ᠬᠥᠬᠡᠬᠤᠲᠠ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠢᠨ᠎ᠡ ᠪᠠᠷᠢᠮᠵᠢᠶ᠎ᠠ ᠶᠢ ᠡᠬᠢᠯᠡᠨ ᠨᠠᠶᠢᠳᠠᠪᠤᠷᠢᠵᠢᠭᠤᠯᠵᠤ ᠪᠤᠢ
ᠨᠡᠶᠢᠲᠡᠯᠡᠭᠰᠡᠨ ᠴᠠᠭ᠄
2018/4/10
     ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠵᠢᠯ ᠤᠨ ᠦᠢᠯᠡᠳᠬᠦᠨ ᠤ ᠦᠷᠲᠡᠭ ᠤᠨ ᠨᠢᠭᠡᠳᠦᠯᠲᠡᠢ ᠪᠠᠷᠢᠮᠵᠢᠶ᠎ᠠ ᠪᠣᠯᠤᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠬᠠᠩᠰᠢ ᠶᠢ ᠨᠡᠶᠢᠲᠡᠯᠡᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ 4 ᠳ᠋ᠦ᠋ᠭᠡᠷ ᠰᠠᠷ᠎ᠠ ᠠᠴᠠ ᠡᠬᠢᠯᠡᠨ᠂ ᠬᠥᠬᠡᠬᠤᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠣᠶ ᠶᠢᠨ ᠲᠠᠲᠠᠪᠤᠷᠢᠯᠠᠯᠲᠠ ᠶᠢ ᠮᠡᠳᠡᠭᠦᠯᠦᠨ ᠵᠥᠪᠰᠢᠶᠡᠷᠡᠭᠦᠯᠬᠦ ᠳᠤ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠥᠬᠦᠪᠥᠷᠢ ᠶᠢᠨ ᠰᠢᠨ᠎ᠡ ᠪᠠᠷᠢᠮᠵᠢᠶ᠎ᠠ ᠶᠢ ᠡᠬᠢᠯᠡᠵᠦ ᠬᠡᠷᠡᠭᠵᠢᠭᠦᠯᠬᠦ ᠪᠣᠯᠣᠨ᠎ᠠ᠃ ᠬᠡᠷᠡᠭᠵᠢᠭᠦᠯᠬᠦ ᠪᠠᠶᠢᠳᠠᠯ ᠠᠴᠠ ᠦᠵᠡᠪᠡᠯ᠂ ᠬᠥᠬᠡᠬᠤᠲᠠ ᠶᠢᠨ ᠵᠢᠯ ᠤᠨ ᠦᠢᠯᠡᠳᠬᠦᠨ ᠤ ᠦᠷᠲᠡᠭ ᠤᠨ ᠲᠥᠯᠥᠪᠦᠷᠢ ᠶᠢᠨ ᠨᠢᠭᠡᠳᠦᠯᠲᠡᠢ ᠪᠠᠷᠢᠮᠵᠢᠶ᠎ᠠ ᠪᠠ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠬᠠᠩᠰᠢ ᠶᠢ ᠪᠦᠬᠦᠯᠢ ᠴᠣᠭᠴᠠ ᠪᠠᠷ ᠨᠢ ᠡᠳᠦᠶ ᠲᠡᠳᠦᠶ ᠳᠡᠭᠡᠭᠰᠢᠯᠡᠭᠦᠯᠵᠦ᠂ ᠵᠢᠯ ᠤᠨ ᠦᠢᠯᠡᠳᠬᠦᠨ ᠤ ᠦᠷᠲᠡᠭ ᠤᠨ ᠬᠠᠮᠤᠭ ᠤᠨ ᠦᠨᠳᠦᠷ ᠲᠥᠯᠥᠪᠦᠷᠢ  ᠎ ᠶᠢᠨ ᠨᠢᠭᠡᠳᠦᠯᠲᠡᠢ ᠪᠠᠷᠢᠮᠵᠢᠶ᠎ᠠ ᠶᠢ ᠤᠤᠯ ᠤᠨ ᠮᠦ ᠪᠦᠷᠢ ᠳᠡᠭᠡᠨ 32391 ᠲᠥᠭᠦᠷᠢᠭ ᠪᠠᠶᠢᠭᠰᠠᠨ ᠠᠴᠠ ᠨᠢ 32500 ᠲᠥᠭᠦᠷᠢᠭ ᠪᠣᠯᠭᠠᠨ ᠳᠡᠭᠡᠭᠰᠢᠯᠡᠭᠦᠯᠵᠦ᠂ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠬᠠᠮᠤᠭ ᠤᠨ ᠥᠨᠳᠥᠷ ᠦᠨ᠎ᠡ ᠬᠠᠩᠰᠢ ᠶᠢ ᠤᠤᠯ ᠤᠨ ᠮᠦ ᠪᠦᠷᠢ ᠳᠡᠭᠡᠨ 280200 ᠲᠥᠭᠦᠷᠢᠭ ᠪᠠᠶᠢᠭᠰᠠᠨ ᠠᠴᠠ ᠨᠢ298100 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ︔ ᠵᠢᠯ ᠤᠨ ᠦᠢᠯᠡᠳᠬᠦᠨ ᠤ ᠦᠷᠲᠡᠭ ᠤᠨ ᠲᠥᠯᠥᠪᠦᠷᠢ ᠶᠢᠨ ᠬᠠᠮᠤᠭ ᠤᠨ ᠳᠣᠣᠷ᠎ᠠ ᠨᠢᠭᠡᠳᠦᠯᠲᠡᠢ ᠪᠠᠷᠢᠮᠵᠢᠶ᠎ᠠ ᠶᠢ ᠤᠤᠯ ᠤᠨ ᠮᠦ ᠪᠦᠷᠢ ᠳᠡᠭᠡᠨ10622 ᠲᠥᠭᠦᠷᠢᠭ ᠪᠠᠶᠢᠭᠰᠠᠨ ᠠᠴᠠ ᠨᠢ 10804 ᠲᠥᠭᠦᠷᠢᠭ ᠪᠣᠯᠭᠠᠨ ᠳᠡᠭᠡᠭᠰᠢᠯᠡᠭᠦᠯᠵᠦ᠂ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠬᠠᠮᠤᠭ ᠤᠨ ᠳᠣᠣᠷ᠎ᠠ ᠦᠨ᠎ᠡ ᠶᠢ ᠤᠤᠯ ᠤᠨ ᠮᠦ ᠪᠦᠷᠢ  ᠳᠡᠭᠡᠨ19433 ᠲᠥᠭᠦᠷᠢᠭ ᠪᠠᠶᠢᠭᠰᠠᠨ ᠠᠴᠠ ᠨᠢ 19620 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠬᠡᠷᠡᠭᠵᠢᠭᠦᠯᠬᠦ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠢᠨ᠎ᠡ ᠪᠠᠷᠢᠮᠵᠢᠶ᠎ᠠ ᠶᠢ ᠪᠣᠯ 2011 ᠣᠨ ᠳᠤ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠵᠢᠯ ᠤᠨ ᠦᠢᠯᠡᠳᠬᠦᠨ ᠤ ᠦᠷᠲᠡᠭ ᠤᠨ ᠨᠢᠭᠡᠳᠦᠯᠲᠡᠢ ᠪᠠᠷᠢᠮᠵᠢᠶ᠎ᠠ ᠪᠣᠯᠤᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠬᠠᠩᠰᠢ ︾᠎ ᠶᠢᠨ ᠰᠠᠭᠤᠷᠢᠨ ᠳᠡᠭᠡᠷ᠎ᠡ ᠰᠢᠨᠡᠳᠬᠡᠭᠰᠡᠨ ᠪᠠᠶᠢᠨ᠎ᠠ᠃ ᠰᠢᠨᠡᠳᠬᠡᠭᠰᠡᠨ ᠤ ᠳᠠᠷᠠᠭᠠᠬᠢ ᠪᠠᠷᠢᠮᠵᠢᠶ᠎ᠠ ᠨᠢ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠥᠭᠴᠦ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠶᠢ ᠦᠨᠡᠨ ᠬᠦ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠵᠡᠷᠭᠡ ᠲᠠᠯ᠎ᠠ ᠪᠠᠷ ᠢᠳᠡᠪᠬᠢᠲᠡᠶ ᠠᠴᠢ ᠬᠤᠯᠪᠣᠭᠳᠠᠯ ᠲᠠᠢ ᠶᠤᠮ᠃       ᠲᠤᠰ ᠤᠳᠠᠭᠠᠨ ᠤ ᠬᠡᠷᠡᠭᠵᠢᠭᠦᠯᠬᠦ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠢᠨ᠎ᠡ ᠪᠠᠷᠢᠮᠵᠢᠶ᠎ᠠ ᠪᠣᠯ ᠶᠡᠷᠦᠩᠬᠡᠶᠢᠯᠡᠭᠰᠡᠨ ᠲᠥᠯᠥᠪᠦᠷᠢ ᠶᠢᠨ ᠪᠠᠷᠢᠮᠵᠢᠶ᠎ᠠ ᠪᠣᠯᠬᠤ᠂ ᠬᠠᠮᠲᠤ ᠨᠡᠶᠢᠲᠡ ᠶᠢᠨ ᠭᠠᠵᠠᠷ ᠰᠢᠷᠣᠶ ᠶᠢ ᠲᠠᠲᠠᠪᠤᠷᠢᠯᠠᠵᠤ ᠲᠥᠯᠥᠪᠦᠷᠢ ᠥᠭᠬᠦ ᠳᠤ ᠴᠢᠬᠤᠯᠠ ᠯᠠᠪᠯᠠᠬᠤ ᠦᠨᠳᠦᠰᠦᠯᠡᠯ ᠪᠣᠯᠬᠤ᠂ ᠪᠤᠳᠠᠲᠠᠢ ᠭᠠᠵᠠᠷ ᠰᠢᠷᠣᠶ ᠲᠠᠲᠠᠪᠤᠷᠢᠯᠠᠭᠰᠠᠨ ᠲᠥᠯᠥᠪᠦᠷᠢ ᠶᠢᠨ ᠰᠦᠢᠳᠬᠡᠯ ᠤᠨ ᠬᠠᠮᠤᠭ ᠤᠨ ᠳᠣᠣᠷ᠎ᠠ ᠬᠢᠵᠠᠭᠠᠷ ᠪᠣᠯᠬᠤ ᠪᠦᠭᠡᠳ ᠭᠠᠵᠠᠷ ᠰᠢᠷᠣᠶ ᠶᠢᠨ ᠲᠥᠯᠥᠪᠦᠷᠢ ᠶᠢᠨ ᠰᠦᠢᠳᠬᠡᠯ ᠪᠣᠯᠤᠨ ᠲᠥᠪᠬᠢᠨᠡᠭᠦᠯᠬᠦ ᠲᠥᠯᠥᠪᠦᠷᠢ  ᠎ ᠶᠢᠨ ᠰᠦᠢᠳᠬᠡᠯ ᠢᠶᠠᠷ ᠪᠦᠷᠢᠯᠳᠦᠭᠰᠡᠨ ︵ ᠬᠦᠬᠡ ᠴᠢᠬᠢ ᠶᠢᠨ ᠲᠥᠯᠥᠪᠦᠷᠢ ᠶᠢᠨ ᠰᠦᠢᠳᠬᠡᠯ᠂ ᠭᠠᠵᠠᠷ ᠳᠡᠭᠡᠷᠡᠬᠢ ᠳᠠᠭᠠᠯᠲᠠ ᠪᠣᠳᠠᠰ ᠤᠨ ᠲᠥᠯᠥᠪᠦᠷᠢ ᠶᠢᠨ ᠰᠦᠢᠳᠬᠡᠯ ᠪᠠᠭᠲᠠᠬᠤ ᠦᠭᠡᠶ︶ ᠶᠤᠮ᠃ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠪᠡᠯ᠂ ᠲᠣᠬᠠᠢ ᠶᠢᠨ ᠭᠠᠵᠠᠷ ᠤᠨ ᠬᠠᠮᠤᠭ ᠤᠨ ᠥᠨᠳᠥᠷ ᠪᠠᠷᠢᠮᠵᠢᠶ᠎ᠠ ᠪᠠᠷ ᠲᠥᠯᠥᠪᠦᠷᠢ ᠥᠭᠭᠦᠨ᠎ᠡ᠃ ᠤᠯᠤᠰ ᠤᠨ ᠦᠮᠴᠢᠯᠡᠯᠲᠦ ᠭᠠᠵᠠᠷ ᠰᠢᠷᠣᠶ ᠶᠢ ᠬᠡᠷᠡᠭᠯᠡᠪᠡᠯ᠂ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︔ ᠬᠦᠬᠡ ᠴᠢᠬᠢ ᠪᠣᠯᠣᠨ ᠭᠠᠵᠠᠷ ᠳᠡᠭᠡᠷᠡᠬᠢ ᠳᠠᠭᠠᠯᠲᠠ ᠪᠣᠳᠠᠰ ᠤᠨ ᠲᠥᠯᠥᠪᠦᠷᠢ ᠶᠢᠨ ᠪᠠᠷᠢᠮᠵᠢᠶ᠎ᠠ ᠶᠢ ᠪᠣᠯ᠂ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠵᠤ᠂ ᠨᠡᠶᠢᠲᠡᠯᠡᠨ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠭᠠᠵᠠᠷ ᠰᠢᠷᠣᠶ ᠪᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠤᠨ ᠠᠮᠢᠳᠤᠷᠠᠯ ᠤᠨ ᠬᠢᠷᠢ ᠲᠦᠪᠰᠢᠨ ᠢ ᠪᠠᠭᠤᠷᠠᠭᠤᠯᠬᠤ ᠦᠭᠡᠢ ᠪᠠᠶᠢᠬᠤ᠂ ᠠᠵᠤ ᠠᠮᠢᠳᠤᠷᠠᠯ ᠢ ᠨᠢ ᠥᠨᠢ ᠣᠳᠠᠭᠠᠨ ᠪᠠᠲᠤᠯᠠᠭ᠎ᠠ ᠲᠠᠢ ᠪᠠᠶᠢᠯᠭᠠᠬᠤ ᠵᠠᠷᠴᠢᠮ ᠶᠣᠰᠣᠭᠠᠷ᠂ ᠭᠠᠵᠠᠷ ᠰᠢᠷᠣᠶ ᠶᠢᠨ ᠲᠦᠷᠦᠯ ᠬᠤᠪᠢᠷᠠᠯᠲᠠ᠂ ᠬᠦᠷᠦᠰᠦ ᠰᠢᠷᠣᠶ ᠶᠢᠨ ᠴᠢᠨᠠᠷ ᠴᠢᠨᠰᠠᠭ᠎ᠠ᠂ ᠣᠷᠣᠨ ᠤ ᠪᠠᠶᠢᠷᠢᠰᠢᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠥᠪᠰᠢᠨ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠵᠢᠯ ᠤᠨ ᠦᠢᠯᠡᠳᠬᠦᠨ ᠤ ᠦᠷᠲᠡᠭ ᠤᠨ ᠨᠢᠭᠡᠳᠦᠯᠲᠡᠢ ᠪᠠᠷᠢᠮᠵᠢᠶ᠎ᠠ ᠪᠣᠯᠤᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠬᠠᠩᠰᠢ ᠶᠢ  ᠴᠠᠭ ᠳᠤᠨᠢ ᠲᠣᠬᠢᠷᠠᠭᠤᠯᠤᠨ᠂ ᠲᠣᠬᠢᠷᠠᠭᠤᠯᠤᠭᠰᠠᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠪᠠᠷᠢᠮᠵᠢᠶ᠎ᠠ ᠪᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠨᠡᠶᠢᠲᠡᠯᠡᠵᠦ ᠬᠡᠷᠡᠭᠵᠢᠭᠦᠯᠦᠨ᠎ᠡ᠃ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠥᠬᠡᠬᠤᠲᠠ ᠶᠢᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠢᠨ᠎ᠡ ᠪᠠᠷᠢᠮᠵᠢᠶ᠎ᠠ ᠎ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠭᠠᠵᠠᠷ ᠰᠢᠷᠣᠶ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠢᠨ᠎ᠡ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂  ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠶᠢ ᠨᠢ ᠬᠠᠮᠠᠭᠠᠯᠠᠬᠤ ᠶᠢ ᠦᠨᠡᠨ ᠬᠦ ᠪᠠᠲᠤᠯᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号