ᠦᠬᠠᠢ ᠬᠤᠳᠠ ᠤᠯᠠᠨ ᠵᠦᠢᠯ ᠤᠨ ᠠᠷᠭ᠎ᠠ ᠬᠡᠯᠪᠡᠷᠢ ᠪᠠᠷ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2018/4/11
      ᠦᠢᠷ᠎ᠠ ᠳᠤ᠂ ᠦᠬᠠᠶ ᠬᠤᠳᠠ ᠲᠤᠬᠠᠶ ᠶᠢᠨ ᠲᠠᠯᠠᠪᠠᠢ ᠳᠤ ᠤᠬᠠᠭᠤᠯᠬᠤ ᠯᠠᠪᠯᠠᠯᠲᠠ ᠬᠠᠩᠭᠠᠬᠤ ᠪᠠ ︽12345︾ ᠬᠤᠲᠠ ᠶᠢᠨ ᠠᠷᠠᠳ ᠤᠨ ᠬᠠᠯᠠᠮᠰᠢᠯ ᠤᠲᠠᠰᠤ ᠶᠢ ᠲᠤᠰᠬᠤ ᠵᠡᠷᠭᠡ ᠠᠷᠭ᠎ᠠ ᠬᠡᠯᠪᠡᠷᠢ ᠪᠠᠷ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠳᠬᠠᠵᠤ᠂ ᠰᠠᠭᠤᠭᠠᠯᠢ ᠠᠷᠠᠳ ᠤᠨ ᠲᠦᠷᠦ ᠶᠢᠨ ᠪᠤᠳᠤᠯᠭ᠎ᠠ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠤᠬᠠᠭᠤᠯᠭ᠎ᠠ ᠶᠢᠨ ᠣᠷᠴᠢᠨ ᠠᠬᠤᠶ ᠶᠢ ᠪᠦᠷᠢᠯᠳᠦᠬᠦᠯᠪᠡ᠃      ᠦᠬᠠᠶ ᠬᠤᠳᠠ ᠠᠵᠢᠯᠲᠠᠳ ᠢ ᠵᠣᠬᠢᠶᠠᠨ ᠪᠠᠶᠢᠭᠤᠯᠤᠨ ᠸᠠᠨ ᠳ᠋ᠠ ᠠᠭᠤᠳᠠᠮ ᠲᠠᠯᠠᠪᠠᠢ᠂ ᠬᠤᠲᠠ ᠶᠢᠨ ᠠᠷᠠᠳ ᠤᠨ ᠴᠡᠴᠡᠷᠯᠢᠭ ᠪᠤᠯᠤᠨ ᠬᠤᠳᠠ ᠶᠢᠨ ᠠᠷᠠᠳ ᠤᠨ ᠲᠥᠪ ᠵᠡᠷᠭᠡ ᠬᠥᠮᠦᠨ ᠤᠯᠠᠨ ᠲᠦᠪᠯᠡᠷᠡᠳᠡᠭ ᠭᠠᠵᠠᠷ ᠲᠤ᠂ ᠲᠤᠬᠠᠶ ᠶᠢᠨ ᠭᠠᠵᠠᠷ ᠲᠤᠨᠢ ᠤᠬᠠᠭᠤᠯᠭ᠎ᠠ ᠬᠢᠬᠦ ᠪᠠ ᠯᠠᠪᠯᠠᠯᠲᠠ ᠬᠠᠩᠭᠠᠬᠤ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠭᠠᠷᠭᠠᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠭᠤᠣᠯᠳᠠᠯᠭ᠎ᠠ ᠲᠠᠢ ᠪᠠᠷ ᠤᠬᠠᠭᠤᠯᠤᠭᠰᠠᠨ ᠤ ᠬᠠᠮᠲᠤ ᠤᠯᠠᠨ ᠲᠦᠮᠡᠨ ᠤ ᠠᠩᠬᠠᠷᠴᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠬᠤ ᠳᠡᠩᠰᠡᠯᠡᠯᠲᠡ᠂ ᠨᠡᠶᠢᠭᠡᠮ ᠤᠨ ᠳᠠᠭᠠᠳᠬᠠᠯ ᠢ ᠰᠢᠯᠵᠢᠬᠦᠯᠦᠨ ᠦᠷᠬᠦᠯᠵᠢᠯᠡᠬᠦᠯᠬᠦ ᠵᠡᠷᠭᠡ ᠬᠠᠯᠠᠮᠰᠢᠯ ᠠᠰᠠᠭᠤᠳᠠᠯ ᠤᠨ ᠲᠤᠬᠠᠶ ᠬᠦᠯᠢᠴᠡᠩᠭᠦᠶ ᠪᠠᠷ ᠲᠠᠶᠢᠯᠤᠮᠵᠢ ᠬᠢᠪᠡ︔ ︽12345︾ ᠬᠤᠳᠠ ᠶᠢᠨ ᠠᠷᠠᠳ ᠤᠨ ᠬᠠᠯᠠᠮᠰᠢᠯ ᠤᠲᠠᠰᠤ ᠯᠤᠭ᠎ᠠ ᠬᠠᠮᠲᠤᠷᠠᠯᠴᠠᠵᠤ ᠪᠠᠶᠢᠭᠠᠳ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠶᠢᠨ ᠤᠳᠤᠷᠢᠳᠤᠯᠭ᠎ᠠ ᠨᠠᠷ ᠤᠲᠠᠰᠤ ᠲᠤᠰᠬᠤ ᠡᠳᠦᠷ ᠤᠨ ᠠᠵᠢᠯᠯᠠᠭ᠎ᠠ ᠶᠢ ᠬᠠᠮᠲᠤᠪᠡᠷ ᠦᠷᠨᠢᠬᠦᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠠᠩᠬᠠᠷᠤᠯ ᠲᠥᠪᠯᠡᠷᠡᠭᠰᠡᠨ ᠠᠰᠠᠭᠤᠳᠠᠯ ᠳᠤ ᠲᠤᠬᠠᠢ ᠶᠢᠨ ᠲᠠᠯᠠᠪᠠᠢ ᠳᠤ ᠤᠲᠠᠰᠤ ᠪᠠᠷ ᠬᠠᠷᠢᠭᠤᠯᠲᠠ ᠦᠭᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号