3 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ | ᠣᠷᠣᠨ ᠤ ᠵᠢᠭᠤᠯᠴᠢᠯᠠᠯ ᠤᠨ ᠬᠥᠭᠵᠢᠯᠲᠡ ᠶᠢ ᠲᠦᠷᠭᠡᠳᠭᠡᠨ ᠬᠦᠭᠵᠢᠬᠦᠯᠬᠦ ᠲᠤᠬᠠᠢ ᠠᠬᠢᠭᠤᠯᠬᠤ ᠬᠤᠷᠠᠯ ᠢ | ᠬᠥᠬᠡᠬᠤᠲᠠ ᠳᠤ ᠬᠤᠷᠠᠯᠳᠤᠭᠤᠯᠪᠠ᠂ ᠬᠤᠷᠠᠯ ᠠᠴᠠ 2017 ᠣᠨ ᠤ ᠵᠢᠭᠤᠯᠴᠢᠯᠠᠯ ᠤᠨ ᠠᠵᠢᠯ ᠢ ᠳ᠋ᠦᠡᠭᠨᠡᠵᠤ᠂ | 2018 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠵᠠᠢ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠵᠠᠶ᠃ | ᠠᠶ ᠯᠢ ᠬᠤᠸᠠ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠣᠳᠣᠬᠠᠨ ᠤ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠦᠷᠭᠡᠳᠭᠡᠬᠦ ᠪᠠᠶᠢᠳᠠᠯ ᠪᠤᠯᠤᠨ ᠡᠭᠦᠷᠭᠡ ᠶᠢ ᠣᠨᠣᠪᠴᠢᠲᠠᠶ ᠡᠵᠡᠮᠰᠢᠬᠦ | ᠬᠡᠷᠡᠭᠲᠠᠢ︔ ᠭᠤᠣᠯᠳᠠᠯᠭ᠎ᠠ ᠶᠢ ᠳᠤᠪᠤᠶᠢᠯᠭᠠᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠨ ᠤ ᠣᠷᠣᠨ ᠤ | ᠵᠢᠭᠤᠯᠴᠢᠯᠠᠯ ᠢ ᠥᠨᠳᠥᠷ ᠬᠤᠷᠳᠤᠴᠠ ᠠᠴᠠ ᠨᠢ ᠴᠢᠨᠠᠷ ᠰᠠᠶᠢᠲᠠᠶ ᠵᠢᠭᠤᠯᠴᠢᠯᠠᠯ ᠲᠡᠰᠢ ᠬᠥᠭᠵᠢᠭᠦᠯᠬᠦ ᠪᠠᠷ ᠴᠢᠷᠮᠠᠶᠢᠬᠤ | ᠬᠡᠷᠡᠭᠲᠠᠢ︔ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠪᠤᠳᠠᠲᠠᠶᠢᠵᠢᠭᠤᠯᠵᠤ᠂ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠲᠦᠷᠭᠡᠳᠬᠡᠬᠦ ᠡᠯ᠎ᠡ ᠵᠦᠢᠯ ᠤᠨ ᠡᠭᠦᠷᠭᠡ ᠶᠢ ᠦᠨᠡᠨ ᠬᠦ ᠪᠡᠶᠡᠯᠡᠬᠦᠯᠵᠤ᠂ ᠴᠢᠨᠠᠷ | ᠰᠠᠶᠢᠲᠠᠶ ᠵᠢᠭᠤᠯᠴᠢᠯᠠᠯ ᠤᠨ ᠬᠦᠭᠵᠢᠯᠲᠡ ᠶᠢ ᠲᠦᠷᠭᠡᠳᠭᠡᠨ ᠠᠬᠢᠭᠤᠯᠬᠤ ᠬᠡᠷᠡᠭᠲᠠᠢ ᠬᠡᠪᠡ᠃ | 2017 ᠣᠨ ᠳᠤ᠂ ᠮᠠᠨ ᠤ ᠣᠷᠣᠨ ᠤ ᠵᠢᠭᠤᠯᠴᠢᠯᠠᠯ ᠤᠨ ᠠᠵᠤ ᠠᠬᠤᠶ ᠲᠦᠷᠭᠡᠨ ᠢᠶᠠᠷ ᠬᠦᠭᠵᠢᠵᠤ᠂ | ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠨᠡᠮᠡᠭᠳᠡᠵᠣ᠂ ᠵᠢᠭᠤᠯᠴᠢᠯᠠᠯ ᠤᠨ ᠠᠵᠢᠯᠯᠠᠭ᠎ᠠ ᠡᠯᠪᠡᠭ ᠪᠠᠶᠠᠯᠢᠭ | ᠪᠤᠯᠪᠠ᠃ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ᠂ ᠵᠢᠭᠤᠯᠴᠢᠯᠠᠯ ᠢᠶᠠᠷ ᠠᠷᠠᠳ ᠢ ᠪᠠᠶᠠᠵᠢᠭᠤᠯᠬᠤ ᠦᠷ᠎ᠡ | ᠪᠦᠲᠦᠮᠵᠢ ᠳᠤᠪᠤᠶᠢᠮ᠎ᠠ ᠪᠤᠯᠵᠤ᠂ ᠵᠢᠭᠤᠯᠴᠢᠯᠠᠯ ᠤᠨ ᠦᠢᠯᠡᠰ ᠨᠢ ᠨᠢᠭᠡᠨᠲᠡ ᠮᠠᠨ ᠤ ᠤᠷᠤᠨ ᠤ ᠤᠯᠤᠰ ᠠᠷᠠᠳ ᠤᠨ | ᠠᠵᠤ ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠠᠵᠤ ᠦᠢᠯᠡᠰ ᠪᠤᠯᠤᠨ ᠠᠷᠠᠳ ᠤᠯᠠᠨ | ᠲᠠᠢ ᠨᠢᠭᠲᠠ ᠬᠤᠯᠪᠣᠭ᠎ᠠ ᠲᠠᠢ ᠵᠣᠯ ᠵᠢᠷᠭᠠᠯᠲᠤ ᠠᠵᠤ ᠦᠢᠯᠡᠰ ᠪᠤᠯᠤᠭᠰᠠᠨ ᠪᠠᠶᠢᠨ᠎ᠠ᠃ ᠨᠢᠳᠤᠨᠤᠨ᠂ ᠮᠠᠨ ᠤ ᠣᠷᠣᠨ | ᠵᠢᠭᠤᠯᠴᠢᠯᠠᠭᠴᠢ ᠶᠢ ᠨᠡᠶᠢᠲᠡ 1.16 ᠳ᠋ᠦᠡᠭᠰᠢᠭᠤᠷ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 18.77% ᠨᠡᠮᠡᠭᠳᠡᠵᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ | 3440.11 ᠳ᠋ᠦᠡᠭᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26.72% | ᠨᠡᠮᠡᠭᠳᠡᠵᠡᠶ᠃ |