠠᠬᠢᠴᠠ ᠶᠢ ᠲᠦᠷᠭᠡᠳᠭᠡᠨ᠎ᠡ᠃ ᠬᠤᠲᠠ ᠪᠠᠯᠭᠠᠰᠤᠨ ᠤ | ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠦᠭᠵᠢᠬᠦᠯᠦᠨ | ᠂ ᠢᠳᠡᠰᠢᠨ ᠨᠤᠭᠤᠭ᠎ᠠ ᠶᠢᠨ ᠵᠠᠬ᠎ᠠ ᠲᠡᠯᠭᠡᠬᠦᠷ᠂ ᠲᠡᠷᠭᠡᠨ ᠵᠤᠭᠰᠤᠭᠠᠯ ᠵᠡᠷᠭᠡ ᠠᠷᠠᠳ ᠲᠤ ᠲᠦᠬᠦᠮ ᠦᠵᠡᠬᠦᠯᠬᠦ | ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨᠰᠢᠬᠦᠯᠵᠦ᠂ ᠬᠠᠷᠰᠢ ᠰᠠᠭᠠᠳ ᠦᠭᠡᠢ ᠲᠥᠬᠦᠭᠡᠷᠥᠮᠵᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ︽ᠬᠤᠲᠠ ᠶᠢᠨ ᠳᠤᠮᠳᠠᠬᠢ ᠳᠤᠰᠬᠤᠨ︾᠂ ᠬᠠᠭᠤᠴᠢᠨ ᠰᠠᠭᠤᠭᠠᠯᠢ | ᠲᠤᠭᠤᠷᠢᠭ ᠤᠨ ᠦᠭᠡᠷᠡᠴᠢᠯᠡᠯᠲᠡ ᠶᠢ ᠡᠮᠬᠢ ᠴᠡᠭᠴᠡ ᠲᠠᠢ ᠠᠬᠢᠭᠤᠯᠵᠤ᠂ ᠢᠵᠢ ᠪᠦᠷᠢᠳᠦᠬᠦᠯᠬᠦ ᠲᠦᠬᠦᠬᠡᠷᠦᠮᠵᠢ ᠶᠢ | ᠳᠡᠬᠦᠯᠳᠡᠷᠵᠢᠬᠦᠯᠦᠨ᠂ ᠨᠦᠬᠦᠴᠡᠯ ᠲᠠᠢ ᠨᠢᠭᠡ ᠶᠢᠨ ᠬᠢᠨ ᠤ ᠴᠠᠬᠢᠯᠭᠠᠨ ᠱᠠᠳᠤ ᠨᠡᠮᠡᠵᠤ ᠤᠭᠰᠠᠷᠠᠬᠤ ᠶᠢ | ᠵᠤᠷᠢᠬᠵᠢᠭᠤᠯᠤᠨ᠎ᠠ᠃ ᠦᠶᠡᠷ ᠵᠠᠯᠠᠬᠤ ᠬᠤᠭᠤᠯᠠᠢ ᠳᠤᠤᠷ᠂ ᠭᠠᠵᠠᠷ ᠲᠤᠤᠷᠠᠬᠢ ᠶᠡᠷᠦᠩᠬᠡᠶᠢᠯᠡᠭᠰᠡᠨ ᠲᠠᠮᠵᠢᠭᠤᠯᠬᠤ | ᠬᠤᠭᠤᠯᠠᠢ ᠶᠢᠨ ᠬᠤᠩᠬᠢᠯ᠂ ᠬᠠᠶᠢᠮᠢᠶᠡᠨ ᠬᠤᠲᠠ ᠵᠡᠷᠭᠡ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠭᠤᠤᠯᠳᠠᠯᠭ᠎ᠠ ᠨᠢ ᠬᠦᠮᠦᠨ ᠳᠤ ᠪᠠᠶᠢᠭ᠎ᠠ ᠪᠤᠯᠬᠤᠷ | ᠨᠠᠷᠢᠯᠢᠬᠵᠢᠭᠰᠠᠨ ᠦᠢᠯᠡᠴᠢᠯᠡᠭᠡ ᠪᠠ ᠬᠦᠮᠦᠯᠢᠭ ᠬᠠᠮᠢᠶᠠᠷᠤᠯᠲᠠ ᠪᠠᠨ ᠴᠢᠩᠭᠠᠳᠬᠠᠵᠤ᠂ ᠬᠦᠮᠦᠨ ᠪᠦᠷᠢ ᠶᠢ ᠴᠦᠮ | ᠡᠷᠭᠡ ᠲᠡᠭᠰᠢ ᠪᠠᠷ ᠬᠦᠭᠵᠢᠬᠦ ᠲᠤᠬᠢᠶᠠᠯ ᠲᠠᠢ ᠪᠤᠯᠭᠠᠵᠤ᠂ ᠰᠠᠭᠤᠭᠠᠯᠢ ᠠᠷᠠᠳ ᠢ ᠲᠦᠬᠦᠮ ᠲᠦᠳᠡ᠂ ᠰᠡᠳᠬᠢᠯ | ᠲᠠᠭᠠᠲᠠᠢ ᠠᠮᠢᠳᠤᠷᠠᠭᠤᠯᠬᠤ ᠬᠡᠷᠡᠭᠲᠠᠢ᠃ | ︵ᠲᠤᠯᠤᠭ᠎ᠠ︶ ᠬᠡᠷᠡᠭᠯᠡᠭᠡ ᠶᠢ ᠢᠳᠡᠪᠬᠢᠲᠠᠢ ᠦᠷᠭᠡᠳᠭᠡᠨ ᠪᠦᠲᠦᠮᠵᠢᠲᠠᠢ ᠪᠡᠯᠡ ᠤᠷᠤᠭᠤᠯᠤᠯᠲᠠ ᠶᠢ | ᠢᠳᠡᠪᠬᠢᠲᠠᠢ ᠠᠬᠢᠭᠤᠯᠤᠨ᠎ᠠ᠃ ᠰᠠᠭᠤᠭᠠᠯᠢ ᠠᠷᠠᠳ ᠤᠨ ᠬᠡᠷᠡᠭᠴᠡᠭᠡᠨ ᠤ ᠰᠢᠨ᠎ᠡ ᠬᠤᠪᠢᠷᠠᠯᠲᠠ ᠳᠤ ᠵᠤᠬᠢᠴᠠᠭᠤᠯᠤᠨ | ᠬᠡᠷᠡᠭᠯᠡᠭᠡ ᠶᠢ ᠦᠷᠭᠡᠳᠭᠡᠵᠤ᠂ ᠪᠦᠲᠦᠴᠡ ᠶᠢ ᠲᠤᠬᠢᠷᠠᠭᠤᠯᠬᠤ ᠶᠢ ᠪᠤᠳᠤᠯᠬᠢᠯᠠᠨ ᠪᠡᠯᠡ ᠤᠷᠤᠭᠤᠯᠤᠯᠲᠠ ᠶᠢ | ᠨᠡᠮᠡᠭᠳᠡᠬᠦᠯᠵᠤ᠂ ᠬᠠᠨᠭ᠍ᠭᠠᠯᠭ᠎ᠠ ᠶᠢᠨ ᠪᠦᠲᠦᠴᠡ ᠶᠢ ᠰᠢᠯᠢᠳᠡᠭᠵᠢᠬᠦᠯᠬᠦ ᠪᠠ ᠶᠡᠷᠦᠩᠭᠡᠢ ᠬᠡᠷᠡᠭᠴᠡᠭᠡ ᠶᠢ ᠲᠤᠬᠢᠷᠠᠮᠵᠢᠲᠠᠢ | ᠦᠷᠭᠡᠳᠭᠡᠬᠦ ᠰᠠᠶᠢᠨ ᠤᠷᠴᠢᠯ ᠢ ᠪᠤᠢ ᠪᠤᠯᠭᠠᠨ᠎ᠠ᠃ | ᠠᠵᠤ ᠠᠬᠤᠢ ᠶᠢᠨ ᠬᠦᠭᠵᠢᠯᠲᠡ ᠳᠤ ᠦᠵᠡᠬᠦᠯᠬᠦ ᠬᠡᠷᠡᠭᠯᠡᠭᠡ ᠶᠢᠨ ᠰᠠᠭᠤᠷᠢᠯᠠᠬᠤ ᠴᠢᠨᠠᠷᠲᠠᠢ ᠦᠢᠯᠡᠳᠦᠯ ᠢ | ᠴᠢᠩᠭᠠᠳᠬᠠᠨ᠎ᠠ᠃ ᠬᠡᠷᠡᠭᠯᠡᠭᠡ ᠶᠢᠨ ᠲᠡᠰ ᠲᠡᠪᠰᠢᠬᠦ ᠶᠢ ᠠᠬᠢᠭᠤᠯᠵᠤ᠂ ᠬᠡᠷᠡᠭᠯᠡᠭᠡ ᠶᠢᠨ ᠰᠢᠨ᠎ᠡ ᠡᠵᠡᠩᠨᠡᠯᠳᠠ ᠶᠢᠨ | ᠬᠡᠯᠪᠡᠷᠢ ᠪᠠᠶᠢᠳᠠᠯ ᠰᠢᠨ᠎ᠡ ᠵᠠᠬᠪᠤᠷ ᠢ ᠬᠦᠭᠵᠢᠬᠦᠯᠦᠨ᠎ᠡ᠃ ᠰᠢᠨ᠎ᠡ ᠡᠨᠧᠷᠬᠢ ᠶᠢᠨ ᠰᠤᠷᠪᠤᠯᠵᠢ ᠭᠡᠷᠡᠭᠯᠡᠭᠦ ᠮᠠᠰᠢᠨ ᠲᠡᠷᠭᠡᠨ | ᠤ ᠲᠡᠷᠭᠡ ᠬᠦᠰᠭᠡ ᠬᠤᠳᠠᠯᠳᠤᠨ ᠠᠪᠬᠤ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠠᠬᠢᠨ ᠭᠤᠷᠪᠠᠨ | ᠵᠢᠯ ᠤᠷᠳᠤᠳᠬᠠᠵᠤ᠂ ᠭᠠᠷ ᠲᠠᠮᠵᠢᠬᠰᠠᠨ ᠮᠠᠰᠢᠨ ᠲᠡᠷᠭᠡ ᠶᠢ ᠤᠨᠳᠤᠤ ᠭᠠᠵᠠᠷ ᠤᠷᠤᠭᠤᠯᠬᠤ ᠶᠢ ᠬᠢᠵᠠᠭᠠᠷᠯᠠᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠦᠴᠦᠨ ᠦᠭᠡᠢ ᠪᠤᠯᠭᠠᠨ᠎ᠠ᠃ ᠨᠡᠶᠢᠭᠡᠮ ᠤᠨ ᠬᠦᠴᠦᠨ ᠤ ᠡᠮᠨᠡᠯᠭᠡ᠂ | ᠨᠠᠰᠤᠵᠢᠯ ᠤᠨ ᠠᠰᠠᠷᠠᠮᠵᠢ᠂ ᠰᠤᠷᠭᠠᠨ ᠬᠦᠮᠦᠵᠢᠯ᠂ ᠰᠤᠶᠤᠯ᠂ ᠪᠡᠶ᠎ᠡ ᠶᠢᠨ ᠲᠠᠮᠢᠷ ᠵᠡᠷᠭᠡ ᠦᠢᠯᠡᠴᠢᠯᠡᠭᠡᠨ ᠤ | ᠬᠠᠨᠭ᠍ᠭᠠᠯᠭ᠎ᠠ ᠪᠠᠨ ᠨᠡᠮᠡᠭᠳᠡᠬᠦᠯᠬᠦ ᠶᠢ ᠲᠡᠮᠵᠢᠨ᠎ᠡ᠃ ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠢ | ᠡᠬᠦᠳᠦᠨ ᠪᠠᠶᠢᠭᠤᠯᠵᠤ᠂ ᠤᠯᠤᠰ ᠤᠨ ᠦᠮᠴᠢᠯᠡᠯ ᠤᠨ ᠭᠤᠤᠯᠳᠠᠯᠭ᠎ᠠ ᠲᠠᠢ ᠦᠵᠡᠮᠵᠢᠳᠤ ᠤᠷᠤᠨ ᠤ ᠡᠬᠦᠳᠡᠨ ᠪᠢᠯᠧᠲ | ᠤᠨ ᠦᠨ᠎ᠡ ᠶᠢ ᠪᠠᠭᠤᠷᠠᠭᠤᠯᠤᠨ᠎ᠠ᠃ ᠰᠦᠯᠵᠢᠶᠡᠨ ᠤ ᠬᠤᠳᠠᠯᠳᠤᠭ᠎ᠠ᠂ ᠲᠦᠷᠭᠡᠨ ᠬᠦᠷᠭᠡᠯᠲᠡ ᠶᠢᠨ ᠡᠷᠡᠬᠦᠯ | ᠬᠦᠭᠵᠢᠯᠲᠡ ᠶᠢ ᠠᠬᠢᠭᠤᠯᠤᠨ᠎ᠠ᠃ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠡᠯ᠎ᠡ ᠲᠦᠷᠦᠯ ᠤᠨ ᠦᠢᠯᠡ | ᠠᠵᠢᠯᠯᠠᠭ᠎ᠠ ᠶᠢ ᠬᠠᠤᠯᠢ ᠶᠤᠰᠤᠭᠠᠷ ᠵᠠᠯᠬᠠᠭᠠᠨ ᠰᠢᠢᠳᠬᠡᠬᠦ ᠬᠡᠷᠡᠭᠳᠠᠢ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ | ᠦᠭᠡᠢ᠃ | ᠬᠠᠨᠭ᠍ᠭᠠᠯᠭ᠎ᠠ ᠶᠢᠨ ᠪᠦᠲᠦᠴᠡ ᠶᠢ ᠰᠢᠯᠢᠳᠡᠭᠵᠢᠬᠦᠯᠬᠦ ᠳᠤ ᠦᠵᠡᠬᠦᠯᠬᠦ ᠪᠡᠯᠡ ᠤᠷᠤᠭᠤᠯᠤᠯᠲᠠ ᠶᠢᠨ | ᠵᠠᠩᠬᠢᠯᠠᠭ᠎ᠠ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ᠃ ᠡᠨᠡ ᠵᠢᠯ ᠳᠡᠮᠦᠷ ᠵᠠᠮ ᠤᠨ ᠪᠠᠯᠠ ᠤᠷᠤᠭᠤᠯᠤᠯᠲᠠ ᠶᠢ | 7320 ᠳ᠋ᠦᠩᠰᠢᠭᠤᠷ ᠳᠦᠬᠦᠷᠢᠭ᠂ ᠵᠠᠰᠠᠮᠠᠯ ᠵᠠᠮ ᠤᠰᠤᠨ ᠲᠡᠭᠡᠭᠡᠪᠤᠷᠢ ᠶᠢᠨ ᠪᠠᠯᠠ ᠤᠷᠤᠭᠤᠯᠤᠯᠲᠠ ᠶᠢ 1.8 | ᠳᠦᠮᠡᠨ ᠳ᠋ᠦᠩᠰᠢᠭᠤᠷ ᠳᠦᠬᠦᠷᠢᠭ ᠤᠷᠴᠢᠮ ᠪᠡᠶᠡᠯᠡᠭᠦᠯᠵᠦ᠂ ᠪᠦᠲᠦᠭᠡᠨ ᠪᠠᠶᠢᠭᠤᠯᠵᠤ ᠪᠠᠶᠢᠭ᠎ᠠ ᠤᠰᠤᠨ | ᠠᠰᠢᠭᠯᠠᠯᠲᠠ ᠶᠢᠨ ᠪᠡᠯᠡ ᠤᠷᠤᠭᠤᠯᠤᠯᠲᠠ ᠶᠢᠨ ᠬᠡᠪᠴᠢᠶ᠎ᠠ ᠶᠢ 1 ᠲᠦᠮᠡᠨ ᠳ᠋ᠦᠩᠰᠢᠭᠤᠷ ᠲᠦᠬᠦᠷᠢᠭ ᠲᠤ ᠬᠦᠷᠭᠡᠨ᠎ᠡ᠃ | ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠲᠤᠮᠳᠠ ᠬᠡᠰᠡᠭ | ᠪᠠᠷᠠᠭᠤᠨ ᠬᠡᠰᠡᠭ ᠤᠨ ᠭᠠᠵᠠᠷ ᠤᠷᠤᠨ ᠲᠡᠰᠢ ᠬᠡᠯᠪᠡᠶᠢᠯᠭᠡᠨ᠎ᠡ᠃ ᠰᠢᠨ᠎ᠡ ᠨᠢᠭᠡ ᠡᠭᠡᠯᠵᠢ ᠶᠢᠨ ᠴᠢᠬᠤᠯᠠ ᠶᠡᠭᠡ ᠮᠡᠷᠭᠡᠵᠢᠯ | ᠤᠨ ᠦᠭᠡᠷᠡᠴᠢᠯᠡᠯᠲᠡ ᠬᠢᠵᠦ ᠳᠡᠰ ᠳᠡᠪᠰᠢᠬᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ ᠲᠦᠪ ᠤᠨ ᠲᠦᠰᠦᠪ ᠤᠨ | ᠲᠤᠳᠤᠷᠠᠬᠢ ᠪᠡᠯᠡ ᠤᠷᠤᠭᠤᠯᠤᠯᠲᠠ ᠶᠢ 5376 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠢᠳᠤᠨᠤᠨ ᠤ ᠬᠢ ᠠᠴᠠ | 300 ᠳ᠋ᠦᠩᠰᠢᠭᠤᠷ ᠲᠦᠬᠦᠷᠢᠭ ᠨᠡᠮᠡᠭᠳᠡᠬᠦᠯᠦᠨ᠎ᠡ᠃ ᠠᠷᠠᠳ ᠤᠨ ᠪᠡᠯᠡ ᠤᠷᠤᠭᠤᠯᠤᠯᠲᠠ ᠶᠢ ᠵᠤᠷᠢᠬᠵᠢᠭᠤᠯᠬᠤ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠡᠮᠦᠷ ᠵᠠᠮ᠂ ᠠᠷᠠᠳ ᠤᠨ ᠠᠭᠠᠷ ᠤᠨ | ᠲᠡᠭᠡᠭᠡᠪᠤᠷᠢ᠂ ᠲᠤᠰᠤ ᠬᠡᠢ᠂ ᠴᠠᠬᠢᠯᠭᠠᠨ ᠬᠤᠯᠪᠤᠭ᠎ᠠ ᠵᠡᠷᠭᠡ ᠬᠦᠷᠢᠶ᠎ᠡ ᠳᠤ ᠨᠢᠭᠡ ᠪᠦᠯᠦᠭ ᠲᠠᠳᠠᠬᠤ ᠬᠦᠴᠦᠨ ᠪᠦᠬᠦᠢ | ᠵᠦᠢᠯᠡᠰ ᠢ ᠬᠡᠷᠡᠭᠵᠢᠬᠦᠯᠵᠤ᠂ ᠠᠷᠠᠳ ᠤᠨ ᠬᠦᠷᠦᠩᠭᠡ ᠶᠢ ᠡᠷᠬᠡᠪᠰᠢ ᠡᠳᠡᠭᠡᠷ ᠬᠦᠷᠢᠶᠡᠨ ᠳᠤ ᠤᠷᠤᠵᠤ ᠢᠷᠡᠵᠤ | ᠲᠡᠶᠢᠯᠬᠦ ᠮᠦᠷᠲᠡᠭᠡᠨ ᠬᠦᠭᠵᠢᠵᠤ ᠲᠡᠶᠢᠯᠬᠦ ᠪᠤᠯᠭᠠᠬᠤ ᠬᠡᠷᠡᠭᠳᠠᠢ᠃ | ︵ᠨᠠᠢᠮᠠ︶ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠤᠨ᠎ᠠ᠃ | ᠨᠡᠭᠡᠭᠡᠯᠲᠡ ᠬᠢᠬᠦ ᠬᠦᠷᠢᠶ᠎ᠠ ᠬᠡᠪᠴᠢᠶ᠎ᠡ ᠪᠠ ᠲᠡᠰ ᠲᠠᠪᠬᠤᠷᠭ᠎ᠠ ᠶᠢ ᠤᠯᠠᠮ ᠨᠢᠭᠡ ᠠᠯᠬᠤᠮ ᠦᠷᠭᠡᠳᠭᠡᠨ᠂ | ᠨᠡᠭᠡᠭᠡᠯᠲᠡ ᠶᠢᠨ ᠪᠦᠲᠦᠴᠡ ᠪᠠᠶᠢᠷᠢᠯᠠᠭᠤᠯᠤᠯᠲᠠ ᠪᠠ ᠪᠠᠶᠢᠭᠤᠯᠤᠯ ᠤᠨ ᠲᠤᠭᠲᠠᠴᠠ ᠶᠢ ᠲᠡᠬᠦᠯᠳᠡᠷᠵᠢᠬᠦᠯᠵᠤ᠂ ᠦᠨᠳᠤᠷ | ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ᠃ | ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭ᠎ᠠ ᠶᠢ ᠠᠬᠢᠭᠤᠯᠤᠨ᠎ᠠ᠃ ᠬᠠᠮᠳᠤ ᠪᠠᠷ | ᠵᠦᠪᠳᠡᠯᠴᠡᠬᠦ ᠬᠠᠮᠳᠤ ᠪᠠᠷ ᠪᠠᠶᠢᠭᠤᠯᠬᠤ ᠬᠠᠮᠳᠤ ᠪᠠᠷ ᠡᠳ᠋ᠯᠡᠬᠦ ᠶᠢ ᠪᠠᠷᠢᠮᠳᠠᠯᠠᠵᠤ᠂ ︽ᠨᠢᠭᠡ ᠪᠦᠰᠡ ᠨᠢᠭᠡ ᠵᠠᠮ︾ ᠤᠨ | ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠦᠳ ᠤᠨ ᠶᠠᠷᠢᠯᠴᠠᠭᠠᠨ ᠤ ᠲᠠᠪᠴᠠᠩ ᠤᠨ ᠦᠷ᠎ᠡ ᠪᠦᠲᠦᠭᠡᠯ ᠢ | ᠨᠠᠶᠢᠳᠠᠪᠤᠷᠢᠵᠢᠭᠤᠯᠤᠨ᠎ᠠ᠃ ᠤᠯᠠᠨ ᠤᠯᠤᠰ ᠤᠨ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠮ | ᠲᠠᠭᠠᠤ ᠶᠢᠨ ᠪᠤᠭᠤᠮᠳᠠ ᠪᠠᠷ ᠲᠦᠷᠭᠡᠨ ᠦᠡᠭᠭᠡᠷᠡᠬᠦᠯᠬᠦ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠦᠨ᠎ᠡ᠃ ᠤᠯᠠᠨ ᠤᠯᠤᠰ | ᠤᠨ ᠦᠢᠯᠡᠳᠪᠤᠷᠢᠯᠡᠬᠦ ᠴᠢᠳᠠᠪᠤᠷᠢ ᠶᠢᠨ ᠬᠠᠮᠳᠤᠷᠠᠯᠴᠠᠭ᠎ᠠ ᠶᠢ ᠦᠷᠭᠡᠳᠭᠡᠵᠤ᠂ ᠲᠤᠮᠳᠠᠳᠤ ᠤᠯᠤᠰ ᠤᠨ ᠦᠢᠯᠡᠳᠬᠦ | ᠦᠢᠯᠡᠰ ᠪᠠ ᠲᠤᠮᠳᠠᠳᠤ ᠤᠯᠤᠰ ᠤᠨ ᠦᠢᠯᠡᠴᠢᠯᠡᠭᠡ ᠶᠢᠨ ᠭᠠᠳᠠᠭᠰᠢ ᠭᠠᠷᠬᠤ ᠶᠢ ᠲᠠᠶᠢᠴᠢᠯᠠᠨ᠎ᠠ᠃ ᠭᠠᠳᠠᠭᠠᠳᠤ ᠪᠡᠯᠡ | ᠤᠷᠤᠭᠤᠯᠤᠯᠲᠠ ᠶᠢᠨ ᠪᠦᠳᠦᠴᠡ ᠶᠢ ᠰᠢᠯᠢᠳᠡᠭᠵᠢᠬᠦᠯᠦᠨ᠎ᠡ᠃ ᠪᠠᠷᠠᠭᠤᠨ ᠬᠡᠰᠡᠭ ᠤᠨ ᠭᠠᠵᠠᠷ ᠤᠷᠤᠨ᠂ ᠳᠤᠳᠤᠭᠠᠳᠤ | ᠬᠠᠭᠤᠷᠠᠢ ᠪᠠ ᠬᠢᠯᠢ ᠳᠠᠭᠠᠤ ᠤᠷᠤᠨ ᠤ ᠨᠡᠭᠡᠭᠡᠯᠲᠡ ᠬᠢᠬᠦ ᠡᠷᠴᠢᠮ ᠢ ᠴᠢᠩᠭᠠᠷᠠᠭᠤᠯᠤᠨ᠂ ᠬᠢᠯᠢ ᠬᠢᠵᠠᠭᠠᠷ ᠤᠨ ᠬᠢᠯᠢ | ᠠᠯᠤᠰᠯᠠᠭᠰᠠᠨ ᠠᠵᠤ ᠠᠬᠤᠢ ᠶᠢᠨ ᠬᠠᠮᠳᠤᠷᠠᠯᠴᠠᠭᠠᠨ ᠤ ᠣᠷᠣᠨ ᠤ ᠬᠥᠭᠵᠢᠯᠲᠡ ᠶᠢᠨ ᠲᠥᠪᠰᠢᠨ ᠢ ᠳᠡᠭᠡᠭᠰᠢᠯᠡᠭᠦᠯᠵᠦ | ᠂ ᠨᠡᠭᠡᠭᠡᠯᠲᠡ ᠬᠢᠵᠦ ᠬᠠᠮᠳᠤᠷᠠᠨ ᠠᠵᠢᠯᠯᠠᠬᠤ ᠰᠢᠨ᠎ᠡ ᠤᠷᠤᠨ ᠵᠠᠢ ᠶᠢ ᠥᠷᠭᠡᠳᠬᠡᠨ᠎ᠡ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠲᠠ ᠶᠢᠨ ᠲᠤᠭᠲᠠᠭᠤᠨ ᠢᠶᠠᠷ ᠨᠡᠮᠡᠭᠳᠡᠬᠦ ᠶᠢ | ᠠᠬᠢᠭᠤᠯᠤᠨ᠎ᠠ᠃ ᠤᠯᠠᠨ ᠤᠯᠤᠰ ᠤᠨ ᠨᠡᠶᠢᠳᠡᠮ ᠬᠡᠷᠡᠭᠯᠡᠬᠦ ᠠᠵᠤ ᠠᠬᠤᠢ ᠠᠷᠠᠯᠵᠢᠶᠠᠨ ᠤ ᠲᠦᠷᠢᠮ ᠲᠠᠢ | ᠵᠤᠯᠭᠠᠭᠤᠯᠬᠤ ᠶᠢ ᠴᠢᠩᠭᠠᠳᠬᠠᠵᠤ᠂ ᠲᠡᠯᠡᠭᠡᠢ ᠶᠢᠨ ᠲᠡᠷᠢᠬᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠤᠷᠴᠢᠨ | ᠨᠦᠬᠦᠴᠡᠯ ᠢ ᠪᠠᠶᠢᠭᠤᠯᠤᠨ᠎ᠠ᠃ ᠡᠩ ᠤᠨ ᠦᠢᠯᠡᠳᠬᠦ ᠦᠢᠯᠡᠰ ᠢ ᠪᠦᠬᠦ ᠲᠠᠯ᠎ᠠ ᠪᠠᠷ ᠴᠢᠯᠦᠭᠡᠲᠠᠢ ᠪᠤᠯᠭᠠᠵᠤ᠂ | ᠴᠠᠬᠢᠯᠭᠠᠨ ᠬᠤᠯᠪᠤᠭ᠎ᠠ᠂ ᠡᠮᠨᠡᠯᠭᠡ᠂ ᠰᠤᠷᠭᠠᠨ ᠬᠦᠮᠦᠵᠢᠯ᠂ ᠨᠠᠰᠤᠵᠢᠯ ᠤᠨ ᠠᠰᠠᠷᠠᠮᠵᠢ᠂ ᠰᠢᠨ᠎ᠡ ᠡᠨᠧᠷᠬᠢ ᠶᠢᠨ | ᠰᠤᠷᠪᠤᠯᠵᠢ ᠭᠡᠷᠡᠭᠯᠡᠭᠦ ᠮᠠᠰᠢᠨ ᠲᠡᠷᠭᠡ ᠵᠡᠷᠭᠡ ᠬᠦᠷᠢᠶᠡᠨ ᠤ ᠨᠡᠭᠡᠭᠡᠯᠲᠡ ᠶᠢ ᠦᠷᠭᠡᠳᠭᠡᠨ᠎ᠡ᠃ ᠪᠠᠩᠬᠢ ᠶᠢᠨ ᠺᠠᠷᠲ ᠢ | ᠢᠯᠭᠠᠷᠠᠭᠤᠯᠤᠨ ᠪᠤᠳᠤᠬᠤ ᠵᠡᠷᠭᠡ ᠵᠠᠬ᠎ᠠ ᠲᠡᠯᠭᠡᠬᠦᠷ ᠲᠤ ᠡᠮᠬᠢ ᠴᠡᠭᠴᠡ ᠲᠠᠢ ᠪᠠᠷ ᠨᠡᠭᠡᠭᠡᠯᠲᠡ ᠬᠢᠵᠦ᠂ ᠭᠠᠳᠠᠭᠠᠳᠤ | ᠪᠡᠯᠡ ᠶᠢᠨ ᠲᠠᠭᠠᠳᠬᠠᠯ ᠤᠨ ᠵᠠᠭᠤᠴᠢ ᠺᠤᠮᠫᠠᠨᠢ ᠶᠢᠨ ᠡᠵᠡᠩᠨᠡᠬᠦ ᠬᠡᠪᠴᠢᠶ᠎ᠡ ᠶᠢ ᠬᠢᠵᠠᠭᠠᠷᠯᠠᠬᠤ ᠦᠭᠡᠢ ᠪᠤᠯᠭᠠᠵᠤ᠂ | ᠪᠠᠩᠬᠢ᠂ ᠦᠨᠡᠳᠤ ᠲᠡᠮᠳᠡᠭᠳᠤ᠂ ᠰᠠᠭᠤᠷᠢ ᠮᠦᠡᠭᠬᠦᠨ ᠤ ᠬᠠᠮᠢᠶᠠᠷᠤᠯᠲᠠ᠂ ᠬᠤᠭᠤᠴᠠᠭᠠᠳᠤ ᠪᠠᠷᠠᠭ᠎ᠠ᠂ ᠮᠦᠡᠭᠬᠦᠨ | ᠬᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠤᠮᠫᠠᠨᠢ ᠵᠡᠷᠭᠡ ᠳᠠᠬᠢ ᠭᠠᠳᠠᠭᠠᠳᠤ ᠪᠡᠯᠡ ᠶᠢᠨ ᠬᠤᠪᠢ | ᠣᠷᠣᠭᠤᠯᠬᠤ ᠬᠠᠷᠢᠴᠠᠯ ᠤᠨ ᠬᠢᠵᠠᠭᠠᠷᠯᠠᠯ ᠢ ᠠᠭᠤᠵᠢᠭᠤ ᠪᠤᠯᠭᠠᠬᠤ ᠪᠤᠶᠤ ᠬᠦᠴᠦᠨ ᠦᠭᠡᠢ ᠪᠤᠯᠭᠠᠵᠤ᠂ ᠳᠤᠮᠳᠠᠳᠤ | ᠭᠠᠳᠠᠭᠠᠳᠤ ᠪᠡᠯᠡ ᠶᠢᠨ ᠪᠠᠩᠬᠢ ᠶᠢᠨ ᠵᠠᠬ᠎ᠠ ᠳᠡᠯᠬᠡᠬᠦᠷ ᠲᠤ ᠤᠷᠤᠬᠤ ᠵᠦᠪᠰᠢᠶᠡᠷᠡᠯ ᠤᠨ ᠪᠠᠷᠢᠮᠵᠢᠶ᠎ᠠ ᠶᠢ ᠨᠢᠬᠡᠳᠬᠡᠨ᠎ᠡ᠃ | ᠬᠢᠯᠢ ᠶᠢᠨ ᠭᠠᠳᠠᠨᠠᠬᠢ ᠪᠡᠯᠡ ᠤᠷᠤᠭᠤᠯᠤᠭᠴᠢ ᠬᠢᠯᠢ ᠶᠢᠨ ᠲᠤᠳᠤᠷᠠᠬᠢ ᠠᠰᠢᠭ ᠤᠷᠤᠯᠭ᠎ᠠ ᠪᠠᠷ ᠢᠶᠠᠨ ᠲᠠᠬᠢᠨᠳᠠ ᠪᠡᠯᠡ | ᠤᠷᠤᠭᠤᠯᠪᠠᠯ ᠭᠠᠶᠢᠯᠢ ᠲᠤᠰᠢᠶᠠᠬᠤ ᠶᠢ ᠨᠢ ᠲᠠᠷᠠᠭᠠᠯᠠᠨ ᠬᠤᠶᠢᠰᠢᠯᠠᠭᠤᠯᠬᠤ ᠲᠦᠷᠢᠮ ᠢ ᠬᠡᠷᠡᠭᠵᠢᠬᠦᠯᠦᠨ᠎ᠡ᠃ | ᠭᠠᠳᠠᠭᠠᠳᠤ ᠪᠡᠯᠡ ᠶᠢᠨ ᠠᠵᠤ ᠠᠬᠤᠶᠢᠯᠠᠯ ᠪᠠᠶᠢᠭᠤᠯᠬᠤ ᠵᠢᠷᠤᠮ ᠢ ᠬᠢᠯᠪᠠᠷᠴᠢᠯᠠᠵᠤ᠂ ᠬᠤᠳᠠᠯᠳᠤᠭᠠᠨ ᠤ ᠶᠠᠪᠤᠳᠠᠯ ᠤᠨ | ᠪᠦᠷᠢᠳᠭᠡᠯ ᠪᠠ ᠦᠢᠯᠡᠳᠪᠤᠷᠢ ᠬᠤᠳᠠᠯᠳᠤᠭᠠᠨ ᠤ ᠲᠠᠩᠰᠠᠯᠠᠯᠲᠠ ᠶᠢ ︽ᠨᠢᠭᠡ ᠯᠡ ᠴᠤᠩᠬᠤ ᠪᠠᠷ ᠬᠦᠢᠴᠡᠳᠭᠡᠨ᠎ᠡ︾᠃ | ᠴᠢᠯᠦᠭᠡᠳᠤ ᠠᠷᠠᠯᠵᠢᠶᠠᠨ ᠤ ᠲᠤᠷᠰᠢᠯᠲᠠ ᠶᠢᠨ ᠤᠷᠤᠨ ᠤ ᠳᠤᠷᠰᠢᠯᠭ᠎ᠠ ᠶᠢ ᠪᠦᠬᠦ ᠲᠠᠯ᠎ᠠ ᠪᠠᠷ ᠬᠠᠭᠤᠯᠪᠤᠷᠢᠯᠠᠨ | ᠳᠡᠯᠬᠡᠷᠡᠬᠦᠯᠵᠦ᠂ ᠴᠢᠯᠦᠭᠡᠳᠤ ᠠᠷᠠᠯᠵᠢᠶᠠᠨ ᠤ ᠭᠠᠷᠠᠮ ᠢ ᠰᠦᠪᠡᠭᠴᠢᠯᠡᠨ ᠪᠠᠶᠢᠭᠤᠯᠵᠤ᠂ ᠦᠭᠡᠷᠡᠴᠢᠯᠡᠯᠲᠡ | ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ ᠢ ᠪᠤᠢ ᠪᠤᠯᠭᠠᠨ᠎ᠠ᠃ | ᠭᠠᠳᠠᠭᠠᠳᠤ ᠠᠷᠠᠯᠵᠢᠶᠠᠨ ᠤ ᠲᠤᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠬᠠᠨᠳᠤᠰᠢ ᠶᠢ | ᠪᠠᠬᠢᠵᠢᠬᠦᠯᠦᠨ᠎ᠡ᠃ ᠭᠠᠳᠠᠭᠠᠳᠤ ᠭᠠᠷᠭᠠᠯᠳᠠ ᠶᠢᠨ ᠢᠳᠡᠭᠡᠮᠵᠢ ᠶᠢᠨ ᠲᠠᠭᠠᠳᠬᠠᠯ ᠤᠨ ᠬᠠᠮᠤᠷᠬᠤ ᠬᠡᠪᠴᠢᠶ᠎ᠠ ᠶᠢ | ᠦᠷᠭᠡᠳᠭᠡᠨ᠂ ᠪᠤᠭᠤᠮᠳᠠ ᠦᠡᠭᠭᠡᠷᠡᠬᠦ ᠪᠦᠬᠦ ᠴᠠᠭ ᠢ ᠲᠠᠬᠢᠨ 1/3 ᠪᠠᠷ ᠪᠤᠭᠤᠨᠢᠰᠬᠠᠨ᠎ᠠ᠃ ᠦᠢᠯᠡᠴᠢᠯᠡᠭᠡᠨ ᠤ | ᠠᠷᠠᠯᠵᠢᠶ᠎ᠠ ᠶᠢᠨ ᠬᠦᠭᠵᠢᠯᠳᠠ ᠶᠢᠨ ᠳᠤᠭᠳᠠᠴᠠ ᠶᠢ ᠦᠬᠡᠷᠡᠴᠢᠯᠡᠨ᠎ᠡ᠃ ᠠᠷᠠᠯᠵᠢᠶᠠᠨ ᠤ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠰᠢᠨ᠎ᠡ ᠵᠠᠬᠪᠤᠷ ᠢ ᠪᠤᠶᠢᠵᠢᠭᠤᠯᠤᠨ᠎ᠠ᠃ ᠪᠤᠯᠪᠠᠰᠤᠷᠠᠭᠤᠯᠬᠤ ᠠᠷᠠᠯᠵᠢᠶ᠎ᠠ ᠶᠢᠨ ᠲᠤᠮᠳᠠ ᠬᠡᠰᠡᠭ | ᠪᠠᠷᠠᠭᠤᠨ ᠬᠡᠰᠡᠭ ᠤᠨ ᠭᠠᠵᠠᠷ ᠤᠷᠤᠨ ᠲᠡᠰᠢ ᠱᠠᠳᠤᠯᠠᠨ ᠰᠢᠯᠵᠢᠬᠦ ᠶᠢ ᠠᠬᠢᠭᠤᠯᠤᠨ᠎ᠠ᠃ ᠭᠠᠳᠠᠭᠠᠳᠤ | ᠤᠷᠤᠭᠤᠯᠤᠯᠲᠠ ᠶᠢ ᠢᠳᠡᠪᠬᠢᠲᠠᠢ ᠦᠷᠭᠡᠳᠭᠡᠨ᠂ ᠠᠩᠬᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ | ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠢ ᠰᠠᠶᠢᠳᠤᠷ ᠡᠷᠬᠢᠯᠡᠵᠤ᠂ ᠮᠠᠰᠢᠨ ᠲᠡᠷᠭᠡ᠂ ᠬᠡᠰᠡᠭ | ᠡᠳᠤᠷ ᠲᠤᠳᠤᠮ ᠤᠨ ᠬᠡᠷᠡᠭᠯᠡᠭᠡᠨ ᠤ ᠵᠦᠢᠯ ᠵᠡᠷᠭᠡ ᠶᠢᠨ ᠭᠠᠳᠠᠭᠠᠳᠤ ᠠᠴᠠ ᠤᠷᠤᠭᠤᠯᠬᠤ ᠪᠤᠭᠤᠮᠲᠠ ᠶᠢᠨ ᠭᠠᠶᠢᠯᠢ ᠶᠢ | ᠪᠠᠭᠤᠷᠠᠭᠤᠯᠤᠨ᠎ᠠ᠃ ᠪᠢᠳᠡ ᠨᠡᠩ ᠡᠷᠴᠢᠮᠲᠠᠢ ᠵᠠᠬ᠎ᠠ ᠲᠡᠯᠭᠡᠬᠦᠷ ᠤᠨ ᠨᠡᠭᠡᠭᠡᠯᠲᠡ ᠪᠠᠷ ᠠᠵᠤ ᠦᠢᠯᠡᠰ ᠤᠨ ᠳᠡᠰ | ᠳᠠᠪᠰᠢᠯᠳᠠ ᠪᠠ ᠠᠷᠠᠯᠵᠢᠶᠠᠨ ᠤ ᠳᠡᠩᠴᠡᠬᠦᠷᠢᠳᠠᠢ ᠬᠦᠭᠵᠢᠯᠳᠠ ᠶᠢ ᠠᠬᠢᠭᠤᠯᠵᠤ᠂ ᠬᠡᠷᠡᠭᠯᠡᠭᠴᠢᠳ ᠲᠤ ᠨᠡᠩ ᠤᠯᠠᠨ | ᠰᠤᠩᠭᠤᠯᠲᠠ ᠶᠢ ᠬᠠᠨᠭ᠍ᠭᠠᠬᠤ ᠬᠡᠷᠡᠭᠲᠠᠢ᠃ | ᠠᠷᠠᠯᠵᠢᠶ᠎ᠠ ᠪᠤᠯᠤᠨ ᠪᠡᠯᠡ ᠤᠷᠤᠭᠤᠯᠤᠯᠳᠡ ᠶᠢ ᠴᠢᠯᠣᠭᠡᠳᠡᠢ ᠪᠤᠯᠭᠠᠬᠤ ᠪᠠ ᠲᠥᠭᠦᠮ ᠲᠦᠳᠡ ᠪᠤᠯᠭᠠᠬᠤ ᠶᠢ | ᠠᠬᠢᠭᠤᠯᠤᠨ᠎ᠠ᠃ ᠲᠤᠮᠳᠠᠳᠤ ᠤᠯᠤᠰ ᠠᠵᠤ ᠠᠬᠤᠢ ᠶᠢᠨ ᠲᠡᠯᠡᠭᠡᠶᠢᠴᠢᠯᠡᠯᠲᠡ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠴᠢᠯᠦᠭᠡᠳᠤ ᠠᠷᠠᠯᠵᠢᠶ᠎ᠠ ᠶᠢ ᠬᠠᠮᠠᠭᠠᠯᠠᠨ᠂ ᠲᠤᠷᠠᠳᠠᠶ᠎ᠠ ᠬᠤᠯᠪᠤᠭᠳᠠᠯ ᠪᠦᠬᠦᠢ ᠲᠠᠯ᠎ᠠ ᠶᠢᠨ ᠬᠢᠨ ᠲᠠᠢ | ᠤᠯᠠᠨ ᠲᠠᠯᠠᠳᠤ ᠠᠷᠠᠯᠵᠢᠶᠠᠨ ᠤ ᠬᠡᠯᠡᠯᠴᠡᠭᠡ ᠪᠠᠨ ᠴᠠᠭᠠᠰᠢᠳᠠ ᠠᠬᠢᠭᠤᠯᠵᠤ᠂ ᠤᠷᠤᠨ ᠪᠦᠰᠡ ᠶᠢᠨ ᠪᠦᠬᠦ ᠲᠠᠯ᠎ᠠ ᠶᠢᠨ | ᠠᠵᠤ ᠠᠬᠤᠢ ᠶᠢᠨ ᠬᠠᠨᠢᠳᠠᠨ ᠤ ᠬᠠᠷᠢᠴᠠᠭ᠎ᠠ ᠶᠢᠨ ᠬᠡᠯᠡᠯᠴᠡᠭᠡᠷ ᠤᠨ ᠲᠤᠬᠠᠢ ᠬᠡᠯᠡᠯᠴᠡᠭᠡ ᠶᠢ ᠡᠷᠳᠡᠭᠡᠨ ᠲᠠᠭᠤᠰᠬᠠᠵᠤ᠂ | ᠠᠽᠢᠶ᠎ᠠ ᠨᠤᠮᠤᠬᠠᠨ ᠲᠠᠯᠠᠢ ᠶᠢᠨ ᠴᠢᠯᠤᠭᠡᠳᠤ ᠠᠷᠠᠯᠵᠢᠶᠠᠨ ᠤ ᠤᠷᠤᠨ ᠪᠠ ᠵᠡᠬᠦᠨ ᠠᠽᠢᠶ᠎ᠠ ᠶᠢᠨ ᠠᠵᠤ ᠠᠬᠤᠢ ᠶᠢᠨ | ᠬᠠᠮᠳᠤ ᠶᠢᠨ ᠴᠤᠭᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠠ᠃ ᠲᠤᠮᠳᠠᠳᠤ ᠤᠯᠤᠰ ᠡᠷᠭᠡ ᠲᠡᠭᠰᠢ | ᠵᠦᠪᠳᠡᠯᠴᠡᠬᠦ ᠪᠠᠷ ᠲᠠᠮᠵᠢᠨ ᠠᠷᠠᠯᠵᠢᠶᠠᠨ ᠤ ᠮᠠᠷᠭᠤᠯᠳᠤᠭᠠᠨ ᠢ ᠰᠢᠢᠳᠪᠤᠷᠢᠯᠡᠬᠦ ᠶᠢ ᠵᠤᠷᠢᠵᠤ᠂ ᠠᠷᠠᠯᠵᠢᠶᠠᠨ ᠤ | ᠬᠠᠮᠠᠭᠠᠯᠠᠬᠤ ᠦᠵᠡᠯ ᠢ ᠡᠰᠡᠷᠬᠦᠴᠡᠨ᠂ ᠦᠪᠡᠷ ᠤᠨ ᠢᠶᠠᠨ ᠬᠠᠤᠯᠢ ᠶᠤᠰᠤᠨ ᠤ ᠡᠷᠭᠡ ᠠᠰᠢᠭ ᠢ ᠡᠷᠡᠰ ᠬᠠᠮᠠᠭᠠᠯᠠᠨ᠎ᠠ᠃ | ︵ᠶᠢᠰᠦ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠬᠡᠮᠵᠢᠶ᠎ᠡ ᠪᠠᠨ ᠲᠡᠭᠡᠭᠰᠢᠯᠡᠬᠦᠯᠦᠨ᠎ᠡ᠃ | ᠬᠦᠭᠵᠢᠬᠦᠯᠦᠭᠰᠡᠨ ᠰᠠᠭᠤᠷᠢᠨ ᠲᠡᠭᠡᠷ᠎ᠡ ᠠᠷᠠᠳ ᠲᠤ ᠠᠰᠢᠭᠲᠠᠢ ᠪᠤᠳᠠᠲᠠᠢ ᠶᠠᠪᠤᠳᠠᠯ ᠢ ᠢᠯᠡᠬᠦᠭᠡᠨ ᠬᠢᠵᠤ᠂ ᠠᠷᠠᠳ ᠤᠨ | ᠠᠮᠢᠳᠤᠷᠠᠯ ᠤᠨ ᠬᠦᠴᠢᠷᠲᠡᠢ ᠠᠰᠠᠭᠤᠳᠠᠯ ᠢ ᠢᠯᠡᠬᠦᠭᠡᠨ ᠰᠢᠢᠳᠪᠤᠷᠢᠯᠡᠵᠤ᠂ ᠠᠷᠠᠳ ᠤᠨ ᠠᠮᠢᠳᠤᠷᠠᠯ ᠢ ᠪᠠᠳᠤᠯᠠᠬᠤ | ᠬᠢᠵᠠᠭᠠᠷ ᠱᠤᠭᠤᠮ ᠢ ᠪᠠᠳᠤ ᠰᠠᠬᠢᠵᠤ᠂ ᠠᠷᠠᠳ ᠤᠯᠠᠨ ᠤ ᠠᠰᠢᠭ ᠬᠦᠷᠲᠡᠭᠰᠡᠨ ᠲᠦᠷᠦᠭᠳᠡᠯ᠂ ᠵᠤᠯ ᠵᠢᠷᠭᠠᠯ ᠤᠨ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠬᠦᠯᠭᠦ ᠭᠡᠷᠡᠭᠲᠡᠢ᠃ | ᠠᠵᠢᠯ ᠤᠯᠭᠤᠬᠤ ᠪᠠ ᠠᠳᠠᠯ ᠦᠢᠯᠡᠰ ᠴᠤᠭᠴᠠᠯᠠᠬᠤ ᠶᠢ ᠬᠦᠴᠦᠯᠡᠨ ᠠᠬᠢᠭᠤᠯᠤᠨ᠎ᠠ᠃ ᠪᠦᠬᠦ ᠲᠠᠯ᠎ᠠ ᠶᠢᠨ | ᠤᠯᠠᠨ ᠨᠡᠶᠢᠲᠡ ᠶᠢᠨ ᠠᠵᠢᠯ ᠤᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠤᠯᠪᠠᠰᠤᠷᠠᠭᠤᠯᠤᠯ ᠢ ᠶᠡᠭᠡ ᠬᠡᠪᠴᠢᠶ᠎ᠡ ᠪᠠᠷ ᠦᠷᠨᠢᠬᠦᠯᠦᠨ᠂ ︽ᠢᠨᠲ᠋ᠧᠷ ᠰᠦᠯᠵᠢᠶ᠎ᠡ +︾ ᠶᠢ | ᠠᠰᠢᠭᠯᠠᠨ ᠠᠵᠢᠯ ᠤᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠬᠦᠭᠵᠢᠬᠦᠯᠦᠨ᠎ᠡ᠃ ᠡᠨᠡ ᠵᠢᠯ ᠤᠨ ᠶᠡᠭᠡ ᠲᠡᠭᠡᠳᠤ | ᠰᠤᠷᠭᠠᠭᠤᠯᠢ ᠲᠡᠭᠦᠰᠬᠦ ᠰᠤᠷᠤᠭᠴᠢ 820 ᠭᠠᠷᠤᠢ ᠲᠦᠮᠡᠨ ᠬᠦᠮᠦᠨ ᠪᠠᠶᠢᠵᠤ᠂ ᠳᠡᠤᠬᠡᠨ ᠰᠢᠨ᠎ᠠ ᠳᠡᠮᠳᠡᠭᠯᠡᠯ ᠢ | ᠡᠬᠦᠳᠬᠦ ᠪᠤᠯᠬᠤᠷ ᠤᠯᠠᠨ ᠠᠷᠭ᠎ᠠ ᠵᠠᠮ ᠢᠶᠠᠷ ᠠᠵᠢᠯ ᠤᠯᠭᠤᠬᠤ ᠶᠢ ᠠᠬᠢᠭᠤᠯᠵᠤ᠂ ᠠᠳᠠᠯ ᠦᠢᠯᠡᠰ ᠴᠤᠭᠴᠠᠯᠠᠬᠤ ᠪᠠᠷ | ᠠᠵᠢᠯ ᠤᠯᠭᠤᠯᠲᠠ ᠶᠢ ᠲᠠᠶᠢᠴᠢᠯᠠᠬᠤ ᠶᠢ ᠲᠡᠮᠵᠢᠬᠦ ᠬᠡᠷᠡᠭᠳᠠᠢ᠃ ᠴᠡᠷᠢᠭ ᠤᠨ ᠠᠯᠪᠠᠨ ᠠᠴᠠ ᠪᠠᠭᠤᠭᠰᠠᠳ ᠢ | ᠲᠦᠪᠬᠢᠨᠡᠬᠦᠯᠬᠦ᠂ ᠬᠠᠮᠢᠶᠠᠷᠬᠤ ᠪᠠ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠪᠠᠷ ᠰᠠᠶᠢᠳᠤᠷ ᠬᠢᠨ᠎ᠠ᠃ ᠵᠡᠮᠳᠡᠭᠴᠤᠳ | ᠵᠡᠷᠭᠡ ᠠᠵᠢᠯ ᠤᠯᠬᠤ ᠳᠤ ᠬᠦᠴᠢᠷᠲᠡᠯ ᠲᠠᠢ ᠬᠦᠮᠦᠰ ᠢ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠦᠯᠦᠰᠦᠨ | ᠠᠵᠢᠯᠴᠢᠨ ᠳᠤ ᠠᠵᠢᠯ ᠤᠯᠭᠤᠬᠤ ᠶᠢ ᠦᠷᠭᠡᠳᠭᠡᠵᠤ᠂ ᠴᠠᠯᠢᠩ ᠬᠤᠶᠢᠰᠢᠯᠠᠭᠤᠯᠵᠤ ᠦᠷᠢᠳᠦᠬᠦ ᠠᠰᠠᠭᠤᠳᠠᠯ ᠢ ᠪᠦᠬᠦ | ᠲᠠᠯ᠎ᠠ ᠪᠠᠷ ᠵᠠᠰᠠᠨ᠎ᠠ᠃ ᠬᠦᠳᠡᠯᠮᠦᠷᠢ ᠶᠢᠨ ᠬᠠᠷᠢᠴᠠᠭᠠᠨ ᠤ ᠵᠦᠪᠯᠡᠬᠦ ᠲᠤᠭᠲᠠᠴᠠ ᠶᠢ ᠪᠦᠷᠢᠨᠰᠢᠭᠦᠯᠵᠦ᠂ ᠬᠦᠢᠰᠦ ᠪᠠ | ᠪᠡᠶ᠎ᠡ ᠬᠡᠮ ᠤᠨ ᠭᠠᠳᠠᠭᠤᠷᠴᠢᠯᠠᠯ ᠢ ᠠᠷᠢᠯᠭᠠᠵᠤ᠂ ᠨᠡᠩ ᠭᠤᠤᠯᠴᠢ ᠨᠡᠩ ᠬᠦᠢᠴᠡᠳ ᠠᠵᠢᠯ ᠤᠯᠭᠤᠯᠲᠠ ᠶᠢ ᠮᠠᠨ ᠤ | ᠤᠯᠤᠰ ᠤᠨ ᠬᠦᠭᠵᠢᠯᠳᠠ ᠶᠢᠨ ᠳᠤᠪᠤᠶᠢᠮ᠎ᠡ ᠬᠡᠷᠡᠯᠳᠦ ᠴᠡᠭ ᠪᠤᠯᠭᠠᠬᠤ ᠬᠡᠷᠡᠭᠳᠠᠢ᠃ | ᠰᠠᠭᠤᠭᠠᠯᠢ ᠠᠷᠠᠳ ᠤᠨ ᠤᠷᠤᠯᠭ᠎ᠠ ᠶᠢᠨ ᠲᠦᠪᠰᠢᠨ ᠢ ᠲᠤᠭᠲᠠᠭᠤᠨ ᠢᠶᠠᠷ ᠲᠡᠭᠡᠭᠰᠢᠯᠡᠬᠦᠯᠦᠨ᠎ᠡ᠃ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠡᠭᠬᠦ ᠪᠠ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠦᠡᠭᠬᠦ ᠶᠢ ᠦᠷᠬᠦᠯᠵᠢᠯᠡᠨ | ᠲᠡᠭᠡᠭᠰᠢᠯᠡᠬᠦᠯᠦᠨ᠎ᠡ᠃ ᠨᠡᠶᠢᠭᠡᠮ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠵᠤᠬᠢᠰᠲᠠᠢ ᠲᠤᠬᠢᠷᠠᠭᠤᠯᠤᠯᠲᠠ | ᠬᠢᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠪᠠ ᠨᠡᠮᠡᠬᠦᠷᠢ ᠮᠦᠡᠭᠬᠦ ᠨᠦᠬᠦᠪᠤᠷᠢ | ᠮᠦᠡᠭᠬᠦ ᠶᠢᠨ ᠲᠦᠷᠢᠮ ᠢ ᠲᠡᠬᠦᠯᠳᠡᠷᠵᠢᠬᠦᠯᠵᠤ᠂ ᠪᠡᠷᠭᠡ ᠬᠠᠳᠠᠭᠤᠵᠢᠯᠲᠠᠢ ᠭᠠᠵᠠᠷ ᠤᠷᠤᠨ᠂ ᠤᠨᠴᠠᠭᠠᠢ ᠠᠵᠢᠯ ᠤᠨ | ᠪᠠᠶᠢᠷᠢ ᠲᠡᠰᠢ ᠬᠡᠯᠪᠡᠶᠢᠯᠭᠡᠨ᠎ᠡ᠃ ᠬᠤᠪᠢ ᠬᠦᠮᠦᠨ ᠤ ᠠᠰᠢᠭ ᠤᠷᠤᠯᠭ᠎ᠠ ᠶᠢᠨ ᠭᠠᠶᠢᠯᠢ ᠶᠢᠨ ᠡᠬᠢᠯᠡᠵᠤ ᠲᠠᠳᠠᠪᠤᠷᠢᠯᠠᠬᠤ | ᠴᠡᠭ ᠢ ᠲᠡᠭᠡᠭᠰᠢᠯᠡᠬᠦᠯᠤᠨ᠂ ᠦᠷ᠎ᠡ ᠬᠡᠦᠭᠡᠳ ᠢᠶᠠᠨ ᠬᠦᠮᠦᠵᠢᠬᠦᠯᠬᠦ᠂ ᠬᠦᠨᠳᠤ ᠡᠪᠡᠳᠴᠢᠨ ᠡᠮᠴᠢᠯᠡᠬᠦᠯᠬᠦ ᠵᠡᠷᠭᠡ | ᠲᠤᠰᠬᠠᠢ ᠵᠠᠷᠤᠳᠠᠯ ᠢ ᠰᠠᠭᠤᠳᠬᠠᠨ ᠬᠠᠰᠤᠬᠤ ᠬᠡᠮᠵᠢᠶ᠎ᠡ ᠶᠢ ᠨᠡᠮᠡᠭᠳᠡᠬᠦᠯᠵᠤ᠂ ᠲᠠᠷᠤᠭᠠᠰᠤ ᠶᠢ ᠵᠦᠢ ᠵᠤᠬᠢᠰᠳᠠᠢ ᠪᠠᠷ | ᠬᠦᠡᠭᠭᠡᠷᠡᠬᠦᠯᠦᠨ᠂ ᠠᠷᠠᠳ ᠤᠯᠠᠨ ᠤ ᠬᠦᠳᠡᠯᠮᠦᠷᠢ ᠪᠠᠷ ᠢᠶᠠᠨ ᠤᠷᠤᠯᠭ᠎ᠠ ᠪᠠᠨ ᠨᠡᠮᠡᠭᠳᠡᠬᠦᠯᠵᠦ ᠪᠡᠶᠡᠵᠢᠨ ᠴᠢᠨᠠᠬᠡᠯᠢᠭᠵᠢᠬᠦ | ᠶᠢ ᠵᠤᠷᠢᠬᠵᠢᠭᠤᠯᠤᠨ᠎ᠠ᠃ | ᠭᠤᠤᠯᠴᠢ ᠪᠦᠭᠡᠳ ᠴᠢᠨᠠᠷ ᠰᠠᠶᠢᠳᠠᠢ ᠰᠤᠷᠭᠠᠨ ᠬᠦᠮᠦᠵᠢᠯ ᠢ ᠬᠦᠭᠵᠢᠬᠦᠯᠦᠨ᠎ᠡ᠃ ᠬᠤᠲᠠ ᠬᠦᠳᠡᠭᠡ ᠶᠢᠨ | ᠠᠯᠪᠠᠨ ᠵᠢᠷᠤᠮ ᠤᠨ ᠰᠤᠷᠭᠠᠨ ᠬᠦᠮᠦᠵᠢᠯ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠠᠬᠢᠭᠤᠯᠵᠤ᠂ ᠰᠤᠷᠭᠠᠨ | ᠬᠦᠮᠦᠵᠢᠯ ᠤᠨ ᠤᠷᠤᠭᠤᠯᠤᠯᠲᠠ ᠶᠢ ᠬᠦᠴᠢᠷᠲᠡᠯ ᠲᠠᠢ ᠭᠠᠵᠠᠷ ᠤᠷᠤᠨ ᠪᠠ ᠪᠠᠭᠤᠷᠠᠢ ᠭᠤᠭᠴᠤᠭ᠎ᠠ ᠲᠡᠰᠢ | ᠦᠷᠬᠦᠯᠵᠢᠯᠡᠨ ᠬᠡᠯᠪᠡᠶᠢᠯᠭᠡᠨ᠎ᠡ᠃ ᠬᠦᠳᠡᠭᠡ ᠲᠤᠰᠬᠤᠨ ᠤ ᠰᠤᠷᠤᠭᠴᠢᠳ ᠤᠨ ᠰᠤᠷᠤᠯᠭ᠎ᠠ ᠪᠠᠨ ᠲᠤᠷᠭᠤᠨ ᠵᠤᠭᠰᠤᠬᠤ | ᠨᠤᠷᠮ᠎ᠠ ᠶᠢ ᠦᠨᠡᠨ ᠬᠦ ᠪᠠᠭᠤᠷᠠᠭᠤᠯᠵᠤ᠂ ᠬᠤᠲᠠ ᠪᠠᠯᠭᠠᠰᠤᠨ ᠤ ︽ᠰᠤᠷᠤᠭᠴᠢ ᠤᠯᠠᠨᠲᠠᠢ ᠠᠩᠬᠢ︾ ᠶᠢᠨ ᠦᠵᠡᠭᠳᠡᠯ | ᠢ ᠱᠠᠯᠠᠪᠳᠠᠨ ᠠᠷᠢᠯᠭᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠨᠠᠬᠢ | ᠲᠠᠷᠤᠭᠠᠰᠤ ᠬᠦᠨᠳᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠬᠡᠦᠭᠡᠳ ᠪᠠᠭᠠᠴᠤᠳ ᠪᠤᠯ | ᠦᠨᠳᠦᠰᠦᠲᠡᠨ ᠤ ᠢᠷᠡᠭᠡᠳᠤᠢ᠂ ᠭᠡᠷ ᠪᠦᠯᠢ ᠶᠢᠨ ᠬᠦᠰᠡᠯ ᠡᠷᠡᠮᠡᠯᠵᠡᠯ ᠮᠦᠨ᠃ ᠰᠤᠷᠭᠠᠭᠤᠯᠢ ᠳᠤ ᠤᠷᠤᠬᠤ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠨᠭ᠍ᠭᠠᠯᠭ᠎ᠠ ᠶᠢ ᠤᠯᠠᠨ ᠠᠷᠭ᠎ᠠ ᠵᠠᠮ ᠢᠶᠠᠷ | ᠨᠡᠮᠡᠭᠳᠡᠬᠦᠯᠵᠤ᠂ ᠬᠡᠦᠬᠡᠳ ᠤᠨ ᠴᠡᠴᠡᠷᠯᠢᠭ ᠤᠨ ᠪᠠᠭᠰᠢ ᠶᠢ ᠬᠠᠯᠠᠮᠵᠢᠯᠠᠵᠤ ᠬᠥᠮᠥᠵᠢᠭᠦᠯᠬᠦ ᠶᠠᠪᠤᠳᠠᠯ ᠢ ᠴᠢᠬᠤᠯᠠᠴᠢᠯᠠᠨ᠂ | ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢᠴᠢᠯᠠᠭᠰᠠᠨ ᠠᠷᠭ᠎ᠠ ᠪᠠᠷᠢᠯ ᠢ ᠬᠡᠷᠡᠭᠯᠡᠨ ᠬᠡᠦᠭᠡᠳ ᠢ ᠨᠠᠶᠢᠳᠠᠵᠤ | ᠬᠦᠮᠦᠵᠢᠬᠦᠯᠦᠬᠦᠯᠬᠦ ᠳᠤᠮᠳᠠᠬᠢ ᠬᠡᠦᠬᠡᠳ ᠬᠥᠮᠥᠵᠢᠭᠦᠯᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠭᠡᠷ ᠤᠨ ᠠᠬᠠᠮᠠᠳ ᠢ ᠵᠠᠪᠠᠯ ᠰᠠᠨᠠᠭ᠎ᠠ ᠠᠮᠤᠷ ᠰᠡᠳᠬᠢᠯ ᠲᠠᠶᠢᠪᠤᠭᠤ ᠪᠤᠯᠭᠠᠬᠤ ᠬᠡᠷᠡᠭᠳᠠᠢ᠃ ᠠᠵᠢᠯ ᠮᠡᠷᠭᠡᠵᠢᠯ ᠤᠨ | ᠰᠤᠷᠭᠠᠨ ᠬᠥᠮᠥᠵᠢᠯ ᠢ ᠶᠡᠭᠡ ᠪᠠᠷ ᠬᠥᠭᠵᠢᠭᠦᠯᠵᠦ᠂ ᠨᠡᠶᠢᠭᠡᠮ ᠤᠨ ᠬᠦᠴᠦᠨ ᠤ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠡᠷᠭᠢᠯᠡᠬᠦ ᠶᠢ ᠲᠡᠮᠵᠢᠨ ᠵᠢᠷᠤᠮᠵᠢᠭᠤᠯᠤᠨ᠎ᠡ᠃ ᠦᠨᠳᠤᠷ ᠲᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠢ | ᠲᠦᠭᠡᠮᠡᠯᠵᠢᠬᠦᠯᠬᠦ ᠶᠢ ᠠᠬᠢᠭᠤᠯᠤᠨ᠎ᠠ᠃ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠡᠷᠡᠭᠴᠡᠭᠡ ᠪᠠᠷ ᠤᠳᠤᠷᠢᠳᠤᠮᠵᠢ | ᠪᠤᠯᠭᠠᠨ᠂ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠪᠦᠲᠦᠴᠡ ᠶᠢ ᠰᠢᠯᠢᠳᠡᠭᠵᠢᠬᠦᠯᠵᠤ᠂ ︽ᠬᠤᠤᠰ ᠲᠡᠷᠢᠬᠦᠨ | ᠳᠡᠰ︾ ᠤᠨ ᠪᠠᠶᠢᠭᠤᠯᠤᠯᠲᠠ ᠶᠢ ᠲᠦᠷᠭᠡᠳᠭᠡᠨ᠂ ᠲᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠤᠷᠤᠨ ᠤ | ᠦᠪᠡᠷᠮᠢᠴᠡ ᠤᠨᠴᠠᠯᠢᠭ ᠲᠠᠢ ᠪᠦᠭᠡᠳ ᠦᠨᠳᠤᠷ ᠲᠦᠪᠰᠢᠨ ᠪᠦᠬᠦᠢ ᠶᠡᠭᠡ ᠰᠤᠷᠭᠠᠭᠤᠯᠢ ᠪᠠᠶᠢᠭᠤᠯᠬᠤ ᠶᠢ ᠲᠡᠮᠵᠢᠨ᠎ᠡ᠃ | ᠬᠦᠳᠡᠭᠡ ᠲᠤᠰᠬᠤᠨ ᠪᠠ ᠶᠠᠳᠠᠭᠤ ᠬᠦᠴᠢᠷᠲᠡᠯ ᠲᠠᠢ ᠭᠠᠵᠠᠷ ᠤᠷᠤᠨ ᠠᠴᠠ ᠲᠤᠰᠬᠠᠢ ᠵᠦᠢᠯ ᠢᠶᠠᠷ ᠰᠤᠷᠤᠭᠴᠢ | ᠡᠯᠰᠡᠬᠦ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠤᠨ᠎ᠡ᠃ ᠦᠨᠳᠦᠰᠦᠲᠡᠨ ᠤ ᠰᠤᠷᠭᠠᠨ ᠬᠦᠮᠦᠵᠢᠯ᠂ ᠤᠨᠴᠠᠭᠠᠢ | ᠰᠤᠷᠭᠠᠨ ᠬᠦᠮᠦᠵᠢᠯ᠂ ᠦᠷᠬᠦᠯᠵᠢᠯᠡᠯ ᠰᠤᠷᠭᠠᠨ ᠬᠦᠮᠦᠵᠢᠯ ᠪᠠ ᠰᠦᠯᠵᠢᠶᠡᠨ ᠤ ᠰᠤᠷᠭᠠᠨ ᠬᠦᠮᠦᠵᠢᠯ ᠢ | ᠬᠦᠭᠵᠢᠬᠦᠯᠦᠨ᠎ᠡ᠃ ᠪᠠᠭᠰᠢ ᠶᠢᠨ ᠡᠩᠨᠡᠭᠡ ᠪᠠ ᠪᠠᠭᠰᠢ ᠶᠢᠨ ᠮᠤᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠰᠤᠷᠭᠠᠨ ᠬᠥᠮᠥᠵᠢᠯ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠷᠠᠳ ᠲᠦᠮᠡᠨ ᠤ | ᠰᠡᠳᠬᠢᠯ ᠳᠤ ᠲᠠᠭᠠᠰᠢᠶᠠᠭᠳᠠᠭᠰᠠᠨ ᠰᠤᠷᠭᠠᠨ ᠬᠦᠮᠦᠵᠢᠯ ᠢ ᠰᠠᠶᠢᠳᠤᠷ ᠡᠷᠭᠢᠯᠡᠵᠤ᠂ ᠬᠦᠮᠦᠨ ᠪᠦᠷᠢ ᠳᠤ ᠰᠤᠷᠭᠠᠨ | ᠬᠦᠮᠦᠵᠢᠯ ᠬᠦᠷᠲᠡᠵᠤ ᠦᠪᠡᠷ ᠤᠨ ᠬᠤᠪᠢ ᠵᠠᠶᠠᠭ᠎ᠠ ᠪᠠᠨ ᠬᠤᠪᠢᠷᠠᠭᠤᠯᠤᠨ ᠠᠮᠢᠳᠤᠷᠠᠬᠤᠢ ᠶᠢᠨ ᠬᠦᠰᠡᠯᠡᠩ ᠢᠶᠠᠨ | ᠪᠡᠶᠡᠯᠡᠬᠦᠯᠬᠦ ᠡᠷᠭᠡ ᠲᠡᠭᠰᠢ ᠲᠤᠬᠢᠶᠠᠯ ᠤᠯᠭᠤᠬᠤ ᠭᠡᠷᠡᠭᠲᠡᠢ᠃ | ᠡᠷᠡᠭᠦᠯ ᠡᠩᠭᠡ ᠲᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠡ᠃ ᠡᠮᠨᠡᠯᠭᠡ ᠶᠢᠨ | ᠦᠨᠳᠦᠰᠦᠨ ᠲᠠᠭᠠᠳᠬᠠᠯ ᠪᠠ ᠬᠦᠨᠳᠤ ᠡᠪᠡᠳᠴᠢᠨ ᠤ ᠲᠠᠭᠠᠳᠬᠠᠯ ᠤᠨ ᠪᠠᠲᠤᠯᠠᠭ᠎ᠠ ᠶᠢᠨ ᠲᠦᠪᠰᠢᠨ ᠢ | ᠲᠡᠭᠡᠭᠰᠢᠯᠡᠬᠦᠯᠵᠤ᠂ ᠰᠠᠭᠤᠭᠠᠯᠢ ᠠᠷᠠᠳ ᠤᠨ ᠡᠮᠨᠡᠯᠭᠡ ᠶᠢᠨ ᠦᠨᠳᠦᠰᠦᠨ ᠲᠠᠭᠠᠳᠬᠠᠯ ᠤᠨ ᠬᠦᠮᠦᠨ ᠲᠤᠮᠳᠠᠴᠢ ᠶᠢᠨ | ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ ᠲᠠᠬᠢᠨ 40 ᠲᠦᠬᠦᠷᠢᠭ ᠨᠡᠮᠡᠭᠳᠡᠬᠦᠯᠵᠤ᠂ ᠬᠠᠭᠠᠰ ᠢ ᠨᠢ | ᠬᠦᠨᠳᠤ ᠡᠪᠡᠳᠴᠢᠨ ᠤ ᠲᠠᠭᠠᠳᠬᠠᠯ ᠳᠤ ᠬᠡᠷᠡᠭᠯᠡᠨ᠎ᠡ᠃ ᠮᠤᠵᠢ ᠠᠯᠤᠰᠯᠠᠨ ᠤᠨᠳᠤᠤ ᠭᠠᠵᠠᠷ ᠡᠮᠨᠡᠬᠦᠯᠦᠭᠰᠡᠨ ᠵᠠᠷᠤᠳᠠᠯ ᠢ | ᠰᠢᠭᠤᠳ ᠲᠠᠰᠤᠯᠤᠨ ᠪᠤᠳᠤᠬᠤ ᠬᠡᠪᠴᠢᠶ᠎ᠡ ᠶᠢ ᠦᠷᠭᠡᠳᠭᠡᠵᠤ᠂ ᠦᠨᠳᠦᠰᠦᠨ ᠱᠠᠳᠤᠨ ᠤ ᠡᠮᠨᠡᠯᠭᠡ ᠶᠢᠨ ᠬᠤᠷᠢᠶ᠎ᠠ ᠪᠠ | ᠭᠠᠳᠠᠭᠰᠢ ᠭᠠᠷᠤᠭᠰᠠᠨ ᠬᠦᠯᠦᠰᠦᠨ ᠠᠵᠢᠯᠴᠢᠨ᠂ ᠭᠠᠳᠠᠷ ᠤᠷᠤᠨ ᠠᠴᠠ ᠢᠷᠡᠵᠤ ᠠᠵᠢᠯ ᠤᠯᠵᠤ ᠠᠳᠠᠯ ᠦᠢᠯᠡᠰ | ᠴᠤᠭᠴᠠᠯᠠᠭᠰᠠᠳ ᠵᠡᠷᠭᠡ ᠶᠢ ᠴᠦᠮ ᠡᠨᠡ ᠬᠡᠪᠴᠢᠶᠡᠨ ᠳᠤ ᠤᠷᠤᠭᠤᠯᠤᠨ᠎ᠠ᠃ ᠡᠮᠴᠢ ᠰᠣᠪᠢᠯᠠᠭᠴᠢᠳ ᠢ ᠬᠥᠮᠥᠵᠢᠭᠦᠯᠬᠦ | ᠡᠷᠴᠢᠮ ᠢ ᠴᠢᠩᠭᠠᠷᠠᠭᠤᠯᠦᠨ᠂ ᠶᠡᠷᠤᠩᠭᠡᠢ ᠰᠠᠯᠠᠭ᠎ᠠ ᠶᠢᠨ ᠡᠮᠴᠢ᠂ ᠬᠡᠦᠬᠡᠳ ᠤᠨ ᠰᠠᠯᠠᠭ᠎ᠠ ᠶᠢᠨ ᠡᠮᠴᠢ ᠶᠢᠨ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠵᠤ᠂ ᠱᠠᠳᠤ ᠬᠤᠪᠢᠶᠠᠨ ᠤᠨᠤᠰᠢᠯᠡᠵᠤ ᠡᠮᠨᠡᠬᠦ ᠪᠠ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠵᠤ ᠦᠢᠯᠡᠴᠢᠯᠡᠬᠦ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡᠨ ᠤ ᠵᠠᠷᠤᠳᠠᠯ ᠤᠨ ᠬᠦᠮᠦᠨ ᠲᠤᠮᠳᠠᠴᠢ ᠶᠢᠨ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ | ᠦᠷᠬᠦᠯᠵᠢᠯᠡᠨ ᠲᠡᠭᠡᠭᠰᠢᠯᠡᠬᠦᠯᠦᠨ᠎ᠡ᠃ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠬᠦᠨᠳᠦ ᠶᠡᠭᠡ | ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠨ᠎ᠠ᠃ ᠡᠭᠡ ᠨᠢᠯᠬᠠᠰ ᠤᠨ ᠡᠷᠡᠬᠦᠯ ᠮᠠᠨᠳᠤ ᠶᠢ | ᠬᠠᠮᠠᠭᠠᠯᠠᠬᠤ ᠤᠶᠢᠯᠡᠴᠢᠯᠡᠭᠡ ᠶᠢ ᠰᠠᠶᠢᠵᠢᠷᠠᠭᠤᠯᠤᠨ᠎ᠠ᠃ ᠬᠢᠳᠠᠳ ᠡᠮ ᠡᠮᠨᠡᠯᠭᠡ ᠶᠢᠨ ᠦᠢᠯᠡᠰ ᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠦᠭᠵᠢᠬᠦᠯᠬᠦ ᠶᠢ ᠲᠡᠮᠵᠢᠨ᠎ᠡ᠃ ᠬᠢᠲᠡᠳ ᠡᠸᠦ᠋ᠷᠣᠫᠠ ᠡᠮᠨᠡᠯᠭᠡ ᠶᠢ | ᠤᠶᠠᠯᠳᠤᠭᠤᠯᠬᠤ ᠶᠢ ᠵᠣᠷᠢᠬᠵᠢᠭᠤᠯᠤᠨ᠎ᠠ᠃ ᠢᠳᠡᠭᠡᠨ ᠤ ᠵᠤᠶᠢᠯ ᠡᠮ ᠤᠨ ᠵᠤᠶᠢᠯ ᠢ ᠬᠢᠨᠠᠨ ᠬᠠᠮᠢᠶᠠᠷᠬᠤ ᠠᠷᠭ᠎ᠠ ᠮᠠᠶ᠋ᠢᠭ | ᠤᠨ ᠲᠠᠯ᠎ᠠ ᠪᠠᠷ ᠰᠢᠨ᠎ᠡ ᠶᠢ ᠡᠭᠦᠳᠴᠦ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠶᠢ ᠬᠡᠷᠡᠭᠯᠡᠵᠦ ᠬᠢᠨᠠᠨ | ᠬᠠᠮᠢᠶᠠᠷᠬᠤ ᠦᠢᠯᠡᠳᠦᠯ ᠴᠢᠳᠠᠪᠤᠷᠢ ᠪᠠᠨ ᠲᠡᠭᠡᠭᠰᠢᠯᠡᠬᠦᠯᠬᠦ ᠶᠢ ᠴᠢᠬᠤᠯᠠᠴᠢᠯᠠᠨ᠂ ᠪᠦᠬᠦ ᠶᠠᠪᠤᠴᠠ ᠳᠤ ᠤᠷᠤᠮ | ᠦᠯᠡᠳᠡᠭᠡᠬᠦ᠂ ᠮᠡᠳᠡᠭᠡ ᠵᠠᠩᠬᠢ ᠶᠢ ᠦᠭᠰᠦᠨ ᠨᠡᠬᠡᠮᠵᠢᠯᠡᠵᠦ ᠪᠤᠯᠬᠤ ᠶᠢ ᠲᠦᠷᠭᠡᠯᠡᠨ ᠪᠡᠶᠡᠯᠡᠬᠦᠯᠵᠦ᠂ ᠠᠰᠠᠭᠤᠳᠠᠯ ᠲᠠᠢ | ᠦᠢᠯᠡᠳᠬᠦᠨ ᠢ ᠳᠠᠯᠳᠠᠯᠠᠬᠤ ᠭᠠᠵᠠᠷ ᠦᠬᠡᠢ ᠪᠤᠯᠭᠠᠨ᠂ ᠬᠠᠤᠯᠢ ᠪᠤᠰᠤ ᠪᠠᠷ ᠦᠢᠯᠡᠳᠦᠨ ᠪᠤᠷᠤᠯᠠᠭᠤᠯᠤᠭᠴᠢᠳ ᠢ | ᠬᠠᠤᠯᠢ ᠶᠢᠨ ᠳᠤᠤᠷ ᠠᠴᠠ ᠳᠤᠳᠠᠭᠠᠬᠤ ᠳᠤ ᠪᠡᠷᠬᠡ ᠪᠤᠯᠭᠠᠵᠤ᠂ ᠬᠡᠷᠡᠭᠯᠡᠭᠴᠢᠳ ᠢ ᠰᠠᠨᠠᠭ᠎ᠠ ᠠᠮᠤᠷ ᠬᠤᠳᠠᠯᠳᠤᠨ | ᠠᠪᠴᠤ ᠰᠠᠨᠠᠭ᠎ᠠ ᠠᠮᠤᠷ ᠢᠳᠡᠭᠦ ᠪᠤᠯᠭᠠᠨ᠎ᠠ᠃ ᠪᠡᠬᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ᠂ ᠡᠪᠤᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠪᠡᠯᠡᠳᠭᠡᠨ ᠡᠷᠬᠢᠯᠡᠬᠦ ᠠᠵᠢᠯ ᠢ ᠰᠠᠶᠢᠳᠤᠷ ᠬᠢᠵᠦ᠂ ᠤᠯᠠᠨ ᠠᠷᠭ᠎ᠠ ᠵᠠᠮ ᠢᠶᠠᠷ ᠠᠷᠠᠳ ᠨᠡᠶᠢᠳᠡ ᠶᠢᠨ | ᠪᠡᠶ᠎ᠡ ᠴᠢᠬᠢᠷᠠᠭᠵᠢᠭᠤᠯᠤᠯᠳᠠ ᠶᠢᠨ ᠲᠠᠯᠠᠪᠤᠷ ᠭᠠᠵᠠᠷ ᠪ᠊ ᠪᠡᠯᠡᠳᠬᠡᠮᠵᠢ ᠶᠢ ᠨᠡᠮᠡᠭᠳᠡᠬᠦᠯᠦᠨ᠎ᠡ᠃ ᠠᠷᠠᠳ ᠤᠯᠠᠨ ᠪᠡᠶ᠎ᠡ | ᠰᠡᠳᠬᠢᠯ ᠡᠷᠡᠬᠦᠯ ᠰᠠᠷᠠᠭᠤᠯ ᠪᠦᠬᠡᠳ ᠦᠬᠡᠳᠡᠷᠬᠡᠭ ᠴᠠᠶᠢᠯᠭᠠᠨ ᠪᠠᠶᠢᠪᠡᠯ᠂ ᠤᠯᠤᠰ ᠤᠷᠤᠨ ᠯᠡᠪᠳᠠᠢ ᠦᠷᠨᠢᠬᠦᠨ | ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠤᠯᠵᠦ᠂ ᠪᠠᠶᠠᠵᠢᠨ ᠬᠦᠴᠦᠷᠬᠡᠭᠵᠢᠵᠦ ᠴᠢᠳᠠᠬᠤ ᠶᠤᠮ᠃ | ᠤᠯᠠᠨ ᠲᠦᠮᠡᠨ ᠤ ᠤᠷᠤᠨ ᠰᠠᠭᠤᠴᠠ ᠶᠢᠨ ᠠᠰᠠᠭᠤᠳᠠᠯ ᠢ ᠨᠡᠩ ᠰᠠᠶᠢᠳᠤᠷ ᠰᠢᠢᠳᠪᠦᠷᠢᠯᠡᠨ᠎ᠡ᠃ ᠲᠦᠬᠦᠮ | ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠳᠡ ᠶᠢᠨ ᠪᠡᠷᠭᠡ ᠰᠡᠳᠦᠪ ᠢ ᠰᠢᠢᠳᠪᠦᠷᠢᠯᠡᠬᠦ | ᠰᠢᠨ᠎ᠡ ᠨᠢᠭᠡᠨ ᠡᠭᠡᠯᠵᠢ ᠶᠢᠨ ᠭᠤᠷᠪᠠᠨ ᠵᠢᠯ ᠤᠨ ᠲᠦᠯᠦᠪᠯᠡᠭᠡ ᠶᠢ ᠡᠬᠢᠯᠡᠬᠦᠯᠵᠦ᠂ ᠡᠨᠡ ᠵᠢᠯ 580 ᠲᠦᠮᠡᠨ ᠢᠵᠢ | ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ᠨᠠᠶᠢᠳᠡ ᠶᠢᠨ ᠲᠦᠷᠢᠶᠡᠰᠦᠨ ᠤᠷᠤᠨ | ᠰᠠᠭᠤᠴᠠ ᠶᠢ ᠪᠠᠳᠤᠯᠠᠬᠤ ᠡᠷᠴᠢᠮ ᠢᠶᠠᠨ ᠴᠢᠩᠭᠠᠷᠠᠭᠤᠯᠦᠨ᠂ ᠣᠷᠤᠯᠭ᠎ᠠ ᠪᠠᠭᠠᠲᠠᠢ ᠪᠦᠬᠡᠳ ᠣᠷᠤᠨ ᠰᠠᠭᠤᠴᠠ ᠶᠢᠨ | ᠬᠦᠴᠢᠷᠳᠡᠯᠲᠡᠢ ᠭᠡᠷ ᠪᠦᠯᠢ ᠶᠢᠨ ᠪᠠᠳᠤᠯᠠᠬᠤ ᠶᠤᠰᠤᠳᠡᠢ ᠶᠢ ᠨᠢ ᠴᠦᠮ ᠪᠠᠳᠤᠯᠠᠵᠦ᠂ ᠨᠦᠬᠦᠴᠡᠯ ᠳᠤ ᠨᠡᠶᠢᠴᠡᠬᠦ | ᠰᠢᠨ᠎ᠡ ᠪᠠᠷ ᠠᠵᠢᠯ ᠤᠯᠤᠬᠰᠠᠨ ᠤᠷᠤᠨ ᠰᠠᠭᠤᠴᠠ ᠦᠭᠡᠢ ᠠᠵᠢᠯᠳᠠᠨ ᠠᠵᠢᠯᠴᠢᠨ᠂ ᠭᠠᠳᠠᠷ ᠣᠷᠣᠨ ᠠᠴᠠ ᠢᠷᠡᠵᠦ | ᠠᠵᠢᠯ ᠭᠦᠳᠡᠯᠮᠦᠷᠢ ᠭᠢᠵᠦ ᠪᠠᠶᠢᠭ᠎ᠠ ᠭᠦᠮᠦᠰ ᠢ ᠪᠠᠳᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃ ᠬᠡᠷ | ᠪᠠᠶᠢᠰᠢᠩ ᠢ ᠪᠤᠯ ᠰᠠᠭᠤᠬᠤ ᠶᠢᠨ ᠲᠦᠯᠦᠭᠡ ᠪᠠᠷᠢᠬᠰᠠᠨ ᠠᠴᠠ ᠪᠢᠰᠢ ᠰᠠᠷᠢᠭᠠᠯᠠᠬᠤ ᠶᠢᠨ ᠲᠦᠯᠦᠭᠡ ᠪᠠᠷᠢᠬᠰᠠᠨ ᠪᠢᠰᠢ | ᠭᠡᠬᠦ ᠪᠠᠶᠢᠷᠢ ᠲᠤᠬᠳᠠᠭᠠᠯᠳᠡ ᠶᠢ ᠪᠠᠷᠢᠮᠳᠠᠯᠠᠵᠦ᠂ ᠤᠷᠤᠨ ᠨᠤᠳᠤᠭ ᠤᠨ ᠪᠡᠶᠡᠴᠢ ᠴᠤᠬᠴᠠ ᠶᠢᠨ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠤᠨ᠂ ᠵᠦᠷᠢᠶᠡᠳᠦ ᠲᠤᠬᠢᠷᠠᠭᠤᠯᠤᠯ ᠡᠵᠡᠮᠳᠡᠯ ᠢ ᠦᠷᠬᠦᠯᠵᠢᠯᠡᠨ ᠬᠡᠷᠡᠭᠵᠢᠬᠦᠯᠵᠦ᠂ ᠤᠷᠳᠤ | ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠦ᠂ ᠭᠡᠷ ᠪᠠᠶᠢᠰᠢᠩ ᠭᠠᠵᠠᠷ ᠰᠢᠷᠦᠢ ᠶᠢᠨ | ᠬᠦᠷᠦᠩᠬᠡ ᠶᠢᠨ ᠵᠠᠬ᠎ᠠ ᠲᠡᠯᠬᠡᠬᠦᠷ ᠤᠨ ᠲᠤᠭᠳᠠᠭᠤᠨ ᠪᠦᠬᠡᠳ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ | ᠰᠠᠭᠤᠭᠠᠯᠢ ᠠᠷᠠᠳ ᠤᠨ ᠦᠪᠡᠷ ᠢᠶᠠᠨ ᠰᠠᠭᠤᠬᠤ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠲᠡᠮᠵᠢᠵᠦ᠂ | ᠤᠷᠤᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠲᠡᠯᠭᠡᠬᠦᠷ ᠢ ᠪᠤᠶᠢᠵᠢᠭᠤᠯᠦᠨ᠂ ᠬᠠᠮᠳᠤ ᠪᠠᠷ ᠦᠮᠴᠢᠯᠡᠬᠦ | ᠦᠮᠴᠢᠯᠡᠯ ᠤᠨ ᠡᠷᠬᠡ ᠲᠠᠢ ᠤᠷᠤᠨ ᠰᠠᠭᠤᠴᠠ ᠶᠢ ᠬᠦᠭᠵᠢᠬᠦᠯᠦᠨ᠎ᠡ᠃ ᠤᠯᠠᠨ ᠪᠡᠶᠡᠴᠢ ᠴᠤᠬᠴᠠ ᠠᠴᠠ ᠬᠠᠩᠭᠠᠬᠤ᠂ | ᠤᠯᠠᠨ ᠠᠷᠭ᠎ᠠ ᠵᠠᠮ ᠢᠶᠠᠷ ᠪᠠᠳᠤᠯᠠᠬᠤ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡ ᠪᠠᠷ ᠶᠠᠪᠤᠭᠤᠯᠬᠤ ᠤᠷᠤᠨ | ᠰᠠᠭᠤᠴᠠ ᠶᠢᠨ ᠲᠦᠷᠢᠮ ᠢ ᠲᠦᠷᠭᠡᠯᠡᠨ ᠪᠠᠶᠢᠭᠤᠯᠵᠦ᠂ ᠦᠷᠬᠡᠨ ᠤᠯᠠᠨ ᠠᠷᠠᠳ ᠲᠦᠮᠡᠨ ᠤ ᠠᠮᠤᠷ ᠠᠮᠤᠭᠤᠯᠠᠩ | ᠳᠤᠬᠢᠯᠢᠬ ᠰᠠᠶᠢᠬᠠᠨ ᠠᠮᠢᠳᠤᠷᠠᠬᠤ ᠬᠦᠰᠡᠯ ᠢ ᠡᠷᠳᠡᠭᠡᠨ ᠪᠡᠶᠡᠯᠡᠬᠦᠯᠦᠨ᠎ᠡ᠃ | ᠠᠷᠠᠳ ᠤᠨ ᠠᠮᠢᠳᠣᠷᠠᠯ ᠤᠨ ᠦᠨᠳᠦᠰᠦᠨ ᠵᠤᠶᠢᠯ ᠢ ᠪᠠᠳᠤᠯᠠᠬᠤ ᠪᠠᠳᠣᠯᠠᠭ᠎ᠠ ᠶᠢ ᠴᠢᠩᠭᠠᠳᠬᠠᠨ᠎ᠠ᠃ ᠬᠤᠳᠠ | ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠮᠵᠢ᠂ ᠠᠰᠠᠷᠠᠮᠵᠢ | ᠬᠠᠷᠠᠭᠠᠯᠵᠠᠯ ᠵᠡᠷᠭᠡ ᠶᠢᠨ ᠪᠠᠷᠢᠮᠵᠢᠶ᠎ᠠ ᠶᠢ ᠲᠤᠬᠳᠠᠭᠤᠨ ᠢᠶᠠᠷ ᠲᠡᠭᠡᠭᠰᠢᠯᠡᠬᠦᠯᠦᠨ᠎ᠡ᠃ ᠬᠦᠮᠦᠨ ᠠᠮᠠ ᠶᠢᠨ ᠨᠠᠰᠤᠵᠢᠯᠳᠠ | ᠶᠢᠨ ᠠᠰᠠᠭᠤᠳᠠᠯ ᠢ ᠢᠳᠡᠪᠬᠢᠳᠡᠢ ᠠᠷᠭᠠᠴᠠᠵᠦ᠂ ᠭᠡᠷ ᠲᠤᠨᠢ ᠠᠰᠠᠷᠠᠬᠤ᠂ ᠨᠡᠶᠢᠭᠡᠮ ᠲᠤᠭᠤᠷᠢᠬ ᠲᠤ ᠠᠰᠠᠷᠠᠬᠤ ᠪᠠ | ᠲᠤᠰᠠᠯᠠᠯᠴᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢ ᠬᠦᠭᠵᠢᠬᠦᠯᠦᠨ᠂ ᠡᠮᠨᠡᠬᠦ ᠠᠰᠠᠷᠠᠬᠤ ᠶᠢ ᠤᠶᠠᠯᠳᠤᠭᠤᠯᠬᠤ | ᠶᠢ ᠠᠬᠢᠭᠤᠯᠵᠦ᠂ ᠨᠠᠰᠤᠳᠠᠶᠢᠴᠤᠳ ᠢ ᠠᠰᠠᠷᠠᠬᠤ ᠭᠠᠵᠠᠷ ᠤᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠦᠨ᠎ᠡ᠃ | ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠣᠭᠰᠠᠨ ᠬᠡᠦᠬᠡᠳ ᠢ ᠬᠠᠯᠠᠮᠵᠢᠯᠠᠵᠤ ᠬᠠᠪᠰᠤᠷᠤᠨ᠎ᠠ᠃ ᠬᠤᠲᠠ | ᠬᠥᠳᠡᠭᠡ ᠶᠢᠨ ᠬᠦᠴᠢᠷᠳᠡᠯᠲᠡᠢ ᠬᠡᠦᠬᠡᠳ ᠤᠨ ᠪᠠᠲᠤᠯᠠᠭ᠎ᠠ ᠶᠢ ᠴᠢᠩᠭᠠᠳᠬᠠᠨ᠎ᠠ᠃ ᠰᠢᠷᠬᠠᠳᠤᠵᠤ ᠵᠡᠮᠳᠡᠭᠷᠡᠭᠰᠡᠨ ᠴᠡᠷᠢᠭ᠂ | ᠴᠡᠷᠢᠭ ᠤᠨ ᠪᠠ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢ ᠠᠰᠠᠷᠠᠵᠦ ᠬᠠᠷᠠᠭᠠᠯᠵᠠᠬᠤ ᠠᠵᠢᠯ ᠢ ᠰᠠᠶᠢᠳᠤᠷ ᠬᠢᠨ᠎ᠡ᠃ | ᠵᠡᠮᠳᠡᠭᠴᠤᠳ ᠤᠨ ᠡᠷᠡᠬᠦᠯᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮᠵᠢ ᠶᠢ ᠪᠦᠷᠢᠨᠰᠢᠬᠦᠯᠵᠦ᠂ ᠨᠡᠶᠢᠳᠡ ᠶᠢᠨ ᠠᠰᠠᠷᠠᠮᠵᠢ ᠶᠢᠨ ᠪᠠ ᠨᠢᠬᠦᠯᠡᠰᠦᠩᠬᠦᠢ ᠶᠢᠨ ᠦᠢᠯᠡᠰ ᠤᠨ | ᠬᠦᠭᠵᠢᠯᠳᠡ ᠶᠢ ᠲᠡᠮᠵᠢᠨ᠎ᠡ᠃ ᠦᠨᠳᠦᠰᠦᠨ ᠵᠦᠢᠯ ᠢ ᠪᠠᠳᠤᠯᠠᠬᠤ ᠠᠵᠢᠯ ᠢ ᠪᠦᠬᠦ ᠰᠡᠳᠬᠢᠯ ᠪᠦᠬᠦ ᠬᠦᠴᠦ ᠪᠠᠷ ᠢᠶᠠᠨ | ᠰᠠᠶᠢᠳᠤᠷ ᠬᠢᠵᠦ᠂ ᠬᠦᠴᠢᠷ ᠲᠦᠪᠡᠭᠳᠠᠢ ᠬᠡᠵᠦ ᠲᠦᠯᠬᠢᠯᠴᠡᠯ ᠦᠬᠡᠢ᠂ ᠪᠠᠭ᠎ᠠ ᠶᠠᠪᠤᠳᠠᠯ ᠬᠡᠵᠦ ᠭᠤᠯᠤᠯ ᠦᠬᠡᠢ ᠪᠠᠷ | ᠬᠦᠴᠢᠷᠳᠡᠵᠦ ᠲᠦᠪᠡᠭᠳᠡᠵᠦ ᠪᠠᠶᠢᠭ᠎ᠠ ᠬᠦᠮᠦᠨ ᠪᠦᠬᠦᠨ ᠳᠤ ᠨᠡᠶᠢᠭᠡᠮ ᠤᠨ ᠬᠠᠯᠠᠮᠵᠢ ᠬᠠᠷᠠᠭᠠᠯᠵᠠᠯ ᠢ ᠬᠦᠷᠳᠡᠭᠡᠬᠦ | ᠬᠡᠷᠡᠭᠳᠠᠢ᠃ | ᠬᠠᠮᠳᠤ ᠪᠠᠷ ᠪᠠᠶᠢᠭᠤᠯᠤᠨ ᠬᠠᠮᠳᠤ ᠪᠠᠷ ᠵᠠᠰᠠᠵᠦ ᠬᠠᠮᠳᠤ ᠪᠠᠷ ᠡᠳ᠋ᠯᠡᠬᠦ ᠨᠡᠶᠢᠭᠡᠮ ᠤᠨ ᠵᠠᠰᠠᠯᠳᠠ ᠶᠢᠨ ᠪᠠᠶᠢᠷᠢᠰᠢᠯ | ᠢ ᠪᠤᠢ ᠪᠤᠯᠭᠠᠨ᠎ᠠ᠃ ᠦᠨᠳᠦᠰᠦᠨ ᠱᠠᠳᠤᠨ ᠤ ᠤᠯᠠᠨ ᠲᠦᠮᠡᠨ ᠤ ᠦᠪᠡᠷᠳᠡᠭᠡᠨ ᠵᠠᠰᠠᠬᠤ ᠪᠠᠶᠢᠭᠤᠯᠤᠯ ᠢ | ᠲᠡᠬᠦᠯᠳᠡᠷᠵᠢᠬᠦᠯᠵᠦ᠂ ᠨᠡᠶᠢᠭᠡᠮ ᠲᠤᠭᠤᠷᠢᠬ ᠤᠨ ᠵᠠᠰᠠᠯᠳᠠ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠳᠤ | ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ | ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠰᠠᠶᠢᠳᠤᠷ ᠪᠠᠳᠠᠷᠠᠭᠤᠯᠤᠨ᠎ᠠ᠃ ᠨᠡᠶᠢᠭᠡᠮ ᠤᠨ ᠵᠤᠬᠢᠶᠠᠨ ᠪᠠᠶᠢᠭᠤᠯᠤᠯᠳᠠ᠂ | ᠲᠤᠰᠬᠠᠶᠢᠵᠢᠬᠰᠠᠨ ᠨᠡᠶᠢᠭᠡᠮ ᠤᠨ ᠠᠵᠢᠯ᠂ ᠰᠠᠶᠢᠨ ᠲᠤᠷ᠎ᠠ ᠶᠢᠨ ᠦᠢᠯᠡᠴᠢᠯᠡᠭᠡ ᠶᠢᠨ ᠡᠷᠡᠬᠦᠯ ᠢᠶᠠᠷ ᠬᠦᠭᠵᠢᠬᠦ ᠶᠢ | ᠠᠬᠢᠭᠤᠯᠤᠨ᠎ᠠ᠃ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠤᠯᠠᠨ | ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠬᠦᠯᠳᠡᠷᠵᠢᠬᠦᠯᠵᠦ᠂ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠦᠷᠢᠵᠢᠭᠤᠯᠤᠨ᠎ᠠ᠃ ᠡᠮᠡᠭᠳᠡᠶᠢᠴᠤᠳ ᠢ ᠬᠦᠨᠳᠦᠳᠭᠡᠬᠦ᠂ | ᠪᠠᠭᠠᠴᠤᠳ ᠬᠡᠤᠬᠡᠳ ᠢ ᠬᠠᠶᠢᠷᠠᠯᠠᠠ ᠬᠠᠯᠠᠮᠵᠢᠯᠠᠬᠤ᠂ ᠨᠠᠰᠤᠳᠠᠶᠢᠴᠤᠳ ᠢ ᠬᠦᠨᠳᠦᠯᠡᠬᠦ᠂ ᠵᠡᠮᠳᠡᠭᠴᠤᠳ ᠢ ᠬᠠᠶᠢᠷᠠᠯᠠᠨ | ᠬᠠᠮᠠᠭᠠᠯᠠᠬᠤ ᠰᠠᠶᠢᠨ ᠰᠠᠶᠢᠬᠠᠨ ᠬᠡᠪ ᠰᠤᠷᠳᠠᠯ ᠢ ᠪᠤᠢ ᠪᠤᠯᠭᠠᠨ᠎ᠠ᠃ ᠨᠡᠶᠢᠬᠡᠮ ᠤᠨ ᠵᠥᠷᠢᠴᠡᠯ ᠵᠢᠭᠤᠷᠠᠯᠳᠤᠭᠠᠨ ᠢ | ᠣᠯᠠᠨ ᠠᠷᠭ᠎ᠠ ᠵᠠᠮ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠬᠦᠳᠴᠦ᠂ ᠤᠯᠠᠨ ᠲᠦᠮᠡᠨ ᠤ ᠵᠦᠢ ᠵᠤᠬᠢᠰᠳᠡᠢ ᠬᠦᠰᠡᠯ | ᠱᠠᠭᠠᠷᠳᠠᠯᠭ᠎ᠠ ᠶᠢ ᠬᠠᠤᠯᠢ ᠶᠤᠰᠤᠭᠠᠷ ᠴᠠᠬ ᠲᠤᠬᠠᠢ ᠳᠤᠨᠢ ᠰᠢᠢᠳᠪᠦᠷᠢᠯᠡᠨ᠎ᠡ᠃ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ ᠬᠦᠨᠳᠤ ᠶᠡᠭᠡ ᠤᠨᠴᠠ ᠶᠡᠭᠡ ᠡ᠊ᠨᠳᠡᠯ ᠭᠠᠷᠬᠤ ᠶᠢ ᠡᠷᠡᠰ | ᠬᠤᠷᠢᠬᠯᠠᠨ᠎ᠠ᠃ ᠭᠠᠵᠠᠷ ᠬᠦᠳᠡᠯᠦᠯᠳᠡ᠂ ᠴᠠᠬ ᠠᠭᠤᠷ᠂ ᠭᠠᠵᠠᠷ ᠰᠢᠨᠵᠢᠯᠡᠭᠡ ᠵᠡᠷᠭᠡ ᠠᠵᠢᠯ ᠢ ᠰᠠᠶᠢᠳᠤᠷ ᠬᠢᠵᠦ᠂ | ᠭᠠᠮᠰᠢᠬ ᠢ ᠰᠡᠷᠭᠡᠶᠢᠯᠡᠬᠦ ᠭᠠᠮᠰᠢᠬ ᠢ ᠪᠠᠭᠠᠰᠬᠠᠬᠤ ᠭᠠᠮᠰᠢᠬ ᠠᠴᠠ ᠠᠪᠤᠷᠠᠬᠤ ᠴᠢᠳᠠᠪᠦᠷᠢ ᠪᠠᠨ ᠲᠡᠭᠡᠭᠰᠢᠯᠡᠬᠦᠯᠦᠨ᠎ᠡ᠃ | ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠦ᠂ ᠬᠥᠴᠤᠷᠭᠡᠭᠯᠡᠯ | ᠰᠦᠷᠳᠡᠬᠦᠯᠤᠯ ᠤᠨ ᠠᠵᠢᠯᠯᠠᠭ᠎ᠠ ᠶᠢ ᠴᠢᠩᠭ᠎ᠠ ᠨᠢᠮᠪᠠᠢ ᠰᠡᠷᠭᠡᠶᠢᠯᠡᠨ ᠲᠡᠭᠦᠨ ᠳᠤ ᠡᠷᠡᠰ ᠴᠤᠬᠢᠯᠳᠠ ᠦᠭᠴᠤ᠂ ᠬᠠᠷ᠎ᠠ | ᠬᠠᠷᠬᠢᠰ ᠬᠥᠴᠤᠨ ᠢ ᠠᠷᠢᠯᠭᠠᠬᠤ ᠲᠤᠰᠬᠠᠢ ᠲᠡᠮᠡᠴᠡᠯ ᠢ ᠬᠠᠤᠯᠢ ᠶᠤᠰᠤᠭᠠᠷ ᠦᠷᠨᠢᠬᠦᠯᠦᠨ᠂ ᠬᠤᠯᠠᠭᠠᠶᠢᠯᠠᠬᠤ | ᠪᠤᠯᠢᠶᠠᠬᠤ ᠮᠡᠬᠡᠯᠡᠬᠦ᠂ ᠱᠠᠯᠢᠭ ᠵᠠᠪᠬᠠᠢ ᠠᠵᠢᠯᠯᠠᠭ᠎ᠠ ᠬᠢᠬᠦ᠂ ᠵᠤᠭᠤᠰ ᠨᠠᠭᠠᠳᠬᠤ᠂ ᠬᠤᠤᠷᠳᠤ ᠡᠳ᠋ ᠫᠠᠨᠽᠠᠯᠠᠵᠦ ᠡᠳ᠋ᠯᠡᠬᠦ | ᠵᠡᠷᠭᠡ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠭᠡᠵᠦ᠂ ᠴᠠᠬᠢᠯᠭᠠᠨ ᠬᠤᠯᠪᠤᠭ᠎ᠠ ᠪᠠ | ᠰᠦᠯᠵᠢᠶ᠎ᠡ ᠪᠠᠷ ᠮᠡᠬᠡᠯᠡᠬᠦ᠂ ᠠᠷᠠᠳ ᠢᠷᠭᠡᠳ ᠤᠨ ᠬᠤᠪᠢ ᠬᠦᠮᠦᠨ ᠤ ᠮᠡᠳᠡᠭᠡ ᠵᠠᠩᠬᠢ ᠳᠤ ᠬᠠᠯᠳᠠᠬᠤ᠂ | ᠰᠦᠯᠵᠢᠶ᠎ᠡ ᠪᠠᠷ ᠲᠠᠮᠵᠢᠭᠤᠯᠤᠨ ᠪᠤᠷᠤᠯᠠᠭᠤᠯᠬᠤ ᠵᠡᠷᠭᠡ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠦ᠂ ᠤᠯᠤᠰ | ᠤᠷᠤᠨ ᠤ ᠠᠮᠤᠷ ᠲᠦᠪᠰᠢᠨ ᠪᠠ ᠤᠯᠠᠨ ᠨᠡᠶᠢᠳᠡ ᠶᠢᠨ ᠠᠮᠤᠷ ᠲᠦᠪᠰᠢᠨ ᠢ ᠬᠠᠮᠠᠭᠠᠯᠠᠨ᠎ᠠ᠃ | ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠦᠯᠦᠬᠡ ᠡᠯᠪᠡᠭ ᠪᠠᠶᠠᠯᠢᠭ ᠤᠶᠤᠨ ᠤ ᠬᠦᠨᠠᠰᠦ | ᠬᠠᠨᠭ᠍ᠭᠠᠨ᠎ᠠ᠃ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠤᠨ ᠮᠠᠨᠳᠤᠭᠤᠯᠵᠦ᠂ ᠬᠤᠪᠢᠰᠬᠠᠯᠳᠤ | ᠰᠤᠶᠤᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠬᠦᠨ ᠤ ᠰᠤᠶᠤᠯ ᠢ ᠬᠦᠭᠵᠢᠬᠦᠯᠵᠦ᠂ ᠨᠡᠶᠢᠭᠡᠮ ᠵᠢᠷᠤᠮ ᠤᠨ | ᠭᠤᠤᠯᠯᠠᠬᠤ ᠦᠷᠳᠡᠭ ᠤᠨ ᠦᠵᠡᠯᠳᠡ ᠶᠢ ᠪᠤᠶᠢᠵᠢᠭᠤᠯᠤᠨ ᠦᠢᠯᠡᠳᠦᠯᠭᠡᠵᠢᠬᠦᠯᠬᠦ ᠬᠡᠷᠡᠭᠳᠡᠢ᠃ ᠦᠵᠡᠯ ᠰᠠᠨᠠᠭ᠎ᠠ ᠶᠤᠰᠤ | ᠮᠤᠷᠠᠯ ᠤᠨ ᠪᠠᠶᠢᠭᠤᠯᠤᠯᠳᠠ ᠪᠠ ᠤᠯᠠᠨ ᠲᠦᠮᠡᠨᠴᠢ ᠴᠢᠨᠠᠷᠳᠡᠢ ᠤᠶᠤᠨ ᠤ ᠪᠤᠯᠪᠠᠰᠤᠨ ᠤ ᠡᠬᠦᠳᠦᠨ ᠪᠠᠶᠢᠭᠤᠯᠤᠯᠳᠠ ᠶᠢ | ᠴᠢᠩᠭᠠᠳᠬᠠᠨ᠎ᠠ᠃ ᠲᠤᠮᠳᠠᠳᠤ ᠤᠯᠤᠰ ᠤᠨ ᠤᠨᠴᠠᠯᠢᠬ ᠪᠦᠬᠦᠢ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ | ᠲᠥᠷᠭᠡᠳᠬᠡᠨ ᠪᠤᠢ ᠪᠤᠯᠭᠠᠵᠦ᠂ ᠤᠳᠬ᠎ᠠ ᠤᠷᠠᠯᠢᠬ ᠤᠨ ᠵᠤᠬᠢᠶᠠᠨ ᠪᠦᠳᠦᠭᠡᠯᠭᠡ ᠶᠢ ᠴᠡᠴᠡᠭᠯᠡᠬᠦᠯᠦᠨ ᠬᠦᠭᠵᠢᠬᠦᠯᠵᠦ᠂ | ᠰᠤᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠳᠡᠷᠡᠬᠦᠯᠭᠡ ᠺᠢᠨᠣ᠋ ᠲᠧᠯᠸᠢᠰ᠂ ᠲᠠᠩᠰᠠ ᠡᠪᠬᠡᠮᠡᠯ ᠵᠡᠷᠭᠡ ᠦᠢᠯᠡᠰ ᠢ | ᠬᠦᠭᠵᠢᠬᠦᠯᠦᠨ᠎ᠡ᠃ ᠲᠡᠤᠬᠡ ᠶᠢᠨ ᠲᠤᠷᠠᠰᠬᠠᠯᠳᠤ ᠵᠤᠶᠢᠯ ᠢ ᠬᠠᠮᠠᠭᠠᠯᠠᠨ ᠠᠰᠢᠬᠯᠠᠬᠤ ᠪᠠ ᠰᠤᠶᠤᠯ ᠤᠨ ᠦᠪ ᠢ | ᠬᠠᠮᠠᠭᠠᠯᠠᠵᠦ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠤᠶᠤᠨ ᠤ ᠬᠦᠮᠦᠷᠬᠡ | ᠶᠢ ᠰᠠᠶᠢᠳᠤᠷ ᠪᠠᠶᠢᠭᠤᠯᠤᠨ᠎ᠠ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ | ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠰᠢᠨ᠎ᠡ | ᠬᠡᠯᠪᠡᠷᠢ ᠶᠢᠨ ᠰᠤᠶᠤᠯ ᠤᠨ ᠡᠵᠡᠩᠨᠡᠯᠳᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠦᠨ᠂ ᠰᠤᠶᠤᠯ ᠤᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠨ᠎ᠡ᠃ ᠠᠷᠠᠳ ᠨᠡᠶᠢᠲᠡ ᠪᠠᠷ ᠢᠶᠠᠨ ᠨᠣᠮ ᠣᠩᠰᠢᠬᠤ ᠶᠢ ᠰᠠᠨᠠᠭᠠᠴᠢᠯᠠᠵᠤ᠂ ᠰᠤᠷᠤᠯᠴᠠᠬᠤ | ᠬᠡᠯᠪᠡᠷᠢ ᠶᠢᠨ ᠨᠡᠶᠢᠬᠡᠮ ᠢ ᠪᠥᠲᠥᠭᠡᠨ ᠪᠠᠶᠢᠭᠤᠯᠤᠨ᠎ᠠ᠃ ᠳᠤᠮᠳᠠᠲᠤ ᠭᠠᠳᠠᠭᠠᠲᠤ ᠶᠢᠨ ᠬᠦᠮᠦᠨ ᠰᠤᠶᠤᠯ ᠤᠨ | ᠰᠤᠯᠢᠯᠴᠠᠭ᠎ᠠ ᠶᠢ ᠬᠦᠨᠵᠡᠭᠡᠶᠢᠷᠡᠬᠦᠯᠵᠦ᠂ ᠳᠤᠮᠳᠠᠳᠤ ᠶᠢᠨ ᠰᠤᠶᠤᠯ ᠤᠨ ᠨᠥᠯᠥᠭᠡᠯᠡᠬᠦ ᠬᠦᠴᠦᠨ ᠢ ᠴᠢᠩᠭᠠᠳᠬᠠᠨ᠎ᠡ᠃ | ᠪᠢᠳᠡ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠰᠤᠶᠤᠯ ᠤᠨ ᠬᠦᠭᠵᠢᠯ ᠴᠡᠴᠡᠭᠯᠡᠯ ᠢᠶᠠᠷ | ᠦᠨᠳᠦᠰᠦᠳᠡᠨ ᠤ ᠰᠡᠷᠬᠦᠨ ᠮᠠᠨᠳᠤᠯᠳᠠ ᠶᠢᠨ ᠰᠦᠷ ᠲᠠᠯᠠᠶᠢᠴᠡᠳᠡᠢ ᠤᠶᠤᠨ ᠰᠠᠨᠠᠭᠠᠨ ᠤ ᠬᠦᠴᠦᠨ ᠢ ᠨᠢᠬᠳᠠᠷᠠᠭᠤᠯᠬᠤ | ᠬᠡᠷᠡᠭᠳᠡᠢ᠃ | ᠲᠦᠯᠦᠭᠡᠯᠡᠭᠴᠢᠳ ᠡ︕ | ᠰᠢᠨ᠎ᠡ ᠴᠠᠭ ᠦᠶ᠎ᠡ ᠳᠤ ᠣᠷᠣᠬᠤ ᠳᠤ ᠵᠠᠰᠠᠬ ᠤᠨ ᠤᠷᠳᠤᠨ ᠤ ᠠᠵᠢᠯ ᠰᠢᠨ᠎ᠡ ᠨᠢᠬᠡᠨ ᠵᠢᠯ ᠳᠤ ᠰᠢᠨ᠎ᠡ | ᠪᠠᠶᠢᠳᠠᠯ ᠰᠢᠨ᠎ᠡ ᠠᠮᠵᠢᠯᠲᠠ ᠪᠦᠳᠦᠮᠵᠢ ᠲᠠᠢ ᠪᠠᠶᠢᠬᠤ ᠬᠡᠷᠡᠭᠲᠡᠢ᠃ ︽ᠲᠦᠷᠪᠡᠨ ᠤᠬᠠᠮᠰᠠᠷ︾ ᠢ ᠪᠠᠳᠤ ᠪᠤᠢ | ᠪᠤᠯᠭᠠᠵᠦ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠤ | ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠠ ᠲᠦᠪᠯᠡᠷᠡᠩᠬᠦᠢ | ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠶᠢᠳᠠᠪᠦᠷᠢᠵᠢᠭᠤᠯᠵᠦ᠂ ᠵᠠᠰᠠᠬ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠂ ᠵᠠᠰᠠᠬ ᠤᠨ | ᠤᠷᠳᠤᠨ ᠤ ᠡᠬᠦᠷᠭᠡ ᠴᠢᠳᠠᠪᠦᠷᠢ ᠶᠢᠨ ᠬᠤᠪᠢᠷᠠᠭᠤᠯᠤᠯᠳᠠ ᠶᠢ ᠬᠦᠨᠵᠡᠭᠡᠶᠢᠷᠡᠬᠦᠯᠦᠨ ᠠᠬᠢᠭᠤᠯᠵᠦ᠂ ᠡᠭᠦᠷᠭᠡ | ᠬᠠᠷᠢᠭᠤᠴᠠᠯᠭ᠎ᠠ ᠭᠦᠢᠴᠡᠳᠬᠡᠬᠦ ᠲᠥᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠲᠦᠮᠡᠨ ᠳᠤ ᠴᠢᠨᠠᠷ | ᠰᠠᠶᠢᠳᠡᠢ ᠪᠦᠭᠡᠳ ᠦᠨᠳᠦᠷ ᠪᠦᠳᠦᠮᠵᠢᠳᠡᠢ ᠦᠢᠯᠡᠴᠢᠯᠡᠭᠡ ᠬᠠᠩᠭᠠᠬᠤ ᠬᠡᠷᠡᠭᠳᠡᠢ᠃ | ᠦᠨᠳᠦᠰᠦᠨ ᠬᠠᠤᠯᠢ ᠶᠤᠰᠤᠭᠠᠷ ᠵᠠᠰᠠᠬ ᠶᠠᠪᠤᠭᠤᠯᠬᠤ᠂ ᠬᠠᠤᠯᠢ ᠶᠤᠰᠤᠭᠠᠷ ᠵᠠᠰᠠᠬ ᠶᠠᠪᠤᠭᠤᠯᠬᠤ ᠶᠢ ᠪᠦᠬᠦ | ᠲᠠᠯ᠎ᠠ ᠪᠠᠷ ᠠᠬᠢᠭᠤᠯᠤᠨ᠎ᠠ᠃ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠬᠠᠤᠯᠢ ᠪᠠᠷ | ᠵᠠᠰᠠᠬᠤ ᠵᠠᠰᠠᠬ ᠤᠨ ᠤᠷᠳᠤᠨ ᠢ ᠲᠦᠷᠭᠡᠯᠡᠨ ᠪᠠᠶᠢᠭᠤᠯᠵᠦ᠂ ᠵᠠᠰᠠᠬ ᠤᠨ ᠤᠷᠳᠤᠨ ᠤ ᠠᠵᠢᠯᠯᠠᠭ᠎ᠠ ᠶᠢ ᠬᠠᠤᠯᠢ ᠪᠠᠷ | ᠵᠠᠰᠠᠬᠤ ᠵᠠᠮ ᠳᠤ ᠪᠦᠬᠦ ᠲᠠᠯ᠎ᠠ ᠪᠠᠷ ᠤᠷᠤᠭᠤᠯᠤᠨ᠎ᠠ᠃ ᠬᠠᠤᠯᠢ ᠶᠢ ᠴᠢᠩᠭ᠎ᠠ ᠵᠢᠷᠦᠮᠵᠢᠭᠤᠨ ᠭᠤᠤᠯᠴᠢ | ᠪᠤᠯᠪᠠᠰᠤᠨ ᠢᠶᠠᠷ ᠬᠡᠷᠡᠭᠵᠢᠬᠦᠯᠬᠦ ᠶᠢ ᠪᠠᠷᠢᠮᠳᠠᠯᠠᠨ᠎ᠠ᠂ ᠡᠷᠭᠡ ᠠᠳᠬᠤᠭᠠᠳ ᠲᠤᠷ᠎ᠠ ᠪᠠᠷ ᠢᠶᠠᠨ ᠪᠠᠶᠢᠵᠦ ᠪᠤᠯᠬᠤ ᠦᠭᠡᠢ᠂ | ᠡᠷᠬᠡ ᠬᠡᠷᠡᠭᠯᠡᠬᠦ ᠳᠡᠭᠡᠨ ᠡᠷᠬᠡᠪᠰᠢ ᠬᠢᠨᠠᠯᠳᠠ ᠬᠦᠯᠢᠶᠡᠬᠦ ᠬᠡᠷᠡᠭᠳᠡᠢ᠃ ᠡᠯ᠎ᠡ ᠱᠠᠳᠤᠨ ᠤ ᠵᠠᠰᠠᠬ ᠤᠨ ᠤᠷᠳᠤᠨ ᠠᠳᠠᠯᠢ | ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ | ᠬᠢᠨᠠᠯᠳᠠ ᠶᠢ ᠬᠠᠤᠯᠢ ᠶᠤᠰᠤᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠬᠰᠠᠨ | ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠳᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ | ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠤ ᠰᠠᠨᠠᠯ ᠢ ᠬᠢᠨᠠᠮᠠᠭᠠᠢ ᠰᠤᠨᠤᠰᠴᠦ᠂ ᠠᠷᠠᠳᠴᠢᠯᠠᠬᠰᠠᠨ ᠨᠠᠮ ᠪᠦᠯᠦᠭ | ᠂ ᠦᠢᠯᠡᠳᠪᠦᠷᠢ ᠬᠤᠳᠠᠯᠳᠤᠭᠠᠴᠢᠳ ᠤᠨ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠠ ᠠᠷᠠᠳ ᠤᠨ ᠪᠦᠯᠬᠦᠮ | ᠤᠳ ᠤᠨ ᠰᠠᠨᠠᠯ ᠢ ᠰᠤᠨᠤᠰᠬᠤ ᠬᠡᠷᠡᠭᠳᠡᠢ᠃ ᠵᠠᠰᠠᠬ ᠤᠨ ᠤᠷᠳᠤᠨ ᠠᠮᠠᠯᠠᠯᠳᠠ ᠪᠠᠨ ᠪᠠᠳᠤ ᠪᠠᠷᠢᠮᠳᠠᠯᠠᠬᠤ ᠬᠡᠷᠡᠭᠳᠡᠢ᠂ ︽ | ᠰᠢᠨ᠎ᠡ ᠨᠤᠶᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ︾ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ | ᠵᠠᠰᠠᠬ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠵᠠᠰᠠᠭ ᠤᠨ ᠤᠷᠳᠤᠨ ᠤ ᠬᠠᠤᠯᠢ | ᠴᠠᠭᠠᠵᠠ ᠶᠢᠨ ᠵᠥᠪᠯᠡᠭᠴᠢ ᠶᠢᠨ ᠳᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ | ᠬᠠᠤᠯᠢ ᠶᠤᠰᠤᠭᠠᠷ ᠪᠤᠳᠤᠯᠭ᠎ᠠ ᠲᠤᠬᠳᠠᠭᠠᠬᠤ ᠶᠢ ᠪᠠᠷᠢᠮᠳᠠᠯᠠᠵᠦ᠂ ᠤᠯᠠᠨ ᠨᠡᠶᠢᠳᠡ ᠶᠢᠨ ᠠᠰᠢᠬ ᠲᠤᠰᠠ ᠳᠤ | ᠬᠤᠯᠪᠤᠬᠳᠠᠬᠰᠠᠨ ᠴᠢᠬᠤᠯᠠ ᠶᠡᠭᠡ ᠶᠠᠪᠤᠳᠠᠯ ᠪᠦᠬᠦᠨ ᠳᠤ ᠴᠦᠮ ᠰᠢᠬᠦᠮᠵᠢᠯᠡᠬᠦ ᠰᠠᠨᠠᠯ ᠢ ᠪᠠᠭᠳᠠᠭᠠᠬᠰᠠᠨ ᠡᠯ᠎ᠡ ᠲᠠᠯ᠎ᠠ | ᠶᠢᠨ ᠬᠢᠨ ᠤ ᠰᠠᠨᠠᠯ ᠢ ᠬᠦᠨᠵᠡᠭᠡᠢ ᠰᠤᠨᠤᠰᠬᠤ ᠬᠡᠷᠡᠭᠳᠡᠢ᠃ ᠠᠷᠠᠳ ᠤᠨ ᠵᠠᠰᠠᠬ ᠤᠨ ᠤᠷᠳᠤᠨ ᠤ ᠪᠤᠢ ᠪᠦᠬᠦᠢ | ᠠᠵᠢᠯ ᠲᠤ ᠴᠦᠮ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠬᠦᠯᠦᠨ᠂ ᠠᠵᠢᠯ ᠢᠶᠠᠨ ᠰᠡᠶᠢᠠ ᠬᠢᠭᠰᠡᠨ ᠡᠰᠡᠬᠦ ᠶᠢ | ᠪᠤᠳᠠᠳᠡᠢ ᠦᠷ᠎ᠡ ᠪᠦᠳᠦᠮᠵᠢ ᠪᠠᠷ ᠨᠢ ᠦᠵᠡᠵᠦ᠂ ᠬᠠᠮᠤᠭ ᠤᠨ ᠡᠴᠦᠰ ᠲᠤ ᠠᠷᠠᠳ ᠲᠦᠮᠡᠨ ᠢᠶᠠᠷ ᠦᠨᠡᠯᠡᠭᠦᠯᠬᠦ | ᠬᠡᠷᠡᠭᠳᠠᠢ᠃ | ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠬᠤᠶᠠᠷ | ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ | ᠲᠦᠷᠢᠮᠵᠢᠬᠦᠯᠬᠦ ᠶᠢ ᠠᠬᠢᠭᠤᠯᠵᠦ᠂ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠬᠢᠨᠠᠮᠠᠭᠠᠢ ᠦᠷᠨᠢᠬᠦᠯᠦᠨ᠎ᠡ᠃ ᠨᠠᠮ ᠤᠨ ᠲᠦᠪ ᠬᠤᠷᠢᠶ᠎ᠠ ᠶᠢᠨ ᠨᠠᠢᠮᠠᠨ | ᠵᠤᠷᠪᠤᠰ ᠲᠤᠬᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠬ ᠰᠠᠨᠠᠭ᠎ᠠ ᠶᠢ ᠡᠷᠡᠰ ᠲᠣᠣᠱᠯᠠᠭᠤᠯᠣᠨ | ᠨᠠᠶᠢᠳᠠᠪᠦᠷᠢᠵᠢᠭᠤᠯᠵᠦ᠂ ︽ᠲᠦᠷᠪᠡᠨ ᠰᠤᠷᠳᠠᠯ︾ ᠢ ᠰᠢᠨᠳᠠᠷᠠᠰᠢ ᠦᠭᠡᠢ ᠴᠡᠭᠴᠡᠯᠡᠨ ᠵᠠᠰᠠᠵᠦ᠂ ᠤᠨᠴᠠᠭᠠᠶᠢᠯᠠᠨ | ᠬᠡᠯᠪᠡᠷᠢ ᠶᠢᠨ ᠦᠵᠡᠯ ᠪᠤᠯᠤᠨ ᠨᠤᠶᠠᠨᠴᠢ ᠰᠤᠷᠳᠠᠯ ᠢ ᠴᠢᠩᠭ᠎ᠠ ᠴᠠᠭᠡᠷᠯᠡᠨᠡ᠃ ᠬᠢᠨᠠᠨ ᠪᠤᠳᠤᠯᠳᠠ ᠶᠢᠨ ᠬᠢᠨᠠᠯᠳᠠ ᠶᠢ | ᠴᠢᠩᠭᠠᠳᠬᠠᠨ᠎ᠠ᠃ ᠢᠯᠵᠢᠷᠠᠯ ᠢ ᠡᠰᠡᠷᠭᠦᠴᠡᠬᠦ ᠲᠡᠮᠡᠴᠡᠯ ᠤᠨ ᠲᠠᠪᠠᠭᠤ ᠪᠠᠶᠢᠲᠠᠯ ᠢ ᠪᠠᠳᠤᠳᠬᠠᠨ ᠬᠦᠭᠵᠢᠬᠦᠯᠵᠦ᠂ ᠡᠷᠬᠡ | ᠶᠢ ᠲᠦᠷᠢᠮ ᠤᠨ ᠰᠢᠩᠭᠡᠯᠢᠭ ᠲᠤ ᠬᠤᠷᠢᠵᠦ᠂ ᠡᠯ᠎ᠡ ᠲᠦᠷᠦᠯ ᠤᠨ ᠢᠯᠵᠢᠷᠠᠨ ᠳᠤᠷᠤᠶᠢᠳᠠᠬᠤ ᠦᠢᠯᠡ ᠠᠵᠢᠯᠯᠠᠭ᠎ᠠ ᠶᠢ | ᠡᠷᠡᠰ ᠵᠠᠯᠬᠠᠭᠠᠨ ᠰᠢᠢᠳᠭᠡᠨ᠎ᠠ᠃ ᠵᠠᠰᠠᠭ ᠤᠨ ᠤᠷᠳᠤᠨ ᠤ ᠠᠵᠢᠯᠳᠠᠳ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠵᠦ᠂ | ᠬᠢᠴᠢᠶᠡᠩᠬᠦᠶᠢᠯᠡᠨ ᠴᠢᠷᠮᠠᠶᠢᠵᠤ ᠬᠠᠷᠢᠭᠤᠴᠠᠯᠭ᠎ᠠ ᠪᠠᠨ ᠬᠦᠢᠴᠡᠳᠭᠡᠨ᠂ ᠬᠠᠤᠯᠢ ᠴᠠᠭᠠᠵᠠ ᠶᠢᠨ ᠬᠢᠨᠠᠯᠲᠠ᠂ ᠬᠢᠨᠠᠨ | ᠪᠠᠶᠢᠴᠠᠭᠠᠯᠲᠠ ᠶᠢᠨ ᠬᠢᠨᠠᠯᠲᠠ ᠪᠠ ᠠᠷᠠᠳ ᠲᠥᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠴᠡᠪᠡᠷ | ᠴᠢᠭᠡᠴᠢ ᠪᠠᠷ ᠠᠷᠠᠳ ᠲᠦᠮᠡᠨ ᠤ ᠲᠦᠯᠦᠭᠡ ᠠᠵᠢᠯᠯᠠᠵᠦ᠂ ᠠᠷᠠᠳ ᠲᠦᠮᠡᠨ ᠤ ᠠᠯᠪᠠᠨ ᠵᠠᠷᠤᠴᠠ ᠬᠡᠳᠡᠭ ᠨᠡᠷᠡᠶᠢᠳᠦᠯ | ᠢᠶᠠᠨ ᠶᠠᠭᠠᠬᠢᠭᠰᠠᠨ ᠴᠤ ᠬᠦᠰᠡᠷᠳᠡᠭᠦᠯᠬᠦ ᠦᠭᠡᠢ ᠪᠠᠶᠢᠬᠤ ᠬᠡᠷᠡᠭᠳᠡᠢ᠃ | ᠵᠠᠰᠠᠬ ᠤᠨ ᠤᠷᠳᠤᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠵᠠᠰᠠᠬ ᠤᠨ | ᠤᠷᠳᠤᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠳᠠ ᠪᠠ ᠡᠬᠦᠷᠬᠡ ᠴᠢᠳᠠᠪᠤᠷᠢ ᠶᠢᠨ ᠳᠤᠬᠢᠷᠠᠭᠤᠯᠤᠯᠳᠠ ᠶᠢ | ᠰᠢᠯᠢᠳᠡᠭᠵᠢᠬᠦᠯᠵᠦ᠂ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠠᠬᠦᠯᠦᠨ᠂ ᠲᠤᠰᠢᠶᠠᠯ ᠬᠠᠷᠢᠭᠤᠴᠠᠯᠭ᠎ᠠ ᠨᠢ | ᠲᠤᠳᠤᠷᠬᠠᠢ᠂ ᠬᠠᠤᠯᠢ ᠶᠤᠰᠤᠭᠠᠷ ᠵᠠᠰᠠᠬ ᠶᠠᠪᠤᠭᠤᠯᠬᠤ ᠵᠠᠰᠠᠭ ᠤᠨ ᠤᠷᠳᠤᠨ ᠤ ᠵᠠᠰᠠᠯᠳᠠ ᠶᠢᠨ ᠰᠢᠰᠲ᠋ᠧᠮᠵᠢ ᠶᠢ | ᠪᠦᠷᠢᠯᠳᠦᠬᠦᠯᠵᠦ᠂ ᠵᠠᠰᠠᠭ ᠤᠨ ᠣᠷᠳᠣᠨ ᠤ ᠣᠯᠠᠨ ᠨᠠᠶᠢᠳᠠ ᠶᠢ ᠢᠳᠡᠭᠡᠭᠦᠯᠭᠦ ᠭᠦᠴᠦᠨ ᠪᠠ ᠭᠦᠢᠴᠡᠳᠭᠡᠭᠦ ᠭᠦᠴᠦᠨ | ᠢ ᠴᠢᠩᠭᠠᠷᠠᠭᠤᠯᠤᠨ᠎ᠠ᠃ ᠲᠤᠮᠳᠠᠳᠤ ᠤᠯᠤᠰ ᠤᠨ ᠦᠭᠡᠷᠡᠴᠢᠯᠡᠯᠳᠡ ᠨᠡᠭᠡᠭᠡᠯᠳᠡ ᠶᠢᠨ ᠠᠯᠢᠪᠠ ᠠᠮᠵᠢᠯᠳᠠ ᠪᠦᠳᠦᠮᠵᠢ ᠶᠢ | ᠪᠤᠯ ᠴᠦᠮ ᠴᠢᠷᠮᠠᠶᠢᠨ ᠠᠵᠢᠯᠯᠠᠵᠦ ᠪᠠᠶᠢᠭᠠᠳ ᠤᠯᠤᠬᠰᠠᠨ ᠶᠤᠮ᠃ ᠡᠯ᠎ᠡ ᠱᠠᠳᠤᠨ ᠤ ᠵᠠᠰᠠᠬ ᠤᠨ ᠤᠷᠳᠤᠨ ᠵᠢᠴᠢ | ᠲᠡᠬᠦᠨ ᠤ ᠠᠵᠢᠯᠳᠠᠳ ᠲᠤ ᠠᠪᠴᠤ ᠬᠡᠯᠡᠪᠡᠯ᠂ ᠠᠷᠠᠳ ᠲᠦᠮᠡᠨ ᠳᠤ ᠠᠵᠢᠯ ᠶᠠᠪᠤᠳᠠᠯ ᠬᠢᠵᠦ ᠦᠭᠬᠦ ᠪᠤᠯ ᠳᠠᠷᠬᠠᠨ | ᠡᠬᠦᠷᠬᠡ ᠮᠦᠨ᠂ ᠬᠢᠬᠦ ᠦᠬᠡᠢ ᠪᠤᠯ ᠳᠤᠰᠢᠶᠠᠯ ᠳᠠᠭᠠᠨ ᠤᠰᠤᠯᠳᠠᠭᠰᠠᠨ ᠶᠠᠪᠤᠳᠠᠯ ᠮᠦᠨ᠃ ᠤᠷᠮᠠᠰᠢᠭᠤᠯᠬᠤ ᠪᠠ | ᠬᠢᠵᠠᠭᠠᠷᠯᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠳᠠᠭᠠᠬᠤ ᠪᠠ ᠠᠯᠳᠠᠭ᠎ᠠ ᠪᠤᠷᠤᠭᠤ ᠶᠢ ᠵᠠᠯᠠᠷᠠᠭᠤᠯᠬᠤ | ᠲᠤᠬᠳᠠᠴᠠ ᠶᠢ ᠲᠡᠬᠦᠯᠳᠡᠷᠵᠢᠬᠦᠯᠵᠦ᠂ ᠢᠳᠡᠪᠬᠢᠳᠠᠢ ᠪᠠᠷ ᠠᠵᠢᠯ ᠶᠠᠪᠤᠳᠠᠯ ᠬᠢᠳᠡᠭ ᠬᠦᠮᠦᠨ ᠳᠤ ᠳᠤᠭ ᠳᠡᠮᠳᠡᠭ | ᠳᠤᠳᠤᠷᠬᠠᠢ ᠪᠠᠷ ᠦᠮᠦᠭ ᠲᠦᠰᠢᠭ ᠪᠤᠯᠵᠦ ᠤᠷᠮ᠎ᠠ ᠵᠤᠷᠢᠬ ᠢ ᠨᠢ ᠬᠦᠪᠴᠢᠯᠡᠨ᠂ ᠵᠠᠰᠠᠭ ᠤᠨ ᠠᠵᠢᠯ ᠳᠤ ᠦᠬᠡᠨᠴᠡ | ᠵᠠᠯᠬᠠᠭᠤ ᠬᠦᠮᠦᠰ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠃ ᠤᠪᠤᠷ ᠢᠶᠠᠨ ᠢᠯᠡᠳᠭᠡᠬᠦ ᠨᠢ ᠠᠷᠪᠢᠨ | ᠪᠦᠭᠡᠳ ᠶᠡᠭᠡ ᠦᠭᠡ ᠬᠡᠯᠡᠬᠦ᠂ ᠬᠢᠬᠦ ᠨᠢ ᠴᠦᠭᠡᠨ ᠪᠦᠭᠡᠳ ᠨᠠᠶᠢᠳᠠᠪᠦᠷᠢᠵᠢᠭᠤᠯᠬᠤ ᠨᠢ ᠪᠠᠷᠤᠬᠳᠠᠢ ᠪᠠᠶᠢᠵᠦ ᠤᠬᠳᠤ | ᠪᠤᠯᠬᠤ ᠦᠭᠡᠢ᠂ ᠤᠷᠤ ᠡᠵᠡᠯᠡᠭᠡᠳ ᠠᠵᠢᠯ ᠬᠢᠬᠦ ᠦᠭᠡᠢ ᠪᠠᠶᠢᠬᠤ ᠶᠢ ᠤᠬᠳᠤ ᠵᠦᠪᠰᠢᠶᠡᠷᠡᠬᠦ ᠦᠭᠡᠢ᠃ ᠦᠷᠭᠡᠨ | ᠤᠯᠠᠨ ᠺᠠᠳ᠋ᠷ ᠤᠯᠤᠰ ᠲᠦᠷᠦ ᠶᠢᠨ ᠬᠡᠪ ᠴᠢᠨᠠᠷ ᠪᠠ ᠠᠵᠢᠯ ᠤᠨ ᠡᠷᠳᠡᠮ ᠴᠢᠳᠠᠪᠦᠷᠢ ᠪᠠᠨ ᠲᠡᠭᠡᠭᠰᠢᠯᠡᠬᠦᠯᠦᠨ᠂ ᠦᠨᠡᠨ | ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠴᠢᠷᠮᠡᠶᠢᠨ ᠠᠵᠢᠯᠯᠠᠬᠤ ᠶᠢ ᠲᠡᠷᠢᠬᠦᠨ ᠳᠤ ᠳᠠᠯᠪᠢᠵᠤ᠂ ᠦᠨᠡᠨ ᠪᠤᠳᠡᠳᠡᠢ | ᠠᠵᠢᠯ ᠤᠨ ᠰᠢᠨ᠎ᠡ ᠠᠮᠵᠢᠯᠳᠠ ᠪᠦᠳᠦᠮᠵᠢ ᠭᠠᠷᠭᠠᠵᠦ᠂ ᠮᠠᠭᠠᠳ ᠠᠮᠵᠢᠯᠳᠠ ᠪᠠᠷ ᠤᠯᠠᠨ ᠲᠦᠮᠡᠨ ᠤ ᠮᠠᠭᠳᠠᠭᠠᠯ | ᠰᠠᠶᠢᠰᠢᠶᠠᠯ ᠢ ᠤᠯᠵᠤ᠂ ᠮᠢᠩᠭᠠᠨ ᠲᠠᠷᠪᠠᠭᠤᠯ ᠮᠦᠷᠦᠶᠢᠴᠡᠨ ᠵᠠᠭᠤᠨ ᠤᠩᠭᠤᠴᠠ ᠦᠷᠢᠰᠦᠯᠳᠦᠭᠰᠡᠨ ᠠᠮᠢᠳᠤᠯᠢᠬ | ᠬᠦᠭᠵᠢᠶᠡᠨ ᠲᠠᠢ ᠪᠠᠶᠢᠳᠠᠯ ᠢ ᠪᠤᠢ ᠪᠤᠯᠭᠠᠬᠤ ᠬᠡᠷᠡᠭᠳᠡᠢ᠃ | ᠲᠦᠯᠦᠭᠡᠯᠡᠭᠴᠢᠳ ᠡ︕ | ᠲᠤᠮᠳᠠᠳᠤ ᠶᠢᠨ ᠦᠨᠳᠦᠰᠦᠳᠡᠨ ᠪᠤᠯ ᠨᠢᠭᠡᠨ ᠡᠶ᠎ᠡ ᠨᠠᠶᠢᠷᠳᠡᠢ ᠬᠠᠮᠳᠦ ᠤᠷᠦᠰᠢᠬᠰᠠᠨ᠂ ᠪᠦᠯᠬᠦᠮᠳᠡᠨ | ᠬᠠᠮᠵᠢᠯᠴᠠᠬᠰᠠᠨ ᠲᠤᠮᠤ ᠭᠡᠷ ᠪᠦᠯᠢ ᠶᠤᠮ᠃ ᠪᠢᠳᠡ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ | ᠢ ᠪᠠᠷᠢᠮᠳᠠᠯᠠᠨ ᠲᠡᠬᠦᠯᠳᠡᠷᠵᠢᠬᠦᠯᠵᠦ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠣᠣᠱᠯᠠᠭᠤᠯᠬᠤ ᠬᠡᠷᠡᠭᠳᠡᠢ᠃ ᠦᠨᠳᠦᠰᠦᠳᠡᠨ ᠤ ᠭᠠᠵᠠᠷ ᠤᠷᠤᠨ᠂ ᠬᠦᠮᠦᠨ ᠠᠮᠠ ᠪᠠᠷ ᠴᠦᠬᠡᠪᠳᠦᠷ ᠦᠨᠳᠦᠰᠦᠳᠡᠨ | ᠤ ᠬᠦᠭᠵᠢᠯᠳᠡ ᠶᠢ ᠲᠡᠮᠵᠢᠬᠦ ᠪᠠᠨ ᠦᠷᠬᠦᠯᠵᠢᠯᠡᠨ ᠴᠢᠩᠭᠠᠳᠬᠠᠨ᠎ᠡ᠃ ᠭᠤᠸᠠᠩᠰᠢ ᠶᠢᠨ ᠵᠤᠸᠠᠩ ᠦᠨᠳᠦᠰᠦᠳᠡᠨ ᠤ | ᠦᠪᠡᠷᠳᠡᠭᠡᠨ ᠵᠠᠰᠠᠬᠤ ᠤᠷᠤᠨ᠂ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ | ᠪᠠᠶᠢᠭᠤᠯᠤᠬᠳᠠᠬᠰᠠᠨ 60 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠤᠨ᠎ᠠ᠃ | ᠦᠨᠳᠦᠰᠦᠳᠡᠨ ᠨᠦᠭᠦᠳ ᠤᠨ ᠬᠤᠭᠤᠷᠤᠨᠳᠤᠬᠢ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠨ᠂ | ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠦᠨᠳᠦᠰᠦ ᠶᠢ ᠨᠡᠩ ᠪᠠᠳᠤ ᠪᠠᠬᠢ᠂ ᠬᠤᠯᠪᠤᠭᠠᠰᠤ ᠶᠢ | ᠨᠡᠩ ᠪᠠᠳᠤ ᠴᠢᠩᠭ᠎ᠠ ᠪᠤᠯᠭᠠᠨ᠎ᠠ᠃ | ᠪᠢᠳᠡ ᠨᠠᠮ ᠤᠨ ᠱᠠᠰᠢᠨ ᠰᠤᠷᠳᠠᠬᠤᠨ ᠤ ᠠᠵᠢᠯ ᠤᠨ ᠲᠤᠬᠠᠢ ᠦᠨᠳᠦᠰᠦᠨ ᠴᠢᠭᠯᠡᠯᠳᠡ ᠶᠢ ᠪᠦᠬᠦ ᠲᠠᠯ᠎ᠠ ᠪᠠᠷ | ᠲᠣᠣᠱᠯᠠᠭᠤᠯᠵᠦ᠂ ᠮᠠᠨ ᠤ ᠤᠯᠤᠰ ᠤᠨ ᠱᠠᠰᠢᠨ ᠰᠤᠷᠳᠠᠬᠤᠨ ᠤ ᠲᠤᠮᠳᠠᠳᠤ ᠤᠯᠤᠰᠴᠢᠯᠠᠬᠤ ᠴᠢᠭᠯᠡᠯ ᠢ ᠪᠠᠷᠢᠮᠳᠠᠯᠠᠨ᠂ | ᠱᠠᠰᠢᠨ ᠰᠤᠷᠳᠠᠬᠤᠨ ᠤ ᠬᠠᠷᠢᠴᠠᠭ᠎ᠠ ᠶᠢᠨ ᠡᠷᠡᠬᠦᠯ ᠪᠦᠭᠡᠳ ᠡᠶ᠎ᠡ ᠵᠤᠬᠢᠴᠠᠯ ᠲᠠᠢ ᠪᠠᠶᠢᠬᠤ ᠶᠢ ᠠᠬᠢᠭᠤᠯᠵᠦ᠂ ᠱᠠᠰᠢᠨ | ᠰᠤᠷᠳᠠᠬᠤᠨ ᠤ ᠡᠳᠡᠭᠡᠳ ᠤᠨ ᠬᠦᠮᠦᠰ ᠪᠠ ᠱᠠᠰᠢᠨ ᠰᠢᠳᠦᠳᠡᠭ ᠤᠯᠠᠨ ᠲᠦᠮᠡᠨ ᠤ ᠠᠵᠦ ᠠᠬᠤᠢ ᠨᠡᠶᠢᠭᠡᠮ ᠤᠨ | ᠬᠦᠭᠵᠢᠯᠳᠡ ᠶᠢ ᠠᠬᠢᠭᠤᠯᠬᠤ ᠳᠤ ᠦᠵᠡᠬᠦᠯᠬᠦ ᠢᠳᠡᠪᠬᠢ ᠦᠢᠯᠡᠳᠦᠯ ᠢ ᠪᠠᠳᠠᠷᠠᠭᠤᠯᠬᠤ ᠬᠡᠷᠡᠭᠳᠡᠢ᠃ | ᠪᠢᠳᠡ ᠬᠠᠷᠢᠶᠠᠳᠤ ᠨᠠᠷ ᠤᠨ ᠶᠠᠪᠤᠳᠠᠯ ᠤᠨ ᠲᠤᠬᠠᠢ ᠲᠦᠷᠦ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠦᠷᠢᠵᠢᠭᠤᠯᠦᠨ᠂ ᠭᠠᠳᠠᠭᠠᠳᠤ ᠳᠤ ᠰᠠᠭᠤᠭ᠎ᠠ ᠬᠠᠷᠢᠶᠠᠳᠤ ᠠᠬ᠎ᠠ ᠲᠡᠬᠦᠦ ᠨᠠᠷ ᠪᠤᠯᠤᠨ ᠤᠯᠤᠰ ᠲᠠᠭᠠᠨ ᠪᠤᠴᠠᠵᠦ | ᠢᠷᠡᠭᠰᠡᠨ ᠬᠠᠷᠢᠶᠠᠳᠤ ᠨᠠᠷ ᠬᠢᠭᠡᠳ ᠬᠠᠷᠢᠶᠠᠳᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠤᠰᠤᠨ ᠤ ᠡᠷᠬᠡ ᠠᠰᠢᠬ | ᠢ ᠬᠠᠮᠠᠭᠠᠯᠠᠵᠦ᠂ ᠲᠡᠳᠡ ᠨᠡᠷ ᠤᠨ ᠤᠯᠤᠰ ᠤᠷᠤᠨ ᠤ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠳᠤ ᠦᠪᠡᠷᠮᠢᠴᠡ | ᠲᠠᠪᠠᠭᠤᠯᠢᠭ ᠪᠠ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠳᠤ ᠨᠡᠩ ᠰᠠᠶᠢᠨ ᠨᠦᠬᠦᠴᠡᠯ ᠡᠬᠦᠳᠦᠨ ᠦᠭᠴᠦ᠂ | ᠤᠯᠤᠰ ᠤᠨ ᠭᠠᠳᠠᠭᠠᠳᠤ ᠲᠤᠳᠤᠭᠠᠳᠤ ᠶᠢᠨ ᠲᠤᠮᠳᠠᠳᠤ ᠶᠢᠨ ᠬᠦᠪᠡᠭᠦᠳ ᠦᠬᠢᠳ ᠤᠨ ᠰᠡᠳᠬᠢᠯ ᠨᠢᠬᠡᠳᠦᠨ ᠲᠡᠮᠡᠴᠡᠵᠦ | ᠂ ᠬᠡᠷᠡᠯ ᠰᠠᠴᠤᠷᠠᠩᠭᠤᠢ ᠦᠢᠯᠡᠰ ᠢ ᠬᠠᠮᠳᠤ ᠪᠠᠷ ᠴᠤᠭᠴᠠᠯᠠᠬᠤ ᠶᠢ ᠵᠤᠷᠢᠬᠵᠢᠭᠤᠯᠬᠤ ᠬᠡᠷᠡᠭᠳᠡᠢ᠃ | ᠲᠦᠯᠦᠭᠡᠯᠡᠭᠴᠢᠳ ᠡ︕ | ᠤᠯᠤᠰ ᠤᠨ ᠠᠮᠤᠷ ᠲᠦᠪᠰᠢᠨ ᠤ ᠤᠷᠴᠢᠨ ᠨᠦᠬᠦᠴᠡᠯ ᠤᠨ ᠬᠦᠨᠵᠡᠭᠡᠢ ᠬᠤᠪᠢᠷᠠᠯᠳᠠ ᠶᠢᠨ ᠡᠮᠦᠨ᠎ᠡ᠂ ᠪᠢᠳᠡ | ᠨᠠᠮ ᠤᠨ ᠰᠢᠨ᠎ᠡ ᠴᠠᠬ ᠦᠶ᠎ᠡ ᠶᠢᠨ ᠴᠡᠷᠢᠭ ᠢ ᠬᠦᠴᠦᠷᠭᠡᠭᠵᠢᠬᠦᠯᠬᠦ ᠬᠠᠷᠠᠯᠳᠠ ᠪᠠᠷ ᠵᠢᠯᠤᠭᠤᠳᠤᠯᠭ᠎ᠠ ᠪᠤᠯᠭᠠᠵᠦ᠂ | ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢᠨ ᠤᠯᠤᠰ ᠤᠨ ᠪᠠᠳᠤᠯᠠᠨ ᠬᠠᠮᠠᠭᠠᠯᠠᠯᠳᠠ ᠪᠠ | ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ ᠳᠠᠬᠢ ᠵᠢᠯᠤᠭᠤᠳᠬᠤ ᠪᠠᠶᠢᠷᠢ ᠰᠠᠭᠤᠷᠢ ᠶᠢ ᠪᠠᠳᠤ ᠪᠤᠢ ᠪᠤᠯᠭᠠᠵᠦ᠂ | ᠲᠤᠮᠳᠠᠳᠤ ᠤᠯᠤᠰ ᠤᠨ ᠤᠨᠴᠠᠯᠢᠬ ᠲᠠᠢ ᠴᠡᠷᠢᠭ ᠢ ᠬᠦᠴᠦᠷᠭᠡᠭᠵᠢᠬᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ | ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠦᠨ᠂ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠦᠭᠵᠢᠯᠳᠡ ᠶᠢᠨ ᠠᠰᠢᠬ ᠲᠤᠰᠠ ᠶᠢ ᠡᠷᠡᠰ ᠬᠦᠴᠦᠳᠡᠢ ᠬᠠᠮᠠᠭᠠᠯᠠᠬᠤ ᠬᠡᠷᠡᠭᠳᠡᠢ᠃ | ᠴᠡᠷᠢᠭ ᠠᠩᠬᠢ ᠶᠢ ᠨᠠᠮ ᠬᠠᠷᠢᠴᠠᠯᠠᠰᠢ ᠦᠬᠡᠢ ᠤᠳᠤᠷᠢᠳᠬᠤ ᠦᠨᠳᠤᠰᠤᠨ ᠵᠠᠷᠴᠢᠮ ᠪᠠ ᠳᠦᠷᠢᠮ ᠢ ᠪᠠᠷᠢᠮᠳᠠᠯᠠᠵᠦ᠂ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠬᠦᠯᠡᠭᠴᠢ ᠬᠠᠷᠢᠭᠤᠴᠠᠬᠤ ᠲᠦᠷᠢᠮ ᠢ ᠪᠦᠬᠦ ᠲᠠᠯ᠎ᠠ ᠪᠠᠷ | ᠬᠦᠨᠵᠡᠭᠡᠶᠢᠷᠡᠭᠦᠯᠦᠨ ᠲᠣᠣᠱᠯᠠᠭᠤᠯᠤᠨᠠ᠃ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ | ᠦᠭᠡᠷᠡᠴᠢᠯᠡᠯᠳᠡ ᠶᠢ ᠦᠷᠬᠦᠯᠵᠢᠯᠡᠨ ᠠᠬᠢᠭᠤᠯᠵᠦ᠂ ᠬᠦᠴᠦᠷᠬᠡᠭ ᠪᠠᠲᠤ ᠣᠳᠣ ᠦᠶ᠎ᠡ ᠶᠢᠨ ᠬᠢᠯᠢ ᠶᠢᠨ ᠰᠡᠷᠭᠡᠶᠢᠯᠡᠯᠲᠡ | ᠳᠠᠯᠠᠢ ᠶᠢᠨ ᠰᠡᠷᠭᠡᠶᠢᠯᠡᠯᠲᠡ ᠠᠭᠠᠷ ᠤᠨ ᠰᠡᠷᠭᠡᠶᠢᠯᠡᠯᠲᠡ ᠶᠢ ᠪᠦᠲᠦᠭᠡᠨ ᠪᠠᠶᠢᠭᠤᠯᠤᠨ᠎ᠠ᠃ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠲᠠᠶᠢᠴᠢᠯᠠᠯᠳᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠵᠦ᠂ ᠠᠷᠠᠳ ᠨᠡᠶᠢᠲᠡ ᠶᠢᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠥᠵᠢᠯ ᠢ ᠴᠢᠩᠭᠠᠳᠬᠠᠨ᠎ᠠ᠃ ᠴᠡᠷᠢᠭ ᠪᠠ ᠴᠡᠷᠢᠭ ᠤᠨ ᠭᠡᠷ ᠪᠦᠯᠢ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠤᠨ ᠠᠯᠪᠠ ᠶᠢ ᠨᠡᠶᠢᠬᠡᠮ ᠳᠡᠶᠡᠭᠠᠷ ᠬᠦᠨᠳᠦᠳᠬᠡᠳᠡᠭ ᠠᠵᠢᠯ | ᠪᠣᠯᠭᠠᠨ᠎ᠠ᠃ ᠴᠡᠷᠢᠭ ᠤᠨ ᠬᠡᠷᠡᠭᠯᠡᠭᠡ ᠪᠤᠯᠤᠨ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ ᠬᠦᠭᠵᠢᠬᠦᠯᠬᠦ | ᠪᠠᠶᠢᠯᠳᠤᠬᠤ ᠪᠤᠳᠤᠯᠭ᠎ᠠ ᠶᠢ ᠬᠦᠨᠵᠡᠭᠡᠶᠢᠷᠡᠭᠦᠯᠦᠨ ᠬᠡᠷᠡᠭᠵᠢᠬᠦᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠦ ᠦᠢᠯᠡᠳᠪᠦᠷᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠡᠯ᠎ᠡ | ᠱᠠᠳᠤᠨ ᠤ ᠵᠠᠰᠠᠬ ᠤᠨ ᠤᠷᠳᠤᠨ ᠨᠡᠩ ᠬᠦᠴᠦᠳᠡᠢ ᠠᠷᠭ᠎ᠠ ᠬᠡᠮᠵᠢᠶ᠎ᠡ ᠠᠪᠴᠤ᠂ ᠤᠯᠤᠰ ᠤᠨ ᠪᠠᠳᠤᠯᠠᠨ ᠬᠠᠮᠠᠭᠠᠯᠠᠯᠳᠠ | ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ ᠶᠢᠨ ᠦᠭᠡᠷᠡᠴᠢᠯᠡᠯᠳᠡ ᠶᠢ ᠲᠡᠮᠵᠢᠵᠦ᠂ ᠴᠡᠷᠢᠭ ᠢᠶᠠᠨ ᠬᠦᠷᠢᠶᠡᠯᠡᠨ | ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠲᠥᠮᠡᠨ ᠢᠶᠠᠨ ᠬᠠᠶᠢᠷᠠᠯᠠᠬᠤ ᠠᠵᠢᠯᠯᠠᠭ᠎ᠠ ᠶᠢ | ᠭᠦᠨᠵᠡᠭᠡᠶᠢᠷᠡᠭᠦᠯᠦᠨ ᠥᠷᠨᠢᠭᠦᠯᠵᠦ᠂ ᠴᠡᠷᠢᠭ ᠵᠠᠰᠠᠬ ᠴᠡᠷᠢᠭ ᠠᠷᠠᠳ ᠤᠨ ᠪᠦᠯᠬᠦᠮᠳᠡᠯ ᠢ ᠢᠮᠠᠬᠳᠠ ᠡᠪᠳᠡᠷᠡᠰᠢ ᠦᠭᠡᠢ | ᠪᠠᠳᠤ ᠪᠠᠬᠢ᠂ ᠢᠮᠠᠭᠲᠠ ᠦᠨᠳᠦᠰᠦ ᠬᠦᠨ ᠨᠡᠪᠴᠢᠰ ᠰᠠᠬᠤᠯᠢᠭ ᠪᠠᠶᠢᠯᠭᠠᠬᠤ ᠬᠡᠷᠡᠭᠳᠡᠢ᠃ | ᠲᠦᠯᠦᠭᠡᠯᠡᠭᠴᠢᠳ ᠡ︕ | ᠪᠢᠳᠡ ︽ᠨᠢᠭᠡ ᠤᠯᠦᠰ ᠲᠤ ᠬᠤᠶᠡᠷ ᠪᠡᠶᠢᠭᠤᠯᠦᠯ ᠢ ᠭᠡᠷᠡᠭᠵᠢᠬᠦᠯᠬᠦ︾ ᠴᠢᠭᠯᠡᠯᠳᠡ ᠶᠢ ᠦᠷᠬᠦᠯᠵᠢᠯᠡᠨ ᠪᠦᠬᠦ | ᠲᠠᠯ᠎ᠠ ᠪᠠᠷ ᠵᠦᠪ ᠤᠨᠤᠪᠴᠢᠳᠡᠢ ᠲᠣᠣᠱᠯᠠᠭᠤᠯᠵᠦ᠂ ᠦᠨᠳᠦᠰᠦᠨ ᠬᠠᠤᠯᠢ ᠪᠠ ᠭᠤᠤᠯ ᠬᠠᠤᠯᠢ ᠶᠢ ᠴᠢᠩᠭ᠎ᠠ ᠵᠢᠷᠤᠮᠯᠠᠨ | ᠠᠵᠢᠯᠯᠠᠬᠤ ᠬᠡᠷᠡᠭᠳᠡᠢ᠃ ᠰᠢᠶᠠᠩᠭᠠᠩ᠂ ᠤᠤᠮᠧᠨ ᠤ ᠵᠠᠰᠠᠬ ᠵᠠᠬᠢᠷᠭᠠᠨ ᠤ ᠤᠨᠴᠠᠭᠠᠢ ᠤᠷᠤᠨ ᠤ ᠵᠠᠰᠠᠬ ᠤᠨ ᠤᠷᠳᠤᠨ | ᠪᠠ ᠵᠠᠰᠠᠬ ᠵᠠᠬᠢᠷᠭᠠᠨ ᠤ ᠲᠠᠷᠤᠭ᠎ᠠ ᠶᠢᠨ ᠬᠠᠤᠯᠢ ᠶᠤᠰᠤᠭᠠᠷ ᠵᠠᠰᠠᠬ ᠶᠠᠪᠤᠭᠤᠯᠬᠤ ᠶᠢ ᠪᠦᠬᠦ ᠬᠦᠴᠦᠨ ᠢᠶᠠᠷ ᠢᠶᠠᠨ | ᠲᠡᠮᠵᠢᠵᠦ᠂ ᠠᠵᠦ ᠠᠬᠤᠢ ᠶᠢ ᠶᠡᠭᠡ ᠪᠠᠷ ᠬᠦᠭᠵᠢᠬᠦᠯᠦᠨ᠂ ᠠᠷᠠᠳ ᠤᠨ ᠠᠮᠢᠳᠤᠷᠠᠯ ᠢ ᠦᠷᠬᠦᠯᠵᠢᠯᠡᠨ | ᠰᠠᠶᠢᠵᠢᠷᠠᠭᠤᠯᠵᠦ᠂ ᠠᠷᠠᠳᠴᠢᠯᠠᠯ ᠢ ᠡᠮᠬᠢ ᠵᠢᠷᠤᠮ ᠲᠠᠢ ᠪᠠᠷ ᠠᠬᠢᠭᠤᠯᠵᠦ᠂ ᠨᠡᠶᠢᠭᠡᠮ ᠤᠨ ᠡᠶ᠎ᠡ ᠵᠤᠬᠢᠴᠠᠯ ᠢ | ᠠᠬᠢᠭᠤᠯᠤᠨ᠎ᠠ᠃ ᠰᠢᠶᠠᠩᠭᠠᠩ᠂ ᠣᠣᠮᠧᠨ ᠤ ᠤᠯᠤᠰ ᠤᠷᠤᠨ ᠤ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠳᠤᠨ | ᠣᠷᠣᠬᠤ ᠶᠢ ᠳᠡᠮᠵᠢᠵᠦ᠂ ᠳᠤᠳᠤᠷ᠎ᠠ ᠭᠠᠵᠠᠷ ᠪᠤᠯᠤᠨ ᠰᠢᠶᠠᠩᠭᠠᠩ ᠤᠤᠮᠧᠨ ᠤᠷᠤᠨ ᠤ ᠬᠤᠭᠤᠷᠤᠨᠳᠤᠬᠢ | ᠰᠤᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠠ᠃ ᠰᠢᠶᠠᠩᠭᠠᠩ᠂ ᠤᠤᠮᠧᠨ ᠯᠠᠪᠳᠠᠢ ᠡᠬᠡ ᠤᠯᠤᠰ ᠤᠨ | ᠲᠤᠳᠤᠷ᠎ᠠ ᠭᠠᠵᠠᠷ ᠲᠠᠢ ᠬᠠᠮᠳᠤ ᠪᠠᠷ ᠬᠦᠭᠵᠢᠵᠦ ᠬᠠᠮᠳᠤ ᠪᠠᠷ ᠴᠡᠴᠡᠭᠯᠡᠵᠦ ᠴᠢᠳᠠᠨ᠎ᠠ ᠭᠡᠳᠡᠭ ᠢ ᠪᠢᠳᠡ ᠪᠠᠳᠤ | ᠢᠳᠡᠭᠡᠵᠦ ᠪᠠᠶᠢᠨ᠎ᠠ᠃ | ᠪᠢᠳᠡ ᠲᠠᠶᠢᠸᠠᠨ ᠤ ᠠᠵᠢᠯ ᠤᠨ ᠲᠤᠬᠠᠢ ᠦᠨᠳᠦᠰᠦᠨ ᠪᠤᠳᠤᠯᠭ᠎ᠠ ᠴᠢᠭᠯᠡᠯᠳᠡ ᠶᠢ ᠦᠷᠬᠦᠯᠵᠢᠯᠡᠨ | ᠲᠣᠣᠱᠯᠠᠭᠤᠯᠵᠦ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠳᠠᠯᠠᠨ᠂ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢᠨ ᠰᠠᠭᠤᠷᠢᠨ ᠳᠡᠭᠡᠷ᠎ᠡ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢ | ᠨᠠᠶᠢᠷᠠᠮᠳᠠᠯ ᠢᠶᠠᠷ ᠬᠦᠭᠵᠢᠭᠦᠯᠬᠦ ᠶᠢ ᠠᠬᠢᠭᠤᠯᠵᠦ᠂ ᠡᠬᠡ ᠤᠷᠤᠨ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ | ᠠᠬᠢᠭᠤᠯᠬᠤ ᠬᠡᠷᠡᠭᠳᠡᠢ᠃ ᠤᠯᠤᠰ ᠤᠨ ᠡᠷᠬᠡ ᠮᠡᠳᠡᠯ ᠪᠠ ᠨᠤᠳᠤᠭ ᠲᠡᠪᠢᠰᠭᠡᠷ ᠤᠨ ᠪᠦᠷᠢᠨ ᠪᠦᠳᠦᠨ ᠪᠠᠶᠢᠬᠤ ᠶᠢ ᠡᠷᠡᠰ | ᠬᠠᠮᠠᠭᠠᠯᠠᠨ᠎ᠠ᠂ ︽ᠲᠠᠶᠢᠸᠠᠨ ᠢ ᠲᠤᠰᠠᠭᠠᠷ ᠲᠤᠭᠲᠠᠨᠢᠭᠤᠯᠬᠤ︾ ᠶᠠᠮᠠᠷᠪᠠ ᠬᠠᠭᠠᠴᠠᠭᠤᠯᠬᠤ ᠭᠤᠷᠢᠳᠠᠯᠭ᠎ᠠ ᠪᠠ | ᠤᠷᠤᠯᠳᠤᠯᠭ᠎ᠠ ᠶᠢ ᠤᠭᠲᠤ ᠵᠥᠪᠰᠢᠶᠡᠷᠡᠬᠦ ᠦᠭᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠵᠦ ᠠᠬᠤᠢ | ᠰᠤᠶᠤᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠵᠦ᠂ ᠲᠠᠶᠢᠸᠠᠨ ᠤ ᠠᠬ᠎ᠠ ᠲᠡᠬᠦᠦ ᠨᠠᠷ ᠤᠨ ᠡᠬᠡ ᠬᠠᠭᠤᠷᠠᠢ | ᠳᠤ ᠰᠤᠷᠤᠯᠴᠠᠬᠤ᠂ ᠠᠳᠠᠯ ᠦᠢᠯᠡᠰ ᠴᠤᠬᠴᠠᠯᠠᠬᠤ᠂ ᠠᠵᠢᠯ ᠤᠯᠬᠤ᠂ ᠠᠮᠢᠳᠤᠷᠠᠬᠤ ᠳᠤ ᠠᠯᠬᠤᠮ ᠠᠯᠬᠤᠮ ᠢᠶᠠᠷ | ᠡᠬᠡ ᠬᠠᠭᠤᠷᠠᠢ ᠶᠢᠨ ᠠᠬ᠎ᠠ ᠲᠡᠬᠦᠦ ᠨᠠᠷ ᠯᠤᠭ᠎ᠠ ᠠᠳᠠᠯᠢᠬᠠᠨ ᠬᠠᠷᠠᠭᠠᠯᠵᠠᠯ ᠬᠦᠷᠳᠡᠭᠡᠨ᠎ᠡ᠃ ᠲᠠᠶᠢᠸᠠᠨ ᠬᠤᠭᠤᠯᠠᠢ ᠶᠢᠨ | ᠬᠤᠶᠠᠷ ᠲᠠᠯ᠎ᠠ ᠶᠢᠨ ᠬᠢᠨ ᠪᠤᠯ ᠦᠨᠳᠦᠰᠦ ᠤᠬᠰᠠᠭ᠎ᠠ ᠨᠢᠭᠡᠳᠡᠢ᠂ ᠴᠢᠰᠤ ᠮᠢᠬᠠᠨ ᠤ ᠪᠠᠷᠢᠯᠳᠤᠯᠭ᠎ᠠ ᠲᠠᠢ ᠲᠦᠷᠦᠯ | ᠰᠠᠳᠤᠨ ᠶᠤᠮ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠲᠡᠬᠦᠦ ᠨᠠᠷ ᠲᠡᠦᠬᠡ ᠶᠢᠨ ᠶᠡᠭᠡ ᠬᠠᠨᠳᠤᠰᠢ | ᠶᠢ ᠲᠠᠭᠠᠨ᠂ ᠦᠨᠳᠦᠰᠦᠲᠡᠨ ᠤ ᠶᠡᠭᠡ ᠵᠢᠷᠤᠮ ᠢ ᠬᠠᠮᠲᠤ ᠪᠠᠷ ᠡᠭᠦᠷᠭᠡᠯᠡᠪᠡᠯ ᠯᠠᠪᠳᠠᠶ᠎ᠠ ᠳᠤᠮᠳᠠᠳᠤ ᠶᠢᠨ ᠦᠨᠳᠦᠰᠦᠲᠡᠨ | ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠤᠬᠴᠠᠯᠠᠵᠤ ᠴᠢᠳᠠᠬᠤ | ᠶᠤᠮ︕ | ᠲᠦᠯᠦᠭᠡᠯᠡᠭᠴᠢᠳ ᠡ︕ | ᠲᠤᠮᠳᠠᠳᠤ ᠤᠯᠤᠰ ᠬᠢᠭᠡᠳ ᠲᠡᠯᠡᠬᠡᠢ ᠶᠢᠨ ᠡᠯ᠎ᠡ ᠤᠯᠤᠰ ᠤᠨ ᠬᠦᠭᠵᠢᠯᠳᠡ ᠨᠢᠬᠳᠠ ᠬᠤᠯᠪᠤᠯᠳᠦᠵᠦ᠂ ᠬᠤᠪᠢ | ᠵᠠᠶᠠᠭ᠎ᠠ ᠵᠢᠷᠭᠠᠯ ᠵᠤᠪᠠᠯᠠᠩ ᠨᠢᠭᠡᠲᠡᠢ ᠪᠠᠶᠢᠳᠠᠭ᠃ ᠪᠢᠳᠡ ᠡ᠊ᠩᠬᠡ ᠲᠠᠶᠢᠪᠤᠩ ᠬᠦᠭᠵᠢᠯᠳᠡ ᠶᠢᠨ ᠵᠠᠮ ᠢᠶᠠᠷ ᠢᠮᠠᠬᠳᠠ | ᠭᠤᠶᠢᠪᠢᠰᠢ ᠦᠭᠡᠢ ᠵᠠᠮᠨᠠᠵᠦ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ | ᠠᠬᠢᠭᠤᠯᠤᠨ᠎ᠠ᠃ ᠪᠦᠬᠦ ᠪᠦᠮᠪᠦᠷᠴᠡᠭ ᠤᠨ ᠵᠠᠰᠠᠯᠳᠠ ᠶᠢ ᠦᠭᠡᠷᠡᠴᠢᠯᠡᠨ ᠲᠡᠬᠦᠯᠳᠡᠷᠵᠢᠬᠦᠯᠬᠦ ᠳᠤ ᠢᠳᠡᠪᠬᠢᠳᠡᠢ | ᠤᠷᠤᠯᠴᠠᠵᠦ᠂ ᠨᠡᠭᠡᠭᠡᠯᠳᠡᠳᠦ ᠬᠡᠯᠪᠡᠷᠢ ᠶᠢᠨ ᠲᠡᠯᠡᠬᠡᠢ ᠶᠢᠨ ᠠᠵᠦ ᠠᠬᠤᠢ ᠶᠢ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ | ᠃ ᠳᠤᠮᠤ ᠤᠯᠤᠰ ᠤᠳ ᠤᠨ ᠵᠤᠬᠢᠴᠠᠭᠤᠯᠭ᠎ᠠ ᠬᠠᠮᠳᠤᠷᠠᠯᠴᠠᠭ᠎ᠠ ᠶᠢ ᠠᠬᠢᠭᠤᠯᠤᠨ᠂ ᠡᠷᠬᠢᠠ ᠲᠤᠭᠤᠷᠢᠠ ᠤ | ᠤᠯᠦᠰ ᠯᠤᠭ᠎ᠠ ᠶᠢᠨ ᠬᠦᠷᠰᠢ ᠵᠡᠷᠭᠡᠯᠡᠳᠡᠭᠡ ᠶᠢᠨ ᠨᠦᠬᠦᠷᠰᠡᠭ ᠬᠠᠷᠢᠯᠴᠠᠭ᠎ᠠ ᠪᠠ ᠬᠠᠮᠳᠤ ᠶᠢᠨ ᠬᠦᠭᠵᠢᠯᠳᠡ ᠪᠠᠨ | ᠬᠦᠨᠵᠡᠭᠡᠶᠢᠷᠡᠬᠦᠯᠵᠦ᠂ ᠬᠦᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ | ᠪᠦᠸᠧ ᠣᠤ ᠶᠢᠨ ᠠᠽᠢᠶ᠎ᠠ ᠲᠢᠪ ᠤᠨ ᠶᠠᠷᠢᠯᠴᠠᠭᠠᠨ ᠤ ᠲᠠᠪᠴᠠᠩ ᠤᠨ ᠤᠨ ᠤ ᠬᠤᠷᠠᠯ᠂ ᠱᠠᠩᠬᠠᠢ ᠶᠢᠨ | ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠳᠦᠷᠦᠬᠦᠴᠦᠳ ᠤᠨ ᠬᠤᠷᠠᠯ᠂ ᠲᠤᠮᠳᠠᠳᠤ ᠠᠹᠷᠢᠺᠠ ᠶᠢᠨ | ᠬᠠᠮᠳᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠳᠦᠷᠦᠬᠦᠴᠦᠳ ᠤᠨ ᠬᠤᠷᠠᠯ ᠵᠡᠷᠭᠡ ᠡᠵᠡᠨ ᠲᠠᠯᠠᠪᠤᠷ ᠤᠨ | ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠰᠠᠶᠢᠳᠤᠷ ᠡᠷᠬᠢᠯᠡᠨ᠎ᠡ᠃ ᠤᠯᠠᠨ ᠤᠯᠤᠰ ᠤᠨ ᠪᠠ ᠭᠠᠵᠠᠷ ᠤᠷᠤᠨ ᠤ | ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤ ᠬᠠᠷᠢᠭᠤᠴᠠᠯᠭ᠎ᠠ ᠲᠠᠢ ᠲᠤᠮᠤ ᠤᠯᠤᠰ ᠤᠨ ᠦᠢᠯᠡᠳᠦᠯ ᠢᠶᠠᠨ | ᠦᠷᠬᠦᠯᠵᠢᠯᠡᠨ ᠪᠠᠳᠠᠷᠠᠭᠤᠯᠤᠨ᠎ᠠ᠃ ᠭᠠᠳᠠᠭᠠᠳᠤ ᠳᠠᠬᠢ ᠠᠰᠢᠬ ᠲᠤᠰᠠ ᠶᠢᠨ ᠠᠮᠤᠷ ᠲᠦᠪᠰᠢᠨ ᠤ ᠪᠠᠳᠤᠯᠠᠭ᠎ᠠ ᠶᠢᠨ | ᠰᠢᠰᠲ᠋ᠧᠮᠵᠢ ᠶᠢ ᠴᠢᠩᠭᠠᠳᠬᠠᠨ ᠲᠡᠬᠦᠯᠳᠡᠷᠵᠢᠬᠦᠯᠦᠨ᠎ᠡ᠃ ᠲᠤᠮᠳᠠᠳᠤ ᠤᠯᠤᠰ ᠲᠤᠷᠠᠳᠠᠶ᠎ᠠ ᠡᠯ᠎ᠡ ᠤᠯᠤᠰ ᠯᠤᠭ᠎ᠠ | ᠬᠠᠮᠳᠤ ᠪᠠᠷ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠬᠤ | ᠶᠢᠨ ᠲᠦᠯᠦᠭᠡ ᠴᠣᠴᠠᠯᠲᠠ ᠦᠭᠡᠢ ᠴᠢᠷᠮᠠᠶᠢᠨ᠎ᠠ︕ | ᠲᠦᠯᠦᠭᠡᠯᠡᠭᠴᠢᠳ ᠡ︕ | ᠪᠦᠯᠬᠦᠮᠳᠡᠯ ᠬᠦᠴᠦᠨ ᠴᠢᠳᠠᠯ ᠢ ᠨᠢᠬᠳᠠᠷᠠᠭᠤᠯᠵᠦ᠂ ᠦᠨᠡᠨ ᠪᠤᠳᠠᠳᠠᠢ ᠠᠵᠢᠯᠯᠠᠭ᠎ᠠ ᠢᠷᠡᠬᠡᠳᠦᠢ ᠶᠢ | ᠴᠤᠭᠴᠠᠯᠠᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠤᠯᠤᠬᠰᠠᠨ ᠨᠠᠮ ᠤᠨ ᠲᠦᠪ ᠬᠤᠷᠢᠶ᠎ᠠ ᠶᠢᠨ | ᠲᠤᠭᠤᠷᠢᠨ ᠳᠤ ᠨᠡᠩ ᠢᠯᠡᠬᠦᠦ ᠨᠢᠬᠳᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ | ᠤᠨ ᠠᠭᠤᠤ ᠶᠡᠭᠡ ᠳᠤᠭ ᠢ ᠦᠨᠳᠦᠷ ᠮᠡᠨᠳᠤᠭᠤᠯᠤᠨ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠤᠮᠳᠠᠳᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠡᠷᠡᠰ | ᠰᠢᠭᠤᠷᠬᠠᠢ ᠪᠠᠷ ᠤᠷᠤᠭᠰᠢᠯᠠᠨ ᠳᠠᠪᠰᠢᠵᠦ᠂ ᠯᠠᠪᠳᠠᠭᠤᠨ ᠪᠠᠳᠤᠳᠡᠢ ᠠᠵᠢᠯᠯᠠᠨ᠂ ᠠᠵᠦ ᠠᠬᠤᠢ ᠨᠡᠶᠢᠭᠡᠮ ᠤᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠰᠢᠢᠳᠪᠦᠷᠢᠳᠤ ᠢᠯᠠᠯᠲᠠ ᠶᠢ ᠤᠯᠬᠤ᠂ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠶᠢᠨ ᠲᠦᠯᠦᠭᠡ᠂ ᠮᠠᠨ ᠤ ᠤᠯᠤᠰ ᠢᠶᠠᠨ ᠪᠠᠶᠠᠨ | ᠬᠦᠴᠦᠷᠭᠡᠭ ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠯ ᠲᠠᠢ ᠦᠵᠡᠰᠬᠦᠯᠡᠩᠳᠦ ᠰᠠᠶᠢᠬᠠᠨ ᠨᠡᠶᠢᠭᠡᠮ ᠵᠢᠷᠤᠮᠳᠤ | ᠤᠳᠤᠬᠢᠴᠢᠯᠠᠬᠰᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠬᠤ᠂ ᠳᠤᠮᠳᠠᠲᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠲᠤ ᠤᠯᠤᠰ ᠤᠨ ᠬᠦᠰᠡᠯ ᠢ ᠪᠡᠶᠡᠯᠡᠭᠦᠯᠬᠦ ᠶᠢᠨ ᠲᠦᠯᠦᠭᠡ ᠰᠢᠨ᠎ᠡ | ᠬᠤᠪᠢ ᠨᠡᠮᠡᠷᠢ ᠦᠵᠡᠭᠦᠯᠵᠡᠭᠡᠶ᠎ᠡ︕ |