ᠦᠬᠠᠶ ᠬᠤᠳᠠ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2018/3/5
      ᠨᠢᠳᠤᠨᠤᠨ᠂ ᠦᠬᠠᠶ ᠬᠤᠳᠠ ᠠᠳᠠᠯ ᠦᠢᠯᠡᠰ ᠴᠤᠭᠴᠠᠯᠠᠬᠤ ᠶᠢ ᠲᠡᠳᠬᠦᠨ ᠳᠡᠮᠵᠢᠬᠦ ᠲᠣᠭᠲᠠᠴᠠ ᠶᠢ ᠪᠦᠷᠢᠨᠰᠢᠬᠦᠯᠵᠤ᠂ ᠠᠳᠠᠯ ᠦᠢᠯᠡᠰ ᠴᠤᠭᠴᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠤᠭᠴᠠᠯᠠᠨ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠦᠬᠠᠶ ᠬᠤᠳᠠ ᠠᠳᠠᠯ ᠦᠢᠯᠡᠰ ᠴᠤᠭᠴᠠᠯᠠᠭᠴᠢᠳ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠪᠣᠯᠪᠠᠰᠤᠷᠠᠭᠤᠯᠤᠯ ᠤᠨ ᠬᠢᠴᠢᠶᠡᠯ ᠢ ᠰᠠᠶᠢᠵᠢᠷᠠᠭᠤᠯᠤᠨ᠂ ᠰᠣᠶᠣᠯ ᠵᠢᠭᠤᠯᠴᠢᠯᠠᠯ᠂ ᠭᠡᠷ ᠪᠦᠯᠢ ᠶᠢᠨ ᠦᠢᠯᠡᠴᠢᠯᠡᠭᠡ᠂ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠡᠷᠬᠢᠯᠡᠵᠦ᠂ ᠠᠳᠠᠯ ᠦᠶᠯᠡᠰ ᠴᠤᠭᠴᠠᠯᠠᠭᠴᠢᠳ ᠤᠨ ᠬᠡᠪ ᠪᠣᠯᠪᠠᠰᠤᠷᠠᠯ ᠪᠤᠯᠤᠨ ᠴᠢᠳᠠᠪᠤᠷᠢ ᠶᠢ ᠳᠡᠭᠡᠭᠰᠢᠯᠡᠬᠦᠯᠪᠡ᠃ ᠪᠦᠬᠦ ᠵᠢᠯ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ 2934 ᠬᠦᠮᠦᠨ ᠤᠷᠤᠯᠴᠠᠵᠤ᠂ ᠪᠣᠯᠪᠠᠰᠤᠷᠠᠭᠤᠯᠤᠯ ᠤᠨ ᠲᠠᠷᠠᠭ᠎ᠠ 1796 ᠬᠥᠮᠦᠨ ᠨᠢ ᠠᠮᠵᠢᠯᠲᠠ ᠲᠠᠢ ᠪᠠᠷ ᠠᠳᠠᠯ ᠦᠢᠯᠡᠰ ᠴᠤᠭᠴᠠᠯᠠᠭᠠᠳ᠂ ᠠᠳᠠᠯ ᠦᠢᠯᠡᠰ ᠴᠣᠭᠴᠠᠯᠠᠬᠤ ᠪᠦᠲᠦᠮᠵᠢ ᠶᠢᠨ ᠨᠤᠷᠮ᠎ᠠ ᠨᠢ 61.2%᠎ ᠲᠤ ᠬᠦᠷᠴᠡᠶ᠃ ᠡᠭᠦᠨ ᠠᠴᠠ ᠭᠠᠳᠠᠨ᠎ᠠ᠂ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢᠨ ᠲᠡᠳᠬᠦᠨ ᠳᠡᠮᠵᠢᠬᠦ ᠦᠢᠯᠡᠳᠦᠯ ᠢ ᠭᠦᠢᠴᠡᠳ ᠠᠰᠢᠭᠯᠠᠵᠤ᠂ 178 ᠬᠦᠮᠦᠨ ᠢ ᠬᠠᠪᠰᠤᠷᠴᠤ ᠪᠠᠶᠢᠭᠠᠳ ᠠᠮᠵᠢᠯᠲᠠ ᠲᠠᠢ ᠪᠠᠷ ᠠᠳᠠᠯ ᠦᠢᠯᠡᠰ ᠴᠤᠭᠴᠠᠯᠠᠭᠤᠯᠵᠤ᠂ 1668 ᠬᠦᠮᠦᠨ ᠤ ᠠᠵᠢᠯ ᠣᠯᠭᠤᠯᠲᠠ ᠶᠢ ᠳᠠᠶᠢᠴᠢᠯᠠᠪᠠ᠃      ᠦᠬᠠᠶ ᠬᠤᠳᠠ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ︵ᠨᠡᠪᠴᠢᠯᠡᠭᠦᠯᠦᠬᠦᠷ ᠤᠨ ᠰᠠᠭᠤᠷᠢᠨ ᠭᠠᠵᠠᠷ︶᠎ ᠢ 12 ᠪᠠᠶᠢᠭᠤᠯᠵᠤ᠂ ᠨᠡᠶᠢᠲᠡ 1609 ᠡᠷᠦᠭᠡ ᠠᠳᠠᠯ ᠦᠢᠯᠡᠰ ᠴᠣᠭᠴᠠᠯᠠᠬᠤ ᠪᠣᠳᠠᠲᠤ ᠴᠣᠭᠴᠠ ᠰᠠᠭᠤᠷᠢᠰᠢᠵᠤ᠂ 9685 ᠬᠦᠮᠦᠨ ᠤ ᠠᠵᠢᠯ ᠣᠯᠭᠤᠯᠲᠠ ᠶᠢ ᠳᠠᠶᠢᠴᠢᠯᠠᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠷ᠎ᠡ ᠪᠦᠲᠦᠮᠵᠢ ᠡᠳᠦᠷ ᠢᠷᠡᠬᠦᠶ᠎ᠡ ᠳᠤᠪᠤᠶᠢᠮ᠎ᠠ ᠪᠤᠯᠪᠠ᠃ ᠦᠬᠠᠶ ᠬᠤᠳᠠ ᠪᠠᠰᠠ ︽ᠬᠤᠤᠰ ᠡᠭᠦᠳᠦᠯᠲᠡ ᠶᠢᠨ ᠭᠠᠷᠠᠭ︾᠎ ᠤᠨ ᠠᠵᠢᠯ ᠤᠯᠭᠤᠵᠤ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠤᠰᠬᠠᠶ ᠠᠵᠢᠯᠯᠠᠭ᠎ᠠ ᠦᠷᠨᠢᠬᠦᠯᠭᠦ ᠎ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠬᠦᠷᠲᠡᠭᠡᠯ ᠤᠨ ᠬᠤᠷᠠᠯ᠂ ᠠᠳᠠᠯ ᠦᠢᠯᠡᠰ ᠴᠣᠭᠴᠠᠯᠠᠬᠤ ᠠᠮᠵᠢᠯᠲᠠ ᠪᠦᠲᠦᠮᠵᠢ ᠶᠢᠨ ᠦᠵᠡᠭᠦᠯᠦᠯᠭᠡ᠂ ᠠᠵᠢᠯ ᠣᠯᠭᠤᠬᠤ ᠵᠦᠪᠳᠡᠯᠴᠡᠭᠡᠷ ᠤᠨ ᠬᠤᠷᠠᠯ ᠵᠡᠷᠭᠡ ᠠᠵᠢᠯᠯᠠᠭ᠎ᠠ ᠶᠢ ᠦᠷᠨᠢᠬᠦᠯᠵᠤ᠂ ᠰᠢᠨ᠎ᠡ ᠦᠵᠡᠯ ᠰᠠᠨᠠᠭ᠎ᠠ ᠶᠢᠨ ᠲᠤᠬᠠᠢ ᠰᠤᠯᠢᠯᠴᠠᠬᠤ ᠪᠠ ᠨᠡᠪᠲᠡᠷᠡᠯᠴᠡᠬᠦ ᠶᠢ ᠠᠬᠢᠭᠤᠯᠵᠤ᠂ ᠪᠦᠲᠦᠭᠡᠯᠴᠢ ᠰᠠᠨᠠᠭ᠎ᠠ ᠶᠢ ᠪᠤᠳᠠᠲᠠᠢ ᠠᠬᠤᠢ ᠪᠤᠯᠭᠠᠨ ᠤᠯᠠᠷᠢᠭᠤᠯᠬᠤ ᠶᠢ ᠲᠦᠷᠭᠡᠳᠭᠡᠪᠡ᠃ ᠥᠪᠡᠷ ᠤᠨ ᠦᠷᠳᠡᠭ ᠳᠣᠣᠷ᠎ᠠ᠂ ᠪᠦᠬᠦ ᠲᠠᠯ᠎ᠠ ᠶᠢᠨ᠂ ᠲᠤᠰᠬᠠᠶᠢᠵᠢᠭᠰᠠᠨ᠂ ᠨᠡᠭᠡᠭᠡᠯᠲᠡᠲᠦ ᠬᠡᠯᠪᠡᠷᠢ ᠶᠢᠨ ᠠᠳᠠᠯ ᠦᠢᠯᠡᠰ ᠴᠣᠭᠴᠠᠯᠠᠬᠤ ᠲᠤᠯᠭᠠᠭᠤᠷᠢ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠳᠥᠷᠪᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠶᠢ ᠲᠤᠯᠭᠠᠭᠤᠷᠢᠯᠠᠬᠤ 9 ᠲᠠᠪᠴᠠᠩ ᠢ ᠭᠤᠶᠤᠴᠢᠯᠠᠨ ᠮᠡᠳᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号