ᠲᠥᠪ ᠬᠤᠷᠢᠶ᠎ᠠ ᠶᠢᠨ ᠠᠯᠪᠠᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶︾᠎ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2018-03-09
      ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠳᠦᠷᠢᠮ︾᠎ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠤᠷᠪᠤᠯᠵᠢᠯᠠᠭ᠎ᠠ ᠬᠦᠯᠢᠶᠡᠭᠰᠡᠨ ᠪᠠᠶᠢᠨ᠎ᠠ᠃       ᠠᠰᠠᠭᠤᠯᠲᠠ᠄ ︽ᠳᠦᠷᠢᠮ︾᠎ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠵᠤ ᠥᠭᠭᠦᠨ᠎ᠡ ᠦᠦ︖       ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠪᠠᠨ᠂ ᠡᠷᠬᠡ ᠶᠢᠨ ᠠᠵᠢᠯᠯᠠᠭᠠᠨ ᠳᠠᠬᠢ ᠬᠢᠵᠠᠭᠠᠷᠯᠠᠯ ᠪᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠠᠷᠠᠳ ᠲᠦᠮᠡᠨ ᠢᠶᠠᠷ ᠡᠷᠬᠡ ᠳᠤ ᠬᠢᠨᠠᠯᠲᠠ ᠲᠠᠯᠪᠢᠭᠤᠯᠤᠨ᠂ ᠡᠷᠬᠡ ᠶᠢ ᠢᠯᠡ ᠪᠠᠷ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ ᠨᠠᠮ ᠤᠨ ᠳᠦᠷᠢᠮ ᠳᠤ᠂ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠨᠢ ᠲᠣᠭᠲᠠᠭᠠᠯ ᠶᠣᠰᠣᠭᠠᠷ ᠨᠠᠮ ᠤᠨ ᠶᠠᠪᠤᠳᠠᠯ ᠢ ᠢᠯᠡ ᠪᠣᠯᠭᠠᠬᠤ ᠶᠢ ᠬᠡᠷᠡᠭᠵᠢᠭᠦᠯᠵᠦ᠂ ᠨᠠᠮ ᠤᠨ ᠭᠡᠰᠢᠭᠦᠳ ᠲᠤ ᠨᠠᠮ ᠤᠨ ᠳᠣᠲᠣᠭᠠᠳᠤ ᠶᠢᠨ ᠠᠵᠢᠯ ᠶᠠᠪᠤᠳᠠᠯ ᠢ ᠨᠡᠩ ᠰᠠᠶᠢᠲᠤᠷ ᠣᠶᠢᠯᠠᠭᠠᠭᠤᠯᠬᠤ ᠪᠠ ᠣᠷᠣᠯᠴᠠᠭᠤᠯᠬᠤ ᠬᠡᠷᠡᠭᠲᠡᠢ ᠭᠡᠵᠦ ᠲᠣᠭᠲᠠᠭᠠᠪᠠ᠃ ᠨᠠᠮ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠪᠣᠯ ᠮᠠᠨ ᠤ ᠨᠠᠮ ᠤᠨ ︽ᠳᠥᠷᠪᠡᠨ ᠢᠲᠡᠭᠡᠯ︾᠎ ᠤᠨ ᠴᠢᠬᠤᠯᠠ ᠢᠯᠡᠷᠡᠯ ᠪᠣᠯᠣᠨ᠎ᠠ᠂ ᠡᠨᠡ ᠨᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ ᠨᠠᠮ ᠤᠨ ᠵᠣᠷᠢᠭ ᠰᠠᠨᠠᠭ᠎ᠠ ᠪᠠ ᠵᠣᠷᠢᠯᠲᠠ ᠶᠢ ᠤᠬᠠᠭᠤᠯᠤᠨ ᠰᠤᠷᠲᠠᠯᠴᠢᠯᠠᠬᠤ ᠳᠤ ᠠᠰᠢᠭᠲᠠᠢ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠢᠳᠡᠪᠬᠢᠲᠡᠢ ᠪᠠᠷ ᠠᠬᠢᠭᠤᠯᠵᠤ᠂ ᠬᠥᠮᠥᠨ ᠪᠦᠬᠦᠨ ᠢ ᠨᠠᠮ ᠤᠨ ᠪᠠᠶᠢᠭᠤᠯᠤᠯᠲᠠ ᠳᠤ ᠣᠷᠣᠯᠴᠠᠭᠤᠯᠬᠤ ᠳᠤ ᠠᠰᠢᠭᠲᠠᠢ᠂ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠨᠡᠩ ᠰᠠᠶᠢᠲᠤᠷ ᠤᠬᠠᠭᠤᠯᠤᠨ   ᠲᠤᠤᠱᠯᠠᠭᠤᠯᠵᠦ᠂ ᠠᠷᠠᠳ ᠣᠯᠠᠨ ᠢ ᠳᠠᠶᠢᠴᠢᠯᠠᠨ ᠳᠠᠭᠠᠭᠤᠯᠬᠤ ᠪᠠ ᠵᠣᠬᠢᠶᠠᠨ ᠪᠠᠶᠢᠭᠤᠯᠵᠤ ᠪᠠᠶᠢᠭᠠᠳ ᠬᠠᠮᠤᠭ ᠤᠨ ᠶᠡᠭᠡ ᠪᠦᠯᠬᠦᠮᠳᠡᠯ ᠬᠤᠯᠪᠣᠭᠠᠯᠠᠯ ᠪᠠ ᠨᠢᠭᠲᠠᠷᠠᠯ ᠤᠨ ᠬᠦᠴᠦᠨ ᠢ ᠪᠦᠷᠢᠯᠳᠦᠭᠦᠯᠬᠦ ᠳᠤ ᠠᠰᠢᠭᠲᠠᠢ ᠶᠤᠮ᠃ ︽ᠳᠦᠷᠢᠮ︾᠎ ᠢ ᠲᠣᠭᠲᠠᠭᠠᠨ ᠨᠡᠶᠢᠲᠡᠯᠡᠭᠰᠡᠨ ᠎ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠭᠡᠰᠢᠭᠦᠳ ᠤᠨ ᠨᠠᠮ ᠤᠨ ᠳᠣᠲᠣᠭᠠᠳᠤ ᠶᠢᠨ ᠠᠵᠢᠯ ᠶᠠᠪᠤᠳᠠᠯ ᠳᠤ ᠣᠷᠣᠯᠴᠠᠬᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠺᠠᠳ᠋ᠷ ᠲᠤ ᠬᠢᠨᠠᠯᠲᠠ ᠲᠠᠯᠪᠢᠬᠤ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠠᠨᠠᠯ ᠰᠠᠨᠠᠭᠤᠯᠭ᠎ᠠ ᠳᠤᠷᠠᠳᠬᠤ ᠠᠷᠭ᠎ᠠ ᠵᠠᠮ ᠢ ᠰᠢᠯᠤᠭᠤᠳᠬᠠᠵᠤ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠬᠤ ᠳᠤ ᠬᠦᠨᠳᠦ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃       