3 ᠳ᠋ᠤᠭᠠᠷ ᠰᠠᠷ᠎ᠠ ᠶᠢᠨ 5 ᠤ ᠡᠳᠦᠷ᠂ 2018 ᠣᠨ ᠤ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ | ︽ᠰᠤᠷᠭᠠᠨ ᠬᠥᠮᠦᠵᠢᠯ ᠤᠨ ᠤᠬᠠᠭᠠᠨ︾ ︽ᠰᠤᠷᠭᠠᠨ ᠬᠥᠮᠦᠵᠢᠯ ᠤᠨ ᠰᠡᠳᠬᠢᠴᠡ ᠵᠦᠶ︾ ᠶᠢᠨ ᠰᠢᠯᠭᠠᠯᠲᠠ ᠳᠤ | ᠨᠡᠷ᠎ᠡ ᠮᠡᠳᠡᠭᠦᠯᠬᠦ ᠠᠵᠢᠯ ᠡᠬᠢᠯᠡᠪᠡ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠴᠠᠭ ᠨᠢ᠄ | 3 ᠳ᠋ᠤᠭᠠᠷ ᠰᠠᠷ᠎ᠠ ᠶᠢᠨ 5 ᠤ ᠡᠳᠦᠷ — 3 ᠳ᠋ᠤᠭᠠᠷ ᠰᠠᠷ᠎ᠠ ᠶᠢᠨ 12 ᠤ ᠡᠳᠦᠷ ᠤᠨ 17᠄ 00 ᠬᠦᠷᠲᠡᠯ᠎ᠡ | ᠶᠠᠪᠤᠭᠳᠠᠨ᠎ᠠ᠂ ᠬᠤᠭᠤᠴᠠᠭ᠎ᠠ ᠦᠩᠭᠡᠷᠡᠪᠡᠯ ᠲᠠᠬᠢᠵᠦ ᠭᠦᠢᠴᠡᠳᠬᠡᠵᠦ ᠦᠭᠬᠦ ᠦᠭᠡᠢ᠃ | ᠨᠡᠷ᠎ᠡ ᠮᠡᠳᠡᠭᠦᠯᠬᠦ ᠨᠥᠬᠦᠴᠡᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ | ᠳᠠᠩᠰᠠ ᠲᠠᠢ ᠬᠥᠮᠦᠰ︔ ᠭᠠᠳᠠᠷ ᠤᠷᠤᠨ ᠤ ᠡᠷᠦᠬᠡ ᠠᠮᠠ ᠶᠢᠨ ᠳᠠᠩᠰᠠ ᠲᠠᠢ ᠪᠥᠭᠡᠳ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ᠠᠵᠢᠯᠯᠠᠵᠤ ᠪᠠᠶᠢᠭ᠎ᠠ ᠬᠦᠮᠦᠰ ᠪᠤᠯ | ᠪᠠᠶᠢᠭᠤᠯᠭ᠎ᠠ ᠨᠢᠭᠡᠴᠡ ᠪᠠᠷ ᠢᠶᠠᠨ ᠠᠵᠢᠯ ᠤᠨ ᠭᠡᠷᠡᠴᠢ ᠬᠢᠯᠭᠡᠨ᠎ᠡ᠃ | ᠠᠩᠬ᠎ᠠ ᠵᠡᠷᠭᠡ ᠶᠢᠨ ᠳᠡᠰ᠄ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠪᠤᠯ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ | ᠠᠩᠭᠢ ᠠᠴᠠ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠶ︔ | ᠳᠤᠮᠳᠠ ᠵᠡᠷᠭᠡ ᠶᠢᠨ ᠳᠡᠰ᠄ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠪᠤᠯ ᠶᠡᠭᠡ ᠰᠤᠷᠭᠠᠭᠤᠯᠢ ᠶᠢᠨ ᠵᠢᠩᠬᠢᠨᠢ | ᠠᠩᠬᠢ ᠠᠴᠠ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠶ︔ | ᠳᠡᠭᠡᠳᠦ ᠵᠡᠷᠭᠡ ᠶᠢᠨ ᠳᠡᠰ᠄ ᠡᠩ ᠤᠨ ᠶᠡᠭᠡ ᠳᠡᠭᠡᠳᠦ ᠰᠤᠷᠭᠠᠭᠤᠯᠢ ᠪᠤᠶᠤ ᠨᠠᠰᠤᠨ ᠳᠤ ᠬᠦᠷᠦᠭᠰᠡᠳ ᠤᠨ ᠶᠡᠭᠡ | ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ ᠠᠵᠢᠯᠯᠠᠵᠤ ᠪᠠᠶᠢᠭ᠎ᠠ ᠪᠠᠭᠰᠢ ᠪᠤᠯ᠂ ᠶᠡᠭᠡ ᠰᠤᠷᠭᠠᠭᠤᠯᠢ ᠶᠢᠨ ᠵᠢᠩᠬᠢᠨᠢ | ᠠᠩᠬᠢ ᠠᠴᠠ ᠲᠡᠭᠦᠰᠦᠭᠰᠡᠨ ᠪᠠ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠶ ᠪᠥᠭᠡᠳ | ᠶᠡᠭᠡ ᠳᠡᠭᠡᠳᠦ ᠰᠤᠷᠭᠠᠭᠤᠯᠢ ᠶᠢᠨ ᠠᠵᠢᠯ ᠳᠤ ᠪᠠᠶᠢᠭ᠎ᠠ ᠪᠤᠶᠤ ᠨᠢᠭᠡᠨᠲᠡ ᠤᠷᠢᠭᠳᠠᠭᠰᠠᠨ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠪᠠᠶᠢᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ ᠮᠠᠨ ᠤ ᠣᠷᠣᠨ ᠤ ᠪᠦᠬᠦᠯᠢ ᠡᠳᠦᠷ ᠤᠨ | ᠳᠦᠷᠢᠮᠲᠦ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠭᠤᠷᠪᠠᠳᠤᠭᠠᠷ ᠠᠩᠭᠢ ᠶᠢᠨ ᠰᠤᠷᠤᠭᠴᠢ ᠵᠢᠴᠢ | ᠲᠡᠭᠦᠨ ᠠᠴᠠ ᠳᠡᠭᠡᠭᠰᠢᠬᠢ ᠰᠤᠷᠤᠭᠴᠢ ᠪᠣᠯᠤᠨ ᠠᠰᠫᠢᠷᠠᠨᠲ ᠰᠤᠷᠤᠭᠴᠢ ᠪᠤᠯ ᠰᠤᠷᠤᠯᠴᠠᠵᠤ ᠪᠠᠶᠢᠭ᠎ᠠ | ᠰᠤᠷᠭᠠᠭᠤᠯᠢ ᠶᠢᠨ ᠢᠶᠠᠨ ᠬᠢᠵᠦ ᠦᠭᠭᠦᠭᠰᠡᠨ ᠰᠤᠷᠤᠯᠭ᠎ᠠ ᠶᠢᠨ ᠭᠡᠷᠡᠴᠢ ᠪᠠᠷ ᠢᠶᠠᠨ ᠵᠣᠬᠢᠴᠠᠩᠭᠤᠶ ᠲᠡᠰ | ᠳᠠᠪᠬᠤᠷᠭ᠎ᠠ ᠶᠢᠨ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ᠰᠢᠯᠭᠠᠯᠲᠠ ᠳᠤ ᠨᠡᠷ᠎ᠡ ᠮᠡᠳᠡᠭᠦᠯᠦᠨ | ᠰᠢᠯᠭᠠᠭᠤᠯᠵᠤ ᠪᠤᠯᠤᠨ᠎ᠠ︔ ᠣᠷᠣᠨ ᠤ ᠭᠠᠳᠠᠨᠠᠬᠢ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠮᠠᠨ ᠤ ᠤᠷᠤᠨ ᠤ ᠰᠤᠷᠤᠭᠴᠢ ᠪᠤᠯ ᠲᠤᠬᠠᠢ ᠶᠢᠨ ᠵᠢᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠭᠰᠡᠨ ᠮᠡᠳᠡᠭᠡ | ᠵᠠᠩᠭᠢ ᠪᠤᠶᠤ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠢᠶᠠᠨ ᠬᠢᠵᠦ ᠦᠭᠭᠦᠭᠰᠡᠨ ᠰᠤᠷᠤᠯᠭ᠎ᠠ ᠶᠢᠨ ᠭᠡᠷᠡᠴᠢ ᠪᠠᠷ ᠢᠶᠠᠨ | ᠵᠣᠬᠢᠴᠠᠩᠭᠤᠶ ᠲᠡᠰ ᠳᠠᠪᠬᠤᠷᠭ᠎ᠠ ᠶᠢᠨ ᠪᠠᠭᠰᠢ ᠶᠢᠨ ᠬᠢᠷᠢ ᠬᠡᠮ ᠳᠤ ᠰᠢᠯᠭᠠᠭᠤᠯᠵᠤ ᠪᠤᠯᠤᠨ᠎ᠠ᠂ ᠭᠡᠪᠡᠴᠦ ᠪᠠᠭᠰᠢ ᠶᠢᠨ | ᠬᠢᠷᠢ ᠬᠡᠮ ᠤᠨ ᠦᠨᠡᠮᠯᠡᠯ ᠭᠤᠶᠤᠴᠢᠯᠠᠬᠤ ᠦᠶ᠎ᠡ ᠳᠤ᠂ ᠡᠷᠬᠡᠪᠰᠢ ᠮᠠᠨ ᠤ ᠣᠷᠣᠨ ᠤ ᠤᠳᠤ ᠶᠢᠨ ᠬᠡᠷᠡᠭᠵᠢᠭᠦᠯᠵᠦ | ᠪᠠᠶᠢᠭ᠎ᠠ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠤᠰᠤᠭᠠᠷ ᠭᠤᠶᠤᠴᠢᠯᠠᠬᠤ ᠬᠡᠷᠡᠭᠲᠡᠢ᠃ | ᠰᠢᠯᠭᠠᠬᠤ ᠴᠠᠭ ᠪᠠ ᠬᠢᠴᠢᠶᠡᠯ ᠲᠥᠷᠥᠯ᠄ 2018 ᠤᠨ ᠤ 4 ᠳ᠋ᠦ᠋ᠭᠡᠷ ᠰᠠᠷ᠎ᠠ ᠶᠢᠨ 14 ᠤ ᠡᠳᠦᠷ ᠤᠨ | ᠦᠳᠡ ᠶᠢᠨ ᠡᠮᠦᠨ᠎ᠡ 9᠄ 00 — 11᠄ 30 ᠰᠤᠷᠭᠠᠨ ᠬᠥᠮᠦᠵᠢᠯ ᠤᠨ ᠤᠬᠠᠭᠠᠨ ᠰᠢᠯᠭᠠᠨ᠎ᠠ︔ ᠦᠳᠡ ᠶᠢᠨ | ᠬᠤᠶᠢᠨ᠎ᠠ 14᠄ 00 — 17᠄ 00 ᠰᠤᠷᠭᠠᠨ ᠬᠥᠮᠦᠵᠢᠯ ᠤᠨ ᠰᠡᠳᠬᠢᠴᠡ ᠵᠦᠶ ᠰᠢᠯᠭᠠᠨ᠎ᠠ᠃ | ᠠᠩᠬᠠᠷᠤᠭᠤᠰᠢᠲᠠᠶ ᠵᠦᠢᠯ ᠭᠡᠪᠡᠯ᠂ ᠳᠠᠩ ᠲᠥᠷᠥᠯ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ | ᠰᠢᠯᠭᠠᠭᠤᠯᠤᠭᠴᠢ ᠳᠠᠩ ᠲᠥᠷᠥᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠲᠡᠩᠴᠡᠭᠰᠡᠨ ᠬᠢᠷᠢ ᠪᠦᠲᠦᠮᠵᠢ ᠶᠢᠨ | ᠬᠦᠴᠦᠨ ᠲᠠᠢ ᠬᠤᠭᠤᠴᠠᠭᠠᠨ ᠳᠣᠲᠣᠷ᠎ᠠ ︵ᠭᠠᠭᠴᠠ ᠲᠥᠷᠥᠯ ᠤᠨ ᠬᠢᠷᠢ ᠪᠦᠲᠦᠮᠵᠢ ᠶᠢ ᠨᠡᠶᠢᠲᠡᠯᠡᠭᠰᠡᠨ ᠡᠳᠦᠷ ᠠᠴᠠ | ᠡᠬᠢᠯᠡᠨ ᠬᠤᠶᠠᠷ ᠵᠢᠯ ᠤᠨ ᠳᠣᠲᠣᠷ᠎ᠠ︶ ᠦᠭᠡᠷ᠎ᠡ ᠨᠢᠭᠡ ᠲᠦᠷᠦᠯ ᠤᠨ ᠰᠢᠯᠭᠠᠯᠲᠠ ᠳᠤ ᠨᠡᠷ᠎ᠡ ᠮᠡᠳᠡᠭᠦᠯᠦᠨ | ᠰᠢᠯᠭᠠᠭᠤᠯᠵᠤ ᠪᠤᠯᠤᠨ᠎ᠠ᠂ ᠲᠤᠬᠠᠶᠢᠯᠠᠪᠠᠯ 2016 ᠣᠨ᠂ 2017 ᠣᠨ ᠳᠤ ᠳᠠᠩ ᠲᠥᠷᠥᠯ ᠤᠨ ᠬᠢᠷᠢ ᠪᠦᠲᠦᠮᠵᠢ | ᠨᠢ ᠬᠢᠷᠢ ᠲᠡᠩᠴᠡᠭᠰᠡᠨ ᠰᠢᠯᠭᠠᠭᠤᠯᠤᠭᠴᠢ 2018 ᠣᠨ ᠳᠤ ᠦᠭᠡᠷ᠎ᠡ ᠨᠢᠭᠡ ᠲᠦᠷᠦᠯ ᠤᠨ ᠰᠢᠯᠭᠠᠯᠲᠠ ᠳᠤ ᠨᠡᠷ᠎ᠡ | ᠮᠡᠳᠡᠭᠦᠯᠦᠨ ᠰᠢᠯᠭᠠᠭᠤᠯᠵᠤ ᠪᠤᠯᠤᠨ᠎ᠠ᠂ 2016 ᠣᠨ ᠠᠴᠠ ᠡᠮᠦᠨ᠎ᠡ ᠣᠯᠤᠭᠰᠠᠨ ᠳᠠᠩ ᠲᠥᠷᠥᠯ ᠤᠨ ᠬᠢᠴᠢᠶᠡᠯ ᠤᠨ | ᠰᠢᠯᠭᠠᠯᠲᠠ ᠶᠢᠨ ᠬᠢᠷᠢ ᠲᠡᠩᠴᠡᠭᠰᠡᠨ ᠬᠢᠷᠢ ᠪᠦᠲᠦᠮᠵᠢ ᠬᠦᠴᠦᠨ ᠦᠭᠡᠢ᠃ | ᠪᠣᠳᠠᠲᠠᠶ ᠪᠠᠶᠢᠳᠠᠯ ᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶᠡᠨ ᠳᠤ ᠭᠠᠷᠴᠤ ᠮᠠᠨ ᠤ ᠣᠷᠣᠨ ᠤ ᠲᠤᠰ ᠵᠦᠢᠯ ᠤᠨ ᠰᠢᠯᠭᠠᠯᠲᠠ ᠶᠢᠨ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢᠨ ᠲᠤᠭᠲᠠᠭᠠᠯ ᠢ ᠯᠠᠪᠯᠠᠨ ᠦᠵᠡᠵᠦ ᠪᠤᠯᠤᠨ᠎ᠠ᠃ |