ᠰᠢ ᠶᠢᠨ ᠫᠢᠩ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠎ ᠤᠨ ᠬᠢᠨᠡᠨ ᠵᠦᠪᠯᠡᠬᠦ ᠳᠤ ᠣᠷᠤᠯᠴᠠᠪᠠ
ᠨᠡᠶᠢᠲᠡᠯᠡᠭᠰᠡᠨ ᠴᠠᠭ᠄
2018/3/6
      ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 5᠎ ᠤ ᠡᠳᠦᠷ ᠤᠨ ᠦᠳᠡ ᠶᠢᠨ ᠬᠤᠶᠢᠨ᠎ᠠ ᠦᠪᠡᠷ ᠎ ᠤᠨ ᠢᠶᠠᠨ ᠪᠠᠶᠢᠭ᠎ᠠ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠭᠰᠠᠨ ᠨᠢ᠂ ᠵᠤᠷᠢᠭ ᠢᠶᠠᠨ ᠬᠦᠪᠴᠢᠯᠡᠨ ᠰᠢᠨ᠎ᠠ ᠶᠢ ᠡᠬᠦᠳᠴᠦ ᠰᠢᠷᠭᠠᠭᠤ ᠬᠠᠳᠠᠭᠤᠵᠢᠯᠳᠠᠢ ᠠᠵᠢᠯᠯᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠯᠠᠪᠳᠠᠭᠤᠨ ᠪᠠᠳᠤᠳᠠᠢ ᠠᠬᠢᠭᠤᠯᠵᠦ᠂ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠤᠭᠳᠠᠭᠤᠨ ᠢ ᠯᠠᠪᠳᠠᠭᠤᠨ ᠪᠠᠳᠤᠳᠠᠢ ᠠᠬᠢᠭᠤᠯᠵᠦ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠦ ᠰᠠᠶᠢᠬᠠᠨ ᠪᠤᠯᠭᠠᠨ ᠴᠤᠭᠴᠠᠯᠠᠬᠤ ᠭᠡᠷᠡᠭᠲᠡᠢ ᠭᠡᠪᠠ᠃      ᠰᠢ ᠶᠢᠨ ᠫᠢᠩ ᠬᠤᠷᠠᠯ ᠤᠨ ᠲᠠᠯᠠᠪᠠᠢ ᠳᠤ ᠠᠯᠬᠤᠨ ᠤᠷᠤᠭᠰᠠᠨ᠎ᠠ ᠲᠠᠯᠠᠪᠠᠢ ᠳᠠᠶᠠᠭᠠᠷ ᠢᠶᠠᠷ ᠢᠶᠠᠨ ᠬᠠᠯᠠᠭᠤᠨ ᠠᠯᠠᠭ᠎ᠠ ᠲᠠᠰᠢᠪᠠ᠃ ᠮᠤᠩᠭᠤᠯ ᠦᠨᠳᠦᠰᠦᠳᠡᠨ ᠤ ᠲᠦᠯᠦᠭᠡᠯᠡᠭᠴᠢ ᠰᠢ ᠶᠢᠨ ᠫᠢᠩ ᠳᠤ ᠬᠦᠬᠡ ᠬᠠᠳᠠᠭ ᠡᠷᠭᠦᠨ ᠲᠡᠪᠰᠢᠬᠦᠯᠦᠯ᠎ᠠ᠃ ᠰᠢ ᠶᠢᠨ ᠫᠢᠩ ᠡᠯ᠎ᠠ ᠲᠦᠯᠦᠭᠡᠯᠡᠭᠴᠢ ᠵᠢᠴᠢ ᠥᠪᠦᠷ ᠮᠤᠩᠭᠤᠯ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠳᠤ ᠰᠠᠷ᠎ᠠ ᠰᠢᠨ᠎ᠠ ᠶᠢᠨ ᠮᠡᠨᠳᠦᠴᠢᠯᠡᠯ ᠳᠡᠪᠰᠢᠬᠦᠯᠵᠤ᠂ 2500 ᠲᠦᠮᠡ ᠭᠠᠷᠤᠢ ᠲᠠᠯ᠎ᠠ ᠨᠤᠳᠤᠭ ᠤᠨ ᠬᠦᠪᠡᠬᠦᠳ ᠦᠬᠢᠳ ᠤᠨ ᠰᠢᠷ᠎ᠠ ᠨᠤᠬᠠᠢ ᠵᠢᠯ ᠳᠤ ᠭᠡᠷ ᠬᠤᠳᠠᠯᠠᠭᠠᠷ ᠢᠶᠠᠷ ᠢᠶᠠᠨ ᠵᠤᠯ ᠵᠢᠷᠭᠠᠯ ᠲᠠᠢ᠂ ᠠᠵᠢᠯ ᠦᠢᠯᠡᠰ ᠦᠭᠡᠳᠡ ᠡᠰᠡᠷᠡᠭ ᠪᠠᠶᠢᠬᠤ ᠶᠢ ᠢᠷᠦᠭᠡᠨ ᠵᠦᠩᠨᠡᠵᠡᠢ᠃      ᠯᠢ ᠵᠢᠢ ᠾᠧᠩ᠂ ᠪᠦ᠋ ᠰᠢᠶᠤᠤ ᠯᠢᠨ᠂ ᠵᠤᠤ ᠬᠤᠢ ᠵᠢᠶᠧ᠂ ᠮᠦᠩᠭᠡ᠂ ᠮᠧᠩ ᠰᠢᠶᠠᠨ ᠳ᠋ᠦᠩ᠂ ᠯᠢ ᠼᠦᠢ ᡁᠢ᠂ ᠬᠦᠩ ᠮᠢᠩ ᠵᠦ᠂ ᠯᠢ ᠴᠢᠤᠸᠠᠨ ᠸᠧᠨ ᠵᠡᠷᠭᠡ 8 ᠲᠦᠯᠦᠭᠡᠯᠡᠭᠴᠢ ᠲᠤᠰ ᠲᠤᠰ ᠦᠵᠡᠰᠬᠦᠯᠡᠩᠳᠦ ᠰᠠᠶᠢᠬᠠᠨ ᠥᠪᠦᠷ ᠮᠤᠩᠭᠤᠯ ᠪᠠ ᠵᠢᠱᠢᠶᠡᠴᠢ ᠦᠪᠡᠷᠲᠡᠭᠡᠨ ᠵᠠᠰᠠᠬᠤ ᠤᠷᠤᠨ ᠢ ᠪᠦᠳᠦᠭᠡᠨ ᠪᠠᠶᠢᠭᠤᠯᠬᠤ᠂ ᠰᠢᠨ᠎ᠠ ᠴᠠᠭ ᠦᠶ᠎ᠠ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠠᠮ ᠢᠶᠠᠷ ᠵᠠᠮᠨᠠᠬᠤ᠂ ᠠᠮᠢ ᠠᠬᠤᠢ ᠶᠢᠨ ᠵᠤᠭᠠᠴᠠᠯ ᠎ ᠤᠨ ᠠᠵᠤ ᠦᠢᠯᠡᠰ ᠢ ᠬᠦᠭᠵᠢᠬᠦᠯᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠢᠯᠡᠯᠳᠠ ᠶᠢ ᠤᠯᠬᠤ᠂ ᠳᠠᠭᠠᠭᠤᠯᠤᠬᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠬᠠᠮᠳᠤᠪᠡᠷ ᠠᠰᠢᠬ ᠬᠦᠷᠳᠡᠬᠦ ᠶᠢ ᠠᠬᠢᠭᠤᠯᠬᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠤ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠬᠳᠠᠯ ᠢ ᠠᠬᠢᠭᠤᠯᠬᠤ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠎ ᠤᠨ ᠬᠤᠯᠢᠮᠠᠬ ᠦᠮᠴᠢᠯᠡᠯ ᠤᠨ ᠲᠦᠷᠢᠮ ᠤᠨ ᠦᠭᠡᠷᠡᠴᠢᠯᠡᠯᠳᠠ ᠶᠢ ᠠᠬᠢᠭᠤᠯᠬᠤ ᠵᠡᠷᠭᠡ ᠠᠰᠠᠭᠤᠳᠠᠯ ᠤᠨ ᠲᠠᠯ᠎ᠠ ᠪᠠᠷ ᠦᠬᠡ ᠬᠡᠯᠡᠪᠡ᠃ ᠰᠢ ᠶᠢᠨ ᠫᠢᠩ ᠰᠤᠨᠤᠰᠬᠤ ᠶᠢᠨ ᠳᠠᠭᠠᠤ ᠳᠡᠮᠳᠡᠭᠯᠡᠵᠦ᠂ ᠪᠠᠶᠢᠨ ᠪᠠᠶᠢᠨ ᠠᠰᠠᠭᠤᠵᠦ ᠪᠠᠶᠢᠯ᠎ᠠ᠃      ᠳᠦᠯᠦᠬᠡᠯᠡᠭᠴᠢ ᠨᠠᠷ ᠤᠨ ᠶᠡᠷᠢᠬᠤ ᠶᠢ ᠬᠢᠨᠠᠮᠠᠭᠠᠢ ᠰᠤᠨᠤᠰᠤᠬᠰᠠᠨ ᠤ ᠳᠠᠷᠠᠭ᠎ᠠ᠂ ᠰᠢ ᠶᠢᠨ ᠫᠢᠩ ᠦᠬᠡ ᠬᠡᠯᠡᠪᠡ᠃ ᠳᠡᠷᠡ ᠡᠩ ᠳᠡᠷᠢᠬᠦᠨ ᠳᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠪᠦᠷᠢᠮᠦᠰᠦᠨ ᠵᠦᠪᠰᠢᠶᠡᠷᠡᠵᠥ ᠪᠠᠶᠢᠬᠤ ᠪᠠᠨ ᠢᠯᠡᠳᠬᠡᠵᠥ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠳᠦᠪ ᠬᠤᠷᠢᠶᠠᠨ ᠤ ᠠᠯᠢ ᠤᠯᠠᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠢᠯᠡᠷᠡᠬᠦᠯᠵᠥ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠢᠯᠡᠷᠡᠬᠦᠯᠵᠥ᠂ ᠦᠩᠬᠡᠷᠡᠭᠰᠡᠨ 5 ᠵᠢᠯ ᠤᠨ ᠵᠠᠰᠠᠭ ᠤᠨ ᠤᠷᠳᠤᠨ ᠤ ᠠᠵᠢᠯ ᠤᠨ ᠪᠠᠶᠢᠳᠠᠯ ᠪᠤᠯᠤᠨ ᠠᠮᠵᠢᠯᠳᠠ ᠪᠦᠳᠦᠮᠵᠢ ᠶᠢ ᠡᠷᠬᠢᠴᠡᠬᠦᠯᠵᠥ᠂ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠬᠠᠷᠠᠯᠳᠠ ᠡᠬᠦᠷᠬᠡ ᠶᠢ ᠳᠤᠷᠠᠳᠤᠨ ᠭᠠᠷᠭᠠᠵᠠᠢ ᠬᠡᠵᠥ ᠴᠢᠬᠤᠯᠠᠴᠢᠯᠠᠪᠠ᠃      ᠰᠢ ᠶᠢᠨ ᠫᠢᠩ᠂ ᠦᠪᠦᠷ ᠮᠤᠩᠭᠤᠯ ᠪᠤᠯ ᠮᠠᠨ ᠤ ᠤᠯᠤᠰ ᠤᠨ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ ᠢ ᠬᠠᠮᠤᠭ ᠤᠨ ᠡᠷᠳᠡ ᠪᠠᠶᠢᠭᠤᠯᠤᠬᠰᠠᠨ᠂ ᠨᠠᠮ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠬᠠᠮᠤᠭ ᠤᠨ ᠡᠷᠳᠡ ᠬᠡᠷᠡᠭᠵᠢᠬᠦᠯᠦᠭᠰᠡᠨ ᠭᠠᠵᠠᠷ ᠤᠷᠤᠨ ᠮᠦᠨ᠂ ᠡᠬᠡ ᠤᠯᠤᠰ ᠤᠨ ᠤᠮᠠᠷᠠᠳᠤ ᠬᠢᠯᠢ ᠳᠤ ᠪᠠᠶᠢᠷᠢᠯᠠᠨ ᠪᠠᠶᠢᠯᠳᠤᠬᠤ ᠪᠤᠳᠤᠯᠭ᠎ᠠ ᠶᠢᠨ ᠤᠷᠤᠨ ᠪᠠᠶᠢᠷᠢ ᠪᠠᠷ ᠳᠦᠢᠯ ᠤᠨ ᠴᠢᠬᠤᠯᠠ ᠪᠤᠯᠬᠤ ᠶᠤᠮ᠃ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠳᠤᠬᠳᠠᠭᠤᠨ ᠤ ᠠᠵᠢᠯ ᠢ ᠰᠠᠶᠢᠳᠤᠷ ᠬᠢᠬᠦ ᠨᠢ ᠪᠦᠬᠦ ᠤᠯᠤᠰ᠂ ᠳᠡᠯᠡᠬᠡᠢ ᠨᠡᠶᠢᠳᠡ ᠳᠤ ᠴᠤ ᠢᠳᠡᠪᠬᠢ ᠠᠴᠢ ᠬᠤᠯᠪᠤᠬᠳᠠᠯ ᠲᠠᠢ ᠶᠤᠮ ᠬᠡᠵᠥ ᠵᠢᠭᠠᠵᠥ ᠭᠠᠷᠭᠠᠵᠠᠢ᠃ ᠳᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠦᠪᠦᠷ ᠮᠤᠩᠭᠤᠯ ᠤᠨ ᠡᠯ᠎ᠡ ᠳᠠᠯ᠎ᠠ ᠶᠢᠨ ᠪᠦᠳᠦᠬᠡᠨ ᠪᠠᠶᠢᠭᠤᠯᠤᠯᠳᠠ ᠳᠤ ᠤᠯᠤᠬᠰᠠᠨ ᠰᠢᠨ᠎ᠡ ᠠᠮᠵᠢᠯᠳᠠ ᠪᠦᠳᠦᠮᠵᠢ ᠶᠢ ᠬᠦᠢᠴᠡᠳ ᠨᠤᠳᠠᠯᠠᠵᠥ᠂ ᠦᠪᠦᠷ ᠮᠤᠩᠭᠤᠯ ᠤᠨ ᠨᠦᠬᠦᠳ ᠨᠠᠷ ᠴᠢᠷᠮᠠᠶᠢᠬᠰᠠᠨ ᠳᠡᠬᠡᠷ᠎ᠡ ᠪᠠᠨ ᠴᠢᠷᠮᠠᠶᠢᠵᠥ᠂ ᠭᠤᠷᠪᠠᠨ ᠶᠡᠭᠡ ᠰᠢᠪᠲᠤᠯᠤᠯᠲᠠ ᠶᠢ ᠰᠠᠶᠢᠳᠤᠷ ᠬᠢᠵᠥ᠂ ᠬᠦᠭᠵᠢᠯᠳᠡ ᠳᠡᠩᠴᠡᠬᠦᠷᠢ ᠦᠬᠡᠢ ᠬᠦᠢᠴᠡᠳ ᠦᠬᠡᠢ ᠠᠰᠠᠭᠤᠳᠠᠯ ᠢ ᠯᠠᠪᠳᠠᠭᠤᠨ ᠪᠠᠳᠤᠳᠠᠢ ᠰᠠᠶᠢᠳᠤᠷ ᠰᠢᠢᠳᠪᠦᠷᠢᠯᠡᠵᠥ᠂ ᠠᠵᠥ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠤᠨ ᠬᠤᠪᠢᠰᠤᠯᠳᠠ᠂ ᠦᠷ᠎ᠠ ᠪᠦᠳᠦᠮᠵᠢ ᠶᠢᠨ ᠬᠤᠪᠢᠰᠤᠯᠳᠠ᠂ ᠬᠦᠳᠡᠯᠬᠡᠬᠦ ᠬᠦᠴᠦᠨ ᠤ ᠬᠤᠪᠢᠰᠤᠯᠳᠠ ᠶᠢ ᠠᠬᠢᠭᠤᠯᠵᠥ᠂ ᠳᠤᠬᠳᠠᠭᠤᠨ ᠢᠶᠠᠷ ᠨᠡᠮᠡᠭᠳᠡᠬᠦᠯᠬᠦ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠬ ᠬᠦᠷᠳᠡᠬᠡᠬᠦ᠂ ᠳᠦᠭᠰᠢᠬᠦᠷᠢ ᠶᠢ ᠰᠡᠷᠬᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠳᠠᠯ᠎ᠠ ᠪᠠᠷ ᠰᠠᠶᠢᠳᠤᠷ ᠬᠢᠵᠥ᠂ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠳᠠᠬᠢᠨ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠥ ᠬᠦᠰᠡᠪᠡ᠃      ᠰᠢ ᠶᠢᠨ ᠫᠢᠩ ᠴᠢᠬᠤᠯᠠᠴᠢᠯᠠᠭᠰᠠᠨ ᠨᠢ᠂ ᠮᠠᠠ ᠤ ᠤᠯᠤᠰ ᠤᠨ ᠠᠵᠦ ᠠᠬᠤᠢ ᠨᠢᠭᠡᠨᠲᠡ ᠲᠦᠷᠭᠡᠡ ᠨᠡᠮᠡᠭᠲᠡᠯ ᠎ ᠤᠨ ᠱᠠᠲᠤᠨ ᠠᠴᠠ ᠴᠢᠨᠠᠷ ᠰᠠᠶᠢᠲᠠᠢ ᠬᠦᠭᠵᠢᠯᠲᠠ ᠶᠢᠨ ᠱᠠᠲᠤᠨ ᠳᠤ ᠰᠢᠯᠵᠢᠪᠡ᠃ ᠤᠲᠤ ᠮᠠᠠ ᠤ ᠤᠯᠤᠰ ᠤᠨ ᠠᠵᠦ ᠠᠬᠤᠢ ᠶᠢᠨ ᠪᠦᠲᠦᠴᠡ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠰᠠᠭᠤᠭᠠᠯᠢ ᠠᠷᠠᠳ ᠤᠨ ᠭᠡᠷᠡᠭᠯᠡᠭᠡ ᠲᠦᠷᠭᠡᠰᠤᠨ ᠲᠡᠰ ᠲᠡᠪᠰᠢᠵᠦ᠂ ᠰᠢᠨ᠎ᠠ ᠶᠢ ᠡᠭᠦᠳᠬᠦ ᠠᠵᠢᠯ ᠬᠦᠭᠵᠢᠯᠲᠠᠢ ᠬᠤᠭᠤᠴᠠᠭᠠᠠ ᠳᠤ ᠤᠷᠤᠵᠠᠢ᠂ ᠭᠡᠷᠪᠡ ᠰᠡᠳᠭᠢᠭᠦᠢ ᠶᠢᠨ ᠠᠷᠭ᠎ᠠ ᠬᠡᠯᠪᠡᠷᠢ ᠮᠦᠨᠬᠦ ᠦᠩᠭᠡᠷᠡᠭᠰᠡᠡ ᠤ ᠬᠠᠭᠤᠴᠢᠨ ᠬᠡᠪᠰᠢᠯ ᠳᠡᠭᠡᠨ ᠪᠠᠶᠢᠭᠠᠳ ᠪᠠᠶᠢᠪᠠᠯ ᠭᠠᠷᠬᠤ ᠵᠠᠮ ᠤᠯᠬᠤ ᠳᠤ ᠬᠦᠴᠢᠷ ᠮᠦᠷᠳᠡᠬᠡᠨ ᠬᠠᠷᠠᠵᠦ ᠪᠠᠶᠢᠭᠠᠳ ᠰᠠᠶᠢᠨ ᠠᠵᠠ ᠵᠠᠪᠰᠢᠶᠠᠠ ᠢ ᠴᠦ ᠠᠯᠲᠠᠵᠦ ᠮᠡᠲᠡᠨ᠎ᠠ᠃ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠳᠤ ᠭᠤᠤᠯᠲᠠᠯᠭ᠎ᠠ ᠪᠠᠨ ᠠᠵᠦ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠵᠦ ᠲᠡᠰ ᠲᠡᠪᠰᠢᠭᠦᠯᠬᠦ ᠶᠢ ᠠᠬᠢᠭᠤᠯᠬᠤ ᠲᠡᠭᠡᠷ᠎ᠠ ᠲᠡᠯᠪᠢᠵᠦ᠂ ᠪᠤᠲᠠᠲᠤ ᠴᠤᠭᠴᠠ ᠶᠢᠨ ᠠᠵᠦ ᠠᠬᠤᠢ ᠶᠢ ᠪᠤᠲᠠᠲᠠᠶᠢᠵᠢᠭᠤᠯᠤᠨ ᠬᠦᠴᠦᠷᠬᠡᠭᠵᠢᠬᠦᠯᠵᠤ ᠰᠢᠯᠢᠲᠡᠭᠵᠢᠬᠦᠯᠬᠦ ᠬᠡᠷᠡᠭᠲᠡᠢ᠃ ᠲᠠᠪᠠᠭᠤᠯᠢᠭ ᠲᠠᠭᠠᠨ ᠰᠠᠭᠤᠷᠢᠯᠠᠨ ᠲᠠᠯᠲᠠ ᠬᠦᠴᠤᠨ ᠢᠶᠠᠨ ᠠᠭᠤᠲᠠᠯᠵᠤ ᠰᠠᠶᠢᠨᠲᠠᠢ ᠲᠠᠯ᠎ᠠ ᠪᠠᠨ ᠪᠠᠲᠠᠷᠠᠭᠤᠯᠤᠨ ᠲᠤᠲᠠᠭᠲᠠᠯ ᠲᠠᠢ ᠲᠠᠯ᠎ᠠ ᠪᠠᠨ ᠨᠦᠬᠦᠪᠦᠷᠢᠯᠡᠵᠤ᠂ ᠤᠯᠠᠮᠵᠢᠯᠠᠯᠲᠦ ᠠᠵᠦ ᠦᠢᠯᠡᠰ ᠤᠯᠠᠨ ᠰᠢᠨ᠎ᠠ ᠪᠠᠷ ᠮᠠᠨᠳᠤᠭᠰᠠᠨ ᠠᠵᠦ ᠦᠢᠯᠡᠰ ᠴᠦᠭᠡᠡ᠂ ᠲᠤᠤᠷᠠᠳᠤ ᠲᠡᠰ ᠤᠨ ᠠᠵᠦ ᠦᠢᠯᠡᠰ ᠤᠯᠠᠠ ᠲᠡᠭᠡᠲᠦ ᠲᠡᠰ ᠤᠨ ᠠᠵᠦ ᠦᠢᠯᠡᠰ ᠴᠦᠭᠡᠡ᠂ ᠡᠬᠢ ᠪᠠᠶᠠᠯᠢᠭ ᠤᠨ ᠬᠡᠯᠪᠡᠷᠢ ᠶᠢᠨ ᠠᠵᠦ ᠦᠢᠯᠡᠰ ᠤᠯᠠᠠ ᠦᠨᠲᠦᠷ ᠲᠠᠭᠠᠯᠲᠠ ᠦᠷᠲᠡᠭ ᠪᠦᠬᠦᠢ ᠠᠵᠦ ᠦᠢᠯᠡᠰ ᠴᠦᠭᠡᠡ᠂ ᠬᠦᠲᠡᠯᠮᠦᠷᠢ ᠬᠦᠴᠦ ᠳᠦᠪᠯᠡᠷᠡᠭᠰᠡᠨ ᠭᠡᠯᠪᠡᠷᠢ ᠶᠢᠨ ᠠᠵᠦ ᠦᠢᠯᠡᠰ ᠤᠯᠠᠠ ᠪᠡᠯᠡ ᠬᠦᠷᠦᠩᠭᠡ ᠰᠢᠨᠵᠢᠯᠡᠬᠦ ᠤᠬᠠᠭᠠᠠ ᠮᠡᠷᠭᠡᠵᠢᠯ ᠳᠦᠪᠯᠡᠷᠡᠭᠰᠡᠨ ᠬᠡᠯᠪᠡᠷᠢ ᠶᠢᠨ ᠠᠵᠦ ᠦᠢᠯᠡᠰ ᠴᠦᠭᠡᠡ ᠪᠠᠶᠢᠬᠤ ᠪᠠᠶᠢᠲᠠᠯ ᠢ ᠴᠢᠷᠮᠠᠶᠢᠨ ᠬᠤᠪᠢᠷᠠᠭᠤᠯᠵᠦ᠂ ᠤᠯᠠᠠ ᠡᠰᠢᠵᠢᠠ ᠬᠦᠭᠵᠢᠵᠤ ᠤᠯᠠᠠ ᠳᠤᠶᠢᠯ ᠢᠶᠠᠷ ᠲᠤᠯᠭᠠᠭᠤᠷᠢᠯᠠᠭᠤᠯᠤᠭᠰᠠᠨ ᠤᠲᠤ ᠦᠶ᠎ᠠ ᠶᠢᠨ ᠠᠵᠦ ᠦᠢᠯᠡᠰ ᠤᠨ ᠰᠢᠨ᠎ᠠ ᠰᠢᠰᠲ᠋ᠧᠮ ᠢ ᠪᠠᠶᠢᠭᠤᠯᠵᠦ᠂ ᠲᠠᠪᠠᠭᠤᠯᠢᠭ ᠨᠢ ᠲᠤᠪᠤᠶᠢᠮ᠎ᠠ᠂ ᠪᠦᠲᠦᠴᠡ ᠨᠢ ᠵᠤᠬᠢᠰᠲᠠᠢ᠂ ᠰᠢᠨ᠎ᠠ ᠶᠢ ᠡᠬᠦᠳᠬᠦ ᠪᠠᠷ ᠬᠦᠲᠡᠯᠭᠡᠭᠦᠷ ᠪᠤᠯᠭᠠᠭᠰᠠᠠ᠂ ᠤᠷᠤᠨ ᠪᠦᠰᠡ ᠵᠤᠬᠢᠴᠠᠩᠭᠤᠢ᠂ ᠬᠤᠲᠠ ᠬᠦᠲᠡᠭᠡ ᠶᠢ ᠨᠢᠭᠡ ᠴᠤᠭᠴᠠᠵᠢᠭᠤᠯᠤᠭᠰᠠᠨ ᠬᠦᠭᠵᠢᠯᠲᠠ ᠶᠢᠨ ᠰᠢᠨ᠎ᠠ ᠪᠠᠶᠢᠷᠢᠰᠢᠯ ᠢ ᠪᠦᠷᠢᠯᠲᠦᠭᠦᠯᠬᠦ ᠬᠡᠷᠡᠭᠲᠡᠢ᠃ ᠤᠲᠤ ᠦᠶ᠎ᠠ ᠶᠢᠨ ᠡᠨᠧᠷᠬᠢ ᠶᠢᠨ ᠠᠵᠦ ᠠᠬᠤᠢ ᠶᠢ ᠰᠠᠶᠢᠲᠤᠷ ᠬᠦᠭᠵᠢᠬᠦᠯᠵᠤ᠂ ᠲᠡᠯᠡᠭᠡᠢ ᠶᠢᠨ ᠡᠨᠧᠷᠬᠢ ᠶᠢᠨ ᠮᠡᠷᠭᠡᠵᠢᠯ ᠤᠨ ᠬᠤᠪᠢᠰᠬᠠᠯ ᠎ ᠤᠨ ᠰᠢᠨ᠎ᠠ ᠬᠠᠨᠲᠤᠰᠢ ᠶᠢ ᠲᠠᠭᠠᠵᠦ᠂ ᠠᠵᠦ ᠦᠢᠯᠡᠰ ᠤᠨ ᠬᠡᠯᠬᠢᠶᠡᠵᠢᠯ ᠢ ᠤᠷᠲᠤᠳᠬᠠᠠ ᠡᠨᠧᠷᠬᠢ ᠶᠢᠨ ᠡᠬᠢ ᠪᠠᠶᠠᠯᠢᠭ ᠢ ᠶᠡᠷᠦᠩᠭᠡᠶᠢᠯᠡᠡ ᠠᠰᠢᠠᠠᠯᠠᠬᠤ ᠦᠷ᠎ᠠ ᠪᠦᠲᠦᠮᠵᠢ ᠶᠢ ᠲᠡᠭᠡᠭᠰᠢᠯᠡᠭᠦᠯᠬᠦ ᠬᠡᠷᠡᠭᠲᠡᠢ᠃ ᠰᠢᠨ᠎ᠠ ᠠᠵᠦ ᠦᠢᠯᠡᠰ᠂ ᠰᠢᠨ᠎ᠠ ᠬᠦᠲᠡᠯᠭᠡᠬᠦ ᠡᠨᠧᠷᠬᠢ᠂ ᠰᠢᠨ᠎ᠠ ᠨᠡᠮᠡᠭᠲᠡᠯ ᠤᠨ ᠲᠦᠢᠯ ᠢ ᠶᠡᠬᠡᠪᠠᠷ ᠪᠤᠶᠢᠵᠢᠭᠤᠯᠤᠨ ᠤᠲᠤ ᠦᠶ᠎ᠠ ᠶᠢᠨ ᠲᠤᠨᠤᠭᠯᠠᠯ ᠦᠢᠯᠡᠳᠬᠦ ᠦᠢᠯᠡᠰ ᠢ ᠬᠦᠭᠵᠢᠭᠦᠯᠵᠦ᠂ ᠰᠢᠨ᠎ᠠ ᠮᠠᠲ᠋ᠧᠷᠢᠶᠠᠯ᠂ ᠠᠮᠢᠲᠤ ᠪᠤᠲᠠᠰ ᠡᠮ ᠡᠮᠨᠡᠯᠭᠡ᠂ ᠡᠯᠧᠺᠲᠷᠤᠨ ᠮᠡᠲᠡᠭᠡ ᠵᠠᠩᠭᠢ᠂ ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠰᠢᠨ᠎ᠠ ᠪᠠᠷ ᠮᠠᠨᠳᠤᠭᠰᠠᠨ ᠠᠵᠦ ᠦᠢᠯᠡᠰ ᠢ ᠬᠦᠭᠵᠢᠭᠦᠯᠵᠦ᠂ ᠤᠲᠤ ᠦᠶ᠎ᠠ ᠶᠢᠨ ᠦᠢᠯᠡᠴᠢᠯᠡᠭᠡᠠ ᠤ ᠦᠢᠯᠡᠰ ᠢ ᠬᠦᠭᠵᠢᠭᠦᠯᠦᠨ᠂ ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠬᠤ ᠠᠵᠦ ᠦᠢᠯᠡᠰ ᠢ ᠬᠦᠭᠵᠢᠭᠦᠯᠵᠦ᠂ ᠰᠠᠭᠤᠷᠢ ᠲᠦᠬᠦᠭᠡᠷᠦᠮᠵᠢ ᠎ ᠶᠢᠨ ᠳᠤᠳᠠᠭᠤᠳᠠᠯ ᠢ ᠨᠦᠬᠦᠪᠦᠷᠢᠯᠡᠡ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠢᠯᠡᠲᠦᠯ ᠢ ᠪᠠᠲᠠᠷᠠᠭᠤᠯᠵᠤ᠂ ᠡᠬᠢ ᠪᠠᠶᠠᠯᠢᠭ ᠤᠨ ᠴᠢᠬᠤᠯᠠ ᠡᠯᠧᠮᠧᠨ᠋ᠲ ᠢ ᠲᠤᠬᠢᠷᠠᠭᠤᠯᠬᠤ ᠪᠠ ᠦᠢᠯᠡᠳᠪᠦᠷᠢᠯᠡᠯ ᠤᠨ ᠬᠦᠴᠤᠨ ᠤ ᠤᠷᠤᠠ ᠵᠠᠢ ᠶᠢᠨ ᠪᠠᠶᠢᠷᠢᠰᠢᠯᠠᠭᠤᠯᠤᠯᠳᠠ ᠶᠢ ᠰᠢᠯᠢᠲᠡᠭᠵᠢᠬᠦᠯᠦᠨ᠂ ᠲᠦᠪᠯᠡᠷᠡᠭᠰᠡᠡ ᠡᠷᠴᠢᠮᠵᠢᠭᠰᠡᠡ ᠬᠦᠭᠵᠢᠯᠲᠠ ᠶᠢᠨ ᠵᠠᠮ ᠢᠶᠠᠷ ᠵᠠᠮᠨᠠᠵᠤ᠂ ᠦᠷᠢᠰᠦᠯᠲᠦᠬᠦ ᠬᠦᠴᠤᠨ ᠢᠶᠠᠷ ᠴᠢᠩᠭ᠎ᠠ ᠨᠡᠮᠡᠭᠲᠡᠯ ᠤᠨ ᠲᠦᠢᠯ ᠢ ᠪᠦᠷᠢᠯᠲᠦᠭᠦᠯᠬᠦ ᠬᠡᠷᠡᠭᠲᠡᠢ᠃ ᠦᠷᠢ ᠦᠭᠴᠡᠭᠡᠨ ᠤ ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠨ ᠠᠷᠢᠯᠭᠠᠵᠤ᠂ ᠦᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠠᠢ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠡ ᠪᠦᠳᠦᠬᠡᠨ ᠪᠠᠶᠢᠭᠤᠯᠤᠯᠳᠡ ᠶᠢ ᠴᠢᠩᠭᠠᠳᠬᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠬᠡᠷ ᠤᠨ ᠵᠠᠰᠠᠯᠳᠡ ᠶᠢ ᠨᠢᠭᠡᠳᠦᠯᠳᠡᠢ ᠲᠦᠯᠦᠪᠵᠢᠭᠦᠯᠵᠤ᠂ ᠪᠡᠭᠡᠵᠢᠩ ᠲᠢᠶᠠᠨᠵᠢᠨ ᠤ ᠡᠷᠬᠢᠨ ᠳᠤᠭᠤᠷᠢᠨ ᠤ ᠡᠯᠡᠰᠤ ᠰᠠᠯᠬᠢᠨ ᠤ ᠡᠬᠢ ᠶᠢ ᠵᠠᠰᠠᠬᠤ᠂ ︽ᠤᠮᠠᠷᠠᠳᠤ ᠶᠢᠨ ᠭᠤᠷᠪᠡᠨ ᠤᠷᠤᠨ︾᠎ ᠤ ᠬᠠᠮᠠᠭᠠᠯᠠᠯᠳᠡ ᠶᠢᠨ ᠤᠢ ᠶᠢᠨ ᠪᠦᠳᠦᠬᠡᠨ ᠪᠠᠶᠢᠭᠤᠯᠤᠯᠳᠡ᠂ ᠪᠠᠶᠢᠭᠠᠯᠢ ᠶᠢᠨ ᠣᠢ ᠶᠢᠨ ᠬᠠᠮᠠᠭᠠᠯᠠᠯᠳᠡ᠂ ᠲᠠᠷᠢᠶᠠᠯᠠᠬᠤ ᠶᠢ ᠵᠤᠬᠰᠤᠭᠠᠵᠦ ᠤᠢ ᠮᠤᠳᠤ ᠳᠠᠷᠢᠬᠤ᠂ ᠪᠡᠯᠴᠢᠭᠡᠷᠯᠡᠬᠦᠯᠬᠦ ᠶᠢ ᠵᠤᠬᠰᠤᠭᠠᠵᠦ ᠪᠡᠯᠴᠢᠭᠡᠷ ᠢ ᠰᠡᠷᠬᠦᠭᠡᠬᠦ᠂ ᠤᠰᠤ ᠬᠦᠷᠦᠰᠤ ᠶᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠬᠢᠨᠠᠮᠠᠭᠠᠢ ᠵᠤᠬᠢᠶᠡᠨ ᠪᠠᠶᠢᠭᠤᠯᠤᠨ ᠭᠡᠷᠡᠭᠵᠢᠭᠦᠯᠵᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ᠂ ᠪᠡᠯᠴᠢᠭᠡᠷᠯᠡᠭᠦᠯᠭᠦ ᠶᠢ ᠵᠤᠭᠰᠤᠭᠠᠵᠤ ᠰᠡᠯᠬᠦᠨ ᠮᠠᠯᠵᠢᠬᠤ ᠵᠡᠷᠭᠡ ᠲᠦᠷᠢᠮ ᠢ ᠰᠠᠶᠢᠳᠤᠷ ᠭᠡᠷᠡᠭᠵᠢᠭᠦᠯᠵᠤ᠂ ᠭᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠵᠡᠷᠭᠡ ᠤᠰᠤᠨ ᠤ ᠠᠮᠢ ᠠᠬᠤᠢ ᠶᠢ ᠶᠡᠷᠦᠩᠬᠡᠶᠢᠯᠡᠠ ᠵᠠᠰᠠᠬᠤ ᠶᠢ ᠲᠦᠷᠭᠡᠳᠭᠡᠵᠤ᠂ ᠴᠦᠯᠯᠡᠷᠭᠡᠭᠵᠢᠯ ᠢ ᠵᠠᠰᠠᠬᠤ ᠪᠡ ᠨᠤᠭᠤ ᠭᠠᠵᠠᠷ ᠤᠨ ᠬᠠᠮᠠᠭᠠᠯᠠᠯᠳᠡ ᠶᠢ ᠴᠢᠩᠭᠠᠳᠬᠠᠵᠤ᠂ ᠠᠭᠠᠷ ᠮᠠᠨᠳᠠᠯ᠂ ᠤᠰᠤ᠂ ᠭᠦᠷᠦᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠭᠡ ᠤᠯᠤᠰ ᠤᠨ ᠤᠮᠠᠷᠠᠳᠤ ᠬᠢᠯᠢ ᠳᠤ ᠲᠦᠮᠡᠨ ᠭᠠᠵᠠᠷ ᠤᠨ ᠤᠷᠳᠤ ᠨᠤᠭᠤᠭᠠᠨ ᠭᠡᠷᠡᠮ ᠢ ᠴᠤᠭᠴᠠᠯᠠᠬᠤ ᠭᠡᠷᠡᠭᠲᠡᠢ ᠭᠡᠪᠠ᠃      ᠰᠢ ᠶᠢᠨ ᠫᠢᠩ ᠴᠢᠬᠤᠯᠠᠴᠢᠯᠠᠭᠰᠠᠨ ᠨᠢ᠂ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠭᠦᠯᠭᠦ ᠶᠢᠨ ᠪᠡᠯᠭᠡ ᠲᠡᠮᠳᠡᠭ ᠤᠨ ᠴᠢᠨᠠᠷᠳᠠᠢ ᠵᠢᠭᠠᠯᠳᠠ ᠲᠤᠭ᠎ᠠ ᠪᠤᠯ ᠭᠦᠳᠡᠭᠡ ᠲᠤᠰᠬᠤᠨ ᠤ ᠶᠠᠳᠠᠭᠤ ᠭᠦᠴᠢᠷᠳᠡᠯᠳᠡᠢ ᠬᠦᠮᠤᠨ ᠠᠮᠠ ᠶᠢ ᠪᠦᠭᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠭᠦᠴᠢᠷᠳᠡᠯᠳᠡᠢ ᠰᠢᠶᠠᠨ ᠢ ᠪᠦᠭᠦᠨ ᠢ ᠶᠠᠳᠠᠭᠤ ᠠᠴᠠ ᠠᠩᠬᠢᠵᠢᠷᠠᠭᠤᠯᠬᠤ ᠪᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠰᠠᠶᠢᠳᠤᠷ ᠬᠢᠬᠦ ᠶᠢᠨ ᠵᠠᠩᠬᠢᠯᠠᠭ᠎ᠠ ᠨᠢ ᠤᠨᠴᠡ ᠶᠠᠳᠠᠭᠤ ᠭᠦᠴᠢᠷᠳᠡᠯᠳᠡᠢ ᠭᠠᠵᠠᠷ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠰᠠᠶᠢᠳᠤᠷ ᠬᠢᠭᠦ ᠳᠤ ᠪᠤᠢ᠂ ᠵᠠᠩᠬᠢᠯᠠᠭ᠎ᠠ ᠨᠢ ᠶᠠᠳᠠᠭᠤ ᠭᠦᠴᠢᠷᠳᠡᠯᠳᠡᠢ ᠬᠦᠮᠤᠨ ᠠᠮᠠ ᠲᠦᠪᠯᠡᠷᠡᠭᠰᠡᠨ ᠰᠢᠶᠠᠩ ︵ᠰᠤᠮᠤ︶ ᠲᠤᠰᠬᠤᠨ ︵ᠭᠠᠴᠠᠭ᠎ᠠ︶᠎ ᠢ ᠶᠠᠳᠠᠭᠤ ᠠᠴᠠ ᠠᠩᠬᠢᠵᠢᠷᠠᠭᠤᠯᠬᠤ ᠳᠤ ᠪᠤᠢ᠃ ᠨᠡᠩ ᠡᠷᠴᠢᠮᠳᠠᠢ ᠠᠷᠭ᠎ᠠ ᠭᠡᠮᠵᠢᠶ᠎ᠠ ᠠᠪᠴᠤ᠂ ᠨᠡᠩ ᠨᠠᠷᠢᠯᠢᠭ ᠠᠵᠢᠯᠯᠠᠵᠤ᠂ ᠶᠠᠳᠠᠭᠤ ᠭᠦᠴᠢᠷᠳᠡᠯᠳᠡᠢ ᠬᠦᠮᠤᠨ ᠠᠮᠠ ᠲᠦᠪᠯᠡᠷᠡᠭᠰᠡᠨ ᠰᠢᠶᠠᠩ ︵ᠰᠤᠮᠤ︶ ᠲᠤᠰᠬᠤᠨ ︵ᠭᠠᠴᠠᠭ᠎ᠠ︶᠎ ᠳᠤ ᠠᠩᠬᠠᠷᠤᠯ ᠢᠶᠠᠨ ᠲᠦᠪᠯᠡᠷᠡᠬᠦᠯᠤᠨ ᠠᠵᠤ ᠦᠢᠯᠡᠰ ᠤᠨ ᠭᠦᠭᠵᠢᠯᠳᠡ᠂ ᠭᠦᠳᠡᠯᠮᠦᠷᠢᠯᠡᠬᠦᠯᠵᠤ ᠠᠵᠢᠯ ᠤᠯᠭᠤᠬᠤ᠂ ᠰᠠᠭᠤᠷᠢ ᠪᠡᠯᠡᠳᠬᠡᠮᠵᠢ᠂ ᠤᠯᠠᠨ ᠨᠡᠶᠢᠳᠡ ᠶᠢᠨ ᠦᠢᠯᠡᠴᠢᠯᠡᠭᠡ᠂ ᠡᠮ ᠡᠮᠨᠡᠯᠬᠡ ᠶᠢᠨ ᠪᠠᠳᠤᠯᠠᠪᠤᠷᠢ ᠵᠡᠷᠭᠡ ᠠᠰᠠᠭᠤᠳᠠᠯ ᠢ ᠰᠠᠶᠢᠳᠤᠷ ᠰᠢᠢᠳᠪᠦᠷᠢᠯᠡᠭᠦ ᠭᠡᠷᠡᠭᠲᠠᠢ᠃ ᠭᠦᠨᠳᠤ ᠡᠪᠡᠳᠴᠢᠨ ᠢᠶᠠᠨ ᠡᠮᠨᠡᠯᠬᠦᠯᠬᠦ ᠶᠢ ᠪᠠᠳᠤᠯᠠᠬᠤ ᠪᠠᠳᠤᠯᠠᠭ᠎ᠠ ᠶᠢᠨ ᠲᠤᠭᠳᠡᠴᠡ ᠶᠢ ᠲᠡᠭᠦᠯᠳᠡᠷᠵᠢᠭᠦᠯᠵᠤ᠂ ᠡᠪᠡᠳᠴᠢᠨ ᠠᠴᠠ ᠪᠤᠯᠵᠤ ᠶᠠᠳᠠᠭᠤᠷᠠᠬᠤ ᠠᠰᠠᠭᠤᠳᠠᠯ ᠢ ᠰᠠᠶᠢᠳᠤᠷ ᠰᠢᠢᠳᠪᠦᠷᠢᠯᠡᠭᠦ ᠭᠡᠷᠡᠭᠲᠠᠢ᠃ ᠨᠢᠳᠦᠨ ᠡᠮᠦᠨᠡᠬᠢ ᠠᠰᠠᠭᠤᠳᠠᠯ ᠢᠶᠠᠨ ᠰᠠᠶᠢᠲᠤᠷ ᠰᠢᠢᠳᠪᠦᠷᠢᠯᠡᠬᠦ ᠮᠦᠷᠲᠡᠭᠡᠨ ᠨᠡᠩ ᠴᠦ ᠦᠷᠭᠦᠯᠵᠢᠯᠡᠬᠦ ᠤᠷᠲᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠪᠦᠷᠢᠯᠳᠦᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠤᠷᠭᠠᠨᠢᠭ ᠢᠶᠠᠷ ᠤᠶᠠᠯᠳᠤᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠵᠤ ᠦᠢᠯᠡᠰ ᠬᠦᠭᠵᠢᠩᠬᠦᠢ᠂ ᠠᠮᠢ ᠠᠬᠤᠢ ᠤᠷᠤᠰᠢᠨ ᠰᠠᠭᠤᠬᠤ ᠳᠤ ᠲᠤᠬᠢᠷᠠᠮᠵᠢᠳᠠᠢ᠂ ᠨᠤᠲᠤᠭ ᠤᠨ ᠰᠤᠷᠳᠠᠯ ᠪᠤᠯᠪᠠᠰᠤᠨ᠂ ᠵᠠᠰᠠᠯᠲᠠ ᠦᠷ᠎ᠡ ᠪᠦᠲᠦᠮᠵᠢᠲᠡᠢ᠂ ᠠᠮᠢᠳᠤᠷᠠᠯ ᠴᠢᠨᠡᠭᠡᠯᠢᠭ ᠪᠠᠶᠢᠬᠤ ᠶᠢ ᠠᠬᠢᠭᠤᠯᠵᠤ᠂ ᠦᠷᠭᠡᠨ ᠤᠯᠠᠨ ᠮᠠᠯᠴᠢᠨ ᠲᠠᠷᠢᠶᠠᠴᠢᠨ ᠤ ᠠᠮᠢᠳᠤᠷᠠᠯ ᠪᠠ ᠬᠡᠷ ᠤᠷᠤᠨ ᠢ ᠪᠦᠬᠦ ᠲᠠᠯ᠎ᠠ ᠪᠠᠷ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠤᠷᠲᠠᠯ ᠤᠨ ᠪᠠᠶᠢᠭᠤᠯᠤᠯᠲᠠ ᠶᠢᠨ ᠵᠢᠯ ᠪᠤᠯᠤᠨ᠎ᠠ᠃ ᠶᠠᠳᠠᠭᠤ ᠶᠢ ᠳᠡᠳᠭᠦᠬᠦ ᠬᠦᠷᠢᠶᠡᠨ ᠳᠠᠬᠢ ᠢᠯᠵᠢᠷᠠᠯ ᠪᠤᠯᠤᠨ ᠰᠤᠷᠲᠠᠯ ᠤᠨ ᠠᠰᠠᠭᠤᠳᠠᠯ ᠤᠨ ᠲᠤᠰᠬᠠᠢ ᠵᠠᠰᠠᠯᠳᠠ ᠶᠢ ᠬᠢᠨᠠᠮᠠᠭᠠᠢ ᠦᠷᠨᠢᠭᠦᠯᠵᠦ᠂ ᠶᠠᠳᠠᠭᠤ ᠶᠢ ᠳᠡᠳᠬᠦᠬᠦ ᠪᠡᠯᠡ ᠮᠦᠡᠭᠭᠦ ᠶᠢᠨ ᠬᠠᠮᠢᠶᠠᠷᠤᠯᠲᠠ ᠶᠢ ᠴᠢᠩᠭᠠᠳᠬᠠᠨ ᠶᠠᠳᠠᠭᠤ ᠶᠢ ᠳᠡᠳᠭᠦᠬᠦ ᠪᠡᠯᠡ ᠮᠦᠡᠭᠭᠦ ᠶᠢ ᠨᠡᠭᠦᠯᠭᠡᠨ ᠬᠡᠷᠡᠭᠯᠡᠬᠦ ᠪᠠ ᠱᠠᠮᠰᠢᠬᠤ ᠦᠢᠯᠡ ᠬᠡᠷᠡᠭ ᠢ ᠴᠢᠩᠭ᠎ᠠ ᠰᠢᠳᠬᠡᠬᠦ ᠬᠡᠷᠡᠭᠲᠡᠢ᠃ ᠵᠠᠷᠢᠮ ᠭᠠᠵᠠᠷ ᠤᠷᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤᠮᠳᠠᠬᠢ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠬᠤᠳᠠᠯ ᠬᠡᠯᠡᠵᠦ ᠬᠤᠯᠤ ᠲᠠᠷᠢᠬᠤ ᠦᠵᠡᠭᠳᠡᠯ ᠳᠤ ᠤᠯᠠᠨ ᠲᠦᠮᠡᠨ ᠮᠠᠰᠢ ᠳᠤᠷ᠎ᠠ ᠦᠭᠡᠶᠢᠴᠡᠵᠦ ᠪᠠᠶᠢᠨ᠎ᠠ᠂ ᠡᠷᠬᠡᠪᠡᠰᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ ᠭᠡᠪᠠ᠃      ᠰᠢ ᠶᠢᠨ ᠫᠢᠩ ᠴᠢᠬᠤᠯᠠᠴᠢᠯᠠᠭᠰᠠᠨ ᠨᠢ᠂ ᠮᠠᠨ ᠤ ᠤᠯᠤᠰ ᠪᠤᠯ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠪᠤᠯᠤᠨ᠎ᠠ᠂ ᠦᠨᠳᠦᠰᠦᠲᠡᠨ ᠤ ᠪᠦᠯᠬᠦᠮᠳᠡᠯ ᠪᠤᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠬᠡᠯᠬᠢᠶ᠎ᠡ ᠮᠦᠨ᠃ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ ᠦᠨᠳᠦᠰᠦ ᠨᠢ ᠦᠨᠳᠦᠰᠦᠲᠡᠨ ᠤ ᠤᠷᠤᠨ ᠎ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠬᠤ ᠪᠠ ᠲᠡᠭᠦᠯᠳᠡᠷᠵᠢᠭᠦᠯᠬᠦ ᠳᠤ ᠪᠤᠢ᠃ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠦᠨᠳᠦᠷ ᠮᠠᠨᠳᠤᠭᠤᠯᠵᠤ᠂ ᠨᠠᠮ ᠤᠨ ᠦᠨᠳᠦᠰᠦᠲᠡᠨ ᠤ ᠳᠤᠬᠠᠢ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠤᠨᠤᠯ ᠎ ᠤᠨ ᠡᠬᠢ ᠰᠤᠷᠪᠤᠯᠵᠢ ᠶᠢ ᠤᠯᠠᠮ ᠠᠴᠠ ᠤᠯᠠᠮ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠰᠠᠭᠤᠷᠢ ᠶᠢ ᠤᠯᠠᠮ ᠠᠴᠠ ᠤᠯᠠᠮ ᠪᠠᠬᠢᠵᠢᠭᠦᠯᠬᠦ ᠬᠡᠷᠡᠭᠲᠡᠢ᠃ ᠦᠨᠳᠤᠰᠤᠳᠡ ᠤ ᠪᠦᠯᠭᠦᠮᠳᠡᠯ ᠢ ᠴᠢᠩᠭᠠᠳᠬᠠᠬᠤ ᠳᠤ ᠰᠠᠭᠤᠷᠢ ᠨᠢ ᠦᠨᠳᠤᠰᠤᠳᠡᠨ ᠎ ᠤ ᠪᠦᠯᠭᠦᠮᠳᠡᠯ ᠲᠠᠪᠰᠢᠯᠳᠠ ᠶᠢ ᠠᠬᠢᠭᠤᠯᠬᠤ ᠭᠦᠮᠤᠵᠢᠯ ᠢ ᠰᠠᠶᠢᠳᠤᠷ ᠡᠷᠬᠢᠯᠡᠵᠤ᠂ ᠦᠨᠳᠤᠰᠤᠳᠡᠨ ᠨᠦᠬᠦᠳ ᠤᠨ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠬᠤ ᠳᠤ ᠪᠤᠢ᠃ ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ ᠦᠢᠯᠠᠭᠠᠭᠳᠠᠬᠤᠨ ᠢ ᠭᠦᠨᠵᠡᠭᠡᠢ ᠦᠢᠯᠡᠳᠤᠯᠭᠡᠵᠢᠭᠦᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠬᠦᠨᠵᠡᠭᠡᠶᠢᠷᠡᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠤᠢ ᠪᠤᠯᠭᠠᠨ ᠪᠠᠬᠢᠵᠢᠬᠦᠯᠵᠦ᠂ ᠦᠨᠳᠤᠰᠤᠳᠡᠨ ᠨᠦᠬᠦᠳ ᠤᠨ ᠠᠷᠠᠳ ᠲᠦᠮᠡᠨ ᠢ ᠠᠨᠠᠷ ᠤᠨ ᠦᠷ᠎ᠡ ᠰᠢᠭ ᠪᠦᠯᠬᠦᠮᠳᠡᠨ ᠨᠢᠭᠳᠠᠷᠠᠬᠤ ᠶᠢ ᠠᠬᠢᠭᠤᠯᠵᠤ᠂ ᠡᠭᠡ ᠤᠯᠤᠰ ᠤᠨ ᠬᠢᠯᠢ ᠬᠢᠵᠠᠭᠠᠷ ᠢ ᠬᠠᠮᠳᠤᠪᠡᠷ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠳᠤᠪᠡᠷ ᠴᠤᠭᠴᠠᠯᠠᠬᠤ ᠬᠡᠷᠡᠭᠳᠠᠢ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠨᠢ ᠦᠨᠳᠤᠰᠤᠳᠡᠨ ᠨᠦᠬᠦᠳ ᠤᠨ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠤ ᠬᠦᠭᠵᠢᠯᠳᠠ ᠶᠢᠨ ᠴᠢᠭᠯᠡᠯ ᠢ ᠲᠤᠭᠳᠠᠭᠠᠵᠤ ᠪᠤᠢ᠂ ᠡᠷᠬᠡᠪᠰᠢ ᠦᠨᠳᠤᠰᠤᠳᠡᠨ ᠨᠦᠬᠦᠳ ᠤᠨ ᠲᠤᠮᠳᠠ ᠶᠡᠭᠡᠪᠠᠷ ᠭᠦᠮᠤᠵᠢᠭᠦᠯᠦᠨ ᠦᠢᠯᠡᠳᠤᠯᠭᠡᠵᠢᠭᠦᠯᠵᠦ᠂ ᠪᠠᠭ᠎ᠠ ᠠᠴᠠ ᠨᠢ ᠠᠳᠬᠤᠬᠤ ᠪᠠ ᠴᠡᠴᠡᠷᠯᠢᠭ ᠠᠴᠠ ᠨᠢ ᠠᠳᠬᠤᠬᠤ ᠶᠢ ᠪᠠᠷᠢᠮᠳᠠᠯᠠᠵᠤ᠂ ᠴᠦᠭᠡᠨ ᠲᠤᠭᠠᠳᠤ ᠦᠨᠳᠤᠰᠤᠳᠡᠨ ᠤ ᠰᠤᠶᠤᠯ ᠠᠴᠠ ᠰᠢᠮ᠎ᠠ ᠲᠡᠵᠢᠭᠡᠯ ᠬᠦᠷᠳᠡᠬᠦ ᠶᠢ ᠴᠢᠬᠤᠯᠠᠴᠢᠯᠠᠵᠦ᠂ ᠠᠴᠢᠶᠠᠯᠠᠪᠤᠷᠢ ᠪᠤᠯᠤᠨ ᠠᠷᠭ᠎ᠠ ᠭᠡᠯᠪᠡᠷᠢ ᠶᠢᠨ ᠰᠢᠨ᠎ᠠ ᠶᠢ ᠡᠭᠦᠳᠴᠤ᠂ ᠰᠦᠯᠵᠢᠶᠠᠨ ᠲᠡᠭᠡᠷᠡᠬᠢ ᠪᠠ ᠰᠦᠯᠵᠢᠶᠠᠨ ᠭᠠᠳᠠᠨᠠᠬᠢ ᠤᠶᠠᠯᠳᠤᠯ ᠤᠨ ᠠᠵᠢᠯ ᠢ ᠰᠠᠶᠢᠳᠤᠷ ᠬᠢᠵᠤ᠂ ᠦᠨᠳᠤᠰᠤᠳᠡᠨ ᠨᠦᠬᠦᠳ ᠤᠨ ᠤᠯᠠᠨ ᠲᠦᠮᠡᠨ ᠤ ᠠᠭᠤᠤ ᠶᠡᠭᠡ ᠡᠭᠡ ᠤᠯᠤᠰ᠂ ᠳᠤᠮᠳᠠᠳᠤ ᠶᠢᠨ ᠦᠨᠳᠦᠰᠦᠲᠡᠨ᠂ ᠲᠤᠮᠳᠠᠳᠤ ᠶᠢᠨ ᠰᠤᠶᠤᠯ᠂ ᠲᠤᠮᠳᠠᠳᠤ ᠤᠯᠤᠰ ᠤᠨ ᠡᠪ ᠬᠠᠮᠳᠤ ᠨᠠᠮ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠲᠤᠬᠠᠢ ᠳᠠᠨᠢᠯᠳᠠ ᠶᠢ ᠨᠢ ᠲᠡᠬᠡᠭᠰᠢᠯᠡᠬᠦᠯᠵᠤ᠂ ᠦᠨᠳᠤᠰᠤᠳᠠᠨ ᠨᠦᠭᠦᠳ ᠤᠨ ᠬᠤᠪᠢ ᠵᠠᠶᠠᠭ᠎ᠠ ᠪᠠᠨ ᠨᠢᠭᠡᠳᠭᠡᠨ ᠰᠡᠳᠬᠢᠯ ᠵᠢᠷᠦᠬᠡ ᠪᠠᠨ ᠬᠤᠯᠪᠤᠬᠤ ᠪᠠᠳᠤ ᠪᠠᠬᠢ ᠤᠶᠤᠨ ᠰᠠᠨᠠᠭᠠᠨ ᠤ ᠬᠤᠯᠪᠤᠭᠠᠰᠤ ᠶᠢ ᠪᠦᠷᠢᠯᠳᠦᠬᠦᠯᠵᠦ᠂ ᠴᠦᠭᠡᠨ ᠲᠤᠭᠠᠳᠤ ᠦᠨᠳᠤᠰᠤᠳᠡᠨ ᠪᠤᠯᠤᠨ ᠦᠨᠳᠤᠰᠤᠳᠡᠨ ᠤ ᠤᠷᠤᠨ ᠤ ᠬᠦᠭᠵᠢᠯᠳᠠ ᠶᠢᠨ ᠲᠤᠮᠳᠠᠬᠢ ᠡᠯ᠎ᠠ ᠵᠤᠶᠢᠯ ᠤᠨ ᠵᠦᠷᠢᠴᠡᠯ ᠢ ᠵᠤᠬᠢᠰᠳᠠᠢ ᠰᠢᠢᠳᠪᠤᠷᠢᠯᠡᠵᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ ᠤ ᠬᠠᠯᠬᠠᠪᠴᠢ ᠶᠢ ᠨᠡᠩ ᠪᠠᠳᠤ ᠪᠠᠬᠢ ᠴᠤᠭᠴᠠᠯᠠᠬᠤ ᠬᠡᠷᠡᠭᠳᠠᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号