ᠡᠳᠡᠭᠡᠷ ᠵᠢᠯ ᠤᠳ ᠲᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠶᠠᠪᠤᠳᠠᠯ ᠢ ᠢᠯᠡ ᠪᠣᠯᠭᠠᠬᠤ ᠲᠠᠯ᠎ᠠ ᠪᠠᠷ ᠮᠠᠰᠢ ᠣᠯᠠᠨ ᠢᠳᠡᠪᠬᠢᠲᠡᠢ ᠰᠦᠪᠡᠭᠴᠢᠯᠡᠯᠲᠡ ᠬᠢᠵᠦ᠂ ᠨᠡᠯᠢᠶᠡᠳ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃ ᠭᠡᠪᠡᠴᠦ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠨᠠᠮ ᠤᠨ ᠶᠠᠪᠤᠳᠠᠯ ᠢ ᠢᠯᠡ ᠪᠣᠯᠭᠠᠬᠤ ᠳᠤ ᠮᠥᠨ ᠬᠦ ᠴᠥᠭᠡᠨ ᠪᠤᠰᠤ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ ᠃ ᠵᠢᠱᠢᠶᠡᠯᠡᠪᠡᠯ᠂ ᠢᠯᠡ ᠪᠣᠯᠭᠠᠬᠤ ᠠᠭᠤᠯᠭ᠎ᠠ ᠨᠢ ᠪᠦᠷᠢᠨ ᠪᠤᠰᠤ᠂ ᠳᠡᠰ ᠳᠠᠷᠠᠭᠠᠯᠠᠯ ᠨᠢ ᠵᠢᠷᠤᠮᠵᠢᠯ ᠢᠶᠠᠷ ᠠᠨᠠᠢ᠂ ᠠᠴᠢᠶᠠᠯᠠᠭᠴᠢ ᠨᠢ ᠬᠦᠷᠦᠯᠴᠡᠭᠡ ᠮᠡᠬᠦᠰ᠂ ᠠᠷᠭ᠎ᠠ ᠮᠠᠶ᠋ᠢᠭ ᠨᠢ ᠨᠡᠯᠢᠶᠡᠳ ᠳᠠᠩ ᠴᠤᠯᠭᠤᠢ ᠭᠡᠬᠦ ᠮᠡᠲᠦ᠃ ᠡᠶᠢᠨᠬᠦ ᠦᠢᠯᠡᠳᠦᠯᠭᠡ ᠶᠢᠨ ᠲᠤᠷᠰᠢᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠢᠶᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠨᠠᠮ ᠤᠨ ᠳᠣᠲᠣᠭᠠᠳᠤ ᠳᠤ ᠰᠠᠭᠤᠷᠢ ᠴᠢᠨᠠᠷᠲᠠᠢ ᠭᠤᠣᠯ ᠪᠣᠯᠬᠤ ᠨᠢᠭᠡᠨ ᠢᠵᠢ ᠬᠠᠤᠯᠢ ᠲᠣᠭᠲᠠᠭᠠᠯ ᠢ ᠲᠣᠭᠲᠠᠭᠠᠬᠤ ᠪᠠᠷ ᠳᠠᠮᠵᠢᠨ᠂ ᠪᠦᠬᠦ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠷᠤᠮᠵᠢᠭᠤᠯᠤᠨ ᠴᠢᠩᠭᠠᠳᠬᠠᠬᠤ ᠪᠠᠷ ᠱᠠᠭᠠᠷᠳᠠᠵᠤ ᠪᠣᠢ᠃ ︽ᠳᠦᠷᠢᠮ︾᠎ ᠨᠢ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠯᠵᠢᠭᠤᠯᠬᠤ ᠳᠤ ᠠᠰᠢᠭᠲᠠᠢ ᠪᠣᠯᠭᠠᠪᠠ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠠᠴᠠ ᠠᠪᠴᠤ ᠦᠵᠡᠪᠡᠯ᠂ ︽ ᠳᠦᠷᠢᠮ︾ ᠪᠣᠯ ︽ᠨᠢᠷᠤᠭᠤ ᠲᠤᠯᠭᠠᠭᠤᠷᠢ︾ ᠪᠠᠶᠢᠵᠤ᠂ ᠲᠡᠭᠦᠨ ᠢ ᠲᠣᠭᠲᠠᠭᠠᠵᠤ ᠨᠡᠶᠢᠲᠡᠯᠡᠭᠰᠡᠨ ᠨᠢ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠬᠤ ᠳᠤ ᠨᠡᠯᠢᠶᠡᠳ ᠲᠡᠭᠦᠯᠳᠡᠷᠵᠢᠭᠰᠡᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠰᠢᠰᠲ᠋ᠧᠮᠵᠢ ᠶᠢ   ᠪᠣᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ᠠᠰᠠᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠳᠤ ᠶᠠᠮᠠᠷ ᠶᠠᠮᠠᠷ ᠵᠠᠷᠴᠢᠮ ᠤᠨ ᠱᠠᠭᠠᠷᠳᠠᠯᠭ᠎ᠠ ᠶᠢ ᠡᠵᠡᠮᠳᠡᠬᠦ ᠴᠢᠬᠤᠯᠠᠲᠠᠢ ᠪᠣᠢ︖       ᠬᠠᠷᠢᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠤᠯᠤᠰ ᠲᠥᠷᠥᠴᠢ ᠴᠢᠨᠠᠷ᠂ ᠲᠥᠷᠥ ᠶᠢᠨ ᠪᠣᠳᠣᠯᠭᠠᠴᠢ ᠴᠢᠨᠠᠷ ᠨᠢ ᠮᠠᠰᠢ ᠴᠢᠩᠭ᠎ᠠ᠂ ᠨᠠᠮ ᠤᠨ ᠳᠣᠲᠣᠭᠠᠳᠤ ᠪᠠ ᠭᠠᠳᠠᠭᠠᠳᠤ ᠶᠢᠨ ᠡᠯ᠎ᠡ ᠡᠲᠡᠭᠡᠳ ᠤᠨ ᠬᠢᠨ ᠪᠦᠷ ᠶᠡᠭᠡ ᠪᠠᠷ ᠠᠩᠬᠠᠷᠴᠤ ᠪᠣᠢ᠃ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠳᠤ ᠡᠩ ᠲᠡᠷᠢᠭᠦᠨ ᠳᠤ ᠡᠷᠬᠡᠪᠰᠢ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠨᠠᠮ᠂ ᠵᠠᠰᠠᠭ᠂ ᠴᠡᠷᠢᠭ᠂ ᠠᠷᠠᠳ᠂ ᠰᠡᠬᠡᠭᠡᠲᠡᠨ᠂ ᠳᠥᠷᠪᠡᠨ ᠵᠦᠭ ᠨᠠᠢᠮᠠᠨ ᠵᠣᠪᠬᠢᠰ ᠲᠤ᠂ ᠨᠠᠮ ᠠᠯᠢᠪᠠ ᠶᠢ ᠤᠳᠤᠷᠢᠳᠴᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠨ ᠵᠢᠭᠠᠵᠠᠢ᠃ ᠨᠠᠮ ᠤᠨ ᠶᠠᠪᠤᠳᠠᠯ ᠢ ᠢᠯᠡ ᠪᠣᠯᠭᠠᠬᠤ ᠳᠤ ᠡᠷᠬᠡᠪᠰᠢ ᠤᠬᠠᠮᠰᠠᠷ ᠠᠴᠠ ᠪᠠᠨ ᠡᠨᠡ ᠬᠦ ᠦᠨᠳᠦᠰᠦᠨ ᠱᠠᠭᠠᠷᠳᠠᠯᠭ᠎ᠠ ᠶᠢ ᠵᠢᠷᠤᠮᠯᠠᠨ ᠳᠠᠭᠠᠬᠤ ᠪᠠ ᠲᠡᠭᠦᠨ ᠳᠤ ᠦᠢᠯᠡᠴᠢᠯᠡᠵᠦ᠂ ᠨᠠᠮ ᠤᠨ ᠶᠠᠪᠤᠳᠠᠯ ᠢ ᠢᠯᠡ ᠪᠣᠯᠭᠠᠬᠤ ᠶᠠᠪᠤᠴᠠ ᠶᠢ ᠨᠠᠮ ᠤᠨ ᠤᠳᠤᠷᠢᠳᠤᠯᠭ᠎ᠠ ᠳᠣᠣᠷ᠎ᠠ ᠶᠠᠪᠤᠭᠤᠯᠤᠨ᠂ ᠨᠠᠮ ᠤᠨ ᠶᠠᠪᠤᠳᠠᠯ ᠢ ᠢᠯᠡ ᠪᠣᠯᠭᠠᠬᠤ ᠦᠷ᠎ᠡ ᠳ᠋ᠦᠩ ᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠲᠡᠭᠦᠯᠳᠡᠷᠵᠢᠭᠦᠯᠬᠦ ᠳᠤ ᠠᠰᠢᠭᠲᠠᠢ ᠪᠠᠶᠢᠯᠭᠠᠬᠤ ᠬᠡᠷᠡᠭᠲᠡᠢ᠃ ᠨᠠᠮ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠳᠤ᠂ ᠡᠷᠬᠡᠪᠰᠢ ᠨᠠᠮ ᠤᠨ ᠵᠠᠰᠠᠭ ᠪᠠᠷᠢᠬᠤ ᠴᠢᠳᠠᠪᠤᠷᠢ ᠪᠠ ᠤᠳᠤᠷᠢᠳᠬᠤ ᠬᠢᠷᠢ ᠲᠦᠪᠰᠢᠨ ᠢ ᠳᠡᠭᠡᠭᠰᠢᠯᠡᠭᠦᠯᠬᠦ ᠡᠭᠦᠳᠡᠨ ᠠᠴᠠ ᠪᠣᠳᠣᠯᠬᠢᠯᠠᠨ᠂ ᠨᠠᠮ ᠤᠨ ᠵᠠᠰᠠᠭ ᠪᠠᠷᠢᠬᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ ᠥᠷᠭᠡᠳᠬᠡᠵᠦ᠂ ᠤᠯᠤᠰ ᠲᠥᠷᠥ ᠶᠢᠨ ᠠᠮᠤᠷ ᠲᠦᠪᠰᠢᠨ ᠢᠯᠠᠩᠭᠤᠶ᠎ᠠ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ ᠵᠢᠴᠢ ᠠᠵᠤ ᠠᠬᠤᠢ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠪᠠ ᠤᠯᠤᠰ ᠠᠷᠠᠳ ᠤᠨ ᠠᠮᠤᠷ ᠲᠦᠪᠰᠢᠨ ᠵᠡᠷᠭᠡ ᠳᠤ ᠨᠡᠩ ᠴᠤ ᠬᠤᠬᠢᠷᠠᠯ ᠤᠴᠠᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠵᠠᠪᠠᠯ ︽ᠳᠥᠷᠪᠡᠨ ᠦᠵᠡᠯ ᠤᠬᠠᠮᠰᠠᠷ︾᠎ ᠢ ᠯᠠᠪᠳᠠᠭᠤᠨ ᠪᠠᠲᠤᠲᠠᠢ ᠪᠣᠢ ᠪᠣᠯᠭᠠᠵᠤ᠂ ︽ ᠳᠥᠷᠪᠡᠨ ᠢᠲᠡᠭᠡᠯ︾᠎ ᠢ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠶᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ ᠲᠥᠰᠥᠪᠯᠡᠨ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠬᠦ ᠱᠠᠭᠠᠷᠳᠠᠯᠭ᠎ᠠ ᠶᠢ ᠨᠠᠮ ᠤᠨ ᠶᠠᠪᠤᠳᠠᠯ ᠢ ᠢᠯᠡ ᠪᠣᠯᠭᠠᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃       ᠡᠭᠦᠨ ᠤ ᠬᠠᠮᠲᠤ᠂ ᠨᠠᠮ ᠤᠨ ᠶᠠᠪᠤᠳᠠᠯ ᠢ ᠢᠯᠡ ᠪᠣᠯᠭᠠᠬᠤ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠠᠤᠯᠢ ᠴᠠᠭᠠᠵᠠ ᠶᠢ ᠢᠯᠡ ᠪᠣᠯᠭᠠᠬᠤ ᠲᠠᠢ ᠵᠠᠷᠢᠮ ᠠᠳᠠᠯᠢ ᠪᠤᠰᠤ ᠣᠨᠴᠠᠯᠢᠭ ᠲᠠᠢ ᠪᠠᠶᠢᠬᠤ ᠶᠢ ᠣᠯᠵᠤ ᠬᠠᠷᠠᠬᠤ ᠴᠢᠬᠤᠯᠠᠲᠠᠢ  ᠂   ᠡᠷᠬᠡᠪᠰᠢ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠲᠤᠰ ᠪᠡᠶ᠎ᠡ ᠶᠢᠨ ᠣᠨᠴᠠᠯᠢᠭ ᠪᠠ ᠳᠣᠲᠣᠭᠠᠳᠤ ᠵᠢᠮ᠎ᠡ ᠶᠣᠰᠣ ᠶᠢ ᠡᠵᠡᠮᠳᠡᠭᠰᠡᠨ ᠰᠠᠭᠤᠷᠢᠨ ᠳᠡᠭᠡᠷ᠎ᠡ ᠢᠳᠡᠪᠬᠢᠲᠡᠢ ᠮᠥᠷᠲᠡᠭᠡᠨ ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃ ᠡᠨᠡ ᠬᠦ ᠠᠵᠢᠯ ᠢ ᠬᠦᠴᠦᠲᠡᠢ ᠥᠷᠨᠢᠭᠦᠯᠬᠦ ᠮᠥᠷᠲᠡᠭᠡᠨ ᠪᠦᠬᠦ ᠲᠠᠯ᠎ᠠ ᠪᠠᠷ᠂ ᠪᠣᠰᠤᠭ᠎ᠠ ᠴᠣᠭᠴᠠᠵᠢᠭᠤᠯᠬᠤ ᠮᠠᠶ᠋ᠢᠭ ᠢᠶᠠᠷ ᠠᠬᠢᠭᠤᠯᠤᠨ᠂ ᠢᠯᠡ ᠪᠣᠯᠭᠠᠵᠤ ᠪᠣᠯᠬᠤ ᠶᠢ ᠨᠢ ᠡᠷᠬᠡᠪᠰᠢ ᠢᠯᠡ ᠪᠣᠯᠭᠠᠵᠤ᠂ ᠨᠠᠮ ᠤᠨ ᠶᠠᠪᠤᠳᠠᠯ ᠤᠨ ᠢᠯᠡ ᠪᠣᠯᠭᠠᠬᠤ ᠴᠢᠨᠠᠷ ᠪᠠ ᠲᠣᠳᠣᠴᠠ ᠶᠢ ᠨᠡᠮᠡᠭᠳᠡᠭᠦᠯᠦᠨ᠂ ᠨᠠᠮ ᠤᠨ ᠭᠡᠰᠢᠭᠦᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠣᠩᠭᠤᠭᠤᠯᠢ ᠶᠢᠨ ᠡᠷᠬᠡ᠂ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤ ᠲᠤᠰᠬᠠᠯ ᠥᠭᠬᠦ ᠬᠡᠷᠡᠭᠲᠡᠢ︔ ᠡᠭᠦᠨ ᠤ ᠬᠠᠮᠲᠤ᠂ ᠡᠮᠬᠢ ᠵᠢᠷᠤᠮ ᠲᠠᠢ ᠪᠠᠷ ᠥᠷᠨᠢᠭᠦᠯᠦᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠣᠨᠴᠠᠯᠢᠭ ᠪᠠ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠢᠯᠡ ᠪᠣᠯᠭᠠᠬᠤ ᠶᠢᠨ ᠦᠨᠳᠦᠰᠦᠨ ᠵᠠᠷᠴᠢᠮ ᠢ ᠴᠢᠩᠭ᠎ᠠ ᠵᠢᠷᠤᠮᠯᠠᠨ᠂ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠴᠠᠭ ᠬᠤᠭᠤᠴᠠᠭ᠎ᠠ ᠬᠡᠮ ᠬᠡᠮᠵᠢᠶ᠎ᠡ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠮᠥᠷᠲᠡᠭᠡᠨ ᠠᠮᠢᠳᠤᠯᠢᠭ ᠢᠶᠠᠷ ᠡᠵᠡᠮᠳᠡᠵᠦ᠂ ᠠᠯᠬᠤᠮ ᠢᠶᠠᠨ ᠯᠠᠪᠳᠠᠭᠤᠯᠠᠨ᠂ ᠦᠷ᠎ᠡ ᠪᠦᠲᠦᠮᠵᠢ ᠪᠠᠨ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ︔ ᠢᠯᠡ ᠪᠣᠯᠭᠠᠬᠤ ᠬᠢᠭᠡᠳ ᠨᠢᠭᠤᠴᠠ ᠶᠢ ᠬᠠᠮᠠᠭᠠᠯᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ ᠶᠢ ᠠᠩᠬᠠᠷᠴᠤ᠂ ᠨᠠᠮ ᠪᠠ ᠤᠯᠤᠰ ᠤᠨ ᠨᠢᠭᠤᠴᠠ ᠶᠢ ᠵᠠᠳᠠᠷᠠᠭᠤᠯᠵᠤ ᠪᠣᠯᠬᠤ ᠦᠭᠡᠢ᠃       ᠠᠰᠠᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠠᠭᠤᠯᠭ᠎ᠠ ᠪᠠ ᠬᠡᠪᠴᠢᠶ᠎ᠡ ᠶᠢ ᠬᠡᠷᠬᠢᠨ ᠵᠥᠪ ᠣᠨᠣᠪᠴᠢᠲᠠᠢ ᠡᠵᠡᠮᠳᠡᠬᠦ ᠪᠣᠢ︖       ᠬᠠᠷᠢᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠭᠤᠣᠯ ᠴᠣᠭᠴᠠ ᠶᠢ 3 ᠲᠥᠷᠥᠯ ᠳᠤ ᠬᠤᠪᠢᠶᠠᠵᠤ ᠪᠣᠯᠣᠨ᠎ᠠ᠄ ᠨᠢᠭᠡ ᠳᠤ᠂ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ︔ ᠬᠤᠶᠠᠷ ᠲᠤ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ︔ ᠭᠤᠷᠪᠠ ᠳᠤ᠂ ᠨᠠᠮ ᠤᠨ ᠠᠵᠢᠯ ᠤᠨ ᠪᠠᠶᠢᠭᠤᠯᠭ᠎ᠠ᠂ ᠨᠠᠮ ᠤᠨ ᠬᠤᠷᠢᠶ᠎ᠠ ᠠᠴᠠ ᠲᠣᠮᠢᠯᠠᠭᠰᠠᠨ ᠪᠠᠶᠢᠭᠤᠯᠭ᠎ᠠ᠂ ᠨᠠᠮ ᠤᠨ ᠬᠤᠷᠢᠶᠠᠨ ᠤ ᠰᠢᠭᠤᠳ ᠬᠠᠷᠢᠶ᠎ᠠ ᠠᠵᠢᠯ ᠦᠢᠯᠡᠰ ᠤᠨ   ᠨᠢᠬᠡᠴᠡ᠂ ᠨᠠᠮ ᠤᠨ ᠤᠳᠤᠷᠢᠳᠬᠤ ᠳᠤᠭᠤᠶᠢᠯᠠᠩ ᠵᠡᠷᠭᠡ᠃ ᠡᠨᠡ ᠬᠦ 3 ᠲᠥᠷᠥᠯ ᠤᠨ ᠭᠤᠣᠯ ᠴᠣᠭᠴᠠ ᠨᠢ ᠦᠨᠳᠦᠰᠦᠨ ᠳᠤ ᠪᠠᠨ ᠨᠠᠮ ᠤᠨ ᠡᠯ᠎ᠡ ᠱᠠᠲᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢ ᠬᠠᠮᠤᠷᠴᠤ᠂ ᠪᠦᠬᠦ ᠨᠠᠮ ᠤᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠷᠢᠨ ᠬᠠᠮᠤᠷᠬᠤ ᠪᠠ ᠥᠨᠴᠥᠭ ᠪᠤᠯᠤᠩ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠳᠤ ᠠᠰᠢᠭᠲᠠᠢ ᠪᠠᠶᠢᠳᠠᠭ᠃ ᠳᠤᠷᠠᠳᠤᠭᠤᠰᠢᠲᠠᠢ ᠨᠢ ᠥᠩᠭᠡᠷᠡᠭᠰᠡᠨ ᠳᠤ ᠨᠠᠮ ᠤᠨ ᠶᠠᠪᠤᠳᠠᠯ ᠢ ᠢᠯᠡ ᠪᠣᠯᠭᠠᠬᠤ ᠲᠤᠬᠠᠢ ᠪᠢᠴᠢᠭ ᠮᠠᠲ᠋ᠧᠷᠢᠶᠠᠯ ᠨᠢ ᠭᠤᠣᠯᠳᠠᠭᠤ ᠣᠷᠣᠨ ᠨᠤᠲᠤᠭ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠪᠠᠶᠢᠷᠢᠯᠠᠭᠤᠯᠤᠯᠲᠠ ᠪᠠ ᠵᠢᠷᠤᠮᠵᠢᠯ ᠬᠢᠵᠦ ᠪᠠᠶᠢᠪᠠ᠂ ᠲᠤᠰ ᠤᠳᠠᠭ᠎ᠠ ᠲᠥᠪ ᠬᠤᠷᠢᠶ᠎ᠠ ᠠᠴᠠ ᠲᠣᠭᠲᠠᠭᠠᠭᠰᠠᠨ ︽ᠳᠦᠷᠢᠮ︾᠎ ᠳᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠤᠯᠲᠠ ᠶᠢ ᠴᠤ ᠬᠠᠮᠤᠷᠴᠤ ᠣᠷᠣᠭᠤᠯᠤᠭᠰᠠᠨ ᠨᠢ ᠮᠠᠨ ᠤ ᠨᠠᠮ ᠤᠨ ᠤᠬᠠᠮᠰᠠᠷ ᠴᠢᠩᠭᠠᠷᠠᠵᠤ ᠢᠲᠡᠭᠡᠯ ᠨᠡᠮᠡᠭᠳᠡᠨ᠂ ᠨᠡᠭᠡᠭᠡᠯᠲᠡ ᠬᠢᠵᠦ ᠢᠯᠡ ᠲᠣᠳᠣ ᠪᠠᠶᠢᠬᠤ ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠨᠠᠮ ᠤᠨ ᠲᠥᠪ ᠬᠤᠷᠢᠶ᠎ᠠ ᠠᠴᠠ ᠪᠡᠶ᠎ᠡ ᠪᠠᠷ ᠢᠶᠠᠨ ᠳᠠᠭᠤᠷᠢᠶᠠᠯ ᠦᠵᠡᠭᠦᠯᠦᠨ᠂ ᠳᠡᠭᠡᠳᠦ ᠱᠠᠳᠤᠨ ᠠᠴᠠ ᠳᠣᠣᠷᠠᠳᠤ ᠱᠠᠲᠤ ᠬᠦᠷᠲᠡᠯ᠎ᠡ ᠳᠠᠭᠠᠭᠤᠯᠬᠤ ᠶᠢᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠭᠦᠢᠴᠡᠳ ᠢᠯᠡᠷᠡᠭᠦᠯᠦᠭᠰᠡᠨ ᠪᠠᠶᠢᠨ᠎ᠠ᠃       ︽ᠳᠦᠷᠢᠮ︾᠎ ᠨᠢ ᠬᠤᠷᠸ᠎ᠠ ᠠᠴᠠ ᠬᠤᠮᠠᠬᠢ ᠬᠦᠷᠬᠦ ᠯᠣᠭᠢᠭ ᠢᠶᠠᠷ ᠨᠠᠮ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠶᠢ ᠠᠯᠬᠤᠮ ᠳᠠᠷᠠᠭᠠᠯᠠᠨ ᠵᠢᠷᠤᠮᠵᠢᠭᠤᠯᠪᠠ᠃ ᠬᠤᠶᠠᠳᠤᠭᠠᠷ ᠵᠦᠢᠯ ᠳᠤ ᠲᠣᠳᠣᠷᠬᠠᠶᠢᠯᠠᠭᠰᠠᠨ ᠨᠠᠮ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠳᠤ ᠭᠤᠣᠯᠳᠠᠭᠤ ᠨᠠᠮ ᠤᠨ ᠤᠳᠤᠷᠢᠳᠬᠤ ᠠᠵᠢᠯᠯᠠᠭ᠎ᠠ᠂ ᠨᠠᠮ ᠤᠨ ᠪᠠᠶᠢᠭᠤᠯᠤᠯᠲᠠ ᠶᠢᠨ ᠠᠵᠢᠯ ᠭᠡᠬᠦ ᠬᠤᠶᠠᠷ ᠶᠡᠭᠡ ᠬᠡᠰᠡᠭ ᠪᠠᠭᠲᠠᠪᠠ︔ ᠳᠣᠯᠣᠳᠤᠭᠠᠷ ᠵᠦᠢᠯ ᠳᠤ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠨᠡᠶᠢᠳᠡᠮ ᠤᠨ ᠴᠢᠨᠠᠷᠲᠠᠢ ᠠᠭᠤᠯᠭ᠎ᠠ ᠳᠤ ᠡᠩ ᠤᠨ ᠴᠢᠨᠠᠷᠲᠠᠢ ᠲᠣᠭᠲᠠᠭᠠᠯ ᠭᠠᠷᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ   ᠲᠤᠤᠱᠯᠠᠭᠤᠯᠤᠨ   ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠴᠤ ᠪᠠᠶᠢᠭ᠎ᠠ ᠪᠠᠶᠢᠳᠠᠯ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠪᠠᠶᠢᠭ᠎ᠠ ᠪᠠᠶᠢᠳᠠᠯ᠂ ᠡᠭᠦᠷᠭᠡ ᠴᠢᠳᠠᠪᠤᠷᠢᠲᠤ ᠪᠠᠶᠢᠭᠤᠯᠤᠮᠵᠢ ᠶᠢᠨ ᠪᠠᠶᠢᠳᠠᠯ ᠵᠡᠷᠭᠡ ᠶᠢ ᠶᠡᠷᠦ ᠶᠢᠨ ᠪᠠᠶᠢᠳᠠᠯ ᠳᠤ ᠪᠦᠷ ᠢᠯᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ︔ ᠶᠢᠰᠦᠳᠦᠭᠡᠷ ᠵᠦᠢᠯ ᠠᠴᠠ ᠠᠷᠪᠠᠨ ᠭᠤᠷᠪᠠᠳᠤᠭᠠᠷ ᠵᠦᠢᠯ ᠳᠤ ᠡᠯ᠎ᠡ ᠱᠠᠲᠤᠨ ᠤ ᠡᠯ᠎ᠡ ᠲᠥᠷᠥᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠢᠯᠡ ᠪᠣᠯᠭᠠᠬᠤ ᠠᠭᠤᠯᠭ᠎ᠠ ᠳᠤ ᠲᠤᠰ ᠲᠤᠰ ᠲᠣᠭᠲᠠᠭᠠᠯ ᠭᠠᠷᠭᠠᠵᠤ᠂ ᠬᠠᠮᠤᠭ ᠤᠨ ᠶᠡᠭᠡ ᠨᠡᠶᠢᠲᠡᠯᠢᠭ ᠲᠠᠯ᠎ᠠ ᠶᠢ ᠭᠠᠷᠭᠠᠨ ᠠᠪᠴᠤ᠂ ᠲᠥᠷᠥᠯ ᠵᠦᠢᠯ ᠠᠩᠭᠢᠯᠠᠨ ᠵᠢᠷᠤᠮᠵᠢᠭᠤᠯᠵᠠᠢ︔ ᠠᠷᠪᠠᠨ ᠳᠥᠷᠪᠡᠳᠦᠭᠡᠷ ᠵᠦᠢᠯ ᠳᠤ ᠨᠠᠮ ᠤᠨ ᠵᠣᠬᠢᠶᠠᠨ ᠪᠠᠶᠢᠭᠤᠯᠤᠯᠲᠠ ᠎ ᠨᠢ ᠨᠠᠮ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠨᠠᠮ ᠤᠨ ᠶᠠᠪᠤᠳᠠᠯ ᠢ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠵᠤ᠂ ᠪᠠᠶᠢᠳᠠᠯ ᠳᠤ ᠪᠠᠨ ᠲᠣᠬᠢᠷᠠᠭᠤᠯᠤᠨ ᠲᠥᠯᠥᠪᠯᠡᠭᠡ ᠲᠣᠭᠲᠠᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ︽ᠳᠦᠷᠢᠮ︾᠎ ᠳᠤ ᠢᠯᠡ ᠪᠣᠯᠭᠠᠬᠤ 4 ᠵᠦᠢᠯ ᠤᠨ ᠬᠡᠪᠴᠢᠶ᠎ᠡ ᠶᠢ ᠲᠣᠳᠣᠷᠬᠠᠶᠢᠯᠠᠪᠠ᠄ ᠲᠤᠬᠠᠶᠢᠯᠠᠪᠠᠯ ᠨᠡᠶᠢᠭᠡᠮ ᠨᠡᠶᠢᠲᠡ ᠳᠤ ᠢᠯᠡ ᠪᠣᠯᠭᠠᠨ᠎ᠠ᠂ ᠪᠦᠬᠦ ᠨᠠᠮ ᠤᠨ ᠳᠣᠲᠣᠷ᠎ᠠ ᠢᠯᠡ ᠪᠣᠯᠭᠠᠨ᠎ᠠ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ   ᠨᠢᠬᠡᠴᠡ ᠳᠤ ᠢᠯᠡ ᠪᠣᠯᠭᠠᠨ᠎ᠠ᠂ ᠨᠠᠮ ᠤᠨ ᠣᠨᠴᠠ ᠲᠣᠭᠲᠠᠭᠰᠠᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠢᠯᠡ ᠪᠣᠯᠭᠠᠨ᠎ᠠ᠃ ᠢᠯᠡ ᠪᠣᠯᠭᠠᠬᠤ ᠪᠣᠳᠠᠲᠠᠢ ᠬᠡᠪᠴᠢᠶ᠎ᠡ ᠶᠢ ᠲᠣᠭᠲᠠᠭᠠᠬᠤ ᠳᠤ ᠪᠠᠨ ᠭᠤᠣᠯᠳᠠᠭᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠂ ᠨᠠᠮ ᠤᠨ ᠶᠠᠪᠤᠳᠠᠯ ᠤᠳ ᠤᠨ ᠨᠠᠮ ᠤᠨ ᠭᠡᠰᠢᠭᠦᠨ ᠪᠠ ᠣᠯᠠᠨ ᠲᠦᠮᠡᠨ ᠲᠠᠢ ᠬᠤᠯᠪᠣᠭᠳᠠᠬᠤ ᠬᠡᠮᠵᠢᠶ᠎ᠡ ᠵᠡᠷᠭᠡ ᠪᠠᠷ ᠦᠨᠳᠦᠰᠦᠯᠡᠯ ᠪᠣᠯᠭᠠᠭᠰᠠᠨ ᠪᠠᠶᠢᠨ᠎ᠠ᠃       ᠬᠡᠷᠡᠭᠵᠢᠭᠦᠯᠬᠦ ᠱᠠᠲᠤ ᠳᠠᠪᠬᠤᠷᠭ᠎ᠠ ᠳᠤ᠂ ᠨᠠᠮ ᠤᠨ ᠡᠯ᠎ᠡ ᠱᠠᠲᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠨᠢ ︽ᠳᠦᠷᠢᠮ︾᠎ ᠤᠨ ᠱᠠᠭᠠᠷᠳᠠᠯᠭ᠎ᠠ ᠶᠣᠰᠣᠭᠠᠷ᠂ ᠱᠠᠲᠤ ᠲᠥᠷᠥᠯ ᠬᠤᠪᠢᠶᠠᠵᠤ᠂ ᠨᠢᠭᠡᠳᠬᠡᠬᠦ ᠰᠠᠯᠭᠠᠬᠤ ᠶᠢ ᠤᠶᠠᠯᠳᠤᠭᠤᠯᠬᠤ ᠵᠠᠷᠴᠢᠮ ᠢ ᠴᠢᠩᠭ᠎ᠠ ᠵᠢᠷᠤᠮᠯᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠠᠭᠤᠯᠭ᠎ᠠ ᠪᠠ ᠬᠡᠪᠴᠢᠶ᠎ᠡ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠨᠢᠭᠡ ᠲᠠᠯ᠎ᠠ ᠪᠠᠷ᠂ ᠨᠢᠭᠡᠳᠦᠯᠲᠡᠢ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢ ᠵᠢᠷᠤᠮᠯᠠᠨ ᠳᠠᠭᠠᠵᠤ᠂   ᠨᠡᠶᠢᠳᠡᠴᠢ ᠴᠢᠨᠠᠷᠲᠠᠢ ᠠᠭᠤᠯᠭ᠎ᠠ ᠶᠢ ᠡᠵᠡᠮᠳᠡᠨ᠂ ᠬᠠᠮᠲᠤ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠨᠵᠢᠯᠡᠬᠦ ᠤᠬᠠᠭᠠᠨᠴᠢᠯᠠᠬᠤ ᠪᠠ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠳᠤᠷ᠎ᠠ ᠲᠠᠪᠠ ᠪᠠᠷ ᠢᠶᠠᠨ ᠪᠠᠶᠢᠬᠤ ᠠᠴᠠ ᠵᠠᠶᠢᠯᠠᠰᠭᠢᠬᠦ ᠬᠡᠷᠡᠭᠲᠡᠢ᠃ ᠨᠥᠭᠦᠭᠡ ᠲᠠᠯ᠎ᠠ ᠪᠠᠷ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠣᠨᠴᠠᠯᠢᠭ ᠲᠠᠢ ᠪᠠᠨ ᠨᠢᠭᠲᠠ ᠤᠶᠠᠯᠳᠤᠭᠤᠯᠵᠤ᠂ ᠠᠳᠠᠯᠢ ᠪᠤᠰᠤ ᠭᠤᠣᠯ ᠴᠣᠭᠴᠠ ᠶᠢᠨ ᠬᠤᠭᠤᠷᠣᠨᠳᠤᠬᠢ ᠥᠪᠡᠷᠮᠢᠴᠡ ᠴᠢᠨᠠᠷ ᠪᠠ ᠵᠥᠷᠢᠶᠡᠲᠦ ᠴᠢᠨᠠᠷ ᠢ ᠡᠵᠡᠮᠳᠡᠵᠦ᠂ ︽ᠳᠦᠷᠢᠮ︾᠎ ᠤᠨ ᠵᠣᠷᠢᠭ ᠰᠠᠨᠠᠭ᠎ᠠ ᠶᠢ ᠦᠨᠳᠦᠰᠦᠯᠡᠨ ᠢᠯᠡ ᠪᠣᠯᠭᠠᠬᠤ ᠠᠭᠤᠯᠭ᠎ᠠ᠂ ᠬᠡᠪᠴᠢᠶ᠎ᠡ ᠶᠢ ᠨᠠᠷᠢᠯᠢᠭᠵᠢᠭᠤᠯᠬᠤ ᠪᠠ ᠪᠣᠳᠠᠲᠠᠶᠢᠵᠢᠭᠤᠯᠵᠤ᠂ ᠬᠠᠨᠳᠤᠯᠭᠠᠲᠤ ᠴᠢᠨᠠᠷ ᠪᠠ ᠠᠵᠢᠯᠯᠠᠭᠠᠲᠤ ᠴᠢᠨᠠᠷ ᠢ ᠴᠢᠩᠭᠠᠳᠬᠠᠨ᠂ ︽ᠪᠦᠬᠦᠨ ᠢ ᠨᠢᠭᠡ ᠯᠡ ᠠᠳᠠᠯᠢ ᠪᠠᠷ ᠱᠠᠭᠠᠷᠳᠠᠬᠤ︾᠎ ᠠᠴᠠ ᠰᠡᠷᠭᠡᠶᠢᠯᠡᠬᠦ ᠬᠡᠷᠡᠭᠲᠡᠢ᠃       ᠠᠰᠠᠭᠤᠯᠲᠠ᠄ ᠨᠠᠮ ᠤᠨ ᠶᠠᠪᠤᠳᠠᠯ ᠢ ᠢᠯᠡ ᠪᠣᠯᠭᠠᠬᠤ ᠳᠡᠰ ᠳᠠᠷᠠᠭᠠᠯᠠᠯ ᠪᠠ ᠠᠷᠭ᠎ᠠ ᠮᠠᠶ᠋ᠢᠭ ᠢ ᠶᠠᠷᠢᠭᠠᠳ ᠥᠭᠭᠦᠨ᠎ᠡ ᠦᠦ︖       ᠬᠠᠷᠢᠭᠤᠯᠲᠠ᠄ ᠰᠢᠨᠵᠢᠯᠡᠬᠦ ᠤᠬᠠᠭᠠᠨᠴᠢ ᠮᠥᠷᠲᠡᠭᠡᠨ ᠨᠢᠭᠲᠠ ᠴᠢᠩᠭ᠎ᠠ ᠳᠠᠰ ᠳᠠᠷᠠᠭᠠᠯᠠᠯ ᠪᠣᠯ ᠨᠠᠮ ᠤᠨ ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠪᠠᠲᠤᠲᠠᠢ ᠮᠥᠷᠲᠡᠭᠡᠨ ᠡᠮᠬᠢ ᠵᠢᠷᠤᠮ ᠲᠠᠢ ᠬᠡᠷᠡᠭᠵᠢᠭᠦᠯᠬᠦ ᠤᠷᠢᠳᠠᠯ ᠪᠣᠯᠣᠨ᠎ᠠ᠃ ︽ᠳᠦᠷᠢᠮ︾᠎ ᠳᠤ ︽ᠳᠤᠷᠠᠳᠬᠤ — ᠬᠢᠨᠠᠨ ᠬᠠᠷᠭᠤᠭᠤᠯᠬᠤ — ᠬᠢᠨᠠᠨ ᠵᠥᠪᠰᠢᠶᠡᠷᠡᠬᠦ — ᠬᠡᠷᠡᠭᠵᠢᠭᠦᠯᠬᠦ︾ ᠳᠡᠰ ᠳᠠᠷᠠᠭᠠᠯᠠᠯ ᠤᠨ ᠭᠤᠭᠴᠤᠭ᠎ᠠ ᠲᠣᠬᠢᠷᠠᠭᠤᠯᠤᠭᠰᠠᠨ ᠤ ᠬᠠᠮᠲᠤ᠂ ᠡᠯ᠎ᠡ ᠭᠤᠭᠴᠤᠭ᠎ᠠ ᠶᠢᠨ ᠭᠤᠣᠯ ᠴᠣᠭᠴᠠ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠳᠤ ᠲᠣᠳᠣᠷᠬᠠᠢ ᠲᠣᠭᠲᠠᠭᠠᠯ ᠲᠣᠭᠲᠠᠭᠠᠪᠠ᠃ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯ ᠤᠨ ᠰᠠᠯᠠᠭ᠎ᠠ ᠮᠥᠴᠢᠷ ᠨᠢ ᠳᠡᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠢᠨᠠᠮᠠᠭᠠᠢ ᠬᠢᠨᠠᠨ ᠪᠠᠶᠢᠴᠠᠭᠠᠬᠤ ᠪᠠ ᠰᠤᠳᠤᠯᠤᠯᠲᠠ ᠬᠢᠵᠦ᠂ ᠬᠢᠨᠠᠨ ᠵᠥᠪᠰᠢᠶᠡᠷᠡᠬᠦ ᠪᠣᠭᠤᠮᠢ ᠶᠢ ᠴᠢᠩᠳᠠᠯᠠᠨ᠂ ᠢᠯᠡ ᠪᠣᠯᠭᠠᠬᠤ ᠠᠭᠤᠯᠭ᠎ᠠ ᠶᠢᠨ ᠴᠢᠬᠤᠯᠠ ᠴᠢᠨᠠᠷ ᠪᠠ ᠣᠨᠣᠪᠴᠢᠲᠤ ᠴᠢᠨᠠᠷ ᠢ ᠰᠠᠶᠢᠲᠤᠷ ᠡᠵᠡᠮᠳᠡᠨ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠵᠢᠷᠤᠮᠵᠢᠯ ᠲᠠᠢ ᠮᠥᠷᠲᠡᠭᠡᠨ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃       ᠢᠯᠡ ᠪᠣᠯᠭᠠᠬᠤ ᠠᠷᠭ᠎ᠠ ᠮᠠᠶ᠋ᠢᠭ ᠨᠢ ᠢᠯᠡ ᠪᠣᠯᠭᠠᠬᠤ ᠠᠭᠤᠯᠭ᠎ᠠ ᠪᠠ ᠬᠡᠪᠴᠢᠶ᠎ᠡ ᠲᠠᠢ ᠬᠠᠷᠢᠯᠴᠠᠨ ᠵᠣᠬᠢᠴᠠᠪᠠᠯ ᠢᠯᠡ ᠪᠣᠯᠭᠠᠬᠤ ᠦᠷ᠎ᠡ ᠪᠦᠲᠦᠮᠵᠢ ᠰᠠᠶ᠋ᠢ ᠬᠠᠮᠤᠭ ᠤᠨ ᠶᠡᠭᠡ ᠬᠡᠮᠵᠢᠶᠡᠨ ᠳᠤ ᠬᠦᠷᠴᠦ ᠴᠢᠳᠠᠨ᠎ᠠ᠃ ︽ᠳᠦᠷᠢᠮ︾ ᠎ ᠨᠢ ᠨᠠᠮ ᠤᠨ ᠳᠣᠲᠣᠭᠠᠳᠤ ᠳᠤ ᠢᠯᠡ ᠪᠣᠯᠭᠠᠬᠤ ᠪᠠ ᠨᠡᠶᠢᠭᠡᠮ ᠨᠡᠶᠢᠲᠡ ᠳᠤ ᠢᠯᠡ ᠪᠣᠯᠭᠠᠬᠤ ᠱᠠᠭᠠᠷᠳᠠᠯᠭ᠎ᠠ ᠳᠤ ᠬᠠᠨᠳᠤᠭᠤᠯᠤᠨ ᠲᠤᠰ ᠲᠤᠰ ᠲᠤ ᠨᠢ ᠢᠯᠡ ᠪᠣᠯᠭᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠨᠠᠮ ᠤᠨ ᠳᠣᠲᠣᠭᠠᠳᠤ ᠬᠢᠭᠡᠳ ᠨᠠᠮ ᠤᠨ ᠭᠠᠳᠠᠭᠠᠳᠤ ᠳᠤ ᠢᠯᠭᠠᠭ᠎ᠠ ᠲᠠᠢ ᠬᠠᠨᠳᠤᠵᠤ᠂ ᠤᠯᠠᠮᠵᠢᠯᠠᠯ ᠬᠢᠭᠡᠳ ᠣᠳᠣ ᠦᠶ᠎ᠡ ᠶᠢ ᠬᠠᠷᠢᠯᠴᠠᠨ ᠤᠶᠠᠯᠳᠤᠭᠤᠯᠬᠤ ᠶᠢ ᠭᠦᠢᠴᠡᠳ ᠢᠯᠡᠷᠡᠭᠦᠯᠵᠡᠢ᠃ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠠᠭᠤᠯᠭ᠎ᠠ ᠪᠠ ᠬᠡᠪᠴᠢᠶ᠎ᠡ ᠶᠢ ᠦᠨᠳᠦᠰᠦᠯᠡᠵᠦ᠂ ᠲᠤᠰ ᠪᠡᠶ᠎ᠡ ᠶᠢᠨ ᠪᠣᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠢᠯᠡ ᠪᠣᠯᠭᠠᠬᠤ ᠠᠷᠭ᠎ᠠ ᠬᠡᠮᠵᠢᠶ᠎ᠡ ᠶᠢ ᠵᠣᠬᠢᠰᠲᠠᠢ ᠲᠣᠭᠲᠠᠭᠠᠨ᠂ ᠡᠩ ᠲᠡᠷᠢᠭᠦᠨ ᠳᠤ ᠨᠠᠮ ᠤᠨ ᠰᠣᠨᠢᠨ ᠰᠡᠳᠬᠦᠯ᠂ ᠷᠠᠳᠢᠣ᠋ ᠲᠧᠯᠸᠢᠰ ᠬᠤᠷᠢᠶ᠎ᠠ᠂ ᠰᠣᠨᠢᠨ ᠮᠡᠳᠡᠭᠡᠨ ᠤ ᠭᠤᠣᠯᠳᠠᠯᠭ᠎ᠠ ᠲᠠᠢ ᠰᠦᠯᠵᠢᠶ᠎ᠡ ᠵᠡᠷᠭᠡ ᠨᠠᠮ ᠤᠨ ᠵᠠᠭᠤᠴᠢᠯᠠᠭᠤᠷ ᠢ ᠬᠡᠷᠡᠭᠯᠡᠨ ᠨᠡᠶᠢᠲᠡᠯᠡᠬᠦ ᠶᠢ ᠠᠩᠬᠠᠷᠬᠤ ᠶᠢᠨ ᠬᠠᠮᠲᠤ᠂ ᠨᠠᠮ ᠤᠨ ᠬᠤᠷᠢᠶᠠᠨ ᠤ ᠰᠣᠨᠢᠨ ᠮᠡᠳᠡᠭᠡᠨ ᠤ ᠶᠠᠷᠢᠶ᠎ᠠ ᠢᠯᠡᠳᠬᠡᠭᠴᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠨᠢᠭᠡᠳᠦᠯᠲᠡᠢ ᠲᠠᠪᠴᠠᠩ ᠢ ᠰᠦᠪᠡᠭᠴᠢᠯᠡᠨ ᠪᠠᠶᠢᠭᠤᠯᠵᠤ᠂ ᠨᠠᠮ ᠤᠨ ᠶᠠᠪᠤᠳᠠᠯ ᠢ ᠢᠯᠡ ᠪᠣᠯᠭᠠᠬᠤ ᠶᠢᠨ ᠡᠷᠬᠡ ᠰᠦᠷᠲᠦ ᠴᠢᠨᠠᠷ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃       ᠠᠰᠠᠭᠤᠯᠲᠠ᠄ ︽ᠳᠦᠷᠢᠮ︾᠎ ᠢ ᠨᠡᠶᠢᠲᠡᠯᠡᠨ ᠬᠡᠷᠡᠭᠵᠢᠭᠦᠯᠦᠭᠰᠡᠨ ᠤ ᠳᠠᠷᠠᠭ᠎ᠠ᠂ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠣᠢ᠂ ᠲᠡᠭᠡᠪᠡᠯ ᠨᠠᠶᠢᠳᠠᠪᠤᠷᠢᠵᠢᠭᠤᠯᠤᠯᠲᠠ ᠶᠢ ᠬᠡᠷᠬᠢᠨ ᠠᠳᠬᠤᠬᠤ ᠲᠤᠬᠠᠢ ᠶᠠᠷᠢᠭᠠᠳ ᠥᠭᠭᠦᠨ᠎ᠡ ᠦᠦ︖       ᠬᠠᠷᠢᠭᠤᠯᠲᠠ᠄ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ︽ᠳᠦᠷᠢᠮ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠵᠠᠩᠭᠢᠯᠠᠭ᠎ᠠ ᠨᠢ ᠬᠢᠨᠠᠮᠠᠭᠠᠢ ᠲᠤᠤᠱᠯᠠᠭᠤᠯᠬᠤ ᠪᠠ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠲᠣᠭᠲᠠᠭᠠᠯ ᠪᠠ ᠳᠦᠷᠢᠮ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠳᠤ ᠪᠠᠶᠢᠳᠠᠭ᠃       ᠨᠢᠭᠡ ᠳᠤ᠂ ᠰᠤᠷᠤᠯᠴᠠᠯᠭ᠎ᠠ ᠪᠣᠯᠪᠠᠰᠤᠷᠠᠭᠤᠯᠤᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠲᠥᠪ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ᠲᠤᠰᠬᠠᠢ ᠰᠡᠳᠦᠪᠲᠦ ᠪᠣᠯᠪᠠᠰᠤᠷᠠᠭᠤᠯᠤᠯ ᠥᠷᠨᠢᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠲᠥᠪ ᠬᠤᠷᠢᠶᠠᠨ ᠤ ᠭᠤᠣᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠨᠢ ᠤᠬᠠᠭᠤᠯᠭ᠎ᠠ ᠲᠠᠶᠢᠯᠪᠤᠷᠢ ᠶᠢ ᠰᠠᠶᠢᠲᠤᠷ ᠬᠢᠵᠦ᠂ ︽ᠳᠦᠷᠢᠮ︾᠎ ᠤᠨ ᠦᠨᠳᠦᠰᠦᠨ ᠵᠣᠷᠢᠭ ᠰᠠᠨᠠᠭ᠎ᠠ᠂ ᠭᠤᠣᠯ ᠠᠭᠤᠯᠭ᠎ᠠ ᠪᠠ ᠠᠵᠢᠯ ᠤᠨ ᠱᠠᠭᠠᠷᠳᠠᠯᠭ᠎ᠠ ᠶᠢ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠪᠦᠬᠦ ᠲᠠᠯ᠎ᠠ ᠪᠠᠷ ᠣᠨᠣᠪᠴᠢᠲᠠᠢ ᠡᠵᠡᠮᠰᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠣᠨᠣᠯ ᠤᠨ ᠰᠤᠷᠤᠯᠴᠠᠭ᠎ᠠ ᠶᠢᠨ ᠭᠤᠣᠯ ᠳᠤᠭᠤᠶᠢᠯᠠᠩ ᠤᠨ ᠬᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠨᠠᠮ ᠤᠨ ᠰᠤᠷᠭᠠᠭᠤᠯᠢ᠂ ᠺᠠᠳ᠋ᠷ ᠤᠨ ᠳᠡᠭᠡᠳᠦ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠨᠢ ︽ ᠳᠦᠷᠢᠮ︾᠎ ᠢ ᠪᠣᠯᠪᠠᠰᠤᠷᠠᠭᠤᠯᠤᠯ ᠤᠨ ᠬᠢᠴᠢᠶᠡᠯ ᠳᠤ ᠪᠠᠨ ᠣᠷᠣᠭᠤᠯᠬᠤ ᠬᠡᠷᠡᠭᠲᠡᠢ᠃       ᠬᠤᠶᠠᠷ ᠲᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ ᠳᠦᠷᠢᠮ︾᠎ ᠤᠨ ᠬᠡᠷᠡᠭᠵᠢᠭᠦᠯᠬᠦ ᠨᠠᠷᠢᠨ ᠳᠦᠷᠢᠮ ᠢ ᠰᠠᠶᠢᠲᠤᠷ ᠲᠣᠭᠲᠠᠭᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠭᠠᠷᠴᠠᠭ ᠢ ᠨᠠᠶᠢᠷᠠᠭᠤᠯᠤᠨ ᠵᠣᠬᠢᠶᠠᠵᠤ᠂ ᠬᠠᠨᠳᠤᠯᠭᠠᠲᠤ ᠴᠢᠨᠠᠷ ᠪᠠ ᠠᠵᠢᠯᠯᠠᠭᠠᠲᠤ ᠴᠢᠨᠠᠷ ᠢ ᠨᠢ ᠴᠢᠩᠭᠠᠷᠠᠭᠤᠯᠤᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠪ ᠤᠨ ᠡᠯ᠎ᠡ ᠰᠠᠯᠠᠭ᠎ᠠ ᠮᠥᠴᠢᠷ ᠨᠢ ︽ᠳᠦᠷᠢᠮ︾᠎ ᠤᠨ ᠡᠯ᠎ᠡ ᠲᠠᠯ᠎ᠠ ᠶᠢᠨ ᠲᠣᠭᠲᠠᠭᠠᠯ ᠢ ᠳᠡᠭᠡᠳᠦ   ᠱᠠᠳᠤᠨ ᠠᠴᠠ ᠳᠣᠣᠷᠠᠳᠤ ᠱᠠᠲᠤ ᠪᠠᠨ ᠵᠢᠱᠢᠶᠡᠴᠢ ᠪᠠᠷ ᠳᠠᠭᠠᠭᠤᠯᠤᠨ ᠬᠡᠷᠡᠭᠵᠢᠭᠦᠯᠬᠦ ᠶᠢᠨ ᠬᠠᠮᠲᠤ᠂ ︽ᠳᠦᠷᠢᠮ︾᠎ ᠤᠨ ᠱᠠᠭᠠᠷᠳᠠᠯᠭ᠎ᠠ ᠶᠣᠰᠣᠭᠠᠷ ᠲᠤᠰ ᠰᠢᠰᠲ᠋ᠧᠮ ᠲᠤᠰ ᠬᠦᠷᠢᠶ᠎ᠡ ᠴᠠᠷᠠᠭᠠᠨ ᠳᠤ ᠪᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃       ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ︽ᠳᠦᠷᠢᠮ︾ ᠎ ᠤᠨ ᠱᠠᠭᠠᠷᠳᠠᠯᠭ᠎ᠠ ᠶᠣᠰᠣᠭᠠᠷ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠨᠢ ᠨᠠᠮ ᠤᠨ ᠬᠤᠷᠢᠶ᠎ᠠ ᠶᠢᠨ ᠤᠳᠤᠷᠢᠳᠬᠤ ᠨᠥᠬᠦᠳ ᠠᠴᠠ ᠬᠠᠷᠢᠭᠤᠴᠠᠬᠤ᠂ ᠠᠯᠪᠠᠨ ᠲᠢᠩᠬᠢᠮ ︵ᠭᠡᠷ︶᠎ ᠠᠴᠠ ᠲᠦᠷᠦᠭᠦᠯᠡᠨ ᠬᠢᠬᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠣᠷᠣᠯᠴᠠᠭᠰᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠭᠡᠷ︶᠎ ᠨᠢ ᠡᠭᠦᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠬᠡᠵᠦ᠂ ᠲᠤᠰ ᠭᠠᠵᠠᠷ ᠣᠷᠣᠨ ᠤ ᠪᠠᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ   ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠬᠡᠷᠡᠭᠲᠡᠢ᠃ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠪᠠ ᠬᠥᠮᠥᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠯᠠᠪᠳᠠᠭᠤᠨ   ᠪᠦᠲᠦᠮᠵᠢᠲᠡᠢ ᠥᠷᠨᠢᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号