ᠰᠢ ᠶᠢᠨ ᠫᠢᠩ᠂ ᠯᠢ ᠺᠧ ᠴᠢᠶᠠᠩ᠂ ᠸᠠᠩ ᠬᠤ᠋ ᠨᠢᠩ᠂ ᠵᠤᠤ ᠯᠧ ᠵᠢᠢ᠂ ᠬᠠᠠ ᠵᠧᠩ ᠲᠤᠰ ᠲᠤᠰ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠡᠰᠡᠭ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠵᠠᠢ
ᠨᠡᠶᠢᠲᠡᠯᠡᠭᠰᠡᠨ ᠴᠠᠭ᠄
2018/3/9
     ︽3 · 8︾᠎ ᠤ ᠳᠡᠯᠡᠭᠡᠢ ᠶᠢᠨ ᠬᠦᠳᠡᠯᠮᠤᠷᠢᠴᠢᠨ ᠡᠮᠡᠭᠳᠡᠶᠢᠴᠤᠳ ᠤᠨ ᠪᠠᠶᠠᠷ ᠤᠨ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠦᠪ ᠬᠤᠷᠢᠶ᠎ᠠ ᠶᠢᠨ ᠡᠮᠦᠨ᠎ᠠ ᠠᠴᠠ ᠡᠮᠡᠭᠳᠡᠢ ᠲᠦᠯᠦᠭᠡᠯᠡᠭᠴᠢᠳ ᠭᠡᠰᠢᠬᠦᠳ ᠵᠢᠴᠢ ᠪᠦᠬᠦ ᠤᠯᠤᠰ ᠎ ᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠡᠮᠡᠭᠳᠡᠶᠢᠴᠤᠳ ᠲᠤ ᠪᠠᠶᠠᠷ ᠤᠨ ᠡᠳᠦᠷ ᠤᠨ ᠮᠡᠨᠳᠤᠴᠢᠯᠡᠯ ᠪᠤᠯᠤᠨ ᠴᠢᠩ ᠰᠡᠳᠬᠢᠯ ᠤᠨ ᠵᠦᠩᠨᠡᠯ ᠲᠡᠪᠰᠢᠬᠦᠯᠵᠡᠢ      ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ᠂ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ᠂ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠎ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠵᠤᠤ ᠯᠧ ᠵᠢᠢ᠂ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ ᠬᠠᠨ ᠵᠧᠩ 8᠎ ᠤ ᠡᠳᠦᠷ ᠤᠨ ᠦᠳᠡ ᠶᠢᠨ ᠡᠮᠦᠨ᠎ᠠ ᠲᠤᠰ ᠲᠤᠰ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠎ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠭᠡᠰᠡᠭ ᠲᠦᠯᠦᠭᠡᠯᠡᠭᠴᠢᠳ ᠎ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠪᠠ᠃      ︽3 · 8︾᠎ ᠤ ᠳᠡᠯᠡᠭᠡᠢ ᠶᠢᠨ ᠬᠦᠳᠡᠯᠮᠤᠷᠢᠴᠢᠨ ᠡᠮᠡᠭᠳᠡᠶᠢᠴᠤᠳ ᠤᠨ ᠪᠠᠶᠠᠷ ᠤᠨ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠦᠪ ᠬᠤᠷᠢᠶ᠎ᠠ ᠶᠢᠨ ᠡᠮᠦᠨ᠎ᠠ ᠠᠴᠠ ᠡᠮᠡᠭᠳᠡᠢ ᠲᠦᠯᠦᠭᠡᠯᠡᠭᠴᠢᠳ ᠭᠡᠰᠢᠬᠦᠳ ᠵᠢᠴᠢ ᠪᠦᠬᠦ ᠤᠯᠤᠰ ᠎ ᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠡᠮᠡᠭᠳᠡᠶᠢᠴᠤᠳ ᠲᠤ ᠪᠠᠶᠠᠷ ᠤᠨ ᠡᠳᠦᠷ ᠤᠨ ᠮᠡᠨᠳᠤᠴᠢᠯᠡᠯ ᠪᠤᠯᠤᠨ ᠴᠢᠩ ᠰᠡᠳᠬᠢᠯ ᠤᠨ ᠵᠦᠩᠨᠡᠯ ᠲᠡᠪᠰᠢᠬᠦᠯᠵᠠᠢ᠃
     3 ᠳ᠋ᠤᠭᠠᠷ ᠰᠠᠷ᠎ᠠ ᠶᠢᠨ 8᠎ ᠤ ᠡᠳᠤᠷ᠂ ᠨᠠᠮ ᠤᠨ ᠲᠦᠪ ᠬᠤᠷᠢᠶ᠎ᠠ ᠶᠢᠨ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠱᠠᠨᠳᠦ᠋ᠩ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠵᠠᠢ᠃ ︽3 · 8︾᠎ ᠤ ᠳᠡᠯᠡᠭᠡᠢ ᠶᠢᠨ ᠬᠦᠳᠡᠯᠮᠤᠷᠢᠴᠢᠨ ᠡᠮᠡᠭᠳᠡᠶᠢᠴᠤᠳ ᠤᠨ ᠪᠠᠶᠠᠷ ᠤᠨ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠦᠪ ᠬᠤᠷᠢᠶ᠎ᠠ ᠶᠢᠨ ᠡᠮᠦᠨ᠎ᠠ ᠠᠴᠠ ᠡᠮᠡᠭᠳᠡᠢ ᠲᠦᠯᠦᠭᠡᠯᠡᠭᠴᠢᠳ ᠭᠡᠰᠢᠬᠦᠳ ᠵᠢᠴᠢ ᠪᠦᠬᠦ ᠤᠯᠤᠰ ᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠡᠮᠡᠭᠳᠡᠶᠢᠴᠤᠳ ᠲᠤ ᠪᠠᠶᠠᠷ ᠤᠨ ᠡᠳᠦᠷ ᠤᠨ ᠮᠡᠨᠳᠤᠴᠢᠯᠡᠯ ᠪᠤᠯᠤᠨ ᠴᠢᠩ ᠰᠡᠳᠬᠢᠯ ᠤᠨ ᠵᠦᠩᠨᠡᠯ ᠲᠡᠪᠰᠢᠬᠦᠯᠵᠡᠢ᠃ ᠵᠢᠷᠤᠭ ᠪᠤᠯ ᠰᠢ ᠶᠢᠨ ᠫᠢᠩ ᠡᠮᠡᠭᠳᠡᠢ ᠲᠦᠯᠦᠬᠡᠯᠡᠭᠴᠢᠳ ᠲᠠᠢ ᠲᠤᠳᠤᠨᠤ ᠎ ᠪᠠᠷ ᠶᠠᠷᠢᠯᠴᠠᠵᠤ ᠪᠠᠶᠢᠭ᠎ᠠ ᠨᠢ᠃      ᠰᠢ ᠶᠢᠨ ᠫᠢᠩ ᠱᠠᠨᠳᠦ᠋ᠩ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠪᠠ᠃ ᠬᠤᠷᠠᠯ ᠳᠡᠭᠡᠷ᠎ᠠ᠂ ᠯᠢᠦ ᠵᠢᠶᠠ ᠢ᠂ ᠬᠦᠩ ᠵᠧᠩ᠂ ᠲᠠᠨ ᠰᠢᠤᠢ ᠭᠤᠸᠠᠩ᠂ ᠴᠢᠦ ᠶᠠ ᠹᠦ᠋᠂ ᠵᠦᠸᠧ ᠴᠠᠩ ᠯᠢ᠂ ᠸᠠᠩ ᠶᠢᠨ ᠰᠢᠶᠠᠩ᠂ ᠹᠦ᠋ ᠮᠢᠩ ᠰᠢᠶᠠᠨ᠂ ᠵᠠᠩ ᠱᠦ ᠴᠢᠨ ᠵᠡᠷᠭᠡ 8 ᠲᠦᠯᠦᠭᠡᠯᠡᠭᠴᠢ ᠤᠷᠢᠳ ᠬᠤᠵᠢᠳ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠬᠳᠠᠯ ᠢ ᠲᠦᠷᠭᠡᠳᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠴᠦ ᠴᠠᠭ ᠤᠷᠤᠰᠬᠠᠯ ᠤᠨ ᠦᠭᠡ ᠭᠡᠯᠡᠬᠦ ᠡᠷᠭᠡ ᠶᠢ ᠤᠯᠬᠤ᠂ ︽ᠬᠤᠶᠠᠷ ᠬᠦᠴᠢᠷᠳᠡᠯ ᠲᠠᠢ︾ ᠬᠦᠮᠦᠰ ᠤᠨ ᠠᠵᠢᠯ ᠤᠯᠭᠤᠯᠳᠠ ᠶᠢ ᠰᠠᠶᠢᠳᠤᠷ ᠰᠢᠢᠳᠪᠤᠷᠢᠯᠡᠬᠦ ᠵᠡᠷᠭᠡ ᠠᠰᠠᠭᠤᠳᠠᠯ ᠤᠨ ᠲᠤᠭᠤᠷᠢᠨ ᠳᠤ ᠰᠠᠨᠠᠯ ᠢᠶᠠᠨ ᠢᠯᠡᠳᠭᠡᠪᠡ᠃ ᠬᠦᠩ ᠵᠧᠩ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠠᠮᠵᠢᠯᠳᠠ ᠤᠯᠬᠤ ᠨᠢ ᠭᠠᠭᠴᠠ ᠨᠠᠳᠠ ᠳᠤᠷ ᠪᠠᠶᠢᠭ᠎ᠠ ᠪᠤᠰᠤ ᠭᠡᠬᠦ ᠦᠵᠡᠯ ᠰᠠᠨᠠᠭ᠎ᠠ ᠲᠠᠢ ᠪᠠᠶᠢᠬᠤ ᠭᠡᠷᠡᠭᠲᠡᠢ ᠭᠡᠵᠦ ᠶᠠᠷᠢᠬᠤ ᠳᠤ ᠰᠢ ᠶᠢᠨ ᠫᠢᠩ᠂ ᠠᠮᠵᠢᠯᠳᠠ ᠤᠯᠬᠤ ᠳᠤ ᠭᠠᠭᠴᠠ ᠨᠠᠳᠠ ᠳᠤᠷ ᠪᠠᠶᠢᠭ᠎ᠠ ᠪᠤᠰᠤ ᠭᠡᠳᠡᠭ ᠪᠤᠯ ᠨᠠᠵᠠᠭᠠᠢ᠂ ᠬᠤᠶᠢᠷᠭᠤ᠂ ᠠᠵᠢᠯ ᠦᠯᠦ ᠬᠢᠬᠦ ᠭᠡᠰᠡᠨ ᠦᠭᠡ ᠪᠢᠰᠢ᠂ ᠬᠠᠷᠢᠨ ᠵᠦᠪ ᠠᠵᠢᠯ  ᠎ ᠤᠨ ᠠᠮᠵᠢᠯᠳᠠ ᠶᠢᠨ ᠣᠨᠣᠯᠵᠢᠬᠤᠨ ᠢ ᠪᠠᠳᠤ ᠪᠤᠢ ᠪᠤᠯᠭᠠᠵᠦ᠂ ᠤᠯᠠᠨ ᠲᠦᠮᠡᠨ ᠤ ᠨᠢᠳᠤᠨ ᠳᠤ ᠦᠵᠡᠭᠳᠡᠨ ᠭᠠᠷ ᠲᠤ ᠪᠠᠷᠢᠬᠳᠠᠬᠤ᠂ ᠪᠤᠳᠠᠳᠠᠢ ᠠᠰᠢᠬ ᠬᠦᠷᠳᠡᠬᠦ ᠪᠤᠳᠠᠳᠦ ᠶᠠᠪᠤᠳᠠᠯ ᠤᠳ ᠢ ᠰᠠᠶᠢᠳᠤᠷ ᠬᠢᠬᠦ ᠪᠠᠷ ᠪᠠᠷᠠᠬᠤ ᠦᠭᠡᠢ᠂ ᠪᠠᠰᠠ ᠦᠷ᠎ᠠ ᠬᠤᠶᠢᠴᠢᠰ ᠲᠠᠭᠠᠨ ᠰᠠᠭᠤᠷᠢ ᠲᠠᠯᠪᠢᠵᠦ ᠦᠭᠬᠦᠨ ᠠᠯᠤᠰ ᠬᠡᠳᠦ ᠳᠤ ᠠᠰᠢᠬᠳᠠᠢ ᠰᠠᠶᠢᠨ ᠶᠠᠪᠤᠳᠠᠯ ᠤᠳ ᠢ ᠬᠢᠵᠦ᠂ ᠢᠯᠠ ᠠᠮᠵᠢᠯᠳᠠ ᠭᠠᠷᠭᠠᠬᠤ ᠪᠠᠷ ᠪᠠᠷᠠᠬᠤ ᠦᠭᠡᠢ ᠪᠠᠰᠠ ᠳᠠᠯᠳᠠ ᠠᠮᠵᠢᠯᠳᠠ ᠭᠠᠷᠭᠠᠵᠦ᠂ ᠬᠤᠪᠢ ᠬᠦᠮᠦᠨ ᠤ ᠨᠡᠷ᠎ᠠ ᠠᠯᠳᠠᠷ ᠠᠰᠢᠬ ᠲᠤᠰᠠ ᠶᠢ ᠦᠯᠦ ᠭᠦᠭᠡᠭᠡᠴᠡᠯᠳᠦᠨ᠂ ᠠᠷᠠᠳ ᠤᠯᠠᠨ ᠤ ᠳᠠᠭᠠᠰᠢᠶᠠᠯ ᠢ ᠬᠦᠷᠳᠡᠬᠦ᠂ ᠲᠡᠦᠭᠡ ᠪᠤᠯᠵᠦ ᠦᠩᠭᠡᠷᠡᠭᠰᠡᠨ ᠤ ᠳᠠᠷᠠᠭᠠᠬᠢ ᠦᠨᠡᠨᠬᠦ ᠦᠨᠡᠯᠡᠯᠳᠠ ᠶᠢ ᠤᠯᠬᠤ ᠶᠢ ᠬᠦᠭᠡᠭᠡᠴᠡᠯᠳᠦᠬᠦ ᠭᠡᠷᠡᠭᠲᠡᠢ ᠭᠡᠵᠦ ᠴᠢᠬᠤᠯᠠᠴᠢᠯᠠᠪᠠ᠃ ᠵᠠᠯᠭᠠᠭᠠᠳ ᠵᠠᠩ ᠱᠦ ᠴᠢᠨ ᠬᠤᠪᠢᠰᠬᠠᠯ ᠤᠨ ᠭᠧᠨ ᠎ ᠢ ᠴᠢᠰᠤ ᠮᠢᠬᠠᠨ ᠳᠠᠭᠠᠨ ᠰᠢᠩᠭᠡᠭᠡᠵᠤ ᠦᠶ᠎ᠠ ᠶᠢᠨ ᠦᠶ᠎ᠠ ᠳᠡᠭᠡᠨ ᠤᠯᠠᠮᠵᠢᠯᠠᠬᠤ ᠳᠤᠬᠠᠢ ᠰᠡᠳᠦᠪ ᠢ ᠶᠠᠷᠢᠬᠤ ᠳᠤ ᠰᠢ ᠶᠢᠨ ᠫᠢᠩ᠂ ᠬᠤᠪᠢᠰᠬᠠᠯ ᠤᠨ ᠭᠧᠨ ᠢ ᠪᠤᠯ ᠤᠯᠠᠮᠵᠢᠯᠠᠨ ᠵᠠᠯᠭᠠᠮᠵᠢᠯᠠᠬᠤ ᠭᠡᠷᠡᠭᠲᠡᠢ᠃ ᠳᠤᠮᠳᠠᠳᠤ ᠶᠢᠨ ᠦᠨᠳᠦᠰᠦᠳᠡᠨ ᠪᠤᠰᠴᠤ ᠵᠤᠬᠰᠤᠬᠰᠠᠨ ᠪᠠ ᠪᠠᠶᠠᠵᠢᠬᠰᠠᠨ ᠠᠴᠠ ᠪᠠᠨ ᠬᠦᠴᠦᠷᠬᠡᠭᠵᠢᠭᠰᠡᠨ ᠬᠦᠷᠳᠡᠯ᠎ᠠ᠂ ᠬᠡᠳᠦᠢ ᠤᠯᠠᠨ ᠬᠦᠴᠢᠷ ᠪᠡᠷᠬᠡ ᠶᠢ ᠳᠤᠭᠤᠯᠵᠥ᠂ ᠬᠡᠳᠦᠢ ᠠᠷᠪᠢᠨ ᠭᠠᠶᠢᠬᠠᠮᠰᠢᠭ ᠢ ᠡᠬᠦᠳᠦᠭᠰᠡᠨ ᠬᠡᠳᠡᠭ ᠢ ᠬᠤᠶᠢᠴᠢ ᠦᠶ᠎ᠡ ᠶᠢᠨ ᠬᠢᠨ ᠳᠤ ᠪᠠᠳᠤ ᠴᠡᠬᠡᠵᠢᠯᠡᠬᠦᠯᠬᠦ ᠬᠡᠷᠡᠭᠳᠡᠢ᠂ ᠪᠢᠳᠡ ᠤᠭ ᠰᠠᠨᠠᠭ᠎ᠠ ᠪᠠᠨ ᠦᠯᠦ ᠮᠠᠷᠳᠠᠵᠥ᠂ ᠵᠦᠭ ᠴᠢᠭᠯᠡᠯ ᠪᠤᠯᠤᠨ ᠵᠠᠮ ᠱᠤᠭᠤᠮ ᠢᠶᠠᠨ ᠬᠡᠵᠢᠶᠡᠳᠡ ᠠᠯᠳᠠᠵᠥ ᠪᠤᠯᠬᠤ ᠦᠬᠡᠢ ᠭᠡᠵᠦ ᠴᠢᠬᠤᠯᠠᠴᠢᠯᠠᠪᠠ᠃ ᠰᠢ ᠶᠢᠨ ᠫᠢᠩ ᠬᠠᠮᠤᠭ ᠰᠡᠬᠦᠯᠴᠢ ᠶᠢᠨ ᠴᠢᠬᠤᠯᠠ ᠶᠠᠷᠢᠶᠠᠨ ᠳᠠᠭᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠱᠠᠨᠳᠦ᠋ᠩ ᠎ ᠤᠨ ᠠᠵᠢᠯ ᠢ ᠬᠦᠢᠴᠡᠳ ᠨᠤᠳᠠᠯᠠᠵᠥ᠂ ᠱᠠᠨᠳᠦ᠋ᠩ ᠤᠨ ᠨᠦᠬᠦᠳ ᠨᠠᠷ ᠴᠢᠷᠮᠠᠶᠢᠬᠰᠠᠨ ᠳᠡᠬᠡᠷ᠎ᠡ ᠪᠠᠨ ᠴᠢᠷᠮᠠᠶᠢᠵᠥ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠠᠬᠢᠴᠠ ᠳᠤᠮᠳᠠ᠂ ᠨᠡᠶᠢᠬᠡᠮ ᠵᠢᠷᠤᠮ ᠤᠨ ᠤᠳᠤᠬᠢᠴᠢᠯᠠᠬᠰᠠᠨ ᠪᠦᠳᠦᠬᠡᠨ ᠪᠠᠶᠢᠭᠤᠯᠤᠯᠳᠠ ᠶᠢᠨ ᠰᠢᠨ᠎ᠡ ᠠᠶᠠᠨ ᠵᠠᠮ ᠳᠤ ᠡᠮᠤᠨ᠎ᠡ ᠡᠩᠨᠡᠬᠡᠨ ᠳᠤ ᠶᠠᠪᠤᠵᠤ᠂ ᠰᠢᠨ᠎ᠡ ᠴᠠᠭ ᠦᠶ᠎ᠡ ᠶᠢᠨ ᠬᠦᠴᠦᠷᠬᠡᠭ ᠮᠤᠵᠢ ᠶᠢᠨ ᠪᠦᠳᠦᠬᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠪᠦᠬᠦ ᠳᠠᠯ᠎ᠠ ᠪᠠᠷ ᠡᠬᠦᠳᠬᠦ ᠬᠡᠷᠡᠭᠳᠡᠢ ᠬᠡᠵᠥ ᠬᠦᠰᠡᠪᠡ᠃ ᠰᠢ ᠶᠢᠨ ᠫᠢᠩ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠳᠤᠭᠳᠠᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ᠎ᠠ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠬᠤ᠂ ᠨᠡᠶᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠶᠢᠨ ᠴᠢᠬᠤᠯᠠ ᠶᠡᠭᠡ ᠳᠡᠤᠬᠡ ᠶᠢᠨ ᠡᠬᠦᠷᠬᠡ ᠮᠦᠨ᠂ ᠰᠢᠨ᠎ᠡ ᠴᠠᠭ ᠦᠶ᠎ᠡ ᠳᠤ ︽ᠬᠦᠳᠡᠭᠡ ᠠᠵᠥ ᠠᠬᠤᠢ᠂ ᠬᠦᠳᠡᠭᠡ ᠳᠤᠰᠬᠤᠨ᠂ ᠳᠠᠷᠢᠶᠠᠴᠢᠨ︾᠎ ᠤ ᠠᠵᠢᠯ ᠢ ᠰᠠᠶᠢᠳᠤᠷ ᠬᠢᠬᠦ ᠶᠢᠨ ᠶᠡᠷᠦᠩᠬᠡᠢ ᠭᠠᠷᠳᠠᠴᠠ ᠪᠤᠯᠤᠨ᠎ᠠ᠃ ᠬᠦᠳᠡᠭᠡ ᠠᠵᠥ ᠠᠬᠤᠢ ᠬᠦᠴᠦᠷᠬᠡᠭᠵᠢᠭᠰᠡᠨ ᠡᠰᠡᠬᠦ᠂ ᠬᠦᠳᠡᠭᠡ ᠳᠤᠰᠬᠤᠨ ᠦᠵᠡᠰᠬᠦᠯᠡᠩᠳᠤ ᠰᠠᠶᠢᠬᠠᠨ ᠪᠤᠯᠤᠭᠰᠠᠨ ᠡᠰᠡᠬᠦ᠂ ᠳᠠᠷᠢᠶᠠᠴᠢᠨ ᠴᠢᠨᠡᠬᠡᠯᠢᠭᠵᠢᠭᠰᠡᠨ ᠡᠰᠡᠬᠦ ᠨᠢ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠶᠢᠨ ᠶᠠᠰᠤ ᠴᠢᠨᠠᠷ ᠪᠤᠯᠤᠨ ᠨᠡᠶᠢᠬᠡᠮ ᠵᠢᠷᠤᠮ ᠤᠨ ᠤᠳᠤᠬᠢᠴᠢᠯᠠᠯᠳᠠ ᠶᠢᠨ ᠶᠠᠰᠤ ᠴᠢᠨᠠᠷ ᠢ ᠳᠤᠬᠳᠠᠭᠠᠳᠠᠭ᠃ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠴᠢᠨᠠᠷ ᠢ ᠬᠦᠨᠵᠡᠬᠡᠢ ᠳᠠᠨᠢᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠳᠤᠳᠠᠢ ᠰᠠᠶᠢᠳᠤᠷ ᠬᠡᠷᠡᠭᠵᠢᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃ ᠰᠢ ᠶᠢᠨ ᠫᠢᠩ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠤᠯ ᠨᠢᠬᠡᠠ ᠳᠤᠮᠤ ᠰᠡᠳᠦᠪ ᠮᠦᠨ᠂ ᠨᠢᠬᠡᠳᠦᠯᠳᠡᠢ ᠳᠦᠯᠦᠪᠵᠢᠬᠦᠯᠦᠨ ᠰᠦᠪᠡᠭᠴᠢᠯᠡᠵᠥ᠂ ᠰᠢᠨᠵᠢᠯᠡᠬᠦ ᠤᠬᠠᠭᠠᠨᠴᠢ ᠪᠠᠷ ᠠᠬᠢᠭᠤᠯᠬᠤ ᠬᠡᠷᠡᠭᠳᠡᠢ᠃ ᠬᠦᠳᠡᠭᠡ ᠳᠤᠰᠬᠤᠨ ᠤ ᠠᠵᠥ ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠤ᠂ ᠤᠳᠤ ᠦᠶ᠎ᠡ ᠶᠢᠨ ᠬᠦᠳᠡᠭᠡ ᠠᠵᠥ ᠠᠬᠤᠢ ᠶᠢ ᠬᠦᠭᠵᠢᠬᠦᠯᠬᠦ ᠪᠠᠷ ᠭᠤᠤᠯᠳᠠᠭᠤᠯᠤᠨ ᠬᠦᠳᠡᠭᠡ ᠳᠤᠰᠬᠤᠨ ᠤ ᠨᠢᠬᠡᠳᠦᠬᠡᠷ᠂ ᠬᠤᠶᠠᠳᠤᠭᠠᠷ᠂ ᠭᠤᠷᠪᠠᠳᠤᠭᠠᠷ ᠠᠵᠥ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠳᠤᠭᠤᠷᠢᠨ ᠳᠤ ᠬᠦᠳᠡᠭᠡ ᠳᠤᠰᠬᠤᠨ ᠤ ᠠᠵᠥ ᠦᠢᠯᠡᠰ ᠤᠨ  ᠰᠢᠰᠲ᠋ᠧᠮᠵᠢ ᠶᠢ ᠪᠠᠶᠢᠭᠤᠯᠤᠨ ᠠᠵᠥ ᠦᠢᠯᠡᠰ ᠤᠨ ᠬᠦᠭᠵᠢᠯ ᠮᠠᠨᠳᠤᠯ ᠢ ᠪᠡᠶᠡᠯᠡᠬᠦᠯᠵᠤ᠂ ᠠᠵᠥ ᠦᠢᠯᠡᠰ ᠤᠨ ᠬᠦᠭᠵᠢᠯᠳᠡ ᠶᠢ ᠳᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠳᠡᠬᠡᠷ᠎ᠡ ᠨᠠᠶᠢᠳᠠᠪᠤᠷᠢᠵᠢᠭᠤᠯᠵᠥ᠂ ᠬᠦᠳᠡᠭᠡ ᠳᠤᠰᠬᠤᠨ ᠤ ᠶᠠᠳᠠᠭᠤ ᠬᠦᠴᠢᠷᠳᠡᠯ ᠢ ᠪᠦᠬᠦ ᠬᠦᠴᠦᠨ ᠢᠶᠠᠷ ᠠᠷᠢᠯᠭᠠᠵᠥ᠂ ᠬᠦᠳᠡᠭᠡ ᠳᠤᠰᠬᠤᠨ ᠤ ᠠᠮᠢᠳᠤᠷᠠᠯ ᠪᠠᠶᠠᠠ ᠴᠢᠨᠡᠬᠡᠯᠢᠭ ᠪᠤᠯᠬᠤ ᠶᠢ ᠠᠬᠢᠭᠤᠯᠬᠤ ᠬᠡᠷᠡᠭᠳᠡᠢ᠃ ᠤᠳᠤ ᠦᠶ᠎ᠡ ᠶᠢᠨ ᠳᠠᠷᠢᠶᠠᠯᠠᠩ ᠢ ᠬᠦᠭᠵᠢᠬᠦᠯᠵᠥ᠂ ᠤᠯᠤᠰ ᠤᠨ ᠠᠮᠤ ᠪᠤᠳᠠᠭᠠᠨ ᠤ ᠠᠮᠤᠷ ᠳᠦᠪᠰᠢᠨ ᠢ ᠪᠠᠳᠤᠯᠠᠵᠥ᠂ ᠳᠠᠷᠢᠶᠠᠯᠠᠩ ᠤᠨ ᠪᠦᠳᠦᠴᠡ ᠶᠢ ᠳᠤᠬᠢᠷᠠᠭᠤᠯᠤᠨ ᠰᠢᠯᠢᠳᠡᠭᠵᠢᠬᠦᠯᠵᠥ᠂ ᠤᠳᠤ ᠦᠶ᠎ᠡ ᠶᠢᠨ ᠳᠠᠷᠢᠶᠠᠯᠠᠩ ᠤᠨ ᠠᠵᠥ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠳᠡ ᠶᠢᠨ ᠰᠢᠰᠲ᠋ᠧᠮᠵᠢ ᠶᠢ ᠳᠦᠷᠭᠡᠳᠬᠡᠨ ᠪᠠᠶᠢᠭᠤᠯᠵᠤ᠂ ᠳᠠᠷᠢᠶᠠᠯᠠᠩ ᠤᠨ ᠳᠠᠷᠢᠶᠠᠨ ᠤ ᠤᠨᠠᠯᠳᠠ ᠶᠢ ᠨᠡᠮᠡᠭᠳᠡᠬᠦᠯᠬᠦ ᠪᠠᠷ ᠤᠳᠤᠷᠢᠳᠤᠮᠵᠢ ᠪᠤᠯᠭᠠᠵᠤ ᠪᠠᠶᠢᠭᠰᠠᠨ ᠠᠴᠠ ᠶᠠᠰᠤ ᠴᠢᠨᠠᠷ ᠢ ᠨᠡᠮᠡᠭᠳᠡᠬᠦᠯᠬᠦ ᠪᠠᠷ ᠤᠳᠤᠷᠢᠳᠤᠮᠵᠢ ᠪᠤᠯᠭᠠᠬᠤ ᠳᠡᠰᠢ ᠰᠢᠯᠵᠢᠬᠦᠯᠬᠦ ᠶᠢ ᠠᠬᠢᠭᠤᠯᠵᠥ᠂ ᠳᠠᠷᠢᠶᠠᠯᠠᠩ ᠤᠨ ᠰᠢᠨ᠎ᠡ ᠶᠢ ᠡᠬᠦᠳᠬᠦ ᠬᠦᠴᠦᠨ᠂ ᠦᠷᠢᠰᠦᠯᠳᠦᠬᠦ ᠬᠦᠴᠦᠨ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠬᠡᠭᠰᠢᠯᠡᠬᠦᠯᠵᠥ᠂ ᠳᠠᠷᠢᠶᠠᠯᠠᠩ ᠎ ᠤᠨ ᠶᠠᠰᠤ ᠴᠢᠨᠠᠷ᠂ ᠦᠷ᠎ᠠ ᠠᠰᠢᠭ᠂ ᠪᠦᠬᠦᠯᠢ ᠴᠤᠬᠴᠠ ᠶᠢᠨ ᠶᠠᠰᠤ ᠴᠢᠨᠠᠷ ᠢ ᠳᠡᠬᠡᠭᠰᠢᠯᠡᠬᠦᠯᠬᠦ ᠬᠡᠷᠡᠭᠳᠡᠢ᠃ ᠬᠦᠳᠡᠭᠡ ᠳᠤᠰᠬᠤᠨ ᠤ ᠴᠢᠳᠠᠪᠤᠷᠢᠳᠠᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠥ᠂ ᠬᠦᠮᠦᠨ ᠤ ᠬᠦᠴᠦᠨ ᠤ ᠬᠦᠷᠦᠩᠬᠡ ᠶᠢ ᠨᠡᠬᠡᠬᠡᠨ ᠬᠦᠭᠵᠢᠬᠦᠯᠬᠦ ᠶᠢ ᠳᠡᠷᠢᠬᠦᠨ ᠪᠠᠶᠢᠷᠢᠨ ᠳᠤ ᠳᠠᠯᠪᠢᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠴᠢᠳᠠᠪᠤᠷᠢᠳᠠᠨ ᠤ ᠳᠤᠯᠭᠠᠭᠤᠷᠢᠯᠠᠯ ᠢ ᠴᠢᠩᠭᠠᠳᠬᠠᠵᠥ᠂ ᠰᠢᠨ᠎ᠡ ᠬᠡᠯᠪᠡᠷᠢ ᠶᠢᠨ ᠳᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢ ᠳᠦᠷᠬᠡᠳᠬᠡᠨ ᠪᠤᠶᠢᠵᠢᠭᠤᠯᠵᠥ᠂ ᠳᠤᠷᠠᠳᠠᠶ᠎ᠠ ᠬᠦᠳᠡᠭᠡ ᠳᠤᠰᠬᠤᠨ ᠳᠠᠭᠠᠨ ᠬᠤᠴᠤᠷᠴᠤ ᠬᠡᠷ ᠨᠤᠳᠤᠭ ᠢᠶᠠᠨ ᠪᠦᠳᠦᠬᠡᠨ ᠪᠠᠶᠢᠭᠤᠯᠬᠤ ᠬᠦᠮᠦᠰ ᠢ ᠰᠡᠳᠬᠢᠯ ᠠᠮᠤᠷ ᠪᠠᠶᠢᠯᠭᠠᠵᠥ᠂ ᠳᠤᠷᠠᠳᠠᠶ᠎ᠠ ᠠᠭᠤᠯᠠᠷᠬᠠᠭ ᠤᠷᠤᠨ ᠪᠠ ᠬᠦᠳᠡᠭᠡ ᠳᠤᠰᠬᠤᠨ ᠳᠤ ᠤᠴᠢᠬᠰᠠᠨ ᠬᠦᠳᠡᠭᠡ ᠳᠤᠰᠬᠤᠨ ᠳᠠᠭᠠᠨ ᠠᠴᠢ ᠬᠠᠷᠢᠭᠤᠯᠠᠬᠰᠠᠨ ᠬᠦᠮᠦᠰ ᠢ ᠨᠡᠩ ᠢᠳᠡᠬᠡᠯ ᠳᠡᠬᠦᠯᠳᠡᠷ ᠪᠤᠯᠭᠠᠵᠥ᠂ ᠡᠯ᠎ᠡ ᠳᠦᠷᠦᠯ ᠤᠨ ᠴᠢᠳᠠᠪᠤᠷᠢᠳᠠᠨ ᠤ ᠬᠦᠳᠡᠭᠡ ᠳᠤᠰᠬᠤᠨ ᠤ ᠦᠷᠬᠡᠨ ᠠᠭᠤᠳᠠᠮ ᠭᠠᠵᠠᠷ ᠨᠤᠳᠤᠭ ᠳᠡᠬᠡᠷ᠎ᠠ ᠴᠢᠳᠠᠪᠤᠷᠢ ᠪᠠᠨ ᠶᠡᠬᠡᠪᠠᠷ ᠪᠠᠳᠠᠷᠠᠭᠤᠯᠬᠤ᠂ ᠠᠪᠢᠶᠠᠰ ᠪᠢᠯᠢᠭ ᠢᠶᠠᠨ ᠶᠡᠬᠡᠪᠡᠷ ᠭᠠᠶᠢᠬᠠᠭᠤᠯᠬᠤ᠂ ᠡᠷᠳᠡᠮ ᠴᠢᠳᠠᠯ ᠢᠶᠠᠨ ᠶᠡᠬᠡᠪᠠᠷ ᠢᠯᠡᠷᠡᠬᠦᠯᠬᠦ ᠶᠢ ᠤᠷᠮᠠᠰᠢᠭᠤᠯᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠬᠦᠴᠦᠷᠬᠡᠭ ᠶᠡᠭᠡ ᠴᠢᠳᠠᠪᠤᠷᠢᠳᠠᠨ ᠤ ᠡᠩᠨᠡᠭᠡ ᠶᠢ ᠪᠠᠶᠢᠭᠤᠯᠵᠤ᠂ ᠬᠦᠳᠡᠭᠡ ᠳᠤᠰᠬᠤᠨ ᠳᠤ ᠴᠢᠳᠠᠪᠤᠷᠢᠳᠠᠨ᠂ ᠭᠠᠵᠠᠷ ᠰᠢᠷᠦᠢ᠂ ᠪᠡᠯᠡ ᠮᠦᠩᠬᠦ᠂ ᠠᠵᠥ ᠦᠢᠯᠡᠰ ᠴᠤᠬᠯᠠᠷᠠᠬᠰᠠᠨ ᠰᠢᠯᠢᠳᠡᠭ ᠤᠷᠴᠢᠯᠳᠡ ᠶᠢ ᠪᠦᠷᠢᠯᠳᠦᠬᠦᠯᠬᠦ ᠬᠡᠷᠡᠭᠳᠡᠢ᠃ ᠬᠦᠲᠡᠭᠡ ᠲᠤᠰᠬᠤᠠ ᠤ ᠰᠤᠶᠤᠯ ᠢ ᠬᠦᠭᠵᠢᠭᠦᠯᠦᠨ ᠮᠠᠠᠲᠤᠭᠤᠯᠬᠤ ᠶᠢ ᠠᠬᠢᠭᠤᠯᠵᠦ᠂ ᠬᠦᠲᠡᠭᠡ ᠲᠤᠰᠬᠤᠠ ᠤ ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠪᠤᠯᠤᠨ ᠤᠯᠠᠠ ᠨᠡᠶᠢᠲᠡ ᠶᠢᠨ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠠ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠠ ᠪᠠᠷ ᠵᠢᠯᠤᠭᠤᠳᠤᠮᠵᠢ ᠪᠤᠯᠭᠠᠵᠤ᠂ ᠰᠢᠯᠢᠲᠡᠭ ᠤᠯᠠᠮᠵᠢᠯᠠᠯᠲᠦ ᠲᠠᠷᠢᠶᠠᠯᠠᠬᠤ ᠰᠤᠶᠤᠯ ᠤᠨ ᠠᠭᠤᠯᠤᠭᠲᠠᠬᠤᠨ ᠲᠠᠢ ᠦᠵᠡᠯ ᠰᠠᠨᠠᠭ᠎ᠠ ᠦᠵᠡᠯᠲᠡ᠂ ᠰᠤᠶᠤᠯ ᠢᠷᠭᠡᠨᠰᠢᠯ ᠤᠨ ᠵᠤᠷᠢᠭ ᠰᠠᠨᠠᠭ᠎ᠠ᠂ ᠶᠤᠰᠤ ᠰᠤᠷᠲᠠᠬᠤᠨ ᠤ ᠵᠢᠷᠤᠮᠵᠢᠯ ᠢ ᠬᠦᠨᠵᠡᠭᠡᠢ ᠠᠭᠤᠲᠠᠯᠤᠠ᠂ ᠨᠤᠲᠤᠭ ᠤᠨ ᠰᠤᠶᠤᠯ ᠤᠨ ᠴᠢᠲᠠᠪᠤᠷᠢᠲᠠᠠ ᠢ ᠬᠦᠮᠦᠵᠢᠭᠦᠯᠦᠨ ᠢᠯᠡᠷᠡᠭᠦᠯᠵᠦ᠂ ᠭᠤᠤᠯ ᠬᠦᠭ ᠠᠶᠠᠰ ᠪᠤᠯᠤᠨ ᠨᠡᠶᠢᠭᠡᠮ ᠤᠨ ᠲᠦᠪ ᠰᠤᠷᠲᠠᠯ ᠢ ᠪᠠᠲᠠᠷᠠᠭᠤᠯᠵᠦ᠂ ᠳᠤᠰᠬᠤᠨ ᠤ ᠪᠤᠯᠪᠠᠰᠤᠨ ᠰᠤᠷᠲᠠᠯ᠂ ᠭᠡᠷ ᠪᠦᠯᠢ ᠶᠢᠨ ᠰᠠᠶᠢᠨ ᠰᠠᠶᠢᠬᠠᠠ ᠰᠤᠷᠲᠠᠯ᠂ ᠡᠭᠡᠯ ᠪᠤᠷᠤᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠵᠦ᠂ ᠲᠠᠷᠢᠶᠠᠴᠢᠳ ᠤᠨ ᠤᠶᠤᠨ ᠰᠠᠨᠠᠭᠠᠠ ᠤ ᠬᠡᠪ ᠪᠠᠶᠢᠳᠠᠯ ᠢ ᠰᠠᠶᠢᠵᠢᠷᠠᠭᠤᠯᠤᠨ ᠬᠦᠲᠡᠭᠡ ᠲᠤᠰᠬᠤᠨ ᠤ ᠨᠡᠶᠢᠭᠡᠮ ᠤᠨ ᠪᠤᠯᠪᠠᠰᠤᠨ ᠤ ᠳᠦᠪᠰᠢᠨ ᠢ ᠲᠡᠭᠡᠭᠰᠢᠯᠡᠭᠦᠯᠵᠤ᠂ ᠬᠦᠲᠡᠭᠡ ᠲᠤᠰᠬᠤᠨ ᠤ ᠪᠤᠯᠪᠠᠰᠤᠨ ᠤ ᠰᠢᠨ᠎ᠠ ᠲᠦᠷᠰᠤ ᠪᠠᠶᠢᠲᠠᠯ ᠢ ᠪᠠᠳᠠᠷᠠᠭᠠᠬᠤ ᠬᠡᠷᠡᠭᠲᠡᠢ᠃ ᠬᠦᠲᠡᠭᠡ ᠲᠤᠰᠬᠤᠨ ᠤ ᠠᠮᠢ ᠠᠬᠤᠢ ᠶᠢ ᠬᠦᠭᠵᠢᠭᠦᠯᠦᠨ ᠮᠠᠠᠲᠤᠭᠤᠯᠬᠤ ᠶᠢ ᠠᠬᠢᠭᠤᠯᠵᠦ᠂ ᠪᠤᠬᠢᠷᠲᠤᠯ ᠦᠭᠡᠢ ᠬᠦᠭᠵᠢᠯᠲᠠ ᠶᠢ ᠪᠠᠷᠢᠮᠲᠠᠯᠠᠠ ᠬᠦᠲᠡᠭᠡ ᠲᠤᠰᠬᠤᠨ ᠤ ᠤᠷᠴᠢᠨ ᠲᠤᠭᠤᠷᠢᠨ ᠤ ᠲᠤᠪᠤᠶᠢᠮ᠎ᠠ ᠠᠰᠠᠭᠤᠲᠠᠯ ᠢ ᠶᠡᠷᠦᠩᠭᠡᠶᠢᠯᠡᠠ ᠵᠠᠰᠠᠬᠤ ᠶᠢ ᠴᠢᠩᠭᠠᠳᠬᠠᠵᠤ᠂ ᠬᠦᠲᠡᠭᠡ ᠲᠤᠰᠬᠤᠨ ᠤ ᠤᠷᠤᠰᠢᠠ ᠰᠠᠭᠤᠬᠤ ᠤᠷᠴᠢᠨ ᠲᠤᠭᠤᠷᠢᠨ ᠢ ᠴᠡᠭᠴᠡᠯᠡᠡ ᠵᠠᠰᠠᠬᠤ ᠭᠤᠷᠪᠠᠠ ᠵᠢᠯ ᠤᠨ ᠠᠵᠢᠯᠯᠠᠭ᠎ᠠ ᠶᠢᠨ ᠲᠦᠯᠦᠪᠯᠡᠭᠡ ᠎ ᠶᠢ ᠯᠠᠪᠲᠠᠭᠤᠨ ᠪᠠᠳᠤᠳᠠᠢ ᠠᠬᠢᠭᠤᠯᠵᠦ᠂ ᠬᠦᠲᠡᠭᠡ ᠲᠤᠰᠬᠤᠨ ᠤ ︽ᠵᠤᠷᠯᠤᠩ ᠤᠨ ᠬᠤᠪᠢᠰᠬᠠᠯ︾᠎ ᠢ ᠠᠬᠢᠭᠤᠯᠵᠦ᠂ ᠬᠦᠲᠡᠭᠡ ᠲᠤᠰᠬᠤᠨ ᠤ ᠠᠮᠢᠲᠤᠷᠠᠯ ᠤᠨ ᠲᠦᠬᠦᠭᠡᠷᠦᠮᠵᠢ ᠶᠢ ᠲᠡᠭᠦᠯᠲᠡᠷᠵᠢᠭᠦᠯᠦᠨ᠂ ᠲᠠᠷᠢᠶᠠᠴᠢᠳ ᠤᠨ ᠠᠮᠤᠷ ᠠᠮᠤᠭᠤᠯᠠᠩ ᠠᠵᠦ ᠲᠦᠷᠦᠬᠦ ᠦᠵᠡᠰᠭᠦᠯᠡᠩᠳᠤ ᠰᠠᠶᠢᠬᠠᠠ ᠭᠡᠷ ᠤᠷᠤᠨ ᠢ ᠪᠦᠲᠦᠭᠡᠡ ᠪᠠᠶᠢᠭᠤᠯᠵᠦ᠂ ᠰᠠᠶᠢᠨ ᠰᠠᠶᠢᠬᠠᠠ ᠠᠮᠢ ᠠᠬᠤᠢ ᠪᠠᠷ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠲᠤᠯᠭᠠᠭᠤᠷᠢᠯᠠᠯ ᠴᠡᠭ ᠢᠶᠠᠨ ᠪᠤᠯᠭᠠᠬᠤ ᠭᠡᠷᠡᠭᠲᠡᠢ᠃ ᠬᠦᠲᠡᠭᠡ ᠲᠤᠰᠬᠤᠨ ᠤ ᠵᠤᠬᠢᠶᠠᠠ ᠪᠠᠶᠢᠭᠤᠯᠤᠯᠲᠠ ᠶᠢ ᠬᠦᠭᠵᠢᠭᠦᠯᠦᠨ ᠮᠠᠠᠲᠤᠭᠤᠯᠬᠤ ᠶᠢ ᠠᠬᠢᠭᠤᠯᠵᠦ᠂ ᠬᠦᠲᠡᠭᠡ ᠲᠤᠰᠬᠤᠨ ᠤ ᠲᠦᠭ ᠲᠦᠮᠡᠡ ᠡᠷᠡᠰ ᠴᠢᠩᠭ᠎ᠠ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠎ ᠶᠢ ᠪᠠᠶᠢᠭᠤᠯᠵᠦ᠂ ᠬᠦᠲᠡᠭᠡ ᠲᠤᠰᠬᠤᠨ ᠤ ᠲᠦᠭ ᠲᠦᠮᠡᠡ ᠰᠢᠯᠢᠳᠡᠭ ᠰᠠᠶᠢᠨ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠱᠦᠵᠢ ᠶᠢ ᠬᠦᠮᠦᠵᠢᠭᠦᠯᠵᠦ᠂ ᠲᠤᠰᠬᠤᠨ ᠤ ᠠᠷᠠᠳ ᠤᠨ ᠦᠪᠡᠷᠲᠡᠭᠡᠡ ᠵᠠᠰᠠᠬᠤ ᠦᠢᠯᠡᠲᠦᠯᠭᠡ ᠶᠢ ᠬᠦᠨᠵᠡᠭᠡᠶᠢᠷᠡᠭᠦᠯᠦᠨ᠂ ᠲᠠᠷᠢᠶᠠᠴᠢᠳ ᠤᠨ ᠬᠤᠷᠰᠢᠭᠰᠠᠨ ᠠᠵᠦ ᠠᠬᠤᠢ ᠶᠢᠨ ᠵᠤᠬᠢᠶᠠᠠ ᠪᠠᠶᠢᠭᠤᠯᠤᠯᠲᠠ ᠶᠢ ᠬᠦᠭᠵᠢᠭᠦᠯᠵᠦ᠂ ᠨᠠᠮ ᠤᠨ ᠬᠤᠷᠢᠶ᠎ᠠ ᠠᠴᠠ ᠤᠲᠤᠷᠢᠳᠬᠤ᠂ ᠵᠠᠰᠠᠭ ᠤᠨ ᠤᠷᠲᠤᠨ ᠠᠴᠠ ᠬᠠᠷᠢᠭᠤᠴᠠᠬᠤ᠂ ᠨᠡᠶᠢᠭᠡᠮ ᠠᠴᠠ ᠬᠠᠮᠵᠢᠯᠴᠠᠬᠤ᠂ ᠤᠯᠠᠠ ᠲᠦᠮᠠᠠ ᠤᠷᠤᠯᠴᠠᠬᠤ᠂ ᠬᠠᠤᠯᠢᠵᠢᠯ ᠢᠶᠠᠷ ᠪᠠᠲᠤᠯᠠᠬᠤ ᠤᠲᠤ ᠦᠶ᠎ᠠ ᠶᠢᠨ ᠬᠦᠲᠡᠭᠡ ᠲᠤᠰᠬᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠲᠡᠷᠵᠢᠭᠦᠯᠵᠦ ᠂ ᠬᠦᠲᠡᠭᠡ ᠲᠤᠰᠬᠤᠨ ᠤ ᠨᠡᠶᠢᠭᠡᠮ ᠤᠨ ᠠᠮᠢᠵᠢᠷᠠᠯ ᠤᠨ ᠬᠦᠴᠤᠨ ᠢᠶᠠᠷ ᠪᠢᠯᠬᠠᠮ᠎ᠠ᠂ ᠠᠮᠤᠷ ᠲᠤᠭᠲᠠᠭᠤᠨ ᠡᠮᠬᠢ ᠲᠢᠭᠯᠢᠮ ᠲᠠᠢ ᠪᠠᠶᠢᠬᠤ ᠶᠢ ᠦᠨᠡᠨᠬᠦ ᠪᠠᠳᠤᠯᠠᠬᠤ ᠭᠡᠷᠡᠭᠲᠡᠢ᠃ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠶᠢ ᠡᠷᠡᠭᠦᠯ ᠢᠶᠠᠷ ᠡᠮᠬᠢ ᠲᠢᠭᠯᠢᠮ ᠲᠠᠢ ᠶᠠᠪᠤᠭᠲᠠᠬᠤ ᠶᠢ ᠠᠬᠢᠭᠤᠯᠵᠦ᠂ ᠤᠷᠢᠲᠠᠪᠠᠷ ᠲᠦᠯᠦᠪᠵᠢᠭᠦᠯᠤᠨ ᠤᠨᠤᠪᠴᠢᠳᠠᠢ ᠪᠠᠷ ᠠᠷᠭ᠎ᠠ ᠪᠤᠲᠤᠯᠭ᠎ᠠ ᠭᠡᠷᠡᠭᠵᠢᠭᠦᠯᠵᠤ ᠲᠦᠷᠦᠯ ᠬᠤᠪᠢᠶᠠᠠ ᠠᠬᠢᠭᠤᠯᠵᠦ᠂ ᠡᠯ᠎ᠠ ᠭᠠᠵᠠᠷ ᠤᠨ ᠵᠦᠷᠢᠶ᠎ᠠ ᠪᠤᠯᠤᠨ ᠤᠨᠴᠠᠯᠢᠭ ᠢ ᠰᠢᠨᠵᠢᠯᠡᠬᠦ ᠤᠬᠠᠭᠠᠠᠴᠢ ᠪᠠᠷ ᠡᠵᠡᠮᠲᠡᠡ ᠤᠷᠤᠨ ᠪᠦᠰᠡ ᠶᠢᠨ ᠤᠨᠴᠠᠯᠢᠭ ᠢ ᠴᠢᠬᠤᠯᠠᠴᠢᠯᠠᠵᠦ᠂ ᠨᠤᠲᠤᠭ ᠤᠰᠤᠨ ᠤ ᠬᠡᠪ ᠰᠤᠷᠲᠠᠯ ᠢ ᠢᠯᠡᠷᠡᠭᠦᠯᠵᠤ᠂ ᠢᠯᠠᠩᠭᠤᠶ᠎ᠠ ᠤᠯᠠᠮᠵᠢᠯᠠᠯᠲᠦ ᠠᠶᠢᠯ ᠲᠤᠰᠬᠤᠨ᠂ ᠦᠨᠲᠦᠰᠦᠲᠠᠠ ᠤ ᠠᠶᠢᠯ ᠲᠤᠰᠬᠤᠠ᠂ ᠤᠯᠠᠮᠵᠢᠯᠠᠯᠲᠦ ᠪᠠᠷᠢᠯᠭ᠎ᠠ ᠶᠢ ᠰᠠᠶᠢᠲᠤᠷ ᠬᠠᠮᠠᠭᠠᠯᠠᠵᠦ᠂ ᠨᠢᠭᠡᠯᠡ ᠠᠲᠠᠯᠢ ᠪᠤᠯᠭᠠᠬᠤ ᠶᠢ ᠱᠠᠭᠠᠷᠳᠠᠬᠤ ᠦᠭᠡᠢ᠂ ᠨᠢᠭᠡᠲᠦᠯᠲᠠᠢ ᠵᠠᠭᠪᠤᠷ ᠢᠶᠠᠷ ᠬᠢᠬᠦ ᠦᠭᠡᠢ᠂ ᠱᠠᠲᠤ ᠱᠠᠲᠤ ᠪᠠᠷ ᠡᠬᠦᠷᠭᠡ ᠨᠡᠮᠡᠬᠦ ᠦᠭᠡᠢ ᠪᠠᠶᠢᠬᠤ ᠶᠢ ᠬᠢᠴᠢᠶᠡᠵᠤ᠂ ︽ᠲᠦᠷᠢ ᠲᠦᠷᠬᠦ ᠶᠢᠨ ᠢᠨᠵᠧᠨᠧᠷᠢᠩ︾᠎ ᠢ ᠲᠠᠰᠤ ᠬᠢᠵᠠᠭᠠᠷᠯᠠᠬᠤ ᠭᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠦᠷᠭᠡᠡ ᠤᠯᠠᠠ ᠲᠠᠷᠢᠶᠠᠴᠢᠠ ᠤ ᠬᠦᠰᠡᠯ ᠵᠤᠷᠢᠯᠲᠠ ᠶᠢ ᠬᠦᠢᠴᠡᠳ ᠬᠦᠨᠲᠦᠳᠭᠡᠡ᠂ ᠦᠷᠭᠡᠡ ᠤᠯᠠᠠ ᠲᠠᠷᠢᠶᠠᠴᠢᠠ ᠤ ᠢᠲᠡᠪᠬᠢ ᠴᠢᠨᠠᠷ᠂ ᠰᠠᠨᠠᠭᠠᠴᠢᠯᠠᠭᠠᠲᠦ ᠴᠢᠨᠠᠷ ᠪᠠ ᠪᠦᠲᠦᠭᠡᠯᠴᠢ ᠴᠢᠨᠠᠷ ᠢ ᠲᠠᠶᠢᠴᠢᠯᠠᠵᠦ᠂ ᠦᠷᠭᠡᠡ ᠤᠯᠠᠠ ᠲᠠᠷᠢᠶᠠᠴᠢᠠ ᠤ ᠰᠠᠶᠢᠠ ᠰᠠᠶᠢᠬᠠᠠ ᠠᠮᠢᠲᠤᠷᠠᠯ ᠤᠨ ᠬᠦᠰᠡᠯ ᠱᠠᠭᠠᠷᠳᠠᠯᠭ᠎ᠠ ᠶᠢ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠶᠢ ᠠᠬᠢᠭᠤᠯᠬᠤ ᠬᠦᠲᠡᠯᠭᠡᠬᠦ ᠬᠦᠴᠤᠨ ᠪᠤᠯᠭᠠᠠ ᠬᠤᠪᠢᠷᠠᠭᠤᠯᠵᠦ᠂ ᠦᠷᠭᠡᠡ ᠤᠯᠠᠠ ᠲᠠᠷᠢᠶᠠᠴᠢᠠ ᠤ ᠦᠨᠲᠦᠰᠤᠨ ᠠᠰᠢᠭ ᠲᠤᠰᠠ ᠶᠢ ᠬᠠᠮᠠᠭᠠᠯᠠᠬᠤ᠂ ᠦᠷᠭᠡᠡ ᠤᠯᠠᠠ ᠲᠠᠷᠢᠶᠠᠴᠢᠠ ᠤ ᠬᠠᠮᠲᠤᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ ᠪᠠᠷ ᠵᠤᠷᠢᠯᠲᠠ ᠪᠠ ᠲᠤᠰᠤᠯᠲᠠ ᠪᠠᠨ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠵᠠᠢ᠃ ᠰᠢ ᠶᠢᠨ ᠫᠢᠩ᠂ ᠲᠠᠯᠠᠢ ᠲᠠᠩᠭᠢᠰ ᠪᠤᠯ ᠴᠢᠨᠠᠷ ᠰᠠᠶᠢᠲᠠᠢ ᠬᠦᠭᠵᠢᠯᠲᠠ ᠶᠢᠨ ᠪᠠᠶᠢᠯᠲᠤᠬᠤ ᠪᠤᠲᠤᠯᠭ᠎ᠠ ᠶᠢᠨ ᠴᠢᠬᠤᠯᠠ ᠭᠠᠵᠠᠷ ᠮᠦᠨ᠃ ᠲᠡᠯᠡᠭᠡᠢ ᠶᠢᠨ ᠲᠡᠷᠢᠭᠦᠨ ᠤ ᠲᠠᠯᠠᠢ ᠲᠠᠩᠭᠢᠰ ᠤᠨ ᠭᠠᠷᠠᠮ᠂ ᠲᠡᠭᠦᠯᠲᠡᠷᠵᠢᠭᠰᠡᠡ ᠤᠲᠤ ᠦᠶ᠎ᠠ ᠶᠢᠨ ᠲᠠᠯᠠᠢ ᠲᠠᠩᠭᠢᠰ ᠤᠨ ᠠᠵᠤ ᠦᠢᠯᠡᠰ ᠤᠨ ᠰᠢᠰᠲ᠋ᠧᠮᠵᠢ᠂ ᠪᠤᠬᠢᠷᠲᠤᠯ ᠦᠭᠡᠢ ᠳᠠᠭᠠᠭᠠᠮᠠᠭᠠᠢ ᠲᠠᠯᠠᠢ ᠲᠠᠩᠭᠢᠰ ᠤᠨ ᠠᠮᠢ ᠠᠬᠤᠢ ᠶᠢᠨ ᠤᠷᠴᠢᠨ ᠲᠤᠭᠤᠷᠢᠨ ᠢ ᠲᠦᠷᠭᠡᠳᠬᠡᠨ ᠪᠠᠶᠢᠭᠤᠯᠵᠦ᠂ ᠲᠠᠯᠠᠢ ᠲᠠᠩᠭᠢᠰ ᠤᠨ ᠬᠦᠴᠦᠷᠭᠡ ᠤᠯᠤᠰ ᠢ ᠪᠦᠳᠦᠬᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠯᠢ ᠺᠧ ᠴᠢᠶᠠᠩ ᠯᠢᠶᠤᠤᠨᠢᠩ ᠤᠨ ᠲᠦᠯᠦᠭᠡᠯᠡᠭᠴᠢᠳ ᠤᠨ ᠪᠦᠯᠭᠦᠮ ᠤᠨ ᠬᠢᠨᠡᠨ ᠵᠦᠪᠯᠡᠭᠦ ᠳᠤ ᠤᠷᠤᠯᠴᠡᠪᠡ᠃ ᠴᠧᠨ ᠴᠢᠤ ᠹᠠ᠂ ᠲᠠᠩ ᠢ ᠵᠢᠶᠦ᠋ᠨ᠂ ᠵᠠᠩ ᠭᠦᠢ ᠫᠢᠩ ᠵᠡᠷᠭᠡ ᠲᠦᠯᠦᠭᠡᠯᠡᠭᠴᠢ ᠠᠵᠤ ᠠᠬᠤᠢ ᠶᠢᠨ ᠬᠦᠭᠵᠢᠯ ᠮᠡᠨᠳᠤᠯᠳᠡ᠂ ᠦᠢᠯᠡᠳᠭᠦ ᠦᠢᠯᠡᠰ ᠤᠨ ᠲᠡᠰ ᠲᠡᠪᠰᠢᠭᠦ᠂ ᠰᠢᠨ᠎ᠡ ᠶᠢ ᠡᠭᠦᠳᠭᠦ ᠦᠢᠯᠡᠰ ᠪᠤᠰᠬᠠᠬᠤ ᠶᠢ ᠠᠬᠢᠭᠤᠯᠬᠤ ᠵᠡᠷᠬᠡ ᠲᠤᠬᠠᠢ ᠢᠳᠡᠪᠬᠢᠳᠡᠢ ᠪᠠᠷ ᠶᠠᠷᠢᠶ᠎ᠠ ᠲᠠᠯᠪᠢᠪᠠ᠂ ᠯᠢ ᠺᠧ ᠴᠢᠶᠠᠩ ᠤᠯᠠᠨ ᠲᠠᠢ ᠰᠠᠨᠠᠯ ᠢᠶᠠᠨ ᠭᠦᠨᠵᠡᠭᠡᠢ ᠰᠤᠯᠢᠯᠴᠠᠵᠤ᠂ ᠯᠢᠶᠤᠤᠨᠢᠩ ᠤᠨ ᠴᠢᠷᠮᠠᠶᠢᠵᠤ ᠪᠠᠶᠢᠭᠠᠳ ᠪᠤᠭᠤᠮᠳᠡ ᠰᠢᠪᠳᠤᠯᠤᠨ ᠭᠦᠴᠢᠷ ᠢ ᠳᠤᠭᠤᠯᠵᠤ᠂ ᠠᠵᠤ ᠠᠬᠤᠢ ᠶᠢᠨ ᠰᠠᠭᠤᠷᠢ ᠶᠢ ᠪᠠᠬᠢᠵᠢᠬᠦᠯᠦᠨ ᠠᠵᠤ ᠠᠬᠤᠢᠢᠯᠡᠯ ᠤᠨ ᠲᠤᠭᠳᠠᠭᠤᠨ ᠢ ᠪᠠᠳᠤᠯᠠᠭᠰᠠᠨ ᠶᠠᠪᠤᠳᠠᠯ ᠢ ᠭᠦᠢᠴᠡᠳ ᠨᠤᠳᠠᠯᠠᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠡ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠬᠤ ᠳᠤᠬᠠᠢ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠤᠰᠤᠭᠠᠷ᠂ ᠦᠭᠡᠷᠡᠴᠢᠯᠡᠯᠳᠡ ᠨᠡᠭᠡᠭᠡᠯᠳᠡ ᠲᠤᠮᠳᠠ ᠠᠵᠤ ᠠᠬᠤᠢ ᠶᠢᠨ ᠰᠠᠶᠢᠵᠢᠷᠠᠯᠳᠠ ᠲᠠᠢ ᠪᠤᠯᠬᠤ ᠬᠠᠨᠳᠤᠰᠢ ᠶᠢ ᠪᠠᠳᠤᠳᠬᠠᠵᠤ᠂ ᠯᠢᠶᠤᠤᠨᠢᠩ ᠤᠨ ᠪᠦᠭᠦ ᠲᠠᠯ᠎ᠡ ᠶᠢᠨ ᠭᠦᠭᠵᠢᠯ ᠮᠠᠨᠳᠤᠯᠳᠠ ᠶᠢ ᠪᠡᠶᠡᠯᠡᠭᠦᠯᠬᠦ ᠭᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠴᠢᠯᠦᠭᠡᠯᠡᠵᠤ᠂ ᠠᠵᠤ ᠠᠬᠤᠢᠢᠯᠡᠯ ᠪᠡ ᠠᠷᠠᠳ ᠤᠯᠠᠨ ᠤ ᠭᠡᠷᠡᠭᠴᠡᠭᠡ ᠱᠠᠭᠠᠷᠳᠠᠯᠭ᠎ᠠ ᠳᠤ ᠵᠤᠬᠢᠴᠠᠵᠤ᠂ ᠡᠵᠡᠩᠨᠡᠯᠳᠠ ᠬᠤᠳᠠᠯᠳᠤᠭ᠎ᠠ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠵᠤ᠂ ᠠᠷᠠᠳ ᠤᠯᠠᠨ ᠤ ᠤᠴᠢᠷ ᠶᠠᠪᠤᠳᠠᠯ ᠰᠢᠢᠳᠪᠤᠷᠢᠯᠡᠬᠦ ᠳᠤ ᠨᠡᠩ ᠲᠦᠭᠦᠮ ᠦᠵᠡᠭᠦᠯᠵᠤ᠂ ᠨᠡᠩ ᠤᠯᠠᠨ ᠠᠵᠤ ᠠᠬᠤᠢᠢᠯᠡᠯ ᠪᠡ ᠴᠢᠳᠠᠪᠦᠷᠢᠳᠡᠨ ᠢ ᠤᠷᠤᠭᠤᠯᠤᠨ ᠠᠪᠴᠢᠷᠠᠵᠤ ᠦᠯᠡᠳᠡᠭᠡᠠ ᠨᠤᠳᠤᠭᠰᠢᠭᠤᠯᠵᠤ ᠬᠦᠭᠵᠢᠬᠦᠯᠬᠦ ᠭᠡᠷᠡᠭᠲᠡᠢ᠃ ᠯᠢᠶᠤᠤᠨᠢᠩ ᠤᠨ ᠲᠠᠯᠠᠢ ᠲᠠᠭᠠᠤ ᠶᠢᠨ ᠠᠵᠤ ᠠᠬᠤᠢ ᠶᠢᠨ ᠪᠦᠰᠡ ᠶᠢ ᠲᠦᠷᠭᠡᠳᠭᠡᠨ ᠭᠦᠭᠵᠢᠭᠦᠯᠵᠤ᠂ ᠵᠡᠭᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠬᠤ ᠨᠡᠭᠡᠭᠡᠯᠳᠡ ᠬᠢᠬᠦ ᠲᠤᠮᠤ ᠲᠠᠪᠴᠠᠩ ᠢ ᠪᠤᠢ ᠪᠤᠯᠭᠠᠬᠤ ᠭᠡᠷᠡᠭᠲᠡᠢ᠃ ᠮᠦᠭᠳᠡᠨ ᠹᠦᠰᠢᠨ ᠤ ᠰᠢᠨ᠎ᠡ ᠲᠤᠭᠤᠷᠢᠭ ᠤᠨ ᠪᠦᠳᠦᠭᠡᠨ ᠪᠠᠶᠢᠭᠤᠯᠤᠯᠳᠡ ᠶᠢ ᠠᠬᠢᠭᠤᠯᠵᠤ᠂ ᠡᠷᠬᠢᠨ ᠲᠤᠭᠤᠷᠢᠨ ᠤ ᠭᠠᠵᠠᠷ ᠤᠷᠤᠨ ᠢ ᠨᠦᠯᠦᠭᠡᠯᠡᠨ ᠲᠠᠶᠢᠴᠢᠯᠠᠬᠤ ᠭᠡᠷᠡᠭᠲᠡᠢ᠃ ᠠᠵᠢᠯ ᠤᠯᠭᠤᠯᠳᠠ᠂ ᠲᠦᠭᠦᠮ ᠪᠦᠳᠤᠴᠡᠳᠤ ᠤᠷᠤᠨ ᠰᠠᠭᠤᠴᠡ ᠶᠢ ᠦᠭᠡᠷᠡᠴᠢᠯᠡᠡ ᠪᠠᠶᠢᠭᠤᠯᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠬᠦᠴᠦᠯᠡᠨ ᠰᠠᠶᠢᠳᠤᠷ ᠬᠢᠵᠤ᠂ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠦᠷᠬᠦᠯᠵᠢᠯᠡᠨ ᠦᠭᠭᠦ ᠶᠢ ᠦᠨᠡᠨᠬᠦ ᠪᠠᠳᠤᠯᠠᠬᠤ ᠭᠡᠷᠡᠭᠲᠡᠢ᠃ ᠵᠡᠭᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠬᠤ ᠭᠦᠭᠵᠢᠯᠳᠡ ᠳᠤ ᠵᠢᠱᠢᠶ᠎ᠡ ᠦᠵᠡᠭᠦᠯᠭᠦ ᠪᠡ ᠲᠤᠯᠭᠠᠭᠤᠷᠢᠯᠠᠬᠤ ᠦᠢᠯᠡᠳᠦᠯ ᠢᠶᠠᠨ ᠪᠠᠳᠠᠷᠠᠭᠤᠯᠬᠤ ᠪᠠᠷ ᠴᠢᠷᠮᠠᠶᠢᠬᠤ ᠭᠡᠷᠡᠭᠲᠡᠢ ᠭᠡᠵᠤ ᠬᠡᠯᠡᠪᠡ᠃      ᠸᠠᠩ ᠬᠤ᠋ ᠨᠢᠩ ᠠᠨᠾᠦ᠋ᠢ ᠶᠢᠨ ᠲᠦᠯᠦᠭᠡᠯᠡᠭᠴᠢᠳ ᠤᠨ ᠪᠦᠯᠭᠦᠮ ᠤᠨ ᠬᠢᠨᠡᠨ ᠵᠦᠪᠯᠡᠭᠦ ᠳᠤ ᠤᠷᠤᠯᠴᠡᠪᠡ᠃ ᠯᠢ ᠶᠢᠨ ᠪᠢᠨ᠂ ᠯᠢ ᠭᠦᠸᠧ ᠶᠢᠩ᠂ ᠯᠢᠩ ᠶᠦᠨ ᠵᠡᠷᠭᠡ ᠲᠦᠯᠦᠭᠡᠯᠡᠭᠴᠢ ᠶᠢᠨ ᠶᠠᠷᠢᠶ᠎ᠡ ᠶᠢ ᠰᠤᠨᠤᠰᠤᠬᠰᠡᠨ ᠤ ᠲᠠᠷᠠᠭ᠎ᠠ᠂ ᠸᠠᠩ ᠬᠤ᠋ ᠨᠢᠩ᠂ ᠠᠨᠾᠦ᠋ᠢ ᠶᠢᠨ ᠭᠦᠭᠵᠢᠯᠳᠡ ᠰᠢᠨ᠎ᠡ ᠭᠠᠷᠤᠭ᠎ᠠ ᠳᠡᠭᠡᠷ᠎ᠡ ᠵᠤᠭᠰᠤᠵᠤ ᠪᠠᠶᠢᠨ᠎ᠡ᠂ ᠰᠤᠷᠤᠯᠴᠡᠨ ᠮᠡᠳᠡᠭᠦ ᠨᠡᠪᠳᠡᠷᠡᠯ᠎ᠡ ᠦᠢᠯᠠᠭᠠᠬᠤ ᠪᠤᠳᠠᠳᠠᠶᠢᠵᠢᠭᠤᠯᠬᠤ ᠱᠠᠭᠠᠷᠳᠠᠯᠭ᠎ᠠ ᠶᠤᠰᠤᠭᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠡ ᠨᠠᠮ ᠎ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠤᠱᠯᠠᠭᠤᠯᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠡᠨ ᠤ ᠡᠷᠭᠡ ᠰᠦᠷ ᠪᠡ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠭᠡᠷᠡᠭᠲᠡᠢ᠃ ᠰᠢᠨ᠎ᠡ ᠭᠦᠭᠵᠢᠯᠳᠡ ᠶᠢᠨ ᠣᠨᠣᠯᠵᠢᠬᠤᠨ ᠢᠶᠠᠷ ᠵᠢᠯᠤᠭᠤᠳᠤᠮᠵᠢ ᠪᠤᠯᠭᠠᠵᠤ ᠴᠢᠨᠠᠷ ᠰᠠᠶᠢᠳᠠᠢ ᠭᠦᠭᠵᠢᠯᠳᠡ ᠶᠢ ᠪᠡᠶᠡᠯᠡᠭᠦᠯᠭᠦ ᠶᠢ ᠠᠬᠢᠭᠤᠯᠵᠤ᠂ ᠰᠢᠨ᠎ᠡ ᠶᠢ ᠡᠭᠦᠳᠭᠦ ᠪᠠᠷ ᠭᠦᠭᠵᠢᠯᠳᠡ ᠶᠢ ᠭᠦᠳᠦᠯᠦᠨ ᠵᠢᠯᠤᠭᠤᠳᠬᠤ ᠨᠢᠭᠡᠳᠦᠭᠡᠷ ᠭᠦᠳᠡᠯᠭᠡᠭᠦ ᠭᠦᠴᠤᠨ ᠪᠤᠯᠭᠠᠵᠤ᠂ ᠳᠤᠮᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠲᠡᠢ᠃ ᠭᠤᠤᠯᠳᠠᠯᠭ᠎ᠠ ᠲᠠᠢ ᠭᠦᠷᠢᠶᠡᠨ ᠳᠠᠬᠢ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ᠂ ᠦᠭᠡᠷᠡᠴᠢᠯᠡᠯᠳᠡ ᠶᠢ ᠪᠦᠭᠦ ᠲᠠᠯ᠎ᠡ ᠪᠠᠷ ᠭᠦᠨᠵᠡᠭᠡᠶᠢᠷᠡᠭᠦᠯᠭᠦ ᠳᠤ ᠡᠮᠦᠨ᠎ᠠ ᠡᠩᠨᠡᠬᠡᠨ ᠳᠤ ᠤᠷᠤᠬᠤ ᠪᠠᠷ ᠴᠢᠷᠮᠠᠶᠢᠬᠤ ᠬᠡᠷᠡᠭᠳᠠᠢ᠃ ︽ᠭᠤᠷᠪᠡᠨ ᠴᠢᠩᠭ᠎ᠠ ᠭᠤᠷᠪᠡᠡ ᠪᠤᠳᠠᠳᠠᠢ︾ ᠪᠠᠶᠢᠬᠤ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠡ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠤ᠂ ᠪᠦᠭᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠬᠡᠢ ᠭᠦᠭᠵᠢᠬᠦᠯᠭᠦ ᠶᠢ ᠠᠬᠢᠭᠤᠯᠬᠤ ᠭᠡᠷᠡᠭᠲᠡᠢ ᠭᠡᠵᠤ ᠢᠯᠡᠳᠭᠡᠪᠡ᠃      ᠵᠤᠤ ᠯᠧ ᠵᠢᠢ ᠱᠠᠨ ᠰᠢ ᠶᠢᠨ ᠲᠦᠯᠤᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠬᠦ ᠳᠤ ᠤᠷᠤᠯᠴᠠᠪᠠ᠃ ᠯᠦᠸᠧ ᠬᠤᠢ ᠨᠢᠩ᠂ ᠯᠸᠤ ᠶᠠᠩ ᠱᠸᠡᠭ᠂ ᠭᠦᠸᠧ ᠹᠸᠡᠭ ᠯᠢᠶᠠᠨ ᠵᠡᠷᠬᠡ ᠲᠦᠯᠤᠭᠡᠯᠡᠭᠴᠢᠳ ᠤᠨ ᠶᠡᠷᠢᠶ᠎ᠠ ᠶᠢ ᠰᠤᠨᠤᠰᠤᠭᠰᠠᠨ ᠤ ᠲᠠᠷᠠᠭ᠎ᠠ᠂ ᠲᠡᠷᠠ᠂ ᠰᠢ ᠶᠢᠨ ᠫᠢᠡᠭ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠰᠠᠨ ᠲᠤᠷᠰᠢᠯᠭ᠎ᠠ ᠶᠢ ᠤᠬᠠᠮᠰᠠᠷ ᠠᠴᠠ ᠪᠠᠨ ᠪᠠᠷᠢᠮᠳᠠᠯᠠᠵᠤ᠂ ᠰᠢᠨ᠎ᠠ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠤᠩᠬᠡᠢ ᠱᠠᠭᠠᠷᠳᠠᠯᠭ᠎ᠠ ᠶᠤᠰᠤᠭᠠᠷ᠂ ᠨᠡᠩ ᠰᠢᠨᠵᠢᠯᠡᠬᠦ ᠤᠬᠠᠭᠠᠨᠴᠢ᠂ ᠨᠡᠩ ᠨᠠᠷᠢᠨ ᠨᠢᠭᠳᠠ᠂ ᠨᠡᠩ ᠪᠦᠳᠤᠮᠵᠢᠳᠠᠢ ᠪᠠᠷ ᠨᠠᠮ ᠢ ᠬᠠᠮᠢᠶᠠᠷᠬᠤ ᠨᠠᠮ ᠢ ᠵᠠᠰᠠᠬᠤ ᠠᠵᠢᠯ ᠢ ᠠᠬᠢᠭᠤᠯᠵᠤ᠂ ᠨᠡᠩ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠦᠷ᠎ᠡ ᠪᠦᠳᠤᠮᠵᠢ ᠤᠯᠬᠤ ᠪᠠᠷ ᠴᠢᠷᠮᠠᠶᠢᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠠᠷ ᠰᠠᠶᠢᠳᠠᠢ ᠭᠦᠭᠵᠢᠯᠳᠠ ᠶᠢ ᠪᠡᠶᠡᠯᠡᠭᠦᠯᠭᠦ ᠳᠤ ᠪᠠᠳᠤ ᠴᠢᠩᠭ᠎ᠠ ᠪᠠᠳᠤᠯᠠᠭ᠎ᠠ ᠬᠠᠨᠭ᠍ᠭᠠᠬᠤ ᠬᠡᠷᠡᠭᠳᠠᠢ᠃ ᠡᠷᠡᠰ ᠭᠤᠶᠢᠪᠢᠰᠢ ᠦᠬᠡᠢ ᠪᠠᠷ ᠰᠤᠷᠳᠠᠯ ᠢ ᠴᠡᠭᠴᠡᠯᠡᠨ ᠢᠯᠵᠠᠷᠠᠯ ᠢ ᠡᠰᠡᠷᠭᠦᠴᠡᠵᠤ᠂ ᠰᠤᠯᠠᠷᠠᠭᠤᠯᠬᠤ ᠦᠭᠡᠢ ᠵᠤᠭᠰᠤᠬᠤ ᠦᠭᠡᠢ ᠪᠠᠶᠢᠵᠤ᠂ ︽ᠪᠠᠷᠰ︾ ᠲᠤᠯᠤᠭᠠᠢ ᠦᠨᠳᠡᠶᠢᠪᠡᠯ ᠴᠤᠬᠢᠵᠤ᠂ ︽ᠢᠯᠠᠭ᠎ᠠ︾ ᠲᠤᠷ᠎ᠠ ᠪᠠᠷ ᠨᠢᠰᠦᠭᠰᠡᠨ ᠴᠤ ᠬᠦᠪᠢᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠪᠦᠬᠦᠨ ᠳᠤ ᠨᠠᠷᠢᠨ ᠬᠢᠨᠠᠮᠠᠭᠠᠢ ᠬᠠᠨᠳᠤᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠪᠦᠭᠦᠨ ᠢ ᠡᠷᠡᠰ ᠵᠠᠯᠠᠷᠠᠭᠤᠯᠵᠦ᠂ ᠶᠠᠳᠠᠭᠤ ᠶᠢ ᠲᠡᠳᠭᠦᠭᠦ ᠭᠦᠷᠢᠶᠠᠨ ᠳᠠᠬᠢ ᠢᠯᠵᠠᠷᠠᠯ ᠪᠤᠯᠤᠨ ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠠ ᠵᠠᠰᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠦᠨᠳᠤ ᠨᠤᠴᠢᠳᠠᠢ ᠰᠠᠬᠢᠯᠭ᠎ᠠ ᠪᠠᠳᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠮᠳᠠ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ ᠢ ᠨᠡᠮᠡᠭᠳᠡᠭᠦᠯᠭᠦ ᠬᠡᠷᠡᠭᠳᠠᠢ ᠬᠡᠵᠤ ᠵᠢᠭᠠᠵᠦ ᠭᠠᠷᠭᠠᠪᠠ᠃      ᠬᠠᠨ ᠵᠧᠩ ᠹᠦᠵᠢᠶᠠᠨ ᠤ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠪᠠ᠃ ᠢᠤᠢ ᠸᠧᠢ ᠭᠦᠸᠧ᠂ ᠲᠠᠩ ᠳ᠋ᠧᠩ ᠵᠢᠶᠧ᠂ ᠵᠠᠩ ᠯᠢᠶᠠᠨ ᠱᠧᠩ ᠵᠡᠷᠭᠡ ᠲᠦᠯᠦᠭᠡᠯᠡᠭᠴᠢᠳ ᠤᠨ ᠶᠠᠷᠢᠶ᠎ᠠ ᠶᠢ ᠰᠤᠨᠤᠰᠤᠭᠰᠠᠨ ᠎ ᠤ ᠳᠠᠷᠠᠭ᠎ᠠ᠂ ᠬᠠᠨ ᠵᠧᠩ᠂ ᠹᠦᠵᠢᠶᠠᠨ ᠮᠠᠨ ᠤ ᠤᠯᠤᠰ ᠤᠨ ᠦᠭᠡᠷᠡᠴᠢᠯᠡᠯᠲᠡ ᠨᠡᠬᠡᠭᠡᠯᠲᠡ ᠬᠢᠬᠦ ᠳᠤ ᠴᠢᠬᠤᠯᠠ ᠪᠠᠶᠢᠷᠢ ᠰᠠᠭᠤᠷᠢ ᠲᠠᠢ ᠪᠢᠯᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠨ ᠮᠡᠳᠡᠬᠦ ᠨᠡᠪᠲᠡᠷᠡᠲᠡᠯ᠎ᠡ ᠤᠢᠢᠯᠠᠭᠠᠬᠤ ᠪᠤᠲᠠᠲᠠᠶᠢᠵᠢᠭᠤᠯᠬᠤ ᠳᠡᠭᠡᠷ᠎ᠡ ᠬᠦᠴᠦ ᠤᠷᠤᠭᠤᠯᠬᠤ ᠬᠡᠷᠡᠭᠲᠡᠢ᠃ ︽ᠳᠦᠷᠪᠡᠨ ᠤᠬᠠᠮᠰᠠᠷ︾᠎ ᠢᠶᠠᠨ ᠪᠠᠲᠤ ᠪᠤᠢ ᠪᠤᠯᠭᠠᠨ ᠲᠠᠰᠤᠷᠠᠯᠲᠠ ᠦᠭᠡᠢ ᠴᠢᠩᠭᠠᠳᠬᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠤᠯᠤᠨ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ ᠶᠡᠷᠦᠩᠭᠡᠢ ᠱᠦᠵᠢ ᠰᠢ ᠶᠢᠨ ᠫᠢᠩ ᠤᠨ ᠹᠦᠵᠢᠶᠠᠨ ᠤ ᠠᠵᠢᠯ ᠳᠠᠬᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠲᠤᠭᠲᠠᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠰᠢᠨᠵᠢᠯᠡᠬᠦ ᠤᠬᠠᠭᠠᠨᠴᠢ ᠬᠦᠭᠵᠢᠯᠲᠡ ᠳᠠᠪᠠᠯᠲᠠᠳᠤ ᠬᠦᠭᠵᠢᠯᠲᠡ ᠶᠢ ᠦᠨᠡᠨᠬᠦ ᠲᠦᠷᠭᠡᠳᠭᠡᠬᠦ ᠬᠡᠷᠡᠭᠲᠡᠢ︔ ᠠᠵᠦ ᠦᠢᠯᠡᠰ ᠤᠨ ᠪᠦᠲᠦᠴᠡ ᠶᠢᠨ ᠰᠢᠯᠢᠳᠡᠭᠵᠢᠵᠦ ᠳᠡᠰ ᠳᠡᠪᠰᠢᠬᠦ ᠶᠢ ᠲᠦᠷᠭᠡᠳᠭᠡᠵᠦ᠂ ᠴᠢᠨᠠᠷ ᠰᠠᠶᠢᠲᠠᠢ ᠬᠦᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ︔ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨᠬᠦ ᠪᠠᠲᠤᠯᠠᠠ ᠰᠠᠶᠢᠵᠢᠷᠠᠭᠤᠯᠬᠤ ᠬᠡᠷᠡᠭᠲᠡᠢ︔ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠢ ᠪᠦᠲᠦᠭᠡᠨ ᠪᠠᠶᠢᠭᠤᠯᠵᠤ᠂ ᠬᠦᠬᠡᠮᠳᠦᠭ ᠨᠤᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠡᠨᠬᠦ ᠪᠤᠲᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢᠨ ᠨᠡᠩ ᠪᠠᠳᠤ ᠴᠢᠩᠭ᠎ᠠ ᠬᠦᠴᠦᠨ ᠲᠠᠢ ᠪᠠᠶᠢᠬᠤ ᠶᠢ ᠦᠨᠡᠨᠬᠦ ᠪᠠᠲᠤᠯᠠᠵᠤ᠂ ︽ᠪᠠᠶᠢᠭᠤᠯᠤᠮᠵᠢ ᠠᠮᠢᠳᠤᠯᠢᠭ᠂ ᠠᠵᠦ ᠦᠢᠯᠡᠰ ᠰᠢᠯᠢᠳᠡᠭ᠂ ᠤᠯᠠᠨ‌‍ᠲ᠋ᠦ᠋ᠮᠡᠨ ᠴᠢᠨᠠᠭᠡᠯᠢᠭ᠂ ᠠᠮᠢ ᠠᠬᠤᠢ ᠦᠵᠡᠰᠭᠦᠯᠡᠩ︾ ᠰᠢᠨ᠎ᠡ ᠹᠦᠵᠢᠶᠠᠨ ᠢ ᠪᠦᠲᠦᠭᠡᠨ ᠪᠠᠶᠢᠭᠤᠯᠬᠤ ᠪᠠᠷ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠯᠢᠦ ᠾᠧ᠂ ᠶᠠᠩ ᠵᠢᠶᠧ ᡂᠢ᠂ ᠶᠢᠦ ᠴᠢᠤᠸᠠᠨ ᠨᠠᠷ ᠲᠤᠰ ᠲᠤᠰ ᠬᠢᠨᠡᠨ ᠵᠦᠪᠯᠡᠬᠦ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号