ᠥᠪᠥᠷ ᠮᠣᠩᠭᠤᠯ ᠵᠢᠱᠢᠯᠲᠡ ᠪᠠᠷ 4000 ᠲᠦᠮᠡᠨ ᠲᠣᠨ ᠤ ᠬᠠᠳᠠᠭᠠᠯᠠᠭᠳᠠᠴᠠ ᠲᠠᠢ ᠴᠢᠯᠠᠭᠤᠨ ᠲᠣᠰᠣᠨ ᠠᠭᠤᠷᠬᠠᠢ ᠢᠯᠡᠷᠡᠭᠦᠯᠪᠡ
ᠨᠡᠶᠢᠲᠡᠯᠡᠭᠰᠡᠨ ᠴᠠᠭ᠄
2018/4/19
      4 ᠳ᠋ᠦ᠋ᠭᠡᠷ ᠰᠠᠷ᠎ᠠ ᠶᠢᠨ 17᠎ ᠤ ᠡᠳᠦᠷ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠮᠠᠷᠠᠲᠤ ᠣᠷᠣᠨ ᠤ ᠲᠤᠰᠤᠨ ᠠᠭᠤᠷᠬᠠᠶ ᠶᠢᠨ ᠺᠣᠮᠫᠠᠨᠢ ᠶᠢᠨ ᠬᠠᠶᠢᠨ ᠰᠢᠨᠵᠢᠯᠡᠬᠦ ᠦᠢᠯᠡᠰ ᠤᠨ ᠰᠠᠯᠠᠭ᠎ᠠ ᠮᠦᠴᠢᠷ ᠨᠡᠶᠢᠲᠡᠯᠡᠭᠰᠡᠨ ᠨᠢ᠄ ᠤᠯᠠᠨ ᠵᠢᠯ ᠤᠨ ᠬᠠᠶᠢᠨ ᠰᠢᠨᠵᠢᠯᠲᠡ ᠪᠠᠷ ᠳᠠᠮᠵᠢᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠠᠢ ᠪᠠᠯᠭᠠᠰᠤ ᠶᠢᠨ ᠬᠢᠵᠠᠭᠠᠷ ᠲᠠᠬᠢ ᠨᠢᠭᠡ ᠭᠠᠵᠠᠷ ᠲᠤ ᠵᠢᠱᠢᠯᠲᠡ ᠪᠠᠷ 4000 ᠲᠦᠮᠡᠨ ᠲᠣᠨ ᠤ ᠬᠠᠳᠠᠭᠠᠯᠠᠭᠳᠠᠴᠠ ᠲᠠᠢ ᠴᠢᠯᠠᠭᠤᠨ ᠲᠣᠰᠣᠨ ᠠᠭᠤᠷᠬᠠᠢ ᠶᠢ ᠬᠠᠶᠢᠵᠤ ᠣᠯᠵᠤ᠂ ᠣᠳᠣ ᠨᠢᠭᠡᠨᠲᠡ ᠲᠤᠷᠰᠢᠨ ᠮᠠᠯᠲᠠᠵᠤ ᠡᠬᠢᠯᠡᠪᠡ ᠭᠡᠵᠡᠢ᠃      ᠲᠠᠨᠢᠯᠴᠠᠭᠤᠯᠤᠭᠰᠠᠨ ᠢᠶᠠᠷ᠂ ᠤᠮᠠᠷᠠᠲᠤ ᠣᠷᠣᠨ ᠤ ᠲᠤᠰᠤᠨ ᠠᠭᠤᠷᠬᠠᠶ ᠶᠢᠨ ᠺᠣᠮᠫᠠᠨᠢ ᠶᠢᠨ ᠬᠠᠶᠢᠨ ᠰᠢᠨᠵᠢᠯᠡᠬᠦ ᠣᠷᠣᠨ ᠪᠦᠰᠡ ᠨᠢ ᠾᠧᠪᠸᠢ ᠮᠤᠵᠢ ᠶᠢᠨ ᠳᠤᠮᠳᠠ ᠬᠡᠰᠡᠭ᠂ ᠥᠪᠥᠷ ᠮᠣᠩᠭᠤᠯ ᠤᠨ ᠳᠤᠮᠳᠠ ᠬᠡᠰᠡᠭ᠂ ᠱᠠᠨ ᠰᠢ ᠶᠢᠨ ᠴᠢᠨᠱᠦ᠋ᠢ ᠬᠤᠲᠣᠭᠤᠷ ᠲᠤ ᠲᠥᠪᠯᠡᠷᠡᠵᠡᠢ᠃ ᠡᠷᠢᠶᠡᠨ ᠤ ᠬᠤᠲᠣᠭᠤᠷ ᠪᠣᠯ ᠳᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠡᠷᠢᠶᠡᠨ ᠤ ᠬᠤᠲᠣᠭᠤᠷ ᠤᠨ ᠬᠠᠶᠢᠨ ᠰᠢᠨᠵᠢᠬᠦ ᠲᠠᠯᠠᠪᠠᠢ 10 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠰᠢᠯᠢ ᠶᠢᠨ ᠭᠤᠣᠯ᠂ ᠤᠯᠠᠭᠠᠨᠬᠠᠳᠠ᠂ ᠤᠯᠠᠭᠠᠨᠴᠠᠪ᠂ ᠪᠠᠶᠠᠨᠨᠠᠭᠤᠷ᠂ ᠪᠤᠭᠤᠲᠤ ᠵᠡᠷᠭᠡ 6 ᠠᠶᠢᠮᠠᠭ ᠬᠤᠲᠠ ᠳᠤ ᠬᠤᠯᠪᠣᠭᠳᠠᠵᠤ᠂ ᠭᠤᠣᠯ ᠴᠣᠭᠴᠠ ᠨᠢ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠳᠠ ᠶᠢᠨ ᠬᠢᠵᠠᠭᠠᠷ ᠲᠤ ᠲᠠᠷᠬᠠᠵᠠᠢ᠃ ᠤᠯᠠᠭᠠᠨᠴᠠᠪ ᠬᠤᠳᠠ ᠶᠢᠨ ᠬᠢᠵᠠᠭᠠᠷ ᠲᠤ ᠪᠠᠷᠤᠭ 10 ᠲᠤᠨᠤᠮᠠᠯ ᠬᠤᠲᠣᠭᠤᠷ ᠲᠠᠷᠬᠠᠵᠤ᠂ ᠢᠷᠡᠭᠡᠳᠦᠢ ᠶᠢᠨ ᠴᠢᠯᠠᠭᠤᠨ ᠲᠤᠰᠤᠨ ᠤ ᠡᠬᠢ ᠪᠠᠶᠠᠯᠢᠭ ᠤᠨ ᠬᠡᠮᠵᠢᠶ᠎ᠡ 3 ᠳ᠋ᠦᠩᠰᠢᠭᠤᠷ ᠲᠣᠨ ᠪᠠᠶᠢᠨ᠎ᠠ᠃ ᠣᠳᠣ ᠪᠣᠯᠲᠠᠯ᠎ᠠ ᠬᠠᠶᠢᠨ ᠰᠢᠨᠵᠢᠭᠡᠳ᠂ ᠪᠣᠳᠠᠲᠠᠶ ᠬᠠᠶᠢᠨ ᠰᠢᠨᠵᠢᠵᠤ ᠮᠡᠳᠡᠭᠰᠡᠨ ᠨᠢ ᠲᠤᠰ ᠬᠤᠰᠢᠭᠤᠨ ᠤ ᠬᠢᠵᠠᠭᠠᠷ ᠲᠠᠬᠢ ᠤᠯᠠᠭᠠᠨᠬᠤᠸᠠ ᠬᠤᠲᠣᠭᠤᠷ ᠲᠤ ᠪᠠᠶᠢᠷᠢᠯᠠᠵᠤ᠂ ᠨᠡᠶᠢᠲᠡ 77 ᠬᠤᠳᠳᠤᠭ ᠥᠷᠥᠮᠳᠡᠨ᠂ ᠵᠢᠱᠢᠯᠲᠡ ᠶᠢᠨ ᠬᠠᠳᠠᠭᠠᠯᠠᠭᠳᠠᠴᠠ ᠨᠢ 4000 ᠲᠦᠮᠡᠨ ᠲᠣᠨ ᠪᠠᠶᠢᠵᠤ᠂ ᠪᠠᠷᠤᠭ 5 ᠲᠦᠮᠡᠨ ᠲᠣᠨ ᠲᠦᠭᠦᠬᠡᠶ ᠲᠣᠰᠣ ᠦᠢᠯᠡᠳᠪᠦᠷᠢᠯᠡᠬᠦ ᠪᠣᠯᠣᠨ᠎ᠠ᠂ ᠲᠤᠰ ᠴᠢᠯᠠᠭᠤᠨ ᠲᠣᠰᠣᠨ ᠤ ᠪᠤᠯᠠᠭᠳᠠᠴᠠ ᠨᠢ ᠬᠦᠢᠬᠡᠨ᠂ ᠭᠠᠷᠤᠯᠲᠠ ᠥᠨᠳᠥᠷ᠂ ᠴᠢᠨᠠᠷ ᠰᠠᠶᠢᠲᠠᠢ᠂ ᠬᠡᠪᠴᠢᠶ᠎ᠡ ᠨᠢ ᠶᠡᠭᠡ ᠣᠨᠴᠠᠯᠢᠭ ᠲᠠᠢ ᠪᠠᠶᠢᠳᠠᠭ᠃      ᠣᠳᠣᠬᠠᠨ ᠳᠤ ᠤᠯᠠᠭᠠᠨᠬᠤᠸᠠ ᠬᠤᠲᠣᠭᠤᠷ ᠳᠤ ᠨᠡᠶᠢᠲᠡ 37 ᠲᠣᠰᠣᠨ ᠬᠤᠳᠳᠤᠭ ᠪᠠᠶᠢᠵᠤ᠂ ᠡᠭᠦᠨ ᠳᠤ ᠲᠤᠰ ᠵᠢᠯ ᠳᠡᠭᠡᠨ ᠠᠰᠢᠭᠯᠠᠯᠲᠠ ᠳᠤ ᠣᠷᠣᠭᠤᠯᠬᠤ ᠲᠣᠰᠣᠨ ᠬᠤᠳᠳᠤᠭ 29 ᠪᠠᠶᠢᠵᠤ᠂ ᠬᠢᠨᠠᠨ ᠬᠠᠷᠭᠤᠭᠤᠯᠤᠭᠰᠠᠨ ᠢᠶᠠᠷ ᠡᠳᠦᠷ ᠲᠤ 162 ᠪᠣᠰᠤᠭ᠎ᠠ ᠳᠥᠷᠪᠡᠯᠵᠢᠨ ᠮᠧᠲᠷ ᠰᠢᠩᠭᠡᠨ᠂ 144 ᠲᠣᠨ ᠴᠢᠯᠠᠭᠤᠨ ᠲᠣᠰᠣ ᠦᠢᠯᠡᠳᠪᠦᠷᠢᠯᠡᠵᠦ᠂ ᠵᠢᠯ ᠤᠨ ᠴᠢᠯᠠᠭᠤᠨ ᠲᠣᠰᠣᠨ ᠤ ᠭᠠᠷᠭᠠᠯᠲᠠ 3.3468 ᠲᠦᠮᠡᠨ ᠲᠣᠨ ᠳᠤ ᠬᠦᠷᠴᠦ᠂ ᠨᠡᠶᠢᠲᠡ 4.6 ᠲᠦᠮᠡᠨ ᠲᠣᠨ ᠲᠦᠭᠦᠬᠡᠶ ᠲᠣᠰᠣ ᠦᠢᠯᠡᠳᠪᠦᠷᠢᠯᠡᠵᠦ ᠪᠣᠢ︔ 2017 ᠣᠨ ᠳᠤ ᠤᠯᠠᠭᠠᠨᠬᠤᠸᠠ ᠬᠤᠲᠣᠭᠤᠷ ᠤᠨ ᠳᠡᠭᠡᠭᠰᠢ ᠲᠤᠰᠢᠶᠠᠭᠰᠠᠨ ᠡᠯ᠎ᠡ ᠵᠦᠢᠯ ᠤᠨ ᠭᠠᠶᠢᠯᠢ ᠨᠢ 3627.9 ᠲᠦᠮᠡᠨ ᠲᠥᠭᠦᠷᠢᠭ ᠲᠤ ᠬᠦᠷᠪᠡ᠃ ᠲᠤᠰ ᠣᠷᠣᠨ ᠨᠢ 3᠎ ᠠᠴᠠ 5 ᠵᠢᠯ ᠤᠨ ᠳᠣᠲᠣᠷ᠎ᠠ ᠵᠢᠯ ᠳᠤ 10᠎ ᠠᠴᠠ 15 ᠲᠦᠮᠡᠨ ᠲᠣᠨ ᠲᠦᠭᠦᠬᠡᠶ ᠴᠢᠯᠠᠭᠤᠨ ᠲᠣᠰᠣ ᠶᠢ ᠦᠶᠯᠡᠳᠪᠦᠷᠢᠯᠡᠬᠦ ᠴᠢᠳᠠᠪᠤᠷᠢ ᠲᠠᠢ ᠪᠣᠯᠬᠤ ᠶᠢ ᠵᠢᠱᠢᠵᠦ ᠪᠣᠢ᠃      ᠲᠠᠨᠢᠯᠴᠠᠭᠤᠯᠤᠭᠰᠠᠨ ᠢᠶᠠᠷ᠂ ᠡᠨᠡ ᠵᠢᠯ ᠤᠯᠠᠭᠠᠨᠴᠠᠪ ᠬᠤᠳᠠ ᠶᠢᠨ ᠬᠢᠵᠠᠭᠠᠷ ᠲᠤ 21 ᠬᠤᠳᠳᠤᠭ ᠥᠷᠥᠮᠳᠡᠨ᠂ 120 ᠲᠡᠭᠰᠢ ᠳᠥᠷᠪᠡᠯᠵᠢᠨ ᠺᠢᠯᠤᠮᠧᠲᠷ ᠭᠠᠵᠠᠷ ᠲᠤ ᠭᠤᠷᠪᠠᠨ ᠬᠡᠮᠵᠢᠯᠳᠦ ᠭᠠᠵᠠᠷ ᠬᠥᠳᠡᠯᠦᠯᠲᠡ ᠶᠢ ᠬᠡᠷᠡᠭᠵᠢᠭᠦᠯᠬᠦ ᠪᠠᠷ ᠲᠥᠯᠥᠪᠯᠡᠵᠦ᠂ ᠪᠠᠷᠤᠭᠯᠠᠬᠤ ᠳᠤ 1.7 ᠳ᠋ᠥᠩᠰᠢᠭᠤᠷ ᠲᠥᠭᠦᠷᠢᠭ ᠤᠨ ᠪᠡᠯᠡ ᠣᠷᠤᠭᠤᠯᠵᠦ᠂ ᠤᠯᠠᠭᠠᠨᠬᠤᠸᠠ ᠬᠤᠲᠣᠭᠤᠷ ᠨᠢ ᠮᠥᠨᠬᠦ ᠬᠠᠶᠢᠨ ᠰᠢᠨᠵᠢᠯᠡᠭᠡᠨ ᠤ ᠭᠤᠣᠯᠳᠠᠯᠭ᠎ᠠ ᠪᠣᠯᠵᠤ᠂ 5000 ᠲᠦᠮᠡᠨ ᠲᠥᠭᠦᠷᠢᠭ ᠤᠨ ᠪᠡᠯᠡ ᠣᠷᠤᠭᠤᠯᠤᠨ᠂ 6 ᠬᠤᠳᠳᠤᠭ ᠥᠷᠥᠮᠳᠡᠵᠦ᠂ 1500 ᠲᠦᠮᠡᠨ ᠲᠣᠨ ᠪ᠊ ᠴᠢᠯᠠᠭᠤᠨ ᠲᠣᠰᠤᠨ ᠤ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠶᠢ ᠤᠷᠢᠳᠴᠢᠯᠠᠨ ᠬᠡᠮᠵᠢᠵᠦ᠂ ᠴᠢᠯᠠᠭᠤᠨ ᠲᠣᠰᠤᠨ ᠤ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠶᠢ 1000 ᠲᠦᠮᠡᠨ ᠲᠣᠨ ᠡᠵᠡᠮᠳᠡᠬᠦ ᠪᠠᠷ ᠲᠥᠯᠥᠪᠯᠡᠵᠦ ᠪᠣᠢ᠃ ᠵᠢᠱᠢᠯᠲᠡ ᠪᠠᠷ 2018 ᠣᠨ ᠤ ᠡᠴᠦᠰ ᠪᠣᠯᠬᠤ ᠳᠤ᠂ ᠡᠳᠦᠷ ᠤᠨ ᠦᠢᠯᠡᠳᠪᠦᠷᠢᠯᠡᠯ ᠤᠨ ᠴᠢᠳᠠᠪᠤᠷᠢ ᠨᠢ 200 ᠲᠣᠨ ᠳᠤ ᠬᠦᠷᠴᠦ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 5 ᠲᠦᠮᠡᠨ ᠲᠣᠨ ᠬᠦᠷᠬᠦ ᠪᠣᠯᠤᠨ᠎ᠠ᠃      ᠣᠳᠣᠬᠠᠨ ᠳᠤ᠂ ᠤᠯᠠᠭᠠᠨᠬᠤᠸᠠ ᠬᠤᠲᠣᠭᠤᠷ ᠲᠤ ᠲᠣᠰᠣ ᠴᠤᠭᠯᠠᠭᠤᠯᠤᠨ ᠰᠢᠢᠳᠪᠦᠷᠢᠯᠡᠬᠦ 1 ᠦᠷᠳᠡᠭᠡ᠂ 6 ᠬᠤᠳᠳᠤᠭ ᠤᠨ ᠤᠰᠤ ᠴᠢᠳᠬᠤᠬᠤ 1 ᠦᠷᠲᠡᠭᠡ ᠵᠡᠷᠭᠡ ᠭᠠᠵᠠᠷ ᠤᠨ ᠭᠠᠳᠠᠷᠭᠤ ᠶᠢᠨ ᠪᠦᠳᠦᠭᠡᠨ ᠪᠠᠶᠢᠭᠤᠯᠤᠯᠲᠠ ᠪᠠᠴᠢᠮ ᠶᠠᠭᠠᠷᠠᠯᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号