ᠤᠯᠤᠰ ᠤᠨ ᠳᠣᠲᠣᠭᠠᠳᠤ ᠶᠢᠨ ᠠᠩᠬᠠᠳᠠᠭᠴᠢ ᠠᠯᠪᠠᠨ ᠤ ᠲᠠᠯ᠎ᠠ ᠠᠴᠠ ᠡᠷᠬᠡ ᠣᠯᠭᠤᠭᠰᠠᠨ ᠳ᠋ᠠᠶᠢᠲ᠋ᠠ ᠶᠢᠨ ᠡᠳ᠋ ᠬᠦᠷᠦᠩᠭᠡ ᠶᠢᠨ ᠦᠨᠡᠯᠡᠨ ᠵᠢᠱᠢᠬᠦ ᠲᠥᠪ ᠥᠪᠥᠷ ᠮᠣᠩᠭᠤᠯ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018/3/5
      3 ᠳ᠋ᠤᠭᠠᠷ ᠰᠠᠷ᠎ᠠ ᠶᠢᠨ 3᠎ ᠤ ᠡᠳᠦᠷ᠂ ᠮᠠᠨ ᠤ ᠤᠯᠤᠰ ᠤᠨ ᠠᠩᠬᠠᠳᠠᠭᠴᠢ ᠠᠯᠪᠠᠨ ᠤ ᠲᠠᠯ᠎ᠠ ᠠᠴᠠ ᠡᠷᠬᠡ ᠣᠯᠭᠤᠭᠰᠠᠨ ᠳ᠋ᠠᠶᠢᠲ᠋ᠠ ᠶᠢᠨ ᠡᠳ᠋ ᠬᠦᠷᠦᠩᠭᠡ ᠶᠢᠨ ᠦᠨᠡᠯᠡᠨ ᠵᠢᠱᠢᠬᠦ ᠲᠥᠪ —— ᠥᠪᠥᠷ ᠮᠣᠩᠭᠤᠯ ︵ᠬᠤᠷᠢᠨᠭᠡᠷ ᠰᠢᠨ᠎ᠡ ᠲᠣᠭᠤᠷᠢᠭ︶᠎ ᠤᠨ ᠳ᠋ᠠᠶᠢᠲ᠋ᠠ ᠶᠢᠨ ᠡᠳ᠋ ᠬᠦᠷᠦᠩᠭᠡ ᠶᠢᠨ ᠦᠨᠡᠯᠡᠨ ᠵᠢᠱᠢᠬᠦ ᠲᠥᠪ ᠵᠢᠩᠬᠢᠨᠢ ᠪᠠᠷ ᠪᠠᠶᠢᠭᠤᠯᠤᠭᠳᠠᠪᠠ᠃      ᠥᠪᠥᠷ ᠮᠣᠩᠭᠤᠯ ︵ᠬᠤᠷᠢᠨᠭᠡᠷ ᠰᠢᠨ᠎ᠡ ᠲᠣᠭᠤᠷᠢᠭ︶᠎ ᠤᠨ ᠳ᠋ᠠᠶᠢᠲ᠋ᠠ ᠶᠢᠨ ᠡᠳ᠋ ᠬᠦᠷᠦᠩᠭᠡ ᠶᠢᠨ ᠦᠨᠡᠯᠡᠨ ᠵᠢᠱᠢᠬᠦ ᠲᠥᠪ ᠢ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠭᠦᠸᠧ ᠰᠢᠨ ᠶᠢᠦ ᠢ ᠳ᠋ᠠᠶᠢᠲ᠋ᠠ ᠶᠢᠨ ᠬᠢᠵᠠᠭᠠᠷᠲᠤ ᠺᠣᠮᠫᠠᠨᠢ ᠬᠠᠮᠲᠤᠷᠠᠨ ᠪᠠᠶᠢᠭᠤᠯᠵᠠᠢ᠃ ᠲᠤᠰ ᠦᠨᠡᠯᠡᠨ ᠵᠢᠱᠢᠬᠦ ᠲᠥᠪ ᠨᠢ ᠬᠤᠷᠢᠨᠭᠡᠷ ᠰᠢᠨ᠎ᠡ ᠲᠣᠭᠤᠷᠢᠭ ᠤᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠰᠠᠭᠤᠷᠢ ᠪᠠᠷ ᠠᠬᠢᠭᠤᠯᠬᠤ ᠲᠠᠪᠴᠠᠩ ᠪᠣᠯᠭᠠᠵᠤ᠂ ᠭᠦᠸᠧ ᠰᠢᠨ ᠶᠢᠦ ᠢ ᠲᠣᠮᠣ ᠳ᠋ᠠᠶᠢᠲ᠋ᠠ ᠶᠢᠨ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠳᠠᠪᠤᠷᠢ ᠎ ᠳᠤ ᠲᠦᠰᠢᠭᠯᠡᠨ᠂ ᠥᠪᠥᠷ ᠮᠣᠩᠭᠤᠯ ᠤᠨ ᠳ᠋ᠠᠶᠢᠲ᠋ᠠ ᠶᠢᠨ ᠡᠳ᠋ ᠬᠦᠷᠦᠩᠭᠡ ᠶᠢᠨ ᠰᠠᠭᠤᠷᠢ ᠡᠬᠢ ᠪᠠᠶᠠᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠬᠡ ᠬᠦᠨᠳᠦᠲᠡᠶ᠂ ᠳᠦᠷᠢᠮᠵᠢᠭᠰᠡᠨ᠂ ᠪᠤᠰᠤᠳᠴᠢ᠂ ᠪᠦᠲᠦᠮᠵᠢᠲᠡᠢ ᠳ᠋ᠠᠶᠢᠲ᠋ᠠ ᠶᠢᠨ ᠡᠳ᠋ ᠬᠦᠷᠦᠩᠭᠡ ᠶᠢᠨ ᠦᠨᠡᠯᠡᠨ ᠵᠢᠱᠢᠬᠦ ᠰᠢᠰᠲ᠋ᠧᠮᠵᠢ ᠶᠢ ᠪᠠᠶᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号