ᠥᠪᠦᠷ ᠮᠤᠩᠭᠤᠯ ᠪᠠᠩᠬᠢ ᠮᠤᠩᠭᠤᠯ ᠤᠯᠤᠰ ᠤᠨ 9 ᠬᠤᠳᠠᠯᠳᠤᠭᠠᠨ ᠤ ᠪᠠᠩᠬᠢ ᠲᠠᠢ ᠬᠠᠮᠳᠤᠷᠠᠯᠴᠠᠭᠠᠨ ᠤ ᠬᠠᠷᠢᠯᠴᠠᠭ᠎ᠠ ᠪᠠᠶᠢᠭᠤᠯᠪᠠ
ᠨᠡᠶᠢᠲᠡᠯᠡᠭᠰᠡᠨ ᠴᠠᠭ᠄
2018/4/16
     4 ᠳ᠋ᠤᠭᠡᠷ ᠰᠠᠷ᠎ᠠ ᠶᠢᠨ 11᠎ ᠤ ᠡᠳᠦᠷ᠂ ᠪᠡᠭᠡᠵᠢᠩ ᠳᠤ ᠶᠠᠪᠤᠭᠳᠠᠭᠰᠠᠨ ᠳᠤᠮᠳᠠᠳᠤ ᠤᠯᠤᠰ — ᠮᠤᠩᠭᠤᠯ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠷᠢᠶᠠᠨ ᠤ ᠲᠠᠪᠴᠠᠩ ᠤᠨ ᠬᠤᠷᠠᠯ ᠳᠡᠭᠡᠷ᠎ᠠ᠂ ᠥᠪᠦᠷ ᠮᠤᠩᠭᠤᠯ ᠪᠠᠩᠬᠢ ᠮᠤᠩᠭᠤᠯ ᠤᠯᠤᠰ ᠤᠨ ᠪᠤᠬᠳᠠ ᠪᠠᠩᠬᠢ ᠪᠠ ᠠᠷᠠᠯᠵᠢᠶᠠᠨ ᠤ ᠬᠦᠭᠵᠢᠯᠳᠠ ᠶᠢᠨ ᠪᠠᠩᠬᠢ ᠲᠠᠢ ᠢᠳᠡᠭᠡᠮᠵᠢ ᠬᠦᠷᠳᠡᠭᠡᠬᠦ ᠠᠵᠢᠯ ᠲᠦᠷᠦᠯ ᠤᠨ ᠬᠠᠮᠳᠤᠷᠠᠯᠴᠠᠭᠠᠨ ᠤ ᠵᠥᠪᠳᠡᠯᠴᠡᠭᠡᠷ ᠢ ᠠᠯᠪᠡᠨ ᠶᠤᠰᠤᠭᠠᠷ ᠲᠤᠭᠳᠠᠪᠠ᠂ ᠡᠨᠡ ᠨᠢ ᠮᠠᠨ ᠤ ᠤᠷᠤᠨ ᠤ ᠮᠦᠩᠬᠦᠨ ᠬᠦᠢᠯᠭᠡᠭᠡᠨ ᠤ ᠦᠢᠯᠡᠰ ᠤᠨ ᠭᠠᠳᠠᠭᠠᠳᠦ ᠲᠠᠢ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠪᠤᠯᠤᠨ᠎ᠠ᠃      ᠤᠶᠢᠷ᠎ᠠ ᠶᠢᠨ ᠵᠢᠯ ᠳᠤ᠂ ᠳᠤᠮᠳᠠᠳᠤ ᠮᠤᠩᠭᠤᠯ ᠤᠨ ᠬᠢᠯᠢ ᠶᠢᠨ ᠠᠷᠠᠯᠵᠢᠶ᠎ᠠ ᠦᠳᠳᠡᠷ ᠲᠦᠷᠭᠡᠨ ᠬᠦᠭᠵᠢᠵᠦ᠂ ᠳᠤᠮᠳᠠᠳᠤ ᠮᠤᠩᠭᠤᠯ ᠤᠨ ᠬᠤᠶᠠᠷ ᠲᠠᠯ᠎ᠠ ᠶᠢᠨ ᠮᠦᠩᠬᠦᠨ ᠬᠦᠢᠯᠭᠡᠭᠡᠨ ᠤ ᠬᠠᠮᠳᠤᠷᠠᠯᠴᠠᠭ᠎ᠠ ᠦᠷᠬᠦᠯᠵᠢᠯᠡᠨ ᠬᠦᠨᠵᠡᠭᠡᠶᠢᠷᠡᠵᠡᠢ᠃ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠪᠠ ᠮᠤᠩᠭᠤᠯ ᠤᠯᠤᠰ ᠤᠨ ︽ᠲᠠᠯ᠎ᠠ ᠨᠤᠳᠤᠭ ᠤᠨ ᠵᠠᠮ︾᠎ ᠤᠨ ᠲᠦᠯᠦᠪᠯᠡᠭᠡ ᠶᠢᠨ ᠪᠦᠬᠦ ᠲᠠᠯ᠎ᠠ ᠪᠠᠷ ᠵᠤᠯᠭᠠᠯᠴᠠᠬᠤ ᠶᠢ ᠳᠠᠭᠠᠯᠳᠤᠨ᠂ ᠤᠷᠤᠨ ᠪᠦᠰᠡ ᠶᠢᠨ ᠬᠢᠯᠢ ᠠᠯᠤᠰᠯᠠᠬᠰᠠᠨ ᠮᠦᠩᠬᠦᠨ ᠬᠦᠢᠯᠭᠡᠭᠡᠨ ᠤ ᠬᠠᠮᠳᠤᠷᠠᠯᠴᠠᠭ᠎ᠠ ᠠᠭᠠᠵᠢᠮ ᠢᠶᠠᠷ ᠭᠠᠵᠠᠷ ᠤᠷᠤᠨ ᠤ ᠮᠦᠩᠬᠦᠨ ᠬᠦᠢᠯᠭᠡᠭᠡᠨ ᠤ ᠬᠦᠭᠵᠢᠯᠳᠠ ᠶᠢᠨ ᠰᠢᠨ᠎ᠠ ᠬᠠᠨᠳᠤᠰᠢ ᠪᠤᠯᠵᠠᠢ᠃ ᠥᠪᠦᠷ ᠮᠤᠩᠭᠤᠯ ᠪᠠᠩᠬᠢ ᠨᠢ ᠮᠠᠨ ᠤ ᠤᠷᠤᠨ ᠤ ᠤᠷᠤᠨ ᠨᠤᠳᠤᠭ ᠤᠨ ᠴᠢᠨᠠᠷᠳᠠᠢ ᠪᠠᠩᠬᠢ ᠪᠤᠯᠤᠭᠰᠠᠨ ᠤ ᠬᠤᠪᠢ ᠳᠤ᠂ ᠳᠤᠮᠳᠠᠳᠤ ᠮᠤᠩᠭᠤᠯ ᠤᠨ ᠬᠢᠯᠢ ᠠᠯᠤᠰᠯᠠᠬᠰᠠᠨ ᠮᠦᠩᠬᠦᠨ ᠬᠦᠢᠯᠭᠡᠭᠡᠨ ᠤ ᠬᠠᠮᠳᠤᠷᠠᠯᠴᠠᠭᠠᠨ ᠤ ᠬᠡᠪ ᠵᠠᠬᠪᠤᠷ ᠢ ᠢᠳᠡᠪᠬᠢᠳᠠᠢ ᠰᠦᠪᠡᠭᠴᠢᠯᠡᠵᠦ᠂ ᠤᠳᠤ ᠪᠤᠯᠬᠤ ᠳᠤ᠂ ᠮᠤᠩᠭᠤᠯ ᠤᠯᠤᠰ ᠤᠨ 9 ᠬᠤᠳᠠᠯᠳᠤᠭᠠᠨ ᠤ ᠪᠠᠩᠬᠢ ᠲᠠᠢ ᠠᠵᠢᠯ ᠲᠦᠷᠦᠯ ᠎ ᠤᠨ ᠬᠠᠮᠳᠤᠷᠠᠯᠴᠠᠭᠠᠨ ᠤ ᠬᠠᠷᠢᠯᠴᠠᠭ᠎ᠠ ᠪᠠᠶᠢᠭᠤᠯᠵᠦ᠂ ᠲᠥᠪᠯᠡᠷᠡᠭᠦᠯᠦᠨ ᠳ᠋ᠦᠩᠨᠡᠨ ᠪᠤᠳᠤᠬᠤ᠂ ᠪᠡᠯᠡ ᠮᠦᠩᠬᠦ ᠴᠤᠬᠯᠠᠭᠤᠯᠬᠤ ᠶᠢ ᠨᠢᠭᠡ ᠴᠤᠬᠴᠠᠵᠢᠭᠤᠯᠤᠭᠰᠠᠨ ᠤᠯᠠᠨ ᠲᠠᠯᠠᠳᠦ ᠮᠦᠩᠬᠦᠨ ᠬᠦᠢᠯᠭᠡᠭᠡᠨ ᠤ ᠬᠠᠮᠳᠤᠷᠠᠯᠴᠠᠭ᠎ᠠ ᠶᠢ ᠦᠷᠨᠢᠬᠦᠯᠵᠦ᠂ ᠮᠠᠨ ᠤ ᠤᠷᠤᠨ ᠤ ᠠᠵᠤ ᠠᠬᠤᠶᠢᠯᠠᠯ ᠤᠨ ︽ᠭᠠᠷᠴᠦ ᠶᠠᠪᠤᠬᠤ︾᠎ ᠳᠤ ᠰᠠᠶᠢᠨ ᠰᠠᠭᠤᠷᠢ ᠴᠣᠭᠴᠠᠯᠠᠨ ᠥᠭᠭᠦᠭᠰᠡᠨ ᠪᠦᠭᠡᠳ᠂ ᠮᠠᠨ ᠤ ᠤᠷᠤᠨ ᠤ ᠬᠢᠯᠢ ᠠᠯᠤᠰᠯᠠᠬᠰᠠᠨ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠨᠡᠷᠡᠳᠦ ᠳᠡᠮᠳᠡᠭ ᠢ ᠡᠬᠦᠳᠬᠦ᠂ ᠮᠦᠩᠬᠦᠨ ᠬᠦᠢᠯᠭᠡᠭᠡᠨ ᠤ ᠬᠤᠤᠰ ᠴᠢᠭᠯᠡᠯᠳᠦ ᠨᠡᠭᠡᠭᠡᠯᠳᠠ ᠶᠢ ᠬᠦᠨᠵᠡᠭᠡᠶᠢᠷᠡᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号