ᠨᠢᠳᠤᠨᠤᠨ ᠥᠪᠥᠷ ᠮᠣᠩᠭᠤᠯ ᠤᠨ ᠳᠤᠮᠳᠠ ᠵᠡᠭᠦᠨ ᠬᠡᠰᠡᠭ ᠪᠠᠷᠠᠭᠤᠨ ᠬᠡᠰᠡᠭ ᠠᠴᠠ ᠪᠠᠨ ᠬᠦᠨᠳᠦ ᠨᠣᠴᠢᠲᠠᠢ ᠭᠠᠩᠳᠠᠪᠠ
ᠨᠡᠶᠢᠲᠡᠯᠡᠭᠰᠡᠨ ᠴᠠᠭ᠄
2018/4/16
      ᠨᠢᠳᠤᠨᠤᠨ ᠮᠠᠨ ᠤ ᠣᠷᠣᠨ ᠤ ᠶᠡᠬᠡᠩᠬᠢ ᠬᠡᠰᠡᠭ ᠲᠤ ᠥᠨᠳᠥᠷ ᠳᠤᠯᠠᠭᠠᠨ ᠬᠤᠷ᠎ᠠ ᠲᠤᠨᠳᠠᠰᠤ ᠪᠠᠭ᠎ᠠ ᠮᠥᠷᠲᠡᠭᠡᠨ ᠭᠠᠩ ᠬᠠᠭᠤᠷᠠᠶ ᠠᠭᠤᠷ ᠠᠮᠢᠰᠬᠤᠯ ᠢᠶᠠᠷ ᠭᠤᠣᠯᠯᠠᠨ᠂ ᠳᠤᠮᠳᠠ ᠵᠡᠭᠦᠨ ᠬᠡᠰᠡᠭ ᠲᠤ ᠬᠠᠪᠤᠷ ᠵᠤᠨ ᠵᠠᠯᠭᠠᠯᠳᠤᠨ ᠭᠠᠩ ᠬᠠᠭᠰᠠᠷᠠᠭᠠᠨ ᠪᠣᠯᠵᠤ᠂ ᠪᠠᠷᠠᠭᠤᠨ ᠬᠡᠰᠡᠭ ᠨᠢ ᠬᠠᠷᠢᠴᠠᠩᠭᠤᠶ ᠪᠠᠷ ᠨᠡᠯᠢᠶᠡᠳ ᠰᠠᠶᠢᠨ ᠪᠠᠶᠢᠪᠠ᠃      ᠨᠢᠳᠤᠨᠤᠨ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠬᠡᠪ ᠲᠡᠭᠡᠨ ᠬᠠᠪᠤᠷᠰᠢᠭᠰᠠᠨ ᠪᠤᠶᠤ ᠡᠷᠲᠡ ᠰᠢᠭ ᠬᠠᠪᠤᠷᠰᠢᠵᠤ᠂ ᠭᠤᠣᠯ ᠪᠣᠯᠬᠤ ᠲᠠᠷᠢᠮᠠᠯ ᠢ ᠵᠣᠬᠢᠬᠤ ᠬᠤᠭᠤᠴᠠᠭᠠᠨ ᠳᠤᠨᠢ ᠲᠡᠷᠢᠬᠤ ᠪᠠ ᠴᠢᠬᠢᠯᠡᠬᠦ ᠳᠤᠨᠢ ᠠᠰᠢᠭᠲᠠᠶ ᠪᠠᠶᠢᠪᠠ᠃ ᠤᠷᠭᠤᠯᠲᠠ ᠶᠢᠨ ᠤᠯᠠᠷᠢᠯ ᠳᠤ ᠬᠠᠯᠠᠭᠤᠨ ᠤ ᠬᠡᠮᠵᠢᠶ᠎ᠡ ᠨᠢ ᠪᠠᠭ᠋ᠠᠨ ᠢᠯᠡᠭᠦᠦ ᠪᠠᠶᠢᠵᠤ᠂ ᠠᠮᠢᠳᠤ ᠪᠣᠳᠠᠰ ᠤᠨ ᠬᠡᠮᠵᠢᠶ᠎ᠡ ᠶᠢᠨ ᠬᠤᠷᠠᠮᠳᠤᠭᠤᠯᠤᠯ ᠳᠤ ᠠᠰᠢᠭᠲᠠᠶ ᠪᠠᠶᠢᠪᠠ︔ ᠬᠤᠷ᠎ᠠ ᠲᠤᠨᠳᠠᠰᠤ ᠨᠢ ᠵᠡᠭᠦᠨ ᠪᠡᠶ᠎ᠡ ᠶᠢᠨ ᠡᠮᠦᠨᠡᠭᠦᠷ ᠬᠡᠰᠡᠭ ᠲᠤ ᠬᠡᠪ ᠤᠨ ᠪᠤᠶᠤ ᠪᠠᠭ᠋ᠠᠨ ᠢᠯᠡᠭᠦᠦ ᠰᠢᠭ ᠪᠣᠯᠵᠤ᠂ ᠨᠠᠮᠤᠷ ᠤᠨ ᠬᠤᠷᠢᠶᠠᠯᠲᠠ ᠶᠢᠨ ᠲᠠᠷᠢᠮᠠᠯ ᠤᠨ ᠤᠷᠭᠤᠯᠲᠠ ᠳᠤ ᠠᠰᠢᠭᠲᠠᠶ ᠤᠰᠤᠨ ᠨᠥᠬᠦᠴᠡᠯ ᠢ ᠪᠦᠷᠢᠯᠳᠦᠭᠦᠯᠦᠨ ᠥᠭᠴᠥ᠂ ᠳᠤᠮᠳᠠ ᠪᠠᠷᠠᠭᠤᠨ ᠬᠡᠰᠡᠭ ᠪᠣᠯᠣᠨ ᠵᠡᠭᠦᠨ ᠬᠤᠶᠢᠲᠤ ᠶᠢᠨ ᠶᠡᠬᠡᠩᠬᠢ ᠭᠠᠵᠠᠷ ᠲᠤ ᠬᠤᠷ᠎ᠠ ᠲᠣᠨᠣᠳᠠᠰᠤ ᠳᠤᠲᠠᠮᠠᠭ ᠪᠠᠶᠢᠵᠤ᠂ ᠱᠠᠳᠤ ᠦᠶ᠎ᠡ ᠶᠢᠨ ᠴᠢᠨᠠᠷᠲᠠᠶ ᠭᠠᠩ ᠬᠠᠭᠰᠠᠷᠠᠭᠠᠨ ᠨᠢ ᠬᠠᠭᠤᠷᠠᠶ ᠶᠢᠨ ᠲᠠᠷᠢᠶᠠᠯᠠᠩ ᠤᠨ ᠣᠷᠣᠨ ᠤ ᠲᠠᠷᠢᠮᠠᠯ ᠤᠨ ᠬᠡᠪ ᠤᠨ ᠤᠷᠭᠤᠯᠲᠠ ᠶᠢ ᠨᠥᠯᠥᠭᠡᠯᠡᠪᠡ︔ ᠪᠦᠬᠦ ᠣᠷᠣᠨ ᠤ ᠡᠷᠳᠡᠨᠢ ᠰᠢᠰᠢ ᠶᠢᠨ ᠳᠤᠮᠳᠠᠴᠢ ᠲᠠᠷᠢᠶᠠᠯᠠᠩ ᠤᠨ ᠠᠭᠤᠷ ᠠᠮᠢᠰᠬᠤᠯ ᠤᠨ ᠲᠣᠬᠢᠷᠠᠮᠵᠢ ᠶᠢᠨ ᠬᠡᠮᠵᠢᠶ᠎ᠡ ᠨᠢ ᠣᠶᠢᠷ᠎ᠠ ᠶᠢᠨ 5 ᠵᠢᠯ ᠤᠨ ᠳᠤᠮᠳᠠᠴᠢ ᠬᠡᠮᠵᠢᠭᠳᠡᠯ ᠲᠠᠢ ᠣᠶᠢᠷᠠᠲᠤᠵᠤ᠂ ᠤᠷᠭᠤᠯᠲᠠ ᠪᠣᠶᠢᠵᠢᠯᠲᠠ ᠪᠠ ᠤᠨᠠᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠶ ᠪᠣᠯᠪᠠ᠂ ᠲᠥᠮᠥᠰᠥ ᠶᠢᠨ ᠭᠤᠣᠯ ᠭᠠᠷᠤᠯᠲᠠ ᠶᠢᠨ ᠣᠷᠣᠨ ᠤ ᠠᠭᠠᠷ ᠤᠨ ᠳᠤᠯᠠᠭᠠᠨ ᠪᠠᠭ᠋ᠠᠨ ᠥᠨᠳᠥᠷ ᠪᠣᠯᠵᠤ᠂ ᠬᠤᠷ᠎ᠠ ᠲᠣᠨᠣᠳᠠᠰᠤ ᠪᠠᠭᠠᠳᠠᠵᠤ᠂ ᠤᠰᠤᠨ ᠤ ᠬᠠᠯᠠᠭᠤᠨ ᠤ ᠲᠣᠬᠢᠷᠠᠮᠵᠢ ᠶᠢᠨ ᠬᠡᠮᠵᠢᠶ᠎ᠡ ᠨᠢ ᠣᠶᠢᠷ᠎ᠠ ᠶᠢᠨ 5 ᠵᠢᠯ ᠤᠨ ᠳᠤᠮᠳᠠᠴᠢ ᠬᠡᠮᠵᠢᠭᠳᠡᠯ ᠠᠴᠠ ᠳᠣᠣᠷ᠎ᠠ ᠪᠣᠯᠵᠤ᠂ ᠲᠥᠮᠥᠰᠥ ᠶᠢᠨ ᠤᠷᠭᠤᠯᠲᠠ ᠪᠤᠶᠢᠵᠢᠯᠲᠠ ᠪᠣᠯᠣᠨ ᠤᠨᠠᠯᠲᠠ ᠳᠤ ᠠᠰᠢᠭ ᠦᠭᠡᠢ ᠪᠣᠯᠪᠠ︔ ᠪᠥᠬᠦ ᠣᠷᠣᠨ ᠤ ᠶᠡᠬᠡᠩᠬᠢ ᠬᠡᠰᠡᠭ ᠤᠨ ᠮᠠᠯᠵᠢᠬᠤ ᠣᠷᠣᠨ ᠤ ᠠᠭᠠᠷ ᠤᠨ ᠳᠤᠯᠠᠭᠠᠨ ᠪᠠᠭ᠋ᠠᠨ ᠥᠨᠳᠥᠷ ᠪᠣᠯᠵᠤ᠂ ᠬᠤᠷ᠎ᠠ ᠲᠣᠨᠣᠳᠠᠰᠤ ᠪᠠᠭᠠᠳᠠᠵᠤ᠂ ᠲᠦᠢᠯ ᠤᠨ ᠬᠠᠯᠠᠭᠤᠨ ᠠᠭᠤᠷ ᠠᠮᠢᠰᠬᠤᠯ ᠣᠯᠠᠨᠲᠠ ᠢᠯᠡᠷᠡᠪᠡ︔ ᠪᠦᠬᠦ ᠣᠷᠣᠨ ᠳᠤ ᠬᠠᠪᠤᠷ ᠤᠨ ᠰᠡᠭᠦᠯᠴᠢ ᠵᠤᠨ ᠤ ᠡᠬᠢ ᠪᠠᠷ ᠬᠦᠨᠳᠦ ᠨᠣᠴᠢᠲᠠᠢ ᠭᠠᠩᠳᠠᠵᠤ᠂ ᠬᠦᠨᠳᠦ ᠨᠣᠴᠢᠲᠠᠢ ᠭᠠᠩᠳᠠᠭᠰᠠᠨ ᠣᠷᠣᠨ ᠪᠦᠰᠡ ᠨᠢ ᠪᠥᠬᠦ ᠣᠷᠣᠨ ᠤ ᠶᠡᠷᠦᠩᠬᠡᠶ ᠲᠠᠯᠠᠪᠠᠶ ᠶᠢᠨ 50% ᠠᠴᠠ ᠳᠡᠭᠡᠭᠰᠢ ᠳᠤ ᠬᠦᠷᠴᠦ᠂ ᠳᠤᠮᠳᠠ ᠵᠡᠭᠦᠨ ᠪᠡᠶ᠎ᠡ ᠶᠢᠨ ᠬᠤᠶᠢᠲᠤ ᠬᠡᠰᠡᠭ ᠵᠢᠴᠢ ᠵᠡᠭᠦᠨ ᠬᠤᠶᠢᠲᠤ ᠬᠡᠰᠡᠭ ᠤᠨ ᠭᠠᠩ ᠬᠠᠭᠰᠠᠷᠠᠭᠠᠨ ᠨᠢ ᠪᠠᠷᠠᠭᠤᠨ ᠬᠡᠰᠡᠭ ᠠᠴᠠ ᠬᠦᠨᠳᠦ ᠪᠠᠶᠢᠵᠤ᠂ ᠲᠠᠷᠢᠮᠠᠯ ᠪᠣᠯᠣᠨ ᠲᠡᠵᠢᠭᠡᠯ ᠡᠪᠡᠰᠦᠨ ᠤ ᠤᠷᠭᠤᠯᠲᠠ ᠶᠢ ᠬᠦᠨᠳᠦ ᠨᠣᠴᠢᠲᠠᠶ ᠨᠥᠯᠥᠭᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号