ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ 4 ᠤ ᠡᠳᠦᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠶᠡᠭᠡ ᠬᠤᠷᠠᠯ ᠤᠨ | ᠦᠬᠦᠯᠡᠭᠴᠢ ᠵᠠᠩ ᠶᠧ ᠰᠦᠢ ᠬᠤᠷᠠᠯ ᠤᠨ ᠵᠦᠪᠯᠡᠬᠦ ᠵᠦᠢᠯ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠠᠵᠢᠯ ᠤᠨ ᠲᠤᠬᠠᠢ ᠳᠤᠮᠳᠠᠳᠤ ᠭᠠᠳᠠᠭᠠᠳᠦ ᠶᠢᠨ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠬᠤ ᠶᠢᠨ | ᠵᠡᠷᠭᠡᠪᠡᠷ ᠤᠯᠠᠨ ᠨᠡᠶᠢᠳᠡ ᠶᠢᠨ ᠠᠩᠬᠠᠷᠴᠦ ᠪᠠᠶᠢᠭ᠎ᠠ ᠬᠠᠯᠠᠮᠰᠢᠯ ᠠᠰᠠᠭᠤᠳᠠᠯ ᠤᠨ ᠲᠤᠬᠠᠢ ᠬᠠᠷᠢᠭᠤᠯᠳᠠ ᠦᠭᠴᠠᠢ᠃ | ᠵᠠᠩ ᠶᠧ ᠰᠦᠢ ᠲᠠᠨᠢᠯᠴᠠᠭᠤᠯᠤᠭᠰᠠᠨ ᠨᠢ᠂ ᠲᠤᠰ ᠤᠳᠠᠭᠠᠨ ᠤ ᠬᠤᠷᠠᠯ 5 ᠤ ᠡᠳᠦᠷ ᠤᠨ ᠦᠳᠡ ᠶᠢᠨ | ᠡᠮᠦᠨ᠎ᠠ ᠡᠬᠢᠯᠡᠵᠦ᠂ 20 ᠤ ᠡᠳᠦᠷ ᠤᠨ ᠦᠳᠡ ᠶᠢᠨ ᠡᠮᠦᠨ᠎ᠠ ᠲᠡᠭᠦᠰᠦᠨ᠎ᠡ᠂ 10 ᠲᠦᠷᠦᠯ ᠤᠨ ᠵᠦᠪᠯᠡᠬᠦ ᠵᠦᠢᠯ ᠢ | ᠪᠡᠶᠡᠯᠡᠬᠦᠯᠦᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠵᠡᠷᠭᠡ 6 ᠮᠡᠳᠡᠬᠦᠯᠦᠯᠳᠠ ᠶᠢ ᠬᠢᠨᠡᠨ | ᠵᠦᠪᠯᠡᠬᠦ ᠠᠴᠠ ᠭᠠᠳᠠᠨ᠎ᠠ ᠪᠠᠰᠠ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠤᠨ ᠡᠭᠡ ᠨᠤᠤᠷᠠᠭ᠂ | ᠬᠢᠨᠡᠨ ᠪᠠᠶᠢᠴᠠᠭᠠᠬᠤ ᠬᠠᠤᠯᠢ ᠶᠢᠨ ᠲᠦᠰᠦᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ | ᠦᠭᠡᠷᠡᠴᠢᠯᠡᠯᠳᠠ ᠶᠢᠨ ᠲᠦᠰᠦᠯ ᠢ ᠬᠢᠨᠡᠨ ᠵᠦᠪᠯᠡᠬᠦ ᠶᠢᠨ ᠬᠠᠮᠳᠦ ᠲᠦᠷᠦ ᠶᠢᠨ ᠪᠠᠶᠢᠭᠤᠯᠤᠮᠵᠢ ᠶᠢᠨ ᠪᠦᠷᠢᠯᠳᠦᠬᠦᠨ | ᠬᠦᠮᠦᠰ ᠢ ᠰᠤᠩᠭᠤᠨ ᠲᠤᠰᠢᠶᠠᠯ ᠳᠤ ᠲᠤᠮᠢᠯᠠᠨ᠎ᠠ ᠭᠡᠵᠡᠢ᠃ | ᠵᠠᠩ ᠶᠧ ᠰᠦᠢ ᠬᠡᠯᠡᠭᠰᠡᠨ ᠨᠢ᠂ ᠡᠨᠡ ᠵᠢᠯ ᠤᠨ ᠶᠡᠭᠡ ᠬᠤᠷᠠᠯ ᠨᠢ ᠲᠦᠪ ᠤᠨ ᠨᠠᠢᠮᠠᠨ ᠲᠤᠭᠳᠠᠭᠠᠯ ᠪᠠ | ᠭᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠤᠤᠯ ᠤᠨ ᠬᠢ ᠲᠠᠢ ᠪᠠᠨ ᠠᠳᠠᠯᠢ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠰᠢᠨ᠎ᠠ ᠪᠠᠷ ᠲᠤᠭᠳᠠᠭᠠᠭᠰᠠᠨ ᠬᠤᠷᠠᠯ | ᠤᠨ ᠰᠤᠷᠳᠠᠯ ᠢ ᠰᠠᠶᠢᠵᠢᠷᠠᠭᠤᠯᠬᠤ ᠪᠤᠳᠠᠳᠠᠢ ᠠᠷᠭ᠎ᠠ ᠭᠡᠮᠵᠢᠶ᠎ᠠ ᠶᠢ ᠴᠢᠩᠭ᠎ᠠ ᠭᠡᠷᠡᠭᠵᠢᠬᠦᠯᠦᠨ᠎ᠠ᠃ ᠶᠡᠭᠡ ᠬᠤᠷᠠᠯ ᠤᠨ | ᠬᠤᠭᠤᠴᠠᠭᠠᠨ ᠳᠤ 14 ᠲᠠᠯᠠᠪᠤᠷ ᠰᠤᠷᠪᠤᠯᠵᠢᠯᠠᠬᠴᠢ ᠶᠢᠨ ᠬᠤᠷᠠᠯ ᠬᠢᠨ᠎ᠡ᠂ ︽ᠰᠠᠶᠢᠳ ᠨᠠᠷ ᠤᠨ ᠰᠤᠷᠪᠤᠯᠵᠢᠯᠠᠭ᠎ᠠ | ᠬᠦᠯᠢᠶᠡᠬᠦ ᠵᠠᠮ︾ ᠢ ᠦᠷᠬᠦᠯᠵᠢᠯᠡᠨ ᠨᠡᠭᠡᠭᠡᠵᠦ᠂ ︽ᠲᠦᠯᠦᠭᠡᠯᠡᠭᠴᠢᠳ ᠤᠨ ᠰᠤᠷᠪᠤᠯᠵᠢᠯᠠᠭ᠎ᠠ ᠬᠦᠯᠢᠶᠡᠬᠦ ᠵᠠᠮ︾ ᠢ | ᠠᠩᠬ᠎ᠠ ᠤᠳᠠᠭ᠎ᠠ ᠨᠡᠭᠡᠭᠡᠨ᠎ᠡ᠃ 20 ᠤ ᠡᠳᠦᠷ ᠤᠨ ᠦᠳᠡ ᠶᠢᠨ ᠡᠮᠦᠨ᠎ᠠ ᠶᠡᠭᠡ ᠬᠤᠷᠠᠯ ᠲᠡᠬᠦᠰᠦᠭᠰᠡᠨ ᠤ ᠳᠠᠷᠠᠭ᠎ᠠ᠂ | ᠰᠢᠨ᠎ᠠ ᠪᠠᠷ ᠲᠤᠰᠢᠶᠠᠯ ᠳᠤ ᠭᠠᠷᠤᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠳᠤᠮᠳᠠᠳᠤ | ᠭᠠᠳᠠᠭᠠᠳᠦ ᠶᠢᠨ ᠰᠤᠷᠪᠤᠯᠵᠢᠯᠠᠬᠴᠢᠳ ᠲᠠᠢ ᠠᠭᠤᠯᠵᠠᠬᠤ ᠶᠢᠨ ᠬᠠᠮᠳᠦ ᠠᠰᠠᠭᠤᠯᠳᠠ ᠶᠢ ᠬᠠᠷᠢᠭᠤᠯᠤᠨ᠎ᠠ ᠭᠡᠪᠡ᠃ |