4 ᠳ᠋ᠦ᠋ᠭᠡᠷ ᠰᠠᠷ᠎ᠡ ᠶᠢᠨ 18 ᠤ ᠡᠳᠤᠷ᠂ ᠪᠦᠭᠦ ᠤᠷᠤᠨ ᠤ ᠭᠤᠷᠪᠠᠨ ᠱᠠᠳᠤᠨ ᠤ ᠪᠠᠶᠢᠴᠠᠭᠠᠬᠤ ᠲᠠᠷᠤᠭ᠎ᠠ | ᠨᠠᠷ ᠤᠨ ᠬᠤᠷᠠᠯ ᠭᠦᠭᠡᠬᠤᠳᠡ ᠳᠤ ᠬᠤᠷᠠᠯᠳᠤᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ | ᠾᠧᠩ ᠪᠦᠭᠦ ᠤᠷᠤᠨ ᠤ ᠪᠠᠶᠢᠴᠠᠭᠠᠬᠤ ᠠᠵᠢᠯ ᠳᠤ ᠴᠤᠬᠤᠯᠠᠪᠦᠷᠢ ᠦᠭᠴᠠᠢ᠃ | ᠯᠢ ᠵᠢᠢ ᠾᠧᠩ ᠴᠤᠬᠤᠯᠠᠪᠦᠷᠢ ᠳᠠᠭᠠᠨ ᠵᠢᠭᠠᠵᠤ ᠭᠠᠷᠭᠠᠭᠰᠠᠨ ᠨᠢ᠂ 2017 ᠣᠨ ᠳᠤ᠂ ᠪᠦᠭᠦ ᠤᠷᠤᠨ ᠤ | ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠨᠦᠭᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠡᠨ | ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠪᠡ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ | ᠱᠠᠭᠠᠷᠳᠠᠯᠭ᠎ᠠ ᠶᠢ ᠪᠦᠭᠦ ᠲᠠᠯ᠎ᠡ ᠪᠠᠷ ᠨᠠᠶᠢᠳᠠᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ | ᠭᠦᠭᠵᠢᠯᠳᠡ ᠲᠤᠭᠳᠠᠭᠤᠨ ᠤ ᠶᠡᠭᠡ ᠲᠠᠯ᠎ᠠ ᠶᠢ ᠬᠠᠮᠠᠭᠠᠯᠠᠬᠤ᠂ ᠤᠯᠤᠰ ᠤᠨ ᠪᠠᠶᠢᠴᠠᠭᠠᠬᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠠᠬᠢᠭᠤᠯᠬᠤ ᠳᠤ ᠢᠳᠡᠪᠬᠢᠳᠡᠢ ᠬᠤᠪᠢ ᠨᠡᠮᠡᠷᠢ ᠦᠵᠡᠭᠦᠯᠵᠡᠢ᠃ ᠡᠨᠡ ᠵᠢᠯ ᠪᠤᠯ ᠦᠭᠡᠷᠡᠴᠢᠯᠡᠯᠳᠡ | ᠨᠡᠭᠡᠭᠡᠯᠳᠡ ᠬᠢᠭᠰᠡᠨ 40 ᠵᠢᠯ ᠤᠨ ᠤᠢ᠂ ᠮᠦᠨᠴᠤ ᠪᠠᠶᠢᠴᠠᠭᠠᠬᠤ ᠪᠠᠶᠢᠭᠤᠯᠭ᠎ᠠ ᠶᠢ ᠰᠡᠷᠭᠦᠭᠡᠵᠦ ᠲᠠᠬᠢᠨ | ᠪᠠᠶᠢᠭᠤᠯᠤᠬᠰᠡᠨ 40 ᠵᠢᠯ ᠤᠨ ᠤᠢ ᠪᠤᠯᠤᠨ᠎ᠡ᠂ ᠪᠦᠭᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠠᠯ ᠰᠠᠨᠠᠭᠠᠨ | ᠤ ᠠᠭᠤᠤ ᠶᠡᠭᠡ ᠲᠤᠭ ᠢ ᠦᠨᠳᠤᠷ ᠮᠠᠨᠳᠤᠭᠤᠯᠵᠤ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠪᠡ ᠠᠷᠪᠡ | ᠶᠢᠰᠦᠳᠦᠭᠡᠷ ᠬᠤᠭᠤᠴᠠᠭᠠᠨ ᠤ ᠲᠦᠪ ᠬᠤᠷᠢᠶᠡᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠡᠨ | ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢ ᠶᠢᠨ ᠪᠦᠯᠭᠦᠮ ᠤᠨ ᠬᠢᠨᠡᠨ ᠵᠦᠪᠯᠡᠭᠦ ᠳᠤ | ᠤᠷᠤᠯᠴᠠᠬᠤ ᠳᠠᠭᠠᠨ ᠲᠤᠷᠠᠳᠤᠬᠰᠡᠨ ︽ᠭᠤᠷᠪᠡᠨ ᠯᠠᠪᠳᠠᠭᠤᠨ ᠪᠠᠳᠤᠳᠠᠢ︾ ᠴᠢᠬᠤᠯᠡ ᠡᠭᠦᠷᠭᠡ ᠶᠢᠨ ᠲᠤᠭᠤᠷᠢᠨ ᠳᠤ᠂ | ᠠᠮᠵᠢᠯᠳᠡ ᠪᠦᠳᠦᠮᠵᠢ ᠪᠠᠨ ᠪᠠᠳᠠᠷᠠᠭᠤᠯᠵᠤ᠂ ᠦᠭᠡᠷᠡᠴᠢᠯᠡᠯᠳᠡ ᠬᠢᠵᠤ ᠰᠢᠨ᠎ᠡ ᠶᠢ ᠡᠭᠦᠳᠴᠤ᠂ ᠦᠨᠳᠤᠰᠤᠨ ᠬᠠᠤᠯᠢ | ᠬᠠᠤᠯᠢ ᠴᠠᠭᠠᠵᠠ ᠠᠴᠠ ᠤᠯᠭᠤᠬᠰᠡᠨ ᠡᠭᠦᠷᠭᠡ ᠬᠠᠷᠢᠭᠤᠴᠠᠯᠭ᠎ᠠ ᠪᠠᠨ ᠴᠢᠩ ᠦᠨᠡᠨᠴᠢ ᠪᠠᠷ ᠭᠦᠢᠴᠡᠳᠭᠡᠵᠤ᠂ ᠤᠯᠤᠰ | ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠡ ᠶᠢᠨ ᠲᠤᠭᠳᠠᠭᠤᠨ ᠢ | ᠪᠠᠳᠤᠯᠠᠬᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠬᠤ᠂ ᠠᠷᠠᠳ ᠲᠦᠮᠡᠨ ᠤ ᠠᠮᠤᠷ | ᠲᠤᠭᠲᠠᠭᠤᠨ ᠠᠵᠤ ᠲᠦᠷᠦᠭᠦ ᠶᠢ ᠪᠠᠳᠤᠯᠠᠬᠤ᠂ ᠠᠮᠤᠷ ᠠᠮᠤᠭᠤᠯᠠᠩ ᠦᠪᠤᠷ ᠮᠤᠩᠭᠤᠯ᠂ ᠬᠠᠤᠯᠢᠵᠢᠯ ᠤᠨ ᠦᠪᠤᠷ | ᠮᠤᠩᠭᠤᠯ ᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠭᠡᠷᠡᠭᠲᠠᠢ ᠭᠡᠪᠡ᠃ | ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠯᠢ ᠴᠢ | ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃ ᠯᠢ ᠴᠢ ᠯᠢᠨ ᠵᠢᠭᠠᠵᠤ ᠭᠠᠷᠭᠠᠭᠰᠠᠨ ᠨᠢ᠂ ᠰᠢᠨ᠎ᠡ ᠴᠠᠬ | ᠦᠶ᠎ᠠ ᠳᠤ ᠰᠢᠨ᠎ᠡ ᠲᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠶᠠᠪᠤᠳᠠᠯ ᠪᠤᠯ ᠮᠠᠨ ᠤ ᠤᠷᠤᠨ | ᠤ ᠪᠠᠶᠢᠴᠠᠭᠠᠬᠤ ᠪᠠᠶᠢᠭᠤᠯᠭ᠎ᠠ ᠳᠤ ᠲᠤᠯᠭᠠᠷᠠᠵᠤ ᠪᠠᠶᠢᠭ᠎ᠠ ᠴᠢᠬᠤᠯᠠ ᠰᠡᠳᠦᠪ ᠪᠣᠯᠣᠨ᠎ᠠ᠂ ᠪᠦᠬᠦ ᠤᠷᠤᠨ ᠤ | ᠪᠠᠶᠢᠴᠠᠭᠠᠬᠤ ᠪᠠᠶᠢᠭᠤᠯᠭ᠎ᠠ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠳᠡᠭᠡᠷ᠎ᠡ ᠠᠩᠬᠠᠷᠣᠯ ᠢᠶᠠᠨ | ᠲᠦᠪᠯᠡᠷᠡᠬᠦᠯᠵᠦ᠂ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢᠬᠦᠢ ᠤᠳᠤᠷᠢᠳᠤᠯᠭ᠎ᠠ ᠶᠢ ᠡᠷᠡᠰ ᠭᠤᠶᠢᠪᠢᠰᠢ | ᠦᠬᠡᠢ ᠪᠠᠷᠢᠮᠳᠠᠯᠠᠵᠤ᠂ ᠪᠠᠶᠢᠴᠠᠭᠠᠬᠤ ᠠᠵᠢᠯ ᠤᠨ ᠵᠠᠮ ᠤᠨ ᠢᠳᠡᠬᠡᠯ ᠢᠶᠠᠨ ᠦᠨᠡᠨᠬᠦ ᠴᠢᠩᠭᠠᠷᠠᠭᠤᠯᠬᠤ ᠬᠡᠷᠡᠭᠳᠡᠢ︔ | ᠶᠡᠭᠡ ᠲᠠᠯ᠎ᠠ ᠳᠤ ᠦᠢᠯᠡᠴᠢᠯᠡᠬᠦ ᠳᠡᠭᠡᠷ᠎ᠡ ᠠᠩᠬᠠᠷᠣᠯ ᠢᠶᠠᠨ ᠲᠦᠪᠯᠡᠷᠡᠬᠦᠯᠵᠦ᠂ ᠬᠠᠤᠯᠢ ᠪᠠᠷᠢᠬᠤ ᠪᠠᠳᠤᠯᠠᠪᠣᠷᠢ ᠶᠢᠨ | ᠲᠦᠪᠰᠢᠨ ᠢᠶᠠᠨ ᠦᠨᠡᠨᠬᠦ ᠲᠡᠭᠡᠭᠰᠢᠯᠡᠬᠦᠯᠬᠦ ᠬᠡᠷᠡᠭᠳᠡᠢ︔ ᠭᠤᠤᠯ ᠬᠠᠷᠢᠭᠤᠴᠠᠯᠭ᠎ᠠ ᠭᠤᠤᠯ ᠠᠵᠢᠯ ᠳᠡᠭᠡᠷ᠎ᠡ | ᠠᠩᠬᠠᠷᠣᠯ ᠢᠶᠠᠨ ᠲᠦᠪᠯᠡᠷᠡᠭᠦᠯᠵᠦ᠂ ᠪᠠᠷᠢᠪᠴᠢᠯᠠᠬᠤ ᠶᠢ ᠵᠦᠪᠰᠢᠶᠡᠷᠡᠨ ᠵᠠᠭᠠᠯᠳᠤᠯᠭ᠎ᠠ ᠬᠢᠬᠦ᠂ ᠵᠠᠷᠭᠤ ᠳᠤ ᠬᠢᠨᠠᠯᠳᠠ | ᠲᠠᠯᠪᠢᠬᠤ᠂ ᠨᠡᠶᠢᠳᠡ ᠶᠢᠨ ᠠᠰᠠᠷᠠᠮᠵᠢ ᠶᠢᠨ ᠵᠠᠭᠠᠯᠳᠤᠯᠭ᠎ᠠ ᠬᠢᠬᠦ ᠡᠭᠦᠷᠭᠡ ᠴᠢᠳᠠᠪᠬᠢ ᠪᠠᠨ ᠴᠢᠩᠭᠠᠷᠠᠭᠤᠯᠵᠣ᠂ ᠲᠦᠪ | ᠭᠤᠤᠯᠴᠢ ᠰᠢᠳᠣᠷᠭᠤ ᠶᠣᠰᠣ ᠶᠢ ᠦᠨᠡᠨᠬᠦ ᠬᠠᠮᠠᠭᠠᠯᠠᠬᠤ ᠬᠡᠷᠡᠭᠳᠡᠢ︔ ᠬᠠᠤᠯᠢ ᠪᠠᠷᠢᠬᠤ ᠦᠬᠡᠷᠡᠴᠢᠯᠡᠯᠳᠡ ᠳᠡᠭᠡᠷ᠎ᠡ | ᠠᠩᠬᠠᠷᠣᠯ ᠢᠶᠠᠨ ᠲᠦᠪᠯᠡᠷᠡᠬᠦᠯᠵᠦ᠂ ᠬᠠᠤᠯᠢ ᠪᠠᠷᠢᠬᠤ ᠨᠡᠶᠢᠳᠡ ᠳᠤ ᠢᠳᠡᠬᠡᠭᠦᠯᠬᠦ ᠬᠦᠴᠦᠨ ᠢ ᠦᠨᠡᠨᠬᠦ ᠲᠡᠭᠡᠭᠰᠢᠯᠡᠬᠦᠯᠬᠦ | ᠬᠡᠷᠡᠭᠳᠡᠢ︔ ᠤᠶᠤᠨᠴᠢ ᠪᠠᠶᠢᠴᠠᠭᠠᠬᠤ ᠶᠠᠪᠤᠳᠠᠯ ᠤᠨ ᠪᠠᠶᠢᠭᠤᠯᠤᠯᠳᠠ ᠳᠡᠭᠡᠷ᠎ᠡ ᠠᠩᠬᠠᠷᠣᠯ ᠢᠶᠠᠨ ᠲᠦᠪᠯᠡᠷᠡᠬᠦᠯᠵᠦ᠂ | ᠬᠠᠤᠯᠢ ᠪᠠᠷᠢᠬᠤ ᠦᠷ᠎ᠠ ᠪᠦᠳᠦᠮᠵᠢ ᠴᠢᠳᠠᠪᠣᠷᠢ ᠪᠠᠨ ᠦᠨᠡᠨᠬᠦ ᠳᠡᠭᠡᠭᠰᠢᠯᠡᠭᠦᠯᠦᠨ ᠨᠡᠮᠡᠭᠳᠡᠬᠦᠯᠬᠦ ᠬᠡᠷᠡᠭᠳᠡᠢ︔ | ᠴᠢᠳᠠᠪᠤᠷᠢ ᠶᠢᠨ ᠪᠠᠶᠢᠭᠤᠯᠤᠯᠳᠠ ᠳᠡᠭᠡᠷ᠎ᠡ ᠠᠩᠬᠠᠷᠣᠯ ᠢᠶᠠᠨ ᠲᠦᠪᠯᠡᠷᠡᠬᠦᠯᠵᠦ᠂ ᠴᠠᠭᠠᠷᠠᠭᠰᠠᠨ ᠡᠩᠨᠡᠭᠡ ᠶᠢ ᠦᠨᠡᠨᠬᠦ | ᠴᠤᠬᠴᠠᠯᠠᠬᠤ ᠬᠡᠷᠡᠭᠳᠡᠢ︔ ᠦᠨᠳᠦᠰᠦᠨ ᠱᠠᠳᠤᠨ ᠤ ᠰᠠᠭᠤᠷᠢ ᠠᠵᠢᠯ ᠳᠡᠭᠡᠷ᠎ᠡ ᠠᠩᠬᠠᠷᠣᠯ ᠢᠶᠠᠨ ᠲᠦᠪᠯᠡᠷᠡᠬᠦᠯᠵᠦ᠂ | ᠪᠠᠶᠢᠴᠠᠭᠠᠬᠤ ᠦᠢᠯᠡᠰ ᠤᠨ ᠬᠦᠭᠵᠢᠯᠳᠡ ᠶᠢᠨ ᠰᠠᠭᠤᠷᠢ ᠶᠢ ᠦᠨᠡᠨᠬᠦ ᠪᠠᠳᠤ ᠴᠤᠬᠴᠠᠯᠠᠵᠤ᠂ ᠰᠢᠨ᠎ᠡ ᠴᠠᠬ ᠦᠶ᠎ᠠ ᠳᠤ | ᠪᠦᠬᠦ ᠤᠷᠤᠨ ᠤ ᠪᠠᠶᠢᠴᠠᠭᠠᠬᠤ ᠠᠵᠢᠯ ᠰᠢᠨ᠎ᠠ ᠬᠦᠭᠵᠢᠯᠳᠡ᠂ ᠰᠢᠨ᠎ᠠ ᠲᠠᠪᠰᠢᠯᠳᠠ ᠲᠠᠢ ᠪᠣᠯᠬᠤ ᠶᠢ ᠬᠦᠴᠦᠯᠡᠨ | ᠠᠬᠢᠭᠤᠯᠬᠤ ᠬᠡᠷᠡᠭᠳᠡᠢ ᠬᠡᠪᠠ᠃ |