ᠲᠥᠩᠯᠢᠶᠥᠥ ᠬᠤᠲᠠ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2018/4/17
      2017 ᠣᠨ ᠳᠤ᠂ ᠲᠦᠩᠯᠢᠶᠣᠤ ᠬᠤᠲᠠ ᠶᠢᠨ ᠶᠠᠳᠠᠭᠤ ᠬᠦᠴᠢᠷᠳᠡᠯᠲᠡᠶ 6 ᠰᠢᠶᠠᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ 13.28 ᠳ᠋ᠥᠩᠰᠢᠭᠤᠷ ᠲᠥᠭᠦᠷᠢᠭ ᠡᠮᠬᠢᠯᠡᠨ ᠨᠡᠶᠢᠯᠡᠭᠦᠯᠪᠡ᠂ ᠡᠭᠦᠨ ᠳᠤ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠶᠢ ᠳᠡᠮᠵᠢᠬᠦ 7.78 ᠳ᠋ᠥᠩᠰᠢᠭᠤᠷ ᠲᠥᠭᠦᠷᠢᠭ᠂ ᠬᠥᠳᠡᠭᠡ ᠲᠣᠰᠬᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠳᠡᠮᠵᠢᠬᠦ 2.18 ᠳ᠋ᠥᠩᠰᠢᠭᠤᠷ ᠲᠥᠭᠦᠷᠢᠭ᠂ ᠪᠣᠰᠤᠳᠴᠢ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠲᠦᠷᠦᠯ ᠵᠦᠢᠯ ᠤᠨ 1.01 ᠳ᠋ᠥᠩᠰᠢᠭᠤᠷ ᠲᠥᠭᠦᠷᠢᠭ ᠪᠠᠶᠢᠨ᠎ᠠ᠃ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠠᠵᠢᠯ ᠢ ᠢᠳᠡᠪᠬᠢᠲᠡᠶ ᠯᠠᠪᠳᠠᠭᠤᠨ ᠢᠶᠠᠷ ᠲᠥᠯᠬᠢᠨ ᠠᠬᠢᠭᠤᠯᠬᠤ ᠶᠢᠨ ᠲᠤᠰᠠᠳᠠ᠂ ᠲᠦᠩᠯᠢᠶᠣᠤ ᠬᠤᠳᠠ ᠶᠢᠨ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠤᠯᠠᠨ ᠠᠷᠭ᠎ᠠ ᠬᠡᠮᠵᠢᠶ᠎ᠡ ᠶᠢ ᠬᠠᠮᠲᠤ ᠳᠤᠨᠢ ᠬᠡᠷᠡᠭᠵᠢᠭᠦᠯᠪᠡ᠃ ᠨᠢᠭᠡ ᠳᠤ ᠨᠢᠭᠡᠳᠦᠯᠲᠡᠶ ᠲᠥᠯᠥᠪᠯᠡᠵᠦ ᠨᠡᠶᠢᠯᠡᠭᠦᠯᠦᠨ ᠬᠡᠷᠡᠭᠯᠡᠬᠦ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠦᠩᠭᠦᠨ ᠤ ᠣᠨ ᠤ ᠬᠡᠷᠡᠭᠵᠢᠭᠦᠯᠬᠦ ᠲᠥᠰᠦᠯ ᠵᠢᠴᠢ ᠬᠠᠮᠢᠶᠠᠷᠤᠯᠲᠠ ᠶᠢᠨ ᠠᠷᠭ᠎ᠠ ᠶᠢ ᠨᠠᠶᠢᠷᠠᠭᠤᠯᠤᠨ ᠵᠣᠬᠢᠶᠠᠵᠤ᠂ ᠡᠮᠬᠢᠯᠡᠨ ᠨᠡᠶᠢᠯᠡᠭᠦᠯᠬᠦ ᠠᠵᠢᠯ ᠢ ᠦᠨᠳᠦᠰᠦᠯᠡᠬᠦ ᠪᠠᠷᠢᠮᠲᠠ ᠲᠠᠢ᠂ ᠵᠢᠷᠤᠮᠯᠠᠬᠤ ᠶᠣᠰᠣ ᠲᠠᠢ ᠪᠣᠯᠭᠠᠪᠠ︔ ᠬᠤᠶᠠᠷ ᠲᠤ ᠡᠮᠬᠢᠯᠡᠨ ᠨᠡᠶᠢᠯᠡᠭᠦᠯᠬᠦ ᠪᠡᠯᠡ ᠮᠦᠩᠭᠦ ᠶᠢᠨ ᠲᠥᠯᠥᠪᠯᠡᠭᠰᠡᠨ ᠬᠡᠪᠴᠢᠶ᠎ᠡ ᠶᠢᠨ ᠡᠮᠬᠢᠯᠡᠨ ᠨᠡᠶᠢᠯᠡᠭᠦᠯᠬᠦ ᠬᠡᠪᠴᠢᠶᠡᠨ ᠤ ᠪᠡᠯᠡ ᠮᠥᠩᠭᠦ ᠶᠢᠨ ᠬᠡᠪᠴᠢᠶ᠎ᠡ ᠳᠤ ᠣᠷᠤᠭᠤᠯᠬᠤ ᠬᠠᠷᠢᠴᠠᠯ ᠢ ᠳᠡᠭᠡᠭᠰᠢᠯᠡᠭᠦᠯᠵᠦ᠂ ︽ᠨᠡᠶᠢᠯᠡᠭᠦᠯᠬᠦ ᠶᠣᠰᠤᠲᠠᠢ ᠶᠢ ᠨᠢ ᠪᠦᠬᠦᠨ ᠢ ᠨᠡᠶᠢᠯᠡᠭᠦᠯᠵᠡᠢ︾︔ ᠭᠤᠷᠪᠠ ᠳᠤ ᠪᠣᠳᠠᠲᠠᠢ ᠡᠮᠬᠢᠯᠡᠨ ᠨᠡᠶᠢᠯᠡᠭᠦᠯᠬᠦ ᠶᠢ ᠲᠥᠯᠬᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ᠂ ᠡᠮᠬᠢᠯᠡᠨ ᠨᠡᠶᠢᠯᠡᠭᠦᠯᠬᠦ ᠬᠡᠪᠴᠢᠶᠡᠨ ᠳᠤ ᠣᠷᠤᠭᠤᠯᠬᠤ ᠡᠯ᠎ᠡ ᠲᠦᠷᠦᠯ ᠤᠨ ᠪᠡᠯᠡ ᠮᠥᠩᠭᠦ ᠶᠢ ᠠᠯᠢ ᠴᠢᠳᠠᠬᠤ ᠪᠠᠷ ︽ᠶᠡᠭᠡ ᠲᠥᠷᠥᠯ ᠤᠨ ᠬᠤᠭᠤᠷᠣᠨᠳᠣ ᠨᠡᠪᠲᠡᠷᠡᠭᠦᠯᠦᠨ︾᠂ ︽ᠲᠦᠷᠦᠯ ᠠᠯᠤᠰᠯᠠᠨ ᠬᠡᠷᠡᠭᠯᠡᠭᠦᠯᠵᠦ︾᠂ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠳᠤ ᠪᠠᠲᠤᠲᠠᠶ ᠪᠠᠲᠤᠯᠠᠭ᠎ᠠ ᠬᠠᠩᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号