ᠬᠤᠶᠠᠷ ᠬᠤᠷᠠᠯ ᠤᠨ ᠦᠵᠡᠭᠳᠡᠯ
ᠨᠡᠶᠢᠲᠡᠯᠡᠭᠰᠡᠨ ᠴᠠᠭ᠄
2018/3/9
     ᠡᠮᠡᠭᠲᠡᠶ ᠲᠥᠯᠥᠭᠡᠯᠡᠭᠴᠢᠳ ᠲᠥᠯᠥᠪᠯᠡᠭᠡ ᠪᠤᠯᠤᠨ ᠲᠥᠰᠦᠪ ᠤᠨ ᠮᠡᠳᠡᠭᠦᠯᠦᠯᠲᠡ ᠶᠢ ᠬᠢᠨᠠᠨ ᠵᠦᠪᠯᠡᠬᠦ ᠲᠤᠭᠤᠷᠢᠨ ᠳᠤ ᠰᠠᠨᠠᠯ ᠢᠶᠠᠨ ᠰᠤᠯᠢᠯᠴᠠᠪᠠ᠃
     ᠮᠠᠨ ᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠦᠨ ᠵᠢᠶᠦ᠋ᠨ ᠴᠢᠩ ᠰᠠᠨᠠᠭᠤᠯᠤᠭᠰᠠᠨ ᠨᠢ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠡᠮᠵᠢᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠲᠡᠩᠴᠡᠭᠦᠷᠢ ᠦᠬᠡᠢ ᠭᠦᠢᠴᠡᠳ ᠦᠭᠡᠢ ᠪᠠᠶᠢᠬᠤ ᠠᠰᠠᠭᠤᠳᠠᠯ ᠢ ᠦᠨᠡᠨ ᠬᠦ ᠠᠩᠬᠠᠷᠬᠤ ᠬᠡᠷᠡᠭᠲᠠᠢ ᠬᠡᠵᠠᠢ᠃
     
     3 ᠳ᠋ᠤᠭᠠᠷ ᠰᠠᠷ᠎ᠠ ᠶᠢᠨ 8᠎ ᠤ ᠡᠳᠦᠷ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠠᠩᠬᠠᠳᠤᠭᠠᠷ ᠬᠤᠷᠠᠯ ᠳᠤ ᠤᠷᠤᠯᠴᠠᠭᠰᠠᠨ ᠮᠠᠨ ᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠦᠢ ᠷᠦᠢ ᠰᠢᠶᠠ ︵ᠵᠡᠭᠦᠨᠳᠡᠬᠢ︶᠂ ᠬᠦᠦᠳᠠᠭᠤᠯᠠ ︵ᠳᠤᠮᠳᠠᠬᠢ︶᠂ ᠵᠠᠩ ᠯᠢ ᠸᠧᠨ ᠴᠤᠭ ᠲᠠᠭᠠᠨ ᠰᠠᠨᠠᠯ ᠵᠥᠪᠯᠡᠯᠭᠡ ᠶᠢᠨ ᠠᠭᠤᠯᠭ᠎ᠠ ᠶᠢᠨ ᠲᠤᠬᠠᠢ ᠰᠠᠨᠠᠯ ᠢᠶᠠᠨ ᠰᠤᠯᠢᠯᠴᠠᠪᠠ᠃ ᠲᠤᠰ ᠡᠳᠦᠷ ᠪᠣᠯ ︽3.8︾᠎ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠪᠤᠯᠤᠨ᠎ᠠ᠂ ᠡᠮᠡᠭᠲᠡᠶᠢᠴᠦᠳ ᠤᠨ ᠬᠤᠯᠪᠤᠭᠠᠨ ᠤ  ᠡᠲᠡᠭᠡᠳ ᠢᠯᠭᠠᠯ ᠤᠨ ᠭᠤᠷᠪᠠᠨ ᠬᠡᠰᠢᠬᠦᠨ ᠬᠤᠶᠠᠷ ᠬᠤᠷᠠᠯ ᠳᠡᠭᠡᠷ᠎ᠡ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠦᠡᠭᠭᠡᠷᠡᠬᠦᠯᠵᠠᠢ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号