ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠨᠡᠭᠡᠭᠡᠯᠲᠡᠲᠤ ᠪᠦᠭᠦᠳᠡ ᠬᠤᠷᠠᠯ ᠨᠢ ᠳᠤᠮᠳᠠᠳᠤ ᠭᠠᠳᠠᠭᠠᠳᠤ ᠶᠢᠨ100 ᠭᠠᠷᠤᠢ ᠰᠤᠷᠪᠤᠯᠵᠢᠯᠠᠭᠴᠢ ᠶᠢᠨ ᠠᠩᠬᠠᠷᠤᠯ ᠢ ᠲᠠᠲᠠᠪᠠ
ᠨᠡᠶᠢᠲᠡᠯᠡᠭᠰᠡᠨ ᠴᠠᠭ᠄
2018/3/7
     3 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠣ ᠪᠠᠶᠢᠭ᠎ᠠ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠠᠷᠠᠳ ᠤᠨ ᠶᠡᠭᠡ ᠬᠤᠷᠠᠯ ᠤᠨ ᠲᠠᠩᠭᠢᠮ ᠤᠨ ᠦᠪᠤᠷ ᠮᠤᠩᠭᠤᠯ ᠲᠢᠩᠬᠢᠮ ᠳᠤ ᠪᠦᠭᠦᠳᠡ ᠬᠤᠷᠠᠯ ᠬᠢᠵᠦ᠂ ᠦᠷᠬᠦᠯᠵᠢᠯᠡᠨ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠲᠤᠰ ᠤᠳᠠᠭ᠎ᠠ ᠶᠢᠨ ᠪᠦᠭᠦᠳᠡ ᠬᠤᠷᠠᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠢ ᠴᠢᠯᠦᠭᠡᠲᠡᠢ ᠤᠷᠤᠯᠴᠠᠭᠤᠯᠵᠠᠢ᠃      ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ ᠯᠢ ᠵᠢᠢ ᠾᠸᠡᠭ ᠬᠢᠨᠠᠨ ᠵᠦᠪᠯᠡᠬᠦ ᠳᠤ ᠤᠷᠤᠯᠴᠠᠵᠦ᠂ ᠲᠦᠯᠦᠭᠡᠯᠡᠭᠴᠢᠳ ᠤᠨ ᠪᠦᠯᠬᠦᠮ ᠤᠨ ᠲᠡᠳ᠋ ᠲᠠᠷᠤᠭ᠎ᠠ ᠪᠦ᠋ ᠰᠢᠶᠤᠤ ᠯᠢᠨ ᠬᠤᠷᠠᠯ ᠢ ᠡᠷᠬᠢᠯᠡᠵᠠᠢ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ᠂ ᠤᠯᠤᠰ ᠤᠨ ᠬᠦᠭᠵᠢᠭᠦᠯᠦᠯᠳᠡ ᠦᠭᠡᠷᠡᠴᠢᠯᠠᠯᠳᠠ ᠶᠢᠨ ᠵᠦᠪᠯᠡᠯ᠂ ᠡᠳ᠋ ᠤᠨ ᠵᠠᠰᠠᠬ ᠤᠨ ᠶᠠᠮᠤᠨ ᠤ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠵᠦ ᠰᠠᠨᠠᠯ ᠢ ᠰᠤᠨᠤᠰᠪᠠ᠃      ᠦᠵᠡᠰᠭᠦᠯᠠᠩᠳᠤ ᠰᠠᠶᠢᠬᠠᠨ ᠦᠪᠤᠷ ᠮᠤᠩᠭᠤᠯ ᠲᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠠᠩᠬᠠᠷᠤᠯ ᠢ ᠲᠠᠳᠠᠯ᠎ᠠ᠃ ᠠᠷᠠᠳ ᠤᠨ ᠡᠳᠦᠷ ᠤᠨ ᠰᠤᠨᠢᠨ᠂ ᠰᠢᠨᠬᠤᠸᠠ ᠬᠤᠷᠢᠶ᠎ᠠ᠂ ᠠᠮᠧᠷᠢᠺᠠ ᠶᠢᠨ ᠬᠠᠮᠳᠣᠷᠠᠭᠰᠠᠨ ᠴᠢᠮᠡᠭᠡᠯᠡᠯ ᠎ ᠤᠨ ᠬᠤᠷᠢᠶ᠎ᠠ᠂ ᠷᠦᠲ᠋ᠧᠷ ᠬᠤᠷᠢᠶ᠎ᠠ᠂ ᠹᠷᠠᠨᠼᠢ ᠶᠢᠨ ᠰᠣᠨᠢᠨ ᠮᠡᠳᠡᠭᠡᠨ ᠤ ᠬᠤᠷᠢᠶ᠎ᠠ᠂ ᠠᠰᠠᠬᠢ ᠰᠣᠨᠢᠨ ᠮᠡᠳᠡᠭᠡ᠂ ᠶᠣᠮᠢᠠᠦ᠋ᠷᠢ ᠰᠣᠨᠢᠨ ᠮᠡᠳᠡᠭᠡ ᠵᠡᠷᠭᠡ 25 ᠤᠯᠤᠰ ᠪᠠ ᠭᠠᠵᠠᠷ ᠤᠷᠤᠨ ᠤ 80 ᠭᠠᠷᠤᠢ ᠵᠠᠭᠤᠴᠢᠯᠠᠭᠤᠷ ᠤᠨ 100 ᠭᠠᠷᠤᠢ ᠰᠤᠷᠪᠤᠯᠵᠢᠯᠠᠬᠴᠢ ᠬᠤᠷᠠᠯ ᠤᠨ ᠲᠠᠯᠠᠪᠠᠢ ᠳᠤ ᠬᠦᠷᠦᠯᠴᠡᠨ ᠢᠷᠡᠵᠦ ᠰᠤᠷᠪᠤᠯᠵᠢᠯᠠᠨ᠂ ᠦᠪᠤᠷ ᠮᠤᠩᠭᠤᠯ ᠤᠨ ᠭᠤᠴᠤ ᠰᠠᠶᠢᠬᠠᠨ ᠦᠯᠢᠬᠡᠷ ᠢ ᠰᠤᠨᠤᠰᠴᠦ᠂ ᠡᠭᠡ ᠤᠯᠤᠰ ᠤᠨ ᠤᠮᠠᠷᠠᠳᠤ ᠶᠢᠨ ᠬᠦᠭᠵᠢᠯᠳᠠ ᠶᠢᠨ ᠪᠠᠶᠢᠳᠠᠯ ᠢ ᠤᠶᠢᠯᠠᠭᠠᠪᠠ᠃      ᠬᠢᠨᠠᠨ ᠵᠦᠪᠯᠡᠬᠦ ᠬᠤᠷᠠᠯ ᠤᠨ ᠳᠠᠯᠠᠪᠠᠢ ᠬᠦᠷ ᠬᠦᠭᠵᠢᠶᠡᠨ ᠲᠠᠢ ᠪᠠᠶᠢᠯ᠎ᠠ᠃ ᠵᠠᠩ ᠵᠢᠶᠠᠨ ᠮᠢᠨ᠂ ᠵᠠᠩ ᠰᠢᠶᠣᠣ ᠪᠢᠩ᠂ ᠱᠢ ᠢᠣᠢ ᠳ᠋ᠦᠩ᠂ ᠴᠢ ᠪᠠᠳᠣ᠂ ᠸᠠᠩ ᠰᠢᠶᠣᠣ ᠬᠤᠩ᠂ ᠾᠦᠸᠧ ᠵᠣᠣ ᠯᠢᠶᠠᠩ᠂ ᠵᠠᠩ ᠵᠢᠢ ᠢ᠂ ᠴᠣᠯᠮᠣᠨ᠂ ᠵᠢᠶᠠ ᠷᠦᠨ ᠠᠨ ᠵᠡᠷᠭᠡ ᠲᠦᠯᠦᠭᠡᠯᠡᠭᠴᠢ ᠬᠢᠨᠠᠨ ᠵᠦᠪᠯᠡᠬᠦ ᠦᠭᠡ ᠬᠡᠯᠡᠪᠡ᠃ ᠣᠯᠠᠨ ᠢᠶᠠᠷ ᠢᠶᠠᠨ᠂ ᠵᠠᠰᠠᠭ ᠎ ᠤᠨ ᠣᠷᠳᠣᠨ ᠤ ᠠᠵᠢᠯ ᠤᠨ ᠢᠯᠡᠳᠭᠡᠯ ᠤᠨ ᠭᠤᠣᠯ ᠰᠡᠳᠦᠪ ᠢᠯᠡ ᠳᠣᠳᠣ᠂ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠵᠦ᠂ ᠬᠦᠮᠦᠰ ᠢ ᠣᠷᠮᠠᠰᠢᠭᠤᠯᠣᠨ ᠵᠣᠷᠢᠭᠵᠢᠭᠤᠯᠣᠭᠰᠠᠨ ᠬᠡᠮᠡᠨ ᠦᠵᠡᠵᠦ᠂ ᠢᠯᠡᠳᠭᠡᠯ ᠢ ᠪᠦᠷᠢᠮᠦᠰᠦᠨ ᠵᠦᠪᠰᠢᠶᠡᠷᠡᠨ᠎ᠡ ᠭᠡᠵᠦ ᠢᠯᠡᠷᠬᠡᠶᠢᠯᠡᠬᠦ ᠶᠢᠨ ᠬᠠᠮᠳᠣ᠂ ᠦᠵᠡᠰᠭᠦᠯᠡᠩᠳᠦ ᠰᠠᠶᠢᠬᠠᠨ ᠦᠪᠦᠷ ᠮᠣᠩᠭᠤᠯ ᠤᠨ ᠰᠢᠨ᠎ᠡ ᠪᠠᠶᠢᠳᠠᠯ ᠢ ᠡᠬᠦᠳᠬᠦ᠂ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠵᠣ ᠠᠬᠤᠢᠢᠯᠠᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠴᠢᠩᠭᠠᠳᠬᠠᠬᠤ᠂ ᠰᠢᠨ᠎ᠡ ᠴᠠᠭ ᠦᠶ᠎ᠡ ᠶᠢᠨ ᠵᠢᠱᠢᠶᠡᠴᠢ ᠦᠪᠡᠷᠳᠡᠭᠡᠨ ᠵᠠᠰᠠᠬᠤ ᠣᠷᠣᠨ ᠢ ᠪᠦᠳᠦᠭᠡᠨ ᠪᠠᠶᠢᠭᠤᠯᠬᠤ᠂ ᠳᠠᠯ᠎ᠠ ᠨᠣᠳᠤᠭ ᠤᠨ ᠬᠤᠪᠢᠰᠬᠠᠯᠳᠣ ᠣᠳᠬ᠎ᠠ ᠣᠷᠠᠯᠢᠭ ᠎ ᠤᠨ ᠬᠦᠩᠭᠡᠨ ᠮᠣᠷᠢᠳᠣ ᠴᠡᠷᠢᠭ ᠪᠣᠯᠬᠤ᠂ ᠮᠠᠯᠵᠢᠬᠤ ᠣᠷᠣᠨ ᠤ ᠨᠠᠰᠣᠳᠠᠶᠢᠴᠣᠳ ᠢ ᠠᠰᠠᠷᠠᠬᠤ ᠦᠢᠯᠡᠰ ᠢ ᠬᠦᠭᠵᠢᠭᠦᠯᠬᠦ᠂ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠣᠯᠳᠠ ᠳᠤ ᠦᠢᠯᠡᠴᠢᠯᠡᠬᠦ᠂ ᠲᠦᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠣᠭᠠᠨ ᠢ ᠰᠠᠶᠢᠲᠤᠷ ᠬᠢᠬᠦ᠂ ᠣᠯᠣᠰ ᠤᠨ ᠦᠮᠴᠢᠯᠡᠯ ᠤᠨ ᠠᠵᠣ ᠠᠬᠤᠢᠢᠯᠠᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠵᠡᠷᠭᠡ ᠠᠭᠤᠯᠭ᠎ᠠ ᠪᠠᠷ ᠰᠠᠨᠠᠯ ᠰᠠᠨᠠᠭᠤᠯᠭ᠎ᠠ ᠳᠣᠷᠠᠳᠴᠠᠢ᠃      ᠬᠢᠨᠠᠨ ᠵᠦᠪᠯᠡᠬᠦ ᠶᠠᠷᠢᠶ᠎ᠠ ᠳᠠᠭᠤᠰᠣᠭᠰᠠᠨ ᠤ ᠳᠠᠷᠠᠭ᠎ᠠ᠂ ᠯᠢ ᠵᠢᠢ ᠾᠧᠩ᠂ ᠵᠠᠩ ᠵᠢᠶᠠᠨ ᠮᠢᠨ᠂ ᠹᠸᠢ ᠳ᠋ᠦᠩ ᠪᠢᠨ᠂ ᠭᠦᠩ ᠮᠢᠩ ᠵᠦ᠂ ᠢᠣᠢ ᠯᠢ ᠰᠢᠨ ᠵᠡᠷᠭᠡ ᠲᠦᠯᠦᠭᠡᠯᠡᠭᠴᠢ ᠳᠣᠰ ᠳᠣᠰ ᠣᠯᠣᠰ ᠤᠨ ᠳᠣᠳᠣᠭᠠᠳᠣ ᠭᠠᠳᠠᠭᠠᠳᠣ ᠶᠢᠨ ᠰᠣᠷᠪᠣᠯᠵᠢᠯᠠᠭᠴᠢ ᠶᠢᠨ ᠠᠰᠠᠭᠤᠯᠳᠠ ᠶᠢ ᠬᠠᠷᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号