ᠬᠦᠯᠦᠨ ᠪᠤᠶᠢᠷ ᠬᠤᠳᠠ ᠵᠠᠰᠠᠮᠠᠯ ᠵᠠᠮ ᠤᠨ ᠲᠣᠣᠷ ᠤᠨ ᠰᠢᠨ᠎ᠡ ᠰᠡᠳᠬᠢᠴᠡ ᠪᠠᠨ ᠠᠯᠬᠤᠮ ᠠᠯᠬᠤᠮ ᠢᠶᠠᠷ ᠰᠢᠯᠢᠳᠡᠭᠵᠢᠭᠦᠯᠦᠨ ᠪᠥᠷᠢᠨᠰᠢᠭᠦᠯᠵᠦ ᠪᠣᠢ
ᠨᠡᠶᠢᠲᠡᠯᠡᠭᠰᠡᠨ ᠴᠠᠭ᠄
2018/4/13
      2018 ᠣᠨ ᠳᠤ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠵᠠᠰᠠᠮᠠᠯ ᠵᠠᠮ ᠤᠨ ᠲᠣᠣᠷ ᠢ ᠰᠢᠯᠢᠳᠡᠭᠵᠢᠭᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠᠷ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠲᠥᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ ᠭᠤᠤᠯ ᠴᠢᠭᠯᠡᠯᠲᠡ ᠪᠠᠨ ᠪᠣᠯᠭᠠᠵᠤ᠂ ᠵᠠᠰᠠᠮᠠᠯ ᠵᠠᠮ ᠤᠨ ᠲᠣᠣᠷ ᠤᠨ ᠪᠠᠶᠢᠷᠢᠯᠠᠭᠤᠯᠤᠯᠲᠠ ᠬᠢᠭᠡᠳ ᠠᠵᠤ ᠠᠬᠤᠶ ᠶᠢᠨ ᠬᠥᠭᠵᠢᠯᠲᠡ ︽ᠠᠯᠬᠤᠭ᠎ᠠ ᠵᠢᠭᠳᠡᠷᠡᠭᠦᠯᠬᠦ︾᠎ ᠶᠢ ᠪᠡᠶᠡᠯᠡᠭᠦᠯᠬᠦ ᠪᠣᠯᠣᠨ᠎ᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ︽ᠲᠠᠰᠤᠷᠬᠠᠶ ᠵᠠᠮ︾᠎ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠬᠠᠶᠢᠯᠠᠷ ᠮᠠᠨᠵᠤᠤᠷ ᠤᠨ ᠬᠤᠭᠤᠷᠤᠨᠳᠤᠬᠢ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠥᠯᠬᠢᠨ ᠠᠬᠢᠭᠤᠯᠤᠨ᠎ᠠ᠃ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠳᠡᠰ ᠳᠡᠪᠰᠢᠭᠦᠯᠦᠨ ᠥᠭᠡᠷᠡᠴᠢᠯᠡᠬᠦ ᠠᠬᠢᠴᠠ ᠶᠢ ᠲᠥᠷᠭᠡᠳᠬᠡᠵᠦ᠂ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ᠂ ᠪᠣᠭᠤᠮᠲᠠ ᠵᠢᠴᠢ ᠬᠢᠯᠢ ᠳᠠᠭᠠᠤ ᠶᠢᠨ ᠠᠵᠤ ᠠᠬᠤᠶ ᠶᠢᠨ ᠪᠦᠰᠡ ᠶᠢᠨ ᠬᠥᠭᠵᠢᠯᠲᠡ ᠳᠠᠬᠢ ᠲᠤᠯᠭᠠᠭᠤᠷᠢᠯᠠᠬᠤ ᠪᠠ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ 2020 ᠣᠨ ᠪᠣᠯᠬᠤ ᠳᠤ ᠪᠣᠶ ᠪᠥᠬᠦᠶ ᠬᠤᠰᠢᠭᠤ ᠬᠤᠲᠠ ᠲᠣᠭᠤᠷᠢᠭ ᠲᠤ ᠨᠢᠭᠡᠳᠦᠭᠡᠷ ᠳᠡᠰ ᠠᠴᠠ ᠳᠡᠭᠡᠭᠰᠢᠬᠢ ᠳᠡᠭᠡᠳᠦ ᠳᠡᠰ ᠤᠨ ᠵᠠᠰᠠᠮᠠᠯ ᠵᠠᠮ ᠨᠡᠪᠲᠡᠷᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠲᠤᠰ ᠬᠤᠲᠠ ᠶᠢᠨ ᠢᠶᠠᠨ ᠥᠪᠡᠷᠮᠢᠴᠡ ᠣᠨᠴᠠᠯᠢᠭᠲᠤ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠵᠠᠰᠠᠮᠠᠯ ᠵᠠᠮ ᠢ ᠪᠣᠢ ᠪᠣᠯᠭᠠᠵᠤ᠂ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠢᠶᠠᠷ ᠭᠤᠣᠯ ᠪᠣᠯᠭᠠᠭᠰᠠᠨ ︽ᠳᠥᠷᠪᠡᠨ ᠬᠥᠨᠳᠡᠯᠡᠨ ᠭᠤᠷᠪᠠᠨ ᠭᠤᠯᠳᠤ ᠠᠷᠪᠠᠨ ᠳᠥᠷᠪᠡᠨ ᠭᠠᠷᠬᠤ ᠡᠭᠦᠳᠡ︾᠎ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠠᠵᠢᠯ ᠲᠦᠷᠦᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠪᠦᠷᠢᠨᠰᠢᠭᠦᠯᠵᠦ᠂ ︽13·5︾᠎ ᠶᠢᠨ ᠵᠠᠰᠠᠮᠠᠯ ᠵᠠᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠤᠷᠲᠤᠪᠲᠤᠷ ᠬᠤᠭᠤᠴᠠᠭᠠᠨ ᠤ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠢ ᠪᠦᠳᠦᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ ᠠᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ︽13·5︾᠎ ᠶᠢᠨ ᠤᠯᠤᠰ ᠤᠨ ᠪᠠᠶᠢᠴᠠᠭᠠᠯᠲᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠳᠤ ᠪᠠᠬᠢ ᠰᠠᠭᠤᠷᠢ ᠲᠠᠯᠪᠢᠵᠦ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号