ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ 2018 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/4/16
      4 ᠳ᠋ᠦ᠋ᠭᠡᠷ ᠰᠠᠷ᠎ᠠ ᠶᠢᠨ 13᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠢ ᠵᠠᠳᠠᠯᠵᠣ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ ᠵᠢᠭᠠᠭᠰᠠᠨ ᠨᠢ᠂ ᠡᠨᠡ ᠵᠢᠯ ᠠᠴᠠ ᠨᠠᠰᠢ᠂ ᠪᠦᠬᠦ ᠤᠷᠤᠨ ᠲᠠᠶᠠᠭᠠᠷ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠦᠪ ᠤᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠣ᠂ ᠴᠢᠨᠠᠷ ᠰᠠᠶᠢᠳᠠᠢ ᠬᠦᠭᠵᠢᠯᠳᠡ ᠶᠢ ᠶᠡᠭᠡᠪᠡᠷ ᠠᠬᠢᠭᠤᠯᠵᠤ᠂ ᠨᠢᠭᠡᠳᠦᠭᠡᠷ ᠤᠯᠠᠷᠢᠯ ᠤᠨ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠶᠡᠷᠦᠩᠬᠡᠢ ᠳᠡᠭᠡᠨ ᠲᠤᠬᠳᠠᠭᠤᠨ ᠪᠠᠶᠢᠵᠤ᠂ ᠡᠬᠢᠯᠡᠯᠳᠠ ᠰᠠᠶᠢᠳᠠᠢ ᠪᠣᠯᠵᠠᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠡᠷᠬᠢᠯᠳᠡ ᠲᠤᠮᠳᠠᠬᠢ ᠠᠰᠠᠭᠤᠳᠠᠯ ᠢ ᠬᠦᠨᠵᠡᠭᠡᠢ ᠵᠠᠳᠠᠯᠵᠤ᠂ ᠪᠠᠶᠢᠳᠠᠯ ᠢ ᠤᠨᠤᠪᠴᠢᠳᠠᠢ ᠡᠵᠡᠮᠳᠡᠨ᠂ ᠰᠢᠯᠳᠠᠭᠠᠨ ᠢ ᠨᠢ ᠲᠤᠳᠤᠷᠬᠠᠢ ᠵᠠᠳᠠᠯᠵᠦ᠂ ᠠᠵᠢᠯ ᠤᠨ ᠵᠦᠷᠢᠶ᠎ᠠ ᠎ ᠪᠠᠨ ᠤᠨᠤᠪᠴᠢᠳᠠᠢ ᠡᠷᠢᠬᠦ ᠬᠡᠷᠡᠭᠳᠡᠢ᠃ ᠤᠳᠤ ᠶᠢᠨ ᠠᠵᠤ ᠠᠬᠤᠢ ᠶᠢᠨ ᠡᠷᠬᠢᠯᠳᠡ ᠲᠤᠮᠳᠠᠬᠢ ᠭᠤᠤᠯ ᠵᠦᠷᠢᠴᠡᠯ ᠪᠤᠯ ᠪᠦᠳᠦᠴᠡ ᠶᠢᠨ ᠴᠢᠨᠠᠷᠳᠠᠢ ᠵᠦᠷᠢᠴᠡᠯ ᠪᠤᠯᠤᠨ᠎ᠠ᠂ ᠰᠢᠨ᠎ᠠ ᠭᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠵᠣ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠰᠢᠨ᠎ᠠ ᠬᠦᠳᠡᠯᠭᠡᠬᠦ ᠡᠨᠧᠷᠬᠢ ᠶᠢ ᠲᠦᠷᠭᠡᠳᠭᠡᠨ ᠪᠤᠶᠢᠵᠢᠭᠤᠯᠵᠣ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ ᠤᠯᠤᠰ ᠲᠦᠷᠦ ᠶᠢᠨ ᠤᠬᠠᠮᠰᠠᠷ᠂ ᠤᠯᠤᠰ ᠲᠦᠷᠦ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠭᠦᠯᠵᠤ᠂ ᠵᠦᠪ ᠠᠵᠢᠯ ᠤᠨ ᠠᠮᠵᠢᠯᠳᠡ ᠶᠢᠨ ᠦᠵᠡᠯᠳᠡ ᠶᠢ ᠪᠤᠢ ᠪᠤᠯᠭᠠᠵᠤ᠂ ᠠᠵᠢᠯ ᠤᠨ ᠭᠤᠤᠯᠳᠠᠯᠭ᠎ᠠ ᠪᠠᠨ ᠭᠤᠷᠪᠠᠨ ᠰᠢᠪᠲᠤᠯᠤᠯᠲᠠ ᠶᠢ ᠰᠠᠶᠢᠳᠤᠷ ᠬᠢᠭᠦ ᠲᠡᠭᠡᠷ᠎ᠠ ᠲᠦᠪᠯᠡᠷᠡᠭᠦᠯᠵᠤ᠂ ︽ᠠᠷᠪᠠ ᠶᠢ ᠪᠦᠷᠢᠨ ᠪᠦᠷᠭᠦᠭᠦᠯᠭᠦ︾ ᠢᠨᠵᠧᠨᠧᠷᠢᠩ ᠎ ᠤᠨ ᠦᠷᠢ ᠦᠭᠴᠡᠭᠡ ᠵᠡᠷᠭᠡ ᠦᠯᠡᠳᠡᠭᠳᠡᠯ ᠠᠰᠠᠭᠤᠳᠠᠯ ᠢ ᠦᠨᠡᠨᠭᠦ ᠰᠢᠢᠳᠪᠦᠷᠢᠯᠡᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠬᠢᠨᠠᠮᠠᠭᠠᠢ ᠰᠠᠶᠢᠳᠤᠷ ᠠᠳᠬᠤᠵᠤ᠂ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠠᠶᠢᠳᠤᠷ ᠴᠡᠭᠴᠡᠯᠡᠨ ᠵᠠᠰᠠᠬᠤ ᠬᠡᠷᠡᠭᠳᠡᠢ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠰᠠᠶᠢᠬᠠᠨ ᠡᠬᠢᠯᠡᠭᠦᠯᠬᠦ ᠶᠢ ᠪᠠᠳᠤᠯᠠᠬᠤ ᠬᠡᠷᠡᠭᠳᠡᠢ᠃ ᠦᠵᠡᠯ ᠰᠠᠨᠠᠭ᠎ᠠ ᠪᠠᠨ ᠲᠠᠬᠢᠨ ᠴᠢᠯᠦᠭᠡᠯᠡᠭᠦ ᠶᠢ ᠠᠬᠢᠭᠤᠯᠵᠤ᠂ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢᠨ ᠲᠤᠶᠢᠯ ᠤᠨ ᠣᠨᠣᠪᠴᠢᠲᠠᠢ ᠴᠢᠨᠠᠷ ᠢ ᠴᠢᠩᠭᠠᠷᠠᠭᠤᠯᠵᠣ᠂ ᠬᠠᠤᠯᠢ ᠶᠤᠰᠤᠭᠠᠷ ᠵᠠᠰᠠᠭ ᠶᠠᠪᠤᠭᠤᠯᠬᠤ ᠲᠦᠪᠰᠢᠨ ᠢᠶᠠᠨ ᠲᠡᠭᠡᠭᠰᠢᠯᠡᠭᠦᠯᠭᠦ ᠬᠡᠷᠡᠭᠳᠡᠢ ᠬᠡᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠡᠨᠡ ᠵᠢᠯ ᠤᠨ ᠡᠯ᠎ᠠ ᠵᠦᠢᠯ ᠤᠨ ᠠᠵᠢᠯ ᠢᠶᠠᠨ ᠯᠠᠪᠳᠠᠭᠤᠨ ᠪᠠᠳᠤᠳᠠᠢ ᠬᠢᠵᠤ᠂ ᠲᠦᠪ ᠤᠨ ᠵᠤᠷᠢᠭ ᠰᠠᠨᠠᠭ᠎ᠠ ᠪᠤᠯᠤᠠ ᠡᠯ᠎ᠠ ᠵᠦᠢᠯ ᠤᠨ ᠠᠵᠢᠯ ᠤᠨ ᠪᠠᠶᠢᠷᠢᠯᠠᠭᠤᠯᠤᠯᠳᠠ ᠶᠢ ᠴᠠᠭ ᠲᠤᠬᠠᠢ ᠳᠤᠨᠢ ᠡᠵᠡᠮᠰᠢᠨ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾᠎ ᠳᠤ ᠲᠤᠬᠳᠠᠭᠠᠬᠰᠠᠨ ᠭᠤᠤᠯᠳᠠᠯᠭ᠎ᠠ ᠲᠠᠢ ᠡᠭᠦᠷᠭᠡ ᠶᠢ ᠨᠢᠭᠡᠳ ᠨᠢᠭᠡ ᠪᠠᠷ ᠨᠢ ᠰᠠᠶᠢᠳᠤᠷ ᠨᠡᠶᠢᠳᠡᠪᠦᠷᠢᠵᠢᠭᠤᠯᠬᠤ ᠬᠡᠷᠡᠭᠳᠡᠢ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠠ ᠤᠢ ᠰᠢᠭᠤᠢ᠂ ᠨᠤᠳᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠭᠦ ᠠᠵᠢᠯ ᠢ ᠰᠠᠶᠢᠳᠤᠷ ᠠᠳᠬᠤᠵᠤ᠂ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠬᠦᠳ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠳᠤᠨ ᠳᠤ ᠬᠦᠷᠴᠦ᠂ ᠦᠨᠳᠦᠰᠦᠨ ᠱᠠᠳᠤᠨ ᠳᠤ ᠬᠦᠨᠵᠡᠭᠡᠶᠢᠷᠡᠨ᠂ ᠠᠷᠠᠳ ᠤᠯᠠᠨ ᠤ ᠰᠠᠨᠠᠯ ᠢ ᠰᠤᠨᠤᠰᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠡᠯ᠎ᠠ ᠵᠦᠢᠯ ᠤᠨ ᠠᠵᠢᠯ ᠳᠠᠭᠠᠨ ᠪᠤᠳᠠᠳᠣ ᠪᠠᠶᠢᠳᠠᠯ ᠢ ᠬᠦᠢᠴᠡᠳ ᠢᠯᠡᠷᠡᠭᠦᠯᠵᠦ᠂ ᠠᠷᠠᠳ ᠤᠨ ᠰᠠᠨᠠᠭ᠎ᠠ ᠶᠢ ᠢᠯᠡᠷᠡᠭᠦᠯᠭᠦ ᠬᠡᠷᠡᠭᠳᠡᠢ ᠬᠡᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号