︽ᠮᠥᠩᠭᠦᠨ ᠭᠦᠢᠯᠭᠡᠭᠡᠨ ᠢᠶᠠᠷ ᠡᠮᠡᠭᠲᠡᠶᠢᠴᠦᠳ ᠤᠨ ᠠᠵᠢᠯ ᠤᠨ ᠬᠥᠭᠵᠢᠯᠲᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ︾᠎ ᠨᠢ ᠬᠢᠩᠭᠠᠨ ᠠᠶᠢᠮᠠᠭ ᠲᠤ ᠡᠬᠢᠯᠡᠪᠡ
ᠨᠡᠶᠢᠲᠡᠯᠡᠭᠰᠡᠨ ᠴᠠᠭ᠄
2018/3/8
      3 ᠳ᠋ᠤᠭᠠᠷ ᠰᠠᠷ᠎ᠠ ᠶᠢᠨ 7᠎ ᠤ ᠡᠳᠦᠷ᠂ 108 ᠳ᠋ᠤᠭᠠᠷ ᠤᠳᠠᠭᠠᠨ ᠤ ︽ᠭᠤᠷᠪᠠᠳᠤᠭᠠᠷ ᠰᠠᠷ᠎ᠠ ᠶᠢᠨ ᠨᠠᠢᠮᠠᠨ︾᠎ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠢᠩᠭᠠᠨ ᠠᠶᠢᠮᠠᠭ ᠤᠨ ᠶᠠᠳᠠᠭᠤ ᠶᠢ ᠲᠡᠳᠬᠦᠬᠦ ᠠᠯᠪᠠᠨ ᠬᠡᠷ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠢᠩᠭᠠᠨ ᠬᠤᠪᠢᠶᠠᠷᠢ ᠪᠠᠩᠬᠢ ᠠᠴᠠ ᠬᠠᠮᠲᠤᠷᠠᠨ ᠬᠡᠷᠡᠭᠵᠢᠭᠦᠯᠬᠦ ︽ᠮᠥᠩᠭᠦᠨ ᠭᠦᠢᠯᠭᠡᠭᠡᠨ ᠢᠶᠠᠷ ᠡᠮᠡᠭᠲᠡᠶᠢᠴᠦᠳ ᠤᠨ ᠠᠵᠢᠯ ᠤᠨ ᠬᠥᠭᠵᠢᠯᠲᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ︾᠎ ᠶᠢᠨ ᠡᠬᠢᠯᠡᠯᠲᠡ ᠶᠢᠨ ᠶᠣᠰᠣᠯᠠᠯ ᠬᠢᠩᠭᠠᠨ ᠠᠶᠢᠮᠠᠭ ᠲᠤ ᠶᠠᠪᠤᠭᠳᠠᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠭᠢ ᠶᠢᠨ ᠳᠠᠷᠤᠭ᠎ᠠ ᠵᠠᠩ ᠴᠥᠨ ᠯᠢᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠨ ᠤ ᠳᠡᠳ᠋ ᠲᠡᠷᠢᠭᠦᠯᠡᠭᠴᠢ ᠯᠢᠶᠠᠩ ᠱᠤ᠋ ᠴᠢᠨ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠰᠦᠢ ᠸᠧᠶ ᠵᠢᠶᠦ᠋ᠨ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ︽ᠮᠥᠩᠭᠦᠨ ᠭᠦᠢᠯᠭᠡᠭᠡᠨ ᠢᠶᠠᠷ ᠡᠮᠡᠭᠲᠡᠶᠢᠴᠦᠳ ᠤᠨ ᠠᠵᠢᠯ ᠤᠨ ᠬᠥᠭᠵᠢᠯᠲᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ︾ ᠪᠣᠯ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠮᠦᠨ᠂ ᠭᠤᠷᠪᠠᠨ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠨᠡᠶᠢᠯᠡᠮᠡᠯ ᠬᠦᠴᠦᠨ ᠢ ᠪᠠᠳᠠᠷᠠᠭᠤᠯᠬᠤ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠵᠠᠷᠴᠢᠮ ᠢᠶᠠᠷ᠂ ᠬᠤᠳᠠ ᠬᠥᠳᠡᠭᠡ ᠶᠢᠨ ᠶᠠᠳᠠᠭᠤ ᠬᠦᠴᠢᠷᠳᠡᠯᠲᠡᠶ ᠡᠮᠡᠭᠲᠡᠶᠢᠴᠦᠳ ᠢ ᠳᠡᠮᠵᠢᠨ ᠠᠳᠠᠯ ᠦᠶᠯᠡᠰ ᠴᠣᠭᠴᠠᠯᠠᠭᠤᠯᠤᠨ ᠠᠵᠢᠯ ᠣᠯᠭᠤᠵᠣ᠂ ᠶᠠᠳᠠᠭᠤ ᠠᠴᠠ ᠨᠢ ᠠᠩᠭᠢᠵᠢᠷᠠᠭᠤᠯᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠪᠠᠩᠬᠢ ᠪᠣᠯᠣᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠬᠤ ᠪᠠᠷ ᠪᠠᠲᠤᠯᠠᠭ᠎ᠠ ᠪᠣᠯᠭᠠᠵᠤ᠂ ᠡᠮᠡᠭᠲᠡᠶᠢᠴᠦᠳ ᠬᠢᠭᠡᠳ ᠠᠵᠤ ᠠᠬᠤᠶ ᠨᠡᠶᠢᠭᠡᠮ ᠤᠨ ᠵᠡᠷᠭᠡᠪᠡᠷ ᠬᠥᠭᠵᠢᠬᠦ ᠶᠢ ᠲᠥᠯᠬᠢᠨ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠃ ᠣᠶᠢᠯᠠᠭᠠᠭᠰᠠᠨ ᠢᠶᠠᠷ᠂ ᠲᠤᠰ ︽ᠠᠵᠢᠯᠯᠠᠭᠠᠨ ᠤ ᠲᠥᠯᠥᠪᠯᠡᠭᠡ︾᠎ ᠨᠢ ᠪᠦᠭᠦ ᠠᠶᠢᠮᠠᠭ ᠢ ᠬᠠᠮᠤᠷᠴᠤ᠂ 2018 ᠣᠨ ᠠᠴᠠ ᠡᠬᠢᠯᠡᠨ 2020 ᠣᠨ ᠬᠦᠷᠲᠡᠯ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠢᠩᠭᠠᠨ ᠬᠤᠪᠢᠶᠠᠷᠢ ᠪᠠᠩᠬᠢ ᠨᠢ ᠲᠤᠰᠬᠠᠶ ᠵᠦᠢᠯ ᠤᠨ ᠢᠲᠡᠭᠡᠮᠵᠢᠲᠦ ᠵᠢᠭᠡᠯᠡᠯᠭᠡ ᠶᠢ ᠵᠢᠯ ᠪᠦᠷᠢ 2 ᠳ᠋ᠦᠩᠰᠢᠭᠤᠷ ᠲᠥᠭᠦᠷᠢᠭ ᠲᠣᠬᠢᠷᠠᠭᠤᠯᠵᠤ᠂ 3 ᠵᠢᠯ ᠤᠨ ᠬᠤᠭᠤᠴᠠᠭᠠᠨ ᠳᠤ ᠨᠡᠶᠢᠲᠡ 6 ᠳ᠋ᠦᠩᠰᠢᠭᠤᠷ ᠭᠠᠷᠤᠢ ᠲᠥᠭᠦᠷᠢᠭ ᠵᠠᠷᠤᠴᠠᠭᠤᠯᠤᠨ ︽ᠮᠥᠩᠭᠦᠨ ᠭᠦᠢᠯᠭᠡᠭᠡᠨ ᠢᠶᠠᠷ ᠡᠮᠡᠭᠲᠡᠶᠢᠴᠦᠳ ᠤᠨ ᠠᠵᠢᠯ ᠤᠨ ᠬᠥᠭᠵᠢᠯᠲᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ︾᠎ ᠶᠢᠨ ᠬᠡᠷᠡᠭᠵᠢᠭᠦᠯᠦᠯᠲᠡ ᠳᠤ ᠬᠡᠷᠡᠭᠯᠡᠨ᠎ᠡ ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠢᠩᠭᠠᠨ ᠬᠤᠪᠢᠶᠠᠷᠢ ᠪᠠᠩᠬᠢ ᠯᠤᠭ᠎ᠠ ︽ᠮᠥᠩᠭᠦᠨ ᠭᠦᠢᠯᠭᠡᠭᠡᠨ ᠢᠶᠠᠷ ᠡᠮᠡᠭᠲᠡᠶᠢᠴᠦᠳ ᠤᠨ ᠠᠵᠢᠯ ᠤᠨ ᠬᠥᠭᠵᠢᠯᠲᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ︾᠎ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠢᠩᠭᠠᠨ ᠬᠤᠪᠢᠶᠠᠷᠢ ᠪᠠᠩᠭᠢ ᠶᠢᠨ ᠡᠯ᠎ᠡ ᠰᠠᠯᠪᠤᠷᠢ ᠪᠠᠩᠬᠢ ᠨᠢ ᠡᠮᠡᠭᠲᠡᠶᠢᠴᠦᠳ ᠤᠨ ᠲᠥᠯᠥᠭᠡᠯᠡᠭᠴᠢ ᠲᠠᠢ ᠵᠢᠭᠡᠯᠡᠯᠭᠡ ᠶᠢᠨ ᠭᠡᠷ᠎ᠡ ᠳᠤ ᠭᠠᠷ ᠤᠨ ᠦᠰᠦᠭ ᠵᠢᠷᠤᠪᠠ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号