1 — 2 ᠳ᠋ᠤᠭᠠᠷ ᠰᠠᠷ᠎ᠠ ᠳᠤ ᠪᠦᠬᠦ ᠣᠷᠣᠨ ᠤ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠦᠷᠭᠦᠯᠵᠢᠯᠡᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2018/4/17
      1 — 2 ᠳ᠋ᠤᠭᠠᠷ ᠰᠠᠷ᠎ᠠ ᠳᠤ᠂ ᠪᠦᠬᠦ ᠣᠷᠣᠨ ᠤ ᠪᠦᠭᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 513.5 ᠳ᠋ᠥᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 16.8%᠎ ᠢᠶᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6.1 ᠵᠠᠭᠤᠨ ᠤ ᠴᠡᠭ ᠦᠨᠳᠦᠷ ᠪᠠᠶᠢᠵᠤ᠂ 2017 ᠣᠨ ᠤ ᠵᠢᠯ ᠤᠨ ᠡᠬᠢᠨ ᠠᠴᠠ ᠨᠠᠰᠢ ᠦᠷᠭᠦᠯᠵᠢᠯᠡᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠴᠠᠬᠢᠯᠭᠠᠨ ᠬᠡᠷᠡᠭᠯᠡᠭᠰᠡᠨ ᠪᠦᠲᠦᠴᠡ ᠶᠢᠨ ᠲᠠᠯ᠎ᠠ ᠠᠴᠠ ᠠᠪᠴᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 2.5 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 23.2%᠎ ᠢᠶᠠᠷ ᠨᠡᠮᠡᠭᠳᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 0.5%᠎ ᠶᠢ ᠡᠵᠡᠯᠡᠵᠡᠢ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 449.4 ᠳ᠋ᠥᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 16.4%᠎ ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 87.5%᠎ ᠶᠢ ᠡᠵᠡᠯᠡᠵᠡᠢ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 35.6 ᠳ᠋ᠥᠩᠰᠢᠭᠤᠷ ᠺᠢᠯᠣᠸᠠᠲ᠂ ᠠᠳᠠᠯᠢ ᠬᠤᠭᠤᠴᠠᠭᠠᠨ ᠤ ᠬᠢ ᠠᠴᠠ 31.3%᠎ ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 6.9%᠎ ᠶᠢ ᠡᠵᠡᠯᠡᠵᠦ ᠪᠣᠢ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 26 ᠳ᠋ᠥᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 6.3%᠎ ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 5.1%᠎ ᠶᠢ ᠡᠵᠡᠯᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号