ᠯᠢ ᠺᠧ ᠴᠢᠶᠠᠩ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠪᠦᠬᠦ ᠤᠯᠤᠰ ᠎ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠬᠡᠰᠢᠬᠦᠳ ᠢ ᠳᠤᠰ ᠳᠤᠰ ᠡᠷᠬᠢᠨ ᠦᠵᠡᠭᠰᠡᠨ ᠪᠦᠬᠡᠳ ᠶᠠᠷᠢᠯᠴᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2018/3/5
      ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠶᠢᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠷᠦ ᠶᠢᠨ ᠶᠡᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠳᠤᠮᠳᠠᠳᠤ ᠤᠯᠤᠰ  ᠤᠨ ᠡᠪ ᠬᠠᠮᠳᠤ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ ᠯᠢ ᠵᠠᠨ ᠱᠤ᠋᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ ᠬᠤᠷᠠᠯ ᠢ ᠡᠷᠬᠢᠯᠡᠭᠴᠢ ᠸᠠᠩ ᠶᠠᠩ᠂ ᠳᠤᠮᠳᠠᠳᠤ ᠤᠯᠤᠰ ᠤᠨ ᠡᠪ ᠬᠠᠮᠳᠤ ᠨᠠᠮ  ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠵᠤᠤ ᠯᠧ ᠵᠢᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ ᠬᠠᠨ ᠵᠧᠩ 4᠎ ᠤ ᠡᠳᠤᠷ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠬᠡᠰᠢᠬᠦᠳ ᠢ ᠳᠤᠰ ᠳᠤᠰ ᠡᠷᠬᠢᠨ ᠦᠵᠡᠭᠰᠡᠨ ᠪᠦᠬᠡᠳ ᠳᠤᠭᠤᠢᠢᠯᠠᠩ ᠬᠤᠪᠢᠶᠠᠨ ᠶᠠᠷᠢᠯᠴᠠᠬᠤ ᠳᠤ ᠤᠷᠤᠯᠴᠠᠵᠤ᠂ ᠤᠯᠠᠨ ᠲᠠᠢ ᠬᠠᠮᠳᠤ ᠲᠦᠷᠦ ᠎ ᠶᠢᠨ ᠶᠠᠪᠤᠳᠠᠯ ᠢ ᠵᠦᠪᠳᠡᠯᠴᠡᠪᠡ᠃
     3 ᠳ᠋ᠤᠭᠠᠷ ᠰᠠᠷ᠎ᠠ ᠶᠢᠨ 4᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠶᠢᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠷᠦ ᠶᠢᠨ ᠶᠡᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠠᠵᠤ ᠠᠬᠤᠢ᠂ ᠬᠦᠳᠡᠭᠡ ᠠᠵᠤ ᠠᠬᠤᠢ ᠶᠢᠨ ᠡᠳᠡᠭᠡᠳ ᠤᠨ ᠭᠡᠰᠢᠬᠦᠳ ᠢ ᠡᠷᠬᠢᠨ ᠦᠵᠡᠭᠰᠡᠨ ᠪᠦᠬᠡᠳ ᠶᠠᠷᠢᠯᠴᠠᠭ᠎ᠠ ᠳᠤ ᠣᠷᠣᠯᠴᠠᠪᠠ᠃      4᠎ ᠤ ᠡᠳᠦᠷ ᠤᠨ ᠦᠳᠡ ᠶᠢᠨ ᠬᠤᠶᠢᠨ᠎ᠠ᠂ ᠯᠢ ᠺᠧ ᠴᠢᠶᠠᠩ ᠠᠵᠤ ᠠᠬᠤᠢ᠂ ᠬᠦᠳᠡᠭᠡ ᠠᠵᠤ ᠠᠬᠤᠢ ᠶᠢᠨ ᠡᠳᠡᠭᠡᠳ  ᠤᠨ ᠭᠡᠰᠢᠬᠦᠳ ᠤᠨ ᠬᠠᠮᠳᠤᠷᠠᠬᠰᠠᠨ ᠲᠤᠭᠤᠢᠢᠯᠠᠩ ᠤᠨ ᠬᠤᠷᠠᠯ ᠳᠤ ᠤᠷᠤᠯᠴᠠᠪᠠ᠃ ᠯᠢᠦ ᠱᠢ ᠶᠢᠨ᠂ ᠯᠢ ᠶᠠᠨ ᠬᠤᠩ᠂ ᠶᠠᠩ ᠹᠧᠩ ᠵᠢᠢ ᠵᠡᠷᠭᠡ ᠭᠡᠰᠢᠬᠦᠳ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠡᠷᠭᠡ ᠲᠠᠯ᠎ᠠ ᠪᠠᠷ ᠶᠠᠷᠢᠶ᠎ᠠ ᠲᠠᠯᠪᠢᠵᠠᠢ᠃ ᠯᠢ ᠺᠧ ᠴᠢᠶᠠᠩ ᠤᠯᠠᠨ ᠲᠠᠢ ᠰᠠᠨᠠᠯ ᠢᠶᠠᠨ ᠬᠦᠨᠵᠡᠭᠡᠢ ᠰᠤᠯᠢᠯᠴᠠᠪᠠ᠃ ᠲᠡᠷᠡ ᠬᠡᠯᠡᠭᠰᠡᠨ ᠨᠢ᠂ ᠡᠨᠡ ᠵᠢᠯ ᠠᠵᠤ ᠠᠬᠤᠢ ᠶᠢᠨ ᠬᠦᠭᠵᠢᠯᠳᠠ ᠶᠢᠨ ᠰᠠᠶᠢᠵᠢᠷᠠᠬᠤ ᠬᠠᠨᠳᠤᠰᠢ ᠶᠢ ᠪᠠᠳᠤᠳᠬᠠᠬᠤ ᠳᠤ ᠡᠷᠭᠡᠪᠰᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠠᠷᠢᠮᠳᠠᠯᠠᠵᠦ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠶᠢᠨ ᠲᠤᠭᠤᠷᠢᠨ ᠳᠤ ᠦᠭᠡᠷᠡᠴᠢᠯᠡᠯᠳᠠ ᠨᠡᠭᠡᠭᠡᠯᠳᠠ ᠬᠢᠬᠦ ᠰᠢᠨ᠎ᠠ ᠶᠢ ᠡᠬᠦᠳᠬᠦ ᠶᠢ ᠦᠷᠬᠦᠯᠵᠢᠯᠡᠨ ᠠᠬᠢᠭᠤᠯᠬᠤ ᠭᠡᠷᠡᠭᠲᠡᠢ᠃ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠎ ᠢ ᠴᠢᠨᠠᠬᠰᠢᠳᠠ ᠰᠢᠯᠢᠳᠡᠭᠵᠢᠬᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠪᠤᠳᠠᠳᠤ ᠴᠤᠭᠴᠠ ᠶᠢᠨ ᠠᠵᠤ ᠠᠬᠤᠢ ᠶᠢᠨ ᠦᠷᠳᠡᠭ ᠢ ᠪᠠᠭᠤᠷᠠᠭᠤᠯᠵᠦ᠂ ᠵᠠᠬ᠎ᠠ ᠳᠡᠯᠭᠡᠬᠦᠷ ᠎ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠡᠬᠦᠳᠦᠨ ᠪᠦᠳᠦᠭᠡᠬᠦ ᠬᠦᠴᠦᠨ ᠢ ᠨᠡᠩ ᠶᠡᠭᠡᠪᠡᠷ ᠬᠦᠭᠵᠢᠭᠡᠬᠦ ᠭᠡᠷᠡᠭᠲᠡᠢ᠃ ᠰᠢᠨ᠎ᠠ ᠶᠢ ᠡᠬᠦᠳᠬᠦ ᠠᠮᠢ ᠠᠬᠤᠢ ᠶᠢ ᠴᠢᠨᠠᠬᠰᠢᠳᠠ ᠰᠢᠯᠢᠳᠡᠭᠵᠢᠬᠦᠯᠵᠦ᠂ ᠬᠦᠮᠦᠨ ᠤ ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢ ᠬᠦᠢᠴᠡᠳ ᠪᠠᠳᠠᠷᠠᠭᠤᠯᠵᠦ᠂ ᠦᠢ ᠤᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠠ ᠶᠢ  ᠡᠬᠦᠳᠬᠦ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢ ᠠᠬᠢᠭᠤᠯᠵᠦ᠂ ᠲᠤᠭᠠᠴᠢᠯᠠᠬᠰᠠᠨ ᠠᠵᠤ ᠠᠬᠤᠢ᠂ ᠤᠶᠤᠨᠳᠦ ᠴᠢᠳᠠᠪᠬᠢ ᠶᠢᠨ ᠠᠵᠤ ᠦᠢᠯᠡᠰ ᠵᠡᠷᠭᠡ ᠰᠢᠨ᠎ᠠ ᠠᠵᠤ ᠦᠢᠯᠡᠰ ᠤᠨ ᠪᠤᠶᠢᠵᠢᠯᠳᠠ ᠶᠢ ᠠᠬᠢᠭᠤᠯᠵᠦ᠂ ᠬᠦᠭᠵᠢᠯᠳᠠ ᠪᠠ ᠠᠵᠢᠯ ᠤᠯᠭᠤᠯᠳᠠ ᠶᠢ ᠲᠠᠶᠢᠴᠢᠯᠠᠬᠤ ᠳᠤ ᠠᠰᠢᠬᠳᠠᠢ ᠰᠢᠨ᠎ᠠ ᠬᠦᠳᠡᠯᠭᠡᠬᠦ ᠴᠢᠳᠠᠪᠤᠷᠢ ᠶᠢ ᠬᠦᠴᠦᠷᠭᠡᠭᠵᠢᠬᠦᠯᠬᠦ ᠭᠡᠷᠡᠭᠲᠡᠢ᠃ ᠠᠵᠤ ᠠᠬᠤᠢ ᠶᠢᠨ ᠪᠦᠳᠦᠴᠡ ᠶᠢ ᠴᠢᠨᠠᠬᠰᠢᠳᠠ ᠰᠢᠯᠢᠳᠡᠭᠵᠢᠬᠦᠯᠵᠦ᠂ ᠪᠤᠳᠠᠳᠤ ᠴᠤᠭᠴᠠ ᠶᠢᠨ ᠠᠵᠤ ᠠᠬᠤᠢ ᠶᠢ ᠬᠦᠴᠦᠯᠡᠨ ᠬᠦᠭᠵᠢᠬᠦᠯᠵᠦ᠂ ᠭᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠭᠡᠵᠦ᠂ ᠵᠠᠬ᠎ᠠ ᠳᠡᠯᠭᠡᠬᠦᠷᠴᠢᠯᠡᠯᠳᠠ᠂ ᠬᠠᠤᠯᠢᠵᠢᠯ ᠤᠨ ᠠᠷᠭ᠎ᠠ ᠭᠡᠮᠵᠢᠶ᠎ᠠ ᠶᠢ ᠦᠷᠬᠦᠯᠵᠢᠯᠡᠨ ᠠᠰᠢᠬᠯᠠᠵᠦ ᠬᠤᠴᠤᠷᠤᠩᠭᠤᠢ ᠦᠢᠯᠡᠳᠪᠤᠷᠢᠯᠡᠯ ᠤᠨ ᠴᠢᠳᠠᠪᠤᠷᠢ ᠶᠢ ᠰᠢᠭᠰᠢᠨ ᠲᠠᠶᠠᠭᠳᠠᠵᠦ᠂ ᠤᠯᠠᠮᠵᠢᠯᠠᠯᠳᠦ ᠠᠵᠤ ᠦᠢᠯᠡᠰ ᠢ ᠦᠭᠡᠷᠡᠴᠢᠯᠡᠨ ᠲᠡᠰ ᠲᠡᠪᠰᠢᠬᠦᠯᠬᠦ ᠭᠡᠷᠡᠭᠲᠡᠢ ᠭᠡᠪᠡ᠃
     3 ᠳ᠋ᠤᠭᠠᠷ ᠰᠠᠷ᠎ᠠ ᠶᠢᠨ 4᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠶᠢᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ ᠯᠢ ᠵᠠᠠ ᠱᠦ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ︽9 · 3︾᠎ ᠶᠢᠨ ᠡᠷᠳᠡᠮ ᠰᠢᠨᠵᠢᠯᠡᠬᠡᠨ ᠤ ᠨᠡᠶᠢᠬᠡᠮᠯᠢᠭ ᠤᠨ ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠦᠬᠡᠳ ᠶᠠᠷᠢᠯᠴᠠᠭ᠎ᠠ ᠳᠤ ᠣᠷᠣᠯᠴᠠᠪᠠ᠃      4᠎ ᠤ ᠡᠳᠦᠷ ᠤᠨ ᠦᠲᠡ ᠶᠢᠨ ᠬᠤᠶᠢᠨ᠎ᠠ᠂ ᠯᠢ ᠵᠠᠠ ᠱᠦ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ︽9 · 3︾᠎ ᠶᠢᠨ ᠡᠷᠳᠡᠮ ᠰᠢᠨᠵᠢᠯᠡᠬᠡᠨ ᠤ ᠨᠡᠶᠢᠬᠡᠮᠯᠢᠭ ᠤᠨ ᠡᠲᠡᠭᠡᠳ ᠤᠨ ᠭᠡᠰᠢᠭᠦᠳ ᠤᠨ ᠬᠠᠮᠲᠤᠷᠠᠭᠰᠠᠠ ᠲᠤᠭᠤᠢᠢᠯᠠᠩ ᠤᠨ ᠬᠤᠷᠠᠯ ᠳᠤ ᠤᠷᠤᠯᠴᠠᠪᠠ᠃ ᠰᠦᠨ ᠳ᠋ᠦᠩ ᠱᠧᠩ᠂ ᠵᠸᠤ ᠬᠤᠩ ᠢ᠂ ᠭᠦ᠋ ᠱᠧᠩ ᠽᠦ ᠵᠡᠷᠭᠡ ᠭᠡᠰᠢᠭᠦᠳ ᠶᠠᠷᠢᠶ᠎ᠠ ᠲᠠᠯᠪᠢᠵᠦ᠂ ᠬᠦᠲᠡᠭᠡ ᠠᠵᠦ ᠠᠬᠤᠢ ᠶᠢᠨ ᠬᠦᠭᠵᠢᠯᠲᠠ᠂ ᠬᠤᠲᠠ ᠪᠠᠯᠭᠠᠰᠤᠵᠢᠯᠲᠠ᠂ ︽ᠲᠠᠯᠪᠢᠬᠤ ᠬᠠᠮᠢᠶᠠᠷᠬᠤ ᠦᠢᠯᠡᠴᠢᠯᠡᠬᠦ︾᠎ ᠶᠢᠨ ᠦᠭᠡᠷᠡᠴᠢᠯᠡᠯᠲᠡ᠂ ᠢᠨᠲ᠋ᠧᠷ ᠰᠦᠯᠵᠢᠶᠠᠠ ᠤ ᠠᠮᠤᠷ ᠲᠦᠪᠰᠢᠨ᠂ ᠦᠨᠲᠦᠰᠦᠨ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢᠵᠢᠯ ᠤᠨ ᠨᠡᠶᠢᠭᠡᠮ ᠢ ᠪᠦᠲᠦᠭᠡᠡ ᠪᠠᠶᠢᠭᠤᠯᠬᠤ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ᠂ ᠨᠡᠭᠦᠷᠡᠰᠦ ᠶᠢ ᠰᠢᠲᠠᠮᠠᠬᠠᠢ ᠭᠡᠢ ᠪᠤᠯᠭᠠᠠ ᠬᠤᠪᠢᠷᠠᠭᠤᠯᠬᠤ ᠶᠢ ᠠᠬᠢᠭᠤᠯᠬᠤ᠂ ᠴᠢᠬᠤᠯᠠ ᠶᠡᠭᠡ ᠢᠨᠵᠧᠨᠧᠷᠢᠩ ᠤᠨ ᠪᠦᠲᠦᠭᠡᠡ ᠪᠠᠶᠢᠭᠤᠯᠤᠯᠲᠠ᠂ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠤᠨ ᠬᠦᠭᠵᠢᠯᠲᠠ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠲᠤᠷᠠᠳᠴᠠᠢ᠃ ᠭᠡᠰᠢᠭᠦᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠤᠭᠰᠠᠠ ᠤ ᠲᠠᠷᠠᠭ᠎ᠠ᠂ ᠯᠢ ᠵᠠᠠ ᠱᠦ ᠴᠢᠬᠤᠯᠠᠴᠢᠯᠠᠭᠰᠠᠠ ᠨᠢ᠂ ᠡᠯ᠎ᠠ ᠠᠷᠠᠳᠴᠢᠯᠠᠭᠰᠠᠠ ᠨᠠᠮ ᠪᠦᠯᠦᠭ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠠ ᠲᠤᠤᠱᠯᠠᠭᠤᠯᠬᠤ ᠳᠠᠭᠠᠨ ᠲᠠᠷᠤᠢ ᠴᠢᠬᠤᠯᠠ ᠶᠡᠭᠡ ᠠᠰᠠᠭᠤᠲᠠᠯ ᠤᠨ ᠲᠠᠯ᠎ᠠ ᠪᠠᠷ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠠᠨ ᠴᠢᠨᠠᠭᠰᠢᠲᠠ ᠴᠢᠩᠭᠠᠳᠬᠠᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ ᠰᠠᠨᠠᠭ᠎ᠠ ᠎ ᠪᠠᠨ ᠵᠡᠪᠰᠡᠭᠯᠡᠵᠦ᠂ ᠠᠵᠢᠯ ᠢᠶᠠᠨ ᠵᠢᠯᠤᠭᠤᠲᠤᠭᠤᠯᠤᠨ᠂ ᠤᠬᠠᠮᠰᠠᠷ ᠠᠴᠠ ᠪᠠᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠦᠭᠵᠢᠯᠲᠠ ᠶᠢᠨ ᠵᠠᠮ ᠢᠶᠠᠷ ᠶᠠᠪᠤᠬᠤ ᠶᠢ ᠪᠠᠷᠢᠮᠲᠠᠯᠠᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠᠨ ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠲᠤᠭᠲᠠᠭᠠᠭᠰᠠᠠ ᠴᠢᠬᠤᠯᠠ ᠶᠡᠭᠡ ᠪᠠᠶᠢᠯᠲᠤᠬᠤ ᠪᠤᠲᠤᠯᠭ᠎ᠠ ᠶᠢᠨ ᠬᠠᠷᠠᠯᠲᠠ ᠲᠡᠭᠡᠷ᠎ᠠ ᠨᠢᠭᠡᠲᠦᠭᠦᠯᠵᠦ᠂ ᠮᠡᠷᠭᠡᠡ ᠠᠷᠭ᠎ᠠ ᠤᠬᠠᠭᠠᠠ ᠭᠠᠷᠭᠠᠠ ᠦᠭᠴᠤ᠂ ᠪᠤᠲᠠᠲᠠᠢ ᠶᠢ ᠡᠷᠬᠢᠮᠯᠡᠭᠰᠡᠡ ᠠᠷᠭ᠎ᠠ ᠪᠤᠲᠤᠯᠭ᠎ᠠ ᠲᠤᠭᠲᠠᠭᠠᠵᠦ᠂ ᠨᠢᠭᠡ ᠰᠡᠳᠭᠢᠯ ᠨᠢᠭᠡ ᠵᠤᠷᠢᠭ ᠢᠶᠠᠷ ᠲᠤᠮᠲᠠᠲᠤ ᠶᠢᠨ ᠵᠡᠭᠦᠲᠦ ᠶᠢ ᠬᠠᠮᠲᠤᠪᠠᠷ ᠲᠡᠷᠭᠡᠯᠰᠢᠭᠦᠯᠰᠦᠭᠡᠢ ᠭᠡᠪᠠ᠃
     3 ᠳ᠋ᠤᠭᠠᠷ ᠰᠠᠷ᠎ᠠ ᠶᠢᠨ 4᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠶᠢᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ ᠬᠤᠷᠠᠯ ᠢ ᠡᠷᠬᠢᠯᠡᠭᠴᠢ ᠸᠠᠩ ᠶᠠᠩ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠳᠡᠭᠡᠳ ᠤᠨ ᠭᠡᠰᠢᠭᠦᠳ ᠢ ᠡᠷᠬᠢᠨ ᠦᠵᠡᠭᠰᠡᠨ ᠪᠦᠬᠡᠳ ᠶᠠᠷᠢᠯᠴᠠᠭ᠎ᠠ ᠳᠤ ᠣᠷᠣᠯᠴᠠᠪᠠ᠃      4᠎ ᠤ ᠡᠳᠦᠷ ᠤᠨ ᠦᠳᠡ ᠶᠢᠨ ᠡᠮᠤᠨ᠎ᠡ᠂ ᠸᠠᠩ ᠶᠠᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠳᠡᠭᠡᠳ ᠤᠨ ᠬᠠᠮᠳᠤᠷᠠᠬᠰᠡᠨ ᠲᠤᠭᠤᠢᠢᠯᠠᠩ ᠤᠨ ᠬᠤᠷᠠᠯ ᠳᠤ ᠤᠷᠤᠯᠴᠡᠪᠡ᠃ ᠴᠢᠶᠤᠤ ᠴᠤᠸᠠᠨ ᠰᠢᠤ᠂ ᠴᠢ ᠲᠦᠩ ᠱᠧᠩ᠂ ᠵᠠᠩ ᠶᠦᠩ ᠵᠡᠷᠭᠡ ᠭᠡᠰᠢᠭᠦᠳ ᠢᠳᠡᠪᠬᠢᠳᠡᠢ ᠪᠠᠷ ᠶᠠᠷᠢᠶ᠎ᠠ ᠲᠠᠯᠪᠢᠵᠡᠢ᠃ ᠸᠠᠩ ᠶᠠᠩ ᠶᠠᠷᠢᠶ᠎ᠡ ᠶᠢ ᠬᠢᠨᠠᠮᠠᠭᠠᠢ ᠰᠤᠨᠤᠰᠤᠬᠰᠡᠨ ᠤ ᠲᠠᠷᠠᠭ᠎ᠠ ᠵᠢᠭᠠᠭᠰᠠᠨ ᠨᠢ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠨᠢ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠭᠦᠯᠭᠦ ᠰᠢᠢᠳᠪᠦᠷᠢᠳᠤ ᠢᠯᠡᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠎ ᠤᠨ ᠤᠨᠴᠠᠯᠢᠭ ᠲᠠᠢ ᠨᠡᠶᠢᠭᠡᠮ ᠵᠢᠷᠤᠮ  ᠤᠨ ᠠᠭᠤᠤ ᠶᠡᠭᠡ ᠢᠯᠡᠯᠳᠡ ᠶᠢ ᠳᠡᠮᠡᠴᠡᠨ ᠤᠯᠬᠤ ᠠᠤᠭ᠎ᠠ ᠶᠡᠭᠡ ᠲᠦᠰᠤᠪ ᠢ ᠵᠢᠷᠤᠭᠯᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠳᠤ ᠨᠡᠩ ᠦᠨᠳᠤᠷ ᠰᠢᠨ᠎ᠡ ᠱᠠᠭᠠᠷᠳᠠᠯᠭ᠎ᠠ ᠶᠢ ᠲᠤᠷᠠᠳᠤᠨ ᠭᠠᠷᠭᠠᠵᠡᠢ᠃ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠬᠤ ᠭᠡᠷᠡᠭᠲᠠᠢ᠃ ᠨᠠᠮ ᠠᠴᠠ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠤᠳᠤᠷᠢᠳᠬᠤ ᠶᠢ ᠪᠠᠷᠢᠮᠳᠠᠯᠠᠬᠤ ᠭᠡᠷᠡᠭᠲᠠᠢ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠳᠡᠭᠡᠳ ᠤᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠡᠨ ᠤ ᠭᠤᠤᠯᠯᠠᠬᠴᠢ᠂ ᠪᠦᠭᠦ ᠨᠠᠮ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠡᠨ ᠤ ᠡᠷᠭᠡ ᠰᠦᠷ ᠪᠡ ᠲᠦᠪᠯᠡᠷᠡᠩᠬᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠡ ᠤᠯᠤᠰ ᠲᠦᠷᠦ ᠶᠢᠨ ᠲᠦᠷᠢᠮ ᠢ ᠴᠢᠩᠭ᠎ᠠ ᠰᠠᠬᠢᠵᠤ᠂ ᠵᠦᠪᠯᠡᠯᠭᠡᠨ ᠤ ᠲᠤᠮᠳᠡ ᠬᠠᠮᠳᠤᠷᠠᠯᠴᠠᠭ᠎ᠠ ᠪᠠᠨ ᠠᠬᠢᠭᠤᠯᠵᠤ᠂ ᠵᠦᠪᠯᠡᠯᠭᠡᠨ ᠤ ᠲᠤᠮᠳᠠ ᠪᠦᠯᠭᠦᠮᠳᠡᠯ ᠢᠶᠠᠨ ᠴᠢᠩᠭᠠᠳᠬᠠᠵᠤ᠂ ᠵᠦᠪᠯᠡᠯᠭᠡᠨ ᠤ ᠲᠤᠮᠳᠡ ᠨᠠᠮ ᠤᠨ ᠤᠳᠤᠷᠢᠳᠤᠯᠭ᠎ᠠ ᠶᠢ ᠪᠠᠶᠡᠯᠡᠬᠦᠯᠬᠦ ᠭᠡᠷᠡᠭᠲᠠᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠦ ᠴᠢᠳᠠᠪᠦᠷᠢ ᠪᠠᠨ ᠪᠦᠭᠦ ᠲᠠᠯ᠎ᠡ ᠪᠠᠷ ᠴᠢᠩᠭᠠᠳᠬᠠᠵᠤ᠂ ᠰᠤᠷᠤᠯᠴᠠᠯᠭ᠎ᠠ ᠪᠠᠨ ᠦᠨᠡᠨᠭᠦ ᠴᠢᠩᠭᠠᠳᠬᠠᠵᠤ᠂ ᠪᠠᠶᠢᠴᠠᠭᠠᠨ ᠰᠤᠳᠤᠯᠤᠯᠳᠡ ᠬᠢᠭᠦ ᠰᠤᠷᠳᠡᠯ ᠢ ᠶᠡᠬᠡᠪᠡᠷ ᠪᠠᠳᠠᠷᠠᠭᠤᠯᠵᠤ᠂ ᠠᠷᠢᠭᠤᠨ ᠴᠢᠭᠡᠴᠢ ᠪᠠᠷ ᠪᠠᠶ᠎ᠡ ᠪᠠᠨ ᠴᠢᠩᠭ᠎ᠠ ᠱᠠᠭᠠᠷᠳᠠᠵᠤ᠂ ᠬᠤᠪᠢ ᠪᠡᠶ᠎ᠡ ᠶᠢᠨ ᠬᠡᠪ ᠪᠤᠯᠪᠠᠰᠤᠷᠠᠯ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠤᠯᠤᠰ ᠲᠦᠷᠦ ᠶᠢᠨ ᠵᠦᠪᠯᠡᠯᠭᠡᠨ ᠢ ᠦᠢᠯᠠᠭᠠᠬᠤ᠂ ᠵᠦᠪᠯᠡᠯᠭᠡ ᠬᠢᠵᠤ ᠴᠢᠳᠠᠬᠤ᠂ ᠲᠦᠷᠤ ᠶᠢᠨ ᠶᠠᠪᠤᠳᠠᠯ ᠢ ᠵᠦᠪᠯᠡᠭᠦ ᠳᠤ ᠴᠢᠳᠠᠮᠠᠭᠠᠢ ᠪᠠᠶᠢᠬᠤ ᠪᠡ ᠰᠠᠬᠢᠯᠭ᠎ᠠ ᠪᠠᠳᠤ ᠶᠢ ᠵᠢᠷᠤᠮᠯᠠᠬᠤ᠂ ᠶᠤᠰᠤ ᠲᠦᠷᠢᠮ ᠢ ᠰᠠᠬᠢᠬᠤ᠂ ᠶᠤᠰᠤ ᠰᠤᠷᠳᠠᠬᠤᠨ ᠢ ᠴᠢᠬᠤᠯᠠᠴᠢᠯᠠᠬᠤ ᠳᠡᠭᠡᠷ᠎ᠡ ᠦᠯᠢᠭᠡᠷ ᠲᠠᠭᠤᠷᠢᠶᠠᠯ ᠪᠤᠯᠬᠤ ᠭᠡᠷᠡᠭᠲᠠᠢ ᠭᠡᠵᠠᠢ᠃
    3 ᠳ᠋ᠤᠭᠠᠷ ᠰᠠᠷ᠎ᠠ ᠶᠢᠨ 4᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠶᠢᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠰᠤᠷᠭᠠᠨ ᠬᠦᠮᠦᠵᠢᠯ᠂ ᠰᠤᠨᠢᠨ ᠮᠡᠳᠡᠭᠡ ᠬᠡᠪᠯᠡᠯ ᠤᠨ ᠡᠳᠡᠭᠡᠳ ᠤᠨ ᠬᠡᠰᠢᠭᠦᠳ ᠢ ᠡᠷᠬᠢᠨ ᠦᠵᠡᠭᠰᠡᠨ ᠪᠦᠬᠡᠳ ᠶᠠᠷᠢᠯᠴᠠᠭ᠎ᠠ ᠳᠤ ᠣᠷᠣᠯᠴᠠᠪᠠ᠃     4᠎ ᠤ ᠡᠳᠦᠷ ᠤᠨ ᠦᠳᠡ ᠶᠢᠨ ᠬᠤᠶᠢᠨ᠎ᠠ᠂ ᠸᠠᠩ ᠬᠤ᠋ ᠨᠢᠩ ᠰᠤᠷᠭᠠᠨ ᠬᠦᠮᠦᠵᠢᠯ᠂ ᠰᠤᠨᠢᠨ ᠮᠡᠳᠡᠭᠡ ᠬᠡᠪᠯᠡᠯ ᠎ ᠤᠨ ᠡᠳᠡᠭᠡᠳ ᠤᠨ ᠬᠡᠰᠢᠭᠦᠳ ᠤᠨ ᠬᠠᠮᠳᠤᠷᠠᠬᠰᠠᠨ ᠲᠤᠭᠤᠢᠢᠯᠠᠩ ᠤᠨ ᠬᠤᠷᠠᠯ ᠳᠤ ᠤᠷᠤᠯᠴᠠᠵᠠᠢ᠃ ᠲᠡᠷᠡ ᠴᠧᠨ ᠯᠠᠢ᠂ ᠸᠠᠩ ᠱᠤ᠋ ᠴᠸᠡᠭ᠂ ᠯᠢᠨ ᠵᠦᠡᠭ ᠴᠢᠨ ᠵᠡᠷᠭᠡ ᠭᠡᠰᠢᠭᠦᠳ ᠤᠨ ᠶᠠᠷᠢᠶ᠎ᠡ ᠶᠢ ᠨᠠᠷᠢᠨ ᠬᠢᠨᠠᠮᠠᠭᠠᠢ ᠰᠤᠨᠤᠰᠤᠭᠰᠠᠨ ᠤ ᠲᠠᠷᠠᠭ᠎ᠠ ᠢᠯᠡᠷᠬᠡᠶᠢᠯᠡᠭᠰᠡᠨ ᠨᠢ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠪᠠ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠠᠪᠤᠳᠠᠯ ᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠭᠠᠵᠤ᠂ ᠰᠤᠷᠤᠯᠴᠠᠵᠤ ᠤᠢᠢᠯᠠᠭᠠᠬᠤ ᠨᠡᠪᠲᠡᠷᠡᠳᠡᠯ᠎ᠠ ᠮᠡᠳᠡᠵᠦ ᠪᠤᠲᠠᠳᠠᠶᠢᠵᠢᠭᠤᠯᠬᠤ ᠲᠡᠭᠡᠷ᠎ᠡ ᠬᠦᠴᠤ ᠲᠠᠯᠪᠢᠵᠤ᠂ ᠺᠠᠳ᠋ᠷ ᠤᠯᠠᠨ ᠲᠦᠮᠡᠨ ᠢ ᠤᠳᠤᠷᠢᠳᠤᠨ ᠲᠠᠭᠠᠭᠤᠯᠵᠤ ︽ᠲᠦᠷᠪᠡᠨ ᠤᠬᠠᠮᠰᠠᠷ︾᠎ ᠢ ᠴᠢᠩᠭᠠᠷᠠᠭᠤᠯᠤᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ᠭᠤᠤᠯᠯᠠᠬᠴᠢ ᠪᠠᠨ ᠬᠠᠮᠠᠭᠠᠯᠠᠬᠤ᠂ ᠭᠤᠤᠯᠯᠠᠬᠴᠢ ᠪᠠᠨ ᠬᠦᠷᠢᠶᠡᠯᠡᠬᠦ ᠤᠬᠠᠮᠰᠠᠷᠳᠤ ᠴᠢᠨᠠᠷ ᠪᠠ ᠡᠷᠡᠰ ᠪᠠᠳᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠮᠠᠨ ᠤ ᠤᠯᠤᠰ ᠤᠨ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠰᠤᠨᠢᠨ ᠮᠡᠳᠡᠭᠡ ᠬᠡᠪᠯᠡᠯ ᠤᠨ ᠦᠢᠯᠡᠰ ᠤᠨ ᠦᠭᠡᠷᠡᠴᠢᠯᠡᠯᠳᠡ ᠶᠢ ᠠᠬᠢᠭᠤᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠳᠠ ᠶᠢ ᠲᠦᠷᠭᠡᠳᠭᠡᠵᠦ᠂ ᠢᠨᠲ᠋ᠧᠷ ᠰᠦᠯᠵᠢᠶᠡᠨ ᠤ ᠪᠠᠶᠢᠭᠤᠯᠤᠯᠳᠠ ᠬᠠᠮᠢᠶᠠᠷᠤᠯᠳᠠ ᠬᠡᠷᠡᠭᠯᠡᠯᠳᠡ ᠶᠢ ᠴᠢᠩᠭᠠᠳᠬᠠᠨ᠂ ᠲᠠᠮᠵᠢᠭᠤᠯᠬᠤ ᠬᠦᠴᠦᠨ᠂ ᠲᠠᠭᠠᠭᠤᠯᠬᠤ ᠬᠦᠴᠦᠨ᠂ ᠨᠦᠯᠦᠭᠡᠯᠡᠬᠦ ᠬᠦᠴᠦᠨ᠂ ᠢᠳᠡᠭᠡᠭᠦᠯᠬᠦ ᠬᠦᠴᠦᠨ ᠢ ᠲᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠦᠮᠦᠵᠢᠯ ᠪᠠ ᠰᠤᠨᠢᠨ ᠮᠡᠳᠡᠭᠡ ᠬᠡᠪᠯᠡᠯ ᠤᠨ ᠬᠦᠷᠢᠶ᠎ᠡ ᠴᠡᠷᠠᠭᠠᠨ ᠳᠠᠬᠢ ᠨᠠᠮ ᠎ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠳᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠳᠤᠷᠢᠳᠤᠮᠵᠢ ᠶᠢ ᠡᠵᠡᠮᠳᠡᠵᠤ᠂ ᠵᠢᠬᠰᠠᠭᠠᠯ ᠎ ᠤᠨ ᠭᠠᠵᠠᠷ ᠢᠶᠠᠨ ᠪᠠᠳᠤ ᠰᠠᠬᠢᠨ᠂ ᠡᠩᠨᠡᠭᠡ ᠪᠠᠨ ᠰᠠᠶᠢᠲᠤᠷ ᠲᠠᠭᠠᠭᠤᠯᠵᠤ᠂ ᠠᠵᠢᠯ ᠤᠨ ᠤᠳᠤᠷᠢᠳᠤᠬᠤ ᠡᠷᠬᠡ ᠪᠠᠨ ᠪᠠᠳᠤ ᠡᠵᠡᠮᠳᠡᠬᠦ ᠬᠡᠷᠡᠭᠲᠡᠢ ᠭᠡᠵᠠᠢ᠃
     3 ᠳ᠋ᠤᠭᠠᠷ ᠰᠠᠷ᠎ᠠ ᠶᠢᠨ 4᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠶᠢᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ᠂ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠵᠤᠤ ᠯᠧ ᠵᠢᠢ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠰᠢᠶᠠᠩᠭᠠᠩ ᠤᠤᠮᠧᠨ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠢ ᠡᠷᠬᠢᠨ ᠦᠵᠡᠭᠰᠡᠨ ᠪᠦᠬᠡᠳ ᠶᠠᠷᠢᠯᠴᠠᠭ᠎ᠠ ᠳᠤ ᠣᠷᠣᠯᠴᠠᠪᠠ᠃       4᠎ ᠤ ᠡᠳᠦᠷ ᠤᠨ ᠦᠳᠡ ᠶᠢᠨ ᠬᠤᠶᠢᠨ᠎ᠠ᠂ ᠵᠤᠤ ᠯᠧ ᠵᠢᠢ ᠰᠢᠶᠠᠩᠭᠠᠩ ᠤᠤᠮᠧᠨ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠬᠠᠮᠳᠤᠷᠠᠬᠰᠠᠨ ᠳᠤᠭᠤᠢᠢᠯᠠᠩ ᠤᠨ ᠬᠤᠷᠠᠯ ᠳᠤ ᠤᠷᠤᠯᠴᠠᠪᠠ᠃ ᠱᠢ ᠷᠦᠩ ᠬᠤᠸᠠᠢ᠂ ᠮᠠ ᠶᠢᠦ ᠯᠢ᠂ ᠴᠢᠦᠢ ᠶᠦᠩ ᠰᠢ ᠵᠡᠷᠭᠡ ᠬᠡᠰᠢᠭᠦᠨ ᠤ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠤᠭᠰᠠᠨ ᠤ ᠳᠠᠷᠠᠭ᠎ᠠ ᠵᠤᠤ ᠯᠧ ᠵᠢᠢ ᠢᠯᠡᠷᠭᠡᠶᠢᠯᠡᠭᠰᠡᠨ ᠨᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾᠎ ᠶᠢᠨ ᠴᠢᠭᠯᠡᠯᠳᠡ ᠶᠢ ᠪᠦᠬᠦ ᠳᠠᠯ᠎ᠠ ᠪᠠᠷ ᠤᠨᠤᠪᠴᠢᠳᠠᠢ ᠤᠢᠢᠯᠠᠭᠠᠬᠤ ᠪᠠ ᠳᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠤᠯᠤᠰ︾ ᠪᠤᠯᠤᠨ ︽ᠬᠤᠶᠠᠷ ᠪᠠᠶᠢᠭᠤᠯᠤᠯ︾᠎ ᠤᠨ ᠬᠠᠷᠢᠴᠠᠭ᠎ᠠ ᠶᠢ ᠰᠠᠶᠢᠳᠤᠷ ᠡᠵᠡᠮᠰᠢᠵᠤ᠂ ᠦᠨᠳᠦᠰᠤᠨ ᠬᠠᠤᠯᠢ ᠪᠠ ᠦᠨᠳᠤᠰᠤ ᠪᠤᠯᠬᠤ ᠬᠠᠤᠯᠢ ᠶᠢ ᠴᠢᠩᠭ᠎ᠠ ᠵᠢᠷᠤᠮᠯᠠᠨ ᠬᠡᠷᠡᠭ ᠤᠴᠢᠷ ᠢ ᠬᠦᠢᠴᠡᠳᠭᠡᠵᠤ᠂ ᠨᠠᠮ ᠤᠨ ᠲᠦᠪ ᠬᠤᠷᠢᠶ᠎ᠠ ᠠᠴᠠ ᠰᠢᠶᠠᠩᠭᠠᠩ᠂ ᠤᠤᠮᠧᠨ ᠤ ᠤᠨᠴᠠᠭᠠᠢ ᠵᠠᠰᠠᠭ ᠵᠠᠬᠢᠷᠭᠠᠨ ᠤ ᠤᠷᠤᠨ ᠢ ᠪᠦᠬᠦ ᠳᠠᠯ᠎ᠠ ᠪᠠᠷ ᠬᠠᠮᠢᠶᠠᠷᠤᠨ ᠵᠠᠰᠠᠬᠤ ᠡᠷᠭᠡ ᠶᠢ ᠬᠠᠮᠠᠭᠠᠯᠠᠬᠤ ᠪᠠ ᠤᠨᠴᠠᠭᠠᠢ ᠵᠠᠰᠠᠭ ᠵᠠᠬᠢᠷᠭᠠᠨ ᠤ ᠤᠷᠤᠨ ᠎ ᠤ ᠳᠡᠭᠡᠳᠤ ᠬᠡᠮᠵᠢᠶ᠎ᠡ ᠪᠠᠷ ᠦᠪᠡᠷᠳᠡᠭᠡᠨ ᠵᠠᠰᠠᠬᠤ ᠡᠷᠭᠡ ᠶᠢ ᠪᠠᠳᠤᠯᠠᠬᠤ ᠶᠢ ᠤᠷᠭᠠᠨᠢᠭ ᠢᠶᠠᠷ ᠤᠶᠠᠯᠳᠤᠭᠤᠯᠵᠤ᠂ ᠰᠢᠶᠠᠩᠭᠠᠩ ᠤᠤᠮᠧᠨ ᠤ ᠤᠷᠳᠤ ᠬᠤᠭᠤᠴᠠᠭ᠎ᠠ ᠪᠠᠷ ᠪᠠᠳᠠᠷᠠᠨ ᠬᠦᠭᠵᠢᠭᠦ ᠪᠠ ᠳᠤᠭᠳᠠᠭᠤᠨ ᠪᠠᠶᠢᠳᠠᠯ ᠢ ᠪᠠᠳᠤᠯᠠᠬᠤ ᠬᠡᠷᠡᠭᠳᠠᠢ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ᠂ ᠰᠢᠶᠠᠩᠭᠠᠩ ᠤᠤᠮᠧᠨ ᠤ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠠᠭᠤᠰᠤᠯᠴᠠᠨ ᠤᠷᠤᠬᠤ ᠶᠢ ᠢᠳᠡᠪᠬᠢᠳᠡᠢ ᠲᠦᠯᠬᠢᠨ ᠠᠬᠢᠭᠤᠯᠵᠤ᠂ ᠭᠤᠸᠠᠩᠳᠦ᠋ᠩ ᠰᠢᠶᠠᠩᠭᠠᠩ ᠤᠤᠮᠧᠨ ᠤ ᠭᠠᠵᠠᠷ ᠤᠷᠤᠨ ᠤ ᠪᠦᠳᠦᠭᠡᠨ ᠪᠠᠶᠢᠭᠤᠯᠤᠯᠳᠠ᠂ ᠭᠤᠸᠠᠩᠳᠦ᠋ᠩ ᠰᠢᠶᠠᠩᠭᠠᠩ ᠤᠤᠮᠧᠨ ᠤ ᠬᠠᠮᠳᠤᠷᠠᠯᠴᠠᠭ᠎ᠠ᠂ ᠵᠦᠬᠠᠢ ᠶᠢᠨ ᠭᠤᠷᠪᠠᠯᠵᠢᠨ ᠤᠷᠤᠨ ᠪᠦᠰᠡ ᠶᠢᠨ ᠬᠠᠮᠳᠤᠷᠠᠯᠴᠠᠭ᠎ᠠ ᠵᠡᠷᠭᠡ ᠪᠠᠷ ᠭᠤᠤᠯᠳᠠᠯᠭ᠎ᠠ ᠪᠤᠯᠭᠠᠵᠤ᠂ ᠲᠤᠳᠤᠷ᠎ᠠ ᠭᠠᠵᠠᠷ ᠭᠢᠭᠡᠳ ᠰᠢᠶᠠᠩᠭᠠᠩ᠂ ᠤᠤᠮᠧᠨ ᠤ ᠬᠠᠷᠢᠯᠴᠠᠨ ᠠᠰᠢᠬᠳᠠᠢ ᠬᠠᠮᠳᠤᠷᠠᠨ ᠠᠵᠢᠯᠯᠠᠬᠤ ᠶᠢ ᠪᠦᠭᠦ ᠳᠠᠯ᠎ᠠ ᠪᠠᠷ ᠠᠬᠢᠭᠤᠯᠵᠤ᠂ ᠰᠢᠶᠠᠩᠭᠠᠩ ᠤᠤᠮᠧᠨ ᠬᠢᠭᠡᠳ ᠲᠤᠳᠤᠷ᠎ᠠ ᠭᠠᠵᠠᠷ ᠤᠨ ᠬᠠᠮᠳᠤᠪᠡᠷ ᠬᠦᠭᠵᠢᠭᠦ ᠤᠷᠤᠨ ᠵᠠᠢ ᠶᠢ ᠳᠠᠰᠤᠷᠠᠯᠳᠠ ᠦᠭᠡᠢ ᠦᠷᠭᠡᠳᠭᠡᠭᠦ ᠬᠡᠷᠡᠭᠳᠠᠢ ᠬᠡᠵᠠᠢ᠃
     3 ᠳ᠋ᠤᠭᠠᠷ ᠰᠠᠷ᠎ᠠ ᠶᠢᠨ 4᠎ ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠶᠢᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠨ ᠬᠠᠨ ᠵᠧᠩ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠳᠤ ᠬᠤᠷᠢᠶ᠎ᠠ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠡᠳᠡᠬᠡᠳ ᠤᠨ ᠬᠡᠰᠢᠬᠦᠳ ᠢ ᠡᠷᠬᠢᠨ ᠦᠵᠡᠭᠰᠡᠨ ᠪᠦᠬᠡᠳ ᠶᠠᠷᠢᠯᠴᠠᠭ᠎ᠠ ᠳᠤ ᠣᠷᠣᠯᠴᠠᠪᠠ᠃      4᠎ ᠤ ᠡᠳᠦᠷ ᠤᠨ ᠦᠳᠠ ᠶᠢᠨ ᠬᠤᠶᠢᠨ᠎ᠠ᠂ ᠬᠠᠨ ᠵᠧᠩ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠳᠤ ᠬᠤᠷᠢᠶ᠎ᠠ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠡᠳᠡᠬᠡᠳ ᠤᠨ ᠬᠡᠰᠢᠬᠦᠳ ᠤᠨ ᠬᠠᠮᠳᠤᠷᠠᠭᠰᠠᠠ ᠳᠤᠭᠤᠢᠢᠯᠠᠩ ᠤᠨ ᠬᠤᠷᠠᠯ ᠳᠤ ᠤᠷᠤᠯᠴᠠᠪᠠ᠃ ᠯᠢ ᠠᠢ ᠵᠢᠶᠦ᠋ᠨ᠂ ᠴᠧᠨ ᠰᠢᠩ ᠶᠢᠩ᠂ ᠵᠤ᠋ ᠶᠦᠩ ᠰᠢᠨ ᠵᠡᠷᠬᠡ ᠬᠡᠰᠢᠬᠦᠨ ᠢᠳᠡᠪᠬᠢᠳᠠᠢ ᠶᠠᠷᠢᠶ᠎ᠠ ᠲᠠᠯᠪᠢᠵᠤ᠂ ᠶᠠᠷᠢᠯᠴᠠᠭ᠎ᠠ ᠶᠡᠭᠡ ᠬᠦᠷ ᠬᠦᠭᠵᠢᠶᠠᠨ ᠲᠠᠢ ᠪᠠᠶᠢᠪᠠ᠃ ᠬᠡᠰᠢᠬᠦᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠤᠭᠰᠠᠠ ᠤ ᠲᠠᠷᠠᠭ᠎ᠠ ᠬᠠᠨ ᠵᠧᠩ ᠴᠢᠬᠤᠯᠠᠴᠢᠯᠠᠭᠰᠠᠠ ᠨᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠠ ᠤᠯᠠᠨ ᠨᠠᠮ ᠤᠨ ᠬᠠᠮᠳᠤᠷᠠᠨ ᠠᠵᠢᠯᠯᠠᠬᠤ ᠪᠠ ᠤᠯᠤᠰ ᠲᠦᠷᠤ ᠶᠢᠨ ᠵᠦᠪᠯᠡᠯᠬᠡᠨ ᠤ ᠲᠦᠷᠢᠮ ᠤᠨ ᠤᠷᠤᠭᠰᠢ ᠬᠦᠭᠵᠢᠬᠦ ᠶᠢ ᠠᠬᠢᠭᠤᠯᠬᠤ ᠳᠤ᠂ ᠡᠷᠬᠡᠪᠰᠢ ᠦᠵᠠᠯ ᠰᠠᠨᠠᠭ᠎ᠠ ᠤᠯᠤᠰ ᠲᠦᠷᠤ ᠤᠨᠤᠯ ᠤᠨ ᠰᠤᠷᠤᠯᠴᠠᠯᠭ᠎ᠠ ᠶᠢ ᠲᠠᠷᠢᠬᠦᠨ ᠪᠠᠶᠢᠷᠢᠨ ᠳᠤ ᠲᠠᠯᠪᠢᠬᠤ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ  ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠠᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ᠂ ᠬᠠᠮᠳᠤ ᠶᠢᠨ ᠦᠵᠡᠯ ᠰᠠᠨᠠᠭ᠎ᠠ ᠤᠯᠤᠰ ᠲᠦᠷᠤ ᠶᠢᠨ ᠰᠠᠭᠤᠷᠢ ᠪᠠᠨ ᠪᠠᠳᠤᠳᠬᠠᠬᠤ ᠬᠡᠷᠡᠭᠳᠡᠢ᠃ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠴᠢᠷᠮᠠᠶᠢᠨ ᠠᠬᠢᠭᠤᠯᠵᠥ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠬᠡᠬᠦ ᠡᠨᠡᠬᠦ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠵᠠᠮ ᠰᠤᠪᠠᠬ ᠪᠠ ᠲᠤᠰᠬᠠᠢ ᠵᠥᠪᠯᠡᠬᠦ ᠪᠠᠶᠢᠭᠤᠯᠤᠮᠵᠢ ᠶᠢ ᠰᠠᠶᠢᠳᠤᠷ ᠠᠰᠢᠬᠯᠠᠬᠤ ᠭᠡᠷᠡᠭᠳᠠᠢ᠃ ᠶᠡᠭᠡ ᠪᠦᠯᠬᠦᠮᠳᠠᠯ ᠶᠡᠭᠡ ᠬᠤᠯᠪᠤᠭᠠᠯᠠᠯ ᠢ ᠪᠠᠷᠢᠮᠳᠠᠯᠠᠵᠥ᠂ ᠬᠥᠮᠥᠰ ᠤᠨ ᠰᠠᠳᠬᠢᠯ ᠢ ᠨᠢᠬᠳᠠᠷᠠᠭᠤᠯᠬᠤ᠂ ᠬᠠᠮᠳᠤ ᠶᠢᠨ ᠲᠠᠨᠢᠯᠳᠠ ᠪᠠᠨ ᠲᠡᠭᠡᠭᠰᠢᠯᠡᠬᠦᠯᠬᠦ᠂ ᠬᠥᠴᠥᠨ ᠢᠶᠠᠨ ᠨᠢᠬᠳᠠᠷᠠᠭᠤᠯᠬᠤ ᠠᠵᠢᠯ ᠢ ᠴᠢᠷᠮᠠᠶᠢᠨ ᠬᠢᠵᠥ᠂ ᠲᠤᠮᠳᠠᠳᠤ ᠶᠢᠨ ᠥᠨᠳᠥᠰᠥᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠬᠥᠰᠡᠯ ᠵᠡᠬᠦᠳᠤ ᠶᠢ ᠪᠡᠶᠡᠯᠡᠬᠦᠯᠬᠦ ᠶᠢᠨ ᠲᠥᠯᠥᠭᠡ ᠢᠳᠡᠪᠬᠢ ᠬᠥᠴᠥᠨ ᠢ ᠥᠷᠭᠡᠨ ᠢᠶᠠᠷ ᠨᠢᠬᠳᠠᠷᠭᠤᠯᠬᠤ ᠭᠡᠷᠡᠭᠳᠠᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号